《ᠬᠠᠶᠠᠭ᠍ᠳᠠᠮᠠᠯ ᠪᠣᠳᠠᠰ ᠦᠯᠦ ᠪᠠᠢᠬᠤ ᠬᠤᠳᠠ》ᠪᠣᠯ ᠨᠢᠭᠡ ᠵᠦᠢᠯᠦᠨ ᠪᠣᠬᠢᠷᠲᠤᠯ ᠦᠭᠡᠢ ᠬᠥᠭ᠌ᠵᠢᠯᠲᠡ ᠵᠢᠨ ᠠᠷᠭ᠎ᠠ ᠬᠡᠯᠪᠡᠷᠢ ᠪᠠ ᠠᠮᠢᠳᠤᠷᠠᠯᠤᠨ ᠠᠷᠭ᠎ᠠ ᠬᠡᠯᠪᠡᠷᠢ ᠪᠠᠢᠵᠤ᠂ ᠬᠠᠲᠠᠭᠤ ᠪᠡᠶᠡᠲᠦ ᠬᠠᠶᠠᠭ᠍ᠳᠠᠮᠠᠯ ᠪᠣᠳᠠᠰᠤᠨ ᠣᠷᠴᠢᠨ ᠲᠤᠭᠤᠷᠢᠨ ᠳ᠋ᠤ ᠦᠵᠡᠭᠦᠯᠬᠦ᠌
ᠨᠥᠯᠥᠭᠡ ᠵᠢ ᠬᠠᠮᠤᠭᠤᠨ ᠳᠣᠣᠷ᠎ᠠ ᠬᠡᠮᠵᠢᠶᠡᠨ ᠳ᠋ᠤ ᠬᠦᠷᠲᠡᠯ᠎ᠡ ᠪᠠᠭᠤᠷᠠᠭᠤᠯᠬᠤ ᠬᠤᠳᠠ ᠵᠢᠨ ᠬᠥᠭ᠌ᠵᠢᠯᠲᠡ ᠵᠢᠨ
ᠵᠠᠭ᠍ᠪᠤᠷ ᠪᠤᠯᠬᠤ ᠶᠤᠮ᠃
ᠪᠣᠭᠤᠳᠤ ᠬᠤᠲᠠ《ᠬᠠᠶᠠᠭ᠍ᠳᠠᠮᠠᠯ ᠪᠣᠳᠠᠰ ᠦᠯᠦ ᠪᠠᠢᠬᠤ ᠬᠣᠲᠠ》ᠵᠢ ᠪᠥᠲᠥᠭᠡᠨ ᠪᠠᠢᠭᠤᠯᠬᠤ ᠵᠢᠨ ᠲᠤᠭᠤᠷᠢᠨ ᠳ᠋ᠤ 171 ᠳ᠋ᠦᠩᠱᠢᠭᠤᠷ
ᠭᠠᠷᠤᠢ ᠲᠥᠭᠥᠷᠢᠭ ᠤᠨ ᠶᠡᠷᠦᠩᠬᠡᠢ ᠪᠡᠯᠡ ᠤᠷᠤᠭᠤᠯᠤᠯᠳᠠ ᠲᠠᠢ 80 ᠲᠥᠷᠥᠯ ᠵᠦᠶ᠋ᠯᠢ
ᠡᠬᠢᠯᠡᠬᠦᠯᠵᠤ᠂ ᠨᠢᠳᠤᠨᠤᠨᠤ ᠵᠢᠯ ᠤᠨ ᠰᠡᠬᠦᠯᠴᠢ ᠪᠤᠯᠳᠠᠯ᠎ᠠ ᠨᠢᠭᠡᠨᠲᠡ 52 ᠲᠥᠷᠥᠯ ᠵᠦᠶ᠋ᠯ
ᠢ ᠪᠦᠳᠦᠬᠡᠨ ᠪᠠᠢᠭᠤᠯᠵᠤ ᠲᠠᠭᠤᠰᠬᠠᠪᠠ᠃ ᠵᠢᠱ᠌ᠢᠯᠳᠡ ᠪᠡᠷ ᠡᠳᠡᠬᠡᠷ ᠲᠦᠷᠦᠯ ᠵᠤᠢᠯ ᠪᠦᠬᠦᠨ ᠵᠢᠡᠷ ᠵᠢᠡᠨ ᠠᠰᠢᠬᠯᠠᠯᠳᠠ
ᠳ᠋ᠤ ᠤᠷᠤᠪᠠᠯ ᠬᠠᠲᠠᠭᠤ ᠪᠡᠶᠡᠲᠦ ᠬᠠᠶᠠᠭ᠍ᠳᠠᠮᠠᠯ ᠪᠣᠳᠠᠰᠢ ᠶᠡᠷᠦᠩᠬᠡᠢᠯᠡᠨ ᠠᠱᠢᠭ᠍ᠯᠠᠬᠤ ᠵᠢᠴᠢ ᠱᠢᠶ᠋ᠳᠪᠦᠷᠢᠯᠡᠬᠦ᠌
ᠴᠢᠳᠠᠪᠤᠷᠢ ᠨᠢ ᠪᠠᠷᠤᠭ ᠮᠢᠩᠭᠠᠨ ᠲᠦᠮᠡᠨ ᠲᠣᠨ ᠨᠡᠮᠡᠭ᠌ᠳᠡᠨ᠂ ᠪᠤᠭᠤᠲᠤ ᠬᠣᠲᠠ ᠵᠢᠨ ᠠᠭᠠᠷ ᠨᠢ ᠨᠡᠩ ᠴᠡᠯᠮᠡᠭ᠂
ᠤᠰᠤ ᠨᠢ ᠨᠡᠩ ᠲᠤᠩᠭᠠᠯᠠᠭ᠂ ᠬᠦᠷᠦᠰᠤ ᠨᠢ ᠨᠡᠩ ᠠᠷᠢᠭᠤᠨ ᠪᠤᠯᠵᠤ᠂ ᠬᠦᠮᠦᠨ ᠠᠷᠠᠳᠤᠨᠬᠢᠨᠢᠬᠦᠷᠳᠡᠮᠵᠢᠵᠢᠨᠲᠦᠷᠦᠭᠳᠡᠯ᠂ ᠵᠢᠷᠭᠠᠯᠳᠤ ᠲᠦᠷᠦᠭᠳᠡᠯ ᠪᠠ ᠠᠮᠤᠷ ᠲᠦᠪᠰᠢᠨᠤ ᠲᠦᠷᠦᠭᠳᠡᠯ ᠤᠯᠠᠮ ᠴᠢᠨᠠᠭᠰᠢᠳᠠ ᠨᠡᠮᠡᠭᠳᠡᠬᠦ
ᠨᠢ ᠶᠠᠷᠢᠶᠡᠨ ᠦᠬᠡᠢ ᠃
ᠡᠬᠦᠷᠢᠳᠡ ᠵᠢᠨ ᠴᠡᠯᠮᠡᠭ ᠠᠭᠠᠷ᠂ ᠲᠤᠩᠭᠠᠯᠠᠭ ᠤᠰᠤ᠂ ᠠᠷᠢᠭᠤᠨ ᠬᠦᠷᠦᠰᠤ ᠲᠠᠢ ᠪᠠᠢᠬᠤ ᠪᠤᠯ
ᠠᠷᠠᠳ ᠲᠦᠮᠡᠨᠤ ᠬᠠᠮᠳᠤ ᠵᠢᠨ ᠬᠦᠰᠡᠯ ᠡᠷᠡᠮᠡᠯᠵᠡᠯ ᠮᠦᠨ ᠃ ᠶᠡᠷᠤᠩᠬᠡᠢ ᠱᠦᠵᠢ ᠰᠢ ᠵᠢᠨ ᠫᠢᠩ ᠦᠪᠤᠷ ᠮᠤᠩᠭᠤᠯ
ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠪᠠ ᠪᠦᠳᠦᠬᠡᠨ ᠪᠠᠢᠭᠤᠯᠤᠯᠳᠠ ᠵᠢ ᠲᠤᠢᠯ ᠵᠢᠡᠷ ᠬᠠᠯᠠᠮᠵᠢᠯᠠᠨ
ᠤᠯᠠᠨ ᠤᠳᠠᠭ᠎ᠠ ᠵᠢᠨ ᠴᠢᠬᠤᠯᠠ ᠶᠠᠷᠢᠶ᠎ᠠ ᠳ᠋ᠠᠭᠠᠨ ᠴᠦᠮ ᠠᠮᠢ ᠠᠬᠤᠢ ᠤᠷᠴᠢᠨ ᠲᠤᠭᠤᠷᠢᠨ ᠤ ᠠᠵᠢᠯᠢ ᠴᠢᠬᠤᠯᠠᠴᠢᠯᠠᠵᠤ᠂
ᠮᠠᠨᠤ ᠤᠷᠤᠨᠤ ᠠᠮᠢ ᠠᠬᠤᠢ ᠤᠷᠴᠢᠨ ᠲᠤᠭᠤᠷᠢᠨᠤ ᠬᠠᠮᠠᠭᠠᠯᠠᠯᠳᠠ ᠵᠢᠨ ᠠᠵᠢᠯ ᠳ᠋ᠤ ᠳᠤᠳᠤᠷᠬᠠᠢ ᠴᠢᠭᠯᠡᠯ
ᠵᠢᠭᠠᠵᠤ ᠦᠭᠬᠦᠨ᠂ ᠦᠨᠳᠤᠰᠤᠨ ᠵᠢᠷᠤᠮᠯᠡᠯ ᠬᠠᠩᠭᠠᠵᠤ᠂ ᠬᠦᠴᠦᠷᠬᠡᠭ ᠶᠡᠬᠡ ᠬᠦᠳᠡᠯᠬᠡᠬᠦ ᠬᠦᠴᠦᠨ ᠤᠯᠭᠤᠪᠠ᠃
ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠵᠢᠨ ᠨᠠᠮᠤᠨ ᠲᠦᠯᠦᠭᠡᠯᠡᠭᠴᠢᠳᠤᠨ ᠶᠡᠬᠡ ᠬᠤᠷᠠᠯ
ᠡᠴᠡ ᠨᠠᠭᠠᠰᠢ᠂ ᠤᠷᠤᠨ ᠲᠠᠶᠠᠭᠠᠷ ᠵᠢᠡᠨ ᠲᠥᠪ ᠤᠨ ᠪᠠ ᠥᠪᠡᠷᠲᠡᠭᠡᠨ ᠵᠠᠰᠠᠬᠤ ᠣᠷᠣᠨᠤ ᠱᠢᠶ᠋ᠳᠪᠦᠷᠢᠲᠦ ᠪᠣᠳᠣᠯᠭ᠎ᠠ
ᠪᠠᠢᠷᠢᠯᠠᠭᠤᠯᠤᠯᠲᠠᠶ᠋ᠢ ᠨᠠᠷᠢᠨ ᠬᠢᠨᠠᠮᠠᠭᠠᠶ ᠲᠤᠭᠤᠰᠢᠯᠠᠭᠤᠯᠤᠨ ᠪᠤᠬᠢᠷᠳᠤᠯᠢ ᠰᠡᠷᠬᠡᠢᠯᠡᠨ ᠵᠠᠰᠠᠬᠤ ᠪᠤᠭᠤᠮᠳᠠ
ᠰᠢᠪᠳᠤᠯᠬᠤ ᠲᠠᠢᠯᠠᠯᠳᠤᠭᠠᠨᠤ ᠪᠦᠷᠢᠶ᠎ᠡ ᠵᠢ ᠢᠮᠠᠭᠳᠠ ᠬᠠᠩᠬᠢᠨᠠᠭᠤᠯᠵᠤ᠂ ᠬᠥᠬᠡ ᠣᠭ᠍ᠲᠠᠷᠭᠤᠶ᠂ ᠬᠥᠬᠡᠮᠳᠦᠭ
ᠤᠰᠤ᠂ ᠠᠷᠢᠭᠤᠨ ᠬᠥᠷᠥᠰᠥ ᠵᠢ ᠬᠠᠮᠠᠭᠠᠯᠠᠬᠤ ᠳᠠᠢᠯᠠᠯᠳᠤᠭᠠᠨᠢ ᠪᠥᠬᠥ᠌ ᠬᠦᠴᠦᠨ ᠵᠢᠡᠷ ᠰᠠᠢᠲᠤᠷ ᠬᠢᠵᠦ᠍᠂
ᠪᠥᠬᠥ᠌ ᠣᠷᠣᠨᠤ ᠠᠮᠢ ᠠᠬᠤᠶ ᠣᠷᠴᠢᠨ ᠲᠣᠭᠣᠷᠢᠨᠤ ᠶᠠᠰᠤ ᠴᠢᠨᠠᠷ ᠢᠯᠡᠳᠳᠡ ᠰᠠᠢᠵᠢᠷᠠᠨ᠂ ᠦᠵᠡᠰᠬᠦᠯᠡᠩᠳᠤ
ᠰᠠᠢᠬᠠᠨ ᠦᠪᠤᠷ ᠮᠤᠩᠭᠤᠯ ᠤᠨ ᠪᠦᠳᠦᠬᠡᠨ ᠪᠠᠢᠭᠤᠯᠤᠯᠳᠠ ᠵᠢᠨ ᠴᠤ ᠰᠢᠨ᠎ᠡ ᠪᠠᠢᠳᠠᠯ ᠢ ᠡᠬᠦᠳᠴᠠᠢ ᠃
— ᠬᠦᠬᠡ ᠤᠭ᠍ᠳᠠᠷᠭᠤᠢ ᠵᠢ ᠬᠠᠮᠠᠭᠠᠯᠠᠬᠤ ᠲᠠᠢᠯᠠᠯᠳᠤᠭᠠᠨᠢ ᠰᠠᠢᠳᠤᠷ ᠬᠢᠵᠤ᠂ ᠦᠪᠡᠷᠳᠡᠬᠡᠨ ᠵᠠᠰᠠᠬᠤ
ᠤᠷᠤᠨᠤ ᠠᠭᠠᠷ ᠮᠠᠨᠳᠠᠯᠤᠨ ᠪᠤᠬᠢᠷᠳᠤᠯ ᠢ ᠰᠡᠷᠬᠡᠢᠯᠡᠨ ᠵᠠᠰᠠᠬᠤ ᠲᠦᠷᠢᠮ᠂ ᠦᠬᠠᠢ ᠬᠤᠳᠠ ᠵᠢᠴᠢ ᠡᠷᠬᠢᠡ
ᠲᠤᠭᠤᠷᠢᠨ ᠤ ᠭᠠᠵᠠᠷ ᠤᠷᠤᠨ ᠤ ᠠᠭᠠᠷ ᠮᠠᠨᠳᠠᠯᠤᠨ ᠪᠤᠬᠢᠷᠳᠤᠯᠢ ᠰᠡᠷᠬᠡᠢᠯᠡᠨ ᠵᠠᠰᠠᠬᠤ ᠲᠦᠷᠢᠮ᠂ ᠠᠮᠢ
ᠠᠬᠤᠢ ᠤᠷᠴᠢᠨ ᠲᠤᠭᠤᠷᠢᠨᠤ ᠬᠠᠮᠠᠭᠠᠯᠠᠯᠳᠠ ᠵᠢ ᠴᠢᠩᠭᠠᠳᠬᠠᠨ ᠪᠤᠬᠢᠷᠳᠤᠯ ᠢ ᠰᠡᠷᠬᠡᠢᠯᠡᠨ ᠵᠠᠰᠠᠬᠤ ᠪᠤᠭᠤᠮᠳᠠ
ᠰᠢᠪᠳᠤᠯᠬᠤ ᠲᠠᠢᠯᠠᠯᠳᠤᠭᠠᠨ ᠢ ᠡᠷᠡᠰ ᠰᠠᠢᠳᠤᠷ ᠬᠢᠬᠦ ᠲᠤᠬᠠᠢ ᠬᠡᠷᠡᠭᠵᠢᠬᠦᠯᠬᠦ ᠰᠠᠨᠠᠯ ᠵᠡᠷᠬᠡ ᠵᠢ ᠲᠤᠭᠳᠠᠭᠠᠨ
ᠬᠡᠷᠡᠭᠵᠢᠬᠦᠯᠵᠤ᠂ ᠲᠤᠰᠭᠠᠶ ᠣᠷᠣᠨ ᠤ ᠲᠠᠰ ᠵᠢᠴᠢ ᠲᠡᠭᠦᠨ ᠡᠴᠡ ᠳᠡᠭᠡᠭ᠌ᠰᠢᠬᠢ ᠬᠣᠲᠠ ᠵᠢᠨ ᠠᠭᠠᠷ ᠤᠨ ᠴᠢᠨᠠᠷᠵᠢᠯ
ᠤᠨ ᠱᠢᠯᠢᠳᠡᠭ ᠰᠠᠢᠨ ᠡᠳᠦᠷ ᠦᠨ ᠲᠣᠭ᠎ᠠ ᠵᠢᠨ ᠬᠠᠷᠢᠴᠠᠯ 90.8% ᠳ᠋ᠤ ᠬᠦᠷᠴᠠᠢ᠃ ᠪᠦᠬᠦ ᠤᠷᠤᠨ ᠵᠢᠡᠷ ᠵᠢᠡᠨ ᠤᠷᠢᠳ ᠬᠤᠵᠢᠳ《ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ ᠲᠡᠶ》636 ᠠᠵᠤ ᠠᠬᠤᠢᠯᠠᠯ
ᠪᠤᠯᠥᠨ 371 ᠠᠵᠤ ᠦᠶ᠋ᠯᠡᠳᠪᠦᠷᠢ
ᠵᠢᠨ ᠵᠤᠤᠬ᠎ᠠ ᠵᠢ ᠴᠡᠭ᠌ᠴᠡᠯᠡᠨ ᠵᠠᠰᠠᠵᠤ᠂ 524 ᠵᠢᠵᠢᠭ ᠭᠦᠸᠧᠯᠦ ᠵᠢ ᠱᠢᠭ᠌ᠰᠢᠭ᠌ᠳᠡᠭᠦᠯᠦᠨ᠂ ᠢᠯᠴᠢ ᠵᠢᠨ ᠴᠠᠬᠢᠯᠭᠠᠨ ᠤ ᠬᠡᠲᠦ ᠳᠤᠤᠷ᠎ᠠ ᠭᠠᠳᠠᠭ᠍ᠰᠢᠯᠠᠭᠤᠯᠤᠯᠲᠠ ᠵᠢ ᠦᠬᠡᠷᠡᠴᠢᠯᠡᠭᠰᠡᠨ ᠶᠡᠷᠦᠩᠬᠡᠢ ᠬᠡᠮᠵᠢᠶ᠎ᠠ
410.85 ᠲᠦᠮᠡᠨ ᠺᠢᠯᠦᠸᠠᠲ
ᠲᠦ᠍ ᠬᠥᠷᠪᠡ ;
ᠬᠥᠬᠡᠬᠣᠲᠠ᠂ ᠪᠤᠭᠤᠲᠤ ᠬᠣᠲᠠ᠂ ᠪᠠᠶᠠᠨᠨᠠᠭᠤᠷᠬᠣᠲᠠᠳ᠋ᠤᠰᠠᠭᠤᠭᠠ
ᠭᠠᠵᠠᠷ ᠲᠤᠨᠢ ᠱᠠᠯᠠᠪᠳᠠᠭᠤᠯᠤᠨ ᠭᠦᠶ᠋ᠴᠡᠳᠭᠡᠯᠭᠡᠬᠦ᠌ᠶ᠋ᠢ ᠬᠡᠷᠡᠭ᠌ᠵᠢᠭᠦᠯᠵᠦ᠍᠂ ᠦᠬᠠᠶ ᠵᠢᠴᠢ ᠡᠷᠬᠢᠨ ᠲᠣᠭᠣᠷᠢᠨ
ᠤ ᠭᠠᠵᠠᠷ ᠣᠷᠣᠨᠤ ᠠᠭᠠᠷ ᠮᠠᠨᠳᠠᠯ ᠤᠨ ᠪᠤᠬᠢᠷᠳᠤᠯᠢ ᠰᠡᠷᠬᠡᠢᠯᠡᠨ ᠵᠠᠰᠠᠬᠤ 276 ᠲᠥᠷᠥᠯ ᠵᠦᠶ᠋ᠯᠢ ᠪᠡᠶᠡᠯᠡᠭᠦᠯᠪᠡ᠃ 2020 ᠣᠨᠳᠤ᠂ ᠪᠥᠬᠥ᠌ ᠣᠷᠣᠨᠤ 12 ᠠᠢᠮᠠᠭ ᠬᠣᠲᠠ
ᠵᠢᠨ ᠵᠠᠰᠠᠭᠤᠨ ᠣᠷᠳᠣᠨᠤ ᠪᠠᠢᠭ᠎ᠠ ᠬᠣᠲᠠ ᠵᠢᠨ ᠠᠭᠠᠷᠤᠨ ᠴᠢᠨᠠᠷᠵᠢᠯ ᠤᠨ ᠱᠢᠯᠢᠳᠡᠭ ᠰᠠᠢᠨ ᠡᠳᠦᠷ ᠦᠨ
ᠲᠣᠭ᠎ᠠ ᠵᠢᠨ ᠬᠠᠷᠢᠴᠠᠯ 90.8% ᠪᠠᠢᠵᠤ᠂ ᠳᠡᠭᠡᠷ᠎ᠡ ᠵᠢᠯ ᠤᠨ ᠬᠢ ᠡᠴᠡ ᠪᠠᠨ ᠵᠠᠭᠤᠨ ᠤ ᠬᠠᠷᠢᠴᠠᠯ
ᠵᠢᠡᠷ 1.2 ᠬᠤᠪᠢ ᠳᠡᠭᠡᠭ᠌ᠰᠢᠯᠡᠵᠤ᠂ ᠪᠦᠬᠦ ᠤᠷᠤᠨ ᠤ ᠵᠢᠷᠭᠤᠭᠠᠨ ᠵᠤᠢᠯ ᠤᠨ ᠪᠤᠬᠢᠷᠳᠤᠯ ᠪᠤᠳᠠᠰ ᠤᠨ ᠲᠤᠮᠳᠠᠴᠢ ᠦᠳᠬᠡᠴᠡ ᠲᠠᠪᠤᠨ ᠵᠢᠯ ᠲᠠᠷᠠᠭᠠᠯᠠᠨ
ᠤᠯᠤᠰ ᠤᠨ ᠤᠷᠴᠢᠨ ᠲᠤᠭᠤᠷᠢᠨ ᠤ ᠠᠭᠠᠷ ᠤᠨ ᠴᠢᠨᠠᠷᠵᠢᠯ ᠤᠨ ᠬᠤᠶᠠᠳᠤᠭᠠᠷ ᠲᠡᠰ ᠤᠨ ᠪᠠᠷᠢᠮᠵᠢᠶ᠎ᠡ ᠳ᠋ᠤ
ᠬᠦᠷᠴᠠᠢ᠃
— ᠬᠦᠬᠡᠮᠳᠦᠭ ᠤᠰᠤ ᠵᠢ ᠬᠠᠮᠠᠭᠠᠯᠠᠬᠤ ᠲᠠᠢᠯᠠᠯᠳᠤᠭᠠᠨᠢ ᠰᠠᠢᠲᠤᠷ ᠬᠢᠵᠦ᠂《ᠥᠪᠡᠷᠲᠡᠭᠡᠨ ᠵᠠᠰᠠᠬᠤ ᠣᠷᠣᠨ ᠤ ᠤᠰᠤᠨ ᠤ ᠪᠣᠬᠢᠷᠲᠤᠯᠢ ᠰᠡᠷᠭᠡᠢᠯᠡᠨ
ᠵᠠᠰᠠᠬᠤ ᠲᠦᠷᠢᠮ》 ᠢ᠋ ᠬᠡᠷᠡᠭ᠌ᠵᠢᠭᠦᠯᠤᠨ᠂ ᠭᠤᠤᠯᠳᠠᠯᠭ᠎ᠠ ᠲᠠᠶ ᠰᠠᠪᠠ ᠭᠠᠵᠠᠷᠤᠨ ᠤᠰᠤᠨ ᠤ ᠪᠣᠬᠢᠷᠲᠤᠯ ᠢ ᠰᠡᠷᠭᠡᠢᠯᠡᠨ ᠵᠠᠰᠠᠬᠤ ᠵᠢ ᠴᠢᠩᠭᠠᠳᠬᠠᠵᠤ᠂ 《ᠨᠢᠭᠡ ᠬᠣᠲᠠ ᠳ᠋ᠤ ᠨᠢᠭᠡ ᠲᠠᠨᠭᠰᠠ ᠡᠪᠬᠡᠮᠡᠯ》᠂ 《ᠨᠢᠭᠡ ᠭᠤᠤᠯ ᠮᠦᠷᠡᠨ
ᠳ᠋ᠤ ᠨᠢᠭᠡ ᠠᠷᠭ᠎ᠠ ᠪᠣᠳᠣᠯᠭ᠎ᠠ》ᠪᠠᠷ ᠠᠢᠮᠠᠭ ᠬᠣᠲᠠ ᠵᠢᠨ ᠬᠢᠨᠢ ᠵᠢᠯᠣᠭᠣᠳᠤᠨ ᠣᠭ᠍ᠲᠣᠯᠤᠭᠠᠰᠤᠬᠡᠰᠡᠭ
ᠤᠨ ᠤᠰᠤᠨᠤ ᠴᠢᠨᠠᠷᠤᠨ ᠪᠠᠷᠢᠮᠵᠢᠶ᠎ᠠ ᠡᠴᠡ ᠬᠡᠲᠦᠷᠡᠭ᠌ᠰᠡᠨ ᠠᠰᠠᠭᠤᠳᠠᠯᠢ ᠪᠦᠳᠦᠮᠵᠢᠳᠠᠢᠱᠢᠶ᠋ᠳᠪᠦᠷᠢᠯᠡᠪᠡ᠃ ᠤᠰᠤᠨᠤ ᠤᠷᠴᠢᠨ ᠲᠤᠭᠤᠷᠢᠨ ᠤ ᠶᠠᠰᠤ ᠴᠢᠨᠠᠷ ᠮᠡᠳᠡᠭᠳᠡᠮ᠎ᠠ ᠰᠠᠢᠵᠢᠷᠠᠵᠤ᠂ ᠤᠯᠤᠰᠤᠨ ᠱᠢᠯᠭᠠᠨ ᠬᠢᠨᠠᠯᠲᠠ
ᠳ᠋ᠤ ᠵᠢᠭ᠍ᠰᠠᠭᠠᠭ᠍ᠳᠠᠭᠰᠠᠨ ᠪᠦᠬᠦ᠌ ᠣᠷᠣᠨ ᠤ ᠭᠠᠵᠠᠷ ᠲᠡᠭᠡᠷᠡᠬᠢ ᠤᠰᠤᠨᠤ 52 ᠤᠭᠳᠤᠯᠠᠭᠠᠰᠤ
ᠬᠡᠰᠡᠭᠤᠨ ᠱᠢᠯᠢᠳᠡᠭ ᠤᠰᠤᠨ ᠴᠤᠭ᠍ᠴᠠ ᠵᠢᠨ ᠬᠠᠷᠢᠴᠠᠯ 69.2% ᠲᠦ᠍ ᠬᠦᠷᠴᠦ᠍᠂ ᠴᠢᠨᠠᠷ ᠮᠠᠭᠤ V
ᠲᠥᠷᠥᠯ ᠤᠨ ᠤᠰᠤᠨᠤ ᠬᠠᠷᠢᠴᠠᠯ 1.9% ᠪᠠᠢᠵᠤ᠂
ᠲᠤᠰᠭᠠᠶ ᠣᠷᠣᠨ ᠤ ᠲᠡᠰ ᠤᠨ ᠬᠤᠲᠠ ᠵᠢᠨ ᠲᠥᠪᠯᠡᠷᠡᠭ᠌ᠰᠡᠨ ᠬᠡᠯᠪᠡᠷᠢ ᠵᠢᠨ ᠤᠤᠭᠤᠬᠤ ᠤᠰᠤᠨᠤ ᠰᠤᠷᠪᠤᠯᠵᠢ
ᠵᠢᠨ ᠣᠷᠣᠨᠤ ᠤᠰᠤᠨ ᠤ ᠴᠢᠨᠠᠷ ᠤᠨ ᠪᠠᠷᠢᠮᠵᠢᠶ᠎ᠠ ᠳ᠋ᠤ ᠬᠦᠷᠦᠭ᠌ᠰᠡᠨ ᠨᠣᠷᠮ᠎ᠠ 81% ᠵᠢ ᠲᠠᠪᠠᠵᠠᠢ
; ᠥᠪᠡᠷᠲᠡᠭᠡᠨ ᠵᠠᠰᠠᠬᠤ ᠣᠷᠣᠨ ᠤ ᠲᠠᠰ ᠵᠢᠴᠢ ᠲᠡᠭᠦᠨ ᠡᠴᠡ ᠳᠡᠭᠡᠭ᠌ᠰᠢᠬᠢ
64 ᠠᠵᠤ ᠦᠶ᠋ᠯᠡᠳᠪᠦᠷᠢ
ᠵᠢᠨ ᠬᠦᠷᠢᠶᠡᠯᠡᠩ ᠲᠣᠭᠣᠷᠢᠭ ᠴᠦᠮ ᠪᠣᠬᠢᠷ ᠤᠰᠤ ᠵᠢ ᠲᠥᠪᠯᠡᠷᠡᠭᠦᠯᠦᠨ ᠱᠢᠶ᠋ᠳᠪᠦᠷᠢᠯᠡᠬᠦ ᠵᠢ ᠪᠡᠶᠡᠯᠡᠭᠦᠯᠵᠦ᠍
᠂ ᠬᠣᠲᠠ ᠪᠠᠯᠭᠠᠰᠤ ᠵᠢᠨ ᠪᠣᠬᠢᠷ ᠤᠰᠤ ᠱᠢᠶ᠋ᠳᠪᠦᠷᠢᠯᠡᠬᠦ᠌ ᠦᠶ᠋ᠯᠡᠳᠪᠦᠷᠢ ᠳ᠋ᠤ ᠲᠦᠱᠢᠭ᠌ᠯᠡᠭ᠌ᠰᠡᠨ 33 ᠠᠵᠤ ᠦᠶ᠋ᠯᠡᠳᠪᠦᠷᠢ
ᠵᠢᠨ ᠬᠦᠷᠢᠶᠡᠯᠡᠩ ᠲᠣᠭᠣᠷᠢᠭᠲᠦ᠍ ᠪᠣᠯᠤᠮᠵᠢᠲᠤ ᠦᠨᠡᠯᠡᠨ ᠵᠢᠱ᠌ᠢᠯᠲᠡᠵᠢ ᠪᠦᠬᠦᠨᠢ ᠪᠡᠶᠡᠯᠡᠭᠦᠯᠪᠡ᠃ 2020 ᠤᠨ ᠳ᠋ᠤ᠂
ᠪᠥᠬᠥ᠌ ᠣᠷᠣᠨ ᠤ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠲᠡᠰ ᠤᠨ ᠭᠠᠵᠠᠷ ᠳᠡᠭᠡᠷᠡᠬᠢ ᠤᠰᠤᠨ ᠤ
139 ᠣᠭ᠍ᠲᠣᠯᠤᠭᠠᠰᠤ
ᠬᠡᠰᠡᠭ ᠤᠨ ᠳᠣᠲᠣᠷ᠎ᠠⅠ—Ⅲ
ᠲᠥᠷᠥᠯ ᠦᠨ ᠤᠰᠤᠨ ᠤ ᠴᠢᠨᠠᠷ ᠤᠨ ᠣᠭ᠍ᠲᠣᠯᠤᠭᠠᠰᠤ ᠬᠡᠰᠡᠭ 58.3% ᠵᠢ ᠡᠵᠡᠯᠡᠨ᠂ ᠴᠢᠨᠠᠷ ᠮᠠᠭᠤ V
ᠲᠥᠷᠥᠯᠦᠨ ᠤᠭᠳᠤᠯᠤᠭᠠᠰᠤ ᠬᠡᠰᠡᠭ 13.7% ᠶ᠋ᠢ ᠡᠵᠡᠯᠡᠨᠵᠤ᠂2015ᠣᠨᠦᠬᠢᠲᠠᠶᠬᠠᠷᠢᠴᠠᠭᠤᠯᠪᠠᠯ᠂Ⅰ—Ⅲᠲᠥᠷᠥᠯ ᠦᠨ ᠤᠰᠤᠨ ᠤ ᠬᠠᠷᠢᠴᠠᠯ ᠵᠠᠭᠤᠨ ᠤ ᠬᠠᠷᠢᠴᠠᠯ ᠵᠢᠡᠷ 13.8 ᠬᠤᠪᠢ ᠳᠡᠭᠡᠭ᠌ᠰᠢᠯᠡᠵᠦ᠍᠂ ᠴᠢᠨᠠᠷ ᠮᠠᠭᠤ V ᠲᠥᠷᠥᠯ ᠦᠨ ᠤᠰᠤᠨ ᠤ ᠬᠠᠷᠢᠴᠠᠯ ᠵᠠᠭᠤᠨ ᠤ ᠬᠠᠷᠢᠴᠠᠯ ᠵᠢᠡᠷ 10.8 ᠬᠤᠪᠢ ᠪᠠᠭᠤᠷᠠᠪᠠ᠃
— ᠠᠷᠢᠭᠤᠨ ᠬᠥᠷᠥᠰᠥ ᠵᠢ ᠬᠠᠮᠠᠭᠠᠯᠠᠬᠤ ᠲᠠᠢᠯᠠᠯᠳᠤᠭᠠᠨᠢ ᠰᠠᠢᠳᠤᠷ ᠬᠢᠵᠤ᠂《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨᠤ ᠬᠥᠷᠥᠰᠥ᠍ ᠱᠢᠷᠣᠶ
ᠵᠢᠨ ᠪᠣᠬᠢᠷᠲᠤᠯᠢ ᠰᠡᠷᠭᠡᠢᠯᠡᠨ ᠵᠠᠰᠠᠬᠤ ᠳᠦᠷᠢᠮ》 ᠢ᠋ ᠬᠡᠷᠡᠭᠵᠢᠭᠦᠯᠵᠤ᠂ ᠬᠦᠷᠤᠰᠤ ᠰᠢᠷᠤᠢ ᠵᠢᠨ ᠤᠷᠴᠢᠨ ᠲᠤᠭᠤᠷᠢᠨ ᠢ
ᠵᠠᠰᠠᠬᠤ ᠵᠢ ᠴᠢᠩᠭᠠᠳᠬᠠᠨ ᠲᠠᠷᠢᠶᠠᠨ ᠡᠮ ᠬᠢᠮᠢ ᠵᠢᠨ ᠪᠤᠷᠳᠤᠭᠤᠷ ᠤᠨ ᠬᠡᠷᠡᠭᠯᠡᠬᠦ ᠬᠡᠮᠵᠢᠶᠡᠨ ᠳ᠋ᠤ ᠰᠦᠬᠡᠷᠬᠦ
ᠨᠡᠮᠡᠭᠳᠡᠯ ᠲᠠᠢ ᠪᠠᠢᠬᠤ ᠵᠢ ᠪᠠᠶᠡᠯᠡᠬᠦᠯᠵᠤ᠂ ᠪᠤᠬᠢᠷᠳᠤᠯᠳ᠋ᠤ ᠨᠦᠯᠦᠬᠡᠯᠡᠭᠳᠡᠭᠰᠨᠨ ᠲᠠᠷᠢᠶᠠᠨ ᠭᠠᠵᠠᠷ ᠢ
ᠠᠮᠤᠷ ᠲᠦᠪᠰᠢᠨ ᠵᠢᠡᠷ ᠠᠰᠢᠬᠯᠠᠬᠤ ᠨᠤᠷᠮ᠎ᠠ ᠪᠤᠯᠤᠨ ᠪᠤᠬᠢᠷᠳᠤᠭᠰᠠᠨ ᠭᠠᠵᠠᠷ ᠢ ᠠᠮᠤᠷ ᠲᠦᠪᠰᠢᠨ ᠵᠢᠡᠷ ᠠᠰᠢᠬᠯᠠᠬᠤ
ᠨᠤᠷᠮ᠎ᠠ ᠲᠤᠰ ᠲᠤᠰ 98% ᠪᠠ 90% ᠵᠢ ᠲᠠᠪᠠᠨ᠂ ᠪᠥᠬᠦ᠌ ᠣᠷᠣᠨᠤ 2512 ᠭᠤᠤᠯᠳᠠᠯᠭ᠎ᠠ
ᠲᠠᠢ ᠠᠵᠢᠯ ᠲᠥᠷᠥᠯ ᠳ᠋ᠤ ᠠᠵᠤ ᠠᠬᠤᠢᠯᠠᠯ ᠤᠨ ᠰᠠᠭᠤᠷᠢ ᠮᠡᠳᠡᠭᠡ ᠵᠠᠩᠭᠢ ᠵᠢᠨ ᠪᠠᠢᠴᠠᠭᠠᠯᠲᠠ ᠵᠢᠴᠢ ᠲᠦᠭ᠌ᠰᠢᠭᠦᠷᠢ
ᠵᠢ ᠱᠢᠭ᠌ᠰᠢᠨ ᠪᠠᠢᠴᠠᠭᠠᠬᠤ ᠠᠵᠢᠯᠢ ᠪᠡᠶᠡᠯᠡᠭᠦᠯᠪᠡ᠃ ᠬᠦᠨᠳᠦ ᠲᠡᠮᠦᠷᠯᠢᠭ ᠤᠨ ᠪᠤᠬᠢᠷᠳᠤᠯ ᠭᠠᠳᠠᠭ᠍ᠰᠢᠯᠠᠭᠤᠯᠬᠤ
144 ᠠᠵᠤ ᠠᠬᠤᠢᠯᠠᠯ
ᠢ ᠴᠡᠭ᠌ᠴᠡᠯᠡᠨ ᠵᠠᠰᠠᠵᠤ ᠂ ᠠᠵᠤ ᠦᠢᠯᠡᠳᠪᠤᠷᠢ ᠵᠢᠨ ᠬᠠᠲᠠᠭᠤ ᠪᠡᠶᠡᠲᠦ ᠬᠠᠶᠠᠭ᠍ᠳᠠᠮᠠᠯ ᠪᠣᠳᠠᠰ ᠢ ᠣᠪᠣᠭᠠᠯᠠᠨ
ᠬᠠᠳᠠᠭᠠᠯᠠᠵᠤ ᠪᠠᠢᠭ᠎ᠠ 841 ᠲᠠᠯᠠᠪᠤᠷ ᠤᠨ ᠣᠷᠴᠢᠨ ᠲᠤᠭᠤᠷᠢᠨ ᠢ ᠴᠡᠭ᠌ᠴᠡᠯᠡᠨ ᠵᠠᠰᠠᠵᠤ᠂ ᠭᠤᠤᠯᠳᠠᠯᠭ᠎ᠠ
ᠲᠠᠢ ᠬᠦᠨᠳᠤ ᠲᠡᠮᠦᠷᠯᠢᠭᠤᠨ ᠪᠤᠬᠢᠷᠳᠤᠯ ᠤᠨ ᠭᠠᠳᠠᠭᠰᠢᠯᠠᠭᠤᠯᠤᠯᠳᠠ ᠵᠢᠨ ᠬᠡᠮᠵᠢᠶ᠎ᠡ 2013 ᠤᠨ ᠤ ᠬᠢ
ᠡᠴᠡ 12.1% ᠪᠡᠷ ᠪᠠᠭᠤᠷᠠᠵᠤ᠂
ᠤᠯᠤᠰ ᠤᠨ ᠬᠢᠨᠠᠨ ᠰᠢᠯᠭᠠᠯᠳᠠ ᠵᠢᠨ ᠪᠠᠷᠢᠮᠵᠢᠶ᠎ᠠ ᠡᠴᠡ ᠰᠠᠢᠨ ᠪᠤᠯᠪᠠ᠃ 2020 ᠤᠨ ᠳ᠋ᠤ ᠂
ᠪᠦᠬᠦ᠌ ᠣᠷᠣᠨ ᠤ ᠬᠢᠨᠠᠨ ᠬᠡᠮᠵᠢᠯᠳᠡ ᠬᠢᠭᠰᠡᠨ ᠬᠥᠷᠥᠰᠥ᠍ ᠱᠢᠷᠣᠶ ᠵᠢᠨ ᠣᠷᠴᠢᠨ ᠲᠣᠭᠣᠷᠢᠨᠤ ᠶᠠᠰᠤ ᠴᠢᠨᠠᠷ
ᠤᠨ ᠦᠯᠢᠭᠡᠷ ᠠᠪᠬᠤ 35 ᠭᠠᠵᠠᠷ ᠣᠷᠣᠨ ᠪᠤᠯᠤᠨ ᠬᠥᠷᠥᠰᠥ᠍ ᠱᠢᠷᠣᠶᠶ᠋ᠢᠨ ᠲᠦᠭ᠌ᠰᠢᠭᠦᠷᠢᠶ᠋ᠢ
ᠬᠢᠨᠠᠨ ᠡᠵᠡᠮᠳᠡᠬᠦ᠌ 136 ᠴᠡᠭ ᠴᠥᠮ ᠬᠠᠮᠢᠶ᠎ᠠ ᠪᠦᠬᠦᠢ ᠬᠡᠮᠵᠢᠭ᠌ᠳᠡᠯ ᠦᠨ ᠱᠠᠭᠠᠷᠳᠠᠯᠭ᠎ᠠ ᠳ᠋ᠤ
ᠬᠦᠷᠴᠦ᠍ ᠂ ᠪᠠᠷᠢᠮᠵᠢᠶ᠎ᠠ ᠳ᠋ᠤ ᠬᠦᠷᠦᠭ᠌ᠰᠡᠨ ᠨᠣᠷᠮ᠎ᠠ ᠨᠢ 100% ᠳ᠋ᠤ ᠬᠦᠷᠴᠠᠢ
᠃
ᠪᠤᠭᠤᠳᠤ ᠬᠤᠳᠠ ᠬᠣᠪᠣᠷ ᠱᠢᠷᠣᠶ ᠵᠢᠨ ᠳᠡᠭᠡᠳᠦ ᠱᠢᠨ᠎ᠡ ᠮᠡᠷᠭᠡᠵᠢᠯ ᠦᠨ ᠲᠣᠭᠣᠷᠢᠭ ᠵᠡᠷᠭᠡ
5 ᠠᠵᠤ ᠦᠶ᠋ᠯᠡᠳᠪᠦᠷᠢ
ᠵᠢᠨ ᠬᠦᠷᠢᠶᠡᠯᠡᠩ ᠲᠣᠭᠣᠷᠢᠭ ᠲᠦ᠍ ᠨᠢᠭᠡᠨᠲᠡ ᠡᠷᠭᠢᠯᠳᠡᠳᠦ ᠠᠵᠤ ᠦᠢᠯᠡᠰᠤᠨ ᠥᠭᠡᠷᠡᠴᠢᠯᠡᠯᠲᠡ ᠵᠢ ᠪᠡᠶᠡᠯᠡᠭᠦᠯᠵᠦ᠍᠂ 3 ᠪᠣᠬᠢᠷᠲᠤᠯ
ᠥᠬᠡᠶ ᠬᠦᠷᠢᠶᠡᠯᠡᠩ ᠲᠣᠭᠣᠷᠢᠭ ᠪᠤᠯᠤᠨ 15 ᠪᠣᠬᠢᠷᠲᠤᠯ ᠥᠬᠡᠶ ᠦᠶ᠋ᠯᠡᠳᠪᠦᠷᠢ ᠪᠠᠢᠭᠤᠯᠤᠭᠠᠳ ᠪᠤᠢ᠃ ᠡᠨᠡ ᠵᠢᠯ
ᠲᠤᠰ ᠬᠤᠳᠠ ᠵᠢᠨ ᠬᠢᠨ ᠪᠣᠬᠢᠷᠲᠤᠭᠤᠯᠤᠯ ᠪᠠ ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠳᠠ ᠵᠢ ᠪᠠᠭᠠᠰᠭᠠᠬᠤ
ᠵᠢ ᠬᠠᠮᠵᠢᠯᠴᠠᠨ ᠵᠠᠰᠠᠬᠤ ᠵᠢ ᠪᠥᠬᠥ᠌ ᠬᠦᠴᠦᠨ ᠵᠢᠡᠷ ᠠᠬᠢᠭᠤᠯᠵᠤ ᠂ ᠶᠡᠷᠦᠩᠬᠡᠶ ᠪᠠᠯᠠ ᠣᠷᠣᠭᠤᠯᠤᠯᠲᠠ ᠨᠢ 79 ᠳ᠋ᠦᠩᠱᠢᠭᠤᠷ
ᠲᠥᠭᠥᠷᠢᠭ ᠲᠦ᠍ ᠬᠦᠷᠦᠭᠰᠡᠨ 100 ᠵᠦᠶ᠋ᠯ ᠦᠨ ᠵᠠᠰᠠᠯᠲᠠ ᠵᠢᠨ ᠢᠨᠵᠧᠨᠧᠷᠢᠩᠢ ᠰᠢᠨ᠎ᠡ ᠪᠡᠷ ᠲᠤᠬᠢᠷᠠᠭᠤᠯᠪᠠ᠃ ᠡᠨᠡ ᠵᠢᠯ ᠦᠨ ᠲᠡᠭᠡᠷ᠎ᠡ ᠬᠠᠭᠠᠰ ᠵᠢᠯ ᠳ᠋ᠤ᠂ ᠲᠤᠰ ᠬᠣᠲᠠ ᠵᠢᠨ ᠰᠢᠯᠢᠳᠡᠭ
ᠰᠠᠢᠨ ᠡᠳᠦᠷᠦᠨ ᠲᠣᠭ᠎ᠠ 141 ᠡᠳᠤᠷ ᠪᠠᠢᠵᠤ᠂ PM2.5 ᠵᠢᠨ ᠥᠳᠭᠡᠴᠡ
ᠨᠢ ᠪᠤᠰᠤᠭ᠎ᠠ ᠲᠦᠷᠪᠡᠯᠵᠢᠨ ᠮᠸᠲ᠋ᠷ ᠪᠦᠷᠢ ᠳ᠋ᠤ 32 ᠮᠢᠺᠷᠥᠭ᠌ᠷᠠᠮ ᠪᠤᠯᠵᠤ᠂ ᠪᠦᠬᠦ ᠤᠯᠤᠰᠤᠨ
168 ᠭᠤᠤᠯᠳᠠᠯᠭ᠎ᠠ
ᠲᠠᠶ ᠬᠣᠲᠠ ᠵᠢᠨ ᠠᠭᠠᠷᠤᠨ ᠴᠢᠨᠠᠷᠵᠢᠯᠤᠨ ᠰᠠᠢᠵᠢᠷᠠᠯᠲᠠ ᠵᠢᠨ ᠬᠡᠮᠵᠢᠶᠡᠨᠤ ᠲᠡᠷᠢᠭᠦᠨ ᠳ᠋ᠤ ᠵᠢᠭ᠍ᠰᠠᠭᠠᠭ᠍ᠳᠠᠪᠠ᠃ ᠮᠠᠨᠤ ᠤᠷᠤᠨᠤ ᠡᠯ᠎ᠡ ᠭᠠᠵᠠᠷᠤᠨ ᠬᠢᠨ ᠡᠢᠨ ᠬᠦ᠌ ᠪᠤᠬᠢᠷᠳᠤᠯᠢ ᠵᠠᠰᠠᠬᠤ᠂ ᠠᠮᠢ ᠠᠬᠤᠢᠵᠢ ᠬᠠᠮᠠᠭᠠᠯᠠᠬᠤ᠂ ᠠᠭᠤᠷ ᠠᠮᠢᠰᠬᠤᠯᠤᠨ ᠬᠤᠪᠢᠷᠠᠯᠳᠠ ᠵᠢ ᠠᠷᠭᠠᠴᠠᠭᠠᠬᠤ ᠵᠢ ᠨᠢᠬᠡᠳᠤᠯᠳᠠᠢ ᠲᠦᠯᠦᠪᠵᠢᠬᠦᠯᠤᠨ᠂ ᠪᠣᠬᠢᠷᠲᠤᠭᠤᠯᠤᠯ
ᠪᠠ ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠳᠠ ᠵᠢ ᠪᠠᠭᠠᠰᠭᠠᠬᠤ ᠵᠢ ᠬᠠᠮᠵᠢᠯᠴᠠᠨ ᠵᠠᠰᠠᠵᠤ᠂ ᠤᠨᠤᠴᠠᠳᠠᠢ
ᠪᠡᠷ ᠵᠠᠰᠠᠬᠤ᠂ ᠰᠢᠨᠵᠢᠯᠡᠬᠦ ᠤᠬᠠᠭᠠᠨᠴᠢ ᠪᠡᠷ ᠵᠠᠰᠠᠬᠤ ᠪᠠ ᠬᠠᠤᠯᠢ ᠶᠤᠰᠤᠭᠠᠷ ᠵᠠᠰᠠᠬᠤ ᠵᠢ ᠲᠤᠪᠤᠢᠯᠭᠠᠨ᠂
ᠪᠤᠬᠢᠷᠳᠤᠯ ᠢ ᠰᠡᠷᠬᠡᠢᠯᠡᠨ ᠵᠠᠰᠠᠬᠤ ᠪᠤᠭᠤᠮᠳᠠ ᠰᠢᠪᠳᠤᠯᠬᠤ ᠲᠠᠢᠯᠠᠯᠳᠤᠭᠠᠨ ᠢ ᠬᠦᠨᠵᠡᠬᠡᠢ ᠠᠬᠢᠭᠤᠯᠤᠭᠰᠠᠭᠠᠷ
᠁᠃