1957ᠣᠨ᠎ᠤ 6ᠰᠠᠷ᠎ᠠ᠎ᠶ᠋ᠢᠨ17ᠤᠡᠳᠦᠷ᠂ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ ᠤᠯᠠᠭᠠᠨᠮᠥ᠋ᠴᠢᠷ ᠰᠥᠨᠢᠳ ᠪᠠᠷᠠᠭᠤᠨ ᠬᠣᠱᠢᠭᠤᠨ᠎ᠳᠤ ᠮᠡᠨᠳᠦᠯᠡᠭᠰᠡᠨ ᠪᠢᠯᠡ᠃
ᠤᠯᠠᠭᠠᠨᠮᠥ᠋ᠴᠢᠷ ᠢᠮᠠᠭ᠍ᠲᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍ ᠦᠨᠳᠦᠰᠦᠨ ᠱᠠᠲᠤᠨ᠎ᠳᠤ ᠬᠦᠨᠵᠡᠭᠡᠢᠷᠡᠨ᠂ ᠬᠠᠮᠤᠭ᠎ᠤᠨ ᠥᠷᠭᠡᠨ ᠣᠯᠠᠨ ᠮᠠᠯᠴᠢᠨ ᠲᠠᠷᠢᠶᠠᠴᠢᠨ᠎ᠳᠤ ᠦᠶ᠋ᠯᠡᠴᠢᠯᠡᠵᠦ᠍᠂ ᠮᠠᠯᠴᠢᠨ ᠲᠠᠷᠢᠶᠠᠴᠢᠨ᠎ᠤ ᠤᠬᠠᠭᠤᠯᠭ᠎ᠠ᠎ᠶ᠋ᠢᠨ ᠠᠵᠢᠯᠯᠠᠬᠤ ᠠᠩᠭᠢ᠂ ᠤᠳᠭ᠎ᠠ ᠤᠷᠠᠯᠢᠭ᠎ᠤᠨ ᠬᠠᠪᠰᠤᠷᠤᠨ ᠵᠢᠯᠣᠭᠣᠳᠭᠤ ᠠᠩᠭᠢ᠂ ᠠᠮᠢᠳᠤᠷᠠᠯ᠎ᠤᠨ ᠦᠶ᠋ᠯᠡᠴᠢᠯᠡᠭᠡᠨ᠎ᠦ ᠠᠩᠭᠢ ᠪᠤᠯᠤᠭᠰᠠᠭᠠᠷ ᠢᠷᠡᠵᠡᠢ᠃ ᠱᠢᠨ᠎ᠡ ᠴᠠᠭ ᠦᠶ᠎ᠡ᠎ᠳᠦ ᠤᠯᠠᠭᠠᠨᠮᠥ᠋ᠴᠢᠷ ᠨᠠᠩ ᠣᠷᠭᠢᠯᠤᠮ᠎ᠠ ᠬᠠᠯᠠᠭᠤᠨ ᠰᠡᠳᠭᠢᠯᠭᠡ ᠪᠣᠯᠤᠨ ᠨᠠᠩ ᠴᠣᠭ ᠪᠠᠳᠠᠷᠠᠩᠭᠤᠶ ᠲᠡᠮᠡᠴᠡᠯ᠎ᠦᠨ ᠵᠣᠷᠢᠭ᠎ᠢᠶᠠᠷ ᠨᠡᠢᠭᠡᠮ ᠵᠢᠷᠤᠮ᠎ᠤᠨ ᠤᠳᠭ᠎ᠠ ᠤᠷᠠᠯᠢᠭ᠎ᠤᠨ ᠦᠶ᠋ᠯᠡᠰ᠎ᠢ ᠴᠡᠴᠡᠭ᠌ᠯᠡᠭᠦᠯᠦᠨ ᠬᠥᠭ᠌ᠵᠢᠭᠦᠯᠬᠦ᠌᠎ᠳᠦ ᠬᠤᠪᠢ ᠨᠡᠮᠡᠷᠢ ᠪᠡᠨ ᠦᠵᠡᠭᠦᠯᠵᠦ᠍᠂ ᠲᠠᠯ᠎ᠠ ᠨᠤᠲᠤᠭ᠎ᠤᠨ《ᠬᠤᠪᠢᠰᠭᠠᠯᠲᠤ ᠤᠳᠭ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ》ᠬᠡᠮᠡᠭ᠌ᠳᠡᠵᠠᠢ᠃ ᠤᠯᠠᠭᠠᠨᠮᠥ᠋ᠴᠢᠷ ᠪᠠᠢᠭᠤᠯᠤᠭ᠍ᠳᠠᠭ᠍ᠰᠠᠨ60ᠵᠢᠯᠦᠨᠣᠶᠶ᠋ᠢᠨ ᠲᠠᠱᠢᠷᠠᠮ᠎ᠳᠤ᠂ ᠰᠥᠨᠢᠳ ᠪᠠᠷᠠᠭᠤᠨ ᠬᠣᠱᠢᠭᠤᠨ᠎ᠤ ᠤᠯᠠᠭᠠᠨᠮᠥ᠋ᠴᠢᠷ᠎ᠦᠨ 16 ᠭᠡᠱᠢᠭᠦᠨ ᠶᠡᠷᠦᠩᠬᠡᠶ ᠱᠦᠵᠢ ᠰᠢ᠎ᠶ᠋ᠢᠨ ᠫᠢᠩ᠎ᠳᠦ ᠵᠠᠬᠢᠳᠠᠯ ᠪᠢᠴᠢᠵᠦ᠍᠂ ᠤᠯᠠᠭᠠᠨᠮᠥ᠋ᠴᠢᠷ ᠪᠠᠢᠭᠤᠯᠤᠭ᠍ᠳᠠᠭ᠍ᠰᠠᠨ 60 ᠵᠢᠯ᠎ᠦᠨ ᠲᠤᠷᠱᠢᠬᠢ ᠬᠥᠭ᠌ᠵᠢᠯᠲᠡ᠎ᠶ᠋ᠢᠨ ᠪᠠᠢᠳᠠᠯ᠎ᠢ ᠬᠠᠷᠢᠭᠤᠮᠡᠳᠡᠭᠦᠯᠦᠨ᠂ᠨᠡᠢᠭᠡᠮ ᠵᠢᠷᠤᠮ᠎ᠤᠨ ᠤᠳᠭ᠎ᠠ ᠤᠷᠠᠯᠢᠭ᠎ᠤᠨ ᠦᠶ᠋ᠯᠡᠰ᠎ᠢ ᠴᠡᠴᠡᠭ᠌ᠯᠡᠭᠦᠯᠦᠨ ᠬᠥᠭ᠌ᠵᠢᠭᠦᠯᠬᠦ᠌᠎ᠳᠦ ᠬᠤᠪᠢ ᠨᠡᠮᠡᠷᠢ ᠦᠵᠡᠭᠦᠯᠬᠦ᠌ ᠵᠣᠷᠢᠭ᠎ᠢᠶᠠᠨ ᠢᠯᠡᠳᠭᠡᠪᠡ᠃

ᠲᠠᠯ᠎ᠠ ᠨᠤᠲᠤᠭ᠎ᠤᠨ 《ᠬᠤᠪᠢᠰᠭᠠᠯᠲᠤ ᠤᠳᠭ᠎ᠠ
ᠤᠷᠠᠯᠢᠭ ᠤᠨ ᠬᠥᠩᠭᠡᠨ ᠮᠣᠷᠢᠲᠤ ᠴᠡᠷᠢᠭ》
2017 ᠣᠨ᠎ᠤ 11 ᠰᠠᠷ᠎ᠠ᠎ᠳᠤ᠂ ᠶᠡᠷᠦᠩᠬᠡᠢ ᠱᠦᠵᠢ ᠰᠢ᠎ᠶ᠋ᠢᠨ ᠫᠢᠩ ᠰᠥᠨᠢᠳ ᠪᠠᠷᠠᠭᠤᠨ ᠬᠣᠱᠢᠭᠤᠨ᠎ᠤ ᠤᠯᠠᠭᠠᠨᠮᠥ᠋ᠴᠢᠷ᠎ᠦᠨ ᠭᠡᠱᠢᠭᠦᠳ᠎ᠲᠦ ᠬᠠᠷᠢᠭᠤ ᠵᠠᠬᠢᠳᠠᠯ ᠢᠯᠡᠭᠡᠵᠦ᠍᠂ ᠤᠯᠠᠭᠠᠨᠮᠥ᠋ᠴᠢᠷ᠎ᠦᠨ ᠱᠢᠯᠢᠳᠡᠭ ᠤᠯᠠᠮᠵᠢᠯᠠᠯ᠎ᠢ ᠶᠡᠬᠡᠪᠡᠷ ᠪᠠᠳᠠᠷᠠᠭᠤᠯᠵᠤ᠂ ᠠᠮᠢᠳᠤᠷᠠᠯ᠎ᠤᠨ ᠱᠢᠮᠡᠯᠢᠭ ᠬᠥᠷᠥᠰᠥᠨ᠎ᠳᠦ ᠦᠨᠳᠦᠰᠦᠯᠡᠨ᠂ ᠮᠠᠯᠴᠢᠨ ᠲᠦᠮᠡᠨ᠎ᠳᠦ ᠦᠢᠯᠡᠴᠢᠯᠡᠵᠦ᠍᠂ ᠤᠳᠭ᠎ᠠ ᠤᠷᠠᠯᠢᠭ᠎ᠤᠨ ᠱᠢᠨ᠎ᠡ ᠡᠭᠦᠳᠦᠯᠲᠡ᠎ᠶ᠋ᠢ ᠠᠬᠢᠭᠤᠯᠤᠨ᠂ ᠤᠯᠠᠨ ᠲᠦᠮᠡᠨ᠎ᠲᠡᠶ ᠤᠢ᠍ᠢᠷᠠᠳᠤᠭ᠍ᠰᠠᠨ᠂ ᠤᠯᠠᠨ ᠲᠦᠮᠡᠨ᠎ᠦ ᠳᠤᠮᠳᠠ ᠳᠡᠯᠭᠡᠷᠡᠵᠦ᠍ ᠲᠠᠭᠠᠱᠢᠶᠠᠭ᠍ᠳᠠᠭ᠍ᠰᠠᠨ ᠱᠢᠯᠢᠳᠡᠭ ᠪᠦᠲᠦᠭᠡᠯ᠎ᠢ ᠨᠡᠩ ᠤᠯᠠᠨ ᠵᠣᠬᠢᠶᠠᠨ ᠪᠦᠲᠦᠭᠡᠬᠦ᠌᠎ᠪᠡᠷ ᠴᠢᠷᠮᠠᠢᠵᠤ᠂ ᠥᠨᠢ ᠡᠭᠦᠷᠢᠳᠡ ᠲᠠᠯ᠎ᠠ ᠨᠤᠲᠤᠭ᠎ᠤᠨ《ᠬᠤᠪᠢᠰᠭᠠᠯᠲᠤ ᠤᠳᠭ᠎ᠠ ᠤᠷᠠᠯᠢᠭ᠎ᠤᠨ ᠬᠦᠩᠭᠡᠨ ᠮᠣᠷᠢᠲᠤ ᠴᠡᠷᠢᠭ》 ᠪᠣᠯᠬᠤ ᠬᠡᠷᠡᠭ᠌ᠲᠡᠢ ᠭᠡᠵᠦ᠍ ᠴᠢᠬᠤᠯᠠᠴᠢᠯᠠᠭᠰᠠᠨ ᠪᠠᠢᠨ᠎ᠠ᠃
ᠳᠥᠷᠪᠡᠨᠵᠢᠯᠦᠨᠲᠤᠷᠰᠢ᠂ ᠥᠪᠡᠷᠲᠡᠭᠡᠨ ᠵᠠᠰᠠᠬᠤ ᠣᠷᠣᠨ᠎ᠤ ᠡᠯ᠎ᠡ ᠤᠯᠠᠭᠠᠨᠮᠥ᠋ᠴᠢᠷ ᠶᠡᠷᠦᠩᠬᠡᠶ ᠱᠦᠵᠢ ᠰᠢ᠎ᠶ᠋ᠢᠨ ᠫᠢᠩ᠎ᠦᠨ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠦᠨ ᠣᠶ᠎ᠶ᠋ᠢ ᠪᠡᠯᠭᠡᠯᠡᠬᠦ᠌ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠤᠯᠠᠭᠠᠨᠮᠥ᠋ᠴᠢᠷ ᠦᠨ ᠨᠠᠮ ᠤᠨ ᠲᠠᠭᠤᠨ᠎ᠢ ᠲᠤᠭᠤᠱᠢᠯᠠᠭᠤᠯᠬᠤ ᠤᠬᠠᠭᠤᠯᠬᠤ ᠠᠩᠭᠢ ᠪᠣᠯᠤᠨ 《ᠨᠢᠭᠡ᠎ᠳᠤ ᠮᠡᠷᠭᠡᠱᠢᠵᠦ᠍ ᠣᠯᠠᠨ᠎ᠳᠤ ᠴᠠᠭᠠᠷᠠᠬᠤ᠂ ᠨᠢᠭᠡ ᠡᠩᠨᠡᠭᠡ᠎ᠶ᠋ᠢ ᠣᠯᠠᠨ ᠵᠦᠶ᠋ᠯ᠎ᠳᠦ ᠬᠡᠷᠡᠭ᠌ᠯᠡᠬᠦ᠌》 ᠳᠠᠪᠠᠭᠤᠯᠢᠭ᠎ᠢ ᠠᠱᠢᠭ᠍ᠯᠠᠨ᠂ ᠴᠠᠭᠦᠶᠡᠲᠡᠶᠵᠡᠷᠭᠡᠴᠡᠨᠤᠷᠤᠭ᠍ᠰᠢᠯᠠᠵᠦᠱᠢᠨᠡᠵᠦᠴᠦᠭᠡ ᠨᠠᠢᠷᠠᠭᠤᠯᠵᠤ᠂ ᠲᠣᠭ᠍ᠯᠠᠯᠲᠠ᠎ᠶ᠋ᠢᠨ ᠬᠡᠯᠪᠡᠷᠢ᠎ᠪᠡᠨ ᠱᠢᠨᠡᠴᠢᠯᠡᠵᠦ᠍᠂ ᠠᠭᠤᠯᠭ᠎ᠠ᠎ᠪᠠᠨ ᠪᠠᠶᠠᠯᠢᠭ᠍ᠵᠢᠭᠤᠯᠤᠨ᠂ ᠣᠯᠠᠨ ᠲᠦᠮᠡᠨ᠎ᠦ ᠦᠵᠡᠬᠦ ᠳᠤᠷᠠᠲᠠᠶ ᠨᠠᠩ ᠣᠯᠠᠨ ᠱᠢᠯᠢᠳᠡᠭ ᠪᠦᠲᠦᠭᠡᠯ᠎ᠢ ᠵᠣᠬᠢᠶᠠᠨ ᠪᠦᠲᠦᠭᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠤᠤᠯ ᠦᠵᠡᠯ ᠰᠠᠨᠠᠭ᠎ᠠ᠎ᠶ᠋ᠢ ᠬᠠᠷᠠᠭᠤᠯᠵᠤ᠂ ᠶᠠᠷᠢᠶᠠᠨ᠎ᠤ ᠵᠣᠷᠢᠭ ᠰᠠᠨᠠᠭ᠎ᠠ᠎ᠶ᠋ᠢ ᠡᠷᠦᠬᠡ ᠪᠣᠯᠭᠠᠨ᠎ᠳᠤ ᠮᠡᠳᠡᠭᠦᠯᠵᠦ᠍᠂ ᠬᠥᠮᠦᠰ᠎ᠦᠨ ᠰᠡᠳᠭᠢᠯ᠎ᠳᠦ ᠭᠦᠨ ᠬᠠᠳᠠᠩᠱᠢᠭᠤᠯᠪᠠ᠃

ᠶᠡᠷᠦᠩᠬᠡᠢ ᠱᠦᠵᠢ ᠰᠢ᠎ᠶ᠋ᠢᠨ ᠫᠢᠩ ᠰᠥᠨᠢᠳ ᠪᠠᠷᠠᠭᠤᠨ ᠬᠣᠱᠢᠭᠤᠨ᠎ᠤ ᠤᠯᠠᠭᠠᠨᠮᠥ᠋ᠴᠢᠷ᠎ᠦᠨ ᠭᠡᠱᠢᠭᠦᠳ᠎ᠲᠦ ᠢᠷᠡᠭᠦᠯᠦᠭ᠌ᠰᠡᠨ ᠬᠠᠷᠢᠭᠤ ᠵᠠᠬᠢᠳᠠᠯ
ᠪᠠᠢᠭᠤᠯᠤᠮᠵᠢ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠴᠦ᠍ ᠤᠤᠷ ᠴᠢᠨᠠᠷ᠎ᠢᠶᠠᠨ ᠡᠭᠦᠷᠢᠳᠡ ᠬᠠᠳᠠᠭᠠᠯᠠᠪᠠ
2021 ᠣᠨ᠎ᠤ 11 ᠰᠠᠷ᠎ᠠ᠎ᠳᠤ᠂ ᠤᠯᠠᠭᠠᠨᠴᠠᠪ ᠬᠣᠲᠠ᠎ᠶ᠋ᠢᠨ ᠴᠠᠬᠠᠷ ᠪᠠᠷᠠᠭᠤᠨ ᠭᠠᠷᠤᠨᠬᠣᠢᠲᠤᠬᠣᠱᠢᠭᠤᠨᠤᠤᠯᠠᠭᠠᠨᠮᠥ᠋ᠴᠢᠷᠦᠨᠪᠣᠯᠪᠠᠰᠤᠷᠠᠯᠤᠨ ᠲᠢᠩᠬᠢᠮ᠎ᠳᠦ ᠪᠥᠵᠢᠭ᠎ᠦᠨ ᠠᠩᠭᠢ ᠵᠢᠨ ᠬᠢᠨ ᠶᠠᠭ ᠰᠠᠶ᠋ᠢᠬᠠᠨ ᠱᠢᠨ᠎ᠡ ᠪᠦᠲᠦᠭᠡᠯ ᠵᠢᠡᠨ ᠪᠣᠯᠪᠠᠰᠤᠷᠠᠵᠤ᠂ ᠳᠠᠭᠤᠯᠠᠬᠤ ᠪᠣᠯᠪᠠᠰᠤᠷᠠᠯᠤᠨᠲᠠᠰᠤᠭᠲᠤᠪᠠᠭ᠍ᠰᠢᠡᠴᠡᠱᠢᠨᠡᠱᠣᠭᠵᠦᠴᠦᠭᠡᠳᠦ ᠵᠢᠭᠠᠨ ᠵᠢᠯᠤᠭᠤᠳᠤᠯᠭ᠎ᠠ ᠬᠢᠵᠤ᠂ ᠪᠤᠰᠤᠳ ᠭᠡᠱᠢᠭᠦᠳ ᠳᠠᠷᠤᠶ ᠲᠦᠷᠭᠡᠨ ᠪᠠᠶᠠᠨᠴᠠᠭᠠᠨ ᠪᠠᠯᠭᠠᠰᠤᠨ᠎ᠤ ᠨᠠᠷᠠᠨᠬᠡᠷᠡᠯ ᠭᠠᠴᠠᠭᠠᠨ᠎ᠳᠤ ᠬᠦᠷᠴᠦ᠍᠂ ᠥᠨᠢ ᠡᠭᠦᠷᠢᠳᠡ ᠲᠠᠯ᠎ᠠ ᠨᠤᠲᠤᠭ᠎ᠤᠨ 《ᠬᠤᠪᠢᠰᠭᠠᠯᠲᠤ ᠤᠳᠭ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ》ᠪᠣᠯᠬᠤ ᠭᠤᠤᠯ ᠰᠡᠳᠦᠪᠲᠦ《ᠪᠠᠶᠠᠷ ᠪᠠᠶᠠᠰᠤᠯ ᠬᠦᠷᠭᠡᠬᠦ᠌᠂ ᠪᠣᠯᠪᠠᠰᠤᠨ ᠢ᠋ ᠬᠦᠷᠭᠡᠬᠦ᠌》ᠦᠨᠳᠦᠰᠦᠨ ᠱᠠᠲᠤᠨ᠎ᠤ ᠦᠶ᠋ᠯᠡᠴᠢᠯᠡᠭᠡᠨ᠎ᠦ ᠠᠵᠢᠯᠯᠠᠭ᠎ᠠ ᠥᠷᠨᠢᠭᠦᠯᠵᠦ ᠪᠠᠢᠪᠠ᠃
ᠡᠨᠡ ᠬᠡᠳᠦᠨ ᠡᠳᠦᠷ ᠰᠥᠨᠢᠳ ᠪᠠᠷᠠᠭᠤᠨ ᠬᠣᠱᠢᠭᠤᠨ᠎ᠤ ᠤᠯᠠᠭᠠᠨᠮᠥ᠋ᠴᠢᠷ᠂ ᠡᠸᠡᠩᠬᠢ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤᠨ᠎ᠤ ᠤᠯᠠᠭᠠᠨᠮᠥ᠋ᠴᠢᠷ᠂ ᠦᠦᠱᠢᠨ ᠬᠣᠱᠢᠭᠤᠨ᠎ᠤ ᠤᠯᠠᠭᠠᠨᠮᠥ᠋ᠴᠢᠷ᠎ᠤᠳ ᠵᠠᠯᠭᠠᠭ᠎ᠠ᠎ᠪᠠᠷ ᠭᠠᠴᠠᠭ᠎ᠠ᠂ ᠨᠡᠢᠭᠡᠮ ᠲᠣᠭᠣᠷᠢᠭ᠎ᠲᠤ ᠬᠦᠷᠴᠦ᠍᠂《ᠪᠠᠶᠠᠷ ᠪᠠᠶᠠᠰᠤᠯ ᠬᠦᠷᠭᠡᠵᠦ᠍᠂ ᠪᠣᠯᠪᠠᠰᠤᠨ᠎ᠢ ᠬᠦᠷᠭᠡᠬᠦ᠌》 ᠦᠨᠳᠦᠰᠦᠨ ᠱᠠᠲᠤᠨ᠎ᠳᠤ ᠦᠢᠯᠡᠴᠢᠯᠡᠬᠦ ᠠᠵᠢᠯᠯᠠᠭ᠎ᠠ ᠥᠷᠨᠢᠭᠦᠯᠵᠠᠢ᠃

ᠴᠠᠬᠠᠷ ᠪᠠᠷᠠᠭᠤᠨ ᠭᠠᠷᠤᠨ ᠬᠤᠢᠳᠦ ᠬᠤᠰᠢᠭᠤᠨ᠎ᠤ ᠤᠯᠠᠭᠠᠨᠮᠦ᠋ᠴᠢᠷ 《ᠪᠠᠶᠠᠷ ᠪᠠᠶᠠᠰᠤᠯ ᠬᠦᠷᠭᠡᠬᠦ ᠂ ᠪᠤᠯᠪᠠᠰᠤᠨ᠎ᠢ ᠬᠦᠷᠬᠡᠬᠦ》 ᠠᠵᠢᠯᠯᠠᠭ᠎ᠠ ᠦᠷᠨᠢᠬᠦᠯᠪᠡ
ᠳᠥᠷᠪᠡᠨ ᠵᠢᠯ ᠦᠨ ᠲᠤᠷᠰᠢ᠂ ᠤᠯᠠᠭᠠᠨᠮᠥ᠋ᠴᠢᠷ᠎ᠦᠨ᠎ᠬᠢᠨ ᠳᠣᠲᠣᠭᠠᠳᠤ᠎ᠶ᠋ᠢᠨ ᠠᠵᠢᠯᠯᠠᠭᠠᠨ᠎ᠤ ᠲᠣᠭ᠍ᠲᠠᠴᠠ᠎ᠪᠠᠨ ᠲᠠᠰᠤᠷᠠᠯᠲᠠ ᠥᠬᠡᠶ ᠥᠭᠡᠷᠡᠴᠢᠯᠡᠨ ᠲᠡᠭᠦᠯᠳᠡᠷᠵᠢᠭᠦᠯᠬᠦ᠌ ᠪᠠ ᠬᠠᠮᠢᠶᠠᠷᠤᠯᠲᠠᠶ᠋ᠢᠨᠱᠢᠨᠡᠶ᠋ᠢ ᠡᠭᠦᠳᠬᠦ᠌᠎ᠶ᠋ᠢ ᠠᠬᠢᠭᠤᠯᠵᠤ᠂《ᠬᠤᠪᠢᠰᠭᠠᠯᠲᠤᠤᠳᠭᠠ ᠤᠷᠠᠯᠢᠭ᠎ᠤᠨ ᠬᠥᠩᠭᠡᠨ ᠮᠣᠷᠢᠲᠤ ᠴᠡᠷᠢᠭ 》 ᠤ᠋ᠨ ᠮᠥᠨ ᠴᠢᠨᠠᠷ᠎ᠢ ᠡᠭᠦᠷᠢᠳᠡ ᠪᠠᠲᠤᠯᠠᠪᠠ᠃
ᠪᠥᠬᠥ᠌ ᠣᠷᠣᠨ᠎ᠤ ᠣᠲᠣ ᠪᠠᠢᠭ᠎ᠠ 75 ᠤᠯᠠᠭᠠᠨᠮᠥ᠋ᠴᠢᠷ᠎ᠨᠢ ᠡᠭᠦᠷᠭᠡ ᠴᠢᠳᠠᠪᠤᠷᠢ᠂ ᠨᠡᠢᠲᠡ᠎ᠶ᠋ᠢᠨ ᠠᠰᠠᠷᠠᠮᠵᠢ᠎ᠶ᠋ᠢᠨ ᠱᠢᠨᠵᠢ ᠴᠢᠨᠠᠷ᠎ᠢ ᠳᠣᠪᠣᠢᠯᠭᠠᠨ᠂ ᠬᠣᠱᠢᠭᠤ ᠱᠢᠶᠠᠨ᠂ ᠠᠢᠮᠠᠭ ᠬᠣᠲᠠ᠂ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠭᠤᠷᠪᠠᠨ ᠱᠠᠲᠤᠨ ᠤ ᠤᠯᠠᠭᠠᠨᠮᠥ᠋ᠴᠢᠷ᠎ᠦᠨ ᠪᠠᠢᠷᠢᠱᠢᠯ᠎ᠢ ᠪᠠᠢᠭᠤᠯᠵᠤ᠂ ᠣᠯᠠᠨ ᠲᠦᠮᠡᠨ᠎ᠳᠦ ᠨᠢᠭᠲᠠ ᠪᠦᠭᠡᠳ ᠣᠨᠣᠪᠴᠢᠲᠠᠶ ᠪᠡᠷ ᠦᠶ᠋ᠯᠡᠴᠢᠯᠡᠭᠡ ᠬᠠᠩᠭᠠᠵᠠᠢ᠃
ᠬᠠᠮᠢᠶᠠᠷᠤᠯᠲᠠ ᠶ᠋ᠢᠨ ᠲᠦᠷᠢᠮ ᠲᠣᠭ᠍ᠲᠠᠴᠠ ᠶ᠋ᠢ ᠪᠦᠷᠢᠨᠱᠢᠭᠦᠯᠵᠦ᠍᠂《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭᠠᠨᠮᠥ᠋ᠴᠢᠷ᠎ᠦᠨ ᠲᠦᠷᠢᠮ》᠎ᠢ᠋ ᠨᠡᠢᠲᠡᠯᠡᠭ᠌ᠰᠡᠨ᠎ᠨᠢ ᠤᠯᠠᠭᠠᠨᠮᠥ᠋ᠴᠢᠷ᠎ᠦᠨ ᠦᠶ᠋ᠯᠡᠰ ᠬᠠᠤᠯᠢ ᠶᠣᠰᠣᠭᠠᠷ ᠬᠦᠭᠵᠢᠬᠦ ᠱᠢᠨ᠎ᠡ ᠴᠠᠭ ᠦᠶ᠎ᠡ᠎ᠳᠦ ᠣᠷᠣᠭ᠍ᠰᠠᠨ᠎ᠢ ᠬᠠᠷᠠᠭᠤᠯᠵᠤ ᠪᠤᠢ᠃《ᠤᠯᠠᠭᠠᠨᠮᠥ᠋ᠴᠢᠷ᠎ᠦᠨ ᠱᠢᠯᠭᠠᠨ ᠬᠢᠨᠠᠵᠤ ᠦᠨᠡᠯᠡᠨ ᠵᠢᠱ᠌ᠢᠬᠦ᠌ ᠬᠠᠮᠢᠶᠠᠷᠤᠯᠲᠠ᠎ᠶ᠋ᠢᠨ ᠠᠷᠭ᠎ᠠ》 ᠳ᠋ᠤ ᠵᠠᠰᠠᠪᠤᠷᠢ ᠣᠷᠣᠭᠤᠯᠵᠤ᠂ ᠪᠥᠬᠥ᠌ ᠣᠷᠣᠨ᠎ᠤ ᠤᠯᠠᠭᠠᠨᠮᠥ᠋ᠴᠢᠷ᠎ᠦᠨ ᠬᠥᠳᠡᠯᠦᠩᠭᠦᠶ ᠬᠠᠮᠢᠶᠠᠷᠤᠯᠲᠠ᠂ ᠵᠦᠶ ᠵᠣᠬᠢᠰᠲᠠᠶ ᠪᠠᠢᠷᠢᠯᠠᠭᠤᠯᠤᠯᠲᠠ᠂ ᠦᠨᠡᠯᠡᠨ ᠵᠢᠱ᠌ᠢᠵᠦ᠍ ᠲᠠᠰ ᠲᠣᠭ᠍ᠲᠠᠭᠠᠬᠤ᠂ ᠲᠥᠷᠥᠯ ᠬᠤᠪᠢᠶᠠᠨ ᠵᠢᠯᠣᠭᠣᠳᠭᠤ᠎ᠳᠤ ᠬᠡᠷᠡᠭ᠌ᠵᠢᠭᠦᠯᠪᠠ᠃
ᠣᠳᠣᠬᠠᠨ᠎ᠳᠤ᠂ ᠤᠯᠠᠭᠠᠨᠮᠥ᠋ᠴᠢᠷ᠎ᠦᠨ ᠴᠢᠳᠠᠪᠤᠷᠢᠲᠠᠨ᠎ᠢ ᠬᠥᠮᠦᠵᠢᠭᠦᠯᠬᠦ᠌᠎ᠶ᠋ᠢ ᠨᠢᠭᠡᠨᠲᠡ ᠪᠦᠬᠦ᠌ ᠣᠷᠣᠨ᠎ᠤ ᠤᠳᠭ᠎ᠠ ᠤᠷᠠᠯᠢᠭ᠎ᠤᠨ ᠴᠢᠳᠠᠪᠤᠷᠢᠲᠠᠨ᠎ᠢ ᠬᠥᠮᠦᠵᠢᠭᠦᠯᠬᠦ᠌ ᠪᠦᠬᠦᠯᠢ ᠴᠣᠭ᠍ᠴᠠ᠎ᠶ᠋ᠢᠨ ᠲᠥᠯᠥᠪᠵᠢᠭᠦᠯᠭᠡ᠎ᠳᠦ ᠣᠷᠣᠭᠤᠯᠵᠤ᠂ ᠲᠥᠪ᠎ᠦᠨ ᠦᠨᠳᠦᠰᠦᠲᠡᠨ᠎ᠦ ᠶᠡᠬᠡ ᠰᠤᠷᠭᠠᠭᠤᠯᠢ᠂ ᠲᠥᠪ᠎ᠦᠨ ᠳᠠᠭᠤᠤ ᠬᠥᠭ᠌ᠵᠢᠮ᠎ᠦᠨ ᠳᠡᠭᠡᠳᠦ ᠰᠤᠷᠭᠠᠭᠤᠯᠢ ᠵᠡᠷᠭᠡ᠎ᠲᠡᠶ ᠬᠠᠮᠲᠤᠷᠠᠯᠴᠠᠵᠤ ᠤᠯᠠᠭᠠᠨᠮᠥ᠋ᠴᠢᠷ᠎ᠦᠨ ᠴᠢᠳᠠᠪᠤᠷᠢᠲᠠᠨ᠎ᠢ ᠪᠣᠯᠪᠠᠰᠤᠷᠠᠭᠤᠯᠤᠨ ᠬᠥᠮᠦᠵᠢᠭᠦᠯᠬᠦ᠌᠎ᠶ᠋ᠢ ᠴᠢᠩᠭᠠᠳᠭᠠᠵᠤ ᠪᠤᠢ᠃ ᠠᠯᠢ ᠣᠯᠠᠨ ᠪᠣᠯᠪᠠᠰᠤᠷᠠᠭᠤᠯᠤᠯ᠎ᠤᠨ ᠠᠵᠢᠯᠯᠠᠭ᠎ᠠ᠎ᠪᠠᠷ ᠳᠠᠮᠵᠢᠭᠤᠯᠤᠨ᠂ ᠪᠥᠬᠥ᠌ ᠣᠷᠣᠨ᠎ᠤ ᠤᠯᠠᠭᠠᠨᠮᠥ᠋ᠴᠢᠷ᠎ᠦᠨ ᠤᠳᠭ᠎ᠠ ᠤᠷᠠᠯᠢᠭ᠎ᠤᠨ ᠵᠣᠬᠢᠶᠠᠨ ᠪᠦᠲᠦᠭᠡᠬᠦ᠌ ᠡᠩᠨᠡᠭᠡ᠎ᠶ᠋ᠢᠨ ᠪᠦᠬᠦᠯᠢ ᠴᠣᠭ᠍ᠴᠠ᠎ᠶ᠋ᠢᠨ ᠬᠢᠷᠢ ᠲᠦᠪᠱᠢᠨ᠎ᠢ ᠪᠦᠲᠦᠮᠵᠢᠲᠡᠶ ᠲᠡᠭᠡᠭᠰᠢᠯᠡᠭᠦᠯᠵᠡᠢ᠃
ᠱᠢᠯᠢᠳᠡᠭ ᠵᠦᠴᠦᠭᠡ ᠵᠣᠬᠢᠶᠠᠨ ᠪᠦᠲᠦᠭᠡᠵᠦ᠍ ᠴᠠᠭ ᠦᠶ᠎ᠡ᠎ᠲᠡᠶ ᠵᠡᠷᠭᠡᠴᠡᠨ ᠤᠷᠤᠭ᠍ᠰᠢᠯᠠᠪᠠ
ᠶᠡᠷᠦᠩᠬᠡᠶ ᠱᠦᠵᠢ ᠬᠠᠷᠢᠭᠤ ᠵᠠᠬᠢᠳᠠᠯ ᠪᠢᠴᠢᠭ᠌ᠰᠡᠨ᠎ᠡᠴᠡ ᠨᠠᠭᠠᠰᠢ ᠤᠯᠠᠭᠠᠨᠮᠥ᠋ᠴᠢᠷ ᠶᠡᠬᠡ ᠬᠡᠮᠵᠢᠶᠡᠨ᠎ᠦ ᠱᠢᠯᠢᠳᠡᠭ ᠪᠠᠭ᠎ᠠ ᠬᠡᠯᠪᠡᠷᠢ᠎ᠶ᠋ᠢᠨ ᠲᠣᠭ᠍ᠯᠠᠯᠲᠠ ᠪᠠ ᠦᠨᠳᠦᠰᠦᠨ ᠱᠠᠲᠤᠨ᠎ᠳᠤ ᠭᠦᠨᠵᠡᠭᠡᠢᠷᠡᠬᠦ᠎ᠳᠤ ᠲᠣᠬᠢᠷᠠᠮᠵᠢᠲᠠᠶ ᠱᠢᠯᠢᠳᠡᠭ ᠲᠠᠢᠰᠠᠨ᠎ᠤ ᠵᠦᠴᠦᠭᠡ ᠵᠣᠬᠢᠶᠠᠨ ᠪᠦᠲᠦᠭᠡᠪᠡ᠃ ᠱᠢᠯᠢ᠎ᠶ᠋ᠢᠨ ᠭᠤᠤᠯ ᠠᠢᠮᠠᠭ᠎ᠤᠨ ᠤᠯᠠᠭᠠᠨᠮᠥ᠋ᠴᠢᠷ᠎ᠦᠨ ᠡᠭᠦᠳᠦᠨ ᠪᠦᠲᠦᠭᠡᠭ᠌ᠰᠡᠨ ᠦᠨᠳᠦᠰᠦᠲᠡᠨ᠎ᠦ ᠳᠠᠭᠤᠤ ᠪᠥᠵᠢᠭ᠌ᠲᠦ ᠵᠦᠴᠦᠭᠡ 《ᠮᠢᠨᠦ᠍ ᠤᠯᠠᠭᠠᠨᠮᠥ᠋ᠴᠢᠷ》᠎ᠨᠢ 2018 ᠣᠨ᠎ᠤ ᠤᠯᠤᠰ᠎ᠤᠨ ᠲᠠᠢᠰᠠᠨ᠎ᠤ ᠤᠷᠠᠯᠢᠭ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ᠌᠎ᠶ᠋ᠢ ᠲᠡᠳᠬᠦᠨ ᠳᠡᠮᠵᠢᠬᠦ᠌ ᠢᠨᠵᠧᠨᠧᠷᠢᠩ ᠢᠶᠡᠷ ᠭᠤᠤᠯᠳᠠᠯᠭ᠎ᠠ ᠲᠠᠶ ᠲᠡᠳᠬᠦᠭ᠌ᠰᠡᠨ ᠠᠷᠪᠠᠨ ᠶᠡᠬᠡ ᠵᠦᠴᠦᠭᠡ᠎ᠳᠦ ᠰᠣᠩᠭᠣᠭ᠍ᠳᠠᠵᠤ᠂ ᠮᠠᠨ᠎ᠤ ᠣᠷᠣᠨ᠎ᠳᠤ ᠡᠨᠡ ᠬᠦ᠌ ᠱᠠᠩᠨᠠᠯ ᠪᠠᠢᠬᠤ ᠥᠬᠡᠶ ᠲᠡᠦᠬᠡ᠎ᠶᠢ ᠡᠴᠦᠰᠯᠡᠭᠦᠯᠪᠡ᠃

ᠠᠬᠤᠢ ᠦᠵᠡᠭᠳᠡᠯᠳᠦ ᠳᠠᠭᠤᠤ ᠪᠦᠵᠢᠭ 《ᠳᠠᠯ᠎ᠠ ᠨᠤᠲᠤᠭ
ᠤᠨ ᠤᠯᠠᠭᠠᠨᠮᠦ᠋ᠴᠢᠷ》 ᠤᠨ ᠵᠦᠴᠦᠭᠡ ᠶᠢᠨ ᠰᠡᠬᠦᠳᠡᠷ
ᠤᠯᠠᠭᠠᠨᠮᠥ᠋ᠴᠢᠷ ᠲᠣᠰ ᠪᠡᠶ᠎ᠡ᠎ᠶ᠋ᠢᠨ ᠦᠨᠳᠦᠰᠦᠨ ᠱᠠᠲᠤ ᠡᠴᠡ ᠤᠢᠷᠠᠬᠠᠨ᠂ ᠬᠡᠷᠡᠭ᠌ᠴᠡᠭᠡ ᠱᠠᠭᠠᠷᠳᠠᠯᠭ᠎ᠠ᠎ᠶ᠋ᠢᠨ ᠥᠪᠡᠷᠮᠢᠴᠡ ᠳᠠᠪᠠᠭᠤᠯᠢᠭ᠎ᠢᠶᠠᠨ ᠭᠦᠶ᠋ᠴᠡᠳ ᠪᠠᠳᠠᠷᠠᠭᠤᠯᠵᠤ᠂ ᠨᠢᠭᠡ ᠪᠦᠯᠦᠭ ᠢᠯᠡ ᠲᠣᠳᠣ ᠴᠠᠭ ᠦᠶ᠎ᠡ᠎ᠶ᠋ᠢᠨ ᠣᠨᠴᠠᠯᠢᠭ᠎ᠲᠠᠶ ᠠᠷᠠᠳ ᠣᠯᠠᠨ᠎ᠤ ᠵᠣᠯ ᠵᠢᠷᠭᠠᠯᠲᠤ ᠠᠮᠢᠳᠤᠷᠠᠯ᠎ᠢ ᠲᠤᠰᠭᠠᠭ᠍ᠰᠠᠨ ᠤᠷᠠᠨ ᠰᠠᠢᠬᠠᠨ᠎ᠤ ᠲᠣᠭ᠍ᠯᠠᠯᠲᠠ ᠭᠠᠷᠭᠠᠪᠠ᠃
ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ 70 ᠵᠢᠯ᠎ᠦᠨ ᠣᠶ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯᠦᠨᠣᠶᠶ᠋ᠢ ᠪᠡᠯᠭᠡᠯᠡᠬᠦ᠌᠂ ᠴᠢᠨᠡᠭᠡᠯᠢᠭ ᠨᠡᠢᠭᠡᠮ᠎ᠢ ᠪᠥᠬᠥ᠌ ᠲᠠᠯ᠎ᠠ᠎ᠪᠠᠷ ᠪᠡᠶᠡᠯᠡᠭᠦᠯᠬᠦ᠌᠂ ᠶᠠᠳᠠᠭᠤᠠᠴᠠᠠᠩᠭᠢᠵᠢᠷᠠᠭᠤᠯᠬᠤᠪᠣᠭᠣᠮᠲᠠ ᠱᠢᠪᠲᠤᠯᠬᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠵᠡᠷᠭᠡ ᠭᠤᠤᠯ ᠰᠡᠳᠦᠪ᠎ᠦᠨ ᠲᠣᠭᠣᠷᠢᠨ᠎ᠳᠤ ᠨᠢᠭᠡ ᠪᠦᠯᠦᠭ ᠢᠯᠡ ᠲᠣᠳᠣ ᠴᠠᠭ ᠦᠶ᠎ᠡ᠎ᠶ᠋ᠢᠨ ᠣᠨᠴᠠᠯᠢᠭ᠎ᠲᠠᠶ᠂ ᠤᠯᠠᠭᠠᠨᠮᠥ᠋ᠴᠢᠷ᠎ᠦᠨ ᠣᠨᠴᠠᠯᠢᠭᠲᠤ ᠨᠡᠢᠴᠡᠭ᠌ᠰᠡᠨ᠂ ᠮᠠᠯᠴᠢᠨ ᠲᠠᠷᠢᠶᠠᠴᠢᠨᠣᠯᠠᠨᠲᠦᠮᠡᠨᠦ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠭ᠍ᠰᠠᠨ᠂ ᠤᠯᠠᠮᠵᠢᠯᠠᠬᠤ᠎ᠳᠤ ᠲᠥᠬᠥᠮ ᠪᠥᠭᠡᠳ ᠠᠮᠢᠳᠤᠯᠢᠭ᠂ ᠦᠨᠳᠦᠰᠦᠨ ᠱᠠᠲᠤᠨ᠎ᠳᠤ ᠲᠣᠭ᠍ᠯᠠᠬᠤ᠎ᠳᠤ ᠳᠣᠭᠢᠷᠠᠭ᠍ᠰᠠᠨ ᠤᠷᠠᠨ ᠰᠠᠢᠬᠠᠨ᠎ᠤ ᠵᠦᠴᠦᠭᠡ (ᠲᠣᠭ᠍ᠯᠠᠯᠲᠠ) ᠶ᠋ᠢ ᠭᠠᠷᠭᠠᠪᠠ᠃
ᠡᠯ᠎ᠡ ᠱᠠᠲᠤᠨ᠎ᠤ ᠤᠯᠠᠭᠠᠨᠮᠥ᠋ᠴᠢᠷ᠎ᠦᠨ ᠬᠢᠨ ᠵᠢᠯ ᠪᠤᠯᠭᠠᠨ 300 ᠭᠠᠷᠤᠢ ᠪᠦᠲᠦᠭᠡᠯ ᠵᠣᠬᠢᠶᠠᠨ ᠪᠦᠲᠦᠭᠡᠵᠦ᠍᠂ ᠦᠯᠢᠭᠡᠷ 《ᠲᠠᠯ᠎ᠠ ᠨᠤᠲᠤᠭ᠎ᠤᠨ ᠬᠥᠪᠡᠭᠦᠨ》᠂ ᠢᠵᠠᠭᠤᠷ ᠳᠠᠭᠤᠤ ᠬᠥᠭ᠌ᠵᠢᠮᠦᠨᠦᠳᠡᠱᠢᠯᠡᠭᠡ《ᠮᠠᠯᠴᠢᠨᠲᠦᠮᠡᠨᠡᠪ ᠬᠠᠮᠲᠤᠨᠠᠮᠢᠶᠠᠨ ᠮᠠᠭ᠍ᠲᠠᠨ ᠳᠠᠭᠤᠯᠠᠨ᠎ᠠ》 ᠨᠢ ᠨᠠᠮ ᠪᠠᠢᠭᠤᠯᠤᠭ᠍ᠳᠠᠭ᠍ᠰᠠᠨ 100 ᠵᠢᠯ᠎ᠦᠨ ᠤᠢ᠎ᠶ᠋ᠢᠨ 《ᠵᠠᠭᠤᠨ ᠵᠢᠯ᠎ᠤᠨ ᠵᠡᠭᠤᠨ ᠪᠦᠲᠦᠭᠡᠯ》᠎ᠤ᠋ᠨ ᠱᠢᠯᠢᠳᠡᠭ ᠪᠠᠭ᠎ᠠ ᠬᠡᠯᠪᠡᠷᠢ᠎ᠶ᠋ᠢᠨ ᠪᠦᠲᠦᠭᠡᠯ᠎ᠦᠨ ᠨᠡᠷᠡᠰ᠎ᠲᠦ ᠰᠣᠩᠭᠣᠭ᠍ᠳᠠᠵᠠᠢ᠃
2021 ᠣᠨ᠎ᠳᠤ᠂ ᠶᠡᠷᠦᠩᠬᠡᠢ ᠱᠦᠵᠢ ᠰᠢ᠎ᠶ᠋ᠢᠨ ᠫᠢᠩ᠎ᠦᠨ《7·1》 ᠤ᠋ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠠᠷᠠᠳ ᠲᠦᠮᠡᠨ ᠢᠶᠡᠷ ᠭᠣᠣᠯ ᠪᠣᠯᠭᠠᠬᠤ ᠵᠣᠬᠢᠶᠠᠨ ᠪᠦᠲᠦᠭᠡᠬᠦ᠌ ᠤᠳᠤᠷᠢᠳᠤᠮᠵᠢ᠎ᠶ᠋ᠢ ᠪᠠᠷᠢᠮᠲᠠᠯᠠᠨ᠂ ᠤᠯᠤᠰ᠎ᠢᠶᠠᠨ ᠬᠠᠢᠷᠠᠯᠠᠬᠤ ᠦᠵᠡᠯ᠂ ᠨᠠᠮ ᠪᠠᠢᠭᠤᠯᠤᠭ᠍ᠳᠠᠭ᠍ᠰᠠᠨ100 ᠵᠢᠯ᠎ᠦᠨ ᠤᠢ᠂ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠬᠦᠴᠦᠷᠬᠡᠭ ᠤᠯᠤᠰ᠎ᠤᠨ ᠱᠢᠨ᠎ᠡ ᠠᠶᠠᠨ᠎ᠢ ᠡᠬᠢᠯᠡᠭᠦᠯᠬᠦ᠌᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠵᠡᠷᠭᠡ ᠭᠣᠣᠯ ᠰᠡᠳᠦᠪ᠎ᠦᠨ ᠲᠣᠭᠣᠷᠢᠨ᠎ᠳᠤ ᠨᠢᠭᠡ ᠪᠦᠯᠦᠭ ᠤᠯᠠᠭᠠᠨᠮᠥ᠋ᠴᠢᠷ᠎ᠦᠨ ᠵᠢᠵᠢᠭ ᠬᠡᠯᠪᠡᠷᠢ᠎ᠶ᠋ᠢᠨ᠂ ᠲᠦᠷᠭᠡᠨ᠂ ᠠᠮᠢᠳᠤᠯᠢᠭ ᠣᠨᠴᠠᠯᠢᠭ᠎ᠲᠠᠶ ᠳᠠᠭᠤᠤ᠂ ᠪᠥᠵᠢᠭ᠂ ᠬᠥᠭ᠌ᠵᠢᠮ᠂ ᠳᠠᠭᠤᠷᠢᠯᠢᠭ ᠵᠢᠴᠢ ᠱᠣᠭ ᠵᠦᠴᠦᠭᠡ ᠵᠣᠬᠢᠶᠠᠨ ᠪᠦᠲᠦᠭᠡᠪᠡ᠃
ᠤᠯᠠᠭᠠᠨᠮᠥ᠋ᠴᠢᠷ ᠴᠠᠭ ᠦᠶ᠎ᠡ᠎ᠲᠡᠶ ᠵᠡᠷᠭᠡ᠎ᠪᠡᠷ ᠤᠷᠤᠭ᠍ᠰᠢᠯᠠᠨ ᠱᠢᠨ᠎ᠡ ᠵᠦᠴᠦᠭᠡ ᠨᠠᠢᠷᠠᠭᠤᠯᠤᠨ᠂ ᠲᠣᠭ᠍ᠯᠠᠯᠲᠠ ᠶ᠋ᠢᠨ ᠬᠡᠯᠪᠡᠷᠢ ᠪᠡᠨ ᠱᠢᠨᠡᠴᠢᠯᠡᠵᠦ᠍᠂ ᠠᠭᠤᠯᠭ᠎ᠠ ᠪᠠᠨ ᠪᠠᠶᠠᠯᠢᠭ᠍ᠵᠢᠭᠤᠯᠤᠨ᠂ ᠣᠯᠠᠨ ᠲᠦᠮᠡᠨ᠎ᠲᠡᠶ ᠣᠢᠷᠠᠲᠤᠭ᠍ᠰᠠᠨ᠂ ᠳᠡᠯᠭᠡᠷᠡᠵᠦ᠍ ᠳᠡᠢᠯᠬᠦ᠌᠂ ᠦᠯᠡᠳᠡᠭᠡᠵᠦ᠍ ᠳᠡᠢᠯᠬᠦ᠌ ᠨᠠᠩ ᠣᠯᠠᠨ ᠱᠢᠯᠢᠳᠡᠭ ᠪᠦᠲᠦᠭᠡᠯ᠎ᠢ ᠵᠣᠬᠢᠶᠠᠨ ᠪᠦᠲᠦᠭᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠤᠤᠯ ᠦᠵᠡᠯ ᠰᠠᠨᠠᠭ᠎ᠠ᠎ᠶ᠋ᠢ ᠢᠯᠡᠷᠡᠭᠦᠯᠦᠭᠰᠡᠨ ᠪᠠᠢᠨ᠎ᠠ᠃
ᠠᠮᠢᠳᠤᠷᠠᠯ᠎ᠤᠨ ᠱᠢᠮᠡᠯᠢᠭ ᠬᠥᠷᠥᠰᠥᠨ᠎ᠳᠦ ᠦᠨᠳᠦᠰᠦᠯᠡᠵᠦ᠍ ᠠᠷᠠᠳ ᠲᠦᠮᠡᠨ᠎ᠳᠦ ᠦᠶ᠋ᠯᠡᠴᠢᠯᠡᠪᠠ
ᠣᠢᠷ᠎ᠠ᠎ᠶ᠋ᠢᠨ ᠵᠢᠯ᠂ ᠪᠥᠬᠥ᠌ ᠣᠷᠣᠨ᠎ᠤ ᠤᠯᠠᠭᠠᠨᠮᠥ᠋ᠴᠢᠷ 《ᠲᠠᠯ᠎ᠠ ᠨᠤᠲᠤᠭ᠎ᠤᠨ ᠤᠳᠭ᠎ᠠ ᠤᠷᠠᠯᠢᠭ᠎ᠢ ᠡᠳᠦᠷ ᠪᠦᠷᠢ ᠲᠤᠭᠯᠠᠨ᠎ᠠ》 ᠠᠷᠠᠳ᠎ᠲᠤ ᠠᠱᠢᠭ ᠬᠦᠷᠲᠡᠭᠡᠬᠦ᠌ ᠲᠣᠭ᠍ᠯᠠᠯᠲᠠ ᠶ᠋ᠢᠨ ᠢᠨᠵᠧᠨᠧᠷᠢᠩ᠎ᠢ ᠵᠣᠬᠢᠶᠠᠨ ᠪᠠᠢᠭᠤᠯᠵᠦ᠍᠂ ᠵᠢᠯ ᠪᠦᠷᠢ 8000 ᠲᠠᠯᠠᠪᠠᠶ᠎ᠠᠴᠠ ᠳᠡᠭᠡᠭ᠌ᠰᠢ ᠦᠶ᠋ᠯᠡᠴᠢᠯᠡᠭᠡ ᠬᠠᠩᠭᠠᠪᠠ᠃
2019 ᠣᠨ᠎ᠳᠤ ᠠᠯᠠᠱᠠ ᠵᠡᠭᠦᠨ ᠬᠣᠱᠢᠭᠤᠨ᠎ᠳᠤ ᠨᠠᠶ᠋ᠮᠠᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭᠠᠨᠮᠥ᠋ᠴᠢᠷ᠎ᠦᠨ ᠤᠷᠠᠯᠢᠭ᠎ᠤᠨ ᠨᠠᠢᠷ᠎ᠢ ᠠᠮᠵᠢᠯᠲᠠ᠎ᠲᠠᠶ ᠡᠷᠭᠢᠯᠡᠵᠦ᠍᠂ ᠥᠪᠥᠷ ᠮᠣᠩᠭᠣᠯ ᠵᠢᠴᠢ ᠱᠢᠨᠵᠢᠶᠠᠩ᠂ ᠬᠥᠬᠡᠨᠠᠭᠤᠷ᠂ ᠭᠠᠨᠰᠦ᠂ ᠭᠢᠷᠢᠨ ᠡᠴᠡ ᠢᠷᠡᠭ᠌ᠰᠡᠨ 22 ᠤᠯᠠᠭᠠᠨᠮᠥ᠋ᠴᠢᠷ᠎ᠢ ᠤᠷᠢᠵᠤ᠂ ᠨᠡᠢᠲᠡ 67 ᠲᠠᠯᠠᠪᠠᠶ ᠲᠣᠭ᠍ᠯᠠᠯᠲᠠ ᠭᠠᠷᠭᠠᠵᠤ᠂ 1.5 ᠭᠠᠷᠤᠢ ᠲᠦᠮᠡᠨ ᠺᠢᠯᠣᠮᠧᠲ᠋ᠷ ᠠᠶᠠᠯᠠᠵᠦ᠂ 15 ᠲᠦᠮᠡᠨ ᠬᠥᠮᠦᠨ ᠤᠳᠠᠭ᠎ᠠ᠎ᠳᠤ ᠠᠱᠢᠭ ᠬᠦᠷᠲᠡᠭᠡᠵᠠᠢ᠃

ᠨᠠᠢ᠍ᠮᠠᠳᠤᠭᠠᠷ ᠬᠤᠭᠤᠴᠠᠭᠠᠨ᠎ᠤ ᠥᠪᠤᠷ ᠮᠤᠨᠭᠭᠤᠯ᠎ᠤᠨ ᠦᠪᠡᠷᠳᠡᠭᠡᠨ ᠵᠠᠰᠠᠬᠤ ᠤᠷᠤᠨ ᠤ ᠤᠯᠠᠭᠠᠨᠮᠦ᠋ᠴᠢᠷ᠎ᠤᠨ ᠨᠠᠢᠷ
2021 ᠣᠨ᠎ᠤ 6 ᠰᠠᠷ᠎ᠠ᠎ᠶ᠋ᠢᠨ 17᠎ᠤ᠋ ᠡᠳᠦᠷ᠎ᠡᠴᠡ 7 ᠰᠠᠷ᠎ᠠ᠎ᠶ᠋ᠢᠨ 17᠎ᠤ᠋ ᠡᠳᠦᠷ ᠪᠣᠯᠲᠠᠯ᠎ᠠ᠂ ᠡᠯ᠎ᠡ ᠤᠯᠠᠭᠠᠨᠮᠥ᠋ᠴᠢᠷ᠎ᠦᠨ᠎ᠬᠢᠨ ᠪᠥᠬᠥ᠌ ᠣᠷᠣᠨ᠎ᠤ ᠬᠡᠪᠴᠢᠶᠡᠨ᠎ᠳᠦ 《ᠥᠨᠢ ᠡᠭᠦᠷᠢᠳᠡ ᠨᠠᠮ᠎ᠢᠶᠠᠨ ᠳᠠᠭᠠᠵᠤ ᠤᠷᠤᠭ᠍ᠰᠢᠯᠠᠨ᠎ᠠ — 2021 ᠣᠨ᠎ᠤ ᠪᠥᠬᠥ᠌ ᠣᠷᠣᠨ᠎ᠤ ᠤᠯᠠᠭᠠᠨᠮᠥ᠋ᠴᠢᠷ᠎ᠦᠨ ᠰᠠᠷ᠎ᠠ》 ᠵᠢᠨ ᠤᠷᠠᠨ ᠰᠠᠢᠬᠠᠨ᠎ᠤ ᠲᠣᠭ᠍ᠯᠠᠯᠲᠠ᠎ᠶ᠋ᠢ 1500 ᠭᠠᠷᠤᠶ ᠲᠠᠯᠠᠪᠠᠶ ᠤᠳᠠᠭ᠎ᠠ ᠥᠷᠨᠢᠭᠦᠯᠵᠦ᠍᠂ ᠡᠭᠦᠨ᠎ᠳᠦ 200 ᠭᠠᠷᠤᠶ ᠲᠠᠯᠠᠪᠠᠶ ᠲᠣᠭ᠍ᠯᠠᠯᠲᠠ ᠰᠣᠯᠢᠯᠴᠠᠵᠠᠢ᠃

ᠪᠠᠭᠠᠷᠢᠨ ᠪᠠᠷᠠᠭᠤᠨ ᠬᠤᠰᠢᠭᠤᠨ᠎ᠤ ᠤᠯᠠᠭᠠᠨᠮᠦ᠋ᠴᠢᠷ 《ᠦᠨᠢ ᠡᠬᠦᠷᠢᠳᠡ ᠨᠠᠮ᠎ᠢᠶᠡᠨ ᠳᠠᠭᠠᠶ᠎ᠠ 2021 ᠤᠨ᠎ᠤ ᠤᠯᠠᠭᠠᠨᠮᠦ᠋ᠴᠢᠷ᠎ᠤᠨ ᠰᠠᠷ᠎ᠠ》 ᠶᠢᠨ ᠠᠵᠢᠯᠯᠠᠭ᠎ᠠ ᠦᠷᠨᠢᠬᠦᠯᠪᠡ
ᠠᠮᠢᠳᠤᠷᠠᠯ᠎ᠤᠨ ᠱᠢᠮᠡᠯᠢᠭ ᠬᠥᠷᠥᠰᠥᠨ᠎ᠳᠦ ᠦᠨᠳᠦᠰᠦᠯᠡᠨ᠂ ᠥᠷᠭᠡᠨ ᠤᠯᠠᠨ ᠠᠷᠠᠳ ᠲᠦᠮᠡᠨ᠎ᠳᠦ ᠦᠢᠯᠡᠴᠢᠯᠡᠵᠤ᠂ ᠲᠣᠭ᠍ᠯᠠᠯᠲᠠ ᠪᠣᠯᠤᠨ ᠦᠢᠯᠡᠴᠢᠯᠡᠭᠡ᠎ᠶ᠋ᠢ ᠤᠶᠠᠯᠳᠤᠭᠤᠯᠤᠭ᠍ᠰᠠᠨ ᠤᠯᠠᠭᠠᠨᠮᠥ᠋ᠴᠢᠷ ᠲᠠᠯ᠎ᠠ ᠨᠤᠲᠤᠭ᠎ᠤᠨ ᠥᠨᠴᠥᠭ ᠪᠤᠯᠤᠩ᠎ᠢᠶᠠᠷ ᠭᠦᠨᠵᠡᠭᠡᠢᠷᠡᠵᠤ᠂ ᠬᠡᠳᠦᠨ ᠲᠦᠮᠡᠨ ᠮᠠᠯᠴᠢᠨ ᠲᠠᠷᠢᠶᠠᠴᠢᠨ᠎ᠳᠦ ᠬᠠᠯᠠᠭᠤᠨ ᠳᠤᠯᠠᠭᠠᠨ ᠦᠢᠯᠡᠴᠢᠯᠡᠭᠡ ᠬᠠᠩᠭᠠᠵᠤ᠂ ᠨᠠᠮ᠎ᠤᠨ ᠬᠠᠢᠷ᠎ᠠ ᠬᠠᠯᠠᠮᠵᠢ ᠪᠣᠯᠤᠨ ᠲᠠᠭᠤᠨ᠎ᠢ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠰᠡᠳᠭᠢᠯ᠎ᠳᠦ ᠳᠠᠮᠵᠢᠭᠤᠯᠪᠠ᠃ ᠭᠡᠱᠢᠭᠦᠳ᠎ᠦᠨ 《ᠨᠢᠭᠡ᠎ᠳᠦ ᠮᠡᠷᠭᠡᠱᠢᠵᠦ᠍ ᠣᠯᠠᠨ᠎ᠳᠤ ᠴᠠᠭᠠᠷᠠᠬᠤ》ᠳᠠᠪᠠᠭᠤᠯᠢᠭ᠎ᠢ ᠪᠠᠳᠠᠷᠠᠭᠤᠯᠵᠤ᠂ ᠪᠦᠬᠦ᠌ ᠣᠷᠣᠨ᠎ᠤ ᠡᠯ᠎ᠡ ᠱᠠᠲᠤᠨ᠎ᠤ ᠤᠯᠠᠭᠠᠨᠮᠥ᠋ᠴᠢᠷ ᠵᠢᠯ ᠳᠤᠮᠳᠠᠴᠢ᠎ᠪᠠᠷ 3000 ᠭᠠᠷᠤᠢ ᠤᠳᠠᠭ᠎ᠠ ᠰᠠᠢᠨ ᠳᠤᠷ᠎ᠠ᠎ᠶ᠋ᠢᠨ ᠶᠡᠷᠦᠩᠬᠡᠢᠯᠡᠭ᠌ᠰᠡᠨ ᠦᠢᠯᠡᠴᠢᠯᠡᠭᠡ ᠬᠠᠩᠭᠠᠵᠤ᠂ 80 ᠭᠠᠷᠤᠢ ᠲᠦᠮᠡᠨ ᠬᠥᠮᠦᠨ(ᠤᠳᠠᠭ᠎ᠠ)᠎ᠳ᠋ᠤ ᠦᠢᠯᠡᠴᠢᠯᠡᠪᠡ᠃
ᠵᠢᠭ᠍ᠰᠠᠭᠠᠯ᠎ᠤᠨ ᠭᠠᠵᠠᠷᠤᠨᠴᠢᠳᠠᠪᠬᠢᠶ᠋ᠢ ᠥᠷᠭᠡᠳᠭᠡᠵᠦ᠍ ᠬᠠᠭᠤᠴᠢᠨ᠎ᠢ ᠥᠭᠡᠷᠡᠴᠢᠯᠡᠨ ᠱᠢᠨ᠎ᠡ᠎ᠶ᠋ᠢ ᠡᠭᠦᠳᠪᠡ
ᠱᠢᠨ᠎ᠡ ᠴᠠᠭ ᠦᠶ᠎ᠡ᠎ᠳᠦ ᠮᠠᠯᠴᠢᠨ ᠲᠠᠷᠢᠶᠠᠴᠢᠨ᠎ᠤ ᠱᠢᠨ᠎ᠡ ᠱᠠᠭᠠᠷᠳᠠᠯᠭ᠎ᠠ ᠱᠢᠨ᠎ᠡ ᠬᠤᠪᠢᠷᠠᠯᠲᠠ ᠶ᠋ᠢ ᠦᠨᠳᠦᠰᠦᠯᠡᠨ᠂ ᠤᠯᠠᠭᠠᠨᠮᠥ᠋ᠴᠢᠷ ᠱᠢᠯᠢᠳᠡᠭ ᠤᠯᠠᠮᠵᠢᠯᠠᠯ᠎ᠢᠶᠠᠨ ᠵᠠᠯᠭᠠᠮᠵᠢᠯᠠᠭ᠍ᠰᠠᠨ ᠰᠠᠭᠤᠷᠢᠨ ᠳᠡᠭᠡᠷ᠎ᠡ ᠵᠢᠭ᠍ᠰᠠᠭᠠᠯ᠎ᠤᠨ ᠭᠠᠵᠠᠷ᠎ᠤᠨ ᠴᠢᠳᠠᠪᠬᠢ᠎ᠪᠠᠨ ᠥᠷᠭᠡᠳᠭᠡᠵᠦ᠍ ᠬᠠᠭᠤᠴᠢᠨ᠎ᠢ ᠥᠭᠡᠷᠡᠴᠢᠯᠡᠨ ᠱᠢᠨ᠎ᠡ᠎ᠶ᠋ᠢ ᠡᠭᠦᠳᠴᠦ᠍᠂ ᠤᠤᠯ ᠤ᠋ᠨ《ᠤᠬᠠᠭᠤᠯᠬᠤ᠂ ᠲᠣᠭ᠍ᠯᠠᠯᠲᠠ ᠭᠠᠷᠭᠠᠬᠤ᠂ ᠬᠠᠪᠰᠤᠷᠤᠨ ᠵᠢᠯᠣᠭᠣᠳᠭᠤ᠂ ᠦᠶ᠋ᠯᠡᠴᠢᠯᠡᠬᠦ᠌》 4 ᠵᠦᠶ᠋ᠯ᠎ᠦᠨ ᠡᠭᠦᠷᠭᠡ ᠬᠠᠷᠢᠭᠤᠴᠠᠯᠭ᠎ᠠ᠎ᠪᠠᠨ《ᠵᠣᠬᠢᠶᠠᠨ ᠪᠦᠲᠦᠭᠡᠬᠦ᠌᠂ ᠲᠣᠭ᠍ᠯᠠᠯᠲᠠ ᠭᠠᠷᠭᠠᠬᠤ᠂ ᠤᠬᠠᠭᠤᠯᠬᠤ᠂ ᠬᠠᠪᠰᠤᠷᠤᠨ ᠵᠢᠯᠣᠭᠣᠳᠭᠤ᠂ ᠦᠶ᠋ᠯᠡᠴᠢᠯᠡᠬᠦ᠌᠂ ᠤᠯᠠᠮᠵᠢᠯᠠᠨ ᠵᠠᠯᠭᠠᠮᠵᠢᠯᠠᠬᠤ᠂ ᠱᠢᠨ᠎ᠡ᠎ᠶ᠋ᠢ ᠡᠭᠦᠳᠬᠦ᠌ ᠪᠠ ᠭᠠᠳᠠᠭᠠᠳᠤ᠎ᠯᠤᠭ᠎ᠠ᠎ᠶ᠋ᠢᠨ ᠰᠣᠶᠣᠯ᠎ᠤᠨ ᠰᠣᠯᠢᠯᠴᠠᠭ᠎ᠠ》8 ᠵᠦᠶ᠋ᠯ᠎ᠦᠨ ᠡᠭᠦᠷᠭᠡ ᠴᠢᠳᠠᠪᠬᠢ ᠪᠣᠯᠭᠠᠨ ᠥᠷᠭᠡᠳᠭᠡᠵᠦ᠍᠂ ᠤᠬᠠᠭᠤᠯᠤᠨ ᠬᠠᠪᠰᠤᠷᠤᠨ ᠵᠢᠯᠣᠭᠣᠳᠭᠤ ᠲᠠᠯ᠎ᠠ᠎ᠪᠠᠷ᠂ ᠲᠥᠪ᠎ᠦᠨ ᠪᠠ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ᠎ᠳᠤ ᠦᠶ᠋ᠯᠡᠴᠢᠯᠡᠵᠦ᠍᠂ ᠱᠢᠨ᠎ᠡ ᠴᠠᠭ ᠦᠶ᠎ᠡ᠎ᠶ᠋ᠢᠨ ᠮᠠᠯᠴᠢᠨ ᠲᠠᠷᠢᠶᠠᠴᠢᠨ ᠣᠯᠠᠨ ᠲᠦᠮᠡᠨ᠎ᠳᠦ ᠣᠨᠣᠴᠠᠲᠠᠶ ᠦᠶ᠋ᠯᠡᠴᠢᠯᠡᠭᠡ᠎ᠶ᠋ᠢ ᠲᠠᠰᠤᠷᠠᠯᠲᠠ ᠥᠬᠡᠶ ᠬᠠᠩᠭᠠᠪᠠ᠃
ᠰᠦᠯᠵᠢᠶᠡᠨ ᠳᠡᠭᠡᠷᠡᠬᠢ ᠤᠯᠠᠭᠠᠨᠮᠥ᠋ᠴᠢᠷ᠎ᠢ 《ᠪᠥᠬᠥ᠌ ᠣᠷᠣᠨ᠎ᠤ ᠰᠤᠷᠲᠠᠯ ᠤᠬᠠᠭᠤᠯᠭ᠎ᠠ ᠰᠣᠶᠣᠯ᠎ᠤᠨ ᠱᠢᠰᠲ᠋ᠧᠮ᠎ᠦᠨ ᠬᠡᠷᠡᠭ᠌ᠯᠡᠭᠡᠨ᠎ᠦ ᠲᠣᠮᠣ ᠳ᠋ᠠᠢᠲ᠋ᠠ᠎ᠶ᠋ᠢᠨ ᠱᠢᠰᠲ᠋ᠧᠮ》᠎ᠤ᠋ᠨ ᠪᠠᠢᠭᠤᠯᠤᠯᠲᠠ᠎ᠳᠤ ᠣᠷᠣᠭᠤᠯᠵᠤ᠂ ᠲᠣᠭᠠᠴᠢᠯᠠᠭ᠍ᠰᠠᠨ《ᠬᠤᠪᠢᠰᠭᠠᠯᠲᠤ ᠤᠳᠭ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ》 ᠢ᠋ ᠴᠣᠭ᠍ᠴᠠᠯᠠᠨ᠂ ᠰᠤᠷᠤᠯᠴᠠᠯᠭ᠎ᠠ᠎ᠶ᠋ᠢᠨ ᠬᠦᠴᠦᠷᠬᠡᠭ ᠤᠯᠤᠰ᠂ ᠷᠠᠳᠢᠣ᠋ ᠲᠧᠯᠸᠢᠰ᠎ᠦᠨ ᠰᠦᠯᠵᠢᠶ᠎ᠡ ᠵᠡᠷᠭᠡ᠎ᠳᠦ《ᠤᠯᠠᠭᠠᠨᠮᠥ᠋ᠴᠢᠷ᠎ᠦᠨ ᠲᠤᠰᠭᠠᠶ ᠲᠣᠭᠣᠷᠢᠭ》 ᠢ᠋ ᠪᠠᠢᠭᠤᠯᠵᠤ᠂ ᠤᠯᠠᠭᠠᠨᠮᠥ᠋ᠴᠢᠷ᠎ᠦᠨ ᠫᠷᠤᠭ᠌ᠷᠠᠮ᠎ᠢ ᠲᠤᠬᠠᠶ᠎ᠶ᠋ᠢᠨ ᠴᠠᠭᠲᠤᠨᠢ ᠨᠡᠪᠲᠡᠷᠡᠭᠦᠯᠬᠦ᠌᠎ᠶ᠋ᠢ ᠪᠡᠶᠡᠯᠡᠭᠦᠯᠵᠠᠢ᠃
ᠬᠢᠵᠢᠭ᠎ᠦᠨ ᠪᠠᠢᠳᠠᠯ᠎ᠤᠨ ᠬᠤᠭᠤᠴᠠᠭᠠᠨ᠎ᠳᠤ ᠡᠯᠡᠤᠯᠠᠭᠠᠨᠮᠥ᠋ᠴᠢᠷᠦᠨᠬᠢᠨ ᠠᠵᠢᠯ᠎ᠤᠨ ᠠᠷᠭ᠎ᠠ ᠬᠡᠮᠵᠢᠶ᠎ᠡ᠎ᠳᠡᠭᠡᠨ ᠲᠣᠬᠢᠷᠠᠭᠤᠯᠤᠯᠲᠠ ᠬᠢᠵᠦ᠍᠂ ᠪᠥᠬᠥ᠌ ᠣᠷᠣᠨ᠎ᠤ ᠤᠯᠠᠭᠠᠨᠮᠥ᠋ᠴᠢᠷ᠎ᠦᠨ ᠭᠡᠱᠢᠭᠦᠳ ᠬᠡᠷ᠎ᠲᠡᠬᠡᠨ ᠸᠢᠳᠢᠣ᠋ ᠱᠢᠩᠭᠡᠭᠡᠬᠦ᠌ ᠪᠤᠶᠤ ᠱᠢᠭᠤᠳ ᠨᠡᠪᠲᠡᠷᠡᠭᠦᠯᠵᠦ᠍᠂ ᠠᠷᠠᠳ᠎ᠤᠨ ᠰᠦᠯᠵᠢᠶ᠎ᠡ᠂ ᠱᠢᠨᠬᠤᠸᠠ ᠰᠦᠯᠵᠢᠶ᠎ᠡ᠂ ᠴᠤᠤᠷᠢᠶ᠎ᠠ᠂ ᠪᠤᠱᠢᠭᠤ ᠭᠠᠷ ᠵᠡᠷᠭᠡ᠎ᠪᠡᠷ ᠳᠠᠮᠵᠢᠭᠤᠯᠤᠨ 2.5 ᠳ᠋ᠦᠩᠱᠢᠭᠤᠷ ᠤᠳᠠᠭ᠎ᠠ ᠨᠡᠪᠲᠡᠷᠡᠭᠦᠯᠪᠡ᠃《ᠬᠤᠪᠸᠢ᠎ᠲᠠᠢ ᠰᠡᠳᠭᠢᠯ ᠨᠢᠭᠡᠳᠦᠨ ᠬᠢᠵᠢᠭ ᠲᠡᠶ ᠲᠡᠮᠡᠴᠡᠵᠦ᠍ ᠲᠠᠯ᠎ᠠ ᠨᠤᠲᠤᠭ᠎ᠤᠨ ᠳᠠᠭᠤᠤ ᠬᠥᠭ᠌ᠵᠢᠮ ᠲᠠᠨ᠎ᠳᠤ ᠬᠦᠴᠦ᠍ ᠨᠡᠮᠡᠷᠢᠯᠡᠨ᠎ᠡ》 ᠭᠡᠬᠦ᠌ ᠣᠬᠣᠷ ᠸᠢᠳᠢᠣ᠋᠎ᠶ᠋ᠢ ᠨᠡᠢᠲᠡᠯᠡᠵᠦ᠍᠂ ᠲᠦᠮᠡ ᠭᠠᠷᠤᠶ ᠪᠦᠲᠦᠭᠡᠯ ᠨᠡᠢᠲᠡᠯᠡᠨ᠂ ᠨᠡᠪᠲᠡᠷᠡᠭᠦᠯᠦᠭ᠌ᠰᠡᠨ ᠬᠡᠮᠵᠢᠶ᠎ᠡ᠎ᠨᠢ 7.3 ᠳ᠋ᠦᠩᠱᠢᠭᠤᠷ ᠤᠳᠠᠭ᠎ᠠ ᠬᠦᠷᠴᠦ᠍᠂ ᠪᠥᠬᠥ᠌ ᠤᠯᠤᠰ᠎ᠤᠨ ᠠᠩᠬᠠᠳᠠᠭ᠍ᠴᠢ《ᠰᠦᠯᠵᠢᠶᠡᠨ ᠳᠡᠭᠡᠷᠡᠬᠢ ᠤᠳᠭ᠎ᠠ ᠤᠷᠠᠯᠢᠭ》ᠵᠢᠡᠷ ᠳᠠᠮᠵᠢᠭᠤᠯᠤᠨ ᠬᠤᠪᠸᠢ᠎ᠶ᠋ᠢ ᠲᠣᠬᠣᠨᠢᠭᠤᠯᠤᠭ᠍ᠰᠠᠨ ᠤᠷᠠᠯᠢᠭ᠎ᠤᠨ ᠪᠦᠯᠬᠦᠮ ᠪᠣᠯᠵᠠᠶ᠃

ᠡᠵᠡᠨ᠎ᠡ ᠬᠤᠰᠢᠭᠤᠨ ᠤ ᠤᠯᠠᠭᠠᠨᠮᠦ᠋ᠴᠢᠷ ᠬᠢᠵᠢᠭ᠎ᠤᠨ
ᠪᠠᠢᠳᠠᠯ᠎ᠢ ᠰᠡᠷᠭᠡᠢᠯᠡᠨ ᠡᠵᠡᠮᠳᠡᠬᠦ᠎ᠳᠤ ᠬᠦᠴᠦᠨ ᠨᠡᠮᠡᠷᠢᠯᠡᠪᠡ
ᠤᠯᠠᠭᠠᠨᠮᠥ᠋ᠴᠢᠷ ᠦᠨ ᠦᠶ᠋ᠯᠡᠴᠢᠯᠡᠭᠡᠨ ᠦ ᠬᠡᠯᠪᠡᠷᠢ ᠶ᠋ᠢ ᠤᠯᠠᠮ ᠨᠢᠭᠡ ᠠᠯᠬᠤᠮ ᠱᠢᠨᠡᠴᠢᠯᠡᠵᠦ᠍᠂ ᠬᠢᠵᠢᠭ᠎ᠦᠨ ᠪᠠᠢᠳᠠᠯ᠎ᠢ ᠪᠠᠢᠩᠭᠤᠵᠢᠭᠤᠯᠤᠨ ᠰᠡᠷᠭᠡᠢᠯᠡᠨ ᠡᠵᠡᠮᠳᠡᠬᠦ᠌ ᠪᠣᠳᠠᠲᠠᠶ ᠲᠠᠶ ᠵᠣᠬᠢᠴᠠᠭᠤᠯᠬᠤ᠎ᠶ᠋ᠢᠨ ᠲᠥᠯᠥᠭᠡ᠂《2020 ᠣᠨ᠎ᠤ ᠰᠦᠯᠵᠢᠶᠡᠨ ᠳᠡᠭᠡᠷᠡᠬᠢ ᠤᠯᠠᠭᠠᠨᠮᠥ᠋ᠴᠢᠷ᠎ᠦᠨ ᠠᠵᠢᠯ᠎ᠤᠨ ᠲᠥᠰᠦᠯ》 ᠢ᠋ ᠲᠣᠭ᠍ᠲᠠᠭᠠᠨ ᠬᠡᠷᠡᠭ᠌ᠵᠢᠭᠦᠯᠵᠦ᠍ ᠂ 24 ᠴᠠᠭ᠎ᠤᠨ 《ᠰᠦᠯᠵᠢᠶᠡᠨ ᠳᠡᠭᠡᠷᠡᠬᠢ ᠤᠯᠠᠭᠠᠨᠮᠥ᠋ᠴᠢᠷ》᠎ᠢ᠋ ᠪᠠᠢᠭᠤᠯᠪᠠ᠃ 2020 ᠣᠨ᠎ᠠᠴᠠ 2021 ᠤᠨ ᠪᠣᠯᠲᠠᠯ᠎ᠠ᠂ ᠰᠦᠯᠵᠢᠶᠡᠨ᠎ᠦ ᠲᠠᠪᠴᠠᠩ᠎ᠢᠶᠠᠷ ᠳᠠᠮᠵᠢᠭᠤᠯᠤᠨ ᠦᠨᠳᠦᠰᠦᠨ ᠱᠠᠲᠤᠨ᠎ᠤ ᠮᠠᠯᠴᠢᠨ ᠲᠠᠷᠢᠶᠠᠴᠢᠨ᠎ᠳᠤ ᠮᠡᠷᠭᠡᠵᠢᠯ ᠴᠢᠳᠠᠪᠤᠷᠢ ᠤᠯᠠᠮᠵᠢᠯᠠᠬᠤ᠂ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠂ ᠦᠨᠳᠦᠰᠦᠲᠡᠨ᠎ᠦ ᠪᠦᠯᠬᠦᠮᠳᠡᠯ ᠵᠡᠷᠭᠡ ᠦᠶ᠋ᠯᠡᠴᠢᠯᠡᠭᠡ᠎ᠶ᠋ᠢ 3000 ᠭᠠᠷᠤᠶ ᠤᠳᠠᠭ᠎ᠠ ᠬᠠᠩᠭᠠᠵᠤ᠂ ᠰᠦᠯᠵᠢᠶᠡᠨ ᠳᠡᠭᠡᠷᠡᠬᠢ ᠤᠷᠠᠯᠢᠭ᠎ᠤᠨ ᠪᠣᠯᠪᠠᠰᠤᠷᠠᠯ ᠰᠣᠯᠢᠯᠴᠠᠭ᠎ᠠ 700 ᠭᠠᠷᠤᠶ ᠤᠳᠠᠭ᠎ᠠ ᠶᠠᠪᠤᠭ᠍ᠳᠠᠭᠤᠯᠪᠠ᠃ ᠰᠦᠯᠵᠢᠶᠡᠨ᠎ᠦ ᠤᠳᠭ᠎ᠠ ᠤᠷᠠᠯᠢᠭ᠎ᠤᠨ ᠱᠢᠭᠤᠳ ᠨᠡᠪᠲᠡᠷᠡᠭᠦᠯᠭᠡ᠂ ᠭᠠᠭ᠍ᠴᠠ ᠲᠦᠷᠦᠯ᠎ᠦᠨ ᠲᠣᠭ᠍ᠯᠠᠯᠲᠠ 7000 ᠭᠠᠷᠤᠢ ᠲᠠᠯᠠᠪᠠᠢ ᠤᠳᠠᠭ᠎ᠠ ᠥᠷᠨᠢᠭᠦᠯᠵᠦ᠍᠂ 《ᠬᠤᠪᠢᠰᠭᠠᠯᠲᠤ ᠤᠳᠭ᠎ᠠ ᠤᠷᠠᠯᠢᠭ᠎ᠤᠨ ᠬᠦᠩᠭᠡᠨ ᠮᠣᠷᠢᠲᠤ ᠴᠡᠷᠢᠭ》 ᠤ᠋ᠨ ᠴᠢᠬᠤᠯᠠ ᠦᠢᠯᠡᠳᠦᠯ᠎ᠢ ᠭᠦᠢᠴᠡᠳ ᠪᠠᠳᠠᠷᠠᠭᠤᠯᠤᠭᠰᠠᠨ ᠪᠠᠢᠨ᠎ᠠ᠃