ᠭᠠᠩᠭᠠᠩ ᠦᠵᠡᠮᠵᠢ ᠵᠢ ᠰᠡᠷᠭᠦᠭᠡᠭᠰᠡᠨ 《ᠭᠤᠷᠪᠠᠨ ᠨᠠᠭᠤᠷ》 ᠎ᠤ᠋ᠨ ᠶᠡᠷᠦᠨᠭᠬᠡᠢᠯᠡᠭᠰᠡᠨ ᠵᠠᠰᠠᠯᠲᠠ
2021-11-24 09:53:29
ᠵᠣᠬᠢᠶᠠᠭ᠍ᠴᠢ᠄
ᠠᠭᠤᠯᠠ
ᠣᠩᠱᠢᠭ᠍ᠰᠠᠨ ᠣᠳᠠᠭ᠎ᠠ᠄
★★★☆☆

ᠬᠥᠯᠥᠨ ᠨᠠᠭᠤᠷ᠂ ᠲᠠᠭ᠎ᠠ᠎ᠶ᠋ᠢᠨ ᠨᠠᠭᠤᠷ᠂ ᠤᠯᠠᠭᠠᠨᠰᠤᠬᠠᠢ ᠨᠠᠭᠤᠷ ᠪᠣᠯ ᠮᠠᠨ᠎ᠤ ᠤᠷᠤᠨ᠎ᠤ ᠴᠢᠬᠤᠯᠠ ᠭᠤᠷᠪᠠᠨ ᠶᠡᠬᠡ ᠴᠡᠩᠭᠡᠭ ᠨᠠᠭᠤᠷ ᠪᠣᠯᠤᠨ᠎ᠠ᠃ ᠲᠦᠷᠦᠭᠦᠦ ᠬᠡᠳᠦᠨ ᠵᠢᠯ᠎ᠳᠦ᠂ ᠪᠠᠢᠭᠠᠯᠢ᠎ᠶ᠋ᠢᠨ ᠱᠢᠯᠲᠠᠭᠠᠨ ᠪᠠ ᠬᠠᠮᠢᠶᠠᠷᠤᠯᠳᠠ ᠰᠤᠯᠠᠷᠠᠭᠰᠠᠨ ᠵᠡᠷᠭᠡ ᠡᠴᠡ ᠰᠢᠯᠳᠠᠭᠠᠯᠠᠭᠳᠠᠵᠦ᠂ 《ᠬᠥᠯᠥᠨ ᠨᠠᠭᠤᠷ᠂ ᠲᠠᠭ᠎ᠠ᠎ᠶ᠋ᠢᠨ ᠨᠠᠭᠤᠷ᠂ ᠤᠯᠠᠭᠠᠨᠰᠤᠬᠠᠢ ᠨᠠᠭᠤᠷ》 ᠤ᠋ᠨ ᠲᠠᠯᠠᠪᠠᠢ ᠪᠠᠭᠠᠰᠭᠤ᠂ ᠤᠰᠤᠨ᠎ᠤ ᠴᠢᠨᠠᠷ ᠮᠠᠭᠤᠳᠠᠬᠤ ᠵᠡᠷᠭᠡ ᠠᠮᠢ ᠠᠬᠤᠢ ᠵᠢᠨ ᠠᠰᠠᠭᠤᠳᠠᠯ ᠢᠯᠡᠷᠡᠵᠡᠢ᠃ ᠣᠢᠷ᠎ᠠ᠎ᠶ᠋ᠢᠨ ᠵᠢᠯ᠎ᠳᠦ ᠮᠠᠨ᠎ᠤ ᠤᠷᠤᠨ《ᠬᠥᠯᠥᠨ ᠨᠠᠭᠤᠷ᠂ ᠲᠠᠭ᠎ᠠ᠎ᠶ᠋ᠢᠨ ᠨᠠᠭᠤᠷ᠂ ᠤᠯᠠᠭᠠᠨᠰᠤᠬᠠᠢ ᠨᠠᠭᠤᠷ 》᠎ᠤ᠋ᠨ ᠶᠡᠷᠦᠩᠬᠡᠢᠯᠡᠭ᠌ᠰᠡᠨ᠎ᠵᠠᠰᠠᠯᠲᠠ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠤᠭᠰᠠᠨ ᠡᠴᠡ ᠣᠳᠣᠬᠠᠨ᠎ᠳᠤ ᠤᠰᠤᠨ᠎ᠤ ᠴᠢᠨᠠᠷ᠎ᠤᠨ ᠭᠦᠶ᠋ᠴᠡᠳᠭᠡᠯ ᠲᠣᠭ᠎ᠠ ᠶᠡᠷᠦᠩᠬᠡᠶ᠎ᠳᠡᠭᠡᠨ ᠰᠠᠢᠵᠢᠷᠠᠨ᠂ ᠬᠡᠭᠡᠷ᠎ᠡ᠎ᠶ᠋ᠢᠨ ᠠᠮᠢᠲᠠᠨ ᠤᠷᠭᠤᠮᠠᠯ᠎ᠤᠨ ᠲᠥᠷᠥᠯ ᠵᠦᠶ᠋ᠯ ᠲᠣᠭ᠍ᠲᠠᠭᠤᠨ᠎ᠢᠶᠠᠷ ᠨᠡᠮᠡᠭ᠌ᠳᠡᠵᠦ᠍᠂ ᠠᠮᠢ ᠠᠬᠤᠶ ᠣᠷᠴᠢᠨ ᠲᠣᠭᠣᠷᠢᠨ ᠠᠯᠬᠤᠮ ᠠᠯᠬᠤᠮ᠎ᠢᠶᠠᠷ ᠰᠠᠢᠵᠢᠷᠠᠵᠠᠢ᠃

ᠲᠠᠭ᠎ᠠ᠎ᠶ᠋ᠢᠨ ᠨᠠᠭᠤᠷ᠎ᠤᠨ ᠰᠠᠪᠠ ᠭᠠᠵᠠᠷ᠎ᠤᠨ ᠲᠠᠯᠠᠪᠠᠶ 2312 ᠲᠡᠭ᠌ᠰᠢ ᠳᠥᠷᠪᠡᠯᠵᠢᠨ ᠺᠢᠯᠣᠮᠧᠲ᠋ᠷ᠎ᠲᠦ ᠬᠦᠷᠴᠦ᠍《ᠳᠤᠮᠳᠠᠳᠤ ᠤᠯᠤᠰ᠎ᠤᠨ ᠨᠤᠭᠤ ᠭᠠᠵᠠᠷ᠎ᠢ ᠬᠠᠮᠠᠭᠠᠯᠠᠬᠤ ᠠᠵᠢᠯᠯᠠᠭᠠᠨ᠎ᠤ ᠲᠥᠯᠥᠪᠯᠡᠭᠡ》᠎ᠳ᠋ᠤ ᠵᠢᠭ᠍ᠰᠠᠭᠠᠭ᠍ᠳᠠᠭ᠍ᠰᠠᠨ ᠤᠯᠤᠰ᠎ᠤᠨ 179 ᠴᠢᠬᠤᠯᠠ ᠨᠤᠭᠤ ᠭᠠᠵᠠᠷ᠎ᠤᠨ ᠨᠢᠭᠡ ᠪᠣᠯᠵᠠᠶ᠃ 2016 ᠣᠨ᠎ᠠᠴᠠ ᠨᠠᠭᠠᠰᠢ ᠂ ᠮᠠᠨ᠎ᠤ ᠤᠷᠤᠨ ᠲᠠᠭ᠎ᠠ᠎ᠶ᠋ᠢᠨ ᠨᠠᠭᠤᠷ᠎ᠢ ᠵᠠᠰᠠᠬᠤ ᠢᠨᠵᠧᠨᠧᠷᠢᠩ᠎ᠢ ᠪᠥᠬᠥ᠌ ᠲᠠᠯ᠎ᠠ᠎ᠪᠠᠷ ᠡᠬᠢᠯᠡᠭᠦᠯᠵᠦ ᠂ 2020 ᠣᠨ᠎ᠠᠴᠠ ᠳᠠᠭ᠎ᠠ᠎ᠶ᠋ᠢᠨ ᠨᠠᠭᠤᠷ᠎ᠤᠨ ᠵᠠᠰᠠᠯᠲᠠ᠎ᠶ᠋ᠢ 《 ᠨᠠᠭᠤᠷ᠎ᠢ ᠯᠡ ᠵᠠᠰᠠᠵᠤ》 ᠪᠠᠢᠭ᠍ᠰᠠᠨ᠎ᠠᠴᠠ ᠰᠠᠪᠠ ᠭᠠᠵᠠᠷ᠎ᠢ ᠵᠠᠰᠠᠬᠤ ᠪᠣᠯᠭᠠᠨ ᠳᠡᠰ ᠳᠡᠪᠱᠢᠭᠦᠯᠵᠦ᠂ ᠭᠣᠣᠯ ᠮᠥᠷᠡᠨ ᠳᠠᠭᠠᠤ ᠵᠢᠨ ᠨᠣᠭᠣᠭᠠᠷᠠᠭᠤᠯᠤᠯᠲᠠ᠂ ᠤᠰᠤᠨ᠎ᠤ ᠬᠠᠮᠠᠭᠠᠯᠠᠯᠲᠠ ᠵᠡᠷᠭᠡ 22 ᠢᠨᠵᠧᠨᠧᠷᠢᠩ᠎ᠢ ᠬᠡᠷᠡᠭ᠌ᠵᠢᠭᠦᠯᠵᠦ᠍᠂ 48 ᠲᠡᠵᠢᠭᠡᠨ ᠦᠷᠡᠵᠢᠭᠦᠯᠬᠦ᠌ ᠲᠠᠯᠠᠪᠠᠢ᠂ ᠵᠢᠭᠠᠰᠤᠨ ᠴᠥᠭᠥᠷᠥᠮ ᠵᠡᠷᠭᠡ ᠲᠥᠬᠥᠭᠡᠷᠦᠮᠵᠢ᠎ᠶ᠋ᠢ ᠨᠤᠷᠠᠭᠠᠨ᠂ ᠬᠣᠭ ᠨᠣᠪᠰᠢ᠎ᠶ᠋ᠢ ᠴᠡᠪᠡᠷᠯᠡᠵᠦ᠍᠂ ᠤᠰᠤᠨ᠎ᠤ ᠴᠢᠨᠠᠷ ᠪᠣᠯᠤᠨ ᠤᠰᠤᠨ᠎ᠤ ᠡᠷᠭᠢᠯᠲᠡ᠎ᠶ᠋ᠢ ᠰᠠᠢᠵᠢᠷᠠᠭᠤᠯᠪᠠ᠃

ᠣᠢᠷ᠎ᠠ᠎ᠶ᠋ᠢᠨ ᠬᠡᠳᠦᠨ ᠵᠢᠯ᠎ᠳᠦ᠂ ᠯᠢᠶᠠᠩᠴᠧᠩ ᠱᠢᠶᠠᠨ ᠲᠠᠭ᠎ᠠ ᠵᠢᠨ ᠨᠠᠭᠤᠷ᠎ᠤᠨ ᠡᠷᠬᠢᠨ ᠲᠣᠭᠣᠷᠢᠨ᠎ᠤ 21 ᠲᠦᠮᠡᠨ ᠮᠥ᠍ ᠤᠰᠤᠯᠠᠯᠲᠠ᠎ᠶ᠋ᠢᠨ ᠭᠠᠵᠠᠷ᠎ᠲᠤ 《ᠤᠰᠤᠨ ᠲᠠᠷᠢᠶ᠎ᠠ ᠵᠢ ᠬᠠᠭᠤᠷᠠᠢ ᠲᠠᠷᠢᠶ᠎ᠠ ᠪᠤᠯᠭᠠᠨ ᠥᠭᠡᠷᠡᠴᠢᠯᠡᠬᠦ᠌ 》᠎ᠶ᠋ᠢ ᠬᠡᠷᠡᠭ᠌ᠵᠢᠭᠦᠯᠵᠦ᠍᠂ 667 ᠮᠠᠱᠢᠨ ᠬᠤᠳᠳᠤᠭ᠎ᠢ ᠨᠢᠭᠡᠨᠲᠡ ᠪᠢᠲᠡᠭᠦᠮᠵᠢᠯᠡᠨ ᠵᠣᠭ᠍ᠰᠣᠭᠠᠭ᠍ᠰᠠᠨ ᠪᠥᠭᠡᠳ ᠤᠰᠤ ᠠᠷᠪᠢᠯᠠᠨ ᠤᠰᠤᠯᠠᠬᠤ ᠲᠠᠷᠢᠶᠠᠯᠠᠩ᠎ᠢ᠋ ᠪᠥᠬᠥ᠌ ᠬᠦᠴᠦᠨ᠎ᠢᠶᠡᠷ ᠠᠬᠢᠭᠤᠯᠪᠠ᠃ ᠯᠢᠶᠠᠩᠴᠧᠩ ᠱᠢᠶᠠᠨ᠎ᠤ ᠲᠠᠷᠢᠶᠠᠯᠠᠩ ᠮᠠᠯ ᠠᠵᠤ ᠠᠬᠤᠢ᠎ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠣᠪᠴᠢᠶᠠᠨ᠎ᠤ ᠳᠡᠳ᠋ ᠳᠠᠷᠤᠭ᠎ᠠ ᠵᠠᠩ ᠽᠸ ᠵᠢᠨ ᠲᠠᠨᠢᠯᠴᠠᠭᠤᠯᠬᠤ ᠪᠡᠷ᠂ ᠳᠠᠭ᠎ᠠ᠎ᠶ᠋ᠢᠨ ᠨᠠᠭᠤᠷ᠎ᠤᠨ ᠡᠷᠭᠢ ᠳᠠᠭᠠᠤ᠎ᠶ᠋ᠢᠨ ᠲᠠᠷᠢᠶᠠᠨ ᠭᠠᠵᠠᠷ᠎ᠲᠤ 《ᠤᠰᠤᠨ ᠲᠠᠷᠢᠶ᠎ᠠ ᠵᠢ ᠬᠠᠭᠤᠷᠠᠢ ᠲᠠᠷᠢᠶ᠎ᠠ ᠪᠤᠯᠭᠠᠨ ᠥᠭᠡᠷᠡᠴᠢᠯᠡᠬᠦ᠌》 ᠵᠢ ᠬᠡᠷᠡᠭ᠌ᠵᠢᠭᠦᠯᠪᠡᠯ᠂ ᠵᠢᠯ ᠪᠦᠷᠢ 2100 ᠲᠦᠮᠡᠨ ᠲᠣᠨ ᠤᠰᠤ ᠠᠷᠪᠢᠯᠠᠵᠤ᠂ ᠵᠢᠯ ᠪᠦᠷᠢ 4200 ᠲᠣᠨ ᠬᠢᠮᠢ᠎ᠶ᠋ᠢᠨ ᠪᠤᠷᠳᠤᠭᠤᠷ᠂ 6 ᠲᠣᠨ ᠲᠠᠷᠢᠶᠠᠨ ᠡᠮ᠂ 210 ᠲᠣᠨ ᠰᠦᠯᠢᠶᠣᠣ ᠪᠦᠷᠬᠦᠪᠴᠢ ᠬᠡᠷᠡᠭ᠌ᠯᠡᠬᠦ᠌᠎ᠶ᠋ᠢ ᠪᠠᠭᠠᠰᠭᠠᠨ᠂ ᠳᠠᠭ᠎ᠠ᠎ᠶ᠋ᠢᠨ ᠨᠠᠭᠤᠷ᠎ᠤᠨ ᠤᠯᠠᠨ ᠡᠬᠢᠳᠤ ᠪᠣᠬᠢᠷᠲᠤᠯ᠎ᠢ ᠶᠡᠬᠡ᠎ᠪᠡᠷ ᠪᠠᠭᠠᠰᠭᠠᠵᠤ ᠪᠣᠯᠤᠨ᠎ᠠ᠃ 2020 ᠤᠨ᠎ᠳᠦ᠂ ᠯᠢᠶᠠᠩᠴᠧᠩ ᠱᠢᠶᠠᠨ ᠪᠠᠰᠠ ᠰᠠᠪᠠ ᠭᠠᠵᠠᠷ᠎ᠤᠨ ᠳᠣᠲᠣᠷᠠᠬᠢ 60 ᠭᠠᠷᠤᠢ ᠪᠠᠢᠭᠠᠯᠢᠯᠢᠭ ᠲᠣᠰᠭᠣᠨ᠎ᠳᠤ ᠠᠮᠢᠳᠤᠷᠠᠯ᠎ᠤᠨ ᠪᠣᠬᠢᠷ ᠤᠰᠤ᠂ ᠬᠣᠭ ᠨᠣᠪᠰᠢ᠎ᠶ᠋ᠢ ᠲᠥᠪᠯᠡᠷᠡᠭᠦᠯᠦᠨ ᠱᠢᠢᠳᠪᠦᠷᠢᠯᠡᠬᠦ᠌᠎ᠶ᠋ᠢ ᠬᠡᠷᠡᠭ᠌ᠵᠢᠭᠦᠯᠵᠦ᠍᠂ ᠨᠢᠭᠡᠨᠲᠡ 5 ᠬᠣᠭ ᠨᠣᠪᠰᠢ ᠳᠠᠮᠵᠢᠭᠤᠯᠬᠤ ᠦᠷᠲᠡᠭᠡ ᠪᠠᠢᠭᠤᠯᠤᠨ᠂ ᠲᠣᠰᠭᠣᠨ᠎ᠤ ᠳᠦᠷᠢ ᠲᠥᠷᠬᠦ᠌ ᠴᠣ ᠱᠢᠨ᠎ᠡ ᠪᠣᠯᠤᠭ᠍ᠰᠠᠨ ᠪᠠᠢ᠌ᠨ᠎ᠠ᠃

ᠤᠯᠠᠭᠠᠨᠴᠠᠪ ᠬᠣᠲᠠ᠎ᠶ᠋ᠢᠨ ᠤᠰᠤᠨ ᠠᠱᠢᠭ᠍ᠯᠠᠯᠲᠠ᠎ᠶ᠋ᠢᠨ ᠲᠣᠪᠴᠢᠶ᠎ᠠ᠂ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠲᠣᠪᠴᠢᠶ᠎ᠠ ᠵᠡᠷᠭᠡ ᠰᠠᠯᠠᠭ᠎ᠠ ᠮᠥᠴᠢᠷ᠎ᠦᠨ ᠬᠢᠨᠠᠨ ᠬᠡᠮᠵᠢᠭ᠌ᠰᠡᠨ ᠲᠣᠭ᠎ᠠ ᠪᠠᠷᠢᠮᠲᠠ᠎ᠳᠤ ᠢᠯᠡᠷᠡᠭᠦᠯᠦᠭ᠌ᠰᠡᠨ᠎ᠢᠶᠡᠷ᠂ ᠣᠢᠷ᠎ᠠ᠎ᠶ᠋ᠢᠨ ᠵᠢᠯ᠎ᠳᠦ᠂ ᠲᠠᠭ᠎ᠠ᠎ᠶ᠋ᠢᠨ ᠨᠠᠭᠤᠷ᠎ᠤᠨ ᠲᠠᠯᠠᠪᠠᠶ ᠪᠠᠭᠠᠰᠭᠤ ᠬᠠᠨᠳᠤᠰᠢ ᠤᠳᠠᠭᠠᠱᠢᠷᠠᠵᠤ᠂ 2005 ᠤᠨ ᠡᠴᠡ 2015 ᠣᠨ᠎ᠤ ᠬᠣᠭᠣᠷᠣᠨᠳᠣ ᠵᠢᠯ ᠳᠤᠮᠳᠠᠴᠢ᠎ᠪᠠᠷ 2.6 ᠲᠡᠭ᠌ᠰᠢ ᠳᠥᠷᠪᠡᠯᠵᠢᠨ ᠺᠢᠯᠣᠮᠧᠲ᠋ᠷ ᠪᠠᠭᠠᠰᠴᠤ᠌᠂ 2016 ᠤᠨ ᠡᠴᠡ 2019 ᠣᠨ᠎ᠤ ᠬᠣᠭᠣᠷᠣᠨᠳᠣ ᠵᠢᠯ ᠳᠤᠮᠳᠠᠴᠢ᠎ᠪᠠᠷ 0.54 ᠲᠡᠭ᠌ᠰᠢ ᠳᠥᠷᠪᠡᠯᠵᠢᠨ ᠺᠢᠯᠣᠮᠧᠲ᠋ᠷ ᠪᠠᠭᠠᠰᠪᠠ; 2018ᠤᠨ ᠡᠴᠡ 2019 ᠣᠨ᠎ᠳᠤ᠂ ᠲᠠᠭ᠎ᠠ᠎ᠶ᠋ᠢᠨ ᠨᠠᠭᠤᠷ᠎ᠤᠨ ᠡᠷᠬᠢᠨ ᠲᠣᠭᠣᠷᠢᠨ᠎ᠤ ᠭᠠᠵᠠᠷ ᠳᠤᠤᠷᠠᠬᠢ ᠤᠰᠤᠨ᠎ᠤ ᠲᠦᠪᠱᠢᠨ ᠲᠣᠰ ᠲᠣᠰ 45.73 ᠰᠠᠨᠲ᠋ᠢᠮᠧᠲ᠋ᠷ ᠪᠠ 13.13 ᠰᠠᠨᠲ᠋ᠢᠮᠧᠲ᠋ᠷ ᠳᠡᠭᠡᠭ᠌ᠰᠢᠯᠡᠵᠦ᠂ ᠣᠳᠣᠬᠠᠨ᠎ᠳᠤ᠂ ᠲᠠᠭ᠎ᠠ᠎ᠶ᠋ᠢᠨ ᠨᠠᠭᠤᠷ᠎ᠤᠨ ᠰᠠᠪᠠ ᠭᠠᠵᠠᠷ᠎ᠤᠨ ᠤᠷᠭᠤᠮᠠᠯ᠎ᠤᠨ ᠬᠤᠴᠢᠯᠭ᠎ᠠ᠎ᠶ᠋ᠢᠨ ᠨᠣᠷᠮ᠎ᠠ 2015 ᠣᠨ᠎ᠳᠤ 68% ᠪᠠᠢᠭ᠍ᠰᠠᠨ᠎ᠠᠴᠠ᠎ᠪᠠᠨ ᠣᠲᠣ 70% ᠣᠷᠴᠢᠮ ᠪᠣᠯᠤᠨ ᠳᠡᠭᠡᠭ᠌ᠰᠢᠯᠡᠵᠦ᠍᠂ ᠱᠢᠪᠠᠭᠤᠨ᠎ᠤ ᠲᠥᠷᠥᠯ ᠵᠦᠶ᠋ᠯ 2015 ᠣᠨ᠎ᠳᠤ 68 ᠵᠦᠶ᠋ᠯ ᠪᠠᠢᠭ᠍ᠰᠠᠨ᠎ᠠᠴᠠ᠎ᠪᠠᠨ 91 ᠵᠦᠶ᠋ᠯ ᠪᠣᠯᠤᠨ ᠨᠡᠮᠡᠭ᠌ᠳᠡᠪᠡ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠂ ᠵᠠᠰᠠᠭ᠎ᠤᠨ ᠣᠷᠳᠣᠨ《ᠬᠥᠯᠥᠨ ᠨᠠᠭᠤᠷ᠂ ᠲᠠᠭ᠎ᠠ᠎ᠶ᠋ᠢᠨ ᠨᠠᠭᠤᠷ᠂ ᠤᠯᠠᠭᠠᠨᠰᠤᠬᠠᠢ ᠨᠠᠭᠤᠷ》ᠤ᠋ᠨ ᠶᠡᠷᠦᠩᠬᠡᠢᠯᠡᠭ᠌ᠰᠡᠨ ᠵᠠᠰᠠᠯᠲᠠ᠎ᠶ᠋ᠢᠨ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ᠎ᠱᠦᠵᠢ᠎ᠭᠤᠤᠯ ᠮᠥᠷᠡᠨ ᠨᠠᠭᠤᠷ ᠴᠥᠭᠥᠷᠥᠮ᠎ᠦᠨ ᠨᠢᠭᠡᠳᠦᠭᠡᠷ ᠶᠡᠷᠦᠩᠬᠡᠶ ᠳᠠᠷᠤᠭ᠎ᠠ᠎ᠶ᠋ᠢᠨ ᠲᠤᠱᠢᠶᠠᠯ᠎ᠢ ᠬᠠᠷᠢᠭᠤᠴᠠᠵᠦ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭ᠌ᠴᠢ ᠭᠤᠤᠯ ᠮᠥᠷᠡᠨ ᠨᠠᠭᠤᠷ᠎ᠴᠥᠭᠥᠷᠥᠮ᠎ᠦᠨ᠎ᠶᠡᠷᠦᠩᠬᠡᠶ᠎ᠳᠠᠷᠤᠭ᠎ᠠ᠎ᠶ᠋ᠢᠨ᠎ᠲᠤᠱᠢᠶᠠᠯ᠎ᠢ ᠬᠠᠷᠢᠭᠤᠴᠠᠨ᠂ ᠨᠠᠮ᠎ᠤᠨ ᠬᠣᠷᠢᠶᠠᠨ᠎ᠤ ᠳᠡᠳ᠋ ᠱᠦᠵᠢ ᠲᠠᠭ᠎ᠠ᠎ᠶ᠋ᠢᠨ ᠨᠠᠭᠤᠷ᠎ᠤᠨ ᠳᠠᠷᠤᠭ᠎ᠠ᠂ ᠪᠠᠢᠩᠭᠤ᠎ᠶ᠋ᠢᠨ ᠳᠡᠳ᠋ ᠲᠡᠷᠢᠭᠦᠯᠡᠭ᠌ᠴᠢ ᠬᠥᠯᠥᠨ ᠨᠠᠭᠤᠷ᠎ᠤᠨ ᠳᠠᠷᠤᠭ᠎ᠠ᠂ ᠬᠤᠪᠢᠳᠠᠨ ᠬᠠᠮᠢᠶᠠᠷᠬᠤ ᠳᠡᠳ᠋ ᠲᠡᠷᠢᠭᠦᠯᠡᠭ᠌ᠴᠢ ᠤᠯᠠᠭᠠᠨᠰᠤᠬᠠᠢ ᠨᠠᠭᠤᠷ᠎ᠤᠨ ᠳᠠᠷᠤᠭ᠎ᠠ᠎ᠶ᠋ᠢᠨ ᠲᠤᠱᠢᠶᠠᠯ᠎ᠢ ᠲᠤᠰ ᠲᠤᠰ ᠬᠠᠷᠢᠭᠤᠴᠠᠨ᠂ ᠣᠯᠠᠨ ᠤᠳᠠᠭ᠎ᠠ ᠪᠣᠳᠠᠲᠠᠶ ᠭᠠᠵᠠᠷ᠎ᠲᠤ ᠭᠦᠨᠵᠡᠭᠡᠢᠷᠡᠨ᠂ ᠠᠰᠠᠭᠤᠳᠠᠯ᠎ᠢ ᠢᠯᠡᠷᠡᠭᠦᠯᠵᠦ᠍᠂ ᠠᠰᠠᠭᠤᠳᠠᠯ᠎ᠢ ᠱᠢᠶ᠋ᠳᠪᠦᠷᠢᠯᠡᠵᠦ᠍᠂《ᠬᠥᠯᠥᠨ ᠨᠠᠭᠤᠷ᠂ ᠲᠠᠭ᠎ᠠ᠎ᠶ᠋ᠢᠨ ᠨᠠᠭᠤᠷ᠂ ᠤᠯᠠᠭᠠᠨᠰᠤᠬᠠᠢ ᠨᠠᠭᠤᠷ》᠎ᠤ᠋ᠨ ᠶᠡᠷᠦᠩᠬᠡᠢᠯᠡᠭ᠌ᠰᠡᠨ ᠵᠠᠰᠠᠯᠲᠠ᠎ᠶ᠋ᠢ ᠬᠦᠴᠦᠲᠡᠶ ᠠᠬᠢᠭᠤᠯᠪᠠ᠃

ᠮᠠᠨ᠎ᠤ ᠤᠷᠤᠨ《ᠬᠥᠯᠥᠨ ᠨᠠᠭᠤᠷ᠂ ᠲᠠᠭ᠎ᠠ᠎ᠶ᠋ᠢᠨ ᠨᠠᠭᠤᠷ᠂ ᠤᠯᠠᠭᠠᠨᠰᠤᠬᠠᠢ ᠨᠠᠭᠤᠷ》ᠢ᠋ ᠶᠡᠷᠦᠩᠬᠡᠢᠯᠡᠨ ᠵᠠᠰᠠᠬᠤ ᠲᠥᠯᠥᠪᠵᠢᠭᠦᠯᠭᠡ᠎ᠶ᠋ᠢ ᠲᠣᠭ᠍ᠲᠠᠭᠠᠬᠤ᠎ᠶ᠋ᠢᠨ ᠬᠠᠮᠲᠤ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠨᠠᠩ ᠪᠣᠳᠠᠲᠠᠶ᠎ᠳᠤ ᠨᠡᠢᠴᠡᠭᠦᠯᠦᠨ᠂ ᠬᠥᠯᠥᠨ ᠨᠠᠭᠤᠷ᠎ᠤᠨ 41 ᠲᠥᠷᠥᠯ ᠵᠦᠶ᠋ᠯ᠂ ᠤᠯᠠᠭᠠᠨᠰᠤᠬᠠᠢ᠎ᠶ᠋ᠢᠨ 34 ᠲᠥᠷᠥᠯ ᠵᠦᠶ᠋ᠯ᠂ ᠲᠠᠭ᠎ᠠ᠎ᠶ᠋ᠢᠨ ᠨᠠᠭᠤᠷ᠎ᠤᠨ 21 ᠲᠥᠷᠥᠯ ᠵᠦᠶ᠋ᠯ᠎ᠢᠶᠡᠷ ᠲᠤᠯᠭᠠᠭᠤᠷᠢᠯᠠᠯ ᠪᠣᠯᠭᠠᠵᠤ᠂《ᠬᠥᠯᠥᠨ ᠨᠠᠭᠤᠷ᠂ ᠲᠠᠭ᠎ᠠ᠎ᠶ᠋ᠢᠨ᠎ᠨᠠᠭᠤᠷ᠂ ᠤᠯᠠᠭᠠᠨᠰᠤᠬᠠᠢ ᠨᠠᠭᠤᠷ》 ᠤ᠋ᠨ ᠶᠡᠷᠦᠩᠬᠡᠢᠯᠡᠭ᠌ᠰᠡᠨ ᠵᠠᠰᠠᠯᠲᠠ᠎ᠶ᠋ᠢᠨ ᠠᠵᠢᠯ᠎ᠢ ᠪᠥᠬᠥ᠌ ᠲᠠᠯ᠎ᠠ᠎ᠪᠠᠷ ᠠᠬᠢᠭᠤᠯᠪᠠ᠃

ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ ᠲᠦᠷᠦᠭᠦᠯᠡᠨ《ᠬᠥᠯᠥᠨ ᠨᠠᠭᠤᠷ᠂ ᠲᠠᠭ᠎ᠠ᠎ᠶ᠋ᠢᠨ ᠨᠠᠭᠤᠷ᠂ ᠤᠯᠠᠭᠠᠨᠰᠤᠬᠠᠢ ᠨᠠᠭᠤᠷ》 ᠢ᠋ ᠶᠡᠷᠦᠩᠬᠡᠢᠯᠡᠨ ᠵᠠᠰᠠᠬᠤ ᠲᠥᠯᠥᠪᠵᠢᠭᠦᠯᠭᠡ ᠪᠠ ᠲᠥᠷᠥᠯ ᠵᠦᠶ᠋ᠯ᠎ᠦᠨ ᠬᠡᠷᠡᠭ᠌ᠵᠢᠭᠦᠯᠦᠯᠲᠡ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠶᠡᠷᠦᠩᠬᠡᠶ ᠪᠠᠯᠠ ᠣᠷᠣᠭᠤᠯᠤᠯᠲᠠ᠎ᠨᠢ 98.2 ᠳ᠋ᠦᠩᠱᠢᠭᠤᠷ ᠲᠥᠭᠥᠷᠢᠭ᠎ᠲᠦ ᠬᠦᠷᠴᠦ᠍᠂ 82.1 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠤᠯᠲᠠ᠎ᠶ᠋ᠢ ᠪᠡᠶᠡᠯᠡᠭᠦᠯᠵᠦ᠍᠂ ᠪᠡᠶᠡᠯᠡᠭᠦᠯᠦᠭ᠌ᠰᠡᠨ ᠨᠣᠷᠮ᠎ᠠ᠎ᠨᠢ83.6%᠎ᠳ᠋ᠤ ᠬᠦᠷᠴᠡᠶ᠃《ᠬᠥᠯᠥᠨ ᠨᠠᠭᠤᠷ᠂ ᠲᠠᠭ᠎ᠠ᠎ᠶ᠋ᠢᠨ ᠨᠠᠭᠤᠷ᠂ ᠤᠯᠠᠭᠠᠨᠰᠤᠬᠠᠢ ᠨᠠᠭᠤᠷ》ᠤ᠋ᠨ ᠶᠡᠷᠦᠩᠬᠡᠢᠯᠡᠭᠰᠡᠨ ᠵᠠᠰᠠᠯᠲᠠ ᠢᠳᠡᠪᠬᠢᠲᠡᠢ ᠦᠷ᠎ᠡ ᠪᠦᠲᠦᠮᠵᠢ ᠤᠯᠵᠤ᠂ ᠤᠯᠠᠭᠠᠨᠰᠤᠬᠠᠢ ᠨᠠᠭᠤᠷ᠎ᠤᠨ ᠤᠰᠤᠨ᠎ᠤ ᠴᠢᠨᠠᠷ ᠰᠠᠢᠵᠢᠷᠠᠨ᠂ ᠬᠥᠯᠥᠨ ᠨᠠᠭᠤᠷ᠂ ᠲᠠᠭ᠎ᠠ᠎ᠶ᠋ᠢᠨ ᠨᠠᠭᠤᠷ᠎ᠤᠨ ᠤᠰᠤᠨ᠎ᠤ ᠴᠢᠨᠠᠷ᠎ᠨᠢ ᠬᠢᠮᠢ᠎ᠶ᠋ᠢᠨ ᠬᠦᠴᠢᠯᠲᠥ᠋ᠷᠥᠭ᠌ᠴᠢ ᠬᠡᠷᠡᠭ᠌ᠰᠡᠬᠦ᠌ ᠬᠡᠮᠵᠢᠶ᠎ᠡ᠂ ᠹᠯᠣᠷᠲᠤ ᠨᠢᠭᠡᠳᠪᠦᠷᠢ᠂ ᠳᠡᠭᠡᠳᠦ ᠮᠠᠩᠭᠠᠨ ᠬᠦᠴᠢᠯ᠎ᠦᠨ ᠳᠠᠪᠤᠰᠤᠨ᠎ᠤ ᠵᠢᠭᠠᠯᠲᠠ ᠲᠣᠭ᠎ᠠ᠎ᠠᠴᠠ ᠭᠠᠳᠠᠨ᠎ᠠ᠂ ᠪᠤᠰᠤᠳ ᠭᠦᠶ᠋ᠴᠡᠳᠭᠡᠯ ᠲᠣᠭ᠎ᠠ᠎ᠨᠢ ᠴᠥᠮ ᠭᠠᠵᠠᠷ᠎ᠤᠨ ᠭᠠᠳᠠᠷᠭᠤ᠎ᠶ᠋ᠢᠨ ᠤᠰᠤᠨ᠎ᠤ V ᠲᠥᠷᠥᠯ ᠵᠢᠴᠢ ᠲᠡᠭᠦᠨ᠎ᠡᠴᠡ ᠳᠡᠭᠡᠭ᠌ᠰᠢᠬᠢ ᠪᠠᠷᠢᠮᠵᠢᠶ᠎ᠠ᠎ᠳᠤ ᠬᠥᠷᠴᠦ᠂ ᠨᠠᠭᠤᠷ᠎ᠤᠨ ᠲᠠᠯᠠᠪᠠᠶ᠎ᠶ᠋ᠢ ᠴᠥᠮ ᠲᠣᠭ᠍ᠲᠠᠭᠤᠨ ᠪᠤᠯᠭᠠᠪᠠ᠃

ᠬᠥᠯᠥᠨ ᠨᠠᠭᠤᠷ ᠪᠣᠯ ᠮᠠᠨ᠎ᠤ ᠤᠯᠤᠰ᠎ᠤᠨ ᠳᠥᠷᠪᠡᠳᠦᠭᠡᠷ ᠶᠡᠬᠡ ᠴᠡᠩᠭᠡᠭ ᠨᠠᠭᠤᠷ᠂ ᠮᠠᠨ᠎ᠤ ᠤᠷᠤᠨ᠎ᠤ ᠨᠢᠭᠡᠳᠦᠭᠡᠷ ᠳᠤᠮᠤ ᠨᠠᠭᠤᠷ ᠪᠣᠯᠤᠨ᠎ᠠ᠃ ᠬᠥᠯᠥᠨ ᠨᠠᠭᠤᠷ᠎ᠢ ᠠᠪᠤᠷᠠᠨ᠂ ᠬᠥᠯᠥᠨ ᠨᠠᠭᠤᠷ᠎ᠤᠨ ᠬᠠᠮᠠᠭᠠᠯᠠᠯᠲᠠ᠎ᠶ᠋ᠢᠨ ᠣᠷᠣᠨ ᠵᠢᠴᠢ ᠡᠷᠬᠢᠨ ᠲᠣᠭᠣᠷᠢᠨ᠎ᠤ ᠠᠮᠢ ᠠᠬᠤᠶ᠎ᠶ᠋ᠢᠨ ᠬᠠᠮᠠᠭᠠᠯᠠᠯᠲᠠ᠂ ᠶᠡᠷᠦᠩᠬᠡᠢᠯᠡᠭ᠌ᠰᠡᠨ ᠵᠠᠰᠠᠯᠲᠠ᠂ ᠪᠠᠢᠭᠤᠯᠤᠮᠵᠢ᠎ᠶ᠋ᠢᠨ ᠪᠠᠢᠭᠤᠯᠤᠯᠲᠠ ᠵᠡᠷᠭᠡ ᠠᠯᠢ ᠣᠯᠠᠨ ᠠᠰᠠᠭᠤᠳᠠᠯ᠎ᠢ ᠲᠤᠢᠯᠪᠤᠷᠢᠲᠠᠶ ᠱᠢᠶ᠋ᠳᠪᠦᠷᠢᠯᠡᠬᠦ᠌᠎ᠶ᠋ᠢᠨ ᠲᠥᠯᠥᠭᠡ᠂ 2016 ᠣᠨ᠎ᠳᠤ ᠬᠥᠯᠥᠨ ᠪᠣᠢᠷ ᠬᠣᠲᠠ《ᠬᠥᠯᠥᠨ ᠨᠠᠭᠤᠷ᠎ᠤᠨ ᠰᠠᠪᠠ ᠭᠠᠵᠠᠷ᠎ᠤᠨ ᠠᠮᠢ ᠠᠬᠤᠶ ᠬᠢᠭᠡᠳ ᠣᠷᠴᠢᠨ ᠲᠣᠭᠣᠷᠢᠨ᠎ᠤ ᠶᠡᠷᠦᠩᠬᠡᠢᠯᠡᠨ ᠵᠠᠰᠠᠯᠲᠠ ᠵᠢ ᠬᠡᠷᠡᠭ᠌ᠵᠢᠭᠦᠯᠬᠦ᠌ ᠲᠥᠰᠦᠯ》ᠢ᠋ ᠵᠢᠩᠬᠢᠨᠢ᠎ᠪᠡᠷ ᠴᠣᠬᠣᠯᠠᠪᠤᠷᠢᠯᠠᠨ᠂ ᠨᠡᠢ᠌ᠲᠡ 52.27 ᠳ᠋ᠦᠩᠱᠢᠭᠤᠷ ᠲᠥᠭᠥᠷᠢᠭ᠎ᠤᠨ ᠶᠡᠷᠦᠩᠬᠡᠶ ᠪᠠᠯᠠ ᠣᠷᠣᠭᠤᠯᠤᠯᠲᠠ ᠪᠦᠬᠦᠢ ᠲᠦᠷᠦᠯ ᠵᠦᠢᠯ᠎ᠢ ᠬᠡᠷᠡᠭ᠌ᠵᠢᠭᠦᠯᠵᠦ᠍᠂ ᠬᠣᠶᠠᠷ ᠬᠤᠭᠤᠴᠠᠭᠠᠨ᠎ᠤ 40 ᠲᠥᠷᠥᠯ ᠵᠦᠶ᠋ᠯ᠎ᠦᠨ ᠢᠨᠵᠧᠨᠧᠷᠢᠩ᠎ᠦᠨ ᠬᠡᠷᠡᠭ᠌ᠵᠢᠭᠦᠯᠦᠯᠲᠡ᠎ᠶ᠋ᠢ ᠪᠥᠬᠥ᠌ ᠬᠦᠴᠦᠨ᠎ᠢᠶᠡᠷ ᠠᠬᠢᠭᠤᠯᠪᠠ᠃  ᠭᠣᠣᠯ ᠮᠦᠷᠡᠨ ᠡᠴᠡ ᠤᠰᠤ ᠲᠠᠲᠠᠵᠤ ᠨᠠᠭᠤᠷ ᠴᠥᠭᠥᠷᠥᠮ᠎ᠳᠦ ᠤᠰᠤ ᠨᠡᠮᠡᠷᠢᠯᠡᠬᠦ᠌ ᠪᠠ ᠭᠣᠣᠯ ᠮᠥᠷᠡᠨ ᠨᠠᠭᠤᠷ ᠴᠥᠭᠥᠷᠥᠮ᠎ᠢ ᠬᠣᠯᠪᠣᠨ ᠨᠡᠪᠲᠡᠷᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠵᠦ᠂ ᠤᠰᠤᠨ᠎ᠤ ᠡᠬᠢ ᠪᠠᠶᠠᠯᠢᠭ᠎ᠢ ᠲᠣᠬᠢᠷᠠᠭᠤᠯᠵᠤ᠂ ᠨᠠᠭᠤᠷ᠎ᠤᠨ ᠤᠰᠤ ᠨᠥᠬᠥᠪᠥᠷᠢᠯᠡᠬᠦ᠌ ᠢᠷᠡᠯᠲᠡ᠎ᠶ᠋ᠢᠨ ᠠᠰᠠᠭᠤᠳᠠᠯ᠎ᠢ ᠬᠦᠴᠦᠯᠡᠨ ᠱᠢᠶ᠋ᠳᠪᠦᠷᠢᠯᠡᠪᠡ᠃ ᠵᠢᠭᠤᠯᠴᠢᠯᠠᠯ᠎ᠤᠨ ᠠᠵᠤ ᠠᠬᠤᠢᠯᠠᠯ᠎ᠢ ᠬᠠᠭᠠᠵᠤ ᠵᠣᠭ᠍ᠰᠣᠭᠠᠨ᠂ ᠲᠣᠭ᠍ᠲᠠᠭᠠᠯ᠎ᠠᠴᠠ ᠵᠥᠷᠢᠴᠡᠭ᠌ᠰᠡᠨ ᠪᠠᠷᠢᠯᠭ᠎ᠠ᠎ᠶ᠋ᠢ ᠨᠤᠷᠠᠭᠠᠵᠤ᠂ ᠬᠥᠯᠥᠨ ᠨᠠᠭᠤᠷ᠎ᠤᠨ ᠡᠷᠭᠢᠨ ᠲᠣᠭᠣᠷᠢᠨ ᠵᠢᠴᠢ ᠨᠠᠭᠤᠷ᠎ᠲᠤ ᠤᠷᠤᠰᠤᠨ ᠣᠷᠣᠬᠤ ᠭᠣᠣᠯ ᠮᠥᠷᠡᠨ ᠳᠠᠭᠠᠤ᠎ᠶ᠋ᠢᠨ ᠪᠣᠬᠢᠷ ᠤᠰᠤ ᠱᠢᠶ᠋ᠳᠪᠦᠷᠢᠯᠡᠬᠦ᠌ ᠦᠢᠯᠡᠳᠪᠦᠷᠢ᠎ᠳᠦ ᠪᠠᠷᠢᠮᠵᠢᠶ᠎ᠠ᠎ᠶ᠋ᠢ ᠳᠡᠭᠡᠭ᠌ᠰᠢᠯᠡᠭᠦᠯᠦᠨ ᠥᠭᠡᠷᠡᠴᠢᠯᠡᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠰᠤᠮᠤ ᠪᠠᠯᠭᠠᠰᠤᠨ᠎ᠤ ᠬᠣᠭ ᠨᠣᠪᠰᠢ᠎ᠶ᠋ᠢ ᠬᠣᠣᠷ ᠦᠭᠡᠢᠳᠡᠭᠦᠯᠦᠨ ᠱᠢᠶ᠋ᠳᠪᠦᠷᠢᠯᠡᠵᠦ᠂᠎ᠰᠠᠪᠠ ᠭᠠᠵᠠᠷ᠎ᠤᠨ ᠡᠷᠭᠢᠨ ᠲᠣᠭᠣᠷᠢᠨ᠎ᠤ ᠠᠮᠢ ᠠᠬᠤᠶ ᠣᠷᠴᠢᠨ ᠲᠣᠭᠣᠷᠢᠨ᠎ᠳᠤ ᠦᠵᠡᠭᠦᠯᠬᠦ᠌ ᠵᠣᠷᠢᠭᠤᠳᠠ᠎ᠶ᠋ᠢᠨ ᠨᠥᠯᠥᠭᠡᠯᠡᠯ᠎ᠢ ᠤᠯᠠᠮ ᠨᠢᠭᠡ ᠠᠯᠬᠤᠮ ᠪᠠᠭᠠᠰᠭᠠᠭᠰᠠᠨ ᠪᠠᠢᠨ᠎ᠠ᠃

ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢ ᠵᠠᠰᠠᠵᠤ᠂ ᠨᠠᠭᠤᠷ᠎ᠤᠨ ᠡᠷᠬᠢᠨ ᠲᠣᠭᠣᠷᠢᠨ᠎ᠳᠤ ᠪᠡᠯᠴᠢᠭᠡᠷᠯᠡᠭᠦᠯᠬᠦ᠌ ᠎ᠶ᠋ᠢ ᠴᠠᠭᠠᠵᠠᠯᠠᠬᠤ᠂ ᠮᠠᠯ ᠪᠡᠯᠴᠢᠭᠡᠷ᠎ᠢ ᠲᠡᠩᠴᠡᠭᠦᠷᠢ ᠲᠡᠶ ᠪᠠᠢᠯᠭᠠᠬᠤ᠎ᠶ᠋ᠢ ᠬᠡᠷᠡᠭ᠌ᠵᠢᠭᠦᠯᠵᠦ᠍᠂ ᠰᠠᠪᠠ ᠭᠠᠵᠠᠷ᠎ᠤᠨ ᠨᠤᠲᠤᠭ ᠪᠡᠯᠴᠢᠭᠡᠷ ᠮᠠᠭᠤᠳᠠᠬᠤ᠂ ᠡᠯᠡᠰᠦᠷᠬᠡᠭ᠌ᠵᠢᠬᠦ᠌ ᠬᠠᠨᠳᠤᠰᠢ᠎ᠶ᠋ᠢ ᠪᠦᠲᠦᠮᠵᠢᠲᠡᠶ ᠬᠣᠷᠢᠭ᠍ᠯᠠᠪᠠ᠃ ᠣᠳᠣᠬᠠᠨ᠎ᠳᠤ ᠬᠥᠯᠥᠨ ᠨᠠᠭᠤᠷ ᠤ᠋ᠨ ᠡᠷᠬᠢᠨ ᠲᠤᠭᠤᠷᠢᠨ ᠎ᠤ ᠭᠠᠵᠠᠷ ᠱᠢᠷᠣᠶ᠎ᠶ᠋ᠢᠨ ᠵᠠᠰᠠᠯᠲᠠ᠎ᠶ᠋ᠢᠨ ᠲᠠᠯᠠᠪᠠᠶ ᠨᠡᠢᠲᠡ 83.8 ᠲᠦᠮᠡᠨ ᠮᠥ᠍᠎ᠳᠦ ᠬᠦᠷᠴᠦ᠍᠂ ᠪᠡᠯᠴᠢᠭᠡᠷᠯᠡᠭᠦᠯᠬᠦ᠌᠎ᠶ᠋ᠢ ᠴᠠᠭᠠᠵᠠᠯᠠᠬᠤ ᠪᠠ ᠮᠠᠯ ᠪᠡᠯᠴᠢᠭᠡᠷ᠎ᠢ ᠲᠡᠩᠴᠡᠭᠦᠷᠢ ᠲᠡᠶ ᠪᠠᠢᠯᠭᠠᠬᠤ᠎ᠶ᠋ᠢ 5633 ᠲᠦᠮᠡᠨ ᠮᠥ᠍ ᠨᠠᠢᠳᠠᠪᠤᠷᠢᠵᠢᠭᠤᠯᠪᠠ᠃

ᠲᠠᠪᠤᠨ ᠵᠢᠯ ᠲᠠᠷᠠᠭᠠᠯᠠᠨ ᠨᠠᠭᠤᠷ᠎ᠢ ᠪᠢᠲᠡᠭᠦᠮᠵᠢᠯᠡᠨ᠂ ᠵᠢᠭᠠᠰᠤᠨ᠎ᠤ ᠭᠠᠷᠤᠯᠲᠠ᠎ᠶ᠋ᠢ ᠬᠢᠵᠠᠭᠠᠷᠯᠠᠵᠤ᠂ ᠵᠢᠭᠠᠰᠤᠨ ᠤ᠋ ᠠᠵᠤ ᠠᠬᠤᠶ᠎ᠶ᠋ᠢᠨ ᠡᠬᠢ ᠪᠠᠶᠠᠯᠢᠭ ᠵᠢᠴᠢ ᠤᠰᠤᠨ᠎ᠤ ᠠᠮᠢ ᠠᠬᠤᠶ᠎ᠶ᠋ᠢᠨ ᠱᠢᠰᠲ᠋ᠧᠮ᠎ᠢ ᠰᠡᠷᠭᠦᠭᠡᠨ᠂《ᠥᠪᠡᠷᠲᠡᠭᠡᠨ ᠵᠠᠰᠠᠬᠤ ᠣᠷᠣᠨ᠎ᠤ ᠬᠥᠯᠥᠨ ᠨᠠᠭᠤᠷ᠎ᠤᠨ ᠤᠯᠤᠰ᠎ᠤᠨ ᠲᠠᠰ᠎ᠤᠨ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠤ ᠲᠦᠷᠢᠮ》 ᠢ᠋ ᠨᠡᠢᠲᠡᠯᠡᠨ ᠬᠡᠷᠡᠭ᠌ᠵᠢᠭᠦᠯᠵᠦ᠍᠂ ᠬᠠᠮᠠᠭᠠᠯᠠᠯᠲᠠ᠎ᠶ᠋ᠢᠨ ᠣᠷᠣᠨ᠎ᠤ ᠪᠥᠬᠥ᠌ ᠬᠢᠯᠢ᠎ᠶ᠋ᠢ ᠬᠠᠮᠤᠷᠤᠭ᠍ᠰᠠᠨ ᠲᠣᠭᠠᠴᠢᠯᠠᠭ᠍ᠰᠠᠨ ᠬᠠᠷᠠᠭᠠᠨ ᠳᠠᠪᠲᠠᠮᠵᠢ᠎ᠵᠢᠨ ᠬᠢᠨᠠᠨ ᠡᠵᠡᠮᠳᠡᠬᠦ᠌ ᠱᠢᠰᠲ᠋ᠧᠮ᠎ᠢ ᠪᠠᠢᠭᠤᠯᠪᠠ᠃

ᠣᠳᠣᠬᠠᠨ᠎ᠳᠤ᠂ ᠶᠠᠮᠠᠷ ᠴᠤ᠌ ᠦᠶ᠋ᠯᠡᠳᠪᠦᠷᠢ ᠠᠭᠤᠷᠬᠠᠶ᠎ᠶ᠋ᠢᠨ ᠠᠵᠤ ᠠᠬᠤᠢᠯᠠᠯ ᠭᠡᠳ ᠬᠥᠯᠥᠨ ᠨᠠᠭᠤᠷ᠎ᠠᠴᠠ ᠤᠰᠤ ᠠᠪᠬᠤ ᠪᠠᠨ ᠪᠤᠯᠢᠵᠤ᠂ ᠨᠠᠭᠤᠷ᠎ᠢ ᠲᠣᠭᠣᠷᠢᠭ᠍ᠰᠠᠨ ᠡᠷᠬᠢᠨ ᠲᠣᠭᠣᠷᠢᠨ᠎ᠳᠤ ᠪᠣᠬᠢᠷᠲᠤᠯ ᠭᠠᠳᠠᠭ᠍ᠰᠢᠯᠠᠭᠤᠯᠬᠤ ᠠᠮᠠᠰᠠᠷ ᠠᠯᠠᠭ᠎ᠠ ᠪᠣᠯᠵᠤ᠂  ᠬᠥᠯᠥᠨ ᠨᠠᠭᠤᠷ᠎ᠤᠨ ᠤᠰᠤᠨ ᠣᠷᠣᠨ᠎ᠤ ᠲᠠᠯᠠᠪᠠᠶ 2104.3 ᠲᠡᠭ᠌ᠰᠢ ᠳᠥᠷᠪᠡᠯᠵᠢᠨ ᠺᠢᠯᠣᠮᠧᠲ᠋ᠷ ᠪᠣᠯᠤᠨ ᠥᠷᠭᠡᠵᠢᠪᠡ᠃ 2013 ᠣᠨ᠎ᠠᠴᠠ ᠣᠲᠣ ᠪᠣᠯᠲᠠᠯ᠎ᠠ᠂ ᠬᠥᠯᠥᠨ ᠨᠠᠭᠤᠷ᠎ᠤᠨ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠳᠤ ᠲᠡᠮᠳᠡᠭ᠌ᠯᠡᠭ᠌ᠰᠡᠨ ᠱᠢᠪᠠᠭᠤᠨ᠎ᠤ ᠲᠥᠷᠥᠯ ᠵᠦᠶ᠋ᠯ ᠵᠢᠴᠢ ᠪᠣᠳᠠᠭᠠᠯᠢ ᠪᠡᠶ᠎ᠡ᠎ᠶ᠋ᠢᠨ ᠲᠣᠭ᠎ᠠ ᠬᠡᠮᠵᠢᠶ᠎ᠡ ᠨᠢ ᠴᠥᠮ ᠵᠢᠯ ᠳᠠᠷᠠᠭᠠᠯᠠᠨ ᠨᠡᠮᠡᠭ᠌ᠳᠡᠵᠦ᠂ ᠱᠢᠪᠠᠭᠤᠨ᠎ᠤ ᠲᠥᠷᠥᠯ ᠨᠢ 333 ᠵᠦᠶ᠋ᠯ ᠪᠠᠢᠭ᠍ᠰᠠᠨ᠎ᠠᠴᠠ᠎ᠪᠠᠨ 345 ᠵᠦᠶ᠋ᠯ ᠪᠣᠯᠵᠣ᠂ ᠵᠢᠭᠠᠰᠤᠨ᠎ᠤ ᠲᠥᠷᠥᠯ 32 ᠲᠥᠷᠥᠯ᠎ᠡᠴᠡ 35 ᠲᠥᠷᠥᠯ ᠪᠣᠯᠤᠨ ᠨᠡᠮᠡᠭ᠌ᠳᠡᠵᠦ᠍᠂ ᠬᠥᠬᠥᠲᠡᠨ ᠠᠮᠢᠲᠠᠨ 35 ᠲᠥᠷᠥᠯ ᠪᠠᠢᠭ᠍ᠰᠠᠨ᠎ᠠᠴᠠ᠎ᠪᠠᠨ 38 ᠲᠥᠷᠥᠯ ᠪᠣᠯᠤᠨ ᠨᠡᠮᠡᠭ᠌ᠳᠡᠪᠡ᠃

ᠦᠵᠡᠰᠭᠦᠯᠡᠩᠲᠦ ᠰᠠᠢᠬᠠᠨ ᠭᠣᠣᠯ ᠮᠥᠷᠡᠨ ᠨᠠᠭᠤᠷ ᠴᠥᠭᠥᠷᠥᠮ᠎ᠦᠨ ᠪᠦᠲᠦᠭᠡᠨ ᠪᠠᠢᠭᠤᠯᠤᠯᠲᠠ᠎ᠳᠤ ᠲᠡᠭᠦᠰᠭᠡᠯ᠎ᠦᠨ ᠴᠡᠭ ᠭᠡᠵᠦ᠍ ᠪᠠᠢᠬᠤ ᠦᠭᠡᠢ᠃

ᠪᠠᠶᠠᠨᠨᠠᠭᠤᠷ ᠬᠤᠳᠠ 2018 ᠣᠨ᠎ᠠᠴᠠ ᠡᠬᠢᠯᠡᠨ ᠤᠯᠠᠭᠠᠨᠰᠤᠬᠠᠢ ᠨᠠᠭᠤᠷ ᠎ᠤᠨ ᠰᠠᠪᠠ ᠭᠠᠵᠠᠷ᠎ᠤᠨ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠶᠡᠷᠦᠩᠬᠡᠢᠯᠡᠨ ᠵᠠᠰᠠᠬᠤ ᠠᠵᠢᠯ᠎ᠢ ᠨᠢᠭᠡᠳᠦᠯᠲᠡᠢ ᠲᠥᠯᠥᠪᠵᠢᠭᠦᠯᠵᠦ᠍᠂ ᠤᠯᠤᠰ᠎ᠤᠨ ᠳᠣᠲᠣᠭᠠᠳᠤ᠎ᠶ᠋ᠢᠨ ᠲᠡᠷᠢᠭᠦᠨ ᠲᠡᠰ᠎ᠤᠨ ᠲᠤᠰᠭᠠᠢ ᠮᠡᠷᠭᠡᠵᠢᠯᠲᠡᠨ᠎ᠢ ᠤᠷᠢᠵᠤ ᠪᠦᠬᠦ᠌ ᠰᠠᠪᠠ ᠭᠠᠵᠠᠷ᠎ᠤᠨ ᠶᠡᠷᠦᠩᠬᠡᠢᠯᠡᠭ᠌ᠰᠡᠨ ᠵᠠᠰᠠᠯᠲᠠ᠎ᠶ᠋ᠢᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠎ᠳᠤ ᠣᠷᠣᠯᠴᠠᠭᠤᠯᠤᠨ᠂ ᠠᠮᠢ ᠠᠬᠤᠢ᠎ᠶ᠋ᠢ ᠬᠠᠮᠠᠭᠠᠯᠠᠨ ᠰᠡᠷᠭᠦᠭᠡᠬᠦ᠌ ᠤᠯᠤᠰ᠎ᠤᠨ ᠲᠤᠷᠱᠢᠯᠲᠠ᠎ᠶ᠋ᠢᠨ ᠴᠡᠭ᠎ᠦᠨ ᠢᠨᠵᠧᠨᠧᠷᠢᠩ᠎ᠢ ᠬᠡᠷᠡᠭ᠌ᠵᠢᠭᠦᠯᠬᠦ᠌᠎ᠪᠡᠷ ᠠᠵᠠ ᠲᠣᠬᠢᠶᠠᠯ ᠪᠣᠯᠭᠠᠵᠤ᠂ ᠤᠯᠠᠨ ᠵᠦᠢᠯ᠎ᠤᠨ ᠪᠤᠬᠢᠷᠳᠤᠯ᠎ᠤᠨ ᠡᠬᠢ᠎ᠶ᠋ᠢ ᠵᠠᠰᠠᠬᠤ ᠵᠢᠴᠢ ᠶᠡᠷᠦᠩᠬᠡᠢᠯᠡᠨ ᠵᠠᠰᠠᠬᠤ᠂ ᠱᠢᠰᠲ᠋ᠧᠮ᠎ᠲᠡᠶ ᠵᠠᠰᠠᠬᠤ᠎ᠶ᠋ᠢ ᠶᠡᠬᠡ᠎ᠪᠡᠷ ᠠᠬᠢᠭᠤᠯᠪᠠ᠃

ᠡᠭᠦᠨ᠎ᠦ ᠬᠠᠮᠲᠤ᠌᠂ ᠪᠠᠶᠠᠨᠨᠠᠭᠤᠷ ᠬᠣᠲᠠ ᠪᠠᠰᠠ ᠠᠮᠢ ᠠᠬᠤᠶ᠎ᠶ᠋ᠢᠨ ᠤᠰᠤ ᠨᠥᠬᠥᠪᠥᠷᠢᠯᠡᠬᠦ᠂ ᠲᠤᠤᠷᠵᠢᠭᠤᠯᠤᠭ᠍ᠰᠠᠨ᠎ᠤᠰᠤᠨ ᠵᠠᠮ᠂ ᠨᠠᠭᠤᠷ᠎ᠤᠨ ᠣᠷᠣᠨ᠎ᠤ ᠢᠷᠣᠭᠠᠷ᠎ᠤᠨ ᠱᠢᠪᠠᠷ᠎ᠢ ᠱᠢᠶ᠋ᠳᠪᠦᠷᠢᠯᠡᠬᠦ᠌ ᠲᠤᠷᠱᠢᠯᠲᠠ᠎ᠶ᠋ᠢᠨ ᠵᠢᠱ᠌ᠢᠶ᠎ᠡ ᠦᠵᠡᠭᠦᠯᠬᠦ᠂ ᠬᠤᠯᠤᠰᠤ᠎ᠶ᠋ᠢ ᠡᠳ᠋ᠱᠢᠭᠦᠯᠦᠨ ᠬᠤᠪᠢᠷᠠᠭᠤᠯᠬᠤ ᠵᠡᠷᠭᠡ ᠢᠨᠵᠧᠨᠧᠷᠢᠩ᠎ᠢ ᠬᠡᠷᠡᠭ᠌ᠵᠢᠭᠦᠯᠵᠦ᠍᠂ ᠨᠠᠭᠤᠷ᠎ᠤᠨ ᠣᠷᠣᠨ᠎ᠤ ᠤᠰᠤᠨ᠎ᠤ ᠴᠢᠨᠠᠷ᠎ᠢ ᠰᠠᠢᠵᠢᠷᠠᠭᠤᠯᠤᠨ᠂ ᠳᠣᠲᠣᠭᠠᠳᠤ ᠡᠬᠢ ᠰᠤᠷᠪᠤᠯᠵᠢ᠎ᠶ᠋ᠢᠨ ᠵᠠᠰᠠᠯᠲᠠ᠎ᠶ᠋ᠢ ᠠᠬᠢᠭᠤᠯᠪᠠ᠃ ᠤᠯᠠᠭᠠᠨᠰᠤᠬᠠᠢ ᠨᠠᠭᠤᠷ᠎ᠤᠨ ᠰᠠᠪᠠ ᠭᠠᠵᠠᠷ᠎ᠲᠤ ᠨᠢᠭᠡᠨᠲᠡ ᠠᠮᠢ ᠠᠬᠤᠶ ᠣᠷᠴᠢᠨ ᠲᠣᠭᠣᠷᠢᠨ᠎ᠤ ᠲᠣᠮᠣ ᠳ᠋ᠠᠢᠲ᠋ᠠ᠎ᠶ᠋ᠢᠨ ᠲᠠᠪᠴᠠᠩ ᠪᠠᠢᠭᠤᠯᠵᠤ᠂ ᠰᠠᠭᠤᠷᠢ ᠳ᠋ᠠᠢᠲ᠋ᠠ᠎ᠶ᠋ᠢ ᠴᠤᠭ᠍ᠯᠠᠭᠤᠯᠬᠤ᠂ ᠳᠠᠮᠵᠢᠭᠤᠯᠬᠤ᠂ ᠵᠠᠳᠠᠯᠬᠤ ᠪᠠ ᠬᠠᠮᠢᠶᠠᠷᠬᠤ ᠱᠢᠰᠲ᠋ᠧᠮ᠎ᠢ ᠲᠡᠭᠦᠯᠳᠡᠷᠵᠢᠭᠦᠯᠦᠨ᠂ ᠱᠢᠨᠵᠢᠯᠡᠬᠦ᠌ ᠤᠬᠠᠭᠠᠨᠴᠢ᠎ᠪᠠᠷ ᠠᠮᠢ ᠠᠬᠤᠶ᠎ᠶ᠋ᠢ ᠬᠠᠮᠠᠭᠠᠯᠠᠬᠤ ᠪᠠ ᠰᠡᠷᠭᠦᠭᠡᠬᠦ᠌᠎ᠳᠦ ᠳ᠋ᠠᠢᠲ᠋ᠠ᠎ᠶ᠋ᠢᠨ ᠲᠤᠯᠭᠠᠭᠤᠷᠢᠯᠠᠯ ᠪᠠ ᠦᠨᠳᠦᠰᠦᠯᠡᠯ ᠬᠠᠩᠭᠠᠪᠠ᠃

ᠤᠳᠤᠬᠠᠨ ᠳ᠋ᠤ᠂ ᠤᠯᠠᠭᠠᠨᠰᠤᠬᠠᠢ᠎ᠨᠠᠭᠤᠷ᠎ᠤᠨ ᠠᠮᠢ ᠠᠬᠤᠢ ᠣᠷᠴᠢᠨ ᠲᠣᠭᠣᠷᠢᠨ ᠳᠠᠰᠤᠷᠠᠯᠳᠠ ᠦᠬᠡᠢ ᠰᠠᠢᠵᠢᠷᠠᠵᠤ᠂ ᠤᠰᠤᠨ᠎ᠤ ᠳᠠᠯᠠᠪᠠᠢ 293 ᠲᠡᠭ᠌ᠰᠢ ᠳᠥᠷᠪᠡᠯᠵᠢᠨ ᠺᠢᠯᠣᠮᠧᠲ᠋ᠷ᠎ᠲᠦ ᠲᠣᠭ᠍ᠲᠠᠪᠤᠷᠢᠵᠢᠪᠠ᠃ ᠤᠰᠤᠨ᠎ᠤ ᠴᠢᠨᠠᠷ ᠶᠡᠷᠦᠩᠬᠡᠶ᠎ᠳᠡᠭᠡᠨ ᠰᠠᠢᠵᠢᠷᠠᠵᠤ᠂ V ᠲᠥᠷᠥᠯ᠎ᠳᠦ ᠲᠣᠭ᠍ᠲᠠᠪᠤᠷᠢᠵᠢᠨ᠂ ᠬᠡᠰᠡᠭ ᠣᠷᠣᠨ ᠪᠦᠰᠡ ᠵᠢᠨ ᠤᠰᠤᠨ᠎ᠤ ᠴᠢᠨᠠᠷ V ᠲᠥᠷᠥᠯ᠎ᠡᠴᠡ᠎ᠳᠠᠪᠠᠭᠤᠯᠢᠭ᠎ᠪᠣᠯᠪᠠ᠃᠎ᠴᠢᠩᠭ᠎ᠠ᠎ᠱᠢᠯᠭᠠᠷᠠᠭᠤᠯᠤᠯᠲᠠ᠎ᠪᠠᠷ ᠳᠡᠮᠵᠢᠨ᠂ ᠤᠯᠠᠭᠠᠨᠰᠤᠬᠠᠢ ᠨᠠᠭᠤᠷ᠎ᠤᠨ ᠰᠠᠪᠠ ᠭᠠᠵᠠᠷ᠎ᠢ ᠬᠠᠮᠠᠭᠠᠯᠠᠨ ᠰᠡᠷᠭᠦᠭᠡᠭ᠌ᠰᠡᠨ ᠨᠡᠢ᠌ᠳᠡᠯᠢᠭ ᠵᠢᠱ᠌ᠢᠶ᠎ᠡ ᠨᠢ ᠣᠢᠷ᠎ᠠ᠎ᠳᠤ ᠤᠯᠤᠰ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ ᠬᠢᠭᠡᠳ ᠳᠡᠯᠡᠬᠡᠶ᠎ᠶ᠋ᠢᠨ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠬᠣᠯᠪᠣᠭ᠎ᠠ(IUCN) ᠎ᠶ᠋ᠢᠨ ᠬᠠᠮᠲᠤᠷᠠᠨ ᠨᠡᠢᠲᠡᠯᠡᠭ᠌ᠰᠡᠨ《ᠪᠠᠢᠭᠠᠯᠢ᠎ᠳᠤ ᠰᠠᠭᠤᠷᠢᠯᠠᠭ᠍ᠰᠠᠨ ᠱᠢᠶ᠋ᠳᠪᠦᠷᠢᠯᠡᠬᠦ᠌ ᠲᠥᠰᠦᠯ᠎ᠤᠨ ᠳᠤᠮᠳᠠᠳᠤ ᠤᠯᠤᠰ᠎ᠤᠨ ᠦᠶ᠋ᠯᠡᠳᠦᠯᠭᠡ᠎ᠶ᠋ᠢᠨ ᠨᠡᠢᠲᠡᠯᠢᠭ ᠬᠡᠷᠡᠭ᠎ᠦᠨ ᠵᠢᠱ᠌ᠢᠶ᠎ᠡ》 ᠎ᠳ᠋ᠤ ᠰᠣᠩᠭᠣᠭ᠍ᠳᠠᠵᠠᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号