ᠡᠳᠤᠷ ᠢᠷᠡᠬᠦᠶ᠎ᠡ ᠪᠡᠬᠢᠵᠢᠭᠰᠡᠨ ᠤᠮᠠᠷᠠᠳᠤ ᠵᠢᠨ ᠨᠤᠭᠤᠭᠠᠨ ᠬᠠᠯᠬᠠᠪᠴᠢ
2021-11-23 11:25:56
ᠵᠣᠬᠢᠶᠠᠭ᠍ᠴᠢ᠄
ᠠᠭᠤᠯᠠ
ᠣᠩᠱᠢᠭ᠍ᠰᠠᠨ ᠣᠳᠠᠭ᠎ᠠ᠄
★★★☆☆

ᠤᠯᠠᠭᠠᠨᠲᠠᠯᠠᠢ ᠪᠤᠯ ᠤᠷᠳᠤᠰ ᠬᠤᠳᠠ ᠵᠢᠨ ᠦᠦᠱᠢᠨ ᠬᠣᠱᠢᠭᠤᠨ ᠎ᠤ ᠦᠤᠱᠢᠨᠵᠤᠤ ᠪᠠᠯᠭᠠᠰᠤ ᠵᠢᠨ ᠴᠠᠭᠠᠨᠰᠦ᠋ᠮ᠎ᠡ ᠭᠠᠴᠠᠭᠠᠨ ᠎ᠤ ᠮᠠᠯᠴᠢᠨ᠂ ᠤᠢᠷ᠎ᠠ ᠬᠠᠪᠢ ᠳ᠋ᠠᠭᠠᠨ ᠠᠯᠳᠠᠷᠱᠢᠭ᠍ᠰᠠᠨ ᠡᠯᠡᠰᠦ ᠵᠠᠰᠠᠬᠰᠠᠨ ᠲᠤᠮᠤ ᠡᠷᠦᠭᠡ ᠵᠢᠨ ᠡᠵᠡᠨ ᠶᠤᠮᠰᠠᠨ᠃ ᠲᠡᠷᠡ ᠤᠷᠢᠳ ᠬᠤᠵᠢᠳ 6765 ᠮᠥ᠍ ᠡᠯᠡᠰᠦ ᠮᠠᠩᠬ᠎ᠠ ᠵᠢ ᠤᠢᠵᠢᠭᠤᠯᠤᠨ ᠨᠣᠭᠣᠭᠠᠷᠠᠭᠤᠯᠵᠤ᠂ ᠡᠬᠦᠨ ᠳ᠋ᠤ 3000 ᠭᠠᠷᠤᠶ ᠮᠥ᠍ ᠤᠢ ᠵᠢ ᠨᠢ ᠬᠣᠯᠪᠣᠭ᠍ᠳᠠᠯ ᠪᠥᠬᠥᠶ ᠪᠠᠷᠢᠮᠵᠢᠶ᠎ᠠ ᠶᠣᠰᠣᠭᠠᠷ ᠤᠯᠤᠰ ᠎ᠤᠨ ᠨᠡᠢᠲᠡ ᠵᠢᠨ ᠠᠰᠠᠷᠠᠮᠵᠢ ᠵᠢᠨ ᠣᠶ ᠳ᠋ᠤ ᠣᠷᠣᠭᠤᠯᠪᠠ ᠃ ᠦᠦᠱᠢᠨ ᠬᠣᠱᠢᠭᠤ ᠪᠣᠯᠤᠨ ᠤᠳᠤᠭ ᠎ᠤᠨ ᠡᠮᠦᠨᠡᠲᠦ ᠬᠣᠱᠢᠭᠤ ᠪᠣᠯ ᠮᠤᠤᠠᠤᠰᠤ  ᠵᠢᠨ ᠡᠯᠡᠰᠦᠷᠬᠡᠭ ᠭᠠᠵᠠᠷ ᠎ᠤᠨ ᠥᠷᠥᠴᠡᠨ ᠳ᠋ᠤ ᠪᠠᠢᠷᠢᠯᠠᠵᠤ ᠪᠠᠢᠭ᠎ᠠ ᠬᠣᠶᠠᠷ ᠬᠣᠱᠢᠭᠤ ᠪᠣᠯᠤᠨ᠎ᠠ᠃ 2020 ᠣᠨ ᠎ᠳᠤ ᠦᠦᠱᠢᠨ ᠬᠣᠱᠢᠭᠤ ᠪᠣᠯᠤᠨ ᠤᠳᠤᠭ᠎ᠤᠨ ᠡᠮᠦᠨᠡᠲᠦ ᠬᠣᠱᠢᠭᠤᠨ᠎ᠤ ᠤᠢ ᠱᠢᠭᠤᠢ᠎ᠶ᠋ᠢᠨ ᠪᠦᠷᠬᠦᠴᠡ᠎ᠶ᠋ᠢᠨ ᠨᠤᠷᠮ᠎ᠠ ᠲᠤᠰ ᠲᠤᠰ 32.92% ᠪᠣᠯᠤᠨ 24.05% ᠳ᠋ᠤ ᠬᠦᠷᠴᠦ᠍᠂ ᠤᠢ᠍ᠢᠷ᠎ᠠ ᠵᠢᠨ ᠬᠡᠳᠦᠨ ᠵᠢᠯ᠎ᠳ᠋ᠡᠬᠢ ᠶᠡᠷᠦᠩᠬᠡᠢᠯᠡᠭ᠌ᠰᠡᠨ ᠤᠷᠭᠤᠮᠠᠯ ᠎ᠤᠨ ᠪᠦᠷᠬᠦᠴᠡ ᠵᠢᠨ ᠨᠤᠷᠮ᠎ᠠ ᠨᠢ ᠴᠦᠮ 60% ᠵᠢ ᠳᠠᠪᠠᠵᠤ᠂ ᠠᠮᠢ ᠠᠬᠤᠢ ᠎ᠶ᠋ᠢᠨ ᠵᠠᠰᠠᠯᠲᠠ ᠳ᠋ᠤ ᠢᠯᠡᠳᠲᠡ ᠦᠷ᠎ᠡ ᠪᠦᠲᠦᠮᠵᠢ ᠤᠯᠵᠠᠢ ᠃

ᠥᠪᠡᠷᠲᠡᠭᠡᠨ ᠵᠠᠰᠠᠬᠤ ᠣᠷᠣᠨ ᠎ᠤ ᠠᠷᠪᠠᠳᠤᠭᠠᠷ ᠤᠳᠠᠭ᠎ᠠ ᠵᠢᠨ ᠨᠠᠮ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ ᠡᠴᠡ ᠨᠠᠭᠠᠰᠢ ᠂ ᠮᠠᠨ᠎ᠤ ᠤᠷᠤᠨ《ᠬᠥᠬᠡᠮᠳᠦᠭ ᠨᠣᠭᠣᠭᠠᠨ ᠠᠭᠤᠯᠠ ᠤᠰᠤ ᠪᠣᠯ ᠲᠠᠷᠤᠢ ᠠᠯᠳᠠ ᠮᠥᠩᠭᠥᠨ ᠠᠭᠤᠯᠠ ᠮᠦᠨ》ᠬᠡᠬᠦ ᠤᠢᠯᠠᠭᠠᠬᠳᠠᠬᠤᠨ᠎ᠢ ᠦᠢᠯᠡᠳᠦᠯᠭᠡᠵᠢᠭᠦᠯᠵᠦ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ᠎ᠮᠠᠩᠬ᠎ᠠ᠎ᠵᠢ ᠱᠢᠰᠲ᠋ᠧᠮ᠎ᠲᠡᠶ ᠪᠡᠷ ᠵᠠᠰᠠᠬᠤ ᠵᠢ ᠨᠢᠬᠡᠳᠤᠯᠳᠠᠢ ᠲᠦᠯᠦᠪᠵᠢᠬᠦᠯᠦᠨ᠂ ᠬᠠᠮᠤᠭ᠎ᠤᠨ ᠡᠷᠡᠰ ᠪᠠᠲᠤ᠎ᠣᠪᠣᠷ᠎ᠵᠢᠡᠷ《ᠨᠣᠮᠢᠨ᠎ᠨᠣᠭᠣᠭᠠᠨ᠎ᠢ ᠬᠠᠮᠠᠭᠠᠯᠠᠵᠤ》᠂ ᠬᠠᠮᠤᠭ᠎ᠤᠨ ᠴᠢᠩᠭ᠎ᠠ ᠲᠦᠷᠢᠮ ᠵᠢᠡᠷ《ᠨᠣᠮᠢᠨ ᠨᠣᠭᠣᠭᠠᠨ᠎ᠢ ᠬᠠᠮᠢᠶᠠᠷᠤᠨ》᠂ ᠬᠠᠮᠤᠭ᠎ᠤᠨ ᠪᠦᠲᠦᠮᠵᠢᠲᠡᠢ ᠠᠷᠭ᠎ᠠ ᠪᠡᠷ《ᠨᠣᠮᠢᠨ ᠨᠣᠭᠣᠭᠠᠨ᠎ᠢ ᠨᠡᠮᠡᠭ᠌ᠳᠡᠭᠦᠯᠵᠦ᠍》᠂ ᠮᠠᠨ ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠱᠢᠨ ᠎ᠦ ᠬᠠᠯᠬᠠᠪᠴᠢ ᠵᠢ ᠪᠠᠳᠤ ᠴᠤᠭᠴᠠᠯᠠᠬᠤ《ᠬᠠᠮᠤᠭ᠎ᠤᠨ ᠴᠢᠩᠭ᠎ᠠ ᠬᠦᠭ ᠠᠶᠠᠰ》 ᠎ᠢ᠋ ᠴᠢᠪᠬᠠᠳᠠᠭᠰᠠᠨ ᠪᠠᠢᠨ᠎ᠠ ᠃

— 《ᠣᠯᠠᠨ ᠲᠥᠯᠥᠪᠵᠢᠭᠦᠯᠭᠡ ᠵᠢ ᠨᠢᠭᠡᠳᠭᠡᠬᠦ᠌》ᠰᠡᠳᠭᠢᠮᠵᠢ ᠪᠡᠷ ᠤᠯᠤᠰ ᠎ᠤᠨ ᠨᠤᠲᠤᠭ ᠳᠡᠪᠢᠰᠭᠡᠷ ᠎ᠦᠨ ᠣᠷᠣᠨ ᠵᠠᠶ ᠶ᠋ᠢ ᠨᠡᠭᠡᠭᠡᠬᠦ᠌ ᠂ ᠠᠱᠢᠭ᠍ᠯᠠᠬᠤ᠂ ᠬᠠᠮᠠᠭᠠᠯᠠᠬᠤ ᠪᠠ ᠰᠡᠷᠭᠦᠭᠡᠬᠦ᠌ ᠠᠵᠢᠯ᠎ᠢ᠎ᠨᠢᠭᠡᠳᠦᠯᠲᠡᠶ᠎ᠲᠥᠯᠥᠪᠵᠢᠬᠦᠯᠦᠨ᠎ᠲᠣᠬᠢᠷᠠᠭᠤᠯᠵᠤ ᠂ ᠠᠮᠢ ᠠᠬᠤᠢ ᠎ᠶ᠋ᠢᠨ ᠬᠠᠮᠠᠭᠠᠯᠠᠯᠲᠠ᠎ᠶ᠋ᠢᠨ ᠣᠷᠣᠨ ᠵᠠᠢ ᠵᠢ ᠵᠠᠭᠠᠭ᠍ᠯᠠᠵᠤ ᠲᠣᠭ᠍ᠲᠠᠭᠠᠨ ᠂ ᠠᠮᠢ ᠠᠬᠤᠢ ᠵᠢᠨ ᠠᠮᠤᠷ ᠲᠦᠪᠱᠢᠨ ᠎ᠦ ᠬᠠᠯᠬᠠᠪᠴᠢ ᠵᠢᠨ ᠣᠷᠣᠨ ᠵᠠᠢ ᠵᠢᠨ ᠪᠠᠲᠤᠯᠠᠭ᠎ᠠ ᠵᠢ ᠴᠢᠩᠭᠠᠳᠭᠠᠵᠠᠢ᠃ ᠪᠠᠢᠭᠠᠯᠢ᠎ᠶ᠋ᠢᠨ ᠭᠠᠵᠠᠷ ᠵᠦᠶ ᠎ᠶ᠋ᠢᠨ ᠪᠠᠢᠷᠢᠱᠢᠯ ᠪᠠ ᠠᠮᠢ ᠠᠬᠤᠶ᠎ᠶ᠋ᠢᠨ ᠱᠢᠰᠲ᠋ᠧᠮ᠎ᠦᠨ ᠪᠦᠷᠢᠯᠳᠦᠯ ᠎ᠢ ᠦᠨᠳᠦᠰᠦᠯᠡᠨ ᠶᠡᠬᠡ ᠬᠢᠩᠭᠠᠨ ᠳᠠᠪᠠᠭ᠎ᠠ᠂ ᠮᠤᠨᠢ ᠠᠭᠤᠯᠠ᠂ ᠠᠯᠠᠱᠠ ᠠᠭᠤᠯᠠ ᠵᠡᠷᠭᠡ ᠠᠭᠤᠯᠠ ᠨᠢᠷᠤᠭᠤ ᠪᠤᠯᠤᠨ ᠣᠶ ᠱᠢᠭᠤᠶ ᠨᠤᠲᠤᠭ ᠪᠡᠯᠴᠢᠭᠡᠷ ᠎ᠦᠨ ᠠᠮᠢ ᠠᠬᠤᠶ ᠵᠢᠨ ᠱᠢᠰᠲ᠋ᠧᠮ᠂ ᠬᠠᠲᠤᠨ ᠭᠣᠣᠯ᠂ ᠪᠠᠷᠠᠭᠤᠨ ᠯᠢᠶᠣᠤ ᠾᠧ ᠭᠤᠤᠯ᠂ ᠨᠤᠨ ᠮᠥᠷᠡᠨ᠂ ᠬᠠᠷ᠎ᠠ ᠭᠤᠤᠯ᠂ ᠬᠦᠯᠦᠨ ᠨᠠᠭᠤᠷ᠂ ᠲᠠᠭ᠎ᠠ ᠵᠢᠨ ᠨᠠᠭᠤᠷ᠂ ᠤᠯᠠᠭᠠᠨᠰᠤᠬᠠᠢ ᠨᠠᠭᠤᠷ ᠵᠡᠷᠭᠡ ᠵᠢᠨ ᠰᠠᠪᠠ ᠭᠠᠵᠠᠷ ᠵᠢᠴᠢ ᠲᠠᠪᠤᠨ ᠶᠡᠬᠡ ᠡᠯᠡᠰᠦ᠂ ᠲᠠᠪᠤᠨ ᠶᠡᠬᠡ ᠡᠯᠡᠰᠦᠷᠬᠡᠭ ᠭᠠᠵᠠᠷ ᠎ᠢ ᠴᠦᠮ ᠠᠮᠢ ᠠᠬᠤᠶ ᠎ᠶ᠋ᠢᠨ ᠣᠷᠣᠨ ᠵᠠᠶ ᠎ᠳᠤ ᠣᠷᠣᠭᠤᠯᠪᠡ᠃ ᠡᠨᠡ ᠬᠦ᠌ ᠰᠠᠭᠤᠷᠢᠨ ᠲᠠᠬᠡᠷ᠎ᠡ ᠠᠭᠤᠯᠠ ᠤᠰᠤ᠂ ᠤᠢ ᠮᠣᠳᠣ᠂ ᠭᠠᠵᠠᠷ ᠲᠠᠷᠢᠶ᠎ᠠ᠂ ᠨᠠᠭᠤᠷ ᠪᠦᠷᠢᠳᠦ᠂ ᠨᠤᠲᠤᠭ ᠪᠡᠯᠴᠢᠭᠡᠷ᠂ ᠡᠯᠡᠰᠦ ᠮᠠᠩᠬ᠎ᠠ ᠵᠢ ᠨᠢᠭᠡ ᠴᠣᠭ᠍ᠴᠠᠵᠢᠭᠤᠯᠤᠭ᠍ᠰᠠᠨ ᠪᠦᠬᠦ᠌ ᠣᠷᠣᠨ ᠪᠦᠰᠡ ᠵᠢᠨ ᠠᠮᠢ ᠠᠬᠤᠶ ᠵᠢᠨ ᠠᠮᠤᠷ ᠲᠦᠪᠱᠢᠨ᠎ᠦ ᠪᠠᠢᠷᠢᠱᠢᠯ ᠪᠠ ᠭᠤᠤᠯ ᠴᠣᠭ᠍ᠴᠠ᠎ᠶ᠋ᠢᠨ ᠴᠢᠳᠠᠮᠵᠢᠲᠤ ᠣᠷᠣᠨ ᠎ᠤ ᠪᠠᠢᠷᠢᠱᠢᠯ ᠎ᠢ ᠲᠣᠬᠢᠷᠠᠭᠤᠯᠤᠨ᠂ ᠭᠣᠣᠯᠳᠠᠯᠭ᠎ᠠ᠎ᠲᠠᠶ ᠠᠮᠢ ᠠᠬᠤᠢ ᠎ᠶ᠋ᠢᠨ ᠴᠢᠳᠠᠮᠵᠢᠲᠤ ᠣᠷᠣᠨ ᠎ᠢ ᠤᠤᠯ ᠎ᠤᠨ 43 ᠪᠠᠢᠭ᠍ᠰᠠᠨ ᠡᠴᠡ 46 ᠪᠣᠯᠭᠠᠨ ᠨᠡᠮᠡᠭ᠌ᠳᠡᠭᠦᠯᠪᠡ᠃ ᠤᠳᠤᠬᠠᠨ ᠳ᠋ᠤ ᠠᠮᠢ ᠠᠬᠤᠶ ᠎ᠶ᠋ᠢᠨ ᠣᠷᠣᠨ ᠵᠠᠶ᠎ᠶ᠋ᠢᠨ ᠤᠯᠤᠰ᠎ᠤᠨ ᠨᠤᠲᠤᠭ ᠳᠡᠪᠢᠰᠭᠡᠷ᠎ᠦᠨ ᠲᠠᠯᠠᠪᠠᠶ ᠪᠥᠬᠥ᠌ ᠣᠷᠣᠨ᠎ᠤ ᠶᠡᠷᠤᠩᠬᠡᠢ ᠲᠠᠯᠠᠪᠠᠢ᠎ᠵᠢᠨ 72% ᠣᠷᠴᠢᠮ᠎ᠢ ᠡᠵᠡᠯᠡᠵᠦ᠂ ᠮᠠᠨ᠎ᠤ᠎ᠤᠯᠤᠰ᠎ᠤᠨ ᠤᠮᠠᠷᠠᠲᠤ᠎ᠶ᠋ᠢᠨ᠎ᠴᠢᠬᠤᠯᠠ᠎ᠠᠮᠢ᠎ᠠᠬᠤᠶ᠎ᠶ᠋ᠢᠨ᠎ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠎ᠳᠤ ᠣᠷᠣᠨ ᠵᠠᠶ᠎ᠶ᠋ᠢᠨ ᠪᠠᠲᠤᠯᠠᠭ᠎ᠠ ᠬᠠᠩᠭᠠᠪᠠ᠃

— ᠣᠶ ᠱᠢᠭᠤᠶ᠎ᠶ᠋ᠢᠨ ᠪᠦᠲᠦᠭᠡᠨ ᠪᠠᠢᠭᠤᠯᠤᠯᠲᠠ᠂ ᠨᠤᠲᠤᠭ ᠪᠡᠯᠴᠢᠭᠡᠷ᠎ᠦᠨ ᠪᠦᠲᠦᠭᠡᠨ ᠪᠠᠢᠭᠤᠯᠤᠯᠲᠠ ᠪᠣᠯᠤᠨ ᠡᠯᠡᠰᠦᠷᠬᠡᠭ᠌ᠵᠢᠭ᠌ᠰᠡᠨ ᠭᠠᠵᠠᠷ ᠱᠢᠷᠣᠶ ᠵᠢ ᠵᠠᠰᠠᠭᠰᠠᠨ ᠲᠠᠯᠠᠪᠠᠶ ᠪᠦᠬᠦ᠌ ᠤᠯᠤᠰ ᠲᠦ᠍ ᠲᠦᠷᠦᠬᠦᠯᠡᠵᠤ᠂ ᠣᠶ ᠱᠢᠭᠤᠶ ᠪᠣᠯᠤᠨ ᠨᠤᠲᠤᠭ ᠪᠡᠯᠴᠢᠭᠡᠷ ᠎ᠦᠨ ᠤᠷᠭᠤᠮᠠᠯ᠎ᠤᠨ ᠪᠦᠷᠬᠦᠴᠡ ᠵᠡᠷᠬᠡ ᠪᠡᠷ ᠲᠠᠬᠡᠭᠰᠢᠯᠡᠨ᠂ ᠴᠥᠯᠯᠡᠷᠬᠡᠭ᠌ᠵᠢᠭ᠌ᠰᠡᠨ ᠪᠠ ᠡᠯᠡᠰᠦᠷᠬᠡᠭ᠌ᠵᠢᠭ᠌ᠰᠡᠨ ᠭᠠᠵᠠᠷ ᠱᠢᠷᠣᠶ ᠵᠢᠨ ᠲᠠᠯᠠᠪᠠᠶ ᠴᠦᠮ ᠪᠠᠭᠠᠰᠴᠠᠢ᠂ ᠪᠥᠬᠥ᠌ ᠤᠯᠤᠰ᠎ᠤᠨ ᠶᠢᠰᠦᠳᠦᠭᠡᠷ ᠤᠳᠠᠭ᠎ᠠ ᠵᠢᠨ ᠣᠶ ᠱᠢᠭᠤᠶ᠎ᠶ᠋ᠢᠨ ᠡᠬᠢ᠎ᠪᠠᠶᠠᠯᠢᠭ᠎ᠢ᠎ᠢᠯᠭᠠᠷᠠᠭᠤᠯᠤᠨ᠎ᠪᠠᠢᠴᠠᠭᠠᠭ᠍ᠰᠠᠨ᠎ᠦᠷ᠎ᠡ᠎ᠳ᠋ᠦᠩ᠎ᠢ ᠦᠨᠳᠦᠰᠦᠯᠡᠪᠡᠯ᠂ ᠮᠠᠨ ᠤᠷᠤᠨ᠎ᠤ ᠣᠶ ᠱᠢᠭᠤᠶ  ᠵᠢᠨ ᠲᠠᠯᠠᠪᠠᠶ ᠪᠠ ᠣᠶ ᠱᠢᠭᠤᠶ ᠎ᠶ᠋ᠢᠨ ᠬᠠᠳᠠᠭᠠᠯᠠᠭ᠍ᠳᠠᠴᠠ ᠵᠡᠷᠬᠡ ᠪᠡᠷ ᠨᠡᠮᠡᠭᠳᠡᠪᠡ ᠃ ᠨᠢᠳᠤᠨᠤᠨ ᠎ᠤ ᠵᠢᠯ ᠎ᠤᠨ ᠰᠡᠬᠦᠯᠴᠢ ᠪᠤᠯᠬᠤ ᠳ᠋ᠤ ᠪᠦᠬᠦ᠌ ᠣᠷᠣᠨ᠎ᠤ ᠣᠶ ᠱᠢᠭᠤᠶ᠎ᠵᠢᠨ ᠲᠠᠯᠠᠪᠠᠢ 2615 ᠲᠦᠮᠡᠨ ᠾᠸᠺᠲ᠋ᠠᠷ ᠪᠠᠢᠵᠤ᠂ 2012 ᠣᠨ᠎ᠤ ᠵᠢᠯ ᠎ᠤᠨ ᠰᠡᠬᠦᠯᠴᠢ᠎ᠵᠢᠨ ᠬᠢ ᠡᠴᠡ 127.1 ᠲᠦᠮᠡᠨ ᠾᠸᠺᠲ᠋ᠠᠷ ᠨᠡᠮᠡᠭᠳᠡᠨ᠂ ᠤᠢ ᠰᠢᠭᠤᠢ ᠵᠢᠨ ᠪᠦᠷᠬᠦᠴᠡ᠎ᠶ᠋ᠢᠨ ᠨᠣᠷᠮ᠎ᠠ 23% ᠎ᠳ᠋ᠤ ᠬᠦᠷᠴᠦ ᠂ 2012 ᠣᠨ᠎ᠤ ᠵᠢᠯ ᠎ᠤᠨ ᠰᠡᠬᠦᠯᠴᠢ ᠵᠢᠨ ᠬᠢ ᠡᠴᠡ ᠵᠠᠭᠤᠨ᠎ᠤ ᠬᠠᠷᠢᠴᠠᠯ ᠵᠢᠡᠷ 2 ᠬᠤᠪᠢ ᠳᠡᠭᠡᠭ᠌ᠰᠢᠯᠡᠪᠡ ; ᠨᠤᠲᠤᠭ ᠪᠡᠯᠴᠢᠭᠡᠷ ᠎ᠦᠨ ᠤᠷᠭᠤᠮᠠᠯ ᠎ᠤᠨ ᠪᠦᠷᠬᠦᠴᠡ ᠵᠢᠨ ᠲᠤᠮᠳᠠᠴᠢ ᠬᠡᠮᠵᠢᠶ᠎ᠡ 45% ᠎ᠳ᠋ᠤ ᠬᠦᠷᠴᠦ ᠂ 1990 ᠣᠨ ᠡᠴᠡ ᠨᠠᠭᠠᠱᠢᠬᠢ ᠬᠠᠮᠤᠭ ᠎ᠤᠨ ᠰᠠᠢᠨ ᠲᠦᠪᠰᠢᠨ ᠳ᠋ᠤ ᠬᠦᠷᠴᠠᠢ ᠃

— ᠨᠢᠳᠤᠨᠤᠨ᠎ᠤ ᠵᠢᠯ ᠎ᠤᠨ ᠰᠡᠬᠦᠯᠴᠢ ᠪᠤᠯᠬᠤ ᠳ᠋ᠤ ᠪᠦᠬᠦ ᠤᠷᠤᠨ ᠵᠢᠡᠷ ᠵᠢᠡᠨ ᠨᠡᠢᠳᠡ 182 ᠪᠠᠢᠭᠠᠯᠢ ᠵᠢᠨ ᠬᠠᠮᠠᠭᠠᠯᠠᠯᠳᠠ ᠵᠢᠨ ᠤᠷᠤᠨ ᠎ᠢ ᠲᠤᠭᠳᠠᠭᠠᠨ ᠂ ᠶᠡᠷᠦᠩᠬᠡᠢ ᠲᠠᠯᠠᠪᠠᠢ ᠨᠢ 1267 ᠲᠦᠮᠡᠨ ᠾᠸᠺᠲ᠋ᠠᠷ ᠲᠦ᠍ ᠬᠦᠷᠪᠡ᠃ ᠡᠭᠦᠨ ᠡᠴᠡ ᠭᠠᠳᠠᠨ᠎ᠠ 《ᠢᠨᠲ᠋ᠧᠷ ᠰᠦᠯᠵᠢᠶ᠎ᠡ+ ᠪᠥᠬᠥ᠌ ᠠᠷᠠᠳ᠎ᠤᠨ ᠠᠯᠪᠠᠨ ᠵᠢᠷᠤᠮ᠎ᠤᠨ ᠮᠣᠳᠣ ᠳᠠᠷᠢᠬᠤ》ᠵᠠᠭ᠍ᠪᠤᠷ ᠎ᠢ ᠢᠳᠡᠪᠬᠢᠲᠡᠶ ᠰᠦᠪᠡᠭ᠌ᠴᠢᠯᠡᠨ᠂ ᠨᠡᠢᠲᠡ 2.57 ᠳ᠋ᠦᠩᠱᠢᠭᠤᠷ ᠭᠠᠷᠤᠢ ᠰᠠᠭᠤᠷᠢ ᠠᠯᠪᠠᠨ ᠵᠢᠷᠤᠮ ᠎ᠤᠨ ᠮᠣᠳᠣ ᠳᠠᠷᠢᠵᠤ 100 ᠲᠦᠮᠡ ᠭᠠᠷᠤᠢ ᠮᠦ᠍《ᠱᠢᠷᠭᠤᠯᠵᠢ ᠵᠢᠨ ᠣᠶ》ᠤᠢᠵᠢᠭᠤᠯᠵᠠᠢ᠃

ᠪᠤᠶᠠᠨᠳᠡᠯᠭᠡᠷ ᠪᠤᠯ ᠬᠦᠪᠴᠢ ᠵᠢᠨ ᠡᠯᠡᠰᠤᠨ ᠳ᠋ᠤ ᠪᠠᠢᠷᠢᠯᠠᠭᠰᠠᠨ ᠤᠷᠳᠤᠰ ᠬᠤᠳᠠ ᠵᠢᠨ ᠬᠠᠩᠭᠢᠨ ᠬᠣᠱᠢᠭᠤᠨ ᠎ᠤ ᠳᠤᠭᠤᠢᠳᠠᠯ᠎ᠠ ᠪᠠᠯᠭᠠᠰᠤ ᠎ᠶ᠋ᠢᠨ ᠳᠠᠭᠤᠲᠤ ᠭᠠᠴᠠᠭᠠᠨ᠎ᠤ ᠮᠠᠯᠴᠢᠨ ᠪᠤᠯᠤᠨ᠎ᠠ᠂ ᠲᠡᠷᠡ ᠬᠡᠷ ᠎ᠦᠨ ᠬᠥᠮᠦᠰ ᠲᠡᠶ ᠪᠡᠨ ᠡᠯᠡᠰᠦᠨ ᠪᠤᠷᠭᠠᠰᠤ ᠪᠠ ᠤᠯᠢᠶᠠᠰᠤ ᠳᠠᠷᠢᠵᠤ᠂ 3000 ᠭᠠᠷᠤᠢ ᠮᠥ᠍ ᠬᠤᠵᠢᠬᠢᠷ ᠡᠯᠡᠰᠤ ᠵᠢ ᠤᠢᠵᠢᠭᠤᠯᠵᠤ ᠨᠤᠭᠤᠭᠠᠷᠠᠭᠤᠯᠪᠠ᠃《ᠡᠷᠭᠢᠨ ᠲᠤᠭᠤᠷᠢᠨ ᠎ᠤ ᠡᠯᠡᠰᠦ ᠮᠠᠩᠬ᠎ᠠ ᠦᠭᠡᠷᠡᠴᠢᠯᠡᠭᠳᠡᠵᠦ ᠠᠭᠠᠵᠢᠮ ᠵᠢᠡᠷ ᠨᠤᠭᠤᠭᠠᠷᠠᠯ᠎ᠠ᠂ ᠤᠳᠤ ᠪᠢ ᠠᠵᠤ ᠠᠬᠤᠢ᠎ᠶ᠋ᠢᠨ ᠲᠠᠷᠢᠮᠠᠯ ᠲᠤᠷᠰᠢᠨ ᠲᠠᠷᠢᠵᠤ᠂ ᠣᠷᠣᠯᠭ᠎ᠠ ᠮᠠᠨᠢ ᠵᠢᠯ᠎ᠡᠴᠡ ᠵᠢᠯ ᠨᠡᠮᠡᠭᠳᠡᠵᠦ ᠪᠠᠢᠨ᠎ᠠ》ᠭᠡᠵᠦ᠍ ᠪᠤᠶᠠᠨᠳᠡᠯᠭᠡᠷ ᠪᠠᠶᠠᠷᠳᠠᠢ ᠶᠠᠷᠢᠨ᠎ᠠ᠃ ᠣᠷᠳᠣᠰ ᠬᠣᠲᠠ ᠪᠣᠯ ᠥᠪᠡᠷᠲᠡᠭᠡᠨ ᠵᠠᠰᠠᠬᠤ ᠣᠷᠣᠨ᠂ ᠴᠢᠨᠠᠭᠰᠢᠯᠠᠪᠠᠯ ᠪᠥᠬᠥ ᠤᠯᠤᠰ ᠎ᠤᠨ ᠡᠯᠡᠰᠦᠷᠭᠡᠭᠵᠢᠯ ᠪᠠ ᠬᠥᠷᠥᠰᠥ ᠰᠢᠷᠣᠶ ᠵᠢᠨ ᠢᠳᠡᠭᠳᠡᠯ ᠵᠢᠡᠷ ᠬᠦᠨᠳᠦ ᠨᠣᠴᠢᠲᠠᠶ ᠭᠠᠵᠠᠷ ᠣᠷᠣᠨ ᠎ᠤ ᠨᠢᠭᠡ ᠪᠤᠯᠬᠤ ᠶᠤᠮ᠃ ᠣᠲᠣ ᠪᠥᠬᠥ ᠬᠣᠲᠠ ᠵᠢᠨ ᠣᠶ ᠰᠢᠭᠤᠶ ᠵᠢᠨ ᠶᠡᠷᠦᠩᠬᠡᠢ ᠲᠡᠯᠡᠪᠡᠢ 3520 ᠲᠦᠮᠡᠨ ᠮᠥ᠍ ᠂ ᠣᠶ ᠰᠢᠭᠤᠶ ᠵᠢᠨ ᠪᠦᠷᠬᠦᠴᠡ 27%᠂ ᠨᠤᠲᠤᠭ ᠪᠡᠯᠴᠢᠭᠡᠷ ᠎ᠤᠨ ᠤᠷᠭᠤᠮᠠᠯ ᠎ᠤᠨ ᠪᠦᠷᠬᠦᠴᠡ ᠵᠢᠨ ᠲᠤᠮᠳᠠᠴᠢ ᠬᠡᠮᠵᠢᠶ᠎ᠡ 50% ᠳ᠋ᠤ ᠬᠦᠷᠴᠦ ᠂ ᠴᠦᠯᠯᠡᠷᠬᠡᠭᠵᠢᠯ ᠎ᠢ ᠵᠠᠰᠠᠬᠤ ᠠᠵᠢᠯ ᠯᠤᠲᠤ ᠶᠡᠬᠡ ᠠᠮᠵᠢᠯᠲᠠ ᠣᠯᠵᠠᠢ᠃ 2017 ᠣᠨ ᠳ᠋ᠤ 《ᠤᠯᠠᠨ ᠤᠯᠤᠰ ᠎ᠤᠨ ᠬᠣᠯᠪᠣᠭᠠᠲᠤ ᠪᠠᠢᠭᠤᠯᠭ᠎ᠠ ᠵᠢᠨ ᠴᠦᠯᠯᠡᠷᠭᠡᠭᠵᠢᠯ ᠎ᠢ ᠰᠡᠷᠭᠡᠢᠯᠡᠨ ᠵᠠᠰᠠᠬᠤ ᠨᠡᠢᠳᠡ ᠵᠢᠨ ᠭᠡᠷ᠎ᠡ》 ᠵᠢᠨ ᠠᠷᠪᠠᠨ ᠭᠤᠷᠪᠠᠳᠤᠭᠠᠷ ᠤᠳᠠᠭ᠎ᠠ ᠵᠢᠨ ᠭᠡᠷ᠎ᠡ ᠪᠠᠢᠢᠭᠤᠯᠬᠤ ᠡᠳᠡᠭᠡᠳ ᠎ᠤᠨ ᠶᠡᠬᠡ ᠬᠤᠷᠠᠯ ᠤᠷᠳᠤᠰ ᠬᠤᠳᠠ᠎ᠳ᠋ᠤ ᠠᠮᠵᠢᠯᠲᠠ ᠲᠠᠶ ᠶᠠᠪᠤᠭᠳᠠᠵᠤ᠂ ᠤᠷᠳᠤᠰ ᠎ᠤᠨ ᠴᠦᠯᠯᠡᠷᠭᠡᠭᠵᠢᠯ ᠎ᠢ ᠵᠠᠰᠠᠭᠰᠠᠨ ᠦᠷ᠎ᠡ ᠪᠦᠲᠦᠮᠵᠢ ᠬᠤᠷᠠᠯ ᠳ᠋ᠤ ᠣᠷᠣᠯᠴᠠᠭᠰᠠᠨ ᠡᠯ᠎ᠡ ᠤᠯᠤᠰ ᠎ᠤᠨ ᠲᠦᠯᠦᠬᠡᠯᠡᠭᠴᠢᠳ᠎ᠤᠨ ᠳᠡᠭᠡᠳᠦ ᠬᠡᠮᠵᠢᠶᠡᠨ᠎ᠤ ᠨᠤᠲᠠᠯᠠᠯᠲᠠ ᠵᠢ ᠣᠯᠵᠤ᠂ ᠤᠷᠳᠤᠰ᠎ᠤᠨ ᠵᠠᠭᠪᠤᠷ ᠨᠢ ᠳᠡᠯᠡᠬᠡᠢ ᠵᠢᠨ ᠡᠯ᠎ᠠ ᠤᠯᠤᠰ᠎ᠤᠨ ᠴᠦᠯᠯᠡᠷᠭᠡᠭᠵᠢᠯ ᠎ᠢ ᠰᠡᠷᠬᠡᠢᠯᠡᠨ ᠵᠠᠰᠠᠬᠤ ᠳ᠋ᠤ ᠳᠤᠮᠳᠠᠳᠤ ᠤᠯᠤᠰ᠎ᠤᠨ ᠤᠶᠤᠨ ᠤᠬᠠᠭᠠᠨ ᠪᠣᠯᠤᠨ ᠳᠤᠮᠳᠠᠳᠤ ᠤᠯᠤᠰ ᠎ᠤᠨ ᠲᠥᠰᠦᠯ ᠎ᠢ ᠬᠠᠩᠭᠠᠬᠰᠠᠨ ᠠᠵᠢ᠃

ᠣᠩᠨᠢᠭᠤᠳ ᠬᠣᠰᠢᠭᠤ ᠡᠯᠡᠰᠦᠷᠬᠡᠭᠵᠢᠭᠰᠡᠨ ᠵᠢᠠᠷ ᠨᠡᠯᠢᠶᠡᠳ ᠬᠦᠨᠳᠦ ᠨᠤᠴᠢᠳᠠᠢ ᠭᠠᠵᠠᠷ ᠤᠷᠤᠨ᠎ᠢ ᠲᠦᠪᠯᠡᠷᠡᠬᠦᠯᠦᠨ ᠵᠠᠰᠠᠵᠤ᠂ ᠵᠠᠭᠤᠨ ᠲᠦᠮᠡᠨ ᠮᠦ᠍ ᠵᠢᠨ ᠶᠡᠷᠦᠩᠬᠡᠢᠯᠡᠨ ᠵᠠᠰᠠᠬᠤ ᠰᠠᠭᠤᠷᠢᠨ ᠪᠠᠢᠭᠤᠯᠪᠠ ;ᠠᠯᠠᠱᠠ ᠠᠢᠮᠠᠭ ᠠᠵᠤ ᠦᠢᠯᠡᠰ ᠎ᠤᠨ ᠲᠠᠢᠴᠢᠯᠡᠯᠳᠠ ᠪᠡᠷ ᠲᠠᠮᠵᠢᠨ ᠵᠠᠭᠤᠨ ᠲᠦᠮᠡᠨ ᠮᠥ᠍ ᠵᠢᠨ ᠵᠠᠭ ᠎ᠤᠨ ᠰᠠᠭᠤᠷᠢᠨ ᠪᠠᠢᠭᠤᠯᠪᠠ ; ᠲᠤᠯᠤᠨ ᠨᠤᠤᠷ ᠰᠢᠶᠠᠨ ᠬᠥᠮᠦᠨ᠎ᠤ ᠬᠦᠴᠦ᠂ ᠡᠳ᠋᠎ᠤᠨ ᠬᠦᠴᠦ᠂ ᠪᠣᠳᠠᠰ ᠎ᠤᠨ ᠬᠦᠴᠦ ᠪᠠᠨ ᠲᠥᠪᠯᠡᠷᠡᠭᠦᠯᠤᠨ ᠵᠠᠭᠤᠨ ᠲᠦᠮᠡᠨ ᠮᠦ᠍ ᠵᠢᠨ ᠬᠠᠢᠯᠠᠷ ᠨᠠᠷᠠᠰᠤ ᠵᠢᠨ ᠰᠠᠭᠤᠷᠢᠨ ᠪᠠᠢᠭᠤᠯᠪᠠ ᠁

ᠥᠪᠡᠷᠲᠡᠭᠡᠨ ᠎ᠵᠠᠰᠠᠬᠤ ᠎ᠣᠷᠣᠨ ᠎ᠤ ᠠᠷᠪᠠᠳᠤᠭᠠᠷ ᠤᠳᠠᠭ᠎ᠠ ᠵᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠡᠴᠡ ᠨᠠᠭᠠᠰᠢ᠂ ᠮᠠᠨ ᠎ᠤ ᠤᠷᠤᠨ ᠪᠡᠭᠡᠵᠢᠩ ᠲᠢᠶᠠᠨᠵᠢᠨ ᠎ᠤ ᠡᠷᠬᠢᠨ ᠲᠤᠭᠤᠷᠢᠨ ᠎ᠤ ᠰᠠᠯᠬᠢ ᠡᠯᠡᠰᠦᠨ ᠎ᠤ ᠡᠬᠢ ᠵᠢ ᠵᠠᠰᠠᠬᠤ᠂ ᠤᠮᠠᠷᠠᠲᠤ ᠵᠢᠨ ᠭᠤᠷᠪᠠᠨ ᠣᠷᠣᠨ ᠎ᠤ ᠬᠠᠯᠬᠠᠪᠴᠢ ᠤᠢ ᠵᠢᠨ ᠪᠦᠲᠦᠭᠡᠨ ᠪᠠᠢᠭᠤᠯᠤᠯᠲᠠ ᠂ ᠲᠠᠷᠢᠶᠠᠯᠠᠬᠤ ᠵᠢ ᠵᠣᠭᠰᠣᠭᠠᠨ ᠡᠪᠡᠰᠤ ᠮᠤᠳᠤ ᠲᠠᠷᠢᠬᠤ᠂ ᠪᠡᠯᠴᠢᠬᠡᠷᠯᠡᠬᠦᠯᠬᠦ ᠵᠢ ᠵᠣᠭᠰᠣᠭᠠᠨ ᠪᠡᠯᠴᠢᠭᠡᠷ ᠎ᠢ  ᠰᠡᠷᠭᠦᠭᠡᠬᠦ᠂ ᠬᠥᠷᠥᠰᠥ ᠰᠢᠷᠣᠢ ᠵᠢᠨ ᠢᠳᠡᠭᠳᠡᠯ ᠎ᠢ  ᠶᠡᠷᠦᠩᠬᠡᠢᠯᠡᠨ ᠵᠠᠰᠠᠬᠤ ᠵᠡᠷᠭᠡ ᠭᠣᠣᠯᠳᠠᠯᠭ᠎ᠠ ᠲᠠᠶ ᠠᠮᠢ ᠠᠬᠤᠢ ᠵᠢᠨ ᠪᠦᠲᠦᠭᠡᠨ ᠪᠠᠢᠭᠤᠯᠤᠯᠲᠠ ᠵᠢᠨ ᠢᠨᠵᠧᠨᠧᠷᠢᠩ ᠳ᠋ᠤ ᠲᠦᠰᠢᠭᠯᠡᠨ ᠨᠢᠭᠡ ᠪᠦᠯᠦᠭ ᠠᠳᠠᠯᠢ ᠪᠤᠰᠤ ᠬᠡᠯᠪᠡᠷᠢ ᠵᠢᠨ ᠡᠯᠡᠰᠦᠷᠬᠡᠭᠵᠢᠯ ᠎ᠢ ᠰᠡᠷᠭᠡᠢᠯᠡᠨ ᠡᠯᠡᠰᠦ ᠵᠢ ᠵᠠᠰᠠᠬᠤ ᠵᠢᠱ᠌ᠢᠶ᠎ᠡ ᠦᠵᠡᠭᠦᠯᠬᠦ ᠰᠠᠭᠤᠷᠢᠨ ᠎ᠢ ᠲᠥᠯᠥᠪᠵᠢᠭᠦᠯᠦᠨ ᠪᠠᠢᠭᠤᠯᠵᠤ᠂ ᠪᠦᠬᠦ ᠤᠷᠤᠨ ᠎ᠤ ᠡᠯᠡᠰᠦᠷᠬᠡᠭᠵᠢᠯ ᠎ᠢ ᠰᠡᠷᠭᠡᠢᠯᠡᠨ ᠡᠯᠡᠰᠦ ᠵᠢ ᠵᠠᠰᠠᠬᠤ ᠠᠵᠢᠯ ᠎ᠢ ᠪᠦᠳᠦᠮᠵᠢᠳᠠᠢ ᠲᠠᠢᠴᠢᠯᠠᠵᠤ ᠰᠢᠪᠲᠤᠯᠤᠯᠲᠠ ᠵᠢᠨ ᠴᠢᠨᠠᠷᠲᠠᠢ ᠠᠬᠢᠴᠠ ᠭᠠᠷᠭᠠᠵᠠᠢ ᠃ ᠡᠯᠡᠰᠦᠷᠬᠡᠭᠵᠢᠯ ᠎ᠢ ᠰᠡᠷᠭᠡᠢᠯᠡᠨ ᠡᠯᠡᠰᠦ ᠵᠢ ᠵᠠᠰᠠᠬᠤ ᠡᠷᠴᠢᠮ ᠵᠢᠡᠨ ᠡᠢᠨ ᠬᠦ᠌ ᠴᠢᠩᠭᠠᠷᠠᠭᠤᠯᠬᠤ ᠵᠢᠨ ᠬᠠᠮᠲᠤ ᠪᠠᠰᠠ ᠨᠤᠲᠤᠭ ᠪᠡᠯᠴᠢᠭᠡᠷ ᠎ᠤᠨ ᠠᠮᠢ ᠠᠬᠤᠢ ᠵᠢ ᠬᠠᠮᠠᠭᠠᠯᠠᠵᠤ ᠪᠦᠳᠦᠭᠡᠨ ᠪᠠᠢᠭᠤᠯᠬᠤ ᠨᠦᠬᠦᠪᠤᠷᠢ ᠪᠠ ᠱᠠᠩᠨᠠᠯ ᠎ᠤᠨ ᠲᠣᠭᠲᠠᠴᠠ ᠵᠢ ᠲᠤᠭᠤᠰᠢᠳᠠᠢ ᠬᠡᠷᠡᠭᠵᠢᠭᠦᠯᠵᠦ᠂ ᠳᠤᠷ᠎ᠠ ᠪᠠᠷ ᠵᠢᠡᠨ ᠮᠣᠳᠣ ᠣᠭᠲᠣᠯᠬᠤ ᠂ ᠳᠤᠷ᠎ᠠ ᠪᠠᠷ ᠵᠢᠡᠨ ᠲᠡᠭᠦᠵᠦ ᠮᠠᠯᠲᠠᠬᠤ᠂ ᠪᠡᠯᠴᠢᠬᠡᠷ ᠎ᠤᠨ ᠳᠠᠭᠠᠭᠠᠴᠠ ᠡᠴᠡ ᠬᠡᠲᠦᠷᠡᠭᠦᠯᠦᠨ ᠮᠠᠯ ᠮᠠᠯᠵᠢᠬᠤ ᠵᠡᠷᠭᠡ ᠤᠷᠭᠤᠮᠠᠯ ᠎ᠤᠨ ᠪᠦᠷᠬᠦᠴᠡ ᠵᠢ ᠡᠪᠳᠡᠬᠦ ᠠᠵᠢᠯᠯᠠᠭ᠎ᠠ ᠵᠢ ᠡᠷᠡᠰ ᠬᠤᠷᠢᠬᠯᠠᠵᠤ ᠂ ᠨᠤᠳᠤᠭ ᠪᠡᠯᠴᠢᠬᠡᠷ ᠎ᠤᠨ ᠠᠮᠢ ᠠᠬᠤᠶ ᠵᠢᠨ ᠰᠢᠰᠲ᠋ᠧᠮ ᠎ᠢ  ᠪᠦᠲᠦᠮᠵᠢᠲᠡᠶ ᠬᠠᠮᠠᠭᠠᠯᠠᠨ ᠰᠡᠷᠬᠦᠭᠡᠪᠡ᠃ ᠤᠳᠤ ᠪᠦᠬᠦ ᠤᠷᠤᠨ᠎ᠤ ᠪᠡᠯᠴᠢᠭᠡᠷᠯᠡᠭᠦᠯᠬᠦ ᠵᠢ ᠵᠤᠭᠰᠤᠭᠠᠭᠰᠠᠨ ᠲᠠᠯᠠᠪᠠᠶ 4 ᠳ᠋ᠦᠩᠰᠢᠭᠤᠷ ᠮᠥ᠍ ᠵᠢ ᠲᠠᠪᠠᠵᠤ᠂ ᠮᠠᠯ ᠪᠡᠯᠴᠢᠭᠡᠷ ᠎ᠤᠨ ᠲᠡᠩᠴᠡᠭᠦᠷᠢ ᠵᠢ ᠪᠠᠳᠤᠯᠠᠬᠰᠠᠨ ᠲᠠᠯᠠᠪᠠᠶ 6.16 ᠳ᠋ᠦᠩᠰᠢᠭᠤᠷ ᠮᠥ᠍ ᠳ᠋ᠤ ᠬᠦᠷᠴᠠᠢ᠃ ᠡᠨᠡ ᠵᠢᠯ ᠎ᠤᠨ 10 ᠰᠠᠷ᠎ᠠ ᠵᠢᠨ 1 ᠎ᠤ᠋ ᠡᠳᠦᠷ᠎ᠡᠴᠡ《ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ ᠎ᠤ ᠮᠠᠯ ᠪᠡᠯᠴᠢᠭᠡᠷ ᠎ᠤᠨ ᠲᠡᠩᠴᠡᠭᠦᠷᠢ ᠵᠢ ᠪᠠᠳᠤᠯᠠᠬᠤ ᠪᠠ ᠪᠡᠯᠴᠢᠭᠡᠷᠯᠡᠭᠦᠯᠬᠦ᠌᠎ᠶ᠋ᠢ ᠵᠤᠭᠰᠤᠭᠠᠵᠤ ᠪᠡᠯᠴᠢᠭᠡᠷ ᠎ᠢ ᠰᠡᠷᠬᠦᠬᠡᠬᠦ ᠲᠦᠷᠢᠮ》 ᠎ᠢ᠋ ᠬᠡᠷᠡᠭ᠌ᠵᠢᠭᠦᠯᠵᠦ ᠂ ᠪᠦᠬᠦ ᠤᠷᠤᠨ ᠎ᠤ 13.2 ᠳ᠋ᠦᠩᠱᠢᠭᠤᠷ ᠮᠥ᠍ ᠨᠤᠲᠤᠭ ᠪᠡᠯᠴᠢᠭᠡᠷ᠎ᠢ ᠬᠠᠤᠯᠢ ᠪᠠᠷ ᠬᠠᠮᠠᠭᠠᠯᠠᠵᠤ ᠡᠬᠢᠯᠡᠭᠰᠡᠨ ᠪᠠᠢᠨ᠎ᠠ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号