ᠥᠪᠥᠷ ᠮᠣᠩᠭᠤᠯ᠎ᠢ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠠᠬᠢᠯᠡᠯᠲᠡ ᠪᠣᠯᠭᠠᠨ ᠪᠥᠲᠥᠭᠡᠨ ᠪᠠᠢᠭᠤᠯᠬᠤ ᠪᠣᠯ ᠶᠡᠷᠦᠩᠬᠡᠶ ᠱᠦᠵᠢ ᠰᠢ᠎ᠶ᠋ᠢᠨ ᠫᠢᠩ᠎ᠤᠨ ᠤᠯᠤᠰ᠎ᠤᠨ ᠳᠣᠲᠣᠭᠠᠳᠤ ᠲᠡᠯᠡᠬᠡᠢ᠎ᠶ᠋ᠢᠨ ᠬᠤᠶᠠᠷ ᠶᠡᠭᠡ ᠲᠠᠯ᠎ᠠ᠎ᠶ᠋ᠢ ᠨᠢᠭᠡᠳᠦᠯᠲᠡᠶ ᠲᠥᠯᠥᠪᠵᠢᠭᠦᠯᠬᠦ᠌ ᠦᠨᠳᠦᠷᠴᠡ᠎ᠠᠴᠠ ᠥᠪᠥᠷ ᠮᠣᠩᠭᠤᠯ᠎ᠳᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠣᠳᠣᠯᠭ᠎ᠠ ᠶ᠋ᠢᠨ ᠪᠠᠢᠷᠢ ᠲᠣᠭ᠍ᠲᠠᠭᠠᠯᠲᠠ ᠮᠥᠨ᠂ ᠪᠠᠰᠠ ᠴᠤ᠌ ᠥᠪᠥᠷ ᠮᠣᠩᠭᠤᠯ᠎ᠤᠨ ᠨᠠᠩ ᠥᠨᠳᠥᠷ ᠲᠦᠪᠱᠢᠨ ᠪᠥᠬᠦᠶ ᠭᠠᠳᠠᠭᠠᠳᠤ ᠨᠡᠭᠡᠭᠡᠯᠲᠡ᠎ᠶ᠋ᠢ ᠠᠬᠢᠭᠤᠯᠬᠤ᠎ᠶ᠋ᠢᠨ ᠬᠠᠮᠲᠤ ᠥᠨᠳᠥᠷ ᠲᠦᠪᠱᠢᠨ ᠪᠥᠬᠦᠶ ᠨᠡᠭᠡᠭᠡᠯᠲᠡ᠎ᠪᠠᠷ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠶ᠋ᠢᠨ ᠪᠣᠳᠠᠲᠤ ᠬᠡᠷᠡᠭ᠌ᠴᠡᠭᠡ ᠮᠥᠨ᠃ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠤᠷᠤᠭ᠍ᠰᠠᠨ᠎ᠤ ᠳᠠᠷᠠᠭ᠎ᠠ᠂ ᠮᠠᠨ᠎ᠤ ᠤᠯᠤᠰ ᠬᠥᠭ᠌ᠵᠢᠯᠲᠡ᠎ᠶ᠋ᠢᠨ ᠵᠣᠭ᠍ᠰᠣᠴᠠ᠎ᠪᠠᠨ ᠲᠤᠰ ᠪᠡᠶ᠎ᠡ᠎ᠶ᠋ᠢᠨ᠎ᠢᠶᠠᠨ ᠰᠠᠭᠤᠷᠢᠨ ᠳᠡᠭᠡᠷ᠎ᠡ ᠲᠠᠯᠪᠢᠵᠤ᠂ ᠤᠯᠤᠰ᠎ᠤᠨ ᠳᠣᠲᠣᠭᠠᠳᠤ᠎ᠶ᠋ᠢᠨ ᠠᠵᠤ ᠠᠬᠤᠶ᠎ᠶ᠋ᠢᠨ ᠣᠷᠴᠢᠯ᠎ᠢ ᠢᠳᠡᠪᠬᠢᠲᠡᠶ ᠠᠬᠢᠭᠤᠯᠬᠤ᠎ᠶ᠋ᠢᠨ ᠬᠠᠮᠲᠤ ᠨᠡᠩ ᠶᠡᠭᠡ ᠬᠡᠪᠴᠢᠶ᠎ᠡ᠂ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ᠎ᠶ᠋ᠢᠨ ᠭᠠᠳᠠᠭᠠᠳᠤ ᠨᠡᠭᠡᠭᠡᠯᠲᠡ᠎ᠶ᠋ᠢ ᠬᠡᠷᠡᠭ᠌ᠵᠢᠭᠦᠯᠬᠦ᠌᠎ᠶ᠋ᠢ ᠪᠠᠷᠢᠮᠲᠠᠯᠠᠵᠤ᠂ ᠬᠠᠮᠲᠤᠷᠠᠨ ᠠᠵᠢᠯᠯᠠᠵᠤ ᠬᠠᠮᠲᠤ᠎ᠪᠠᠷ ᠠᠱᠢᠭ ᠬᠦᠷᠲᠡᠬᠦ᠌ ᠱᠢᠨ᠎ᠡ ᠪᠠᠢᠳᠠᠯ᠎ᠢ ᠲᠠᠰᠤᠷᠠᠯᠲᠠ ᠦᠭᠡᠢ ᠨᠡᠭᠡᠭᠡᠵᠦ᠍᠂ ᠤᠯᠤᠰ᠎ᠤᠨ ᠳᠣᠲᠣᠭᠠᠳᠤ ᠶ᠋ᠢᠨ ᠶᠡᠭᠡ ᠣᠷᠴᠢᠯ᠎ᠢᠶᠠᠷ ᠭᠤᠣᠯ ᠴᠣᠭ᠍ᠴᠠ ᠪᠣᠯᠭᠠᠭ᠍ᠰᠠᠨ᠂ ᠤᠯᠤᠰ᠎ᠤᠨ ᠳᠣᠲᠣᠭᠠᠳᠤ ᠭᠠᠳᠠᠭᠠᠳᠤ ᠶ᠋ᠢᠨ ᠬᠤᠣᠰ ᠣᠷᠴᠢᠯ ᠬᠠᠷᠢᠯᠴᠠᠨ ᠠᠬᠢᠭᠤᠯᠤᠭ᠍ᠰᠠᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠦᠷᠢᠯᠳᠦᠭᠦᠯᠬᠦ᠌᠎ᠶ᠋ᠢ ᠠᠬᠢᠭᠤᠯᠤᠨ᠎ᠠ᠃ ᠡᠨᠡ᠎ᠨᠢ ᠥᠪᠥᠷ ᠮᠣᠩᠭᠤᠯ᠎ᠤᠨ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠠᠬᠢᠯᠡᠯᠲᠡ᠎ᠶ᠋ᠢ ᠲᠦᠷᠭᠡᠳᠭᠡᠨ ᠪᠠᠢᠭᠤᠯᠬᠤ᠎ᠳᠤ ᠱᠢᠨ᠎ᠡ ᠠᠵᠠ ᠲᠣᠬᠢᠶᠠᠯ᠎ᠢ ᠡᠭᠦᠳᠴᠦ᠍ ᠥᠭ᠌ᠴᠡᠶ᠃ ᠥᠪᠥᠷ ᠮᠣᠩᠭᠤᠯ᠎ᠨᠢ ᠤᠯᠤᠰ᠎ᠤᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ ᠴᠢᠬᠤᠯᠠ ᠶᠡᠭᠡ ᠠᠵᠠ ᠲᠣᠬᠢᠶᠠᠯ᠎ᠢ ᠠᠮᠵᠢᠵᠤ᠂ ᠥᠨᠳᠥᠷ᠎ᠲᠤ ᠵᠣᠭ᠍ᠰᠣᠨ ᠠᠯᠤᠰ᠎ᠢ ᠪᠠᠷᠠᠯᠠᠵᠤ᠂ ᠭᠦᠨᠵᠡᠭᠡᠢ ᠲᠥᠯᠥᠪᠵᠢᠭᠦᠯᠦᠨ ᠪᠣᠳᠠᠲᠠᠢ ᠠᠳᠭᠤᠵᠤ᠂ ᠨᠡᠩ ᠥᠨᠳᠥᠷ ᠵᠣᠭ᠍ᠰᠣᠴᠠ᠂ ᠨᠡᠩ ᠥᠷᠭᠡᠨ ᠬᠠᠷᠠᠭᠠᠰᠤ᠂ ᠨᠡᠩ ᠶᠡᠭᠡ ᠡᠷᠴᠢᠮ᠎ᠢᠶᠠᠷ ᠨᠡᠩ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠳᠠ᠎ᠶ᠋ᠢ ᠲᠥᠯᠥᠪᠵᠢᠭᠦᠯᠦᠨ ᠠᠬᠢᠭᠤᠯᠬᠤ ᠬᠡᠷᠡᠭ᠌ᠲᠡᠢ᠃
ᠥᠪᠥᠷ ᠮᠣᠩᠭᠤᠯ 《ᠭᠤᠷᠪᠠᠨ ᠤᠮᠠᠷᠠᠲᠤ》᠎ᠶ᠋ᠢ ᠰᠤᠨᠳᠠᠯᠠᠵᠤ᠂ ᠭᠠᠳᠠᠭ᠍ᠰᠢ᠎ᠪᠠᠨ ᠣᠷᠣᠰ᠂ ᠮᠣᠩᠭᠤᠯ ᠤᠯᠤᠰ᠎ᠲᠠᠢ ᠵᠠᠯᠭᠠᠯᠳᠤᠵᠤ᠂ ᠳᠣᠲᠣᠭᠠᠳᠤ᠎ᠳᠠᠭᠠᠨ ᠨᠠᠢ᠍ᠮᠠᠨ ᠮᠤᠵᠢ ᠣᠷᠣᠨ᠎ᠲᠠᠢ ᠵᠠᠯᠭᠠᠯᠳᠤᠵᠤ᠂ ᠮᠠᠨ᠎ᠤ ᠤᠯᠤᠰ᠎ᠤᠨ 《ᠤᠮᠠᠷᠠᠰᠢ ᠮᠤᠷᠳᠠᠨ ᠡᠮᠦᠨᠡᠰᠢ ᠪᠠᠭᠤᠬᠤ᠂ ᠵᠡᠭᠦᠨᠰᠢ ᠤᠷᠤᠭ᠍ᠰᠢᠯᠠᠨ ᠪᠠᠷᠠᠭᠤᠨᠰᠢ ᠵᠤᠷᠴᠢᠬᠤ》 ᠴᠢᠬᠤᠯᠠ ᠬᠦᠢᠰᠤ ᠪᠣᠯᠵᠣ᠂ ᠬᠠᠭᠤᠷᠠᠶ ᠲᠡᠯᠡᠶ ᠬᠤᠯᠪᠣᠭᠠᠯᠠᠨ ᠲᠡᠭᠡᠭᠡᠪᠦᠷᠢᠯᠡᠬᠦ᠌ ᠳᠠᠪᠠᠭᠤᠯᠢᠭ ᠨᠥᠬᠦᠴᠡᠯ᠎ᠲᠠᠢ ᠪᠠᠢᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠪᠠᠬᠢᠯᠡᠯᠲᠡ᠂ ᠲᠣᠷᠭᠠᠨ ᠵᠠᠮ᠎ᠤᠨ ᠠᠵᠤ ᠠᠬᠤᠶ᠎ᠶ᠋ᠢᠨ ᠪᠦᠰᠡ᠎ᠶ᠋ᠢᠨ ᠪᠦᠷᠢᠯᠳᠦᠬᠦᠨ ᠬᠡᠰᠡᠭ᠂ 《ᠧᠦ᠋ᠷᠣᠫᠠ ᠠᠽᠢᠶ᠎ᠠ᠎ᠶ᠋ᠢᠨ ᠶᠡᠭᠡ ᠵᠠᠮ》᠎ᠤᠨ ᠵᠠᠩᠭᠢᠯᠠᠭ᠎ᠠ᠎ᠶ᠋ᠢᠨ ᠴᠡᠭ ᠪᠣᠯᠤᠭ᠍ᠰᠠᠨ᠎ᠤ ᠬᠤᠪᠢ᠎ᠳᠤ᠂ ᠤᠮᠠᠷᠠᠰᠢ ᠨᠡᠭᠡᠭᠡᠯᠲᠡ ᠬᠢᠬᠦ᠌ ᠴᠢᠬᠤᠯᠠ ᠴᠤᠩᠬᠤᠪᠴᠢ᠎ᠶ᠋ᠢᠨ ᠦᠢᠯᠡᠳᠤᠯ᠎ᠢ ᠪᠠᠳᠠᠷᠠᠭᠤᠯᠵᠤ ᠪᠠᠢᠨ᠎ᠠ᠃ ᠥᠪᠥᠷ ᠮᠣᠩᠭᠤᠯ ᠲᠣᠰ ᠪᠡᠶ᠎ᠡ᠎ᠶ᠋ᠢᠨ ᠳᠠᠪᠠᠭᠤᠯᠢᠭ᠎ᠢᠶᠠᠨ ᠬᠦᠢᠴᠡᠳ ᠪᠠᠳᠠᠷᠠᠭᠤᠯᠵᠤ᠂ 《ᠨᠢᠭᠡ ᠪᠠᠬᠢᠯᠡᠯᠲᠡ》 ᠶ᠋ᠢ ᠴᠣᠭ᠍ᠴᠠᠯᠠᠬᠤ᠎ᠶ᠋ᠢᠨ ᠲᠣᠭᠤᠷᠢᠨ᠎ᠳᠤ ᠪᠣᠭᠤᠮᠲᠠ᠎ᠶ᠋ᠢᠨ ᠡᠬᠢ ᠪᠠᠶᠠᠯᠢᠭ᠎ᠢ ᠨᠡᠢᠯᠡᠭᠦᠯᠵᠦ᠍ ᠳᠣᠭᠢᠷᠠᠭᠤᠯᠬᠤ᠎ᠶ᠋ᠢ ᠱᠢᠯᠢᠳᠡᠭ᠌ᠵᠢᠭᠦᠯᠵᠦ᠍᠂ ᠬᠠᠭᠤᠷᠠᠶ ᠲᠡᠯᠡᠶ ᠠᠭᠠᠷ᠎ᠤᠨ ᠲᠤᠤᠷ ᠰᠦᠯᠵᠢᠶ᠎ᠡ᠎ᠶ᠋ᠢᠨ ᠬᠤᠯᠪᠣᠭᠠᠯᠠᠨ ᠲᠡᠭᠡᠭᠡᠪᠦᠷᠢᠯᠡᠬᠦ᠌ ᠭᠤᠤᠯ ᠨᠡᠪᠲᠡᠷᠡᠬᠦ᠌ ᠵᠠᠮ᠎ᠢ ᠨᠡᠪᠲᠡᠷᠡᠭᠦᠯᠦᠨ᠂ ᠴᠢᠬᠤᠯᠠ ᠬᠦᠢᠰᠤ ᠪᠣᠯᠬᠤ ᠬᠤᠲᠠ᠂ ᠡᠳ᠋ ᠪᠠᠷᠠᠭ᠎ᠠ᠎ᠶ᠋ᠢ ᠲᠥᠪᠯᠡᠷᠡᠭᠦᠯᠦᠨ ᠲᠠᠷᠬᠠᠭᠠᠬᠤ ᠲᠥᠪ ᠪᠠ ᠡᠬᠢ ᠪᠠᠶᠠᠯᠢᠭ᠎ᠢ ᠤᠯᠠᠷᠢᠭᠤᠯᠬᠤ ᠬᠦᠷᠢᠶᠡᠯᠡᠩ ᠲᠣᠭᠤᠷᠢᠭ᠎ᠢ ᠪᠠᠢᠭᠤᠯᠵᠤ᠂ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠵᠦ᠍᠂ ᠪᠥᠬᠦ᠌ ᠣᠷᠣᠨ ᠪᠦᠰᠡ᠎ᠶ᠋ᠢᠨ ᠨᠡᠭᠡᠭᠡᠯᠲᠡ᠎ᠶ᠋ᠢᠨ ᠲᠠᠪᠴᠠᠩ᠎ᠢ ᠪᠠᠢᠭᠤᠯᠤᠨ᠎ᠠ᠃
ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠪᠠᠢᠯᠳᠤᠬᠤ ᠪᠣᠳᠣᠯᠭ᠎ᠠ᠎ᠶ᠋ᠢᠨ ᠰᠠᠭᠤᠷᠢ ᠴᠡᠭ᠎ᠢ ᠪᠠᠲᠤ ᠠᠳᠭᠤᠨ᠎ᠠ
ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠪᠣᠯ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠪᠠ ᠰᠠᠭᠤᠷᠢ ᠮᠥᠨ᠃ ᠤᠯᠤᠰ᠎ᠤᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠢᠳᠡᠪᠬᠢᠲᠡᠢ ᠰᠠᠨᠠᠭᠠᠴᠢᠯᠠᠭ᠎ᠠ᠎ᠠᠴᠠ᠎ᠪᠠᠨ ᠦᠢᠯᠡᠴᠢᠯᠡᠬᠦ᠌ ᠪᠠ ᠠᠭᠤᠰᠤᠯᠴᠠᠬᠤ᠎ᠳᠤ᠂ ᠡᠷᠬᠡᠪᠰᠢ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠪᠠᠢᠯᠳᠤᠬᠤ ᠪᠤᠳᠤᠯᠭ᠎ᠠ ᠶ᠋ᠢᠨ ᠰᠠᠭᠤᠷᠢ ᠴᠡᠭ᠎ᠢ ᠪᠠᠲᠤ ᠡᠵᠡᠮᠳᠡᠵᠦ᠍᠂ ᠬᠡᠷᠡᠭ᠌ᠯᠡᠭᠡ᠎ᠶ᠋ᠢ ᠡᠷᠡᠰ ᠭᠤᠢᠪᠢᠰᠢ ᠦᠭᠡᠢ᠎ᠪᠠᠷ ᠥᠷᠭᠡᠳᠭᠡᠵᠦ᠍᠂ ᠪᠡᠯᠡ ᠣᠷᠣᠭᠤᠯᠤᠯᠲᠠ᠎ᠶ᠋ᠢ ᠴᠢᠩᠭᠠᠳᠭᠠᠵᠤ᠂ ᠬᠠᠩᠭᠠᠯᠭ᠎ᠠ᠎ᠶ᠋ᠢ ᠱᠢᠯᠢᠳᠡᠭ᠌ᠵᠢᠭᠦᠯᠬᠦ᠌ ᠬᠡᠷᠡᠭ᠌ᠲᠡᠢ᠃ ᠪᠡᠯᠡ ᠣᠷᠣᠭᠤᠯᠤᠯᠲᠠ᠎ᠶ᠋ᠢᠨ ᠲᠠᠯ᠎ᠠ᠎ᠪᠠᠷ᠂ ᠤᠯᠤᠰ᠎ᠠᠴᠠ 《ᠬᠤᠶᠠᠷ ᠱᠢᠨ᠎ᠡ ᠨᠢᠭᠡ ᠬᠦᠨᠳᠦ》 ᠵᠡᠷᠭᠡ ᠭᠤᠣᠯᠳᠠᠯᠭ᠎ᠠ᠎ᠲᠠᠢ ᠬᠦᠷᠢᠶᠡᠨ᠎ᠳᠤ ᠪᠦᠲᠦᠮᠵᠢᠲᠡᠢ ᠪᠡᠯᠡ ᠣᠷᠣᠭᠤᠯᠤᠯᠲᠠ᠎ᠶ᠋ᠢ ᠥᠷᠭᠡᠳᠭᠡᠬᠦ᠌ ᠠᠵᠠ ᠲᠣᠬᠢᠶᠠᠯ᠎ᠢ ᠠᠮᠵᠢᠵᠤ᠂ ᠪᠦᠬᠦ᠌ ᠨᠡᠢᠭᠡᠮ᠎ᠤᠨ ᠲᠣᠭ᠍ᠲᠠᠮᠠᠯ ᠬᠦᠷᠦᠩᠭᠡ᠎ᠶ᠋ᠢᠨ ᠪᠡᠯᠡ ᠣᠷᠣᠭᠤᠯᠤᠯᠲᠠ᠎ᠶ᠋ᠢᠨ ᠲᠣᠭ᠍ᠲᠠᠭᠤᠨ᠎ᠢᠶᠠᠷ ᠨᠡᠮᠡᠭ᠌ᠳᠡᠬᠦ᠌᠎ᠶ᠋ᠢ ᠳᠡᠮᠵᠢᠬᠦ᠌ ᠨᠢᠭᠡ ᠪᠦᠯᠦᠭ ᠴᠢᠬᠤᠯᠠ ᠶᠡᠭᠡ ᠵᠦᠢᠯᠡᠰ᠎ᠢ ᠢᠳᠡᠪᠬᠢᠲᠡᠢ ᠲᠥᠯᠥᠪᠯᠡᠨ ᠬᠡᠷᠡᠭ᠌ᠵᠢᠭᠦᠯᠤᠨ᠎ᠠ᠃ ᠤᠯᠤᠰ᠎ᠠᠴᠠ ᠤᠯᠠᠮᠵᠢᠯᠠᠯᠲᠤ ᠰᠠᠭᠤᠷᠢ ᠪᠡᠯᠡᠳᠭᠡᠮᠵᠢ᠎ᠶ᠋ᠢ ᠳᠡᠭᠡᠭ᠌ᠰᠢᠯᠡᠭᠦᠯᠬᠦ᠌᠎ᠶ᠋ᠢᠨ ᠬᠠᠮᠲᠤ 《ᠱᠢᠨ᠎ᠡ ᠦᠨᠳᠦᠰᠦᠨ ᠪᠦᠲᠦᠭᠡᠨ ᠪᠠᠢᠭᠤᠯᠤᠯᠲᠠ》 ᠶ᠋ᠢ ᠡᠬᠢᠯᠡᠭᠦᠯᠬᠦ᠌ ᠠᠵᠠ ᠲᠣᠬᠢᠶᠠᠯ᠎ᠢ ᠡᠵᠡᠮᠳᠡᠨ᠂ ᠵᠠᠮ ᠬᠠᠷᠢᠯᠴᠠᠭ᠎ᠠ᠂ ᠴᠠᠬᠢᠯᠭᠠᠨ ᠲᠣᠣᠷ᠂ ᠤᠰᠤᠨ ᠠᠱᠢᠭ᠍ᠯᠠᠯᠲᠠ᠂ ᠬᠤᠭᠤᠯᠠᠢ ᠬᠤᠩᠭᠢᠯ᠂ ᠮᠡᠳᠡᠭᠡ ᠵᠠᠩᠭᠢ᠎ᠶ᠋ᠢᠨ ᠰᠦᠯᠵᠢᠶ᠎ᠡ᠂ 5G ᠰᠠᠭᠤᠷᠢ ᠥᠷᠲᠡᠭᠡ᠂ ᠴᠠᠬᠢᠯᠭᠠᠨ ᠴᠡᠨᠡᠭ᠌ᠯᠡᠬᠦ᠌ ᠪᠠᠭᠠᠨ᠎ᠠ᠂ ᠤᠰᠤᠲᠥ᠋ᠷᠥᠭ᠌ᠴᠢ ᠨᠡᠮᠡᠬᠦ᠌ ᠥᠷᠲᠡᠭᠡ᠂ ᠲᠤᠭ᠎ᠠ ᠪᠠᠷᠢᠮᠲᠠ᠎ᠶ᠋ᠢᠨ ᠲᠥᠪ ᠵᠡᠷᠭᠡ ᠨᠢᠭᠡ ᠪᠦᠯᠦᠭ ᠱᠢᠨ᠎ᠡ ᠬᠠᠭᠤᠴᠢᠨ ᠰᠠᠭᠤᠷᠢ ᠲᠤᠨᠤᠭᠲᠦᠬᠦᠭᠡᠷᠤᠮᠵᠢᠶ᠋ᠢᠨᠲᠥᠷᠥᠯᠵᠦᠢᠯᠢ ᠬᠡᠷᠡᠭ᠌ᠵᠢᠭᠦᠯᠦᠨ᠎ᠡ᠃ ᠤᠯᠤᠰᠠᠴᠠᠠᠮᠢ ᠠᠬᠤᠢ᠎ᠶ᠋ᠢᠨ ᠬᠠᠮᠠᠭᠠᠯᠠᠯᠲᠠ ᠪᠠ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠵᠤ ᠪᠠᠢᠭ᠎ᠠ ᠠᠵᠠ ᠲᠣᠬᠢᠶᠠᠯ᠎ᠢ ᠡᠵᠡᠮᠳᠡᠨ᠂ ᠨᠢᠭᠡ ᠪᠦᠯᠦᠭ ᠠᠮᠢ ᠠᠬᠤᠢ᠎ᠶ᠋ᠢᠨ ᠬᠤᠩᠭᠢᠯ ᠵᠠᠮ᠂ ᠠᠮᠢ ᠠᠬᠤᠢ᠎ᠶ᠋ᠢ ᠵᠠᠰᠠᠨ ᠰᠡᠷᠭᠦᠭᠡᠬᠦ᠂ ᠣᠢ ᠱᠢᠭᠤᠢ ᠨᠤᠲᠤᠭ ᠪᠡᠯᠴᠢᠭᠡᠷ ᠨᠤᠭᠤ ᠭᠠᠵᠠᠷ᠎ᠢ ᠬᠠᠮᠠᠭᠠᠯᠠᠬᠤ᠂ ᠬᠤᠲᠠ ᠬᠥᠳᠡᠭᠡᠶ᠋ᠢᠨᠣᠭᠤᠭᠠᠷᠠᠭᠤᠯᠬᠤ᠂ ᠡᠨᠧᠷᠭᠢ ᠠᠷᠪᠢᠯᠠᠵᠤ ᠪᠣᠬᠢᠷᠲᠤᠯ ᠭᠠᠳᠠᠭ᠍ᠰᠢᠯᠠᠭᠤᠯᠬᠤ ᠬᠡᠮᠵᠢᠶ᠎ᠡ᠎ᠶ᠋ᠢ ᠪᠠᠭᠠᠰᠭᠠᠬᠤ᠂ ᠡᠬᠢ ᠪᠠᠶᠠᠯᠢᠭ᠎ᠢ ᠶᠡᠷᠦᠩᠬᠡᠢᠯᠡᠨ ᠠᠱᠢᠭ᠍ᠯᠠᠬᠤ ᠵᠡᠷᠭᠡ ᠭᠤᠣᠯᠳᠠᠯᠭ᠎ᠠ ᠲᠠᠢ ᠲᠥᠷᠥᠯ ᠵᠦᠢᠯ᠎ᠢ ᠬᠡᠷᠡᠭ᠌ᠵᠢᠭᠦᠯᠦᠨ᠎ᠡ᠃ ᠲᠣᠭᠠᠴᠢᠯᠠᠭ᠍ᠰᠠᠨ ᠠᠵᠤ ᠠᠬᠤᠶ᠎ᠶ᠋ᠢᠨ ᠬᠥᠭ᠌ᠵᠢᠯᠲᠡ ᠶ᠋ᠢᠨ ᠠᠵᠠ ᠲᠣᠬᠢᠶᠠᠯ᠎ᠢ ᠠᠮᠵᠢᠵᠤ᠂ ᠡᠯᠧᠺᠲᠷᠣᠨ ᠬᠤᠳᠠᠯᠳᠤᠭᠠᠨ᠎ᠤ ᠶᠠᠪᠤᠳᠠᠯ᠂ ᠬᠠᠮᠲᠤ᠎ᠪᠠᠷ ᠡᠳ᠋ᠯᠡᠬᠦ᠌ ᠠᠵᠤ ᠠᠬᠤᠶ᠂ ᠵᠣᠬᠢᠶᠠᠮᠠᠯ ᠣᠶᠤᠨ ᠴᠢᠳᠠᠪᠤᠷᠢ ᠵᠡᠷᠭᠡ ᠨᠢᠭᠡ ᠪᠦᠯᠦᠭ ᠱᠢᠨ᠎ᠡ ᠡᠵᠡᠩᠨᠡᠯᠲᠡ᠎ᠶ᠋ᠢᠨ ᠬᠡᠯᠪᠡᠷᠢ ᠱᠢᠨ᠎ᠡ ᠵᠠᠭ᠍ᠪᠤᠷ᠎ᠢ ᠪᠤᠢᠵᠢᠭᠤᠯᠬᠤ ᠲᠥᠷᠥᠯ ᠵᠦᠢᠯ᠎ᠢ ᠬᠡᠷᠡᠭ᠌ᠵᠢᠭᠦᠯᠦᠨ᠎ᠡ᠃
ᠥᠨᠳᠥᠷ ᠬᠢᠷᠢ ᠲᠦᠪᠱᠢᠨ ᠪᠥᠬᠦᠶ ᠭᠠᠳᠠᠭᠠᠳᠤ ᠨᠡᠭᠡᠭᠡᠯᠲᠡ᠎ᠶ᠋ᠢ ᠠᠬᠢᠭᠤᠯᠤᠨ᠎ᠠ
ᠤᠯᠠᠨ ᠤᠯᠤᠰ᠎ᠤᠨ ᠬᠠᠮᠲᠤᠷᠠᠯᠴᠠᠭ᠎ᠠ ᠪᠣᠯ ᠴᠠᠭ᠎ᠤᠨ ᠪᠠᠢᠳᠠᠯ᠎ᠤᠨ ᠬᠠᠨᠳᠤᠰᠢ ᠮᠥᠨ᠂ ᠮᠠᠨ᠎ᠤ ᠤᠯᠤᠰ᠎ᠤᠨ ᠭᠠᠳᠠᠭᠠᠳᠤ ᠨᠡᠬᠡᠬᠡᠯᠳᠡ᠎ᠶ᠋ᠢᠨ ᠡᠭᠦᠳᠡ ᠶᠠᠪᠤᠬᠤ ᠳᠤᠳᠤᠮ ᠲᠤᠮᠤᠷᠠᠬᠤ ᠪᠤᠯᠤᠨ᠎ᠡ᠃ ᠥᠪᠥᠷ ᠮᠣᠩᠭᠤᠯ ᠬᠢᠯᠢ ᠳᠠᠭᠠᠤ ᠣᠷᠣᠨ ᠪᠠᠢᠷᠢ᠎ᠶ᠋ᠢᠨ ᠳᠠᠪᠠᠭᠤᠯᠢᠭ᠎ᠢᠶᠠᠨ ᠠᠵᠤ ᠠᠬᠤᠶ᠎ᠶ᠋ᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠭᠠᠳᠠᠭᠠᠳᠤ ᠨᠡᠭᠡᠭᠡᠯᠲᠡ᠎ᠶ᠋ᠢᠨ ᠠᠵᠢᠯ᠎ᠢᠶᠠᠨ ᠰᠠᠢᠲᠤᠷ ᠬᠢᠬᠦ᠌ ᠬᠡᠷᠡᠭ᠌ᠲᠡᠶ᠃ ᠣᠢᠷ᠎ᠠ᠎ᠶ᠋ᠢᠨ ᠵᠢᠯ᠎ᠤᠨ ᠲᠤᠷᠰᠢ᠂ ᠥᠪᠥᠷ ᠮᠣᠩᠭᠤᠯ᠎ᠤᠨ ᠨᠡᠭᠡᠭᠡᠯᠲᠡ ᠬᠢᠬᠦ᠌ ᠠᠯᠬᠤᠴᠠ ᠲᠠᠰᠤᠷᠠᠯᠲᠠ ᠥᠬᠡᠶ ᠲᠦᠷᠭᠡᠳᠴᠦ᠍᠂ 《ᠠᠷᠪᠠᠨ ᠭᠤᠷᠪᠠᠳᠤᠭᠠᠷ ᠲᠠᠪᠤᠨ ᠵᠢᠯ》᠎ᠤᠨ ᠲᠦᠯᠦᠪᠵᠢᠬᠦᠯᠬᠡ᠎ᠶ᠋ᠢᠨ ᠬᠤᠭᠤᠴᠠᠭᠠᠨ᠎ᠳᠤ᠂ ᠪᠥᠬᠦ᠌ ᠣᠷᠣᠨ᠎ᠤ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠶᠡᠷᠦᠩᠬᠡᠶ ᠲᠤᠭ᠎ᠠ ᠵᠢᠯ ᠳᠤᠮᠳᠠᠴᠢ᠎ᠪᠠᠷ 8.5% ᠪᠠᠷ ᠨᠡᠮᠡᠭ᠌ᠳᠡᠵᠦ᠍᠂ ᠦᠢᠯᠡᠴᠢᠯᠡᠭᠡ᠎ᠪᠠᠷ ᠬᠢᠯᠢ᠎ᠪᠠᠷ ᠥᠩᠭᠡᠷᠡᠬᠦ᠌ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ ᠪᠥᠬᠦ᠌ ᠤᠯᠤᠰ᠎ᠤᠨ 50% ᠱᠢᠬᠠᠮ᠎ᠢ ᠡᠵᠡᠯᠡᠪᠡ᠃ ᠮᠠᠨᠵᠤᠤᠷ ᠪᠣᠯᠤᠨ ᠡᠷᠢᠶᠡᠨ ᠬᠤᠲᠠ ᠶ᠋ᠢᠨ ᠤᠯᠤᠰ᠎ᠠᠴᠠ ᠭᠤᠣᠯᠳᠠᠯᠭ᠎ᠠ ᠲᠠᠢ ᠨᠡᠭᠡᠭᠡᠨ ᠬᠥᠭ᠌ᠵᠢᠭᠦᠯᠵᠦ᠍ ᠨᠡᠭᠡᠭᠡᠯᠲᠡ ᠬᠢᠬᠦ᠌ ᠲᠤᠷᠱᠢᠯᠲᠠ ᠶ᠋ᠢᠨ ᠣᠷᠣᠨ᠂ ᠬᠥᠯᠥᠨ ᠪᠤᠢᠷ᠎ᠤᠨ ᠳᠤᠮᠳᠠᠳᠤ ᠣᠷᠣᠰ ᠮᠣᠩᠭᠤᠯ᠎ᠤᠨ ᠬᠠᠮᠲᠤᠷᠠᠯᠴᠠᠭ᠎ᠠ᠎ᠶ᠋ᠢᠨ ᠬᠤᠱᠢᠭᠤᠴᠢ ᠣᠷᠣᠨ ᠵᠡᠷᠭᠡ ᠲᠠᠪᠴᠠᠩ᠎ᠤᠨ ᠪᠦᠲᠦᠭᠡᠨ ᠪᠠᠢᠭᠤᠯᠤᠯᠲᠠ᠎ᠶ᠋ᠢ ᠯᠠᠪᠳᠠᠭᠤᠨ᠎ᠢᠶᠠᠷ ᠠᠬᠢᠭᠤᠯᠵᠤ᠂ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠠᠬᠢᠯᠡᠯᠲᠡ᠎ᠶ᠋ᠢᠨ ᠦᠢᠯᠡᠳᠦᠯ ᠡᠳᠦᠷ ᠢᠷᠡᠬᠦᠶ᠎ᠡ ᠨᠡᠮᠡᠭ᠌ᠳᠡᠪᠡ᠃ ᠬᠤᠢᠱᠢᠳᠠ᠂ ᠥᠪᠥᠷ ᠮᠣᠩᠭᠤᠯ 《ᠳᠣᠲᠣᠭᠠᠳᠤ ᠣᠷᠴᠢᠯ》᠎ᠳᠤ ᠢᠳᠡᠪᠬᠢᠲᠡᠶ ᠣᠷᠣᠯᠴᠠᠵᠤ᠂ ᠠᠱᠢᠭ᠍ᠲᠠᠶ ᠠᠵᠤ ᠦᠢᠯᠡᠰ᠎ᠤᠨ ᠠᠵᠢᠯ᠎ᠤᠨ ᠬᠤᠪᠢᠶᠠᠷᠢᠯᠠᠯ᠎ᠢ ᠤᠯᠬᠤ᠎ᠪᠠᠷ ᠴᠢᠷᠮᠠᠢᠬᠤ ᠮᠥᠷᠲᠡᠭᠡᠨ ᠪᠠᠰᠠ 《ᠭᠠᠳᠠᠭᠠᠳᠤ ᠣᠷᠴᠢᠯ》 ᠳᠤ ᠤᠯᠠᠮ ᠨᠢᠭᠡ ᠠᠯᠬᠤᠮ ᠣᠷᠣᠯᠴᠠᠵᠤ᠂ ᠡᠬᠢ ᠪᠠᠶᠠᠯᠢᠭ ᠪᠠ ᠵᠠᠬ᠎ᠠ ᠳᠡᠯᠭᠡᠭᠦᠷ᠎ᠢ ᠨᠡᠢᠳᠭᠡᠬᠦ᠌ ᠬᠡᠪᠴᠢᠶ᠎ᠡ᠎ᠪᠠᠨ ᠥᠷᠭᠡᠳᠭᠡᠬᠦ᠌ ᠬᠡᠷᠡᠭ᠌ᠲᠡᠶ᠃
ᠬᠤᠳᠠᠯᠳᠤᠭ᠎ᠠ ᠡᠷᠬᠢᠯᠡᠭᠦ ᠣᠷᠴᠢᠨ ᠨᠥᠬᠦᠴᠡᠯ᠎ᠢ ᠦᠷᠭᠦᠯᠵᠢᠯᠡᠨ ᠱᠢᠯᠢᠳᠡᠭ᠌ᠵᠢᠭᠦᠯᠦᠨ᠎ᠡ
ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ ᠪᠣᠯ ᠣᠷᠣᠨ ᠨᠤᠲᠤᠭ᠎ᠤᠨ ᠤᠯᠤᠰ ᠲᠦᠷᠦ᠍᠎ᠶ᠋ᠢᠨ ᠠᠮᠢ ᠠᠬᠤᠢ᠂ ᠬᠥᠭ᠌ᠵᠢᠯᠲᠡ᠎ᠶ᠋ᠢᠨ ᠠᠮᠢ ᠠᠬᠤᠢ᠂ ᠨᠡᠢᠭᠡᠮ᠎ᠤᠨ ᠠᠮᠢ ᠠᠬᠤᠢ᠎ᠶ᠋ᠢᠨ ᠶᠡᠷᠦᠩᠬᠡᠢᠯᠡᠭ᠌ᠰᠡᠨ ᠲᠤᠰᠭᠠᠯ ᠮᠥᠨ᠂ ᠣᠳᠣᠬᠢᠴᠢᠯᠠᠭ᠍ᠰᠠᠨ ᠠᠵᠤ ᠠᠬᠤᠢ᠎ᠶ᠋ᠢᠨ ᠱᠢᠰᠲ᠋ᠧᠮ᠎ᠢ ᠪᠠᠢᠭᠤᠯᠬᠤ᠂ ᠴᠢᠨᠠᠷ ᠰᠠᠢᠲᠠᠢ ᠬᠥᠭ᠌ᠵᠢᠯᠲᠡ᠎ᠶ᠋ᠢ ᠪᠡᠶᠡᠯᠡᠭᠦᠯᠬᠦ᠌᠎ᠶ᠋ᠢᠨ ᠴᠢᠬᠤᠯᠠ ᠰᠠᠭᠤᠷᠢ ᠮᠥᠨ᠃ ᠥᠨᠳᠥᠷ ᠲᠦᠪᠱᠢᠨ ᠪᠦᠬᠦᠢ ᠨᠡᠭᠡᠭᠡᠯᠲᠡ᠎ᠪᠠᠷ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠡᠷᠬᠡᠪᠰᠢ ᠬᠤᠳᠠᠯᠳᠤᠭ᠎ᠠ ᠡᠷᠬᠢᠯᠡᠬᠦ᠌ ᠰᠠᠢᠨ ᠰᠠᠢᠬᠠᠨ ᠣᠷᠴᠢᠨ ᠨᠥᠬᠦᠴᠡᠯ᠎ᠢ ᠪᠦᠷᠢᠯᠳᠦᠭᠦᠯᠬᠦ᠌ ᠬᠡᠷᠡᠭ᠌ᠲᠡᠢ᠃ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ᠎ᠤᠨ ᠱᠢᠰᠲ᠋ᠧᠮ᠎ᠢ ᠪᠠᠢᠭᠤᠯᠵᠤ᠂ ᠭᠠᠵᠠᠷ ᠱᠢᠷᠣᠶ᠂ ᠬᠥᠳᠡᠯᠮᠦᠷᠢ ᠬᠦᠴᠦ᠍᠂ ᠬᠥᠷᠥᠩᠭᠡ᠂ ᠮᠡᠷᠭᠡᠵᠢᠯ᠂ ᠲᠤᠭ᠎ᠠ ᠪᠠᠷᠢᠮᠲᠠ ᠵᠡᠷᠭᠡ ᠴᠢᠬᠤᠯᠠ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ᠎ᠶ᠋ᠢ ᠠᠬᠢᠭᠤᠯᠵᠤ᠂ ᠴᠢᠬᠤᠯᠠ ᠡᠯᠧᠮᠧᠨ᠋ᠲ᠎ᠤᠨ ᠦᠨ᠎ᠡ ᠬᠠᠩᠰᠢ᠎ᠶ᠋ᠢ ᠵᠠᠬ᠎ᠠ ᠳᠡᠯᠭᠡᠭᠦᠷ᠎ᠢᠶᠠᠷ ᠲᠣᠭ᠍ᠲᠠᠭᠠᠯᠭᠠᠬᠤ᠂ ᠡᠵᠡᠨ ᠮᠡᠳᠡᠵᠦ᠍ ᠡᠮᠬᠢ ᠳᠢᠭ᠌ᠯᠢᠮ ᠲᠠᠢ ᠱᠢᠯᠵᠢᠭᠦᠯᠬᠦ᠂ ᠥᠨᠳᠥᠷ ᠪᠦᠲᠦᠮᠵᠢᠲᠡᠶ ᠡᠷᠬᠡ ᠲᠡᠭ᠌ᠰᠢ ᠲᠣᠬᠢᠷᠠᠭᠤᠯᠬᠤ᠎ᠶ᠋ᠢ ᠪᠡᠶᠡᠯᠡᠭᠦᠯᠬᠦ᠌ ᠬᠡᠷᠡᠭ᠌ᠲᠡᠶ᠃ ᠥᠮᠴᠢᠯᠡᠬᠦ᠌ ᠡᠷᠬᠡ᠎ᠶ᠋ᠢᠨ ᠲᠦᠷᠢᠮ᠎ᠤᠨ ᠥᠭᠡᠷᠡᠴᠢᠯᠡᠯᠲᠡ᠎ᠶ᠋ᠢ ᠲᠦᠯᠬᠢᠨ ᠠᠬᠢᠭᠤᠯᠵᠤ᠂ ᠤᠯᠤᠰ᠎ᠤᠨ ᠥᠮᠴᠢᠯᠡᠯ᠎ᠤᠨ ᠡᠳ᠋ ᠬᠦᠷᠦᠩᠭᠡ᠎ᠶ᠋ᠢᠨ ᠥᠮᠴᠢᠯᠡᠬᠦ᠌ ᠡᠷᠬᠡ᠎ᠶ᠋ᠢ ᠳᠠᠩᠰᠠᠯᠠᠬᠤ᠂ ᠥᠮᠴᠢᠯᠡᠬᠦ᠌ ᠡᠷᠬᠡ᠎ᠶ᠋ᠢ ᠱᠢᠯᠵᠢᠭᠦᠯᠦᠨ ᠥᠭ᠌ᠬᠦ᠂ ᠭᠠᠳᠠᠭ᠍ᠰᠢ ᠪᠡᠯᠡ ᠣᠷᠣᠭᠤᠯᠬᠤ᠂ ᠬᠦᠷᠦᠩᠭᠡ᠎ᠶ᠋ᠢ ᠡᠵᠡᠩᠨᠡᠬᠦ᠂ᠬᠢᠨᠠᠯᠲᠠᠲᠠᠯᠪᠢᠵᠤᠬᠠᠷᠢᠭᠤᠴᠠᠯᠭᠠ ᠨᠡᠬᠡᠮᠵᠢᠯᠡᠬᠦ᠌ ᠵᠡᠷᠭᠡ ᠬᠢᠨᠠᠯᠲᠠ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠲᠦᠷᠭᠡᠯᠡᠨ ᠲᠡᠭᠦᠯᠳᠡᠷᠵᠢᠭᠦᠯᠵᠦ᠍᠂ ᠪᠠᠢᠭᠠᠯᠢ᠎ᠶ᠋ᠢᠨ ᠡᠬᠢ ᠪᠠᠶᠠᠯᠢᠭ᠎ᠤᠨ ᠡᠳ᠋ ᠬᠦᠷᠦᠩᠭᠡ᠎ᠶ᠋ᠢᠨ ᠥᠮᠴᠢᠯᠡᠬᠦ᠌ ᠡᠷᠬᠡ᠎ᠶ᠋ᠢᠨ ᠱᠢᠰᠲ᠋ᠧᠮ᠎ᠢ ᠪᠦᠷᠢᠨᠱᠢᠬᠦᠯᠤᠨ᠂ ᠠᠭᠤᠷᠬᠠᠢ᠎ᠶ᠋ᠢᠨ ᠦᠢᠯᠡᠰ᠎ᠤᠨ ᠡᠷᠬᠡ᠎ᠶ᠋ᠢ ᠲᠡᠰ ᠲᠦᠷᠦᠯ ᠬᠤᠪᠢᠶᠠᠨ ᠱᠢᠯᠵᠢᠭᠦᠯᠦᠨ ᠥᠭ᠌ᠬᠦ ᠲᠦᠷᠢᠮ᠎ᠢ ᠪᠦᠷᠢᠨᠱᠢᠬᠦᠯᠤᠨ᠎ᠠ᠃ ᠵᠠᠬ᠎ᠠ ᠳᠡᠯᠭᠡᠭᠦᠷ᠎ᠲᠤ ᠣᠷᠣᠬᠤ᠎ᠶ᠋ᠢ ᠵᠥᠪᠱᠢᠶᠡᠷᠡᠬᠦ᠌ ᠨᠠᠵᠠᠭᠠᠢ ᠲᠠᠯ᠎ᠠ᠎ᠶ᠋ᠢᠨ ᠨᠠᠷᠢᠨ ᠳᠠᠩᠰᠠ᠎ᠶ᠋ᠢᠨ ᠳᠦᠷᠢᠮ᠎ᠤᠨ ᠥᠭᠡᠷᠡᠴᠢᠯᠡᠯᠲᠡ᠎ᠶ᠋ᠢ ᠠᠬᠢᠭᠤᠯᠵᠤ᠂ 《ᠲᠤᠷᠱᠢᠯᠲᠠ᠎ᠶ᠋ᠢᠨ ᠨᠠᠷᠢᠨ ᠳᠠᠩᠰᠠ᠂ ᠲᠤᠷᠱᠢᠯᠲᠠ᠎ᠶ᠋ᠢᠨ ᠳᠦᠷᠢᠮ᠂ ᠲᠤᠷᠱᠢᠨ ᠨᠠᠢᠳᠠᠪᠤᠷᠢᠵᠢᠭᠤᠯᠬᠤ ᠲᠣᠭ᠍ᠲᠠᠴᠠ》᠎ᠶ᠋ᠢᠨ ᠠᠵᠢᠯ᠎ᠤᠨ ᠰᠡᠳᠭᠢᠮᠵᠢ ᠶᠣᠰᠣᠭᠠᠷ᠂ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ ᠴᠡᠭ ᠤᠨ ᠠᠵᠢᠯ᠎ᠢ ᠯᠠᠪᠳᠠᠭᠤᠨ᠎ᠢᠶᠠᠷ ᠠᠬᠢᠭᠤᠯᠤᠨ᠎ᠠ᠃ ᠭᠤᠤᠯᠴᠢ ᠥᠷᠢᠰᠥᠯᠳᠦᠭᠡᠨ᠎ᠤ ᠬᠢᠨᠠᠨ ᠪᠠᠢᠴᠠᠭᠠᠬᠤ ᠲᠥᠷᠥ᠎ᠶ᠋ᠢᠨ ᠪᠣᠳᠣᠯᠭᠠᠶ᠋ᠢᠨᠱᠢᠰᠲ᠋ᠧᠮᠢ ᠲᠡᠭᠦᠯᠳᠡᠷᠵᠢᠭᠦᠯᠵᠦ᠍᠂ ᠲᠥᠷᠥ᠎ᠶ᠋ᠢᠨ ᠪᠣᠳᠣᠯᠭ᠎ᠠ ᠶ᠋ᠢᠨ ᠪᠠᠢᠭᠤᠯᠭ᠎ᠠ ᠶ᠋ᠢᠨ ᠳᠣᠲᠣᠭᠠᠳᠤ᠎ᠳᠠᠭᠠᠨ ᠬᠢᠨᠠᠬᠤ᠎ᠪᠠᠷ ᠭᠤᠤᠯ ᠪᠣᠯᠭᠠᠭ᠍ᠰᠠᠨ 《ᠥᠪᠡᠷ᠎ᠢ᠎ᠪᠠᠨ ᠲᠡᠭᠦᠯᠳᠡᠷᠵᠢᠭᠦᠯᠬᠦ᠌ + ᠬᠢᠨᠠᠯᠲᠠ ᠲᠠᠯᠪᠢᠵᠤ ᠵᠠᠯᠠᠷᠠᠭᠤᠯᠬᠤ》 ᠬᠢᠨᠠᠯᠲᠠ ᠲᠠᠯᠪᠢᠬᠤ ᠱᠢᠰᠲ᠋ᠧᠮ᠎ᠢ ᠪᠠᠢᠭᠤᠯᠤᠨ᠎ᠠ᠃ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌᠎ᠪᠠᠷ ᠬᠥᠲᠥᠯᠥᠨ ᠳᠠᠭᠠᠭᠤᠯᠬᠤ᠂ ᠠᠵᠤ ᠦᠢᠯᠡᠰ᠎ᠤᠨ ᠬᠡᠯᠬᠢᠶ᠎ᠡ ᠬᠠᠩᠭᠠᠯᠭ᠎ᠠ ᠶ᠋ᠢᠨ ᠬᠡᠯᠬᠢᠶ᠎ᠡ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌ ᠲᠠᠯ᠎ᠠ᠎ᠪᠠᠷ ᠨᠠᠩ ᠶᠡᠭᠡ ᠦᠢᠯᠡᠳᠤᠯ ᠦᠵᠡᠭᠦᠯᠬᠦ᠌ᠶ᠋ᠢᠠᠬᠢᠭᠤᠯᠤᠨᠠ᠃
(ᠵᠣᠬᠢᠶᠠᠭ᠍ᠴᠢ ᠶ᠋ᠢᠨ ᠨᠢᠬᠡᠴᠢ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠷᠸ᠎ᠠ ᠠᠵᠤ ᠠᠬᠤᠶ᠎ᠶ᠋ᠢᠨ ᠰᠤᠳᠤᠯᠭᠠᠨ᠎ᠤ ᠲᠥᠪ )