《ᠬᠤᠶᠠᠷ ᠬᠠᠯᠬᠠᠪᠴᠢ》 ᠶ᠋ᠢ ᠪᠠᠲᠤ ᠴᠣᠭ᠍ᠴᠠᠯᠠᠬᠤ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠡᠭᠦᠷᠭᠡᠯᠡᠶ᠎ᠡ
2021-11-24 09:35:52
ᠵᠣᠬᠢᠶᠠᠭ᠍ᠴᠢ᠄
ᠱᠠ ᠶᠦᠩ ᠮᠧᠶ
ᠣᠩᠱᠢᠭ᠍ᠰᠠᠨ ᠣᠳᠠᠭ᠎ᠠ᠄
★★★☆☆

ᠡᠨᠡ ᠵᠢᠯ᠎ᠤᠨ 3 ᠰᠠᠷ᠎ᠠ᠎ᠶ᠋ᠢᠨ 5᠎ᠤ ᠡᠳᠦᠷ᠂ ᠶᠡᠷᠦᠩᠬᠡᠢ ᠱᠦᠵᠢ ᠰᠢ᠎ᠶ᠋ᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ᠎ᠳᠠᠭᠠᠨ᠂ ᠥᠪᠥᠷ ᠮᠣᠩᠭᠤᠯ᠎ᠤᠨ ᠨᠢᠭᠡ ᠵᠢᠯ᠎ᠤᠨ ᠲᠤᠷᠱᠢᠬᠢ ᠠᠵᠢᠯ᠎ᠢ ᠭᠦᠢᠴᠡᠳ ᠨᠤᠲᠠᠯᠠᠵᠤ ᠪᠠᠢᠬᠤ ᠪᠠᠨ ᠢᠯᠡᠤᠨᠬᠡᠵᠤ᠂ ᠦᠪᠤᠷ ᠮᠤᠨᠭᠭᠤᠯ ᠎ᠤᠨ ᠨᠦᠬᠦᠤᠨ ᠲᠤᠭᠳᠠᠭᠤᠨ᠎ᠤ ᠲᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠨᠭᠬᠡᠢ ᠬᠦᠭ ᠠᠶᠠᠰ᠎ᠢ ᠪᠠᠷᠢᠮᠳᠠᠯᠠᠨ᠂ ᠠᠷᠠᠤᠨ ᠲᠦᠮᠡᠨ ᠵᠢᠨᠷ ᠭᠤᠤᠯ ᠪᠤᠯᠭᠠᠬᠤ ᠬᠦᠭᠵᠢᠯᠳᠡ ᠵᠢᠨ ᠦᠵᠡᠯ ᠰᠠᠨᠠᠭ᠎ᠠ ᠵᠢ ᠪᠠᠷᠢᠮᠳᠠᠯᠠᠵᠤ᠂ ᠬᠦᠭᠵᠢᠯᠳᠡ ᠪᠠ ᠠᠮᠤᠷ ᠲᠦᠪᠰᠢᠨ ᠎ᠢ ᠨᠢᠬᠡᠳᠦᠯᠳᠡᠢ ᠲᠦᠯᠦᠪᠵᠢᠬᠦᠯᠬᠦ ᠵᠢ ᠪᠠᠷᠢᠮᠳᠠᠯᠠᠨ᠂ ᠰᠢᠨ᠎ᠠ ᠬᠦᠭᠵᠢᠯᠳᠡ ᠵᠢᠨ ᠱᠠᠳᠤᠨ ᠎ᠳᠤ ᠰᠠᠭᠤᠷᠢᠯᠠᠨ᠂ ᠰᠢᠨ᠎ᠠ ᠬᠦᠭᠵᠢᠯᠳᠡ ᠵᠢᠨ ᠤᠢᠯᠠᠭᠠᠭᠳᠠᠬᠤᠨ᠎ᠢ ᠲᠤᠭᠤᠰᠢᠯᠠᠭᠤᠯᠵᠤ᠂ ᠰᠢᠨ᠎ᠠ ᠭᠦᠭᠵᠢᠯᠳᠡ ᠵᠢᠨ ᠪᠠᠢᠷᠢᠰᠢᠯ᠎ᠢ ᠴᠤᠭᠴᠠᠯᠠᠵᠤ᠂ ᠦᠪᠤᠷ ᠮᠤᠨᠭᠭᠤᠯ ᠵᠢᠨᠨ ᠮᠠᠨ ᠎ᠤ ᠤᠯᠤᠰ᠎ᠤᠨ ᠤᠮᠠᠷᠠᠳᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ ᠎ᠤ ᠬᠠᠯᠬᠠᠪᠴᠢ᠂ ᠡᠬᠡ ᠤᠯᠤᠰ ᠎ᠤᠨ ᠤᠮᠠᠷᠠᠳᠤ ᠬᠢᠯᠢ ᠵᠢᠨ ᠠᠮᠤᠷ ᠲᠦᠪᠰᠢᠨ ᠲᠤᠭᠳᠠᠭᠤᠨ᠎ᠤ ᠬᠠᠯᠬᠠᠪᠴᠢ ᠪᠤᠯᠭᠠᠨ ᠪᠦᠳᠦᠬᠡᠨ ᠪᠠᠢᠭᠤᠯᠬᠤ᠂ ᠤᠯᠤᠰ᠎ᠤᠨ ᠴᠢᠬᠤᠯᠠ ᠡᠨ᠋ᠸᠷᠬᠢ ᠪᠠ ᠪᠠᠢᠯᠳᠤᠬᠤ ᠪᠤᠳᠤᠯᠭ᠎ᠠ ᠵᠢᠨ ᠡᠬᠢ ᠪᠠᠶᠠᠯᠢᠭ ᠎ᠤᠨ ᠰᠠᠭᠤᠷᠢᠨ᠂ ᠮᠠᠯ ᠎ᠤᠨ ᠠᠰᠢᠭ ᠰᠢᠮ᠎ᠠ ᠲᠠᠷᠢᠶᠠᠯᠠᠡᠭ᠎ᠤᠨ ᠪᠦᠳᠦᠬᠡᠭᠳᠡᠬᠦᠨ᠎ᠤ ᠦᠢᠯᠡᠤᠨᠪᠤᠷᠢᠯᠡᠯ᠎ᠤᠨ ᠰᠠᠭᠤᠷᠢᠨ᠎ᠢ ᠪᠦᠳᠦᠬᠡᠨ ᠪᠠᠢᠭᠤᠯᠬᠤ᠂ ᠮᠠᠨ᠎ᠤ ᠤᠯᠤᠰ᠎ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠡᠬᠢᠯᠡᠯᠳᠡ ᠵᠢ ᠴᠤᠭᠴᠠᠯᠠᠬᠤ ᠪᠠᠢᠯᠳᠤᠬᠤ ᠪᠤᠳᠤᠯᠭ᠎ᠠ ᠵᠢᠨ ᠪᠠᠢᠷᠢ ᠲᠤᠭᠳᠠᠭᠠᠯᠳᠠ ᠶᠤᠰᠤᠭᠠᠷ᠂ ᠭᠠᠳᠠᠨ᠎ᠠ ᠡᠴᠡ ᠬᠠᠯᠳᠠᠪᠤᠷᠢᠯᠠᠨ ᠤᠷᠤᠵᠤ ᠢᠷᠡᠬᠦ ᠵᠢ ᠰᠡᠷᠬᠡᠢᠯᠡᠵᠤ ᠲᠤᠳᠤᠭᠠᠳᠤ ᠎ᠳᠠᠭᠠᠨ ᠲᠠᠬᠢᠨ ᠲᠡᠯᠬᠡᠷᠡᠬᠦ ᠠᠵᠢᠯ ᠎ᠢ ᠦᠴᠦᠬᠡᠨ ᠴᠦ᠍ ᠰᠤᠯᠠᠷᠠᠭᠤᠯᠤᠯ ᠦᠬᠡᠢ ᠰᠠᠢᠳᠤᠷ ᠬᠢᠵᠤ᠂ ᠨᠡᠢᠬᠡᠮ ᠵᠢᠷᠤᠮᠳᠤ ᠤᠳᠤᠬᠢᠴᠢᠯᠠᠭᠰᠠᠨ ᠤᠯᠤᠰ ᠎ᠢ ᠪᠦᠬᠦ ᠲᠠᠯ᠎ᠠ ᠪᠠᠷ ᠪᠦᠳᠦᠬᠡᠨ ᠪᠠᠢᠭᠤᠯᠬᠤ ᠰᠢᠨ᠎ᠠ ᠠᠶᠠᠨ ᠎ᠳᠤ ᠦᠪᠤᠷ ᠮᠤᠨᠭᠭᠤᠯ ᠎ᠤᠨ ᠬᠦᠭᠵᠢᠯᠳᠡ ᠵᠢᠨ ᠰᠢᠨ᠎ᠠ ᠬᠠᠭᠤᠳᠠᠰᠤ ᠵᠢ ᠪᠢᠴᠢᠭᠯᠡᠬᠦ ᠵᠢ ᠬᠦᠰᠡᠵᠡᠢ᠃ 《ᠬᠤᠶᠠᠷ ᠬᠠᠯᠬᠠᠪᠴᠢ》᠂ 《ᠬᠤᠶᠠᠷ ᠰᠠᠭᠤᠷᠢᠨ》 ᠪᠠ 《ᠨᠢᠭᠡ ᠪᠠᠬᠢᠯᠡᠯᠲᠡ》 ᠪᠣᠯ ᠰᠢ᠎ᠶ᠋ᠢᠨ ᠫᠢᠩ ᠨᠥᠬᠦᠷ ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠡ ᠎ᠠᠴᠠ ᠥᠪᠥᠷ ᠮᠣᠩᠭᠤᠯ᠎ᠤᠨ᠎ᠪᠠᠢᠳᠠᠯ᠎ᠳᠤ᠎ᠲᠤᠬᠢᠷᠠᠭᠤᠯᠤᠨ᠎ᠲᠣᠭ᠍ᠲᠠᠭᠠᠵᠤ᠎ᠥᠭ᠌ᠭᠦᠭ᠌ᠰᠡᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠎ᠪᠠ ᠠᠵᠢᠯᠯᠠᠭᠠᠨ ᠎ᠤ ᠬᠥᠲᠥᠯᠪᠦᠷᠢ ᠪᠣᠯᠤᠨ᠎ᠠ᠂ ᠥᠭᠡᠷᠡᠴᠢᠯᠡᠯᠲᠡ ᠬᠥᠭ᠌ᠵᠢᠯᠲᠡ᠎ᠶ᠋ᠢᠨ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠣᠷᠣᠱᠢᠵᠤ ᠪᠠᠢᠭ᠎ᠠ ᠥᠪᠥᠷ ᠮᠣᠩᠭᠤᠯ᠎ᠳᠤ ᠴᠢᠭ᠌ᠯᠡᠯ᠎ᠢ ᠲᠣᠳᠣᠷᠬᠠᠢ ᠵᠢᠭᠠᠵᠤ᠂ ᠪᠠᠢᠷᠢ ᠲᠣᠭ᠍ᠲᠠᠭᠠᠯᠲᠠ᠎ᠶ᠋ᠢ ᠲᠣᠳᠣᠷᠬᠠᠢᠯᠠᠵᠤ᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠤᠯ᠎ᠤᠨ ᠠᠵᠢᠯ᠎ᠢ ᠤᠯᠠᠮ ᠴᠢᠨᠠᠭ᠍ᠰᠢᠳᠠ ᠰᠠᠢᠲᠤᠷ ᠬᠢᠬᠦ᠌᠎ᠳᠤ ᠪᠦᠬᠦ᠌ ᠲᠠᠯ᠎ᠠ᠎ᠶ᠋ᠢᠨ ᠴᠢᠨᠠᠷᠲᠠᠢ᠂ ᠦᠨᠳᠦᠰᠦᠨ ᠴᠢᠨᠠᠷᠲᠠᠢ᠂ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠵᠢᠯᠣᠭᠤᠳᠭᠤ ᠠᠴᠢ ᠬᠤᠯᠪᠣᠭ᠍ᠳᠠᠯ᠎ᠲᠠᠢ ᠶᠤᠮ᠃ 

《ᠬᠤᠶᠠᠷ ᠬᠠᠯᠬᠠᠪᠴᠢ》 ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠨᠢ ᠨᠠᠮ᠎ᠤᠨ ᠲᠥᠪ ᠬᠤᠷᠢᠶ᠎ᠠ᠎ᠠᠴᠠ ᠬᠢᠯᠢ ᠬᠢᠵᠠᠭᠠᠷ᠎ᠤᠨ ᠦᠨᠳᠦᠰᠦᠲᠡᠨ᠎ᠤ ᠭᠠᠵᠠᠷ ᠣᠷᠣᠨ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠢᠬᠤ᠎ᠶ᠋ᠢ ᠭᠦᠢᠴᠡᠳ ᠢᠯᠡᠷᠡᠭᠦᠯᠵᠦ᠍᠂ ᠥᠪᠥᠷ ᠮᠣᠩᠭᠤᠯ᠎ᠤᠨ ᠣᠷᠣᠨ ᠪᠠᠢᠷᠢ ᠪᠠ ᠴᠢᠳᠠᠮᠵᠢ᠎ᠶ᠋ᠢᠨ ᠴᠢᠬᠤᠯᠠ ᠴᠢᠨᠠᠷ᠎ᠢ ᠭᠦᠢᠴᠡᠳ ᠢᠯᠡᠷᠡᠭᠦᠯᠪᠡ᠃ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠡ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠲᠦᠷᠦ᠍᠎ᠶ᠋ᠢ ᠵᠠᠰᠠᠵᠤ ᠵᠠᠰᠠᠭ᠎ᠢ ᠡᠷᠬᠢᠯᠡᠬᠦ᠌ ᠲᠤᠪᠤᠢᠮ᠎ᠠ ᠪᠠᠢᠷᠢᠨ᠎ᠳᠤ ᠲᠠᠯᠪᠢᠵᠠᠢ᠃ ᠥᠪᠥᠷ ᠮᠣᠩᠭᠤᠯ᠎ᠤᠨ ᠪᠠᠢᠭᠠᠯᠢ᠎ᠶ᠋ᠢᠨ ᠠᠮᠢ ᠠᠬᠤᠶ ᠲᠥᠷᠥᠯᠬᠢ ᠬᠡᠪᠡᠷᠡᠭ᠂ ᠠᠵᠤ ᠦᠢᠯᠡᠰ᠎ᠤᠨ ᠪᠦᠲᠦᠴᠡ ᠶ᠋ᠢᠨ ᠬᠦᠨᠳᠦ ᠬᠡᠯᠪᠡᠷᠢᠵᠢᠭ᠌ᠰᠡᠨ ᠣᠨᠴᠠᠯᠢᠭ ᠢᠯᠡᠷᠬᠡᠶ᠂ ᠦᠢᠯᠡᠳᠪᠦᠷᠢᠯᠡᠯ᠎ᠤᠨ ᠬᠦᠴᠦᠨ᠎ᠤ ᠪᠠᠢᠷᠢᠱᠢᠭᠤᠯᠤᠯᠲᠠ ᠲᠠᠷᠠᠬᠠᠶ ᠪᠤᠲᠠᠷᠬᠠᠶ᠂ ᠬᠥᠭ᠌ᠵᠢᠯᠲᠡ ᠬᠢᠭᠡᠳ ᠬᠠᠮᠠᠭᠠᠯᠠᠯᠲᠠ᠎ᠶ᠋ᠢᠨ ᠵᠥᠷᠢᠴᠡᠯ ᠨᠡᠯᠢᠶᠡᠳ ᠲᠣᠪᠤᠢᠮ᠎ᠠ ᠪᠠᠢᠬᠤ ᠵᠡᠷᠭᠡ ᠠᠰᠠᠭᠤᠳᠠᠯ᠎ᠳᠤ ᠴᠢᠭ᠌ᠯᠡᠭᠦᠯᠦᠨ᠂ ᠶᠡᠷᠦᠩᠬᠡᠶ ᠱᠦᠵᠢ ᠴᠢᠩ ᠰᠡᠳᠭᠢᠯ᠎ᠤᠨ ᠨᠠᠢᠳᠠᠯᠭ᠎ᠠ ᠲᠠᠯᠪᠢᠵᠤ᠂ ᠥᠪᠥᠷ ᠮᠣᠩᠭᠤᠯ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠬᠤ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢᠶᠠᠨ ᠪᠠᠲᠤᠯᠠᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠬᠦᠯᠬᠦ ᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢ ᠬᠠᠢᠨ ᠰᠦᠪᠡᠭ᠌ᠴᠢᠯᠡᠬᠦ᠌᠎ᠶ᠋ᠢ᠎ᠬᠦᠰᠡᠪᠡ᠃᠎ᠶᠡᠷᠦᠩᠬᠡᠢ᠎ᠱᠦᠵᠢ᠎ᠶ᠋ᠢᠨ᠎ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠠᠮᠢ ᠠᠬᠤᠢ᠎ᠶ᠋ᠢᠨ ᠱᠢᠰᠲᠧᠮ᠎ᠢ ᠬᠠᠮᠠᠭᠠᠯᠠᠬᠤ ᠡᠷᠴᠢᠮ᠎ᠢᠶᠠᠨ ᠴᠢᠩᠭᠠᠷᠠᠭᠤᠯᠵᠤ᠂ ᠥᠪᠡᠷᠲᠡᠭᠡᠨ ᠵᠠᠰᠠᠬᠤ᠎ᠣᠷᠣᠨ᠎ᠤ᠎ᠡᠯ᠎ᠡ᠎ᠱᠠᠲᠤᠨ᠎ᠤ᠎ᠨᠠᠮ᠎ᠤᠨ ᠬᠤᠷᠢᠶ᠎ᠡ ᠪᠣᠯᠤᠨ ᠵᠠᠰᠠᠭ᠎ᠤᠨ ᠣᠷᠳᠣᠨ ᠭᠤᠣᠯᠳᠠᠯᠭ᠎ᠠ ᠲᠠᠢ ᠎ᠠᠮᠢ ᠎ᠠᠬᠤᠢ ᠎ᠶ᠋ᠢᠨ ᠢᠨᠵᠧᠨᠧᠷᠢᠩ ᠎ᠢ ᠭᠦᠨᠵᠡᠭᠡᠢ ᠬᠡᠷᠡᠭ᠌ᠵᠢᠭᠦᠯᠵᠦ᠍᠂ ᠭᠤᠣᠯᠳᠠᠯᠭ᠎ᠠ᠎ᠲᠠᠢ᠎ᠣᠷᠣᠨ᠎ᠪᠦᠰᠡ᠎ᠶ᠋ᠢᠨ᠎ᠪᠣᠬᠢᠷᠲᠤᠯ᠎ᠢ ᠰᠡᠷᠭᠡᠢᠯᠡᠨ ᠵᠠᠰᠠᠬᠤ ᠠᠵᠢᠯ᠎ᠢ ᠠᠬᠢᠭᠤᠯᠵᠤ᠂ ᠤᠢ ᠱᠢᠭᠤᠢ᠎ᠶ᠋ᠢᠨ ᠪᠦᠷᠬᠦᠴᠡ᠎ᠶ᠋ᠢᠨ ᠨᠤᠷᠮ᠎ᠠ ᠪᠣᠯᠤᠨ ᠨᠤᠲᠤᠭ ᠪᠡᠯᠴᠢᠭᠡᠷ᠎ᠤᠨ ᠤᠷᠭᠤᠮᠠᠯ᠎ᠤᠨ ᠪᠦᠷᠬᠦᠴᠡ᠎ᠶ᠋ᠢᠨ᠎ᠬᠡᠮᠵᠢᠶ᠎ᠠ᠎ᠶ᠋ᠢᠨ 《ᠬᠤᠣᠰ᠎ᠳᠡᠭᠡᠭ᠌ᠰᠢᠯᠡᠯᠲᠡ》᠎ᠶ᠋ᠢ᠎ᠪᠡᠶᠡᠯᠡᠭᠦᠯᠵᠦ᠍᠂ ᠴᠦᠯᠯᠡᠷᠭᠡᠭ᠌ᠵᠢᠭ᠌ᠰᠡᠨ ᠪᠠ ᠡᠯᠡᠰᠦᠷᠬᠡᠭ᠌ᠵᠢᠭ᠌ᠰᠡᠨ ᠭᠠᠵᠠᠷ ᠱᠢᠷᠣᠢ᠎ᠶ᠋ᠢᠨ 《ᠬᠤᠣᠰ ᠪᠠᠭᠤᠷᠠᠯᠲᠠ》᠎ᠶ᠋ᠢ ᠪᠡᠶᠡᠯᠡᠭᠦᠯᠵᠦ᠍᠂ ᠦᠷ᠎ᠡ ᠪᠦᠲᠦᠮᠵᠢ ᠪᠠᠶᠠᠷᠯᠠᠭᠤᠱᠢᠲᠠᠢ ᠪᠠᠢᠨ᠎ᠠ᠃ 

ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠠᠴᠢ ᠡᠨᠡᠷᠢᠯ᠎ᠳᠤ ᠲᠠᠯᠠᠷᠬᠠᠨ ᠡᠷᠡᠯᠬᠡᠭ᠌ᠯᠡᠨ ᠤᠷᠤᠭ᠍ᠰᠢᠯᠠᠵᠤ᠂ 《ᠬᠤᠶᠠᠷ ᠬᠠᠯᠬᠠᠪᠴᠢ》 ᠎ᠶ᠋ᠢ ᠪᠠᠲᠤ ᠴᠣᠭ᠍ᠴᠠᠯᠠᠬᠤ᠎ᠶ᠋ᠢ ᠢᠮᠠᠭ᠍ᠲᠠ ᠴᠢᠬᠤᠯᠠ ᠶᠡᠭᠡ ᠪᠠᠢᠯᠳᠤᠬᠤ ᠪᠣᠳᠣᠯᠭ᠎ᠠ᠎ᠶ᠋ᠢᠨ ᠣᠷᠳᠣ ᠬᠤᠭᠤᠴᠠᠭᠠᠨ᠎ᠤ ᠡᠭᠦᠷᠭᠡ ᠪᠣᠯᠭᠠᠨ ᠠᠳᠭᠤᠬᠤ ᠬᠡᠷᠡᠭ᠌ᠲᠡᠶ᠃ ᠣᠢᠷ᠎ᠠ᠎ᠶ᠋ᠢᠨ ᠵᠢᠯ᠎ᠠᠴᠠ ᠨᠠᠭᠠᠰᠢ᠂ ᠥᠪᠥᠷ ᠮᠣᠩᠭᠤᠯ ᠰᠢ᠎ᠶ᠋ᠢᠨ ᠫᠢᠩ᠎ᠤᠨ ᠠᠮᠢ ᠠᠬᠤᠶ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭᠠᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢᠨ ᠠᠮᠢ ᠨᠠᠰᠤᠨ᠎ᠤ ᠬᠠᠮᠲᠤ᠎ᠶ᠋ᠢᠨ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠪᠠᠲᠤ ᠪᠣᠶ ᠪᠣᠯᠭᠠᠵᠤ᠂ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ ᠎ᠶ᠋ᠢᠨ ᠪᠥᠲᠥᠭᠡᠨ ᠪᠠᠢᠭᠤᠯᠤᠯᠲᠠ᠎ᠶ᠋ᠢ ᠪᠥᠬᠦ᠌ ᠬᠦᠴᠦᠨ ᠎ᠢᠶᠠᠷ ᠎ᠢᠶᠠᠨ ᠠᠬᠢᠭᠤᠯᠵᠤ᠂ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠡᠯ᠎ᠡ ᠵᠦᠢᠯ᠎ᠤᠨ ᠠᠵᠢᠯ ᠦᠢᠯᠡᠰ᠎ᠤᠨ᠎ᠬᠥᠭ᠌ᠵᠢᠯᠲᠡ᠎ᠶ᠋ᠢᠨ ᠦᠢᠯᠡᠳᠦᠯᠭᠡ ᠳᠤᠮᠳᠠ ᠨᠠᠢᠳᠠᠪᠤᠷᠢᠵᠢᠭᠤᠯᠵᠤ᠂ ᠠᠮᠢ ᠠᠬᠤᠶ᠎ᠶ᠋ᠢᠨ ᠣᠷᠴᠢᠨ ᠲᠣᠭᠤᠷᠢᠨ ᠢᠯᠡᠳᠲᠡ ᠰᠠᠢᠵᠢᠷᠠᠪᠠ᠃ ᠤᠯᠤᠰ᠎ᠤᠨ ᠭᠤᠣᠯᠳᠠᠯᠭ᠎ᠠ ᠲᠠᠢ ᠠᠮᠢ ᠠᠬᠤᠶ᠎ᠶ᠋ᠢ ᠰᠡᠷᠭᠦᠭᠡᠬᠦ᠌ ᠢᠨᠵᠧᠨᠧᠷᠢᠩ᠎ᠢ ᠯᠠᠪᠳᠠᠭᠤᠨ᠎ᠢᠶᠠᠷ ᠬᠡᠷᠡᠭ᠌ᠵᠢᠭᠦᠯᠵᠦ᠍᠂ ᠣᠶ ᠱᠢᠭᠤᠶ᠎ᠶ᠋ᠢᠨ ᠪᠦᠲᠦᠭᠡᠨ ᠪᠠᠢᠭᠤᠯᠤᠯᠲᠠ᠂ ᠨᠤᠲᠤᠭ ᠪᠡᠯᠴᠢᠭᠡᠷ᠎ᠤᠨ ᠪᠦᠲᠦᠭᠡᠨ ᠪᠠᠢᠭᠤᠯᠤᠯᠲᠠ ᠪᠣᠯᠤᠨ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢ ᠵᠠᠰᠠᠬᠤ ᠲᠠᠯᠠᠪᠠᠶ ᠴᠥᠮ ᠪᠦᠬᠦ᠌ ᠤᠯᠤᠰ᠎ᠲᠤ ᠲᠡᠷᠢᠭᠦᠯᠡᠵᠦ᠍᠂ ᠣᠶ ᠱᠢᠭᠤᠶ᠎ᠶ᠋ᠢᠨ ᠪᠦᠷᠬᠦᠴᠡ᠎ᠶ᠋ᠢᠨ ᠨᠣᠷᠮ᠎ᠠ ᠪᠣᠯᠤᠨ ᠨᠤᠲᠤᠭ ᠪᠡᠯᠴᠢᠭᠡᠷ᠎ᠤᠨ ᠶᠡᠷᠦᠩᠬᠡᠢᠯᠡᠭ᠌ᠰᠡᠨ ᠤᠷᠭᠤᠮᠠᠯ᠎ᠤᠨ ᠬᠤᠴᠢᠯᠭ᠎ᠠ᠎ᠶ᠋ᠢᠨ ᠪᠦᠷᠬᠦᠴᠡ ᠲᠤᠰ ᠲᠤᠰ 23% ᠪᠣᠯᠤᠨ 45%᠎ᠳᠤ ᠬᠦᠷᠴᠦ᠍᠂ ᠴᠥᠯᠯᠡᠷᠬᠡᠭ ᠪᠠ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢᠨ ᠲᠠᠯᠠᠪᠠᠶ 《ᠬᠤᠣᠰ ᠬᠠᠰᠤᠭ᠍ᠳᠠᠬᠤ》᠎ᠶ᠋ᠢ ᠪᠡᠶᠡᠯᠡᠭᠦᠯᠪᠡ᠃ ᠨᠢᠭᠡ ᠪᠦᠯᠦᠭ ᠪᠣᠬᠢᠷᠲᠤᠯ ᠦᠭᠡᠢ ᠠᠭᠤᠷᠬᠠᠢ᠂ ᠪᠣᠬᠢᠷᠲᠤᠯ ᠦᠭᠡᠢ ᠬᠦᠷᠢᠶᠡᠯᠡᠩ ᠲᠣᠭᠤᠷᠢᠭ᠂ ᠪᠣᠬᠢᠷᠲᠤᠯ ᠦᠭᠡᠢ ᠦᠢᠯᠡᠳᠪᠦᠷᠢ ᠪᠠᠢᠭᠤᠯᠪᠠ᠃ ᠣᠶ ᠱᠢᠭᠤᠶ᠎ᠶ᠋ᠢᠨ ᠴᠡᠴᠡᠷᠯᠢᠭ᠂ ᠨᠤᠭᠤ ᠭᠠᠵᠠᠷ᠎ᠤᠨ ᠴᠡᠴᠡᠷᠯᠢᠭ᠂ ᠭᠠᠵᠠᠷ ᠱᠢᠨᠵᠢᠯᠡᠭᠡᠨ᠎ᠤ ᠴᠡᠴᠡᠷᠯᠢᠭ ᠵᠡᠷᠭᠡ᠎ᠶ᠋ᠢ 372 ᠲᠦ᠍ ᠬᠦᠷᠬᠡᠪᠡ᠃ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠤ ᠱᠠᠳᠤᠴᠢ ᠴᠢᠨᠠᠷᠲᠠᠢ ᠬᠠᠷᠠᠯᠲᠠ ᠡᠭᠦᠷᠭᠡ᠎ᠶ᠋ᠢ ᠤᠷᠤᠭ᠍ᠰᠢᠲᠠᠢ ᠪᠡᠶᠡᠯᠡᠭᠦᠯᠪᠡ᠃ ᠪᠣᠬᠢᠷᠲᠤᠯ ᠥᠬᠡᠶ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠬᠥᠭ᠌ᠵᠢᠯᠲᠡ ᠶ᠋ᠢ ᠶᠡᠭᠡ᠎ᠪᠠᠷ ᠠᠬᠢᠭᠤᠯᠵᠤ᠂ ᠠᠮᠢ ᠠᠬᠤᠶ᠎ᠶ᠋ᠢᠨ ᠪᠣᠯᠪᠠᠰᠤᠨ᠎ᠤ ᠱᠢᠨ᠎ᠡ ᠪᠠᠢᠭᠤᠯᠤᠮᠵᠢ᠎ᠶ᠋ᠢ ᠬᠦᠴᠦᠯᠡᠨ ᠪᠠᠢᠭᠤᠯᠵᠤ᠂ ᠪᠠᠢᠭᠤᠯᠤᠮᠵᠢ᠎ᠶ᠋ᠢᠨ ᠱᠢᠨ᠎ᠡ᠎ᠶ᠋ᠢ᠎ᠡᠭᠦᠳᠬᠦ᠂ ᠲᠦᠷᠢᠮ᠎ᠤᠨ᠎ᠬᠠᠩᠭᠠᠯᠭ᠎ᠠ᠂ ᠵᠠᠭ᠍ᠪᠤᠷ᠎ᠤᠨ ᠰᠥᠪᠡᠭ᠌ᠴᠢᠯᠡᠯᠲᠡ᠎ᠪᠠᠷ ᠭᠤᠤᠯᠳᠠᠯᠭ᠎ᠠ ᠪᠣᠯᠭᠠᠵᠤ᠂ ᠪᠣᠬᠢᠷᠲᠤᠯ ᠥᠬᠡᠶ ᠬᠥᠭ᠌ᠵᠢᠯᠲᠡ᠎ᠶ᠋ᠢ ᠲᠤᠯᠭᠠᠭᠤᠷᠢᠯᠠᠬᠤ ᠲᠦᠷᠢᠮ᠎ᠤᠨ ᠱᠢᠰᠲ᠋ᠧᠮ᠎ᠢ ᠶᠠᠭ ᠲᠦᠷᠭᠡᠳᠭᠡᠨ ᠪᠦᠷᠢᠯᠳᠦᠭᠦᠯᠵᠦ᠍᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠪᠠᠷ ᠥᠪᠥᠷ ᠮᠣᠩᠭᠤᠯ᠎ᠤᠨ ᠪᠣᠬᠢᠷᠲᠤᠯ ᠥᠬᠡᠶ ᠪᠠᠶᠠᠨ ᠴᠢᠨᠡᠭᠡᠯᠢᠭ ᠦᠵᠡᠰᠭᠦᠯᠡᠩᠲᠦ ᠰᠠᠢᠬᠠᠨ᠎ᠢ ᠪᠦᠷᠢᠯᠳᠦᠬᠦᠯᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠵᠤ ᠪᠠᠢᠨ᠎ᠠ᠃ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠥᠷ ᠮᠣᠩᠭᠤᠯ ᠦᠨᠳᠦᠰᠦᠲᠡᠨ ᠎ᠤ ᠣᠷᠣᠨ ᠎ᠤ ᠥᠪᠡᠷᠲᠡᠭᠡᠨ ᠵᠠᠰᠠᠬᠤ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠦᠨᠳᠦᠰᠦᠲᠡᠨ ᠎ᠨᠦᠭᠦᠳ᠎ᠤᠨ ᠠᠷᠠᠳ ᠲᠦᠮᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠍᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ᠎ᠵᠢᠷᠤᠮ᠎ᠤᠨ᠎ᠵᠠᠮ᠎ᠢᠶᠠᠷ᠎ᠰᠦᠷ᠎ᠳᠠᠯᠠᠢᠴᠠᠲᠠᠢ᠎ᠬᠥᠭ᠌ᠵᠢᠯᠲᠡ᠎ᠶ᠋ᠢᠨ᠎ᠶᠠᠪᠤᠴᠠ᠎ᠶ᠋ᠢ ᠥᠩᠭᠡᠷᠡᠭᠡᠵᠦ᠍᠂ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭ᠍ᠰᠠᠨ ᠬᠥᠭ᠌ᠵᠢᠯᠲᠡ᠎ᠶ᠋ᠢᠨ ᠠᠮᠵᠢᠯᠲᠠ᠎ᠶ᠋ᠢ ᠣᠯᠵᠤ᠂ ᠱᠢᠨ᠎ᠡ ᠳᠤᠮᠳᠠᠳᠤ ᠤᠯᠤᠰ᠎ᠤᠨ ᠦᠨᠳᠦᠰᠦᠲᠡᠨ᠎ᠤ ᠠᠵᠢᠯ᠎ᠤᠨ ᠲᠡᠦᠬᠡᠨ ᠳᠡᠭᠡᠷᠡᠬᠢ ᠠᠯᠢ ᠤᠯᠠᠨ ᠲᠡᠷᠢᠭᠦᠨ᠎ᠢ ᠡᠭᠦᠳᠴᠦ᠍᠂ ᠦᠨᠳᠦᠰᠦᠲᠡᠨ᠎ᠤ ᠭᠠᠵᠠᠷ ᠣᠷᠣᠨ᠎ᠤ ᠪᠦᠯᠬᠦᠮᠳᠡᠯ ᠲᠠᠪᠱᠢᠯᠳᠠ ᠬᠥᠭ᠌ᠵᠢᠯ ᠴᠡᠴᠡᠭ᠌ᠯᠡᠯ᠎ᠤᠨ ᠪᠠᠶᠠᠯᠢᠭ ᠲᠤᠷᠱᠢᠯᠭ᠎ᠠ᠎ᠶ᠋ᠢ ᠬᠤᠷᠠᠮᠳᠤᠭᠤᠯᠪᠠ᠃ ᠡᠶ᠎ᠡ ᠵᠣᠬᠢᠴᠠᠯ᠎ᠲᠠᠢ ᠲᠣᠭ᠍ᠲᠠᠭᠤᠨ ᠪᠠᠢᠬᠤ᠂ ᠦᠨᠳᠦᠰᠦᠲᠡᠨ ᠪᠦᠯᠬᠦᠮᠳᠡᠭ᠌ᠰᠡᠨ᠂ ᠬᠢᠯᠢ ᠬᠢᠵᠠᠭᠠᠷ ᠠᠮᠤᠷ ᠲᠣᠭ᠍ᠲᠠᠭᠤᠨ ᠪᠠᠢᠬᠤ᠎ᠶ᠋ᠢ ᠬᠠᠮᠠᠭᠠᠯᠠᠬᠤ᠎ᠪᠠ᠎ᠲᠦᠯᠬᠢᠨ᠎ᠠᠬᠢᠭᠤᠯᠬᠤ᠎ᠪᠠᠷ ᠬᠠᠷᠠᠯᠲᠠ ᠪᠣᠯᠭᠠᠨ᠂ ᠡᠷᠬᠡ ᠲᠡᠭ᠌ᠰᠢ ᠪᠦᠯᠬᠦᠮᠳᠡᠯ᠎ᠲᠠᠢ ᠬᠠᠷᠢᠯᠴᠠᠨ ᠬᠠᠪᠰᠤᠷᠤᠯᠴᠠᠭ᠍ᠰᠠᠨ ᠡᠶ᠎ᠡ ᠵᠣᠬᠢᠴᠠᠯ᠎ᠲᠠᠢ ᠨᠡᠢᠭᠡᠮ ᠵᠢᠷᠤᠮ᠎ᠤᠨ ᠦᠨᠳᠦᠰᠦᠲᠡᠨ᠎ᠤ ᠬᠠᠷᠢᠴᠠᠭ᠎ᠠ᠎ᠶ᠋ᠢ ᠪᠠᠢᠭᠤᠯᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠢᠮᠠᠭ᠍ᠲᠠ ᠬᠠᠮᠠᠭᠠᠯᠠᠪᠠ ᠃ 

ᠱᠢᠨ᠎ᠡ ᠬᠠᠭᠤᠳᠠᠰᠤ᠎ᠶ᠋ᠢ ᠲᠥᠯᠥᠪᠵᠢᠭᠦᠯᠵᠦ᠍᠂ ᠡᠷᠡᠮᠡᠬᠡᠢᠯᠡᠨ ᠤᠷᠤᠭ᠍ᠰᠢᠯᠠᠵᠤ᠂ ᠤᠯᠤᠰ᠎ᠤᠨ ᠬᠥᠭ᠌ᠵᠢᠯᠲᠡ᠎ᠶ᠋ᠢᠨ ᠶᠡᠭᠡ ᠲᠠᠯ᠎ᠠ᠎ᠳᠤ ᠨᠡᠩ ᠶᠡᠭᠡ ᠱᠢᠨ᠎ᠡ ᠬᠤᠪᠢ ᠨᠡᠮᠡᠷᠢ ᠦᠵᠡᠭᠦᠯᠬᠦ ᠬᠡᠷᠡᠭᠳᠡᠢ᠃ ᠱᠢᠨ᠎ᠡ ᠎ᠬᠥᠭ᠌ᠵᠢᠯᠲᠡ ᠎ᠶ᠋ᠢᠨ ᠱᠠᠲᠤᠨ᠎ᠳᠤ ᠤᠷᠤᠭ᠍ᠰᠠᠨ᠎ᠤ ᠳᠠᠷᠠᠭ᠎ᠠ᠂ ᠪᠢᠳᠡ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ ᠪᠠ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠴᠢᠬᠤᠯᠠ ᠶᠡᠭᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠦᠨᠡᠨ ᠬᠦ᠌ ᠡᠭᠦᠷᠭᠡᠯᠡᠵᠦ᠍᠂ 《ᠳᠥᠷᠪᠡᠨ ᠤᠬᠠᠮᠰᠠᠷ》 ᠎ᠢᠶᠠᠨ ᠴᠢᠩᠭᠠᠳᠭᠠᠵᠤ᠂ 《ᠳᠥᠷᠪᠡᠨ ᠢᠲᠡᠭᠡᠯ》 ᠎ᠢᠶᠠᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠤᠯᠤᠰ᠎ᠤᠨ ᠬᠥᠭ᠌ᠵᠢᠯᠲᠡ᠎ᠶ᠋ᠢᠨ ᠶᠡᠭᠡ ᠲᠠᠯ᠎ᠠ᠎ᠳᠤ ᠨᠠᠩ ᠶᠡᠭᠡ ᠱᠢᠨ᠎ᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠶ ᠃

ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠬᠤ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢᠶᠠᠨ ᠪᠠᠲᠤᠯᠠᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠬᠡᠷᠡᠭ᠌ᠲᠡᠢ᠃ ᠰᠢ᠎ᠶ᠋ᠢᠨ ᠫᠢᠩ᠎ᠤᠨ ᠠᠮᠢ ᠠᠬᠤᠢ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠶ᠋ᠢ ᠭᠦᠨᠵᠡᠭᠡᠢ ᠦᠢᠯᠡᠳᠦᠯᠭᠡᠵᠢᠭᠦᠯᠵᠦ᠍᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠭᠡᠬᠦ᠌ ᠣᠢᠯᠠᠭᠠᠭ᠍ᠳᠠᠬᠤᠨ᠎ᠢ ᠪᠠᠷᠢᠮᠲᠠᠯᠠᠵᠤ᠂ ᠪᠦᠬᠦ᠌ ᠣᠷᠣᠨ ᠪᠦᠰᠡ᠂ ᠪᠦᠬᠦ᠌ ᠶᠠᠪᠤᠴᠠ᠎ᠳᠤ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢ ᠴᠢᠩᠭᠠᠳᠭᠠᠵᠤ᠂ ᠪᠦᠬᠦ᠌ ᠬᠦᠷᠢᠶᠡᠨ᠎ᠳᠤ᠂ ᠪᠣᠬᠢᠷᠲᠤᠯ ᠦᠭᠡᠢ ᠬᠥᠭ᠌ᠵᠢᠯᠲᠡ᠎ᠶ᠋ᠢᠨ ᠬᠡᠯᠪᠡᠷᠢ᠎ᠶ᠋ᠢ ᠬᠤᠪᠢᠷᠠᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠪᠠᠢᠭᠠᠯᠢ᠎ᠶ᠋ᠢᠨ ᠠᠮᠢ ᠠᠬᠤᠢ᠎ᠶ᠋ᠢᠨ ᠠᠮᠤᠷ ᠲᠦᠪᠱᠢᠨ᠎ᠤ ᠬᠢᠯᠢ ᠬᠢᠵᠠᠭᠠᠷ᠎ᠢ ᠰᠠᠬᠢᠵᠤ᠂ ᠪᠣᠬᠢᠷᠲᠤᠯ ᠦᠭᠡᠢ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠬᠡᠯᠪᠡᠷᠢ᠎ᠶ᠋ᠢ ᠪᠦᠷᠢᠯᠳᠦᠭᠦᠯᠵᠦ᠍᠂ ᠡᠭᠡ ᠤᠯᠤᠰ᠎ᠤᠨ ᠤᠮᠠᠷᠠᠲᠤ᠎ᠶ᠋ᠢᠨ ᠲᠦᠮᠡᠨ ᠭᠠᠵᠠᠷ᠎ᠤᠨ ᠨᠣᠮᠢᠨ ᠨᠣᠭᠤᠭᠠᠨ ᠤᠷᠳᠤ ᠴᠠᠭᠠᠨ ᠬᠡᠷᠡᠮ᠎ᠢ ᠴᠣᠭ᠍ᠴᠠᠯᠠᠬᠤ ᠬᠡᠷᠡᠭ᠌ᠲᠡᠢ᠃ ᠠᠮᠢ ᠠᠬᠤᠢ᠎ᠶ᠋ᠢᠨ ᠬᠠᠮᠠᠭᠠᠯᠠᠯᠲᠠ ᠪᠠ ᠰᠡᠷᠭᠦᠭᠡᠯᠲᠡ᠎ᠶ᠋ᠢ ᠴᠢᠩᠭᠠᠳᠭᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠱᠢᠰᠲ᠋ᠧᠮ᠎ᠲᠠᠢ ᠵᠠᠰᠠᠬᠤ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠶᠡᠭᠡ ᠬᠢᠩᠭᠠᠨ ᠳᠠᠪᠠᠭ᠎ᠠ᠂ ᠮᠤᠨᠢ ᠠᠭᠤᠯᠠ ᠨᠢᠷᠤᠭᠤ᠂ ᠠᠯᠠᠱᠠ ᠠᠭᠤᠯᠠ ᠨᠢᠷᠤᠭᠤ᠎ᠶ᠋ᠢᠨ ᠠᠮᠢ ᠠᠬᠤᠢ᠎ᠶ᠋ᠢᠨ ᠬᠤᠩᠬᠢᠯ ᠵᠠᠮ ᠪᠠ ᠨᠤᠲᠤᠭ ᠪᠡᠯᠴᠢᠭᠡᠷ᠎ᠤᠨ ᠠᠮᠢ ᠠᠬᠤᠢ᠎ᠶ᠋ᠢᠨ ᠱᠢᠰᠲᠧᠮ᠎ᠤᠨ ᠴᠢᠳᠠᠮᠵᠢ᠎ᠶ᠋ᠢ ᠴᠢᠩᠭᠠᠳᠭᠠᠵᠤ᠂ ᠬᠠᠳᠤᠨ ᠭᠤᠣᠯ᠂ ᠪᠠᠷᠠᠭᠤᠨ ᠯᠢᠶᠣᠤ ᠾᠧ ᠭᠤᠣᠯ᠂ ᠨᠤᠨ ᠮᠥᠷᠡᠨ᠂ 《ᠭᠤᠷᠪᠠᠨ ᠨᠠᠭᠤᠷ》 ᠵᠢᠴᠢ ᠴᠠᠭᠠᠨᠨᠠᠭᠤᠷ ᠵᠡᠷᠭᠡ ᠰᠠᠪᠠ ᠭᠠᠵᠠᠷ᠎ᠤᠨ ᠤᠰᠤᠨ ᠣᠷᠣᠨ᠎ᠤ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ ᠵᠠᠰᠠᠯᠲᠠ᠎ᠶ᠋ᠢ ᠴᠢᠩᠭᠠᠳᠭᠠᠵᠤ᠂ 《ᠲᠠᠪᠤᠨ ᠶᠡᠭᠡ ᠡᠯᠡᠰᠦ》 《ᠲᠠᠪᠤᠨ ᠶᠡᠭᠡ ᠡᠯᠡᠰᠦᠷᠬᠡᠭ ᠭᠠᠵᠠᠷ》 ᠎ᠤᠨ ᠡᠯᠡᠰᠦ᠎ᠶ᠋ᠢ ᠰᠡᠷᠭᠡᠢᠯᠡᠵᠦ᠍ ᠵᠠᠰᠠᠬᠤ ᠱᠢᠰᠲᠧᠮ᠎ᠢ ᠲᠡᠭᠦᠯᠳᠡᠷᠵᠢᠭᠦᠯᠵᠦ᠍᠂ ᠨᠤᠲᠤᠭ ᠪᠡᠯᠴᠢᠭᠡᠷ᠂ ᠤᠢ ᠱᠢᠭᠤᠢ᠂ ᠭᠤᠣᠯ ᠮᠥᠷᠡᠨ᠂ ᠨᠠᠭᠤᠷ ᠴᠥᠭᠦᠷᠥᠮ᠂ ᠨᠤᠭᠤ ᠭᠠᠵᠠᠷ᠂ ᠡᠯᠡᠰᠦ ᠮᠠᠩᠬ᠎ᠠ ᠨᠢᠬᠡ ᠴᠤᠭᠴᠠᠵᠢᠭᠰᠠᠨ ᠪᠦᠬᠦ ᠤᠷᠤᠨ ᠪᠦᠰᠡ ᠵᠢᠨ ᠠᠮᠢ ᠠᠬᠤᠢ ᠵᠢᠨ ᠠᠮᠤᠷ ᠲᠦᠪᠰᠢᠨ᠎ᠤ ᠪᠠᠢᠷᠢᠰᠢᠯ᠎ᠢ ᠪᠠᠢᠭᠤᠯᠤᠨ᠎ᠠ᠃ ᠣᠷᠴᠢᠨ ᠲᠣᠭᠤᠷᠢᠨ᠎ᠤ ᠶᠠᠰᠤ ᠴᠢᠨᠠᠷ᠎ᠢ ᠪᠠᠬᠢᠵᠢᠭᠦᠯᠦᠨ ᠳᠡᠭᠡᠭ᠌ᠰᠢᠯᠡᠭᠦᠯᠵᠦ᠍᠂ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠬᠠᠮᠤᠭ᠎ᠤᠨ ᠴᠢᠩᠭ᠎ᠠ ᠲᠦᠷᠢᠮ᠎ᠢ ᠬᠡᠷᠡᠭ᠌ᠵᠢᠭᠦᠯᠵᠦ᠍᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠢ ᠭᠦᠨᠵᠡᠭᠡᠶ ᠰᠠᠢᠲᠤᠷ ᠬᠢᠵᠦ᠍᠂ ᠪᠣᠭᠤᠮᠲᠠ ᠱᠢᠪᠲᠤᠯᠬᠤ ᠡᠷᠴᠢᠮ ᠪᠣᠯᠤᠨ ᠬᠠᠨᠳᠤᠰᠢ᠎ᠶ᠋ᠢ ᠪᠠᠲᠤᠯᠠᠵᠤ᠂ ᠪᠣᠬᠢᠷᠲᠤᠯ᠎ᠢ ᠰᠡᠷᠭᠡᠢᠯᠡᠨ ᠵᠠᠰᠠᠬᠤ ᠠᠵᠢᠯᠯᠠᠭ᠎ᠠ᠎ᠶ᠋ᠢ ᠭᠦᠨᠵᠡᠭᠡᠢᠷᠡᠭᠦᠯᠵᠦ᠍᠂ ᠣᠲᠣ ᠦᠶ᠎ᠡ᠎ᠶ᠋ᠢᠨ ᠠᠮᠢ ᠠᠬᠤᠶ ᠣᠷᠴᠢᠨ ᠲᠣᠭᠤᠷᠢᠨ᠎ᠤ ᠵᠠᠰᠠᠯᠲᠠ᠎ᠶ᠋ᠢᠨ ᠱᠢᠰᠲ᠋ᠧᠮ᠎ᠢ ᠪᠥᠬᠦ᠌ ᠲᠠᠯ᠎ᠠ᠎ᠪᠠᠷ ᠪᠠᠢᠭᠤᠯᠵᠤ᠂ ᠠᠮᠢ ᠠᠬᠤᠶ ᠣᠷᠴᠢᠨ ᠲᠣᠭᠤᠷᠢᠨ᠎ᠤ ᠵᠠᠰᠠᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠠᠮᠢ ᠠᠬᠤᠶ ᠣᠷᠴᠢᠨ ᠲᠣᠭᠤᠷᠢᠨ᠎ᠤ ᠶᠠᠰᠤ ᠴᠢᠨᠠᠷ᠎ᠢ ᠰᠠᠢᠵᠢᠷᠠᠭᠤᠯᠤᠨ᠎ᠠ᠃

ᠨᠠᠩ ᠥᠨᠳᠥᠷ ᠲᠦᠪᠱᠢᠨ ᠪᠥᠬᠦᠶ ᠠᠮᠤᠷ ᠠᠮᠤᠭᠤᠯᠠᠩ ᠥᠪᠥᠷ ᠮᠣᠩᠭᠤᠯ᠎ᠢ ᠪᠥᠲᠥᠭᠡᠨ ᠪᠠᠢᠭᠤᠯᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ ᠶ᠋ᠢ ᠪᠠᠲᠤ ᠴᠣᠭ᠍ᠴᠠᠯᠠᠨ᠎ᠠ᠃ ᠤᠯᠤᠰ᠎ᠤᠨ ᠶᠡᠷᠦᠩᠬᠡᠢ ᠠᠮᠤᠷ ᠲᠦᠪᠱᠢᠨ᠎ᠤ ᠦᠵᠡᠯᠲᠡ᠎ᠶ᠋ᠢ ᠭᠦᠨᠵᠡᠭᠡᠢ ᠲᠤᠭᠤᠱᠢᠯᠠᠭᠤᠯᠵᠤ᠂ ᠬᠥᠭ᠌ᠵᠢᠯᠲᠡ ᠪᠠ ᠠᠮᠤᠷ ᠲᠦᠪᠱᠢᠨ᠎ᠢ ᠵᠡᠷᠭᠡ᠎ᠪᠠᠷ ᠴᠢᠬᠤᠯᠠᠴᠢᠯᠠᠬᠤ᠎ᠶ᠋ᠢ ᠪᠠᠷᠢᠮᠲᠠᠯᠠᠨ᠂ ᠤᠯᠠᠮᠵᠢᠯᠠᠯᠲᠤ ᠠᠮᠤᠷ ᠲᠦᠪᠱᠢᠨ ᠪᠠ ᠤᠯᠠᠮᠵᠢᠯᠠᠯᠲᠤ ᠪᠤᠰᠤ ᠠᠮᠤᠷ ᠲᠦᠪᠱᠢᠨ᠎ᠢ ᠨᠢᠭᠡᠳᠦᠯᠲᠡᠢ ᠲᠥᠯᠥᠪᠯᠡᠵᠦ᠍᠂ ᠠᠮᠤᠷ ᠲᠦᠪᠱᠢᠨ᠎ᠤ ᠶᠡᠭᠡ ᠪᠠᠢᠷᠢᠱᠢᠯ᠎ᠢ ᠪᠠᠢᠭᠤᠯᠤᠨ᠂ ᠠᠮᠤᠷ ᠲᠦᠪᠱᠢᠨ᠎ᠤ ᠱᠢᠰᠲ᠋ᠧᠮ᠎ᠢ ᠲᠡᠭᠦᠯᠳᠡᠷᠵᠢᠭᠦᠯᠵᠦ᠍᠂ ᠠᠮᠤᠷ ᠲᠦᠪᠱᠢᠨ ᠬᠥᠭ᠌ᠵᠢᠯᠲᠡ᠎ᠶ᠋ᠢ ᠬᠥᠭ᠌ᠵᠢᠯᠲᠡ ᠶ᠋ᠢᠨ ᠡᠯ᠎ᠡ ᠬᠦᠷᠢᠶ᠎ᠡ ᠪᠠ ᠪᠦᠬᠦ᠌ ᠶᠠᠪᠤᠴᠠ᠎ᠳᠤ ᠲᠤᠭᠤᠱᠢᠯᠠᠭᠤᠯᠤᠨ᠂ ᠬᠦᠨᠳᠦ ᠶᠡᠭᠡ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ᠎ᠶ᠋ᠢ ᠴᠢᠬᠤᠯᠠᠴᠢᠯᠠᠵᠤ᠂ ᠠᠮᠤᠷ ᠲᠦᠪᠱᠢᠨ ᠬᠥᠭ᠌ᠵᠢᠯᠲᠡ ᠶ᠋ᠢᠨ ᠬᠢᠵᠠᠭᠠᠷ ᠱᠤᠭᠤᠮ᠎ᠢ ᠪᠠᠲᠤ ᠰᠠᠬᠢᠵᠤ᠂ ᠠᠷᠠᠳ ᠲᠦᠮᠡᠨ ᠠᠮᠤᠷ ᠵᠢᠮᠦᠷ ᠠᠵᠤ ᠲᠦᠷᠦᠭᠦ᠌᠂ ᠨᠡᠢᠭᠡᠮ ᠠᠮᠤᠷ ᠲᠣᠭ᠍ᠲᠠᠭᠤᠨ ᠡᠮᠬᠢ ᠵᠢᠷᠤᠮ᠎ᠲᠠᠢ ᠪᠠᠢᠬᠤ᠂ ᠬᠢᠯᠢ ᠬᠢᠵᠠᠭᠠᠷ ᠠᠮᠤᠷ ᠲᠣᠭ᠍ᠲᠠᠭᠤᠨ ᠪᠠᠲᠤ ᠪᠠᠬᠢ ᠪᠠᠢᠬᠤ᠎ᠶ᠋ᠢ ᠦᠨᠡᠨ ᠬᠦ᠌ ᠪᠠᠲᠤᠯᠠᠨ᠎ᠠ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠣᠯ ᠱᠢᠵᠢᠮ ᠪᠣᠯᠭᠠᠵᠤ᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠤᠨ᠎ᠠ᠃ ᠦᠨᠳᠦᠰᠦᠲᠡᠨ᠎ᠤ ᠪᠦᠯᠬᠦᠮᠳᠡᠯ ᠪᠠ ᠬᠢᠯᠢ ᠬᠢᠵᠠᠭᠠᠷ᠎ᠤᠨ ᠠᠮᠤᠷ ᠲᠣᠭ᠍ᠲᠠᠭᠤᠨ᠎ᠢ ᠯᠠᠪᠳᠠᠭᠤᠨ ᠪᠠᠲᠤᠲᠠᠶ ᠠᠬᠢᠭᠤᠯᠵᠤ᠂ ᠦᠵᠡᠰᠭᠦᠯᠡᠩᠲᠦ ᠰᠠᠢᠬᠠᠨ ᠥᠪᠥᠷ ᠮᠣᠩᠭᠤᠯ᠎ᠢᠶᠠᠨ ᠪᠥᠲᠥᠭᠡᠨ ᠪᠠᠢᠭᠤᠯᠬᠤ᠂ ᠠᠭᠤᠤ ᠶᠡᠭᠡ ᠳᠤᠮᠳᠠᠳᠤ᠎ᠶ᠋ᠢᠨ ᠵᠡᠭᠦᠳᠦ᠍᠎ᠪᠠᠨ ᠬᠠᠮᠲᠤ᠎ᠪᠠᠷ ᠲᠡᠷᠭᠡᠯᠱᠢᠭᠦᠯᠬᠦ᠌ ᠬᠦᠴᠦᠷᠬᠡᠭ ᠶᠡᠭᠡ ᠬᠠᠮᠲᠤᠷᠠᠯ ᠬᠦᠴᠦᠨ᠎ᠢ ᠨᠢᠭ᠍ᠲᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠪᠠᠭ᠍ᠲᠠᠭᠠᠮᠵᠢᠲᠤ ᠴᠢᠨᠠᠷ᠎ᠢᠶᠠᠷ ᠨᠠᠩ ᠴᠢᠩᠭ᠎ᠠ᠂ ᠨᠢᠭ᠍ᠲᠠᠷᠠᠯ᠎ᠤᠨ ᠬᠦᠴᠦᠨ᠎ᠢᠶᠠᠷ ᠨᠠᠩ ᠶᠡᠭᠡ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ ᠲᠡᠢᠰᠢ ᠤᠷᠤᠭ᠍ᠰᠢᠯᠠᠬᠤ᠎ᠶ᠋ᠢ ᠠᠬᠢᠭᠤᠯᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠎ᠤ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠰᠠᠬᠢᠨ ᠬᠠᠮᠠᠭᠠᠯᠠᠨ᠎ᠠ᠃ 

(ᠵᠣᠬᠢᠶᠠᠭ᠍ᠴᠢ᠎ᠶ᠋ᠢᠨ ᠨᠢᠭᠡᠴᠢ᠄ ᠥᠪᠥᠷ ᠮᠣᠩᠭᠤᠯ᠎ᠤᠨ ᠨᠠᠮ᠎ᠤᠨ ᠰᠤᠷᠭᠠᠭᠤᠯᠢ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号