4000ᠭᠠᠷᠤᠶᠱᠢᠨᠵᠢᠯᠡᠬᠦ᠌ᠤᠬᠠᠭᠠᠨᠲᠧᠭᠨᠢᠭᠮᠡᠷᠭᠡᠵᠢᠯᠦᠨᠣᠨᠴᠠ ᠲᠣᠮᠢᠯᠠᠭ᠍ᠳᠠᠭ᠍ᠴᠢ
ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠭᠦᠨᠵᠡᠭᠡᠢᠷᠡᠨ᠂ 1000 ᠭᠠᠷᠤᠶ ᠱᠢᠨ᠎ᠡ ᠮᠡᠷᠭᠡᠵᠢᠯ᠎ᠢ ᠳᠡᠯᠭᠡᠷᠡᠭᠦᠯᠵᠦ᠂
ᠬᠦᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ ᠳ᠋ᠤ
ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠲᠤᠯᠭᠠᠭᠤᠷᠢᠯᠠᠯ ᠬᠠᠩᠭᠠᠪᠠ; ᠦᠬᠠᠶ ᠵᠢᠴᠢ ᠲᠡᠭᠦᠨ᠎ᠦ ᠡᠷᠬᠢᠨ ᠲᠣᠭᠣᠷᠢᠨ᠎ᠤ ᠭᠠᠵᠠᠷ ᠣᠷᠣᠨ᠎ᠤ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ 10 ᠵᠦᠶ᠋ᠯ᠎ᠦᠨ ᠴᠢᠬᠤᠯᠠ ᠶᠡᠬᠡ ᠮᠡᠷᠭᠡᠵᠢᠯ᠎ᠦᠨ
ᠪᠣᠭᠣᠮᠢ ᠵᠢ ᠱᠢᠶ᠋ᠳᠪᠦᠷᠢᠯᠡᠬᠦ᠌ ᠲᠥᠰᠦᠯ᠎ᠢ ᠠᠮᠵᠢᠯᠲᠠ᠎ᠲᠠᠶ ᠪᠡᠷ ᠲᠣᠭ᠍ᠲᠠᠭᠠᠪᠠ ᠁ 5 ᠵᠢᠯ᠎ᠦᠨ ᠲᠤᠷᠰᠢ᠂ ᠨᠢᠭᠡ ᠪᠦᠯᠦᠭ ᠵᠠᠩᠭᠢᠯᠠᠭ᠎ᠠ᠎ᠶ᠋ᠢᠨ ᠮᠡᠷᠭᠡᠵᠢᠯ᠎ᠢᠶᠡᠷ
ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠪᠣᠭᠣᠮᠢ᠎ᠶ᠋ᠢ ᠪᠦᠳᠦᠮᠵᠢᠳᠡᠢ
ᠱᠢᠶ᠋ᠳᠪᠦᠷᠢᠯᠡᠵᠦ ᠠᠵᠤ ᠦᠢᠯᠡᠰ᠎ᠤᠨ ᠬᠦᠭᠵᠢᠯᠳᠡ ᠳ᠋ᠤ ᠬᠦᠳᠡᠯᠭᠡᠬᠦ ᠬᠦᠴᠦᠨ ᠨᠠᠮᠡᠷᠢᠯᠡᠪᠡ᠃
ᠱᠢᠯᠢ᠎ᠶ᠋ᠢᠨ ᠭᠤᠤᠯ᠎ᠤᠨ 700 ᠲᠦᠮᠡᠨ ᠺᠢᠯᠦᠸᠠᠲ᠎ᠤᠨ ᠰᠠᠯᠬᠢᠨ ᠬᠦᠴᠦ ᠪᠡᠷ ᠴᠠᠬᠢᠯᠭᠠᠨ ᠭᠠᠷᠭᠠᠬᠤ ᠲᠥᠷᠥᠯ ᠵᠦᠶ᠋ᠯ᠎ᠢ ᠪᠠᠢᠭᠤᠯᠵᠤ ᠲᠠᠭᠤᠰᠬᠠᠭᠠᠳ ᠴᠠᠬᠢᠯᠭᠠᠨ ᠬᠦᠴᠦᠨ᠎ᠤ ᠲᠤᠤᠷᠯᠤᠭᠠᠨᠡᠢᠯᠡᠭᠦᠯᠵᠦ᠂ᠤᠯᠠᠭᠠᠨᠴᠠᠪ᠎ᠲᠤ ᠪᠥᠬᠥ᠌ ᠤᠯᠤᠰ᠎ᠤᠨ ᠬᠠᠮᠤᠭ᠎ᠤᠨ ᠶᠡᠬᠡ《ᠴᠠᠬᠢᠯᠭᠠᠨ ᠡᠭᠦᠰᠬᠡᠭᠴᠢ ᠴᠠᠬᠢᠯᠭᠠᠨ ᠲᠤᠤᠷ ᠴᠠᠬᠢᠯᠭᠠᠨ ᠳᠠᠭᠠᠭᠠᠴᠠ
ᠡᠨᠧᠷᠬᠢ ᠬᠠᠳᠠᠭᠠᠯᠠᠬᠤ》ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ᠎ᠢ ᠨᠠᠢᠳᠠᠪᠤᠷᠢᠵᠢᠭᠤᠯᠵᠤ᠂
ᠲᠦᠩᠯᠢᠶᠣᠤ᠎ᠶ᠋ᠢᠨ《ᠢᠯᠴᠢ ᠰᠠᠯᠬᠢ ᠬᠡᠷᠡᠯᠴᠢ ᠴᠡᠨᠡᠭ᠎ᠤᠨ ᠨᠥᠭᠡᠴᠡ ᠡᠨᠧᠷᠬᠢ᠎ᠶ᠋ᠢᠨ ᠦᠢᠯᠡᠳᠬᠡᠯ ᠰᠤᠳᠤᠯᠭᠠᠨ》᠎ᠢ᠋ ᠨᠢᠭᠡ ᠴᠣᠭ᠍ᠴᠠᠵᠢᠭᠤᠯᠤᠭ᠍ᠰᠠᠨ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ᠎ᠢ ᠡᠬᠢᠯᠡᠭᠦᠯᠦᠨ ᠪᠥᠲᠥᠭᠡᠨ ᠪᠠᠢᠭᠤᠯᠪᠠ ᠁ 5 ᠵᠢᠯ᠎ᠦᠨ
ᠲᠤᠷᠰᠢ᠂ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ
ᠬᠡᠯᠪᠡᠷᠢ᠎ᠪᠡᠨ ᠬᠤᠪᠢᠷᠠᠭᠤᠯᠵᠤ ᠲᠠᠰᠳᠡᠪᠱᠢᠭᠦᠯᠬᠦ᠌ ᠠᠯᠬᠤᠭ᠎ᠠ ᠢᠳᠡᠷᠡᠭᠦᠨ ᠮᠦᠷᠳᠡᠭᠡᠨ ᠳᠣᠷᠪᠢᠯᠢᠭ ᠶᠠᠪᠤᠭᠳᠠᠪᠠ᠃
ᠪᠡᠶ᠎ᠡ ᠪᠡᠨ ᠳᠠᠭᠠᠭᠠᠭ᠍ᠰᠠᠨ ᠮᠡᠳᠡᠯᠭᠡ ᠶ᠋ᠢᠨ ᠦᠮᠴᠢᠯᠡᠯ ᠤᠨᠡᠷᠬᠡ ᠪᠦᠬᠦᠢ ᠬᠤᠤᠰ ᠪᠤᠯᠴᠢᠩᠲᠤᠤᠯᠠᠭᠠᠨ ᠦᠬᠡᠷ᠎ᠤᠨ ᠱᠢᠨ᠎ᠡ ᠡᠬᠦᠯᠳᠡᠷ᠎ᠢ ᠠᠮᠵᠢᠯᠲᠠ᠎ᠲᠠᠶ
ᠪᠣᠢᠵᠢᠭᠤᠯᠤᠭᠰᠠᠨ᠂ ᠬᠤᠳᠠ᠎ᠶ᠋ᠢᠨ ᠠᠮᠢᠳᠤᠷᠠᠯ᠎ᠤᠨ ᠬᠣᠭ ᠨᠣᠪᠰᠢ᠎ᠶ᠋ᠢ ᠶᠡᠷᠦᠩᠬᠡᠢᠯᠡᠨ ᠠᠱᠢᠭ᠍ᠯᠠᠬᠤ ᠮᠡᠷᠭᠡᠵᠢᠯ᠎ᠦᠨ ᠱᠢᠰᠲ᠋ᠧᠮ ᠢ ᠠᠮᠵᠢᠯᠲᠠ ᠲᠠᠶ
ᠰᠤᠳᠤᠯᠤᠨ ᠨᠡᠭᠡᠭᠡᠭ᠌ᠰᠡᠨ᠎ᠡᠴᠡ ᠡᠬᠢᠯᠡᠭᠡᠳ ᠤᠯᠤᠰ᠎ᠤᠨ ᠳᠣᠲᠣᠭᠠᠳᠤ᠎ᠶ᠋ᠢᠨ ᠠᠩᠬᠠᠳᠠᠭ᠍ᠴᠢ ᠶᠠᠰᠤᠨ᠎ᠤ ᠮᠡᠰᠡ ᠵᠠᠰᠠᠯ
ᠳ᠋ᠤ ᠮᠠᠱᠢᠨ ᠬᠥᠮᠦᠨ᠎ᠢ ᠬᠡᠷᠡᠭᠯᠡᠬᠦ ᠬᠦᠷᠲᠡᠯ᠎ᠡ ᠁ 5
ᠵᠢᠯ᠎ᠦᠨ ᠲᠤᠷᠰᠢ᠂ ᠮᠠᠨ᠎ᠤ ᠤᠷᠤᠨ ᠠᠯᠢ ᠤᠯᠠᠨ ᠮᠡᠷᠭᠡᠵᠢᠯ᠎ᠤᠨ ᠰᠢᠪᠳᠤᠯᠤᠯᠳᠠ ᠵᠢ ᠪᠡᠶᠡᠯᠡᠬᠦᠯᠵᠦ᠂ ᠮᠠᠰᠢ ᠤᠯᠠᠨ
ᠭᠠᠢᠬᠠᠮᠱᠢᠭ᠎ᠢ ᠡᠭᠦᠳᠦᠭᠰᠡᠨ ᠪᠠᠢᠨ᠎ᠠ᠃
ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ
ᠤᠳᠠᠭᠠᠨ᠎ᠤ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ
ᠨᠠᠭᠠᠰᠢ᠂ ᠥᠪᠥᠷ ᠮᠣᠩᠭᠣᠯ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ ᠪᠠᠢᠯᠳᠤᠬᠤ
ᠪᠣᠳᠣᠯᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂《ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》ᠠᠵᠢᠯᠯᠠᠭ᠎ᠠ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠬᠥᠭ᠌ᠵᠢᠭᠡᠳᠦᠶ
ᠭᠠᠵᠠᠷ ᠣᠷᠣᠨ᠎ᠤ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠵᠠᠮ᠎ᠢ ᠭᠦᠨᠵᠡᠭᠡᠶ ᠰᠦᠪᠡᠭ᠌ᠴᠢᠯᠡᠵᠦ᠍᠂ ᠱᠢᠨᠵᠢᠯᠡᠬᠦ᠌ ᠤᠬᠠᠭᠠᠨ ᠲᠸᠭ᠌ᠨᠢ᠌ᠡ᠋
ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠱᠢᠰᠲ᠋ᠧᠮ᠎ᠦᠨ ᠪᠠᠢᠷᠢᠱᠢᠭᠤᠯᠤᠯᠲᠠ᠎ᠶ᠋ᠢ ᠴᠢᠩᠭᠠᠳᠭᠠᠵᠤ᠂ ᠱᠢᠨ᠎ᠡ᠎ᠶ᠋ᠢ
ᠡᠭᠦᠳᠬᠦ᠌ ᠰᠠᠢᠨ ᠰᠠᠢᠬᠠᠨ ᠣᠷᠴᠢᠨ ᠨᠥᠬᠥᠴᠡᠯ᠎ᠢ ᠶᠡᠬᠡᠪᠡᠷ
ᠡᠭᠦᠳᠴᠦ᠍᠂ ᠮᠠᠰᠢ ᠤᠯᠠᠨ ᠱᠢᠨ᠎ᠡ ᠱᠢᠪᠲᠤᠯᠤᠯᠲᠠ᠎ᠵᠢ ᠪᠡᠶᠡᠯᠡᠬᠦᠯᠦᠭᠰᠡᠨ
ᠪᠠᠢᠨ᠎ᠠ᠃
《〈ᠤᠯᠤᠰ᠎ᠤᠨ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ ᠪᠠᠢᠯᠳᠤᠬᠤ
ᠪᠣᠳᠣᠯᠭ᠎ᠠ᠎ᠶ᠋ᠢᠨ ᠬᠥᠲᠥᠯᠪᠦᠷᠢ〉ᠵᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠬᠡᠷᠡᠭ᠌ᠵᠢᠭᠦᠯᠬᠦ᠌ ᠲᠥᠰᠦᠯ》᠂《〈ᠱᠢᠨᠵᠢᠯᠡᠬᠦ᠌ ᠤᠬᠠᠭᠠᠨ
ᠲᠧᠭ᠌ᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ〉 ᠠᠵᠢᠯᠯᠠᠭ᠎ᠠ ᠪᠡᠷ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ
ᠳᠡᠮᠵᠢᠬᠦ᠌ ᠠᠯᠢ ᠤᠯᠠᠨ ᠲᠥᠷᠥ᠎ᠶ᠋ᠢᠨ ᠪᠣᠳᠣᠯᠭ᠎ᠠ ᠵᠢ ᠲᠦᠷᠭᠡᠳᠬᠡᠨ ᠠᠬᠢᠭᠤᠯᠬᠤ ᠳᠤᠬᠠᠢ ᠠᠷᠭ᠎ᠠ ᠬᠡᠮᠵᠢᠶ᠎ᠡ》᠎ᠶ᠋ᠢ ᠨᠡᠢᠲᠡᠯᠡᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠦᠨ
ᠪᠠᠢᠭᠤᠯᠤᠮᠵᠢ ᠵᠢᠨ ᠥᠭᠡᠷᠡᠴᠢᠯᠡᠯᠲᠡ᠎ᠶ᠋ᠢ ᠲᠠᠰᠤᠷᠠᠯᠲᠠ
ᠥᠬᠡᠶ ᠨᠠᠢᠳᠠᠪᠤᠷᠢᠵᠢᠭᠤᠯᠵᠤ᠂ ᠦᠵᠦ᠍ ᠲᠥᠯᠥᠪᠯᠡᠭᠡ᠎ᠶ᠋ᠢᠨ ᠰᠡᠳᠭᠢᠮᠵᠢ᠎ᠶ᠋ᠢ ᠨᠠᠩ ᠲᠣᠳᠣᠷᠬᠠᠶ ᠪᠣᠯᠭᠠᠪᠠ᠃
ᠴᠢᠬᠤᠯᠠ ᠶᠡᠬᠡ ᠬᠡᠷᠡᠭ᠌ᠴᠡᠭᠡ ᠱᠠᠭᠠᠷᠳᠠᠯᠭ᠎ᠠ᠎ᠪᠠᠷ ᠤᠳᠤᠷᠢᠳᠤᠮᠵᠢ ᠪᠣᠯᠭᠠᠵᠤ᠂ ᠠᠰᠠᠭᠤᠳᠠᠯ᠎ᠢ
ᠱᠢᠶ᠋ᠳᠪᠦᠷᠢᠯᠡᠭ᠌ᠰᠡᠨ ᠦᠷ᠎ᠡ ᠪᠦᠲᠦᠮᠵᠢ᠎ᠪᠡᠷ ᠦᠨᠡᠯᠡᠬᠦ᠌
ᠪᠠᠷᠢᠮᠵᠢᠶ᠎ᠠ ᠪᠣᠯᠭᠠᠵᠤ᠂ ᠵᠠᠬ᠎ᠠ ᠳᠡᠯᠭᠡᠭᠦᠷ᠎ᠦᠨ ᠥᠷᠢᠰᠥᠯᠳᠦᠭᠡᠨ᠎ᠢᠶᠡᠷ ᠱᠢᠨ᠎ᠡ᠎ᠶ᠋ᠢ ᠡᠭᠦᠳᠬᠦ᠌
ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂《ᠡᠭᠦᠷᠭᠡ ᠬᠦᠯᠢᠶᠡᠨ ᠲᠦᠷᠦᠭᠦᠯᠡᠨ ᠬᠢᠬᠦ》ᠲᠦᠷᠢᠮ᠎ᠢ ᠬᠠᠢᠨ ᠰᠦᠪᠡᠭ᠌ᠴᠢᠯᠡᠵᠦ᠍᠂ ᠡᠯ᠎ᠡ ᠲᠥᠷᠥᠯ᠎ᠦᠨ ᠡᠯᠧᠮᠧᠨ᠋ᠲ᠎ᠦᠨ ᠠᠵᠤ ᠠᠬᠤᠢᠯᠠᠯ᠂ ᠠᠵᠤ
ᠦᠶ᠋ᠯᠡᠰ᠎ᠲᠦ ᠲᠥᠪᠯᠡᠷᠡᠬᠦ᠌᠎ᠶ᠋ᠢ ᠬᠥᠲᠥᠯᠥᠨ ᠵᠢᠯᠣᠭᠣᠳᠴᠤ᠌᠂ ᠠᠵᠤ ᠠᠬᠤᠢᠯᠠᠯ᠎ᠤᠨ ᠭᠤᠤᠯ ᠴᠣᠭ᠍ᠴᠠ᠎ᠶ᠋ᠢᠨ ᠱᠢᠨ᠎ᠡ᠎ᠶ᠋ᠢ
ᠡᠭᠦᠳᠴᠤ ᠪᠡᠯᠡ ᠤᠷᠤᠭᠤᠯᠬᠤ ᠵᠢ ᠦᠨᠡᠨᠬᠦ ᠴᠢᠬᠤᠯᠠᠴᠢᠯᠠᠪᠠ᠃
《ᠨᠡᠭᠡᠭᠡᠯᠲᠡ ᠬᠢᠵᠦ᠍ ᠬᠠᠮᠲᠤᠷᠠᠯᠴᠠᠨ ᠱᠢᠨ᠎ᠡ᠎ᠶ᠋ᠢ ᠡᠭᠦᠳᠬᠦ》ᠶᠡᠷᠦᠩᠬᠡᠶ ᠰᠡᠳᠭᠢᠮᠵᠢ ᠪᠡᠷ᠂ ᠱᠢᠨ᠎ᠡ᠎ᠶ᠋ᠢ ᠡᠭᠦᠳᠬᠦ᠌ ᠣᠷᠴᠢᠨ ᠨᠥᠬᠥᠴᠡᠯ᠎ᠢ
ᠲᠠᠰᠤᠷᠠᠯᠲᠠ ᠥᠬᠡᠶ ᠱᠢᠯᠢᠳᠡᠭ᠌ᠵᠢᠭᠦᠯᠵᠦ᠍᠂ ᠱᠢᠨ᠎ᠡ᠎ᠶ᠋ᠢ ᠡᠭᠦᠳᠬᠦ᠌ ᠬᠡᠯᠬᠢᠶ᠎ᠡ᠂ ᠠᠵᠤ ᠦᠶ᠋ᠯᠡᠰ᠎ᠦᠨ ᠬᠡᠯᠬᠢᠶ᠎ᠡ᠂
ᠴᠢᠳᠠᠪᠤᠷᠢᠲᠠᠨ᠎ᠤ ᠬᠡᠯᠬᠢᠶ᠎ᠡ᠂ ᠲᠥᠷᠥ᠎ᠶ᠋ᠢᠨ ᠪᠣᠳᠣᠯᠭ᠎ᠠ᠎ᠶ᠋ᠢᠨ
ᠬᠡᠯᠬᠢᠶ᠎ᠡ᠂ ᠪᠠᠯᠠ ᠮᠥᠩᠭᠥᠨ᠎ᠦ ᠬᠡᠯᠬᠢᠶ᠎ᠡ᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠱᠢᠨ᠎ᠡ᠎ᠶ᠋ᠢ ᠡᠭᠦᠳᠬᠦ᠌
ᠬᠥᠭ᠌ᠵᠢᠯᠲᠡ᠎ᠶ᠋ᠢᠨ ᠱᠢᠨ᠎ᠡ ᠬᠥᠳᠡᠯᠭᠡᠭᠦᠷ᠎ᠢ ᠪᠣᠶ ᠪᠤᠯᠭᠠᠪᠠ᠃ 《4 + 8 + N》ᠬᠠᠮᠲᠤᠷᠠᠯᠴᠠᠭᠠᠨ᠎ᠤ ᠲᠣᠭ᠍ᠲᠠᠴᠠ᠎ᠶ᠋ᠢ ᠪᠠᠢᠭᠤᠯᠵᠤ᠂ ᠰᠤᠳᠤᠯᠤᠨ ᠨᠡᠭᠡᠭᠡᠨ
ᠬᠦᠭᠵᠢᠭᠦᠯᠬᠦ ᠣᠷᠣᠭᠤᠯᠤᠯᠲᠠ᠎ᠶ᠋ᠢᠨ ᠪᠤᠭᠤᠮᠳᠠ ᠰᠢᠪᠲᠤᠯᠬᠤ᠌ ᠠᠵᠢᠯᠯᠠᠭ᠎ᠠ ᠵᠢ ᠭᠦᠨᠵᠡᠭᠡᠢᠷᠡᠭᠦᠯᠦᠨ ᠤᠷᠲᠤᠳᠭᠠᠪᠠ᠃
5 ᠵᠢᠯ᠎ᠢ ᠡᠷᠭᠢᠴᠡᠭᠦᠯᠬᠦᠶ᠎ᠡ᠂ ᠱᠢᠨᠵᠢᠯᠡᠬᠦ᠌
ᠤᠬᠠᠭᠠᠨ ᠲᠸᠭ᠌ᠨᠢ᠌ᠡ᠋ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤᠲᠠᠯᠠ
ᠪᠡᠷ ᠥᠪᠥᠷ ᠮᠣᠩᠭᠣᠯ ᠲᠤᠭ᠎ᠠ ᠬᠡᠮᠵᠢᠶ᠎ᠡ᠂ ᠶᠠᠰᠤ ᠴᠢᠨᠠᠷ᠎ᠢ ᠵᠡᠷᠭᠡ ᠪᠡᠷ ᠳᠡᠭᠡᠭᠰᠢᠯᠡᠭᠦᠯᠵᠦ ᠴᠢᠳᠠᠭᠰᠠᠨ ᠪᠠᠢᠨ᠎ᠠ᠃
《ᠬᠥᠬᠡᠬᠣᠲᠠ᠎ᠶ᠋ᠢᠨ ᠭᠢᠯᠪᠠᠭ᠎ᠠ》 ᠲᠠᠪᠴᠠᠩ᠎ᠢ ᠠᠰᠢᠭᠯᠠᠯᠲᠠ ᠳ᠋ᠤ ᠤᠷᠤᠭᠤᠯᠵᠤ᠂ ᠨᠡᠭᠦᠷᠡᠰᠦ ᠵᠢ ᠭᠠᠵᠠᠷ ᠳᠤᠤᠷ᠎ᠠ ᠬᠡᠢᠵᠢᠭᠦᠯᠤᠨ
ᠤᠨᠳᠤᠤᠰᠢᠭᠤᠯᠬᠤ ᠮᠡᠷᠭᠡᠵᠢᠯ᠎ᠡᠴᠡ ᠡᠬᠢᠯᠡᠭᠡᠳ ᠤᠯᠤᠰ᠎ᠤᠨ ᠳᠣᠲᠣᠭᠠᠳᠤ᠎ᠶ᠋ᠢᠨ ᠠᠩᠬᠠᠳᠠᠭ᠍ᠴᠢ 110 ᠲᠣᠨ᠎ᠤ ᠵᠢᠯᠣᠭᠣᠴᠢ ᠥᠬᠡᠶ ᠴᠠᠬᠢᠯᠭᠠᠨ ᠬᠥᠳᠡᠯᠭᠡᠭᠦᠷᠲᠦ ᠬᠦᠷᠳᠦᠲᠦ ᠠᠭᠤᠷᠬᠠᠶ᠎ᠶ᠋ᠢᠨ
ᠲᠡᠷᠭᠡ᠎ᠶ᠋ᠢ ᠠᠱᠢᠭ᠍ᠯᠠᠯᠲᠠ᠎ᠳᠤ ᠣᠷᠣᠭᠤᠯᠤᠭᠰᠠᠨ᠂ ᠠᠩᠬᠠᠳᠠᠭ᠍ᠴᠢ ᠠᠷᠠᠳ᠎ᠤᠨ ᠬᠡᠷᠡᠭ᠌ᠯᠡᠭᠡᠨ᠎ᠦ ᠱᠢᠩᠭᠡᠨᠵᠢᠬᠦᠯᠦᠭᠰᠡᠨ
ᠤᠰᠤᠲᠥ᠋ᠷᠥᠭ᠌ᠴᠢ᠎ᠶ᠋ᠢᠨ ᠦᠶ᠋ᠯᠡᠳᠪᠦᠷᠢ᠎ᠶ᠋ᠢ ᠬᠡᠷᠡᠭᠯᠡᠭᠡᠨ ᠳ᠋ᠤ ᠤᠷᠤᠭᠤᠯᠤᠭᠰᠠᠨ ᠡᠴᠡ ᠪᠥᠬᠥ᠌ ᠳᠡᠯᠡᠬᠡᠶ᠎ᠶ᠋ᠢᠨ
ᠠᠩᠬᠠᠳᠠᠭ᠍ᠴᠢ 5G
ᠵᠢᠯᠣᠭᠣᠴᠢ ᠥᠬᠡᠶ ᠠᠭᠤᠷᠬᠠᠶ ᠳᠤ ᠬᠡᠷᠡᠭ᠌ᠯᠡᠬᠦ᠌ ᠲᠡᠷᠭᠡ᠎ᠶ᠋ᠢ ᠠᠵᠢᠯᠯᠠᠭᠤᠯᠤᠭᠰᠠᠨ
ᠬᠦᠷᠲᠡᠯ᠎ᠡ ᠁ ᠴᠢᠬᠤᠯᠠ ᠶᠡᠬᠡ ᠦᠷ᠎ᠡ ᠪᠦᠲᠦᠭᠡᠯ ᠨᠢ ᠤᠯᠠᠨ
ᠭᠠᠢᠬᠠᠮᠰᠢᠭ᠎ᠢ ᠡᠬᠦᠳᠴᠡᠢ᠃
《ᠠᠷᠪᠠᠨ ᠭᠤᠷᠪᠠᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ᠂ ᠮᠠᠨ᠎ᠤ ᠣᠷᠣᠨ ᠤᠯᠤᠰ᠎ᠤᠨ ᠱᠢᠨᠵᠢᠯᠡᠬᠦ᠌ ᠤᠬᠠᠭᠠᠨ
ᠲᠧᠭᠨᠢᠭ ᠮᠡᠷᠭᠡᠵᠢᠯ᠎ᠦᠨ 1359 ᠲᠥᠷᠥᠯ ᠵᠦᠶ᠋ᠯ᠂ ᠪᠠᠢᠭᠠᠯᠢ᠎ᠶ᠋ᠢᠨ
ᠱᠢᠨᠵᠢᠯᠡᠬᠦ᠌ ᠤᠬᠠᠭᠠᠨ᠎ᠤ ᠰᠠᠭᠤᠷᠢ ᠮᠥᠩᠭᠥ᠎ᠶ᠋ᠢᠨ ᠲᠥᠯᠥᠪᠯᠡᠭᠡ ᠵᠢᠨ 1185 ᠲᠦᠷᠦᠯ ᠵᠦᠢᠯ᠎ᠢ ᠬᠡᠷᠡᠭ᠌ᠵᠢᠭᠦᠯᠪᠡ; ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠦᠨ ᠵᠠᠰᠠᠭ᠎ᠤᠨ
ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠤᠰᠭᠠᠶ ᠪᠠᠯᠠ ᠮᠥᠩᠭᠥ᠌ 2016 ᠣᠨ᠎ᠤ 9.12 ᠳ᠋ᠦᠩᠱᠢᠭᠤᠷ ᠲᠥᠭᠥᠷᠢᠭ ᠪᠠᠢᠭᠰᠠᠨ ᠡᠴᠠ ᠪᠡᠨ 2021 ᠣᠨ᠎ᠤ 14.7 ᠳ᠋ᠦᠩᠱᠢᠭᠤᠷ ᠲᠦᠬᠦᠷᠢᠭ ᠪᠣᠯᠤᠨ ᠨᠡᠮᠡᠭᠳᠡᠪᠡ; 38 ᠬᠥᠮᠦᠨ ᠤᠯᠤᠰ᠎ᠤᠨ《ᠳᠡᠭᠡᠳᠦ ᠲᠠᠰ᠎ᠤᠨ ᠴᠢᠳᠠᠪᠤᠷᠢᠲᠠᠨ᠎ᠢ
ᠳᠡᠮᠵᠢᠬᠦ᠌ ᠲᠥᠯᠥᠪᠯᠡᠭᠡ》᠎ᠳ᠋ᠤ ᠰᠣᠩᠭᠣᠭ᠍ᠳᠠᠵᠤ᠂ 188 ᠬᠥᠮᠦᠨ ᠥᠪᠡᠷᠲᠡᠭᠡᠨ ᠵᠠᠰᠠᠬᠤ ᠣᠷᠣᠨ᠎ᠤ《ᠲᠠᠯ᠎ᠠ ᠨᠤᠲᠤᠭ᠎ᠤᠨ
ᠰᠤᠳᠤᠨ ᠴᠢᠳᠠᠪᠤᠷᠢᠲᠠᠨ》
ᠤ᠋ ᠢᠨᠵᠧᠨᠧᠷᠢᠩ᠎ᠳᠦ
ᠰᠣᠩᠭᠣᠭ᠍ᠳᠠᠪᠠ;
2020 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠣᠨ᠎ᠤ ᠰᠤᠳᠤᠯᠤᠨ ᠨᠡᠭᠡᠭᠡᠬᠦ᠌
ᠵᠠᠷᠤᠳᠠᠯ᠎ᠤᠨ ᠣᠷᠣᠭᠤᠯᠤᠯᠲᠠ 161.07 ᠳ᠋ᠦᠩᠱᠢᠭᠤᠷ᠎ᠲᠤ ᠬᠦᠷᠴᠦ᠍᠂ ᠲᠤᠰᠭᠠᠶ ᠠᠱᠢᠭ ᠭᠤᠶᠤᠴᠢᠯᠠᠭ᠍ᠰᠠᠨ ᠶᠡᠷᠦᠩᠬᠡᠶ
ᠬᠡᠮᠵᠢᠶ᠎ᠡ 24317 ᠬᠤᠪᠢ ᠪᠠᠢᠵᠤ᠂ ᠱᠢᠨᠵᠢᠯᠡᠬᠦ᠌ ᠤᠬᠠᠭᠠᠨ
ᠲᠧᠭᠨᠢᠭ ᠮᠡᠷᠭᠡᠵᠢᠯ᠎ᠦᠨ ᠪᠣᠳᠠᠲᠤ ᠬᠦᠴᠦᠨ ᠲᠣᠭ᠍ᠲᠠᠭᠤᠨ᠎ᠢᠶᠠᠷ ᠳᠡᠭᠡᠭ᠌ᠰᠢᠯᠡᠪᠡ᠃
ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠡᠯᠪᠡᠷᠢ᠎ᠶ᠋ᠢᠨ ᠠᠵᠤ ᠠᠬᠤᠢᠯᠠᠯ ᠲᠦᠷᠭᠡᠨ
ᠬᠥᠭ᠌ᠵᠢᠵᠦ᠍᠂ ᠱᠢᠨ᠎ᠡ᠎ᠶ᠋ᠢ ᠡᠭᠦᠳᠬᠦ᠌ ᠭᠣᠣᠯ ᠡᠭᠦᠷᠭᠡ᠎ᠶ᠋ᠢ
ᠡᠭᠦᠷᠭᠡᠯᠡᠪᠡ;
ᠳᠠᠪᠠᠭᠤᠯᠢᠭ ᠤᠨᠴᠠᠯᠢᠬ᠍ᠳᠤ ᠬᠦᠷᠢᠶ᠎ᠡ ᠴᠠᠷᠠᠭ᠎ᠠ᠎ᠶ᠋ᠢ ᠬᠠᠮᠤᠷᠤᠭ᠍ᠰᠠᠨ
151 ᠭᠣᠣᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ ᠤᠯᠠᠨ ᠵᠦᠢᠯ᠎ᠦᠨ ᠤᠤᠭᠠᠯ ᠡᠭᠦᠳᠦᠯᠲᠡ᠎ᠶ᠋ᠢᠨ ᠦᠷ᠎ᠡ ᠪᠦᠲᠦᠭᠡᠯ
ᠢ ᠤᠯᠪᠠ;
ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠂ ᠳᠡᠭᠡᠳᠦ ᠰᠤᠷᠭᠠᠭᠤᠯᠢ᠎ᠶ᠋ᠢᠨ ᠱᠢᠨᠵᠢᠯᠡᠬᠦ᠌
ᠤᠬᠠᠭᠠᠨ᠎ᠤ ᠰᠤᠳᠤᠯᠭᠠᠨ᠎ᠤ ᠬᠢᠷᠢ ᠬᠡᠮᠵᠢᠶ᠎ᠡ ᠪᠣᠯᠤᠨ ᠴᠢᠳᠠᠪᠤᠷᠢᠲᠠᠨ ᠬᠥᠮᠦᠵᠢᠭᠦᠯᠬᠦ᠌ ᠴᠢᠳᠠᠪᠤᠷᠢ
ᠶᠡᠬᠡᠪᠡᠷ ᠳᠡᠭᠡᠭ᠌ᠰᠢᠯᠡᠪᠡ;
ᠣᠷᠣᠨ ᠪᠦᠰᠡ᠎ᠶ᠋ᠢᠨ ᠱᠢᠨ᠎ᠡ᠎ᠶ᠋ᠢ ᠡᠭᠦᠳᠬᠦ᠌ ᠱᠢᠰᠲ᠋ᠧᠮ ᠡᠳᠦᠷ ᠢᠷᠡᠬᠦᠶ᠎ᠡ ᠪᠣᠯᠪᠠᠰᠤᠷᠠᠩᠭᠤᠢ ᠪᠣᠯᠵᠤ᠂ ᠡᠯ᠎ᠡ ᠱᠠᠲᠤᠨ᠎ᠤ ᠡᠯ᠎ᠡ ᠲᠥᠷᠥᠯ᠎ᠦᠨ
ᠱᠢᠨ᠎ᠡ᠎ᠶ᠋ᠢ ᠡᠭᠦᠳᠬᠦ᠌ ᠲᠠᠪᠴᠠᠩ᠂ ᠰᠤᠳᠤᠯᠤᠨ ᠨᠡᠭᠡᠭᠡᠬᠦ᠌ ᠪᠠᠢᠭᠤᠯᠤᠮᠵᠢ ᠲᠠᠰᠤᠷᠠᠯᠲᠠ ᠦᠭᠡᠢ ᠴᠣᠯᠭᠣᠷᠠᠨ ᠭᠠᠷᠴᠤ᠌᠂
ᠱᠢᠨ᠎ᠡ᠎ᠶ᠋ᠢ ᠡᠬᠦᠳᠴᠦ ᠦᠢᠯᠡᠰ ᠪᠣᠰᠭᠠᠬᠤ ᠰᠠᠢᠨ ᠰᠠᠢᠬᠠᠨ ᠠᠭᠤᠷ ᠠᠮᠢᠰᠬᠤᠯ᠎ᠢ ᠪᠤᠢ ᠪᠤᠯᠭᠠᠵᠤ᠂ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢᠨ ᠪᠠᠢᠭᠤᠯᠤᠯᠲᠠ
ᠲᠣᠪᠣᠢᠮ᠎ᠠ ᠦᠷ᠎ᠡ ᠪᠦᠲᠦᠮᠵᠢ ᠣᠯᠤᠭᠰᠠᠨ ᠪᠠᠢᠨ᠎ᠠ᠃
ᠱᠢᠨ᠎ᠡ᠎ᠶ᠋ᠢ ᠡᠭᠦᠳᠬᠦ᠌ ᠪᠣᠯ ᠬᠥᠭ᠌ᠵᠢᠯᠲᠡ᠎ᠶ᠋ᠢ ᠬᠦᠳᠦᠯᠦᠨ ᠳᠠᠭᠠᠭᠤᠯᠬᠤ ᠨᠢᠭᠡᠳᠦᠭᠡᠷ ᠬᠥᠳᠡᠯᠭᠡᠬᠦ᠌
ᠬᠦᠴᠦᠨ ᠮᠥᠨ᠃ ᠱᠢᠨ᠎ᠡ᠎ᠶ᠋ᠢ ᠡᠭᠦᠳᠪᠡᠯ ᠰᠠᠶᠢ ᠤᠷᠤᠭᠰᠢᠯᠠᠨ
ᠲᠠᠪᠰᠢᠵᠤ᠂ ᠱᠢᠨ᠎ᠡ᠎ᠶ᠋ᠢ ᠡᠬᠦᠳᠪᠡᠯ ᠰᠠᠶᠢ ᠬᠦᠴᠦᠷᠬᠡᠭ᠌ᠵᠢᠨ ᠮᠠᠨᠳᠤᠵᠤ᠂ ᠱᠢᠨ᠎ᠡ᠎ᠶ᠋ᠢ ᠡᠭᠦᠳᠪᠡᠯ ᠰᠠᠶᠢ ᠢᠯᠠᠯᠳᠠ ᠡᠴᠡ ᠢᠯᠠᠯᠳᠠ ᠳ᠋ᠤ ᠬᠦᠷᠴᠦ ᠴᠢᠳᠠᠨ᠎ᠠ᠃ ᠥᠨᠥᠳᠦᠷ᠎ᠦᠨ
ᠥᠪᠥᠷ ᠮᠣᠩᠭᠣᠯ ᠶᠠᠭ ᠱᠢᠨ᠎ᠡ᠎ᠶ᠋ᠢ ᠡᠭᠦᠳᠬᠦ᠌᠎ᠪᠡᠷ ᠬᠡᠯᠪᠡᠷᠢ᠎ᠪᠡᠨ
ᠬᠤᠪᠢᠷᠠᠭᠤᠯᠬᠤ ᠬᠦᠭᠵᠢᠯᠳᠡ ᠵᠢᠨ ᠵᠠᠮ᠎ᠢᠶᠠᠷ ᠲᠤᠷᠪᠢᠯᠢᠭ ᠤᠷᠤᠭᠰᠢᠯᠠᠵᠤ ᠂ ᠬᠥᠭ᠌ᠵᠢᠯᠲᠡ ᠵᠢᠨ ᠠᠵᠠ ᠲᠣᠬᠢᠶᠠᠯ᠎ᠢ
ᠪᠠᠳᠤ ᠡᠵᠡᠮᠳᠡᠵᠦ᠂ ᠬᠦᠴᠦᠷᠭᠡᠭ ᠶᠡᠭᠡ ᠠᠮᠢᠵᠢᠷᠠᠯ᠎ᠤᠨ ᠬᠦᠴᠤᠨ ᠵᠢᠠᠷ ᠪᠢᠯᠬᠠᠵᠦ ᠪᠠᠢᠨ᠎ᠠ᠃
ᠱᠢᠨ᠎ᠡ ᠬᠥᠭ᠌ᠵᠢᠯᠲᠡ᠎ᠶ᠋ᠢᠨ ᠱᠠᠲᠤ᠎ᠶ᠋ᠢ ᠡᠵᠡᠮᠳᠡᠵᠦ᠍᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ
ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠠᠭᠤᠰᠤᠯᠴᠠᠨ᠎ᠠ᠃ ᠲᠡᠦᠬᠡ᠎ᠶ᠋ᠢᠨ ᠱᠢᠨ᠎ᠡ ᠭᠠᠷᠤᠭ᠎ᠠ
ᠳᠡᠭᠡᠷ᠎ᠡ᠂ ᠳᠡᠯᠡᠬᠡᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠡᠮᠦᠨ᠎ᠡ ᠡᠩᠨᠡᠭᠡ᠎ᠳᠦ ᠬᠠᠨᠳᠤᠬᠤ᠂
ᠠᠵᠤ ᠠᠬᠤᠢ᠎ᠶ᠋ᠢᠨ ᠭᠣᠣᠯ ᠲᠠᠢ᠌ᠨ᠎ᠦ ᠲᠠᠯᠠᠪᠤᠷ᠎ᠲᠤ ᠬᠠᠨᠳᠤᠬᠤ᠂
ᠤᠯᠤᠰ᠎ᠤᠨ ᠴᠢᠬᠤᠯᠠ ᠶᠡᠬᠡ ᠬᠡᠷᠡᠭ᠌ᠴᠡᠭᠡ ᠱᠠᠭᠠᠷᠳᠠᠯᠭ᠎ᠠ᠎ᠳᠤ ᠬᠠᠨᠳᠤᠬᠤ᠂ ᠠᠷᠠᠳ ᠲᠦᠮᠡᠨ᠎ᠦ ᠠᠮᠢ ᠨᠠᠰᠤ ᠡᠷᠡᠭᠦᠯ
ᠮᠡᠨᠳᠤ᠎ᠳᠦ ᠬᠠᠨᠳᠤᠬᠤ᠎ᠶ᠋ᠢ ᠪᠠᠷᠢᠮᠲᠠᠯᠠᠵᠤ᠂ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ
ᠦᠢᠯᠡᠰ ᠲᠠᠰᠤᠷᠠᠯᠳᠠ ᠦᠭᠡᠢ ᠰᠢᠨ᠎ᠡ ᠭᠠᠢᠬᠠᠮᠰᠢᠭ᠎ᠢ ᠡᠬᠦᠳᠦᠨᠠᠮ !