ᠨᠤᠭᠤᠭᠠᠨ ᠦᠩᠬᠡ ᠪᠣᠯ ᠥᠪᠥᠷ ᠮᠣᠩᠭᠣᠯ᠎ᠤᠨ ᠬᠠᠮᠤᠭ᠎ᠤᠨ ᠶᠡᠬᠡ ᠡᠳ᠋
ᠪᠠᠶᠠᠯᠢᠭ ᠮᠥᠨ᠂ ᠰᠠᠢ᠌ᠨ ᠰᠠᠢᠬᠠᠨ ᠠᠮᠢ ᠠᠬᠤᠢ ᠣᠷᠴᠢᠨ ᠲᠣᠭᠣᠷᠢᠨ ᠪᠣᠯ ᠬᠠᠮᠤᠭ᠎ᠤᠨ ᠲᠦᠭᠡᠮᠡᠯ ᠬᠠᠷᠠᠭᠠᠯᠵᠠᠲᠤ
ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ ᠮᠥᠨ᠃
《ᠠᠷᠪᠠᠨᠭᠤᠷᠪᠠᠳᠤᠭᠠᠷᠳᠠᠪᠤᠨ ᠵᠢᠯ》ᠤ᠋ᠨᠲᠥᠯᠥᠪᠵᠢᠭᠦᠯᠭᠡᠶ᠋ᠢᠨ
ᠬᠤᠭᠤᠴᠠᠭᠠᠨ᠎ᠳᠤ᠂ ᠥᠪᠥᠷ ᠮᠣᠩᠭᠣᠯ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ ᠪᠥᠲᠥᠭᠡᠨ ᠪᠠᠢᠭᠤᠯᠤᠯᠲᠠ
ᠢᠯᠡᠳᠲᠡ ᠦᠷ᠎ᠡ ᠪᠦᠲᠦᠮᠵᠢ ᠣᠯᠵᠤ᠂ ᠣᠶ ᠱᠢᠭᠤᠶ᠎ᠶ᠋ᠢᠨ ᠪᠥᠲᠥᠭᠡᠨ ᠪᠠᠢᠭᠤᠯᠤᠯᠲᠠ᠂ ᠨᠤᠲᠤᠭ ᠪᠡᠯᠴᠢᠭᠡᠷ᠎ᠦᠨ ᠪᠥᠲᠥᠭᠡᠨ
ᠪᠠᠢᠭᠤᠯᠤᠯᠲᠠ ᠪᠠ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢᠨ ᠵᠠᠰᠠᠯᠲᠠ᠎ᠶ᠋ᠢᠨ ᠲᠠᠯᠠᠪᠠᠶ ᠪᠥᠬᠥ᠌ ᠤᠯᠤᠰ᠎ᠲᠤ
ᠲᠡᠷᠢᠭᠦᠯᠡᠵᠦ᠍᠂ ᠣᠶ ᠱᠢᠭᠤᠶ᠎ᠶ᠋ᠢᠨ ᠪᠦᠷᠬᠦᠴᠡ᠎ᠶ᠋ᠢᠨ ᠨᠣᠷᠮ᠎ᠠ ᠪᠠ ᠨᠤᠲᠤᠭ ᠪᠡᠯᠴᠢᠭᠡᠷ᠎ᠦᠨ ᠤᠷᠭᠤᠮᠠᠯ᠎ᠤᠨ ᠬᠤᠴᠢᠯᠭ᠎ᠠ᠎ᠶ᠋ᠢᠨ
ᠬᠡᠮᠵᠢᠶ᠎ᠡ 《ᠬᠤᠤᠰ ᠳᠡᠭᠡᠭ᠌ᠰᠢᠯᠡᠯᠲᠡ》᠎ᠶ᠋ᠢ ᠪᠡᠶᠡᠯᠡᠭᠦᠯᠵᠦ᠍᠂
ᠴᠥᠯᠯᠡᠷᠬᠡᠭᠵᠢᠭᠰᠡᠨ ᠪᠠ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢᠨ ᠲᠠᠯᠠᠪᠠᠶ《ᠬᠤᠤᠰ ᠪᠠᠭᠤᠷᠠᠯᠲᠠ》 ᠵᠢ ᠪᠡᠶᠡᠯᠡᠭᠦᠯᠪᠡ᠃ ᠬᠥᠪᠴᠢ᠎ᠶ᠋ᠢᠨ ᠡᠯᠡᠰᠦ᠎ᠶ᠋ᠢ
ᠵᠠᠰᠠᠭ᠍ᠰᠠᠨ ᠲᠦᠷᠦᠯ ᠵᠦᠢᠯ ᠨᠢ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠣᠷᠴᠢᠨ ᠲᠣᠭᠣᠷᠢᠨ᠎ᠤ ᠱᠠᠩᠨᠠᠯ᠎ᠢ
ᠬᠥᠷᠲᠡᠵᠥ᠂ ᠨᠢᠭᠡ ᠪᠦᠯᠦᠭ ᠪᠣᠬᠢᠷᠲᠤᠯ ᠥᠬᠡᠶ ᠠᠭᠤᠷᠬᠠᠶ᠂ ᠪᠣᠬᠢᠷᠲᠤᠯᠥᠬᠡᠶ ᠬᠦᠷᠢᠶᠡᠯᠡᠩ ᠲᠣᠭᠣᠷᠢᠭ᠂ ᠪᠣᠬᠢᠷᠲᠤᠯ
ᠥᠬᠡᠶ ᠦᠶ᠋ᠯᠡᠳᠪᠦᠷᠢ᠎ᠶ᠋ᠢ ᠪᠠᠢᠭᠤᠯᠪᠠ᠃ ᠣᠢᠱᠢᠭᠤᠢᠶ᠋ᠢᠨ ᠴᠡᠴᠡᠷᠯᠢᠭ᠂ ᠨᠤᠭᠤ ᠭᠠᠵᠠᠷ᠎ᠤᠨ ᠴᠡᠴᠡᠷᠯᠢᠭ᠂ ᠭᠠᠵᠠᠷ
ᠱᠢᠨᠵᠢᠯᠡᠭᠡᠨ᠎ᠦ ᠴᠡᠴᠡᠷᠯᠢᠭ ᠵᠡᠷᠭᠡ ᠨᠠᠢᠳᠠ 372 ᠪᠣᠯᠪᠠ᠃ 2019 ᠣᠨ᠎ᠳᠤ ᠪᠥᠬᠥ᠌
ᠣᠷᠣᠨ᠎ᠤ ᠠᠮᠢ ᠠᠬᠤᠶ᠎ᠶ᠋ᠢᠨ ᠦᠶ᠋ᠯᠡᠳᠬᠦᠨ᠎ᠦ ᠥᠷᠲᠡᠭ(GEP) 4.48 ᠲᠦᠮᠡᠨ ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢ
ᠬᠤᠭᠤᠴᠠᠭᠠᠨ᠎ᠤ GDP ᠶ᠋ᠢᠨ 2.6 ᠳᠠᠬᠢᠨ ᠪᠣᠯᠵᠣ᠂ 2015 ᠣᠨ᠎ᠤ᠎ᠬᠢ᠎ᠡᠴᠡ
13.8% ᠪᠠᠷ ᠨᠡᠮᠡᠭ᠌ᠳᠡᠪᠡ᠃
ᠥᠪᠥᠷ ᠮᠣᠩᠭᠣᠯ ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ
ᠠᠭᠤᠯᠠ ᠮᠥᠨ ᠭᠡᠬᠦ᠌ ᠣᠢᠯᠠᠭᠠᠭ᠍ᠳᠠᠬᠤᠨ᠎ᠢ ᠪᠠᠷᠢᠮᠲᠠᠯᠠᠵᠤ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂
ᠪᠣᠬᠢᠷᠲᠤᠯ᠎ᠦᠭᠡᠢ ᠬᠥᠭ᠌ᠵᠢᠭᠦᠯᠬᠦ᠌ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠪᠠ᠃ 《ᠠᠷᠪᠠᠨ ᠳᠥᠷᠪᠡᠳᠦᠭᠡᠷ ᠲᠠᠪᠤᠨ ᠵᠢᠯ 》 ᠤ᠋ᠨ ᠬᠤᠭᠤᠴᠠᠭᠠᠨ᠎ᠳᠤ᠂ ᠠᠮᠢ ᠠᠬᠤᠢ᠎ᠶ᠋ᠢᠨ ᠪᠣᠯᠪᠠᠰᠤᠨ᠎ᠤ
ᠪᠠᠢᠭᠤᠯᠤᠯᠲᠠ ᠴᠢᠬᠤᠯᠠ ᠶᠡᠬᠡ ᠲᠠᠪᠱᠢᠯᠳᠠ᠎ᠲᠠᠶ ᠪᠣᠯᠵᠥ᠂ ᠠᠮᠢ ᠠᠬᠤᠢ᠎ᠶ᠋ᠢᠨ ᠪᠣᠯᠪᠠᠰᠤᠨᠤᠳᠦᠷᠢᠮᠲᠠᠰᠤᠷᠠᠯᠲᠠᠦᠭᠡᠢᠲᠡᠭᠦᠯᠳᠡᠷᠵᠢᠵᠥ᠂ᠤᠯᠤᠰ᠎ᠤᠨ ᠨᠤᠲᠤᠭ ᠳᠡᠪᠢᠰᠭᠡᠷ᠎ᠦᠨ ᠣᠷᠣᠨ ᠵᠠᠢ᠎ᠶ᠋ᠢ ᠨᠡᠭᠡᠭᠡᠨ ᠬᠥᠭ᠌ᠵᠢᠭᠦᠯᠵᠦ᠍ ᠬᠠᠮᠠᠭᠠᠯᠠᠬᠤ
ᠪᠠᠢᠷᠢᠱᠢᠯ ᠢᠯᠡᠳᠲᠡ ᠱᠢᠯᠢᠳᠡᠭ᠌ᠵᠢᠵᠥ᠂ ᠠᠮᠢ ᠠᠬᠤᠶ᠎ᠣᠷᠴᠢᠨ ᠲᠣᠭᠣᠷᠢᠨ ᠮᠠᠭᠤᠳᠠᠭ᠍ᠰᠠᠨ ᠤᠷᠤᠨ ᠪᠦᠰᠡ᠂ ᠴᠡᠭ
ᠪᠠᠢᠷᠢ᠂ ᠬᠡᠰᠡᠭ ᠪᠦᠯᠦᠭ᠎ᠢ ᠪᠦᠲᠦᠮᠵᠢᠲᠡᠶ ᠵᠠᠰᠠᠵᠥ᠂ ᠦᠶ᠋ᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠭ᠎ᠤᠨ
ᠪᠣᠬᠢᠷᠲᠤᠯ ᠥᠬᠡᠶ ᠪᠡᠷ ᠬᠡᠯᠪᠡᠷᠢ ᠪᠠᠨ ᠬᠤᠪᠢᠷᠠᠭᠤᠯᠬᠤ ᠢᠯᠡᠳᠲᠡ ᠦᠷ᠎ᠡ ᠪᠦᠲᠦᠮᠵᠢ ᠤᠯᠵᠥ᠂ ᠡᠨᠧᠷᠭᠢ ᠡᠬᠢ ᠪᠠᠶᠠᠯᠢᠭ᠎ᠤᠨ
ᠲᠣᠬᠢᠷᠠᠭᠤᠯᠤᠯᠲᠠ ᠨᠠᠩ ᠵᠣᠬᠢᠰᠲᠠᠶ ᠪᠣᠯᠵᠥ᠂ ᠠᠱᠢᠭ᠍ᠯᠠᠯᠲᠠ᠎ᠶ᠋ᠢᠨ ᠦᠷ᠎ᠡ ᠪᠦᠲᠦᠮᠵᠢ ᠶᠡᠬᠡᠪᠡᠷ ᠳᠡᠭᠡᠭ᠌ᠰᠢᠯᠡᠵᠥ᠂
ᠡᠨᠧᠷᠭᠢ ᠠᠷᠪᠢᠯᠠᠨ ᠪᠣᠬᠢᠷᠲᠤᠯ ᠪᠣᠳᠠᠰ᠎ᠤᠨ ᠭᠠᠳᠠᠭ᠍ᠰᠢᠯᠠᠭᠤᠯᠤᠯᠳᠠ᠎ᠶ᠋ᠢ ᠪᠠᠭᠠᠰᠭᠠᠬᠤ ᠪᠣᠬᠢᠷᠲᠤᠯ᠎ᠢ ᠵᠠᠰᠠᠬᠤ
ᠡᠷᠴᠢᠮ᠎ᠢ ᠦᠷᠭᠦᠯᠵᠢᠯᠡᠨ ᠴᠢᠩᠭᠠᠷᠠᠭᠤᠯᠵᠥ᠂ ᠭᠤᠤᠯ ᠪᠣᠯᠬᠤ ᠪᠣᠬᠢᠷᠲᠤᠯ ᠪᠣᠳᠠᠰ᠎ᠢ ᠭᠠᠳᠠᠭ᠍ᠰᠢᠯᠠᠭᠤᠯᠬᠤ ᠶᠡᠷᠦᠩᠬᠡᠶ
ᠬᠡᠮᠵᠢᠶ᠎ᠡ᠎ᠶ᠋ᠢ ᠦᠷᠭᠦᠯᠵᠢᠯᠡᠨ ᠪᠠᠭᠠᠰᠭᠠᠨ᠂ ᠬᠣᠲᠠ ᠬᠥᠳᠡᠭᠡ᠎ᠶ᠋ᠢᠨ ᠣᠷᠣᠱᠢᠨ ᠰᠠᠭᠤᠷᠢᠰᠢᠬᠤ ᠣᠷᠴᠢᠨ ᠨᠥᠬᠥᠴᠡᠯ
ᠤᠯᠠᠮ ᠰᠠᠢᠵᠢᠷᠠᠵᠥ᠂ ᠠᠮᠢ ᠠᠬᠤᠶ᠎ᠶ᠋ᠢᠨ ᠱᠢᠰᠲ᠋ᠧᠮ᠎ᠦᠨ ᠶᠠᠰᠤ ᠴᠢᠨᠠᠷ ᠪᠠ ᠲᠣᠭ᠍ᠲᠠᠪᠤᠷᠢᠲᠤ ᠴᠢᠨᠠᠷ ᠪᠦᠲᠦᠮᠵᠢᠲᠡᠶ
ᠳᠡᠭᠡᠭ᠌ᠰᠢᠯᠡᠵᠥ᠂ ᠴᠢᠨᠠᠷ ᠰᠠᠢᠲᠠᠶ ᠠᠮᠢ ᠠᠬᠤᠶ᠎ᠶ᠋ᠢᠨ ᠦᠶ᠋ᠯᠡᠳᠬᠦᠨ᠎ᠦ ᠬᠠᠩᠭᠠᠯᠭ᠎ᠠ᠎ᠶ᠋ᠢᠨ ᠬᠡᠪᠴᠢᠶ᠎ᠡ ᠵᠢ
ᠦᠷᠬᠡᠳᠬᠡᠨ ᠲᠤᠭ᠎ᠠ ᠬᠡᠮᠵᠢᠶ᠎ᠡ ᠵᠢ ᠨᠡᠮᠡᠭᠳᠡᠬᠦᠯᠵᠥ᠂ᠥᠷᠲᠡᠭ᠎ᠦᠨ ᠪᠡᠶᠡᠯᠡᠭ᠌ᠳᠡᠬᠦ᠌ ᠲᠣᠭ᠍ᠲᠠᠴᠠ ᠵᠢ ᠦᠨᠳᠦᠰᠦᠨ᠎ᠳᠡᠭᠡᠨ
ᠪᠦᠷᠢᠯᠳᠦᠬᠦᠯᠵᠥ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ
ᠵᠢ ᠨᠠᠩ ᠪᠠᠲᠤ ᠪᠠᠬᠢ ᠪᠤᠯᠭᠠᠨ᠎ᠠ᠃

ᠱᠢᠯᠢ᠎ᠶ᠋ᠢᠨ ᠭᠤᠤᠯ ᠠᠢᠮᠠᠭ᠎ᠤᠨ ᠤᠯᠠᠭᠠᠶ ᠵᠢᠨ ᠲᠠᠯ᠎ᠠ ᠨᠤᠲᠤᠭ᠃
ᠮᠠ ᠵᠢᠶᠠᠨ ᠴᠢᠤᠸᠠᠨ ᠰᠡᠭᠦᠳᠡᠷᠯᠡᠪᠡ

ᠱᠢᠯᠢ᠎ᠶ᠋ᠢᠨ ᠭᠤᠤᠯ ᠠᠢᠮᠠᠭ᠎ᠤᠨ ᠠᠯᠳᠠᠩᠭᠤᠸ᠎ᠠ ᠵᠢᠨ ᠲᠠᠯ᠎ᠠ᠃
ᠸᠠᠩ ᠱᠢᠶᠤᠤ ᠪᠥᠸᠧ ᠰᠡᠭᠦᠳᠡᠷᠯᠡᠪᠡ

ᠥᠪᠥᠷ ᠮᠣᠩᠭᠣᠯ ᠤᠨ ᠶᠡᠬᠡ ᠬᠢᠩᠭᠠᠨ ᠳᠠᠪᠠᠭ᠎ᠠ ᠶ᠋ᠢᠨ ᠪᠠᠢᠭᠠᠯᠢ ᠶ᠋ᠢᠨ
ᠣᠶ ᠳᠤ ᠬᠤᠳᠠᠯᠳᠤᠭᠠᠨ᠎ᠤ ᠴᠢᠨᠠᠷᠲᠠᠶ᠎ᠪᠠᠷ ᠮᠤᠲᠤ ᠣᠭ᠍ᠲᠣᠯᠬᠤ᠎ᠶ᠋ᠢ ᠪᠥᠬᠥ᠌ ᠲᠠᠯ᠎ᠠ᠎ᠪᠠᠷ ᠵᠣᠭ᠍ᠰᠣᠭᠠᠪᠠ᠃
ᠬᠤᠢ᠌ᠳᠤᠠᠤᠯᠤᠰ ᠰᠡᠭᠦᠳᠡᠷᠯᠡᠪᠡ

ᠬᠥᠬᠡᠬᠣᠲᠠ᠎ᠶ᠋ᠢᠨ ᠴᠢᠩ ᠱᠦᠶ ᠾᠧ ᠱᠢᠶᠠᠨ᠎ᠤ ᠦᠬᠡᠷ ᠲᠤᠬᠤᠢ ᠵᠢᠨ ᠦᠵᠡᠮᠵᠢ᠎ᠶ᠋ᠢᠨ
ᠣᠷᠣᠨ᠃
ᠢᠦᠢ ᠲᠤᠤ ᠰᠡᠭᠦᠳᠡᠷᠯᠡᠪᠡ

ᠬᠥᠬᠡᠬᠣᠲᠠ᠎ᠶ᠋ᠢᠨ 《ᠱᠠ ᠺᠧᠩ》 ᠴᠡᠴᠡᠷᠯᠢᠭ᠃
ᠢᠦᠢ
ᠲᠤᠤ ᠰᠡᠭᠦᠳᠡᠷᠯᠡᠪᠡ

ᠠᠯᠠᠱᠠ ᠠᠢᠮᠠᠭ᠎ᠤᠨ ᠠᠯᠠᠱᠠ ᠪᠠᠷᠠᠭᠤᠨ ᠬᠣᠱᠢᠭᠤᠨ᠎ᠤ ᠬᠢᠯᠢ ᠳ᠋ᠡᠬᠢ
ᠪᠠᠳᠠᠢ᠎ᠶ᠋ᠢᠨ ᠵᠢᠷᠠᠨ᠎ᠤ ᠡᠯᠡᠰᠦ᠃
ᠮᠠ ᠵᠢᠶᠠᠨ ᠴᠢᠤᠸᠠᠨ
ᠰᠡᠭᠦᠳᠡᠷᠯᠡᠪᠡ

ᠵᠤᠨ᠎ᠤ ᠤᠯᠠᠷᠢᠯ᠎ᠤᠨ ᠬᠥᠯᠥᠨ ᠨᠠᠭᠤᠷ᠃
ᠸᠠᠩ ᠱᠢᠶᠤᠤ ᠪᠥᠸᠧ ᠰᠡᠭᠦᠳᠡᠷᠯᠡᠪᠡ