《ᠬᠤᠶᠠᠷ ᠰᠠᠭᠤᠷᠢᠨ》᠎ᠤ ᠪᠥᠲᠥᠭᠡᠨ ᠪᠠᠢᠭᠤᠯᠤᠯᠲᠠ ᠵᠢ ᠴᠢᠨᠭᠭ᠎ᠠ ᠠᠳᠭᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠶ᠎ᠠ
2021-11-24 09:51:12
ᠵᠣᠬᠢᠶᠠᠭ᠍ᠴᠢ᠄
​ᠳ᠋ᠦ᠋ ᠶᠦᠩ ᠹᠧᠩ
ᠣᠩᠱᠢᠭ᠍ᠰᠠᠨ ᠣᠳᠠᠭ᠎ᠠ᠄
★★★☆☆

ᠶᠡᠷᠦᠩᠬᠡᠢ ᠱᠦᠵᠢ ᠰᠢ᠎ᠶ᠋ᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠤᠯ ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌ ᠎ᠳᠤ ᠣᠷᠣᠯᠴᠠᠬᠤ᠎ᠳᠠᠭᠠᠨ᠂ ᠪᠦᠬᠦ᠌ ᠤᠯᠤᠰ᠎ᠤᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠴᠣᠭ᠍ᠴᠠᠯᠠᠬᠤ ᠳᠤᠮᠳᠠᠬᠢ ᠥᠪᠥᠷ ᠮᠣᠩᠭᠤᠯ᠎ᠤᠨ ᠪᠠᠢᠷᠢ ᠲᠣᠭ᠍ᠲᠠᠭᠠᠯᠲᠠ᠎ᠶ᠋ᠢ ᠣᠨᠣᠪᠴᠢᠲᠠᠢ ᠣᠯᠵᠤ᠂ ᠥᠪᠡᠷ᠎ᠤᠨ ᠳᠠᠪᠠᠭᠤᠯᠢᠭ ᠬᠦᠷᠢᠶ᠎ᠡ ᠴᠠᠷᠠᠭ᠎ᠠ ᠪᠣᠯᠤᠨ ᠲᠤᠳᠠᠭᠤᠳᠠᠯ ᠬᠦᠷᠦᠯᠴᠡᠬᠦ᠌ ᠦᠭᠡᠢ ᠲᠠᠯ᠎ᠠ᠎ᠪᠠᠨ ᠭᠦᠨᠵᠡᠭᠡᠢ ᠵᠠᠳᠠᠯᠵᠤ᠂ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠭᠤᠣᠯᠳᠠᠯᠭ᠎ᠠ᠎ᠲᠠᠢ ᠠᠵᠤ ᠦᠢᠯᠡᠰ ᠪᠣᠯᠤᠨ ᠭᠤᠣᠯ ᠱᠢᠪᠲᠤᠯᠤᠯᠲᠠ᠎ᠶ᠋ᠢᠨ ᠴᠢᠭ᠌ᠯᠡᠯ ᠵᠢᠨᠨ ᠤᠯᠠᠮ ᠴᠢᠨᠠᠭ᠍ᠰᠢᠳᠠ ᠲᠣᠳᠣᠷᠬᠠᠢᠯᠠᠵᠤ᠂ ᠬᠤᠯᠪᠣᠭ᠍ᠳᠠᠯ ᠪᠦᠬᠦᠢ ᠠᠵᠤ ᠦᠢᠯᠡᠰ᠎ᠤᠨ ᠳᠡᠭᠡᠳᠦ ᠲᠡᠰᠵᠢᠯᠳᠡ᠂ ᠤᠶᠤᠨᠴᠢᠯᠠᠯᠳᠠ᠂ ᠪᠣᠬᠢᠷᠲᠤᠯ ᠦᠭᠡᠢᠵᠢᠯᠳᠠ ᠲᠡᠢᠰᠢ ᠤᠷᠤᠭ᠍ᠰᠢᠯᠠᠬᠤ᠎ᠶ᠋ᠢ ᠠᠬᠢᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠠᠷ ᠮᠠᠨᠳᠤᠭ᠍ᠰᠠᠨ ᠠᠵᠤ ᠦᠢᠯᠡᠰ ᠪᠣᠯᠤᠨ ᠲᠡᠷᠢᠭᠦᠨ᠎ᠤ ᠦᠢᠯᠡᠳᠬᠦ᠌ ᠦᠢᠯᠡᠰ᠎ᠢ ᠬᠥᠭ᠌ᠵᠢᠭᠦᠯᠵᠦ᠍᠂ ᠰᠠᠭᠤᠷᠢ ᠲᠥᠬᠦᠭᠡᠷᠦᠮᠵᠢ ᠶ᠋ᠢᠨ ᠪᠦᠳᠦᠭᠡᠨ ᠪᠠᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃ ᠭᠠᠭ᠍ᠴᠠ ᠬᠦ᠌ ᠪᠠᠢᠷᠢ ᠲᠣᠭ᠍ᠲᠠᠭᠠᠯᠲᠠ᠎ᠪᠠᠨ ᠣᠨᠣᠪᠴᠢᠲᠠᠶ ᠣᠯᠵᠤ᠂ ᠴᠢᠭ᠌ᠯᠡᠯ᠎ᠢᠶᠠᠨ ᠲᠣᠳᠣᠷᠬᠠᠢᠯᠠᠨ᠂ ᠳᠠᠪᠠᠭᠤᠯᠢᠭ᠎ᠢᠶᠠᠨ ᠭᠦᠨᠵᠡᠭᠡᠶ ᠠᠭᠤᠳᠠᠯᠪᠠᠯ᠂ ᠥᠪᠥᠷ ᠮᠣᠩᠭᠤᠯ ᠰᠠᠶᠢ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠨᠠᠩ ᠰᠠᠢᠨ ᠦᠢᠯᠡᠴᠢᠯᠡᠬᠦ᠌ ᠪᠠ ᠠᠭᠤᠰᠤᠯᠴᠠᠬᠤ ᠳᠤᠮᠳᠠ ᠳᠠᠪᠠᠭᠤᠯᠢᠭ᠎ᠢᠶᠠᠨ ᠪᠠᠳᠠᠷᠠᠭᠤᠯᠤᠨ ᠲᠤᠳᠠᠭᠤᠳᠠᠯ᠎ᠢᠶᠠᠨ ᠲᠡᠪᠴᠢᠵᠦ᠍᠂ ᠱᠢᠯᠢᠳᠡᠭ᠎ᠢ ᠪᠤᠢᠵᠢᠭᠤᠯᠤᠨ ᠦᠷ᠎ᠡ ᠠᠱᠢᠭ᠎ᠢᠶᠠᠨ ᠨᠡᠮᠡᠭ᠌ᠳᠡᠭᠦᠯᠵᠦ᠍᠂ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠵᠦ᠍ ᠴᠢᠳᠠᠨ᠎ᠠ᠃

《ᠬᠤᠶᠠᠷ ᠰᠠᠭᠤᠷᠢᠨ》 ᠎ᠤ ᠪᠦᠲᠦᠭᠡᠨ ᠪᠠᠢᠭᠤᠯᠤᠯᠲᠠ ᠢᠯᠡᠳᠲᠡ ᠦᠷ᠎ᠡ ᠪᠦᠲᠦᠮᠵᠢ ᠣᠯᠪᠠ

ᠣᠯᠠᠨ ᠵᠢᠯ᠎ᠤᠨ ᠬᠥᠭ᠌ᠵᠢᠯᠲᠡ᠎ᠪᠠᠷ ᠳᠡᠮᠵᠢᠨ᠂ ᠥᠪᠥᠷ ᠮᠣᠩᠭᠤᠯ᠎ᠤᠨ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠠᠵᠤ ᠦᠢᠯᠡᠰ᠎ᠤᠨ ᠬᠥᠭ᠌ᠵᠢᠯᠲᠡ ᠢᠯᠡᠳᠲᠡ ᠦᠷ᠎ᠡ ᠪᠦᠲᠦᠮᠵᠢ ᠤᠯᠪᠠ᠃ 《ᠠᠷᠪᠠᠨ ᠭᠤᠷᠪᠠᠳᠤᠭᠠᠷ ᠲᠠᠪᠤᠨ ᠵᠢᠯ》᠎ᠤᠨ ᠲᠥᠯᠥᠪᠵᠢᠭᠦᠯᠭᠡ ᠶ᠋ᠢᠨ᠎ᠬᠤᠭᠤᠴᠠᠭᠠᠨ᠎ᠤ᠎ᠡᠴᠦᠰ᠎ᠲᠤ᠌᠂ ᠪᠥᠬᠦ᠌ ᠣᠷᠣᠨ᠎ᠤ ᠡᠨᠧᠷᠭᠢ᠎ᠶ᠋ᠢᠨ ᠶᠡᠷᠦᠩᠬᠡᠢᠯᠡᠭ᠌ᠰᠡᠨ ᠦᠢᠯᠡᠳᠪᠦᠷᠢᠯᠡᠬᠦ᠌ ᠴᠢᠳᠠᠪᠤᠷᠢ 8 ᠳ᠋ᠦᠩᠱᠢᠭᠤᠷ ᠲᠣᠨ ᠪᠠᠷᠢᠮᠵᠢᠶᠠᠲᠤ ᠨᠡᠭᠦᠷᠡᠰᠦ᠎ᠶ᠋ᠢ ᠳᠠᠪᠠᠵᠤ᠂ 《ᠠᠷᠪᠠᠨ ᠭᠤᠷᠪᠠᠳᠤᠭᠠᠷ ᠲᠠᠪᠤᠨ ᠵᠢᠯ》᠎ᠤᠨ ᠲᠥᠯᠥᠪᠵᠢᠭᠦᠯᠭᠡ ᠎ᠶ᠋ᠢᠨ ᠬᠤᠭᠤᠴᠠᠭᠠᠨ᠎ᠤ ᠡᠬᠢᠨ᠎ᠤ ᠦᠶ᠎ᠡ᠎ᠶ᠋ᠢᠨ1.2 ᠳᠠᠬᠢᠨ ᠪᠣᠯᠵᠣ᠂ ᠪᠥᠬᠦ᠌ ᠤᠯᠤᠰ᠎ᠤᠨ ᠲᠡᠷᠢᠭᠦᠨ᠎ᠳᠤ ᠣᠷᠣᠪᠠ; ᠨᠡᠭᠦᠷᠡᠰᠦᠨ᠎ᠤ ᠦᠢᠯᠡᠳᠪᠦᠷᠢᠯᠡᠬᠦ᠌ ᠴᠢᠳᠠᠪᠤᠷᠢ᠂ ᠭᠠᠳᠠᠭ᠍ᠰᠢ ᠲᠡᠭᠡᠭᠡᠪᠦᠷᠢᠯᠡᠬᠦ᠌ ᠬᠡᠮᠵᠢᠶ᠎ᠡ᠂ ᠴᠠᠬᠢᠯᠭᠠᠨ ᠭᠠᠷᠭᠠᠬᠤ ᠬᠡᠮᠵᠢᠶ᠎ᠡ ᠪᠣᠯᠤᠨ ᠭᠠᠳᠠᠭ᠍ᠰᠢ ᠬᠦᠷᠭᠡᠬᠦ᠌ ᠴᠠᠬᠢᠯᠭᠠᠨ᠎ᠤ ᠬᠡᠮᠵᠢᠶ᠎ᠡ ᠴᠥᠮ ᠪᠦᠬᠦ᠌ ᠤᠯᠤᠰ᠎ᠤᠨ ᠲᠡᠷᠢᠭᠦᠨ᠎ᠳᠤ ᠤᠷᠥᠯ᠎ᠠ; ᠪᠦᠬᠦ᠌ ᠤᠯᠤᠰ᠎ᠲᠤ ᠬᠠᠮᠤᠭ᠎ᠤᠨ ᠶᠡᠭᠡ᠂ ᠲᠥᠷᠥᠯ ᠵᠦᠢᠯ ᠵᠢᠡᠷ ᠬᠠᠮᠤᠭ᠎ᠤᠨ᠎ᠪᠦᠷᠢᠨ᠎ᠣᠳᠣ᠎ᠦᠶ᠎ᠡ᠎ᠶ᠋ᠢᠨ᠎ᠨᠡᠭᠦᠷᠡᠰᠦ᠎ᠬᠢᠮᠢ᠎ᠶ᠋ᠢᠨ᠎ᠠᠵᠤ᠎ᠦᠢᠯᠡᠳᠪᠦᠷᠢ᠎ᠶ᠋ᠢᠨ ᠰᠠᠭᠤᠷᠢᠨ᠎ᠢ ᠪᠠᠢᠭᠤᠯᠪᠠ; ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ᠎ᠨᠢ ᠪᠥᠬᠦ᠌ ᠣᠷᠣᠨ᠎ᠤ ᠴᠠᠬᠢᠯᠭᠠᠨ ᠬᠦᠴᠦᠨ᠎ᠤ ᠮᠠᠱᠢᠨ ᠴᠣᠭ᠍ᠴᠠᠯᠠᠪᠤᠷᠢ᠎ᠶ᠋ᠢᠨ35.5% ᠶ᠋ᠢ᠎ᠡᠵᠡᠯᠡᠵᠦ᠍᠂ ᠪᠥᠬᠦ᠌ ᠤᠯᠤᠰ᠎ᠤᠨ ᠬᠠᠮᠤᠭ᠎ᠤᠨ ᠶᠡᠭᠡ ᠱᠢᠨ᠎ᠡ ᠡᠨᠧᠷᠭᠢ᠎ᠶ᠋ᠢᠨ ᠰᠠᠭᠤᠷᠢᠨ ᠪᠣᠯᠪᠠ; 2019 ᠣᠨ᠎ᠳᠤ ᠬᠤᠪᠣᠷ ᠱᠢᠷᠣᠶ᠎ᠶ᠋ᠢᠨ ᠭᠠᠳᠠᠭᠠᠳᠤ ᠭᠠᠷᠭᠠᠯᠲᠠ1.46 ᠲᠦᠮᠡᠨ᠎ᠲᠣᠨ᠎ᠳᠤ ᠬᠦᠷᠴᠦ᠍᠂ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠡᠬᠢᠨ᠎ᠤ ᠦᠶ᠎ᠡ᠎ᠶ᠋ᠢᠨ 2.6᠎ᠳᠠᠬᠢᠨ ᠪᠣᠯᠵᠣ᠂ ᠬᠤᠪᠣᠷ ᠱᠢᠷᠣᠶ᠎ᠶ᠋ᠢᠨ ᠲᠦᠭᠦᠬᠡᠶ ᠮᠠᠲ᠋ᠧᠷᠢᠶᠠᠯ᠎ᠢ ᠲᠤᠬᠠᠶ᠎ᠶ᠋ᠢᠨ ᠭᠠᠵᠠᠷ᠎ᠲᠤᠨᠢ ᠤᠯᠠᠷᠢᠭᠤᠯᠬᠤ ᠨᠣᠷᠮ᠎ᠠ 75% ᠎ᠳᠤ ᠬᠦᠷᠴᠦ᠍᠂ ᠬᠤᠪᠣᠷ ᠱᠢᠷᠣᠶ᠎ᠶ᠋ᠢᠨ ᠴᠢᠳᠠᠮᠵᠢᠲᠤ ᠮᠠᠲ᠋ᠧᠷᠢᠶᠠᠯ ᠵᠢᠴᠢ ᠦᠵᠦᠭᠦᠷ᠎ᠤᠨ ᠬᠡᠷᠡᠭ᠌ᠯᠡᠭᠡᠨ᠎ᠤ ᠦᠢᠯᠡᠳᠭᠦᠨ᠎ᠤ ᠡᠵᠡᠯᠡᠬᠦ᠌ ᠬᠠᠷᠢᠴᠠᠯ 53.6%᠎ᠳᠤ ᠬᠥᠷᠪᠡ᠃

ᠡᠭᠦᠨ᠎ᠤ ᠬᠠᠮᠲᠤ᠌᠂ ᠥᠪᠥᠷ ᠮᠣᠩᠭᠤᠯ᠎ᠳᠤ 1.39 ᠳ᠋ᠦᠩᠱᠢᠭᠤᠷ ᠮᠥ᠍ ᠲᠠᠷᠢᠶᠠᠨ ᠭᠠᠵᠠᠷ᠎ᠲᠠᠢ ᠪᠠᠢᠵᠤ᠂ ᠪᠥᠬᠦ᠌ ᠤᠯᠤᠰ᠎ᠤᠨ ᠲᠠᠷᠢᠶᠠᠨ ᠭᠠᠵᠠᠷ᠎ᠤᠨ ᠬᠡᠮᠵᠢᠶ᠎ᠡ ᠳ᠋ᠦᠩᠱᠢᠭᠤᠷ ᠮᠦ᠍᠎ᠶ᠋ᠢ ᠳᠠᠪᠠᠭ᠍ᠰᠠᠨ 4 ᠮᠤᠵᠢ ᠣᠷᠣᠨ᠎ᠤ ᠨᠢᠭᠡ ᠪᠣᠯᠬᠤ ᠪᠥᠭᠡᠳ ᠪᠠᠰᠠ ᠴᠤ᠌ ᠤᠯᠤᠰ᠎ᠤᠨ 13 ᠠᠮᠤ ᠪᠤᠳᠠᠭᠠᠨ᠎ᠤ ᠭᠤᠤᠯ ᠭᠠᠷᠤᠯᠲᠠ᠎ᠶ᠋ᠢᠨ ᠣᠷᠣᠨ ᠪᠠ 8 ᠠᠮᠤ ᠪᠤᠳᠠᠭᠠᠨ᠎ᠤ ᠬᠡᠪᠴᠢᠶ᠎ᠡ᠎ᠠᠴᠠ ᠱᠢᠯᠵᠢᠭᠦᠯᠦᠨ ᠭᠠᠷᠭᠠᠬᠤ ᠮᠤᠵᠢ ᠣᠷᠣᠨ᠎ᠤ ᠨᠢᠭᠡ ᠪᠣᠯᠤᠨ᠎ᠠ᠃ 《ᠠᠷᠪᠠᠨ ᠭᠤᠷᠪᠠᠳᠤᠭᠠᠷ ᠲᠠᠪᠤᠨ ᠵᠢᠯ》 ᠎ᠤᠨ  ᠲᠥᠯᠥᠪᠵᠢᠭᠦᠯᠭᠡ ᠎ᠶ᠋ᠢᠨ ᠬᠤᠭᠤᠴᠠᠭᠠᠨ᠎ᠤ ᠡᠴᠦᠰ᠎ᠲᠤ᠌᠂ ᠥᠪᠥᠷ ᠮᠣᠩᠭᠤᠯ᠎ᠤᠨ ᠪᠥᠬᠦ᠌ ᠤᠯᠤᠰ᠎ᠤᠨ ᠴᠢᠬᠤᠯᠠ ᠪᠣᠯᠬᠤ ᠲᠠᠷᠢᠶᠠᠯᠠᠩ ᠮᠠᠯ᠎ᠤᠨ ᠠᠱᠢᠭ ᠱᠢᠮ᠎ᠡ᠎ᠶ᠋ᠢᠨ ᠪᠦᠲᠦᠭᠡᠭ᠌ᠳᠡᠬᠦᠨ᠎ᠤ ᠦᠢᠯᠡᠳᠪᠦᠷᠢᠯᠡᠯ᠎ᠤᠨ ᠰᠠᠭᠤᠷᠢᠨ᠎ᠤ ᠪᠠᠢᠷᠢ ᠰᠠᠭᠤᠷᠢ ᠤᠯᠠᠮ ᠨᠢᠭᠡ ᠠᠯᠬᠤᠮ ᠪᠠᠬᠢᠵᠢᠪᠡ᠃ ᠪᠥᠬᠦ᠌ ᠣᠷᠣᠨ᠎ᠤ ᠠᠮᠤ ᠪᠤᠳᠠᠭᠠᠨ᠎ᠤ ᠤᠨᠠᠯᠲᠠ 3664 ᠲᠦᠮᠡᠨ ᠲᠣᠨ᠎ᠳᠤ ᠬᠦᠷᠴᠦ᠍᠂ 《ᠠᠷᠪᠠᠨ ᠭᠤᠷᠪᠠᠳᠤᠭᠠᠷ ᠲᠠᠪᠤᠨ ᠵᠢᠯ᠎ᠤᠨ ᠲᠥᠯᠥᠪᠵᠢᠭᠦᠯᠭᠡ》 ᠎ᠶ᠋ᠢᠨ ᠡᠬᠢᠨ᠎ᠤ ᠦᠶ᠎ᠡ᠎ᠶ᠋ᠢᠨ 1.32 ᠳᠠᠬᠢᠨ ᠪᠣᠯᠵᠣ᠂ ᠪᠥᠬᠦ᠌ ᠤᠯᠤᠰ᠎ᠤᠨ ᠳᠥᠷᠪᠡᠳᠦᠭᠡᠷ᠎ᠲᠤ ᠤᠷᠤᠭᠠᠳ᠂ ᠠᠮᠤ ᠪᠤᠳᠠᠭᠠᠨ᠎ᠤ ᠦᠢᠯᠡᠳᠪᠦᠷᠢᠯᠡᠯ 《ᠠᠷᠪᠠᠨ ᠲᠤᠯᠤᠭᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠬᠤ》 ᠶ᠋ᠢ ᠪᠡᠶᠡᠯᠡᠭᠦᠯᠪᠡ; ᠮᠠᠯ ᠠᠵᠤ ᠠᠬᠤᠶ᠎ᠶ᠋ᠢᠨ ᠦᠢᠯᠡᠳᠪᠦᠷᠢᠯᠡᠯ 《ᠠᠷᠪᠠᠨ ᠵᠢᠷᠭᠤᠭᠠᠨ ᠵᠢᠯ ᠳᠠᠷᠠᠭᠠᠯᠠᠨ ᠲᠣᠭ᠍ᠲᠠᠭᠤᠨ ᠪᠠᠢᠬᠤ》 ᠎ᠶ᠋ᠢ ᠪᠡᠶᠡᠯᠡᠭᠦᠯᠵᠦ᠍᠂ ᠬᠤᠨᠢᠨ ᠮᠢᠬᠠᠨ᠎ᠤ ᠭᠠᠷᠤᠯᠲᠠ ᠪᠥᠬᠦ᠌ ᠤᠯᠤᠰ᠎ᠤᠨ ᠲᠡᠷᠢᠭᠦᠨ᠎ᠳᠤ ᠣᠷᠣᠵᠤ᠂ ᠦᠬᠡᠷ᠎ᠤᠨ ᠮᠢᠬᠠᠨ᠎ᠤ ᠭᠠᠷᠤᠯᠲᠠ ᠪᠥᠬᠦ᠌ ᠤᠯᠤᠰ᠎ᠤᠨ ᠬᠤᠶᠠᠳᠤᠭᠠᠷ᠎ᠲᠤ ᠣᠷᠣᠪᠠ; 800 ᠲᠦᠮᠡᠨ ᠮᠦ᠍᠎ᠶ᠋ᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠱᠢᠨ᠎ᠡ᠎ᠪᠠᠷ ᠪᠠᠢᠭᠤᠯᠵᠤ᠂ 1200 ᠭᠠᠷᠤᠢ ᠲᠦᠮᠡᠨ ᠮᠦ᠍ ᠬᠤᠵᠢᠷᠯᠢᠭ ᠭᠠᠵᠠᠷ᠎ᠢ ᠰᠠᠢᠵᠢᠷᠠᠭᠤᠯᠬᠤ ᠠᠵᠢᠯ᠎ᠢ ᠡᠮᠬᠢ ᠵᠢᠷᠤᠮ᠎ᠲᠠᠢ᠎ᠪᠠᠷ ᠠᠬᠢᠭᠤᠯᠪᠠ; 11 ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠤ ᠨᠠᠷᠠᠲᠤ ᠲᠡᠮᠳᠡᠭ 2019 ᠣᠨ᠎ᠤ ᠳᠤᠮᠳᠠᠳᠤ ᠤᠯᠤᠰ᠎ᠤᠨ ᠲᠠᠷᠢᠶᠠᠯᠠᠩ᠎ᠤᠨ ᠨᠠᠷᠠᠲᠤ ᠲᠡᠮᠳᠡᠭ᠎ᠤᠨ ᠭᠠᠷᠴᠠᠭ᠎ᠲᠤ ᠰᠣᠩᠭᠤᠭ᠍ᠳᠠᠵᠤ᠂ 3 ᠣᠷᠣᠨ ᠪᠦᠰᠡ᠎ᠶ᠋ᠢᠨ ᠨᠠᠷᠠᠲᠤ ᠲᠡᠮᠳᠡᠭ᠎ᠤᠨ ᠥᠷᠲᠡᠭ ᠵᠠᠭᠤᠨ ᠳ᠋ᠦᠩᠱᠢᠭᠤᠷ ᠲᠥᠭᠦᠷᠢᠭ᠎ᠢ ᠳᠠᠪᠠᠪᠠ᠃

ᠡᠨᠧᠷᠭᠢ᠎ᠪᠠ᠎ᠪᠠᠢᠯᠳᠤᠬᠤ ᠪᠣᠳᠣᠯᠭ᠎ᠠ ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠱᠢᠯᠢᠳᠡᠭ᠌ᠵᠢᠭᠦᠯᠦᠨ ᠲᠠᠰ ᠳᠡᠪᠱᠢᠭᠦᠯᠬᠦ᠌᠎ᠶ᠋ᠢ ᠠᠬᠢᠭᠤᠯᠤᠨ᠎ᠠ

ᠥᠪᠥᠷ ᠮᠣᠩᠭᠤᠯ᠎ᠤᠨ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠨᠥᠭᠡᠴᠡ ᠡᠯᠪᠡᠭ ᠪᠠᠢᠬᠤ ᠳᠠᠪᠠᠭᠤᠯᠢᠭ᠎ᠢ ᠬᠦᠢᠴᠡᠳ ᠪᠠᠳᠠᠷᠠᠭᠤᠯᠵᠤ᠂ ᠳᠡᠯᠡᠬᠡᠶ᠎ᠶ᠋ᠢᠨ ᠡᠨᠧᠷᠭᠢ ᠶ᠋ᠢᠨ ᠮᠡᠷᠭᠡᠵᠢᠯ᠎ᠤᠨ ᠬᠤᠪᠢᠰᠭᠠᠯ᠎ᠤᠨ ᠱᠢᠨ᠎ᠡ ᠬᠠᠨᠳᠤᠰᠢ᠎ᠶ᠋ᠢ ᠴᠢᠩᠭ᠎ᠠ ᠳᠠᠭᠠᠵᠤ᠂ ᠪᠣᠬᠢᠷᠲᠤᠯ ᠥᠬᠡᠶ᠂ ᠨᠥᠬᠦᠷᠰᠡᠭ᠂ ᠣᠶᠤᠨᠯᠢᠭ᠂ ᠱᠢᠨ᠎ᠡ᠎ᠶ᠋ᠢ ᠡᠭᠦᠳᠬᠦ᠌ ᠣᠲᠣ ᠦᠶ᠎ᠡ᠎ᠶ᠋ᠢᠨ ᠡᠨᠧᠷᠭᠢ᠎ᠶ᠋ᠢᠨ ᠠᠮᠢ ᠠᠬᠤᠶ᠎ᠶ᠋ᠢᠨ ᠬᠦᠷᠢᠶ᠎ᠡ᠎ᠶ᠋ᠢ ᠬᠦᠴᠦᠯᠡᠨ ᠪᠠᠢᠭᠤᠯᠵᠤ᠂ ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢᠨ ᠠᠵᠢᠯ᠎ᠢ ᠰᠠᠢᠲᠤᠷ ᠬᠢᠬᠦ᠌ ᠬᠡᠷᠡᠭ᠌ᠲᠡᠶ᠃ ᠡᠨᠧᠷᠭᠢ ᠬᠠᠩᠭᠠᠬᠤ ᠠᠷᠭ᠎ᠠ ᠮᠠᠶᠢᠭ᠎ᠤᠨ ᠱᠢᠨ᠎ᠡ᠎ᠶ᠋ᠢ ᠡᠭᠦᠳᠬᠦ᠌ ᠲᠠᠯ᠎ᠠ᠎ᠪᠠᠷ ᠬᠦᠴᠦ᠍ ᠣᠷᠣᠭᠤᠯᠵᠤ᠂ ᠡᠨᠧᠷᠭᠢ᠎ᠶ᠋ᠢᠨ ᠰᠤᠷᠪᠤᠯᠵᠢ᠎ᠶ᠋ᠢᠨ ᠠᠵᠤ ᠦᠢᠯᠡᠳᠪᠦᠷᠢ᠎ᠶ᠋ᠢ ᠥᠭᠡᠷᠡᠴᠢᠯᠡᠨ ᠲᠡᠰ ᠳᠡᠪᠱᠢᠭᠦᠯᠬᠦ᠌᠎ᠶ᠋ᠢ ᠲᠦᠷᠭᠡᠳᠭᠡᠵᠦ᠍᠂ ᠨᠡᠭᠦᠷᠡᠰᠦ ᠴᠠᠬᠢᠯᠭᠠᠨ ᠲᠤᠰᠤ ᠬᠡᠢ ᠰᠠᠯᠬᠢ ᠭᠡᠷᠡᠯ᠎ᠢ ᠵᠡᠷᠭᠡ᠎ᠪᠠᠷ ᠬᠥᠭ᠌ᠵᠢᠭᠦᠯᠬᠦ᠌᠎ᠶ᠋ᠢ ᠪᠠᠷᠢᠮᠲᠠᠯᠠᠵᠤ ᠂ ᠤᠯᠠᠨ ᠵᠦᠢᠯ᠎ᠤᠨ ᠡᠨᠧᠷᠭᠢ᠎ᠶ᠋ᠢᠨ ᠰᠤᠷᠪᠤᠯᠵᠢ᠎ᠶ᠋ᠢ ᠬᠠᠮᠵᠢᠯᠴᠠᠭᠤᠯᠤᠨ ᠬᠠᠷᠢᠯᠴᠠᠨ ᠨᠥᠬᠦᠪᠥᠷᠢᠯᠡᠬᠦ᠂ ᠶᠡᠷᠦᠩᠬᠡᠢᠯᠡᠨ ᠠᠱᠢᠭ᠍ᠯᠠᠬᠤ᠂ ᠡᠷᠴᠢᠮᠯᠢᠭ ᠪᠥᠭᠡᠳ ᠥᠨᠳᠥᠷ ᠪᠦᠲᠦᠮᠵᠢᠲᠡᠢ ᠡᠨᠧᠷᠭᠢ ᠬᠠᠩᠭᠠᠬᠤ ᠠᠷᠭ᠎ᠠ ᠮᠠᠶᠢᠭ᠎ᠢ ᠲᠦᠷᠭᠡᠪᠴᠢᠯᠡᠨ ᠪᠤᠢ ᠪᠣᠯᠭᠠᠵᠤ᠂ ᠡᠨᠧᠷᠭᠢ᠎ᠶ᠋ᠢᠨ ᠰᠤᠷᠪᠤᠯᠵᠢ ᠡᠬᠢ ᠪᠠᠶᠠᠯᠢᠭ᠎ᠢ ᠶᠡᠷᠦᠩᠬᠡᠢᠯᠡᠨ ᠠᠱᠢᠭ᠍ᠯᠠᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ᠃ ᠨᠡᠭᠦᠷᠡᠰᠦᠨ᠎ᠤ ᠡᠬᠢ ᠪᠠᠶᠠᠯᠢᠭ᠎ᠤᠨ ᠲᠠᠯ᠎ᠠ᠎ᠪᠠᠷ ᠠᠷᠭ᠎ᠠ ᠤᠬᠠᠭᠠᠨ ᠭᠠᠷᠭᠠᠵᠤ᠂ ᠨᠡᠭᠦᠷᠡᠰᠦ᠎ᠶ᠋ᠢ ᠨᠡᠭᠡᠭᠡᠨ ᠠᠱᠢᠭ᠍ᠯᠠᠬᠤ ᠡᠷᠴᠢᠮ᠎ᠢ ᠴᠢᠩᠭ᠎ᠠ ᠬᠢᠵᠠᠭᠠᠷᠯᠠᠵᠤ᠂ ᠨᠡᠭᠦᠷᠡᠰᠦ᠎ᠶ᠋ᠢ ᠴᠡᠪᠡᠷ ᠦᠢᠯᠡᠳᠪᠦᠷᠢᠯᠡᠬᠦ᠌ ᠪᠠ ᠣᠶᠤᠨᠴᠢ᠎ᠪᠠᠷ ᠥᠨᠳᠥᠷ ᠪᠦᠲᠦᠮᠵᠢᠲᠡᠶ ᠨᠡᠭᠡᠭᠡᠨ ᠮᠠᠯᠲᠠᠬᠤ᠎ᠶ᠋ᠢ ᠲᠦᠯᠬᠢᠨ ᠠᠬᠢᠭᠤᠯᠵᠤ᠂ ᠲᠤᠬᠠᠶ᠎ᠶ᠋ᠢᠨ ᠭᠠᠵᠠᠷ᠎ᠲᠤᠨᠢ ᠬᠤᠪᠢᠷᠠᠭᠤᠯᠬᠤ ᠨᠣᠷᠮ᠎ᠠ ᠪᠣᠯᠤᠨ ᠨᠠᠷᠢᠯᠢᠭ ᠭᠦᠨ ᠡᠳ᠋ᠱᠢᠬᠦᠯᠬᠦ᠌ ᠬᠡᠮᠵᠢᠶ᠎ᠡ᠎ᠶ᠋ᠢ ᠶᠡᠬᠡ ᠪᠡᠷ ᠳᠡᠭᠡᠭ᠌ᠰᠢᠯᠡᠭᠦᠯᠦᠨ᠂ ᠣᠳᠣ ᠦᠶ᠎ᠡ᠎ᠶ᠋ᠢᠨ ᠨᠡᠭᠦᠷᠡᠰᠦᠨ᠎ᠤ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠠᠵᠤ ᠦᠢᠯᠡᠰ᠎ᠤᠨ ᠳᠡᠰ ᠳᠡᠪᠱᠢᠵᠦ᠍ ᠵᠢᠱ᠌ᠢᠶ᠎ᠡ ᠦᠵᠡᠭᠦᠯᠬᠦ᠌᠎ᠶ᠋ᠢ ᠲᠦᠯᠬᠢᠨ ᠠᠬᠢᠭᠤᠯᠵᠤ᠂ ᠨᠡᠭᠦᠷᠡᠰᠦᠨ᠎ᠤ ᠶᠠᠰᠤ ᠴᠢᠨᠠᠷ᠎ᠢ ᠭᠦᠨᠵᠡᠭᠡᠶ ᠳᠡᠭᠡᠭ᠌ᠰᠢᠯᠡᠭᠦᠯᠬᠦ᠌᠎ᠶ᠋ᠢ ᠲᠦᠯᠬᠢᠨ ᠠᠬᠢᠭᠤᠯᠵᠤ᠂ ᠨᠡᠭᠦᠷᠡᠰᠦ᠎ᠪᠠᠷ ᠰᠠᠭᠤᠷᠢᠯᠠᠭ᠍ᠰᠠᠨ ᠪᠦᠬᠦ᠌ ᠠᠵᠤ ᠦᠢᠯᠡᠰ᠎ᠤᠨ ᠬᠡᠯᠬᠢᠶ᠎ᠡ᠎ᠶ᠋ᠢ ᠪᠣᠶ ᠪᠣᠯᠭᠠᠨ᠂ ᠣᠳᠣ ᠦᠶ᠎ᠡ᠎ᠶ᠋ᠢᠨ ᠨᠡᠭᠦᠷᠡᠰᠦᠨ᠎ᠤ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠵᠢᠱ᠌ᠢᠶ᠎ᠡ ᠦᠵᠡᠭᠦᠯᠬᠦ᠌ ᠰᠠᠭᠤᠷᠢᠨ ᠪᠣᠯᠤᠨ ᠨᠡᠭᠦᠷᠡᠰᠦ᠎ᠶ᠋ᠢ ᠠᠷᠢᠭᠤᠨ ᠴᠡᠪᠡᠷ ᠥᠨᠳᠥᠷ ᠦᠷ᠎ᠡ ᠠᠱᠢᠭ᠎ᠲᠠᠢ ᠠᠱᠢᠭ᠍ᠯᠠᠬᠤ ᠰᠠᠭᠤᠷᠢᠨ᠎ᠢ ᠲᠦᠷᠭᠡᠳᠭᠡᠨ ᠪᠠᠢᠭᠤᠯᠤᠨ᠎ᠠ᠃ ᠲᠠᠬᠢᠨ ᠡᠭᠦᠰᠴᠦ᠍ ᠪᠣᠯᠬᠤ ᠡᠨᠧᠷᠭᠢ᠎ᠶ᠋ᠢᠨ ᠰᠤᠷᠪᠤᠯᠵᠢ᠎ᠶ᠋ᠢᠨ ᠲᠠᠯ᠎ᠠ᠎ᠪᠠᠷ ᠠᠷᠭ᠎ᠠ ᠤᠬᠠᠭᠠᠨ ᠭᠠᠷᠭᠠᠵᠤ᠂ ᠰᠠᠯᠬᠢᠨ ᠬᠦᠴᠦᠨ᠎ᠤ ᠴᠠᠬᠢᠯᠭᠠᠨ ᠵᠡᠷᠭᠡ ᠲᠠᠬᠢᠨ ᠡᠭᠦᠰᠴᠦ᠍ ᠪᠣᠯᠬᠤ ᠡᠨᠧᠷᠭᠢ᠎ᠶ᠋ᠢᠨ ᠰᠤᠷᠪᠤᠯᠵᠢ᠎ᠶ᠋ᠢ ᠶᠡᠭᠡ᠎ᠪᠠᠷ ᠬᠥᠭ᠌ᠵᠢᠭᠦᠯᠦᠨ᠂ ᠶᠡᠭᠡ ᠬᠡᠪᠴᠢᠶᠡᠨ᠎ᠤ ᠡᠨᠧᠷᠭᠢ᠎ᠶ᠋ᠢᠨ ᠬᠠᠳᠠᠭᠠᠯᠠᠯᠲᠠ᠎ᠶ᠋ᠢᠨ ᠵᠢᠱ᠌ᠢᠶ᠎ᠡ ᠦᠵᠡᠭᠦᠯᠬᠦ᠌ ᠬᠡᠷᠡᠭ᠌ᠯᠡᠯᠲᠡ᠎ᠶ᠋ᠢ ᠲᠦᠯᠬᠢᠨ ᠠᠬᠢᠭᠤᠯᠵᠤ᠂ ᠰᠠᠯᠬᠢ ᠭᠡᠷᠡᠯ ᠤᠰᠤᠲᠥ᠋ᠷᠥᠭ᠌ᠴᠢ᠎ᠶ᠋ᠢᠨ ᠬᠠᠳᠠᠭᠠᠯᠠᠯᠲᠠ ᠶ᠋ᠢᠨ ᠠᠵᠤ ᠦᠢᠯᠡᠰ᠎ᠤᠨ ᠪᠥᠭᠡᠮᠨᠡᠷᠡᠯ᠎ᠢ ᠪᠤᠢ ᠪᠣᠯᠭᠠᠵᠤ᠂ ᠨᠡᠭᠦᠷᠡᠰᠦᠨ ᠳᠠᠪᠬᠤᠷᠭ᠎ᠠ᠎ᠶ᠋ᠢᠨ ᠬᠡᠢ᠂ ᠵᠠᠨᠠᠷ᠎ᠤᠨ ᠬᠡᠢ᠂ ᠭᠠᠵᠠᠷ᠎ᠤᠨ ᠢᠯᠴᠢ᠎ᠶ᠋ᠢᠨ ᠡᠨᠧᠷᠭᠢ᠂ ᠠᠮᠢᠳᠤ ᠪᠣᠳᠠᠰ᠎ᠤᠨ ᠮᠠᠰ᠎ᠤᠨ ᠡᠨᠧᠷᠭᠢ ᠵᠡᠷᠭᠡ᠎ᠶ᠋ᠢ ᠨᠡᠭᠡᠭᠡᠨ ᠠᠱᠢᠭ᠍ᠯᠠᠬᠤ᠎ᠶ᠋ᠢ ᠯᠠᠪᠳᠠᠭᠤᠨ᠎ᠢᠶᠠᠷ ᠲᠦᠯᠬᠢᠨ ᠠᠬᠢᠭᠤᠯᠵᠤ᠂ ᠨᠡᠭᠦᠷᠡᠰᠦᠲᠥ᠋ᠷᠥᠭ᠌ᠴᠢ᠎ᠶ᠋ᠢ ᠬᠤᠷᠢᠶᠠᠵᠤ ᠴᠤᠭ᠍ᠯᠠᠭᠤᠯᠬᠤ᠂ ᠪᠢᠲᠡᠭᠦᠮᠵᠢᠯᠡᠨ ᠬᠠᠳᠠᠭᠠᠯᠠᠬᠤ ᠬᠢᠭᠡᠳ ᠠᠱᠢᠭ᠍ᠯᠠᠬᠤ ᠬᠠᠮᠲᠤᠷᠠᠭ᠍ᠰᠠᠨ ᠵᠢᠱ᠌ᠢᠶ᠎ᠡ ᠦᠵᠡᠭᠦᠯᠬᠦ᠌ ᠬᠡᠷᠡᠭ᠌ᠯᠡᠯᠲᠡ᠎ᠶ᠋ᠢ ᠲᠦᠯᠬᠢᠨ ᠠᠬᠢᠭᠤᠯᠤᠨ᠎ᠠ᠃  ᠬᠤᠪᠣᠷ ᠱᠢᠷᠣᠶ᠎ᠶ᠋ᠢᠨ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ ᠲᠠᠯ᠎ᠠ᠎ᠪᠠᠷ ᠬᠦᠴᠦ᠍ ᠣᠷᠣᠭᠤᠯᠵᠤ᠂ ᠬᠤᠪᠣᠷ ᠱᠢᠷᠣᠶ᠎ᠶ᠋ᠢᠨ ᠡᠬᠢ ᠪᠠᠶᠠᠯᠢᠭ᠎ᠢ ᠬᠠᠮᠠᠭᠠᠯᠠᠯᠲᠠ᠎ᠶ᠋ᠢᠨ ᠴᠢᠨᠠᠷᠲᠠᠶ᠎ᠪᠠᠷ ᠨᠡᠭᠡᠭᠡᠨ ᠠᠱᠢᠭ᠍ᠯᠠᠬᠤ ᠶ᠋ᠢ ᠬᠡᠷᠡᠭ᠌ᠵᠢᠭᠦᠯᠵᠦ᠍᠂ ᠬᠤᠪᠣᠷ ᠱᠢᠷᠣᠶ᠎ᠶ᠋ᠢᠨ ᠡᠬᠢ ᠪᠠᠶᠠᠯᠢᠭ᠎ᠤᠨ ᠠᠱᠢᠭ᠍ᠯᠠᠯᠲᠠ᠎ᠶ᠋ᠢᠨ ᠦᠷ᠎ᠡ ᠪᠦᠲᠦᠮᠵᠢ᠎ᠶ᠋ᠢ ᠦᠨᠡᠨ ᠬᠦ᠌ ᠳᠡᠭᠡᠭ᠌ᠰᠢᠯᠡᠭᠦᠯᠦᠨ᠂ 《ᠬᠤᠪᠣᠷ ᠱᠢᠷᠣᠶ +》 ᠎ᠪᠠᠷ ᠭᠠᠷᠳᠠᠴᠠ ᠪᠣᠯᠭᠠᠨ ᠬᠠᠮᠵᠢᠯᠴᠠᠨ ᠱᠢᠨ᠎ᠡ᠎ᠶ᠋ᠢ ᠡᠭᠦᠳᠬᠦ᠌᠎ᠶ᠋ᠢ ᠥᠷᠨᠢᠭᠦᠯᠵᠦ᠍᠂ ᠬᠤᠪᠣᠷ ᠱᠢᠷᠣᠶ᠎ᠶ᠋ᠢᠨ ᠡᠬᠢ ᠪᠠᠶᠠᠯᠢᠭ᠎ᠢ ᠳᠡᠭᠡᠳᠦ ᠳᠡᠰᠵᠢᠭᠦᠯᠦᠨ ᠨᠡᠭᠡᠭᠡᠨ ᠠᠱᠢᠭ᠍ᠯᠠᠬᠤ᠎ᠶ᠋ᠢ ᠬᠡᠷᠡᠭ᠌ᠵᠢᠭᠦᠯᠵᠦ᠍᠂ ᠲᠡᠭᠦᠨ᠎ᠤ ᠦᠨ᠎ᠡ ᠥᠷᠲᠡᠭ᠎ᠤᠨ ᠬᠠᠮᠤᠭ᠎ᠤᠨ ᠶᠡᠭᠡ ᠪᠣᠯᠬᠤ᠎ᠶ᠋ᠢ ᠪᠡᠶᠡᠯᠡᠭᠦᠯᠦᠨ᠂ ᠬᠤᠪᠣᠷ᠎ᠱᠢᠷᠣᠶ᠎ᠵᠡᠷᠭᠡ ᠱᠢᠨ᠎ᠡ ᠮᠠᠲ᠋ᠧᠷᠢᠶᠠᠯ᠎ᠤᠨ ᠠᠵᠤ ᠦᠢᠯᠡᠰ᠎ᠤᠨ ᠰᠦᠷᠦᠭ᠌ᠵᠢᠯ᠎ᠢ ᠪᠣᠶ ᠪᠣᠯᠭᠠᠨ᠎ᠠ ᠃

ᠲᠠᠷᠢᠶᠠᠯᠠᠩ᠎ᠤᠨ ᠪᠦᠲᠦᠭᠡᠭᠳᠡᠭᠦᠨ ᠮᠠᠯ᠎ᠤᠨ ᠠᠰᠢᠭ ᠰᠢᠮ᠎ᠠ ᠵᠢᠨ ᠦᠢᠯᠡᠳᠪᠦᠷᠢᠯᠡᠯ᠎ᠤᠨ ᠰᠠᠭᠤᠷᠢᠨ᠎ᠤ ᠴᠢᠨᠠᠷ ᠰᠠᠢᠲᠠᠶ ᠥᠨᠳᠥᠷ ᠪᠦᠳᠦᠮᠵᠢ ᠲᠠᠢ ᠪᠡᠷ ᠬᠡᠯᠪᠡᠷᠢ᠎ᠪᠠᠨ ᠬᠤᠪᠢᠷᠠᠭᠤᠯᠬᠤ᠎ᠶ᠋ᠢ ᠠᠬᠢᠭᠤᠯᠤᠨ᠎ᠠ

ᠲᠠᠷᠢᠶᠠᠯᠠᠩ ᠮᠠᠯ ᠠᠵᠤ ᠠᠬᠤᠶ᠎ᠶ᠋ᠢᠨ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠶ ᠥᠭᠡᠷᠡᠴᠢᠯᠡᠯᠲᠡ᠎ᠶ᠋ᠢ ᠭᠦᠨᠵᠡᠭᠡᠶ ᠲᠦᠯᠬᠢᠨ ᠠᠬᠢᠭᠤᠯᠵᠤ᠂ ᠡᠯ᠎ᠡ ᠭᠠᠵᠠᠷ᠎ᠤᠨ ᠬᠥᠷᠥᠰᠥ᠍ ᠱᠢᠷᠣᠶ ᠵᠡᠷᠭᠡ ᠲᠠᠷᠢᠶᠠᠯᠠᠩ ᠮᠠᠯ ᠠᠵᠤ ᠠᠬᠤᠶ᠎ᠶ᠋ᠢᠨ ᠡᠬᠢ ᠪᠠᠶᠠᠯᠢᠭ᠎ᠤᠨ ᠤᠭ ᠰᠤᠷᠪᠤᠯᠵᠢ ᠪᠣᠯᠤᠨ ᠬᠠᠷᠢᠴᠠᠭᠤᠯᠤᠭ᠍ᠰᠠᠨ ᠳᠠᠪᠠᠭᠤᠯᠢᠭ᠎ᠲᠤ ᠰᠠᠭᠤᠷᠢᠯᠠᠨ᠂ ᠡᠬᠢ ᠪᠠᠶᠠᠯᠢᠭ ᠠᠷᠪᠢᠯᠠᠬᠤ ᠬᠡᠯᠪᠡᠷᠢ᠂ ᠣᠷᠴᠢᠨ ᠲᠣᠭᠤᠷᠢᠨ᠎ᠯᠤᠭ᠎ᠠ ᠨᠥᠬᠦᠷᠰᠡᠭ ᠬᠡᠯᠪᠡᠷᠢ᠂ ᠠᠮᠢ ᠠᠬᠤᠶ᠎ᠶ᠋ᠢᠨ ᠪᠤᠢᠵᠢᠭᠤᠯᠬᠤ ᠬᠡᠯᠪᠡᠷᠢ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢ ᠢᠳᠡᠪᠬᠢᠲᠡᠶ᠎ᠪᠠᠷ ᠬᠥᠭ᠌ᠵᠢᠭᠦᠯᠵᠦ᠍᠂ ᠲᠠᠷᠢᠶᠠᠯᠠᠩ ᠮᠠᠯ ᠠᠵᠤ ᠠᠬᠤᠶ᠎ᠶ᠋ᠢᠨ ᠦᠢᠯᠡᠳᠪᠦᠷᠢᠯᠡᠯ᠎ᠤᠨ ᠳᠠᠪᠠᠭᠤᠯᠢᠭ ᠭᠠᠷᠤᠯᠲᠠ᠎ᠶ᠋ᠢᠨ ᠣᠷᠣᠨ ᠲᠡᠢᠰᠢ ᠲᠥᠪᠯᠡᠷᠡᠭᠦᠯᠬᠦ᠌᠎ᠶ᠋ᠢ ᠲᠦᠯᠬᠢᠨ ᠠᠬᠢᠭᠤᠯᠵᠤ᠂ ᠴᠢᠨᠠᠷ ᠰᠠᠢᠲᠠᠶ ᠪᠣᠬᠢᠷᠲᠤᠯ ᠦᠭᠡᠶ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ᠎ᠶ᠋ᠢᠨ ᠬᠠᠩᠭᠠᠯᠭ᠎ᠠ᠎ᠶ᠋ᠢ ᠨᠡᠮᠡᠭ᠌ᠳᠡᠭᠦᠯᠦᠨ᠂ ᠲᠠᠷᠢᠶᠠᠯᠠᠩ ᠮᠠᠯ ᠠᠵᠤ ᠠᠬᠤᠶ ᠎ᠶ᠋ᠢᠨ ᠶᠠᠰᠤ ᠴᠢᠨᠠᠷ ᠦᠷ᠎ᠡ ᠠᠱᠢᠭ᠎ᠢ ᠲᠠᠰᠤᠷᠠᠯᠲᠠ ᠤᠢ᠍ᠭᠡᠢ ᠳᠡᠭᠡᠭ᠌ᠰᠢᠯᠡᠭᠦᠯᠦᠨ᠎ᠡ᠃ ᠪᠣᠬᠢᠷᠲᠤᠯ ᠦᠭᠡᠢ᠎ᠪᠠᠷ ᠲᠠᠷᠢᠶᠠᠯᠠᠩ ᠮᠠᠯ ᠠᠵᠤ ᠠᠬᠤᠶ᠎ᠶ᠋ᠢ ᠬᠥᠭ᠌ᠵᠢᠭᠦᠯᠬᠦ᠌᠎ᠶ᠋ᠢ ᠪᠠᠷᠢᠮᠲᠠᠯᠠᠬᠤ ᠬᠡᠷᠡᠭ᠌ᠲᠡᠶ᠃ ᠨᠢᠭᠡ᠎ᠳᠤ ᠠᠮᠢ ᠠᠬᠤᠶ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢ ᠢᠳᠡᠪᠬᠢᠲᠡᠶ᠎ᠪᠠᠷ ᠬᠥᠭ᠌ᠵᠢᠭᠦᠯᠦᠨ᠂ ᠴᠢᠨᠠᠷ ᠰᠠᠢᠲᠠᠶ ᠪᠣᠬᠢᠷᠲᠤᠯ ᠦᠭᠡᠶ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ᠎ᠶ᠋ᠢᠨ ᠬᠠᠩᠭᠠᠯᠭ᠎ᠠ᠎ᠶ᠋ᠢ ᠨᠡᠮᠡᠭ᠌ᠳᠡᠭᠦᠯᠵᠦ᠍᠂ ᠠᠶᠤᠯ ᠦᠭᠡᠶ᠂ ᠪᠣᠬᠢᠷᠲᠤᠯ ᠦᠭᠡᠶ᠂ ᠣᠷᠭᠠᠨᠢᠭ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ᠎ᠶ᠋ᠢᠨ ᠱᠢᠨ᠎ᠡ ᠨᠡᠷ᠎ᠡ᠎ᠶ᠋ᠢᠨ ᠬᠠᠭᠤᠳᠠᠰᠤ᠎ᠶ᠋ᠢ ᠡᠭᠦᠳᠤᠨ᠎ᠠ ᠃ ᠬᠤᠶᠠᠷ᠎ᠲᠤ ᠤᠯᠠᠮᠵᠢᠯᠠᠯᠲᠤ ᠲᠠᠷᠢᠶᠠᠯᠠᠩ ᠮᠠᠯ ᠠᠵᠤ ᠠᠬᠤᠶ᠎ᠶ᠋ᠢᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠱᠢᠬᠦ᠌᠎ᠶ᠋ᠢ ᠲᠦᠷᠭᠡᠳᠭᠡᠨ᠎ᠡ᠃ ᠭᠤᠷᠪᠠ᠎ᠳᠤ ᠲᠠᠷᠢᠶᠠᠨ ᠭᠠᠵᠠᠷ᠎ᠢ ᠬᠠᠮᠠᠭᠠᠯᠠᠬᠤ ᠬᠠᠮᠤᠭ᠎ᠤᠨ ᠴᠢᠩᠭ᠎ᠠ ᠲᠦᠷᠢᠮ᠎ᠢ ᠨᠠᠢᠳᠠᠪᠤᠷᠢᠵᠢᠭᠤᠯᠤᠨ᠎ᠠ᠃ ᠳᠥᠷᠪᠡ᠎ᠳᠤ ᠲᠠᠷᠢᠶᠠᠯᠠᠩ ᠮᠠᠯ ᠠᠵᠤ ᠠᠬᠤᠶ᠎ᠶ᠋ᠢᠨ ᠣᠳᠣᠬᠢᠴᠢᠯᠠᠭ᠍ᠰᠠᠨ ᠵᠢᠱ᠌ᠢᠶ᠎ᠡ ᠦᠵᠡᠭᠦᠯᠬᠦ᠌ ᠣᠷᠣᠨ᠎ᠢ ᠪᠥᠲᠥᠭᠡᠨ ᠪᠠᠢᠭᠤᠯᠤᠨ᠎ᠠ ᠃ ᠲᠠᠪᠤ᠎ᠳᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ᠎ᠤᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠤᠨ᠎ᠠ᠃  

ᠣᠳᠣᠬᠠᠨ᠎ᠳᠤ᠂ ᠥᠪᠥᠷ ᠮᠣᠩᠭᠤᠯ᠎ᠤᠨ ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠠᠵᠤ ᠦᠢᠯᠡᠰ᠎ᠤᠨ ᠬᠡᠪᠴᠢᠶ᠎ᠡ ᠪᠥᠬᠦ᠌ ᠤᠯᠤᠰ᠎ᠤᠨ ᠡᠮᠦᠨ᠎ᠡ ᠡᠩᠨᠡᠭᠡᠨ᠎ᠳᠤ ᠣᠷᠣᠵᠤ᠂ ᠤᠯᠤᠰ᠎ᠤᠨ ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠦᠢᠯᠡᠳᠪᠦᠷᠢᠯᠡᠯ᠎ᠤᠨ ᠴᠢᠬᠤᠯᠠ ᠵᠢᠱ᠌ᠢᠶ᠎ᠡ ᠦᠵᠡᠭᠦᠯᠬᠦ᠌ ᠰᠠᠭᠤᠷᠢᠨ ᠪᠤᠯᠤᠭ᠍ᠰᠠᠨ ᠪᠠᠢᠨ᠎ᠠ; ᠪᠣᠯᠣᠳ ᠲᠡᠮᠦᠷ᠂ ᠥᠩᠭᠡᠲᠦ ᠲᠡᠮᠦᠷᠯᠢᠭ ᠡᠳ᠋ᠱᠢᠭᠦᠯᠬᠦ᠌ ᠦᠢᠯᠡᠰ᠎ᠤᠨ ᠬᠡᠰᠡᠭ ᠮᠡᠷᠭᠡᠵᠢᠯ᠂ ᠭᠠᠷ ᠤᠷᠠᠯᠠᠯ᠂ ᠲᠣᠨᠤᠭ ᠲᠥᠬᠦᠭᠡᠷᠦᠮᠵᠢ᠎ᠨᠢ ᠤᠯᠤᠰ᠎ᠤᠨ ᠳᠣᠲᠣᠭᠠᠳᠤ᠎ᠶ᠋ᠢᠨ ᠲᠡᠷᠢᠭᠦᠨ᠎ᠤ ᠬᠢᠷᠢ ᠬᠡᠮᠵᠢᠶᠡᠨ᠎ᠳᠤ ᠬᠦᠷᠴᠤ᠌᠂ ᠤᠯᠤᠰ᠎ᠤᠨ ᠥᠩᠭᠡᠲᠦ ᠲᠡᠮᠦᠷᠯᠢᠭ ᠦᠢᠯᠡᠳᠪᠦᠷᠢᠯᠡᠵᠦ᠍ ᠡᠳ᠋ᠱᠢᠭᠦᠯᠬᠦ᠌ ᠴᠢᠬᠤᠯᠠ ᠰᠠᠭᠤᠷᠢᠨ᠎ᠪᠤᠯᠵᠠᠢ᠃ ᠬᠤᠢᠱᠢᠳᠠ ᠪᠢᠳᠡ ᠳᠡᠭᠡᠳᠦ ᠱᠢᠨ᠎ᠡ ᠮᠡᠷᠭᠡᠵᠢᠯ ᠪᠤᠯᠤᠨ ᠲᠡᠷᠢᠭᠦᠨ᠎ᠤ ᠬᠡᠷᠡᠭ᠌ᠯᠡᠭᠡᠨ᠎ᠤ ᠮᠡᠷᠭᠡᠵᠢᠯ᠎ᠢᠶᠠᠷ ᠤᠯᠠᠮᠵᠢᠯᠠᠯᠲᠤ ᠠᠵᠤ ᠦᠢᠯᠡᠰ ᠪᠠ ᠤᠯᠠᠮᠵᠢᠯᠠᠯᠲᠤ ᠠᠵᠤ ᠠᠬᠤᠢᠯᠠᠯ᠎ᠢ ᠥᠭᠡᠷᠡᠴᠢᠯᠡᠬᠦ᠌᠎ᠶ᠋ᠢ ᠲᠦᠷᠭᠡᠳᠭᠡᠵᠦ᠍᠂ ᠤᠯᠠᠮᠵᠢᠯᠠᠯᠲᠤ ᠠᠵᠤ ᠦᠢᠯᠡᠰ᠎ᠢ ᠳᠡᠭᠡᠳᠦ ᠲᠡᠰᠵᠢᠬᠦᠯᠬᠦ᠂ ᠤᠶᠤᠨᠴᠢᠯᠠᠬᠤ᠂ ᠪᠣᠬᠢᠷᠲᠤᠯ ᠦᠭᠡᠢ ᠪᠣᠯᠭᠠᠬᠤ᠎ᠶ᠋ᠢ ᠠᠬᠢᠭᠤᠯᠬᠤ ᠬᠡᠷᠡᠭ᠌ᠲᠡᠢ᠃ ᠦᠢᠯᠡᠴᠢᠯᠡᠭᠡᠨ᠎ᠤ ᠦᠢᠯᠡᠰ᠎ᠨᠢ ᠨᠢᠭᠡᠨᠲᠡ ᠨᠢᠭᠡ ᠤᠯᠤᠰ ᠪᠤᠶᠤ ᠭᠠᠵᠠᠷ ᠣᠷᠣᠨ᠎ᠤ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠳᠤᠮᠳᠠᠬᠢ ᠬᠠᠮᠤᠭ ᠡᠴᠡ ᠱᠢᠨ᠎ᠡ᠎ᠶ᠋ᠢ ᠡᠭᠦᠳᠴᠤ᠌ ᠪᠠᠢᠭ᠎ᠠ᠂ ᠠᠮᠢᠵᠢᠷᠠᠯ᠎ᠤᠨ ᠬᠦᠴᠦᠨ᠎ᠲᠠᠢ ᠠᠵᠤ ᠦᠢᠯᠡᠰ ᠪᠤᠯᠤᠭ᠍ᠰᠠᠨ ᠪᠠᠢᠵᠤ᠂ ᠲᠡᠭᠦᠨ᠎ᠤ ᠬᠥᠭ᠌ᠵᠢᠯᠲᠡ᠎ᠶ᠋ᠢᠨ ᠬᠢᠷᠢ ᠬᠡᠮᠵᠢᠶ᠎ᠡ ᠨᠢ ᠠᠵᠤ ᠠᠬᠤᠢ ᠨᠡᠢᠭᠡᠮ᠎ᠤᠨ ᠬᠥᠭ᠌ᠵᠢᠯᠲᠡ ᠵᠢᠨ ᠬᠢᠷᠢ ᠲᠦᠪᠱᠢᠨ᠎ᠢ ᠬᠡᠮᠵᠢᠬᠦ᠌ ᠴᠢᠬᠤᠯᠠ ᠪᠡᠯᠭᠡ ᠲᠡᠮᠳᠡᠭ ᠪᠤᠯᠪᠠ᠃ ᠣᠳᠣᠬᠠᠨ᠎ᠳᠤ᠂ ᠥᠪᠥᠷ ᠮᠣᠩᠭᠤᠯ᠎ᠤᠨ ᠦᠢᠯᠡᠴᠢᠯᠡᠭᠡᠨ᠎ᠤ ᠦᠢᠯᠡᠰ ᠨᠢᠭᠡᠨᠲᠡ ᠠᠵᠤ ᠠᠬᠤᠶ᠎ᠶ᠋ᠢᠨ ᠨᠡᠮᠡᠭ᠌ᠳᠡᠯ᠎ᠤᠨ ᠭᠤᠤᠯᠯᠠᠬᠤ ᠠᠵᠤ ᠦᠢᠯᠡᠰ ᠪᠣᠯᠵᠣ᠂ ᠨᠡᠮᠡᠭ᠌ᠳᠡᠯ ᠥᠷᠲᠡᠭ ᠨᠢ ᠪᠥᠬᠦ᠌ ᠣᠷᠣᠨ᠎ᠤ ᠭᠠᠵᠠᠷ ᠣᠷᠣᠨ᠎ᠤ ᠦᠢᠯᠡᠳᠪᠦᠷᠢᠯᠡᠯ᠎ᠤᠨ ᠶᠡᠷᠦᠩᠬᠡᠶ ᠥᠷᠲᠡᠭ᠎ᠤᠨ ᠬᠠᠭᠠᠰ᠎ᠢ ᠡᠵᠡᠯᠡᠭ᠌ᠰᠡᠨ ᠪᠠᠢᠨ᠎ᠠ᠃ ᠬᠤᠢᠱᠢᠳᠠ᠂ ᠪᠢᠳᠡ ᠦᠢᠯᠡᠴᠢᠯᠡᠭᠡᠨ᠎ᠤ ᠮᠡᠷᠭᠡᠵᠢᠯ ᠂ ᠤᠢ᠍ᠢᠯᠠᠭᠠᠭ᠍ᠳᠠᠬᠤᠨ᠂ ᠡᠵᠡᠩᠨᠡᠯᠲᠡ᠎ᠶ᠋ᠢᠨ ᠪᠠᠢᠳᠠᠯ ᠪᠤᠯᠤᠨ ᠵᠠᠭ᠍ᠪᠤᠷ᠎ᠤᠨ ᠱᠢᠨ᠎ᠡ᠎ᠶ᠋ᠢ ᠡᠭᠦᠳᠬᠦ᠌᠎ᠶ᠋ᠢ ᠲᠦᠯᠬᠢᠨ ᠠᠬᠢᠭᠤᠯᠵᠤ᠂  ᠱᠢᠨ᠎ᠡ ᠡᠵᠡᠩᠨᠡᠯᠲᠡ᠎ᠶ᠋ᠢᠨ ᠬᠡᠯᠪᠡᠷᠢ᠂ ᠱᠢᠨ᠎ᠡ ᠵᠠᠭ᠍ᠪᠤᠷ᠎ᠢ ᠪᠤᠢᠵᠢᠭᠤᠯᠤᠨ ᠬᠥᠭ᠌ᠵᠢᠭᠦᠯᠵᠦ᠍᠂ ᠲᠠᠪᠴᠠᠩ᠎ᠤᠨ ᠠᠵᠤ ᠠᠬᠤᠶ ᠂ ᠬᠤᠪᠢᠶᠠᠨ ᠡᠳ᠋ᠯᠡᠬᠦ᠌ ᠠᠵᠤ ᠠᠬᠤᠢ᠂ ᠪᠡᠶᠡᠴᠢᠯᠡᠨ ᠣᠢᠯᠠᠭᠠᠬᠤ ᠠᠵᠤ ᠠᠬᠤᠶ᠎ᠶ᠋ᠢ ᠵᠣᠷᠢᠭ᠍ᠵᠢᠭᠤᠯᠬᠤ ᠬᠡᠷᠡᠭ᠌ᠲᠡᠶ ᠃

 (ᠵᠤᠬᠢᠶᠠᠭ᠍ᠴᠢ ᠵᠢᠨ ᠨᠢᠬᠡᠴᠢ ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠷᠸ᠎ᠠ ᠠᠵᠤ ᠠᠬᠤᠶ᠎ᠶ᠋ᠢᠨ ᠰᠤᠳᠤᠯᠭᠠᠨ᠎ᠤ ᠲᠥᠪ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号