
ᠡᠯᠡᠰᠦᠨ ᠴᠥᠯ᠎ᠳᠤ ᠪᠥᠵᠢᠭ᠌ᠯᠡᠵᠤ ᠪᠠᠢᠭ᠎ᠠ ᠨᠢ᠃
ᠬᠤᠢ᠌ᠳᠤᠠᠤᠯᠤᠰ ᠰᠡᠭᠦᠳᠡᠷᠯᠡᠪᠡ

2018 ᠣᠨ᠎ᠤ 10 ᠰᠠᠷ᠎ᠠ᠎ᠶ᠋ᠢᠨ 30 ᠤ᠋ ᠡᠳᠦᠷ᠂ ᠰᠥᠨᠢᠳ ᠪᠠᠷᠠᠭᠤᠨ ᠬᠣᠱᠢᠭᠤᠨ᠎ᠤ ᠤᠯᠠᠭᠠᠨᠮᠥ᠋ᠴᠢᠷ᠎ᠦᠨ ᠭᠡᠱᠢᠭᠦᠳ 《ᠨᠢᠭᠡᠨ ᠰᠠᠯᠠᠭ᠎ᠠ ᠬᠦᠩᠭᠡᠨ ᠮᠣᠷᠢᠲᠤ ᠴᠡᠷᠢᠭ ᠡᠨᠳᠡ᠎ᠡᠴᠡ ᠮᠣᠷᠳᠠᠨᠠᠮ》 ᠭᠡᠬᠦ᠌ ᠲᠣᠭ᠍ᠯᠠᠯᠲᠠ ᠭᠠᠷᠭᠠᠪᠠ᠃ ᠸᠠᠩ ᠯᠸᠢ ᠰᠡᠭᠦᠳᠡᠷᠯᠡᠪᠡ
ᠬᠥᠭ᠌ᠵᠢᠯᠲᠡ᠎ᠶ᠋ᠢᠨ ᠦᠵᠡᠮᠵᠢᠳᠤ ᠵᠢᠷᠤᠭ ᠭᠡᠵᠤ ᠡᠬᠡᠨᠡᠭᠳᠡ ᠦᠷᠭᠦᠯᠵᠢᠯᠡᠨ ᠲᠡᠮᠡᠴᠡᠬᠦ ᠲᠤᠮᠳᠠ ᠰᠦᠷ ᠲᠠᠯᠠᠢᠴᠠᠳᠠᠢ ᠪᠡᠷ ᠳᠡᠯᠭᠡᠭ᠌ᠳᠡᠵᠦ᠍ ᠪᠠᠢᠳᠠᠭ᠃ ᠥᠩᠭᠡᠷᠡᠭ᠌ᠰᠡᠨ ᠲᠠᠪᠤᠨ ᠵᠢᠯ᠎ᠢ ᠡᠷᠭᠢᠴᠡᠭᠦᠯᠬᠦᠶ᠎ᠡ᠂ ᠥᠪᠥᠷ ᠮᠣᠩᠭᠣᠯ ᠱᠢᠷᠭᠠᠭᠤ ᠲᠡᠮᠡᠴᠡᠯ᠎ᠢᠶᠡᠷ ᠴᠠᠭ ᠬᠤᠭᠤᠴᠠᠭᠠᠨ᠎ᠤ ᠠᠴᠢ ᠬᠣᠯᠪᠣᠭ᠍ᠳᠠᠯ᠎ᠢ ᠲᠣᠳᠣᠷᠬᠠᠢᠯᠠᠵᠤ᠂ ᠦᠯᠡᠮᠵᠢ ᠶᠡᠬᠡ ᠦᠷ᠎ᠡ ᠪᠦᠲᠦᠭᠡᠯ᠎ᠲᠡᠶ᠂ ᠦᠵᠡᠰᠭᠦᠯᠡᠩ ᠭᠣᠢᠳᠠ ᠰᠣᠶᠣᠯ᠎ᠤᠨ ᠦᠵᠡᠮᠵᠢᠳᠤ ᠬᠠᠭᠤᠳᠠᠰᠤ᠎ᠶ᠋ᠢ ᠵᠢᠷᠤᠭ᠍ᠯᠠᠬᠰᠠᠨ ᠪᠢᠯᠡ᠃
《ᠠᠷᠪᠡᠨ ᠭᠤᠷᠪᠠᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ᠂ ᠥᠪᠥᠷ ᠮᠣᠩᠭᠣᠯ ᠣᠯᠠᠨ ᠨᠡᠢᠲᠡ᠎ᠶ᠋ᠢᠨ ᠰᠣᠶᠣᠯ᠎ᠤᠨ ᠲᠤᠨᠤᠭ ᠲᠦᠬᠦᠭᠡᠷᠤᠮᠵᠢ ᠵᠢᠨ ᠪᠥᠲᠥᠭᠡᠨ ᠪᠠᠢᠭᠤᠯᠤᠯᠲᠠ᠎ᠶ᠋ᠢ ᠬᠦᠴᠦᠯᠡᠨ ᠴᠢᠩᠭᠠᠳᠭᠠᠵᠤ᠂ ᠣᠯᠠᠨ ᠲᠦᠮᠡᠨ᠎ᠦ ᠳᠡᠷᠭᠡᠳᠡᠬᠢ ᠣᠯᠠᠨ ᠨᠡᠢᠲᠡ᠎ᠶ᠋ᠢᠨ ᠰᠣᠶᠣᠯ᠎ᠤᠨ ᠲᠤᠨᠤᠭ ᠲᠦᠬᠦᠭᠡᠷᠤᠮᠵᠢ ᠵᠢᠨ ᠲᠤᠤᠷ᠎ᠢ ᠪᠠᠢᠭᠤᠯᠤᠨ᠂ ᠪᠥᠬᠥ᠌ ᠣᠷᠣᠨ᠎ᠳᠤ ᠣᠯᠠᠨ ᠨᠡᠢᠲᠡ᠎ᠶ᠋ᠢᠨ ᠨᠣᠮ᠎ᠤᠨ ᠰᠠᠩ᠂ ᠰᠣᠶᠣᠯ᠎ᠤᠨ ᠣᠷᠳᠣᠨ᠂ ᠮᠦᠽᠧᠶ᠎ᠶ᠋ᠢ ᠦᠯᠡᠮᠵᠢ ᠣᠯᠠᠨ ᠪᠠᠢᠭᠤᠯᠵᠤ᠂ ᠭᠠᠴᠠᠭ᠎ᠠ ᠲᠣᠰᠭᠣᠨ (ᠨᠡᠢᠭᠡᠮ ᠲᠣᠭᠣᠷᠢᠭ) ᠤ᠋ ᠶᠡᠷᠦᠩᠬᠡᠢᠯᠡᠭ᠌ᠰᠡᠨ ᠴᠢᠨᠠᠷᠲᠠᠶ ᠰᠣᠶᠣᠯ᠎ᠤᠨ ᠠᠵᠢᠯᠯᠠᠭᠠᠨ᠎ᠤ ᠲᠥᠪ᠎ᠢ 12522 ᠪᠠᠢᠭᠤᠯᠵᠤ᠂ ᠲᠦᠮᠡᠨ ᠬᠥᠮᠦᠨ ᠪᠦᠷᠢᠳᠦ ᠳᠤᠮᠳᠠᠴᠢ ᠨᠣᠭ᠍ᠳᠠᠬᠤ ᠣᠯᠠᠨ ᠨᠡᠢᠲᠡ᠎ᠶ᠋ᠢᠨ ᠨᠣᠮ᠎ᠤᠨ ᠰᠠᠩ᠎ᠤᠨ ᠲᠠᠯᠠᠪᠠᠶ ᠪᠠ ᠣᠯᠠᠨ ᠲᠦᠮᠡᠨ᠎ᠦ ᠰᠣᠶᠣᠯ᠎ᠤᠨ ᠲᠤᠨᠤᠭ ᠲᠦᠬᠦᠭᠡᠷᠤᠮᠵᠢ ᠵᠢᠨ ᠲᠠᠯᠠᠪᠠᠶ ᠴᠥᠮ ᠪᠥᠬᠥ᠌ ᠤᠯᠤᠰ᠎ᠤᠨ ᠡᠮᠦᠨ᠎ᠡ ᠡᠩᠨᠡᠭᠡᠨ᠎ᠳᠦ ᠣᠷᠣᠪᠠ; ᠷᠠᠳᠢᠣ᠋ ᠲᠧᠯᠸᠢᠰ᠎ᠦᠨ ᠶᠡᠷᠦᠩᠬᠡᠢᠯᠡᠭ᠌ᠰᠡᠨ ᠬᠥᠮᠦᠨ ᠠᠮᠠ᠎ᠶ᠋ᠢᠨ ᠪᠦᠷᠬᠦᠴᠡ᠎ᠶ᠋ᠢᠨ ᠨᠣᠷᠮ᠎ᠠ 99.7% ᠳ᠋ᠤ ᠬᠥᠷᠪᠡ; ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠬᠢᠭᠡᠳ ᠪᠦᠬᠦ᠌ ᠠᠷᠠᠳ ᠤᠨ ᠡᠷᠡᠭᠦᠯ ᠴᠢᠭᠢᠷᠠᠭ ᠤᠨ ᠠᠭᠤᠰᠤᠯᠴᠠᠨ ᠬᠥᠭ᠌ᠵᠢᠬᠦ᠌ ᠣᠢᠯᠠᠭᠠᠬᠳᠠᠬᠤᠨ ᠢ ᠨᠠᠢᠳᠠᠪᠤᠷᠢᠵᠢᠭᠤᠯᠤᠨ᠂ ᠨᠢᠭᠡ ᠪᠦᠯᠦᠭ ᠪᠡᠶ᠎ᠡ᠎ᠶ᠋ᠢᠨ ᠲᠠᠮᠢᠷ᠎ᠤᠨ ᠴᠡᠴᠡᠷᠯᠢᠭ᠂ ᠪᠡᠶ᠎ᠡ ᠴᠢᠭᠢᠷᠠᠭ᠍ᠵᠢᠭᠤᠯᠬᠤ ᠠᠭᠤᠳᠠᠮ ᠲᠠᠯᠠᠪᠠᠶ᠂ ᠨᠡᠢᠭᠡᠮ᠎ᠦᠨ ᠬᠥᠯ ᠪᠥᠮᠪᠥᠭᠡ᠎ᠶ᠋ᠢᠨ ᠲᠠᠯᠠᠪᠤᠷ ᠵᠡᠷᠭᠡ ᠪᠦᠬᠦ᠌ᠠᠷᠠᠳᠤᠨ ᠪᠡᠶ᠎ᠡ ᠴᠢᠭᠢᠷᠠᠭ᠍ᠵᠢᠭᠤᠯᠬᠤ ᠲᠤᠨᠤᠭ ᠲᠦᠬᠦᠭᠡᠷᠤᠮᠵᠢ᠎ᠶ᠋ᠢ ᠱᠢᠨ᠎ᠡ᠎ᠪᠡᠷ ᠪᠠᠢᠭᠤᠯᠵᠤ᠂ ᠵᠠᠰᠠᠭ ᠵᠠᠬᠢᠷᠭᠠᠨ ᠤ ᠲᠣᠰᠭᠣᠨ ᠤ ᠲᠠᠷᠢᠶᠠᠴᠢᠳ᠎ᠤᠨ ᠪᠡᠶ᠎ᠡ᠎ᠶ᠋ᠢᠨ ᠲᠠᠮᠢᠷ᠎ᠤᠨ ᠪᠡᠶ᠎ᠡ ᠴᠢᠭᠢᠷᠠᠭ᠍ᠵᠢᠭᠤᠯᠬᠤ ᠢᠨᠵᠧᠨᠧᠷᠢᠩ᠎ᠦᠨ ᠪᠦᠷᠬᠦᠴᠡ᠎ᠶ᠋ᠢᠨ ᠨᠣᠷᠮ᠎ᠠ᠎ᠶ᠋ᠢ 93.3% ᠳ᠋ᠤ ᠬᠦᠷᠭᠡᠵᠤ᠂ ᠬᠣᠲᠠ᠎ᠶ᠋ᠢᠨ ᠨᠡᠢᠭᠡᠮ ᠲᠣᠭᠣᠷᠢᠭ᠎ᠤᠨ15 ᠮᠢᠨᠦ᠋ᠲ᠎ᠦᠨ ᠪᠡᠶ᠎ᠡ ᠴᠢᠭᠢᠷᠠᠭ᠍ᠵᠢᠭᠤᠯᠬᠤ ᠴᠠᠭᠠᠷᠢᠭ᠎ᠤᠨ ᠪᠦᠷᠬᠦᠴᠡ᠎ᠶ᠋ᠢᠨ ᠨᠣᠷᠮ᠎ᠠ᠎ᠶ᠋ᠢ 90.8% ᠳ᠋ᠤ ᠬᠦᠷᠭᠡᠪᠠ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ ᠶ᠋ᠢᠨ ᠤᠬᠠᠭᠤᠯᠭ᠎ᠠ ᠬᠥᠮᠦᠵᠢᠯ᠎ᠢ ᠭᠦᠨᠵᠡᠭᠡᠢᠷᠡᠭᠦᠯᠵᠦ᠍᠂ ᠪᠦᠬᠦ᠌ ᠤᠯᠤᠰ ᠡᠴᠡ 4 ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠣᠷᠣᠨ ᠪᠠ ᠵᠢᠱ᠌ᠢᠶ᠎ᠡ ᠦᠵᠡᠭᠦᠯᠬᠦ᠌ ᠨᠢᠭᠡᠴᠢ ᠶ᠋ᠢ ᠡᠭᠦᠳᠦᠨ ᠪᠠᠢᠭᠤᠯᠪᠠ᠃ ᠤᠯᠠᠭᠠᠨᠮᠥ᠋ᠴᠢᠷ᠎ᠦᠨ ᠦᠢᠯᠡᠰ ᠴᠡᠴᠡᠭ᠌ᠯᠡᠨ ᠬᠥᠭ᠌ᠵᠢᠵᠦ᠍᠂ ᠤᠯᠠᠭᠠᠨᠮᠥ᠋ᠴᠢᠷ᠎ᠦᠨ ᠰᠢᠨ᠎ᠡ ᠪᠡᠷ ᠵᠤᠬᠢᠶᠠᠨ ᠪᠦᠳᠦᠬᠡᠭᠰᠡᠨᠰᠣᠩᠭᠣᠳᠠᠭ ᠪᠦᠲᠦᠭᠡᠯ᠎ᠢ ᠤᠯᠠᠮᠵᠢᠯᠠᠨ ᠵᠠᠯᠭᠠᠮᠵᠢᠯᠠᠬᠤ ᠢᠨᠵᠧᠨᠧᠷᠢᠩ᠎ᠢ ᠬᠡᠷᠡᠭ᠌ᠵᠢᠭᠦᠯᠵᠦ᠍᠂ 《ᠤᠯᠠᠭᠠᠨᠮᠥ᠋ᠴᠢᠷ᠎ᠦᠨ ᠰᠠᠷ᠎ᠠ》 ᠶ᠋ᠢᠨ ᠠᠵᠢᠯᠯᠠᠭ᠎ᠠ᠎ᠶ᠋ᠢ ᠥᠷᠨᠢᠭᠦᠯᠪᠡ᠃ ᠪᠥᠵᠢᠭ᠌ᠲᠦ ᠵᠦᠴᠦᠭᠡ 《ᠲᠠᠯ᠎ᠠ ᠨᠤᠲᠤᠭ᠎ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ》᠎ᠨᠢ ᠠᠷᠪᠠᠨ ᠵᠢᠷᠭᠤᠳᠤᠭᠠᠷ ᠬᠤᠭᠤᠴᠠᠭᠠᠨ᠎ᠤ ᠸᠸᠨ ᠬᠤᠸᠠ ᠱᠠᠩᠨᠠᠯ᠎ᠢ ᠭᠥᠷᠳᠡᠵᠦ᠍᠂ 《ᠮᠣᠷᠢᠲᠤ ᠴᠡᠷᠢᠭ》 ᠨᠢ ᠳᠤᠮᠳᠠᠳᠤ ᠤᠯᠤᠰ᠎ᠤᠨ 《ᠪᠠᠳᠮ᠎ᠠ ᠱᠠᠩᠨᠠᠯ》 ᠢ᠋ ᠭᠥᠷᠳᠡᠵᠦ᠍᠂ ᠮᠡᠳᠡᠭᠡᠯᠡᠯ᠎ᠦᠨ ᠤᠷᠠᠨ ᠵᠣᠬᠢᠶᠠᠯ《ᠮᠤᠤᠠᠤᠰᠤ᠎ᠶ᠋ᠢᠨ ᠨᠤᠮᠢᠨ ᠲᠤᠤᠯᠢᠰ》 ᠨᠢ ᠵᠢᠷᠭᠤᠳᠤᠭᠠᠷ ᠬᠤᠭᠤᠴᠠᠭᠠᠨ᠎ᠤ ᠯᠦ᠍ ᠱᠢᠶᠦ᠋ᠨ ᠤᠳᠭ᠎ᠠ ᠵᠣᠬᠢᠶᠠᠯ᠎ᠤᠨ ᠱᠠᠩᠨᠠᠯ᠎ᠢ ᠭᠥᠷᠳᠡᠪᠡ᠃ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠂ ᠬᠤᠪᠢᠰᠭᠠᠯ᠎ᠤᠨ ᠰᠣᠶᠣᠯ᠎ᠢ ᠤᠯᠠᠮᠵᠢᠯᠠᠨ ᠪᠠᠳᠠᠷᠠᠭᠤᠯᠤᠬᠰᠠᠭᠠᠷ ᠁
ᠢᠷᠡᠭᠡᠳᠦᠢ᠎ᠶ᠋ᠢ ᠪᠠᠷᠠᠯᠠᠬᠤᠶ᠎ᠠ᠂ ᠱᠢᠨ᠎ᠡ ᠲᠡᠦᠬᠡᠨ ᠭᠠᠷᠤᠭ᠎ᠠ ᠳᠡᠭᠡᠷ᠎ᠡ ᠵᠣᠭ᠍ᠰᠣᠵᠤ᠂ ᠴᠢᠨᠠᠷ ᠰᠠᠢᠲᠠᠢ ᠰᠣᠶᠣᠯ᠎ᠤᠨ ᠬᠠᠩᠭᠠᠯᠭ᠎ᠠ᠎ᠪᠠᠷ ᠠᠷᠠᠳ ᠤᠯᠠᠨ᠎ᠤ ᠰᠣᠶᠣᠯ᠎ᠤᠨ ᠬᠦᠷᠲᠡᠮᠵᠢ᠎ᠶ᠋ᠢᠨ ᠲᠦᠷᠦᠭ᠌ᠳᠡᠯ ᠵᠢᠷᠭᠠᠯᠲᠤ ᠲᠦᠷᠦᠭ᠌ᠳᠡᠯ᠎ᠢ ᠨᠡᠮᠡᠭ᠌ᠳᠡᠭᠦᠯᠦᠨ᠎ᠡ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠨᠡᠢᠭᠡᠮ᠎ᠦᠨ ᠪᠣᠯᠪᠠᠰᠤᠨ᠎ᠤ ᠬᠡᠮᠵᠢᠶ᠎ᠡ ᠢᠯᠡᠳᠲᠡ ᠳᠡᠭᠡᠭ᠌ᠰᠢᠯᠡᠵᠦ᠍᠂ ᠨᠡᠢᠭᠡᠮ ᠵᠢᠷᠤᠮ᠎ᠤᠨ ᠭᠤᠤᠯᠯᠠᠭ᠍ᠴᠢ ᠥᠷᠲᠡᠭ᠎ᠦᠨ ᠦᠵᠡᠯᠲᠡ ᠬᠥᠮᠦᠰ᠎ᠦᠨ ᠰᠡᠳᠭᠢᠯ᠎ᠳᠦ ᠬᠠᠳᠠᠩᠱᠢᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠭᠦᠨ ᠦᠨᠳᠦᠰᠦᠯᠡᠵᠦ᠍᠂ ᠣᠯᠠᠨ ᠨᠡᠢᠲᠡ᠎ᠶ᠋ᠢᠨ ᠰᠣᠶᠣᠯ᠎ᠤᠨ ᠦᠶ᠋ᠯᠡᠴᠢᠯᠡᠭᠡᠨ᠎ᠦ ᠱᠢᠰᠲ᠋ᠧᠮ ᠪᠣᠯᠤᠨ ᠰᠣᠶᠣᠯ᠎ᠤᠨ ᠠᠵᠤ ᠦᠶ᠋ᠯᠡᠰ᠎ᠦᠨ ᠱᠢᠰᠲ᠋ᠧᠮ ᠨᠠᠩ ᠪᠦᠷᠢᠨᠱᠢᠵᠦ᠍᠂ ᠨᠡᠢᠭᠡᠮ ᠵᠢᠷᠤᠮ᠎ᠤᠨ ᠲᠡᠷᠢᠭᠦᠨ᠎ᠦ ᠰᠣᠶᠣᠯ᠎ᠢ ᠥᠷᠭᠡᠨ᠎ᠢᠶᠡᠷ ᠪᠠᠳᠠᠷᠠᠭᠤᠯᠵᠤ᠂ ᠠᠷᠠᠳ ᠲᠦᠮᠡᠨ᠎ᠦ ᠦᠵᠡᠯ ᠰᠠᠨᠠᠭ᠎ᠠ ᠶᠣᠰᠣ ᠰᠤᠷᠲᠠᠬᠤᠨ᠎ᠤ ᠬᠡᠪ ᠪᠣᠯᠪᠠᠰᠤᠷᠠᠯ᠂ ᠱᠢᠨᠵᠢᠯᠡᠬᠦ᠌ ᠤᠬᠠᠭᠠᠨ ᠰᠣᠶᠣᠯ᠎ᠤᠨ ᠬᠡᠪ ᠪᠣᠯᠪᠠᠰᠤᠷᠠᠯ ᠪᠣᠯᠤᠨ ᠪᠡᠶ᠎ᠡ ᠰᠡᠳᠭᠢᠯ᠎ᠦᠨ ᠡᠷᠡᠭᠦᠯ ᠮᠡᠨᠳᠦ᠍᠎ᠶ᠋ᠢᠨ ᠬᠡᠪ ᠪᠣᠯᠪᠠᠰᠤᠷᠠᠯ ᠪᠥᠬᠥ᠌ ᠲᠠᠯ᠎ᠠ᠎ᠪᠠᠷ ᠳᠡᠭᠡᠭ᠌ᠰᠢᠯᠡᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠣᠶᠤᠨ ᠰᠠᠨᠠᠭ᠎ᠠ ᠰᠣᠶᠣᠯ᠎ᠤᠨ ᠠᠮᠢᠳᠤᠷᠠᠯ ᠡᠳᠦᠷ ᠢᠷᠡᠬᠦᠶ᠎ᠡ ᠪᠠᠶᠠᠯᠢᠭ᠍ᠵᠢᠬᠤ ᠪᠣᠯᠤᠨ᠎ᠠ᠃

ᠴᠠᠭᠠᠰᠤᠨ ᠬᠠᠢᠴᠢᠯᠠᠮᠠᠯ᠎ᠤᠨ ᠪᠦᠲᠦᠭᠡᠯ ᠨᠢ ᠣᠷᠣᠨ᠎ᠤ ᠲᠥᠪ᠎ᠦᠨ ᠣᠯᠠᠨ ᠲᠦᠮᠡᠨ᠎ᠦ ᠰᠠᠢᠨ ᠰᠠᠢᠬᠠᠨ ᠠᠮᠢᠳᠤᠷᠠᠯ᠎ᠢ ᠢᠯᠡᠷᠡᠭᠦᠯᠪᠡ᠃ ᠣᠢᠷ᠎ᠠ᠎ᠶ᠋ᠢᠨ ᠵᠢᠯ᠎ᠳ᠋ᠤ᠂ ᠮᠠᠨ᠎ᠤ ᠣᠷᠣᠨ ᠱᠢᠯᠢᠳᠡᠭ ᠤᠯᠠᠮᠵᠢᠯᠠᠯᠲᠤ ᠰᠣᠶᠣᠯ ᠪᠠ ᠠᠷᠠᠳ᠎ᠤᠨ ᠤᠷᠠᠯᠢᠭ᠎ᠢ ᠶᠡᠬᠡ ᠪᠡᠷ ᠤᠯᠠᠮᠵᠢᠯᠠᠨ ᠪᠠᠳᠠᠷᠠᠭᠤᠯᠵᠤ ᠪᠠᠢᠨ᠎ᠠ᠃
ᠸᠠᠩ ᠯᠸᠢ ᠰᠡᠭᠦᠳᠡᠷᠯᠡᠪᠡ

ᠥᠪᠥᠷ ᠮᠣᠩᠭᠣᠯ᠎ᠤᠨ ᠱᠢᠨᠬᠤᠸᠠ ᠨᠣᠮ᠎ᠤᠨ ᠳᠡᠯᠭᠡᠭᠦᠷ᠎ᠲᠦ᠂ ᠬᠤᠳᠠ᠎ᠶ᠋ᠢᠨ ᠠᠷᠠᠳ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠲᠣᠭᠣᠷᠢᠭ᠎ᠤᠨ ᠨᠠᠮ ᠵᠠᠰᠠᠭ᠎ᠤᠨ ᠨᠣᠮ ᠪᠢᠴᠢᠭ᠎ᠦᠨ ᠲᠤᠰᠭᠠᠢ ᠲᠠᠢᠰᠠᠨ᠎ᠳᠤ ᠨᠣᠮ ᠰᠣᠩᠭᠣᠨ ᠬᠤᠳᠠᠯᠳᠤᠨ ᠠᠪᠴᠤ᠌ ᠪᠠᠢᠭ᠎ᠠ ᠨᠢ᠃ ᠨᠣᠮ ᠤᠩᠱᠢᠬᠤ ᠨᠢᠬᠤᠳᠠ ᠵᠢᠨ ᠠᠷᠠᠳ᠎ᠤᠨ ᠠᠮᠢᠳᠦᠷᠠᠯ᠎ᠤᠨ ᠲᠤᠳᠠᠭᠳᠠᠵᠤ ᠪᠤᠯᠤᠰᠢ ᠦᠬᠡᠢ ᠴᠢᠬᠤᠯᠠ ᠠᠭᠤᠯᠭ᠎ᠠ ᠪᠤᠯᠵᠤ ᠪᠤᠢ᠃
ᠬᠤᠢᠲᠤᠠᠤᠯᠤᠰ ᠰᠡᠭᠦᠳᠡᠷᠯᠡᠪᠡ

ᠱᠢᠯᠢᠶ᠋ᠢᠨᠭᠤᠤᠯ ᠠᠢᠮᠠᠭ᠎ᠤᠨ ᠤᠯᠠᠭᠠᠶ ᠬᠠᠮᠢᠶᠠᠷᠤᠯᠲᠠ᠎ᠶ᠋ᠢᠨ ᠣᠷᠣᠨ᠎ᠤ ᠪᠢᠩᠲ᠋ᠤᠸᠠᠨ᠎ᠤ ᠵᠢᠵᠢᠭ ᠪᠠᠯᠭᠠᠰᠤᠨ᠎ᠳᠤ ᠵᠢᠭᠤᠯᠴᠢᠯᠠᠬᠰᠡᠳ ᠬᠤᠪᠢᠰᠭᠠᠯ᠎ᠤᠨ ᠰᠣᠶᠣᠯ᠎ᠢ ᠰᠤᠷᠤᠯᠴᠠᠨ ᠰᠣᠨᠢᠷᠬᠠᠵᠤ ᠪᠠᠢᠭ᠎ᠠ ᠨᠢ᠃
ᠬᠤᠢᠲᠤᠠᠤᠯᠤᠰ ᠰᠡᠭᠦᠳᠡᠷᠯᠡᠪᠡ

2016 ᠣᠨ᠎ᠤ 12 ᠰᠠᠷ᠎ᠠ᠎ᠶ᠋ᠢᠨ 22 ᠤ᠋ᠨ ᠡᠳᠦᠷ ᠵᠠᠯᠠᠭᠤᠴᠤᠳ ᠪᠠᠭᠠᠴᠤᠳ ᠲᠦᠷᠭᠡᠨ ᠲᠡᠱᠢᠯᠲᠡ ᠵᠢᠨ ᠮᠡᠷᠬᠡᠵᠢᠯᠢᠦᠵᠡᠭᠦᠯᠵᠦ᠍ ᠪᠠᠢᠭ᠎ᠠ ᠨᠢ᠃
ᠸᠠᠩ ᠯᠸᠢ ᠰᠡᠬᠦᠳᠡᠷᠯᠡᠪᠡ

2016 ᠣᠨ᠎ᠤ 10 ᠰᠠᠷ᠎ᠠ᠎ᠶ᠋ᠢᠨ 27 ᠤ᠋ ᠡᠳᠦᠷ᠂ ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠦᠨᠳᠦᠰᠦᠲᠡᠨ᠎ᠦ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ《ᠭᠤᠷᠪᠠᠨ ᠦᠰᠦᠭ᠌ᠲᠦ ᠨᠣᠮ》 ᠢ᠋ ᠬᠠᠮᠲᠤ᠎ᠪᠠᠷ ᠤᠩᠱᠢᠵᠤ ᠪᠠᠢᠭ᠎ᠠ ᠨᠢ᠃
ᠸᠠᠩ ᠯᠸᠢ ᠰᠡᠭᠦᠳᠡᠷᠯᠡᠪᠡ

ᠬᠥᠬᠡᠬᠣᠲᠠ᠎ᠶ᠋ᠢᠨ ᠨᠢᠭᠡᠳᠦᠭᠡᠷ ᠳᠤᠮᠳᠠᠳᠤ ᠰᠤᠷᠭᠠᠭᠤᠯᠢ᠎ᠶ᠋ᠢᠨ ᠰᠤᠷᠤᠭ᠍ᠴᠢᠳ ᠥᠪᠥᠷ ᠮᠣᠩᠭᠣᠯ᠎ᠤᠨ ᠪᠡᠭᠡᠵᠢᠩ ᠵᠦᠴᠦᠭᠡ᠎ᠶ᠋ᠢᠨ ᠪᠦᠯᠬᠦᠮ᠎ᠦᠨ ᠪᠠᠭ᠍ᠰᠢ᠎ᠡᠴᠡ ᠪᠡᠭᠡᠵᠢᠩ ᠵᠦᠴᠦᠭᠡ ᠶᠢ ᠰᠤᠷᠤᠯᠴᠠᠵᠤ ᠪᠠᠢᠭ᠎ᠠ ᠨᠢ᠃
ᠸᠠᠩ ᠯᠸᠢ ᠰᠡᠭᠦᠳᠡᠷᠯᠡᠪᠡ

2017 ᠣᠨ᠎ᠤ 9 ᠰᠠᠷ᠎ᠠ᠎ᠶ᠋ᠢᠨ 22 ᠤ᠋ᠨ ᠡᠳᠦᠷ᠂ ᠲᠣᠷᠭᠠᠨ ᠵᠠᠮ᠎ᠤᠨ ᠣᠯᠠᠨ ᠤᠯᠤᠰ ᠤᠨ ᠤᠶᠤᠲᠠᠳ ᠤᠨ ᠬᠥᠯ ᠪᠥᠮᠪᠥᠭᠡᠨ ᠤ ᠤᠷᠢᠯᠭ᠎ᠠ᠎ᠶ᠋ᠢᠨ ᠤᠷᠤᠯᠳᠤᠭᠠᠨ ᠥᠪᠥᠷ ᠮᠣᠩᠭᠣᠯᠤᠨᠪᠠᠭ᠍ᠰᠢᠶ᠋ᠢᠨ ᠶᠡᠬᠡ ᠰᠤᠷᠭᠠᠭᠤᠯᠢ᠎ᠶ᠋ᠢᠨ ᠱᠧᠩ ᠯᠸ ᠰᠤᠷᠭᠠᠭᠤᠯᠢ᠎ᠶ᠋ᠢᠨ ᠲᠣᠭᠣᠷᠢᠭ᠎ᠲᠤ ᠶᠠᠪᠤᠬᠲᠠᠵᠠᠢ᠃
ᠸᠠᠩ ᠯᠸᠢ ᠰᠡᠭᠦᠳᠡᠷᠯᠡᠪᠡ