ᠦᠨᠳᠦᠰᠦᠲᠡᠨ ᠨᠤᠬᠦᠳ᠎ᠤᠨ ᠬᠠᠮᠲᠦ ᠪᠡᠷ ᠪᠢᠴᠢᠭᠯᠡᠭᠰᠡᠨ ᠪᠦᠯᠬᠦᠮᠲᠡᠯ ᠳᠠᠪᠰᠢᠯᠳᠠ ᠵᠢᠨ ᠰᠢᠨ᠎ᠡ ᠬᠠᠭᠤᠳᠠᠰᠤ
2021-11-24 09:45:36
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠪᠣᠯ ᠮᠠᠨ᠎ᠤ ᠤᠯᠤᠰ᠎ᠤᠨ ᠬᠠᠮᠤᠭ᠎ᠤᠨ ᠡᠷᠲᠡ ᠪᠠᠢᠭᠤᠯᠤᠭ᠍ᠳᠠᠭ᠍ᠰᠠᠨ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ ᠮᠥᠨ᠂ ᠦᠨᠳᠦᠰᠦᠲᠡᠨ᠎ᠦ ᠪᠦᠯᠬᠦᠮᠳᠡᠯ᠎ᠢ ᠠᠬᠢᠭᠤᠯᠬᠤ ᠲᠠᠯ᠎ᠠ᠎ᠪᠠᠷ ᠢᠷᠠᠭᠤ ᠠᠯᠳᠠᠷᠲᠤ ᠤᠯᠠᠮᠵᠢᠯᠠᠯ᠎ᠲᠠᠶ ᠪᠠᠢᠵᠦ᠂ ᠣᠷᠳᠣ ᠬᠤᠭᠤᠴᠠᠭᠠᠨ᠎ᠤ ᠲᠤᠷᠰᠢ《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》ᠤ᠋ ᠡᠷᠬᠢᠮ ᠳᠡᠭᠡᠳᠦ ᠢᠷᠠᠭᠤ ᠠᠯᠳᠠᠷ᠎ᠲᠠᠶ ᠪᠢᠯᠡ᠃

《ᠦᠨᠳᠦᠰᠦᠲᠡᠨ ᠎ᠦ ᠪᠦᠯᠬᠦᠮᠳᠡᠯ ᠎ᠦᠨ ᠢᠷᠠᠭᠤ ᠠᠯᠳᠠᠷᠲᠤ ᠤᠯᠠᠮᠵᠢᠯᠠᠯ ᠪᠣᠯᠤᠨ〈ᠵᠢᠱ᠌ᠢᠶᠡᠴᠢ ᠥᠪᠡᠷᠲᠡᠭᠡᠨ ᠵᠠᠰᠠᠬᠤ ᠣᠷᠣᠨ〉 ᠤ᠋ ᠡᠷᠬᠢᠮ ᠳᠡᠭᠡᠳᠦ ᠢᠷᠠᠭᠤ ᠠᠯᠳᠠᠷ᠎ᠢ ᠬᠤᠪᠢ ᠲᠠᠬᠢᠨ ᠨᠠᠨᠳᠢᠩᠨᠠᠵᠤ᠂ ᠦᠷᠭᠦᠯᠵᠢᠯᠡᠨ ᠪᠠᠷᠢᠮᠲᠠᠯᠠᠵᠤ᠂ ᠦᠨᠳᠦᠰᠦᠲᠡᠨ᠎ᠦ ᠪᠦᠯᠬᠦᠮᠳᠡᠯ᠎ᠦᠨ ᠶᠡᠬᠡ ᠲᠠᠯ᠎ᠠ᠎ᠶ᠋ᠢ ᠪᠡᠬᠢᠵᠢᠭᠦᠯᠦᠨ ᠬᠥᠭ᠌ᠵᠢᠭᠦᠯᠬᠦ᠌ ᠬᠡᠷᠡᠭ᠌ᠲᠡᠢ》᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠨᠠᠮ᠎ᠤᠨ ᠲᠥᠪ ᠬᠣᠷᠢᠶᠠᠨ ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠶᠡᠷᠦᠩᠬᠡᠢ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ᠎ᠠᠵᠢᠯ᠎ᠢ᠎ᠴᠢᠩᠭᠠᠳᠭᠠᠨ᠎ᠰᠠᠢᠵᠢᠷᠠᠭᠤᠯᠬᠤ᠎ᠲᠤᠬᠠᠢ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠪᠦᠬᠦ᠌ ᠣᠷᠣᠨ᠎ᠤ ᠦᠨᠳᠦᠰᠦᠲᠡᠨ ᠨᠤᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠎ᠳᠤᠮᠳᠠᠳᠤ ᠤᠯᠤᠰ ᠎ᠤᠨ ᠣᠨᠴᠠᠯᠢᠭ ᠎ᠲᠠᠶ ᠦᠨᠳᠦᠰᠦᠲᠡᠨ ᠎ᠦ ᠠᠰᠠᠭᠤᠳᠠᠯ᠎ᠢ ᠱᠢᠢᠳᠪᠦᠷᠢᠯᠡᠬᠦ᠌ ᠵᠥᠪ ᠵᠠᠮ ᠎ᠢᠶᠠᠷ ᠭᠤᠢᠪᠢᠰᠢ ᠦᠭᠡᠢ ᠵᠠᠮᠨᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠦᠷᠭᠦᠯᠵᠢᠯᠡᠨ ᠪᠠᠲᠤ ᠴᠣᠭ᠍ᠴᠠᠯᠠᠵᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠤᠬᠠᠭᠤᠯᠭ᠎ᠠ ᠬᠥᠮᠦᠵᠢᠯ ᠪᠣᠯᠤᠨ ᠡᠭᠦᠳᠦᠨ ᠪᠠᠢᠭᠤᠯᠬᠤ ᠠᠵᠢᠯ ᠢ᠋ ᠭᠦᠨᠵᠡᠭᠡᠢ ᠥᠷᠨᠢᠭᠦᠯᠵᠦ᠍᠂ ᠦᠨᠳᠦᠰᠦᠲᠡᠨ ᠪᠦᠯᠬᠦᠮᠳᠡᠭᠰᠡᠨ᠂ ᠨᠡᠢᠭᠡᠮ ᠲᠣᠭ᠍ᠲᠠᠭᠤᠨ᠂ ᠬᠢᠯᠢ ᠬᠢᠵᠠᠭᠠᠷ ᠠᠮᠤᠷ ᠠᠮᠤᠭᠤᠯᠠᠩ ᠪᠠᠢᠬᠤ ᠰᠠᠢ᠌ᠨ ᠰᠠᠢᠬᠠᠨ ᠪᠠᠢᠳᠠᠯ᠎ᠢ ᠲᠠᠰᠤᠷᠠᠯᠳᠠ ᠦᠭᠡᠢ ᠪᠡᠬᠢᠵᠢᠭᠦᠯᠦᠨ ᠬᠥᠭ᠌ᠵᠢᠭᠦᠯᠪᠡ᠃

ᠳᠤᠮᠳᠠᠳᠤ ᠎ᠶ᠋ᠢᠨ ᠦᠨᠳᠦᠰᠦᠲᠡᠨ᠎ᠦ ᠬᠠᠮᠲᠤ ᠎ᠶ᠋ᠢᠨ ᠴᠣᠭ᠍ᠴᠠ ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ ᠪᠣᠯ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ《ᠬᠥᠲᠥᠯᠪᠦᠷᠢ》 ᠮᠥᠨ᠂ ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠣᠷᠢᠶ᠎ᠠ ᠡᠨᠡ ᠬᠦ᠌ ᠭᠤᠤᠯ ᠱᠢᠵᠢᠮ᠎ᠢ ᠪᠠᠲᠤ ᠡᠵᠡᠮᠳᠡᠵᠦ᠍᠂ ᠳᠤᠮᠳᠠᠳᠤ ᠎ᠶ᠋ᠢᠨ ᠦᠨᠳᠦᠰᠦᠲᠡᠨ ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ ᠤᠬᠠᠭᠤᠯᠭ᠎ᠠ ᠬᠥᠮᠦᠵᠢᠯ ᠎ᠢ ᠪᠠᠢᠩᠭᠤᠵᠢᠭᠤᠯᠤᠨ ᠥᠷᠨᠢᠭᠦᠯᠵᠦ᠍᠂ ᠦᠨᠳᠦᠰᠦᠲᠡᠨ ᠎ᠦ ᠪᠦᠯᠬᠦᠮᠳᠡᠯ ᠳᠠᠪᠱᠢᠯᠲᠠ ᠎ᠶ᠋ᠢᠨ ᠤᠬᠠᠭᠤᠯᠭ᠎ᠠ ᠬᠥᠮᠦᠵᠢᠯ᠎ᠢ ᠴᠢᠩᠭᠠᠳᠭᠠᠪᠠ᠃ ᠥᠪᠡᠷᠲᠡᠭᠡᠨ ᠵᠠᠰᠠᠬᠤ ᠣᠷᠣᠨ ᠡᠴᠡ《ᠳᠤᠮᠳᠠᠳᠤ ᠎ᠶ᠋ᠢᠨ ᠦᠨᠳᠦᠰᠦᠲᠡᠨ ᠎ᠦ ᠬᠠᠮᠲᠤ ᠎ᠶ᠋ᠢᠨ ᠴᠣᠭ᠍ᠴᠠ ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ ᠤᠬᠠᠭᠤᠯᠤᠨ ᠲᠠᠢᠯᠪᠤᠷᠢᠯᠠᠬᠤ ᠬᠥᠲᠥᠯᠪᠦᠷᠢ》᠎ᠶ᠋ᠢᠨ ᠨᠠᠮ ᠎ᠤᠨ ᠭᠡᠱᠢᠭᠦᠨ ᠺᠠᠳ᠋ᠷ ᠎ᠤᠨ ᠪᠦᠯᠦᠭ᠂ ᠬᠣᠲᠠ ᠪᠠᠯᠭᠠᠰᠤᠨ ᠎ᠤ ᠰᠠᠭᠤᠭᠠᠯᠢ ᠠᠷᠠᠳ ᠎ᠤᠨ ᠪᠦᠯᠦᠭ ᠂ ᠮᠠᠯᠴᠢᠨ ᠲᠠᠷᠢᠶᠠᠴᠢᠨ᠎ᠤ ᠪᠦᠯᠦᠭ ᠎ᠢ ᠨᠠᠢᠷᠠᠭᠤᠯᠤᠨ ᠲᠠᠷᠬᠠᠭᠠᠵᠤ᠂ ᠪᠥᠬᠥ᠌ ᠣᠷᠣᠨ ᠎ᠤ ᠡᠯ᠎ᠡ ᠭᠠᠵᠠᠷ᠎ᠲᠤ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠦᠷᠨᠢᠭᠦᠯᠪᠡ᠃ ᠪᠦᠬᠦ᠌ ᠣᠷᠣᠨ᠎ᠤ ᠨᠠᠮ ᠎ᠤᠨ ᠭᠡᠱᠢᠭᠦᠨ ᠺᠠᠳ᠋ᠷᠴᠤᠳ᠎ᠤᠨ ᠳᠤᠮᠳᠠ ᠳᠤᠮᠳᠠᠳᠤ ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠤᠰᠭᠠᠢ ᠰᠡᠳᠦᠪᠲᠦ ᠬᠥᠮᠦᠵᠢᠯ᠎ᠢ ᠥᠷᠨᠢᠭᠦᠯᠵᠦ᠍᠂ ᠨᠠᠮ᠎ᠤᠨ ᠰᠤᠷᠭᠠᠭᠤᠯᠢ᠂ ᠺᠠᠳ᠋ᠷᠴᠤᠳ᠎ᠤᠨ ᠰᠦᠯᠵᠢᠶᠡᠨ ᠎ᠦ ᠳᠡᠭᠡᠳᠦ ᠰᠤᠷᠭᠠᠭᠤᠯᠢ ᠵᠡᠷᠭᠡ᠎ᠡᠯ᠎ᠡ᠎ᠲᠦᠷᠦᠯ᠎ᠦᠨ ᠭᠣᠣᠯ ᠴᠣᠭ᠍ᠴᠠ ᠎ᠶ᠋ᠢᠨ ᠠᠩᠭᠢ ᠎ᠳᠤ ᠳᠤᠮᠳᠠᠳᠤ ᠎ᠶ᠋ᠢᠨ ᠦᠨᠳᠦᠰᠦᠲᠡᠨ᠎ᠦ ᠬᠠᠮᠲᠤ ᠎ᠶ᠋ᠢᠨ ᠴᠣᠭ᠍ᠴᠠ ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ ᠬᠥᠮᠦᠵᠢᠯ ᠎ᠦᠨ ᠬᠢᠴᠢᠶᠡᠯ ᠎ᠦᠨ ᠴᠠᠭ ᠎ᠤᠨ ᠬᠠᠷᠢᠴᠠᠯ᠎ᠢ 10% ᠡᠴᠡ ᠳᠡᠭᠡᠭ᠌ᠰᠢ ᠪᠣᠯᠲᠠᠯ᠎ᠠ ᠨᠡᠮᠡᠭᠳᠡᠬᠦᠯᠪᠡ᠃ ᠥᠪᠥᠷ ᠮᠣᠩᠭᠣᠯ᠎ᠤᠨ ᠶᠡᠬᠡ ᠰᠤᠷᠭᠠᠭᠤᠯᠢ ᠤᠯᠤᠰ᠎ᠤᠨ ᠠᠩᠬᠠᠳᠠᠭ᠍ᠴᠢ ᠪᠦᠯᠦᠭ ᠳᠤᠮᠳᠠᠳᠤ ᠎ᠶ᠋ᠢᠨ ᠦᠨᠳᠦᠰᠦᠲᠡᠨ ᠎ᠦ ᠬᠠᠮᠲᠤ ᠎ᠶ᠋ᠢᠨ ᠴᠣᠭ᠍ᠴᠠ ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠳᠤᠯᠭᠠᠨ᠎ᠤ ᠰᠠᠭᠤᠷᠢᠨ ᠎ᠢᠶᠠᠷ ᠰᠣᠩᠭᠣᠭ᠍ᠳᠠᠵᠤ᠂ ᠥᠪᠥᠷ ᠮᠣᠩᠭᠣᠯ ᠎ᠤᠨ ᠪᠠᠭ᠍ᠰᠢ ᠎ᠶ᠋ᠢᠨ ᠶᠡᠬᠡ ᠰᠤᠷᠭᠠᠭᠤᠯᠢ ᠵᠢ᠎ᠤᠯᠤᠰ᠎ᠤᠨ᠎ᠦᠨᠳᠦᠰᠦᠲᠡᠨ᠎ᠦ᠎ᠬᠡᠷᠡᠭ᠎ᠡᠷᠬᠢᠯᠡᠬᠦ᠌᠎ᠵᠥᠪᠯᠡᠯ᠎ᠡᠴᠡ᠎ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠎ᠶ᠋ᠢᠨ ᠴᠣᠭ᠍ᠴᠠ ᠎ᠶ᠋ᠢᠨ ᠰᠤᠳᠤᠯᠭᠠᠨ ᠎ᠤ ᠰᠠᠭᠤᠷᠢᠨ ᠎ᠢᠶᠠᠷ ᠲᠤᠭ᠍ᠳᠠᠭᠠᠪᠠ ᠁ ᠨᠢᠭᠡ ᠪᠦᠯᠦᠭ ᠳᠤᠮᠳᠠᠳᠤ ᠎ᠶ᠋ᠢᠨ ᠦᠨᠳᠦᠰᠦᠲᠡᠨ ᠎ᠦ ᠬᠠᠮᠲᠤ ᠎ᠶ᠋ᠢᠨ ᠴᠣᠭ᠍ᠴᠠ ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ ᠰᠤᠳᠤᠯᠭᠠᠨ᠎ᠤ ᠰᠠᠭᠤᠷᠢᠨ ᠥᠪᠥᠷ ᠮᠣᠩᠭᠣᠯ᠎ᠳᠤ ᠦᠨᠳᠦᠰᠦ ᠬᠠᠳᠭᠤᠵᠤ᠂ ᠦᠨᠳᠦᠰᠦᠲᠡᠨ᠎ᠨᠤᠭᠦᠳ᠎ᠦᠨ ᠤᠯᠠᠨ ᠲᠦᠮᠡᠨ᠎ᠦ ᠳᠤᠮᠳᠠᠳᠤ᠎ᠶ᠋ᠢᠨ ᠰᠣᠶᠣᠯ᠎ᠤᠨ ᠲᠤᠬᠠᠢ ᠬᠠᠮᠲᠤ᠎ᠶ᠋ᠢᠨ ᠲᠠᠨᠢᠯᠲᠠ ᠎ᠶ᠋ᠢ ᠠᠬᠢᠭᠤᠯᠤᠯ᠎ᠠ᠃

ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ ᠎ᠶ᠋ᠢᠨ ᠠᠵᠢᠯ ᠎ᠢ ᠶᠡᠬᠡ᠎ᠪᠡᠷ ᠲᠡᠯᠭᠡᠷᠡᠭᠦᠯᠵᠦ᠂ ᠦᠨᠳᠦᠰᠦᠲᠡᠨ ᠎ᠦ ᠦᠭᠡ ᠬᠡᠯᠡ ᠎ᠪᠡᠷ ᠬᠢᠴᠢᠶᠡᠯᠯᠡᠵᠦ᠍ ᠪᠠᠢᠭ᠎ᠠ᠎ᠰᠤᠷᠭᠠᠭᠤᠯᠢ ᠎ᠳᠤ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠵᠦ᠍᠂ ᠪᠦᠬᠦ᠌ ᠣᠷᠣᠨ ᠎ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠡᠯ᠎ᠡ ᠶᠡᠬᠡ ᠳᠡᠭᠡᠳᠦ ᠰᠤᠷᠭᠠᠭᠤᠯᠢ ᠎ᠳᠤ ᠡᠯ᠎ᠡ ᠲᠦᠷᠦᠯ ᠎ᠦᠨ《ᠳᠤᠮᠳᠠᠳᠤ ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ》 ᠭᠣᠣᠯ ᠰᠡᠳᠦᠪᠲᠦ ᠬᠥᠮᠦᠵᠢᠯ ᠎ᠦᠨ ᠠᠵᠢᠯᠯᠠᠭ᠎ᠠ᠎ᠶ᠋ᠢ ᠥᠷᠨᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠎ᠶ᠋ᠢᠨ ᠴᠣᠭ᠍ᠴᠠ ᠎ᠶ᠋ᠢᠨ ᠤᠬᠠᠮᠰᠠᠷ ᠎ᠢ ᠥᠷᠭᠡᠨ ᠤᠯᠠᠨ ᠵᠠᠯᠠᠭᠤᠴᠤᠳ ᠪᠠᠭᠠᠴᠤᠳ ᠬᠡᠦᠬᠡᠳ᠎ᠦᠨ ᠰᠡᠳᠭᠢᠯ᠎ᠳᠦ ᠦᠨᠳᠦᠰᠦᠯᠡᠭᠦᠯᠦᠨ ᠰᠣᠶᠣᠭᠠᠯᠠᠭᠤᠯᠵᠤ ᠴᠡᠴᠡᠭ᠌ᠯᠡᠭᠦᠯᠦᠨ ᠵᠢᠮᠢᠰᠯᠡᠭᠦᠯᠪᠡ᠃

ᠪᠥᠬᠥ᠌ ᠣᠷᠣᠨ᠎ᠤ ᠡᠯ᠎ᠡ ᠭᠠᠵᠠᠷ᠎ᠤᠨ᠎ᠬᠢᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠠᠵᠢᠯᠯᠠᠭ᠎ᠠ᠎ᠶ᠋ᠢᠨ ᠰᠠᠷ᠎ᠠ᠂ ᠦᠨᠳᠦᠰᠦᠲᠡᠨ᠎ᠦ ᠬᠠᠤᠯᠢᠵᠢᠯ᠎ᠤᠨ ᠤᠬᠠᠭᠤᠯᠭ᠎ᠠ ᠎ᠶ᠋ᠢᠨ ᠭᠠᠷᠠᠭ ᠵᠡᠷᠭᠡ᠎ᠪᠡᠷ ᠠᠴᠢᠶᠠᠯᠠᠪᠤᠷᠢ ᠪᠣᠯᠭᠠᠵᠤ᠂ ᠨᠠᠮ᠎ᠤᠨ ᠦᠨᠳᠦᠰᠦᠲᠡᠨ᠎ᠦ ᠣᠨᠣᠯ ᠲᠥᠷᠥ᠎ᠶ᠋ᠢᠨ ᠪᠣᠳᠣᠯᠭ᠎ᠠ ᠬᠠᠤᠯᠢ᠎ᠲᠣᠭ᠍ᠲᠠᠭᠠᠯ᠎ᠤᠨ᠎ᠤᠬᠠᠭᠤᠯᠭ᠎ᠠ᠎ᠬᠥᠮᠦᠵᠢᠯ᠎ᠦᠨ᠎ᠠᠵᠢᠯᠯᠠᠭ᠎ᠠ᠎ᠶ᠋ᠢ᠎ᠥᠷᠭᠡᠨ᠎ᠢᠶᠡᠷ ᠥᠷᠨᠢᠭᠦᠯᠵᠦ᠍᠂ ᠭᠤᠤᠯ ᠰᠡᠳᠦᠪᠲᠦ ᠬᠡᠷᠡᠯ ᠵᠢᠷᠤᠭ᠎ᠤᠨ ᠦᠵᠡᠭᠦᠯᠭᠡ᠂ ᠤᠷᠠᠨ ᠰᠠᠢᠬᠠᠨ᠎ᠤ ᠲᠣᠭ᠍ᠯᠠᠯᠲᠠ᠂ ᠡᠬᠡ ᠪᠢᠴᠢᠭ ᠡᠯᠰᠡᠬᠦ᠌ ᠤᠷᠤᠯᠳᠤᠭᠠᠨ ᠪᠣᠯᠤᠨ ᠲᠤᠰᠭᠠᠶ ᠰᠡᠳᠦᠪᠲᠦ ᠤᠬᠠᠭᠤᠯᠤᠨ ᠲᠠᠢᠯᠪᠤᠷᠢᠯᠠᠯᠲᠠ ᠵᠡᠷᠭᠡ ᠠᠷᠭ᠎ᠠ ᠬᠡᠯᠪᠡᠷᠢ᠎ᠪᠡᠷ《ᠳᠤᠰᠤᠯᠠᠭᠠᠨ ᠤᠰᠤᠯᠠᠬᠤ ᠮᠠᠶᠢᠭ᠎ᠤᠨ ᠤᠬᠠᠭᠤᠯᠭ᠎ᠠ》 ᠬᠢᠵᠦ᠍᠂《ᠭᠤᠷᠪᠠᠨ ᠰᠠᠯᠵᠤ ᠴᠢᠳᠠᠬᠤ ᠥᠬᠡᠶ》 《ᠲᠠᠪᠤᠨ ᠬᠠᠮᠲᠤ ᠎ᠶ᠋ᠢᠨ ᠲᠠᠨᠢᠯᠲᠠ》  ᠎ᠶ᠋ᠢ ᠬᠥᠮᠦᠰ᠎ᠤᠨ ᠰᠡᠳᠭᠢᠯ᠎ᠳᠦ᠎ᠬᠠᠳᠠᠩᠱᠢᠭᠤᠯᠵᠤ᠂ ᠦᠨᠳᠦᠰᠦᠲᠡᠨ᠎ᠨᠦᠭᠦᠳ᠎ᠦᠨ ᠥᠷᠭᠡᠨ ᠳᠡᠯᠭᠡᠷ ᠶᠠᠪᠤᠯᠴᠠᠭ᠎ᠠ᠂ ᠪᠥᠬᠥ᠌ ᠲᠠᠯ᠎ᠠ ᠎ᠶ᠋ᠢᠨ ᠰᠣᠯᠢᠯᠴᠠᠭ᠎ᠠ᠂ ᠭᠦᠨᠵᠡᠭᠡᠶ ᠠᠭᠤᠰᠤᠯᠴᠠᠯ ᠎ᠢ ᠠᠬᠢᠭᠤᠯᠪᠠ᠃

ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠨᠢ ᠥᠪᠡᠷᠲᠡᠭᠡᠨ ᠵᠠᠰᠠᠬᠤ ᠣᠷᠣᠨ ᠎ᠤ ᠠᠵᠤ ᠠᠬᠤᠶ ᠨᠡᠢᠭᠡᠮ ᠎ᠦᠨ ᠴᠢᠨᠠᠷ ᠰᠠᠢᠲᠠᠶ ᠬᠥᠭ᠌ᠵᠢᠯᠲᠡ ᠡᠴᠡ ᠰᠠᠯᠵᠤ ᠴᠢᠳᠠᠬᠤ ᠥᠬᠡᠶ ᠶᠤᠮ᠃ ᠥᠪᠡᠷᠲᠡᠭᠡᠨ ᠵᠠᠰᠠᠬᠤ ᠣᠷᠣᠨ ᠡᠴᠡ ᠠᠵᠤ ᠠᠬᠤᠢ ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠤᠯᠠᠨ ᠨᠡᠢᠲᠡ᠎ᠶ᠋ᠢᠨ ᠦᠢᠯᠡᠴᠢᠯᠡᠭᠡᠨ ᠎ᠦ ᠲᠦᠪᠱᠢᠨ᠎ᠢ ᠯᠠᠪᠳᠠᠭᠤᠨ ᠎ᠢᠶᠠᠷ ᠳᠡᠭᠡᠭ᠌ᠰᠢᠯᠡᠭᠦᠯᠵᠦ᠍᠂ ᠴᠢᠨᠡᠭᠡᠯᠢᠭ ᠨᠡᠢᠭᠡᠮ ᠎ᠢ ᠪᠦᠬᠦ᠌ ᠲᠠᠯ᠎ᠠ᠎ᠪᠠᠷ ᠪᠡᠶᠡᠯᠡᠭᠦᠯᠪᠡ᠃ ᠬᠢᠯᠢ ᠬᠢᠵᠠᠭᠠᠷ ᠣᠷᠣᠨ ᠎ᠤ ᠠᠵᠤ ᠠᠬᠤᠶ ᠦᠷᠭᠦᠯᠵᠢᠯᠡᠨ ᠬᠦᠭᠵᠢᠵᠦ᠂ ᠰᠠᠭᠤᠷᠢ ᠲᠥᠬᠥᠭᠡᠷᠦᠮᠵᠢ ᠢᠯᠡᠳᠲᠡ ᠰᠠᠢᠵᠢᠷᠠᠵᠤ᠂ ᠠᠷᠠᠳ ᠎ᠤᠨ ᠠᠮᠢᠳᠤᠷᠠᠯ ᠎ᠤᠨ ᠪᠠᠲᠤᠯᠠᠭ᠎ᠠ ᠢᠯᠡᠳᠲᠡ ᠳᠡᠭᠡᠭᠰᠢᠯᠡᠵᠦ᠂ ᠨᠡᠢᠭᠡᠮ᠎ᠦᠨ ᠦᠶ᠋ᠯᠡᠰ ᠥᠷᠨᠢᠨ ᠬᠥᠭ᠌ᠵᠢᠵᠦ᠍᠂ ᠣᠨᠴᠠᠯᠢᠭ᠍ᠲᠤ ᠠᠵᠤ ᠦᠶ᠋ᠯᠡᠰ ᠲᠣᠭ᠍ᠲᠠᠭᠤᠨ ᠎ᠢᠶᠠᠷ ᠳᠡᠭᠡᠭ᠌ᠰᠢᠯᠡᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ ᠲᠠᠰᠤᠷᠠᠯᠲᠠ ᠥᠬᠡᠶ ᠨᠡᠮᠡᠭᠲᠡᠪᠡ᠃

ᠥᠪᠡᠷᠲᠡᠭᠡᠨ ᠵᠠᠰᠠᠬᠤ ᠣᠷᠣᠨ ᠬᠠᠤᠯᠢᠵᠢᠯ᠎ᠤᠨ ᠵᠠᠮ ᠳᠡᠭᠡᠷ᠎ᠡ ᠦᠨᠳᠦᠰᠦᠲᠡᠨ᠎ᠦ ᠬᠡᠷᠡᠭ ᠶᠠᠪᠤᠳᠠᠯ ᠎ᠢ ᠵᠠᠰᠠᠬᠤ᠎ᠶ᠋ᠢ ᠪᠠᠷᠢᠮᠲᠠᠯᠠᠵᠤ᠂ ᠦᠨᠳᠦᠰᠦᠲᠡᠨ ᠎ᠦ ᠬᠡᠷᠡᠭ ᠶᠠᠪᠤᠳᠠᠯ ᠎ᠤᠨ ᠵᠠᠰᠠᠯᠲᠠ ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ ᠬᠦᠴᠦᠯᠡᠨ ᠳᠡᠭᠡᠭ᠌ᠰᠢᠯᠡᠭᠦᠯᠵᠦ᠍᠂ ᠦᠨᠳᠦᠰᠦᠨ ᠬᠠᠤᠯᠢ ᠪᠣᠯᠤᠨ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠬᠠᠤᠯᠢ᠎ᠶ᠋ᠢ ᠪᠥᠬᠥ᠌ ᠲᠠᠯ᠎ᠠ᠎ᠪᠠᠷ ᠣᠨᠣᠪᠴᠢᠲᠠᠶ ᠲᠤᠭᠤᠱᠢᠯᠠᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ ᠎ᠦ ᠪᠦᠯᠬᠦᠮᠳᠡᠯ ᠳᠠᠪᠱᠢᠯᠲᠠ ᠎ᠶ᠋ᠢ ᠠᠬᠢᠭᠤᠯᠬᠤ ᠲᠦᠷᠢᠮ》 ᠎ᠢ ᠨᠡᠢᠲᠡᠯᠡᠵᠦ᠍᠂ ᠦᠨᠳᠦᠰᠦᠲᠡᠨ ᠎ᠦ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠤᠭ᠍ᠰᠠᠨ ᠪᠠᠢᠳᠠᠯ᠎ᠳᠤ ᠲᠣᠭ᠍ᠲᠠᠮᠠᠯ ᠬᠤᠭᠤᠴᠠᠭ᠎ᠠ᠎ᠲᠠᠶ᠎ᠪᠠᠷ ᠪᠠᠢᠴᠠᠭᠠᠯᠲᠠ ᠬᠢᠵᠦ᠍᠂ ᠬᠠᠤᠯᠢ ᠴᠠᠭᠠᠵᠠ᠎ᠪᠠᠷ ᠦᠨᠳᠦᠰᠦᠲᠡᠨ ᠎ᠦ ᠪᠦᠯᠬᠦᠮᠳᠡᠯ ᠪᠣᠯᠤᠨ ᠦᠨᠳᠦᠰᠦᠲᠡᠨ᠎ᠨᠦᠭᠦᠳ᠎ᠦᠨ ᠣᠯᠠᠨ ᠲᠦᠮᠡᠨ ᠎ᠦ ᠬᠠᠤᠯᠢ ᠶᠣᠰᠣᠨ ᠎ᠤ ᠡᠷᠬᠡ ᠠᠱᠢᠭ ᠎ᠢ ᠬᠠᠮᠠᠭᠠᠯᠠᠪᠠ᠃

ᠦᠷᠭᠦᠯᠵᠢᠯᠡᠨ ᠬᠦᠴᠦᠯᠡᠵᠦ᠍᠂ ᠴᠥᠬᠥᠷᠡᠰᠢ ᠦᠭᠡᠢ ᠴᠢᠷᠮᠠᠢᠵᠤ᠂ ᠳᠤᠮᠳᠠᠳᠤ ᠎ᠶ᠋ᠢᠨ ᠦᠨᠳᠦᠰᠦᠲᠡᠨ ᠎ᠦ ᠬᠠᠮᠲᠤ ᠎ᠶ᠋ᠢᠨ ᠴᠣᠭ᠍ᠴᠠ ᠎ᠶ᠋ᠢᠨ ᠤᠬᠠᠮᠰᠠᠷ ᠎ᠢ ᠦᠷᠭᠦᠯᠵᠢᠯᠡᠨ ᠭᠦᠨᠵᠡᠭᠡᠢ ᠪᠠᠲᠤ ᠴᠣᠭ᠍ᠴᠠᠯᠠᠵᠤ᠂ ᠥᠪᠥᠷ ᠮᠣᠩᠭᠣᠯ᠎ᠳᠤ ᠨᠢᠭᠡᠨ ᠭᠡᠷᠡᠯ ᠰᠠᠴᠤᠷᠠᠩᠭᠤᠢ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠬᠢᠷᠢ ᠪᠦᠲᠦᠮᠵᠢ ᠎ᠶ᠋ᠢᠨ ᠬᠠᠭᠤᠳᠠᠰᠤ᠎ᠶ᠋ᠢ ᠣᠯᠭᠣᠪᠠ᠃ ᠬᠢᠩᠭᠠᠨ ᠠᠢᠮᠠᠭ᠂ ᠬᠥᠯᠥᠨ ᠪᠣᠢᠷ ᠬᠣᠲᠠ᠂ ᠣᠷᠳᠣᠰ ᠬᠣᠲᠠ ᠵᠡᠷᠭᠡ 3 ᠠᠢᠮᠠᠭ ᠬᠣᠲᠠ᠎ᠶ᠋ᠢ ᠤᠯᠤᠰ᠎ᠤᠨ᠎ᠦᠨᠳᠦᠰᠦᠲᠡᠨ᠎ᠦ᠎ᠬᠡᠷᠡᠭ᠎ᠡᠷᠭᠢᠯᠡᠬᠦ᠌ ᠵᠥᠪᠯᠡᠯ᠎ᠡᠴᠡ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ ᠎ᠶ᠋ᠢᠨ ᠵᠢᠱ᠌ᠢᠶ᠎ᠡ ᠦᠵᠡᠭᠦᠯᠬᠦ᠌ ᠠᠢᠮᠠᠭ ᠬᠣᠲᠠ᠎ᠪᠠᠷ ᠨᠡᠷᠡᠢᠳᠪᠡ᠃

ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠵᠢᠱ᠌ᠢᠶ᠎ᠡ ᠦᠵᠡᠭᠦᠯᠬᠦ᠌ 56 ᠨᠢᠭᠡᠴᠢ᠂ ᠪᠥᠬᠥ᠌ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠵᠢᠱ᠌ᠢᠶ᠎ᠡ ᠦᠵᠡᠭᠦᠯᠬᠦ᠌ 392 ᠨᠢᠭᠡᠴᠢ᠂ ᠪᠥᠬᠥ᠌ ᠤᠯᠤᠰ᠎ᠤᠨ ᠦᠨᠳᠦᠰᠦᠲᠡᠨ ᠎ᠦ ᠪᠦᠯᠬᠦᠮᠳᠡᠯ ᠳᠠᠪᠱᠢᠯᠲᠠ ᠎ᠶ᠋ᠢᠨ 215 ᠵᠢᠱ᠌ᠢᠶᠡᠴᠢ ᠬᠠᠮᠲᠤ ᠨᠡᠢᠳᠡ᠂ ᠪᠥᠬᠥ᠌ ᠤᠯᠤᠰ ᠎ᠤᠨ ᠦᠨᠳᠦᠰᠦᠲᠡᠨ ᠎ᠦ ᠪᠦᠯᠬᠦᠮᠳᠡᠯ ᠳᠠᠪᠱᠢᠯᠲᠠ ᠎ᠶ᠋ᠢᠨ 234 ᠵᠢᠱ᠌ᠢᠶᠡᠴᠢ ᠬᠤᠪᠢ ᠬᠥᠮᠦᠨ᠎ᠪᠥᠬᠥ᠌ ᠣᠷᠣᠨ ᠳᠠᠶᠠᠭᠠᠷ᠎ᠲᠤ ᠥᠯᠢᠭᠡᠷ ᠳᠠᠭᠤᠷᠢᠶᠠᠯ ᠪᠣᠯᠵᠣ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠎ᠳᠦ ᠥᠯᠢᠭᠡᠷ ᠳᠠᠭᠤᠷᠢᠶᠠᠯ ᠎ᠤᠨ ᠬᠦᠴᠦᠨ ᠣᠯᠭᠣᠵᠤ᠂ ᠬᠠᠮᠲᠤ᠎ᠪᠠᠷ ᠴᠢᠷᠮᠠᠢᠵᠤ ᠦᠨᠳᠦᠰᠦᠲᠡᠨ ᠎ᠦ ᠪᠦᠯᠬᠦᠮᠳᠡᠯ ᠎ᠦᠨ ᠱᠢᠨ᠎ᠡ ᠬᠠᠭᠤᠳᠠᠰᠤ᠎ᠶ᠋ᠢ ᠪᠢᠴᠢᠭ᠌ᠯᠡᠪᠡ᠃

5 ᠵᠢᠯ ᠎ᠢ ᠡᠷᠭᠢᠴᠡᠭᠦᠯᠬᠦᠶ᠎ᠡ᠂ ᠥᠪᠥᠷ ᠮᠣᠩᠭᠣᠯ ᠎ᠤᠨ ᠡᠨᠡ ᠬᠦ᠌ ᠬᠠᠯᠠᠭᠤᠨ ᠬᠥᠷᠥᠰᠥᠨ ᠳᠡᠭᠡᠷ᠎ᠡ᠂ ᠦᠨᠳᠦᠰᠦᠲᠡᠨ᠎ᠦ ᠪᠦᠯᠬᠦᠮᠳᠡᠯ᠎ᠦᠨ ᠦᠯᠢᠭᠡᠷ ᠦᠶ᠎ᠡ ᠤᠯᠠᠷᠢᠨ ᠲᠠᠮᠵᠢᠬᠲᠠᠵᠦ᠂ ᠦᠨᠳᠦᠰᠦᠲᠡᠨ ᠎ᠦ ᠪᠦᠯᠬᠦᠮᠳᠡᠯ ᠎ᠦᠨ ᠴᠡᠴᠡᠭᠡᠰ ᠭᠠᠵᠠᠷ ᠪᠣᠯᠭᠠᠨ᠎ᠳᠤ ᠳᠡᠯᠭᠡᠷᠡᠪᠡ᠃ 2400 ᠭᠠᠷᠤᠢ ᠲᠦᠮᠡᠨ ᠦᠨᠳᠦᠰᠦᠲᠡᠨ᠎ᠨᠦᠭᠦᠳ ᠎ᠦᠨ ᠠᠷᠠᠳ ᠲᠦᠮᠡᠨ ᠬᠠᠮᠲᠤ᠎ᠪᠠᠷ ᠰᠠᠭᠤᠷᠢᠱᠢᠨ ᠬᠠᠮᠲᠤ᠎ᠪᠠᠷ ᠰᠤᠷᠤᠯᠴᠠᠵᠦ ᠬᠠᠮᠲᠤ᠎ᠪᠠᠷ ᠠᠵᠢᠯᠯᠠᠨ ᠬᠠᠮᠲᠤ᠎ᠪᠠᠷ ᠵᠢᠷᠭᠠᠵᠤ᠂ ᠰᠡᠳᠭᠢᠯ ᠵᠢᠷᠦᠬᠡ᠎ᠪᠡᠨ ᠬᠣᠯᠪᠣᠨ᠂ ᠴᠢᠰᠤ ᠮᠢᠬᠠᠨ ᠎ᠤ ᠪᠠᠷᠢᠯᠳᠤᠯᠭ᠎ᠠ᠎ᠲᠠᠶ ᠪᠠᠢᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠰᠡᠳᠭᠢᠯ ᠢ᠋ᠢᠡᠨ ᠨᠢᠭᠡᠳᠬᠡᠨ ᠬᠦᠴᠦ᠍ ᠎ᠪᠡᠨ ᠬᠠᠮᠲᠤᠳᠭᠠᠵᠤ ᠦᠨᠳᠦᠰᠦᠲᠡᠨ᠎ᠦ ᠪᠦᠯᠬᠦᠮᠳᠡᠯ ᠎ᠦᠨ ᠦᠵᠡᠰᠭᠦᠯᠡᠩᠲᠦ ᠰᠠᠢᠬᠠᠨ ᠵᠢᠷᠤᠭ ᠎ᠢ ᠵᠢᠷᠤᠭ᠍ᠯᠠᠪᠠ᠃

ᠱᠢᠨ᠎ᠡ ᠠᠶᠠᠨ᠎ᠳᠠᠭᠠᠨ ᠮᠣᠷᠳᠠᠵᠦ᠂ ᠥᠪᠥᠷ ᠮᠣᠩᠭᠣᠯ ᠎ᠤᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ ᠦᠷᠭᠦᠯᠵᠢᠯᠡᠨ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠵᠦ᠍᠂ ᠬᠠᠮᠲᠤ ᠎ᠪᠠᠷ ᠪᠦᠯᠬᠦᠮᠳᠡᠨ ᠲᠡᠮᠡᠴᠡᠨ᠂ ᠬᠠᠮᠲᠤ᠎ᠪᠠᠷ ᠴᠡᠴᠡᠭ᠌ᠯᠡᠨ ᠬᠥᠭ᠌ᠵᠢᠵᠦ᠍᠂ ᠦᠵᠡᠰᠭᠦᠯᠡᠩᠲᠦ ᠰᠠᠢᠬᠠᠨ ᠥᠪᠥᠷ ᠮᠣᠩᠭᠣᠯ ᠎ᠢᠶᠠᠨ ᠪᠥᠲᠥᠭᠡᠨ ᠪᠠᠢᠭᠤᠯᠵᠤ᠂ ᠠᠭᠤᠤ ᠶᠡᠬᠡ ᠳᠤᠮᠳᠠᠳᠤ ᠎ᠶ᠋ᠢᠨ ᠵᠡᠭᠦᠳᠦ᠍ ᠎ᠪᠡᠨ ᠎ᠬᠠᠮᠲᠤ ᠎ᠪᠠᠷ ᠎ᠲᠡᠷᠭᠡᠯᠱᠢᠭᠦᠯᠬᠦ᠌ ᠎ᠳᠦ ᠎ᠠᠸ᠋ᠭ᠎ᠠ ᠎ᠶᠡᠬᠡ᠎ᠬᠦᠴᠦᠨ ᠴᠢᠳᠠᠯ ᠎ᠢᠶᠠᠨ ᠡᠷᠭᠦᠵᠡᠭᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号