《ᠵᠢᠵᠢᠭ ᠡᠩᠨᠡᠭᠡ》 ᠵᠢᠨ 《ᠬᠦᠨᠳᠦ ᠡᠭᠦᠷᠭᠡ ᠬᠠᠷᠢᠭᠤᠴᠠᠯᠭ᠎ᠠ》
2021-11-23 10:57:51
ᠵᠣᠬᠢᠶᠠᠭ᠍ᠴᠢ᠄
​ᠪᠠᠶᠠᠰᠭᠤᠯᠠᠩ
ᠣᠩᠱᠢᠭ᠍ᠰᠠᠨ ᠣᠳᠠᠭ᠎ᠠ᠄
★★★☆☆

《ᠤᠯᠠᠭᠠᠨᠮᠦ᠋ᠴᠢᠷ ᠎ᠪᠠᠢᠭᠤᠯᠤᠭ᠍ᠳᠠᠭ᠍ᠰᠠᠨ 64 ᠎ᠵᠢᠯ ᠎ᠦᠨ ᠎ᠲᠤᠷᠰᠢ ᠂ ᠮᠠᠨ ᠎ᠤ ᠤᠯᠠᠭᠠᠨᠮᠥ᠋ᠴᠢᠷ᠎ᠲᠦ ᠶᠡᠷᠦ᠍ ᠪᠤᠰᠤ᠎ᠶ᠋ᠢᠨ ᠠᠴᠢ ᠬᠤᠯᠪᠤᠭᠳᠠᠯ ᠲᠠᠢ ᠬᠣᠶᠠᠷ ᠳᠤᠷᠠᠰᠭᠠᠯ᠎ᠤᠨ ᠡᠳᠦᠷ ᠪᠣᠶ᠃ ᠨᠢᠭᠡ᠎ᠨᠢ 1957 ᠣᠨ᠎ᠤ 6 ᠰᠠᠷ᠎ᠠ᠎ᠶ᠋ᠢᠨ17 ᠎ᠤ᠋ ᠡᠳᠦᠷ᠂ ᠪᠥᠬᠥ᠌ ᠤᠯᠤᠰ᠎ᠤᠨ ᠠᠩᠬᠠᠳᠠᠭ᠍ᠴᠢ ᠤᠯᠠᠭᠠᠨᠮᠥ᠋ᠴᠢᠷ᠎ᠮᠠᠨ᠎ᠤ ᠨᠤᠲᠤᠭ — ᠰᠥᠨᠢᠳ ᠪᠠᠷᠠᠭᠤᠨ ᠬᠣᠱᠢᠭᠤᠨ᠎ᠳᠤ ᠪᠠᠢᠭᠤᠯᠤᠭ᠍ᠳᠠᠪᠠ᠃ ᠪᠠᠰᠠ ᠨᠢᠭᠡ ᠨᠢ 2017 ᠣᠨ᠎ᠤ 11 ᠰᠠᠷ᠎ᠠ᠎ᠶ᠋ᠢᠨ 21᠎ᠤ᠋ ᠡᠳᠦᠷ᠂ ᠪᠢᠳᠡ ᠶᠡᠷᠦᠩᠬᠡᠢ ᠱᠦᠵᠢ ᠰᠢ᠎ᠶ᠋ᠢᠨ ᠫᠢᠩ᠎ᠦᠨ ᠬᠠᠷᠢᠭᠤ ᠵᠠᠬᠢᠳᠠᠯ᠎ᠢ ᠬᠦᠯᠢᠶᠡᠨ ᠣᠯᠵᠤ᠂ ᠪᠢᠳᠡᠨ᠎ᠳᠦ᠎ᠱᠢᠨ᠎ᠡ᠎ᠴᠠᠭ ᠦᠶ᠎ᠡ᠎ᠶ᠋ᠢᠨ ᠤᠯᠠᠭᠠᠨᠮᠥ᠋ᠴᠢᠷ᠎ᠦᠨ ᠬᠥᠭ᠌ᠵᠢᠯᠲᠡ᠎ᠶ᠋ᠢᠨ ᠴᠢᠭ᠌ᠯᠡᠯ᠎ᠢ ᠲᠣᠳᠣᠷᠬᠠᠢ ᠵᠢᠭᠠᠵᠤ ᠥᠭ᠌ᠪᠡ》 ᠭᠡᠵᠦ᠍ ᠰᠥᠨᠢᠳ ᠪᠠᠷᠠᠭᠤᠨ ᠬᠣᠱᠢᠭᠤᠨ᠎ᠤ ᠤᠯᠠᠭᠠᠨᠮᠥ᠋ᠴᠢᠷ᠎ᠦᠨ ᠳᠠᠷᠤᠭ᠎ᠠ ᠵᠠᠨ᠎ᠠ ᠰᠡᠳᠭᠢᠯ ᠬᠥᠳᠡᠯᠦᠨ ᠬᠡᠯᠡᠪᠡ᠃

ᠡᠪᠦᠯ ᠣᠷᠣᠭ᠍ᠰᠠᠨ᠎ᠤ ᠳᠠᠷᠠᠭ᠎ᠠ᠂ ᠠᠭᠤᠷ ᠠᠮᠢᠰᠭᠤᠯ ᠠᠭᠠᠵᠢᠮ᠎ᠢᠶᠠᠷ ᠬᠦᠶ᠋ᠲᠡᠷᠡᠪᠡ᠃ ᠰᠠᠯᠪᠤᠷᠢ ᠠᠩᠭᠢ᠎ᠪᠠᠨ ᠳᠠᠭᠠᠭᠤᠯᠤᠨ ᠰᠠᠩᠪᠤᠯᠠᠭ ᠰᠤᠮᠤ᠎ᠶ᠋ᠢᠨ ᠴᠠᠭᠠᠨ ᠴᠢᠯᠠᠭᠤᠲᠤ ᠭᠠᠴᠠᠭᠠᠨ᠎ᠤ ᠨᠠᠮ᠎ᠤᠨ ᠭᠡᠱᠢᠭᠦᠨ᠎ᠦ ᠭᠤᠤᠯᠳᠠᠯᠭᠠᠲᠦ ᠡᠷᠦᠬᠡ᠎ᠳᠦ ᠬᠦᠷᠴᠦ᠍᠂ 《ᠪᠠᠶᠠᠷ ᠪᠠᠶᠠᠰᠬᠤᠯᠠᠡᠭ ᠪᠣᠯᠪᠠᠰᠤᠨ ᠰᠠᠢᠬᠠᠨ᠎ᠢ ᠬᠦᠷᠭᠡᠬᠦ᠌》 ᠦᠨᠳᠦᠰᠦᠨ ᠱᠠᠲᠤᠨ᠎ᠤ ᠦᠶ᠋ᠯᠡᠴᠢᠯᠡᠭᠡᠨ᠎ᠦ ᠠᠵᠢᠯᠯᠠᠭ᠎ᠠ ᠥᠷᠨᠢᠭᠦᠯᠬᠦ ᠵᠠᠮ ᠵᠠᠭᠤᠷ᠎ᠠ᠎ᠪᠠᠨ ᠶᠠᠳᠠᠷᠠᠵᠤ ᠵᠦᠳᠡᠷᠡᠭᠰᠡᠨ ᠲᠤᠬᠠᠶ ᠪᠠᠨ ᠵᠠᠨ᠎ᠠ᠄ 《ᠡᠨᠡ ᠶᠠᠭᠤ ᠴᠤ᠌ ᠪᠢᠰᠢ᠂ ᠥᠩᠭᠡᠷᠡᠭ᠌ᠰᠡᠨ᠎ᠳᠦ ᠮᠠᠨ᠎ᠤ ᠠᠬᠠᠮᠠᠳ ᠭᠡᠱᠢᠭᠦᠳ ᠮᠣᠷᠢᠨ ᠲᠡᠷᠭᠡᠨ᠎ᠳᠦ ᠰᠠᠭᠤᠵᠤ᠂ ᠰᠠᠯᠬᠢ ᠱᠢᠭᠤᠷᠭᠠᠨ᠎ᠢ ᠰᠥᠷᠥᠨ ᠬᠥᠳᠡᠭᠡ ᠪᠠᠭᠤᠵᠤ ᠲᠣᠭ᠍ᠯᠠᠯᠲᠠ ᠭᠠᠷᠭᠠᠬᠤ᠎ᠳᠠᠭᠠᠨ ᠴᠤ᠌ ᠶᠠᠳᠠᠷᠠᠯ᠎ᠠ ᠵᠦᠳᠡᠷᠡᠯ᠎ᠠ ᠭᠡᠵᠦ᠍ ᠤᠬᠳᠤ ᠬᠡᠯᠡᠵᠦ᠍ ᠥᠩᠭᠡᠷᠡᠭ᠌ᠰᠡᠨ ᠥᠬᠡᠶ᠃ ᠤᠳᠤ ᠨᠥᠬᠥᠴᠡᠯ ᠡᠢᠮᠦ᠍ ᠰᠠᠢᠨ᠂ ᠪᠢᠳᠡ ᠨᠡᠩ ᠴᠤ᠌ ᠠᠬᠠᠮᠠᠳ ᠨᠢᠭᠡ ᠦᠶ᠎ᠡ᠎ᠶ᠋ᠢᠨ ᠤᠯᠠᠭᠠᠨᠮᠥ᠋ᠴᠢᠷ᠎ᠦᠨ ᠭᠡᠱᠢᠭᠦᠳ᠎ᠦᠨ ᠴᠤᠴᠠᠯᠲᠠ ᠦᠭᠡᠢ᠎ᠤᠷᠤᠭ᠍ᠰᠢᠯᠠᠬᠤ ᠵᠣᠷᠢᠭ ᠰᠠᠨᠠᠭ᠎ᠠ ᠎ᠶ᠋ᠢ ᠪᠠᠳᠠᠷᠠᠭᠤᠯᠵᠤ᠂ ᠮᠠᠨ ᠎ᠤ ᠦᠢᠯᠡᠴᠢᠯᠡᠭᠡ ᠎ᠪᠡᠨ ᠬᠠᠮᠤᠭ᠎ᠤᠨ ᠬᠡᠷᠡᠭ᠌ᠴᠡᠭᠡ᠎ᠲᠡᠶ ᠦᠨᠳᠦᠰᠦᠨ ᠱᠠᠲᠤᠨ᠎ᠳᠤ ᠬᠦᠷᠭᠡᠪᠡᠯ ᠵᠣᠬᠢᠨ᠎ᠠ》 ᠭᠡᠵᠦ ᠶᠠᠷᠢᠨ᠎ᠠ᠃

ᠵᠣᠷᠢᠭ᠍ᠰᠠᠨ ᠭᠠᠵᠠᠷ᠎ᠲᠠᠭᠠᠨ ᠬᠦᠷᠦᠮᠡᠭᠴᠡ᠂ ᠭᠣᠢᠳᠠ ᠰᠠᠢᠬᠠᠨ ᠲᠣᠭ᠍ᠯᠠᠯᠲᠠ ᠪᠡᠨ ᠲᠡᠷᠡ ᠲᠠᠷᠤᠢᠬᠠᠨ ᠡᠬᠢᠯᠡᠭᠦᠯᠪᠡ᠃ ᠰᠣᠩᠭᠣᠳᠠᠭ ᠳᠠᠭᠤᠤ᠂ ᠢᠷᠠᠭᠤ ᠬᠥᠭ᠌ᠵᠢᠮ᠂ ᠤᠷᠡᠨ ᠪᠥᠵᠢᠭ ᠵᠡᠷᠭᠡ ᠨᠢ ᠦᠵᠡᠭ᠌ᠴᠢᠳ᠎ᠦᠨ ᠬᠠᠯᠠᠭᠤᠨ ᠰᠡᠳᠭᠢᠯᠭᠡ ᠵᠢ ᠣᠷᠭᠢᠯᠤᠭᠤᠯᠵᠠᠢ᠃ ᠲᠣᠭ᠍ᠯᠠᠯᠲᠠ᠎ᠶ᠋ᠢᠨ ᠳᠠᠷᠠᠭ᠎ᠠ᠂ ᠤᠯᠠᠭᠠᠨᠮᠥ᠋ᠴᠢᠷ᠎ᠦᠨ ᠨᠠᠮ᠎ᠤᠨ ᠡᠭᠦᠷ᠎ᠦᠨ ᠤᠬᠠᠭᠤᠯᠬᠤ ᠭᠡᠱᠢᠭᠦᠨ ᠪᠠᠰᠠ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠡᠷᠭᠡ ᠠᠭᠤᠯᠭ᠎ᠠ᠎ᠶ᠋ᠢᠨ ᠲᠣᠭᠣᠷᠢᠨ᠎ᠳᠤ ᠤᠬᠠᠭᠤᠯᠤᠨ ᠲᠠᠢᠯᠪᠤᠷᠢᠯᠠᠪᠠ᠃

《ᠬᠠᠮᠤᠭ᠎ᠤᠨ ᠰᠠᠢᠨ ᠪᠦᠲᠦᠭᠡᠯ᠎ᠢᠶᠡᠨ ᠮᠠᠯᠴᠢᠨ ᠲᠠᠷᠢᠶᠠᠴᠢᠨ᠎ᠳᠠᠭᠠᠨ ᠡᠷᠭᠦᠵᠦ᠍᠂ ᠤᠯᠠᠭᠠᠨᠮᠥ᠋ᠴᠢᠷ᠎ᠦᠨ ᠵᠣᠷᠢᠭ ᠰᠠᠨᠠᠭ᠎ᠠ᠎ᠶ᠋ᠢ ᠦᠶ᠎ᠡ᠎ᠶ᠋ᠢᠨ ᠦᠶ᠎ᠡ᠎ᠳᠦ ᠤᠯᠠᠮᠵᠢᠯᠠᠨ ᠪᠠᠳᠠᠷᠠᠭᠤᠯᠤᠨ᠎ᠠ᠂ ᠮᠠᠨ᠎ᠤ ᠡᠨᠡ ᠬᠦ᠌ ᠡᠩᠨᠡᠭᠡ ᠬᠡᠳᠦᠢᠪᠡᠷ ᠪᠠᠭ᠎ᠠ ᠪᠣᠯᠪᠠᠴᠤ᠌ ᠡᠭᠦᠷᠭᠡᠯᠡᠵᠦ᠍ ᠪᠠᠢᠭ᠎ᠠ ᠡᠭᠦᠷᠭᠡ ᠬᠠᠷᠢᠭᠤᠴᠠᠯᠭ᠎ᠠ᠎ᠮᠠᠰᠢ᠎ᠬᠦᠨᠳᠦ᠎ᠶᠤᠮ》ᠭᠡᠵᠦ᠍᠎ᠰᠥᠨᠢᠳ᠎ᠪᠠᠷᠠᠭᠤᠨ᠎ᠬᠣᠱᠢᠭᠤᠨ᠎ᠤ ᠤᠯᠠᠭᠠᠨᠮᠥ᠋ᠴᠢᠷ᠎ᠦᠨ ᠭᠡᠱᠢᠭᠦᠨ ᠼᠤᠤ ᠱᠢᠶᠠ ᠬᠡᠯᠡᠨ᠎ᠡ᠃

《ᠠᠮᠢᠳᠤᠷᠠᠯ᠎ᠤᠨ ᠱᠢᠮᠡᠯᠢᠭ ᠬᠥᠷᠥᠰᠥᠨ᠎ᠳᠦ ᠦᠨᠳᠦᠰᠦᠯᠡᠵᠦ᠍᠂ ᠮᠠᠯᠴᠢᠨ ᠲᠦᠮᠡᠨ᠎ᠳᠦ ᠪᠡᠨ ᠦᠢᠯᠡᠴᠢᠯᠡᠵᠦ᠍ ᠂ ᠤᠳᠭ᠎ᠠ ᠤᠷᠠᠯᠢᠭ᠎ᠤᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠬᠤ》 ᠡᠨᠡ ᠬᠦ᠌ ᠶᠡᠬᠡ ᠡᠭᠦᠷᠭᠡ ᠬᠠᠷᠢᠭᠤᠴᠠᠯᠭ᠎ᠠ᠎ᠶ᠋ᠢ ᠴᠢᠷᠮᠠᠢᠨ ᠦᠢᠯᠡᠳᠦᠯᠭᠡᠵᠢᠭᠦᠯᠬᠦ᠌ ᠱᠢᠨ᠎ᠡ ᠠᠶᠠᠨ᠎ᠳᠤ᠂ ᠤᠳᠤᠬᠠᠨ ᠳ᠋ᠤ᠌ 43 ᠭᠡᠱᠢᠭᠦᠨ᠎ᠲᠡᠶ ᠰᠥᠨᠢᠳ ᠪᠠᠷᠠᠭᠤᠨ ᠬᠣᠱᠢᠭᠤᠨ᠎ᠤ ᠤᠯᠠᠭᠠᠨᠮᠥ᠋ᠴᠢᠷ ᠤᠳᠭ᠎ᠠ ᠤᠷᠠᠯᠢᠭ᠎ᠤᠨ ᠤᠯᠠᠨ ᠪᠦᠲᠦᠭᠡᠯ᠎ᠢᠶᠡᠷ᠎ᠢᠶᠡᠨ ᠨᠠᠮ᠎ᠢᠶᠠᠨ ᠬᠠᠢᠷᠠᠯᠠᠬᠤ ᠤᠯᠤᠰ᠎ᠢᠶᠠᠨ ᠬᠠᠢᠷᠠᠯᠠᠬᠤ ᠨᠡᠢᠭᠡᠮ ᠵᠢᠷᠤᠮ᠎ᠢ ᠬᠠᠢᠷᠠᠯᠠᠬᠤ ᠬᠠᠢᠷ᠎ᠠ ᠰᠡᠳᠭᠢᠯᠭᠡ᠎ᠶ᠋ᠢ ᠲᠠᠢᠯᠪᠤᠷᠢᠯᠠᠵᠤ᠂ 《ᠬᠦᠬᠡ ᠲᠡᠭᠷᠢ ᠪᠡᠷ ᠬᠦᠰᠢᠭᠡᠯᠡᠨ ᠬᠦᠷᠦᠰᠦᠲᠦ ᠲᠠᠯ᠎ᠠ ᠪᠡᠷ ᠳᠡᠪᠢᠰᠭᠡᠷᠯᠡᠵᠦ》 ᠠᠯᠢ ᠤᠯᠠᠨ ᠲᠣᠭ᠍ᠯᠠᠯᠲᠠ ᠪᠡᠷ ᠵᠢᠡᠨ ᠶᠡᠷᠦᠩᠬᠡᠢ ᠱᠦᠵᠢ ᠰᠢ᠎ᠶ᠋ᠢᠨ ᠫᠢᠩ᠎ᠦᠨ ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠶ᠋ᠢ᠎ᠦᠢᠯᠡᠳᠦᠯᠭᠡᠵᠢᠭᠦᠯᠵᠦ᠍᠂ ᠤᠯᠠᠨ᠎ᠤᠳᠠᠭᠠᠨ᠎ᠤ《ᠤᠯᠠᠭᠠᠨᠮᠥ᠋ᠴᠢᠷ +》 ᠶᠡᠷᠦᠩᠬᠡᠢᠯᠡᠭ᠌ᠰᠡᠨ ᠰᠠᠢ᠌ᠨ ᠳᠤᠷ᠎ᠠ᠎ᠶ᠋ᠢᠨ ᠠᠵᠢᠯᠯᠠᠭ᠎ᠠ᠎ᠪᠠᠷ ᠦᠨᠳᠦᠰᠦᠨ ᠱᠠᠲᠤᠨ᠎ᠤ ᠤᠯᠠᠨ ᠲᠦᠮᠡᠨ ᠎ᠳᠦ ᠦᠢᠯᠡᠴᠢᠯᠡᠵᠦ᠍᠂᠎ᠲᠡᠳᠡᠨ ᠎ᠦ ᠎ᠵᠣᠯ ᠎ᠵᠢᠷᠭᠠᠯᠲᠤ ᠲᠦᠷᠦᠭ᠌ᠳᠡᠯ᠎ᠢ ᠦᠨᠡᠨ ᠬᠦ᠌ ᠳᠡᠭᠡᠭ᠌ᠰᠢᠯᠡᠭᠦᠯᠪᠡ᠃

《ᠶᠡᠷᠦᠩᠬᠡᠶ ᠱᠦᠵᠢ ᠰᠢ᠎ᠶ᠋ᠢᠨ ᠫᠢᠩ᠎ᠦᠨ ᠴᠢᠬᠤᠯᠠ ᠬᠠᠷᠢᠭᠤ ᠵᠠᠬᠢᠳᠠᠯ᠎ᠢ ᠣᠯᠤᠭ᠍ᠰᠠᠨ᠎ᠤ ᠳᠠᠷᠠᠭ᠎ᠠ᠂ 4 ᠵᠢᠯ᠎ᠦᠨ ᠬᠤᠭᠤᠴᠠᠭᠠᠨ᠎ᠳᠤ ᠪᠢᠳᠡ ᠨᠡᠢᠲᠡ 515 ᠲᠠᠯᠠᠪᠤᠷ ᠲᠣᠭ᠍ᠯᠠᠯᠲᠠ ᠭᠠᠷᠭᠠᠪᠠ᠃ ᠡᠨᠡ ᠵᠢᠯ᠎ᠦᠨ 3 ᠰᠠᠷ᠎ᠠ᠎ᠶ᠋ᠢᠨ 26 ᠎ᠤ᠋ ᠡᠳᠦᠷ᠎ᠡᠴᠡ 4 ᠰᠠᠷ᠎ᠠ᠎ᠶ᠋ᠢᠨ 28 ᠎ᠤ᠋ ᠡᠳᠦᠷ ᠪᠣᠯᠲᠠᠯ᠎ᠠ ᠪᠥᠬᠥ᠌ ᠤᠯᠤᠰ᠎ᠤᠨ 12 ᠮᠤᠵᠢ ᠰᠢᠭᠤᠳ ᠬᠠᠷᠢᠶ᠎ᠠ ᠬᠣᠲᠠ᠂ ᠦᠪᠡᠷᠳᠡᠭᠡᠨ ᠵᠠᠰᠠᠬᠤ ᠣᠷᠣᠨ᠎ᠳᠤ ᠬᠦᠷᠴᠦ᠍ 〈 ᠨᠠᠮ᠎ᠳᠠᠭᠠᠨ ᠪᠡᠯᠡᠭ ᠡᠷᠭᠦᠬᠦ᠌᠂ ᠠᠷᠠᠳ ᠲᠦᠮᠡᠨ᠎ᠳᠦ ᠬᠠᠷᠢᠭᠤ ᠮᠡᠳᠡᠭᠦᠯᠬᠦ᠌〉 ᠪᠠᠷ ᠭᠤᠤᠯ ᠰᠡᠳᠦᠪ ᠪᠣᠯᠭᠠᠭ᠍ᠰᠠᠨ 22 ᠲᠠᠯᠠᠪᠤᠷ ᠲᠣᠭᠣᠷᠢᠨ ᠲᠣᠭ᠍ᠯᠠᠯᠲᠠ ᠭᠠᠷᠭᠠᠪᠠ᠃ 5 ᠳ᠋ᠤᠭᠠᠷ ᠰᠠᠷ᠎ᠠ᠎ᠠᠴᠠ ᠨᠠᠭᠠᠰᠢ᠂ ᠪᠢᠳᠡ ᠱᠢᠯᠢ᠎ᠶ᠋ᠢᠨ ᠭᠤᠤᠯ ᠠᠢᠮᠠᠭ᠎ᠤᠨ 7 ᠬᠣᠱᠢᠭᠤ ᠱᠢᠶᠠᠨ᠎ᠳᠤ ᠬᠦᠷᠴᠦ᠍ ᠥᠪᠡᠷᠲᠡᠭᠡᠨ ᠵᠠᠰᠠᠬᠤ ᠣᠷᠣᠨ᠎ᠤ ᠱᠢᠯᠢᠳᠡᠭ ᠲᠠᠢᠰᠠᠨ ᠵᠦᠴᠦᠭᠡ 《ᠵᠢᠷᠦᠬᠡ᠎ᠶ᠋ᠢᠨ ᠬᠠᠢᠷ᠎ᠠ》 ᠎ᠶ᠋ᠢ ᠲᠤᠬᠯᠠᠨ ᠦᠵᠡᠭᠦᠯᠬᠦ᠌ ᠠᠵᠢᠯᠯᠠᠭ᠎ᠠ ᠥᠷᠨᠢᠭᠦᠯᠪᠡ ᠁ 》 ᠭᠡᠵᠦ᠍ ᠵᠠᠨ᠎ᠠ ᠲᠠᠪᠤᠨ ᠬᠤᠷᠤᠭᠤ ᠪᠠᠨ ᠲᠤᠭᠠᠯᠠᠬᠤ ᠮᠡᠲᠦ ᠲᠤᠪ ᠲᠤᠳᠤᠷᠬᠠᠢ ᠶᠠᠷᠢᠵᠤ ᠪᠠᠢᠯ᠎ᠠ᠃

ᠣᠷᠴᠢᠮ᠎ᠤᠨ᠎ᠬᠡᠳᠦᠨ᠎ᠵᠢᠯ ᠳ᠋ᠦ᠂ ᠰᠥᠨᠢᠳ ᠪᠠᠷᠠᠭᠤᠨ ᠬᠣᠱᠢᠭᠤᠨ᠎ᠤ ᠤᠯᠠᠭᠠᠨᠮᠥ᠋ᠴᠢᠷ᠎ᠤᠨ ᠬᠢᠨ ᠪᠠᠰᠠ ᠵᠣᠬᠢᠶᠠᠨ ᠪᠦᠲᠦᠭᠡᠬᠦ᠌ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠦᠶ᠋ᠯᠡᠴᠢᠯᠡᠭᠡᠨ᠎ᠦ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠳᠡᠭᠡᠭ᠌ᠰᠢᠯᠡᠭᠦᠯᠬᠦ᠌ ᠭᠤᠤᠯ ᠠᠷᠭ᠎ᠠ ᠬᠡᠮᠵᠢᠶ᠎ᠡ ᠪᠣᠯᠭᠠᠨ ᠠᠳᠭᠤᠵᠤ᠂ ᠠᠷᠠᠳ ᠲᠦᠮᠡᠨ᠎ᠢᠶᠡᠷ ᠭᠤᠤᠯ ᠪᠣᠯᠭᠠᠭ᠍ᠰᠠᠨ ᠵᠣᠬᠢᠶᠠᠨ ᠪᠦᠲᠦᠭᠡᠬᠦ᠌ ᠤᠳᠤᠷᠢᠳᠤᠮᠵᠢ᠎ᠶ᠋ᠢ ᠪᠠᠷᠢᠮᠲᠠᠯᠠᠵᠤ᠂ ᠦᠨᠳᠦᠰᠦᠨ ᠱᠠᠲᠤᠨ᠎ᠳᠤ 《ᠤᠯᠠᠭᠠᠨᠮᠥ᠋ᠴᠢᠷ᠎ᠦᠨ ᠭᠡᠱᠢᠭᠦᠳ᠎ᠦᠨ ᠠᠮᠢᠳᠤᠷᠠᠯ᠎ᠢ ᠣᠢᠯᠠᠭᠠᠬᠤ ᠰᠠᠭᠤᠷᠢᠨ》 ᠎ᠢ᠋ 14 ᠪᠠᠢᠭᠤᠯᠵᠤ᠂ ᠭᠤᠤᠯᠳᠠᠭᠤ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠂ ᠨᠡᠢᠭᠡᠮ ᠵᠢᠷᠤᠮ᠎ᠤᠨ ᠭᠤᠤᠯᠯᠠᠭ᠍ᠴᠢ ᠥᠷᠲᠡᠭ᠎ᠦᠨ ᠦᠵᠡᠯᠲᠡ᠎ᠶ᠋ᠢ ᠪᠠᠳᠠᠷᠠᠭᠤᠯᠬᠤ᠂ ᠨᠠᠮ ᠪᠠᠢᠭᠤᠯᠤᠭ᠍ᠳᠠᠭ᠍ᠰᠠᠨ 100 ᠵᠢᠯ᠎ᠦᠨ ᠣᠶ᠎ᠶ᠋ᠢ ᠪᠡᠯᠭᠡᠯᠡᠬᠦ᠌ ᠵᠡᠷᠭᠡ ᠰᠡᠳᠦᠪ᠎ᠤᠨ ᠲᠤᠭᠤᠷᠢᠨ ᠳ᠋ᠦ ᠤᠳᠭ᠎ᠠ ᠤᠷᠠᠯᠢᠭ᠎ᠤᠨ ᠵᠣᠬᠢᠶᠠᠨ ᠪᠦᠲᠦᠭᠡᠯᠭᠡ ᠬᠢᠵᠦ᠂ ᠤᠷᠢᠳ ᠬᠣᠵᠢᠳ《ᠬᠥᠩᠭᠡᠨ ᠮᠣᠷᠢᠲᠤ ᠴᠡᠷᠢᠭ ᠡᠨᠳᠡ᠎ᠡᠴᠡ ᠮᠣᠷᠳᠠᠨᠠᠮ》 《ᠵᠢᠷᠦᠬᠡ᠎ᠶ᠋ᠢᠨ ᠬᠠᠢᠷ᠎ᠠ》 ᠭᠡᠬᠦ ᠲᠠᠢᠰᠠᠨ ᠵᠦᠴᠦᠭᠡ ᠵᠢᠴᠢ 《ᠤᠭ ᠰᠠᠨᠠᠭ᠎ᠠ᠎ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠎ᠳᠠᠭᠠᠨ ᠦᠨᠡᠨᠴᠢ ᠪᠠᠢᠵᠤ᠂ ᠬᠠᠢᠷ᠎ᠠ ᠪᠢᠯᠬᠠᠭᠰᠠᠨ ᠲᠠᠯ᠎ᠠ ᠨᠤᠲᠤᠭ᠎ᠡᠴᠡ ᠳᠠᠬᠢᠨ ᠮᠣᠷᠳᠠᠨᠠᠮ》 ᠵᠡᠷᠭᠡ 3 ᠭᠣᠣᠯ ᠰᠡᠳᠦᠪᠲᠦ ᠦᠳᠡᠱᠢᠯᠡᠭᠡ ᠪᠣᠯᠤᠨ《ᠬᠠᠢᠷ᠎ᠠ᠎ᠪᠡᠨ ᠡᠪᠦᠷᠯᠡᠨ ᠮᠣᠷᠳᠠᠨᠠᠮ》 《ᠴᠡᠷᠢᠭ ᠠᠷᠠᠳ ᠭᠠᠷ ᠬᠣᠯᠪᠣᠯᠴᠠᠨ ᠵᠣᠯ ᠵᠢᠷᠭᠠᠯ᠎ᠢ ᠴᠤᠬᠴᠠᠯᠠᠶ᠎ᠠ》 《ᠶᠡᠷᠦᠩᠬᠡᠢ ᠱᠦᠵᠢ᠎ᠶ᠋ᠢᠨ ᠬᠠᠷᠢᠭᠤ ᠵᠠᠬᠢᠳᠠᠯ》 《ᠡᠬᠢ · ᠦᠨᠳᠦᠰᠦ》᠂ 《ᠤᠯᠠᠭᠠᠨᠮᠥ᠋ᠴᠢᠷ᠎ᠤᠨ ᠲᠤᠭ ᠎ᠢᠶᠡᠨ ᠤᠷᠡᠯᠡᠨᠠᠮ》 《ᠳᠤᠮᠳᠠᠳᠤ᠎ᠶ᠋ᠢᠨ ᠦᠨᠳᠦᠰᠦᠲᠡᠨ ᠨᠢᠭᠡ ᠬᠡᠷ᠎ᠦᠨ ᠬᠥᠮᠦᠨ ᠮᠡᠲᠦ ᠳᠣᠲᠣᠨᠣ》᠂ 《ᠦᠬᠠᠨ᠂ ᠪᠢ ᠢᠷᠡᠯ᠎ᠠ!》 《ᠲᠦᠮᠡᠨ ᠤᠯᠠᠨ ᠬᠦᠴᠦ ᠨᠢᠭᠲᠠᠷᠠᠨᠠᠮ》 ᠵᠡᠷᠭᠡ ᠮᠠᠯᠴᠢᠨ ᠲᠠᠷᠢᠶᠠᠴᠢᠨ᠎ᠤ ᠬᠦᠷᠢᠶᠡᠯᠡᠯ᠎ᠢ ᠤᠯᠤᠭᠰᠠᠨ 40 ᠭᠠᠷᠤᠶ ᠤᠳᠭ᠎ᠠ ᠤᠷᠠᠯᠢᠭ᠎ᠤᠨ ᠪᠦᠲᠦᠭᠡᠯ᠎ᠢ ᠵᠤᠬᠢᠶᠠᠨ ᠨᠠᠢᠷᠠᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号