ᠬᠦᠭᠵᠢᠯᠳᠡ ᠵᠢᠨ ᠰᠢᠨ᠎ᠠ ᠬᠠᠭᠤᠳᠠᠰᠤ ᠵᠢ ᠪᠢᠴᠢᠭᠯᠡᠭᠰᠡᠨ ᠡᠷᠡᠭᠦᠯ ᠡᠩᠬᠡ ᠵᠢᠨ ᠦᠢᠯᠡᠰ
2021-11-25 09:43:44
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

2019 ᠤᠨ ᠎ᠤ 11 ᠰᠠᠷ᠎ᠠ ᠵᠢᠨ 23 ᠎ᠤ᠋ ᠡᠳᠦᠷ᠂ 15 ᠳ᠋ᠦᠨᠭᠰᠢᠭᠤᠷ ᠰᠢᠬᠠᠮ ᠲᠦᠬᠦᠷᠢᠭ ᠎ᠤᠨ ᠪᠡᠯᠡ ᠤᠷᠤᠭᠤᠯᠵᠤ ᠰᠢᠨ᠎ᠡ ᠪᠡᠷ ᠪᠦᠳᠦᠬᠡᠨ ᠪᠠᠢᠭᠤᠯᠤᠭᠰᠠᠨ ᠦᠪᠦᠷ ᠮᠤᠨᠭᠭᠤᠯ᠎ᠤᠨ ᠡᠬᠡ ᠨᠢᠯᠬᠠᠰ ᠎ᠤᠨ ᠡᠷᠡᠭᠦᠯᠵᠢᠯ ᠎ᠤᠨ ᠡᠮᠨᠡᠯᠭᠡ ᠵᠢᠨ ᠬᠤᠷᠢᠶ᠎ᠠ ᠠᠰᠢᠬᠯᠠᠯᠳᠠ ᠳ᠋ᠤ ᠤᠷᠤᠪᠠ᠃ ᠬᠡᠦᠬᠡᠳ ᠎ᠤᠨ ᠡᠮᠨᠡᠯᠭᠡ ᠵᠢᠨ ᠬᠤᠷᠢᠶ᠎ᠠ ᠂ ᠬᠦᠨᠭᠭᠡᠵᠢᠯ ᠎ᠤᠨ ᠡᠮᠨᠡᠯᠭᠡ ᠵᠢᠨ ᠬᠤᠷᠢᠶ᠎ᠠ ᠪᠤᠯᠤᠨ ᠡᠬᠡ ᠨᠢᠯᠬᠠᠰ᠎ᠤᠨ ᠡᠷᠡᠭᠦᠯᠵᠢᠯ᠎ᠤᠨ ᠡᠮᠨᠡᠯᠭᠡ ᠵᠢᠨ ᠬᠤᠷᠢᠶ᠎ᠠ ᠵᠢ ᠨᠢᠭᠡ ᠴᠤᠬᠴᠠᠵᠢᠭᠤᠯᠤᠭᠰᠠᠨ ᠡᠨᠡ ᠬᠦ᠌ ᠡᠮᠨᠡᠯᠭᠡ ᠎ᠶᠢᠨ ᠬᠤᠷᠢᠶ᠎ᠠ ᠨᠢ 800 ᠡᠪᠡᠳᠴᠢᠳᠡᠨ ᠎ᠤ ᠤᠷᠤ ᠲᠠᠢ ᠪᠠᠢᠵᠤ᠂ ᠦᠩᠬᠡᠷᠡᠭᠰᠡᠨ᠎ᠤ ᠬᠠᠭᠤᠴᠢᠨ ᠡᠮᠨᠡᠯᠭᠡ ᠵᠢᠨ ᠬᠤᠷᠢᠶ᠎ᠡ ᠡᠴᠡ 500 ᠡᠪᠡᠳᠴᠢᠳᠠᠨ᠎ᠤ ᠤᠷᠤ ᠨᠡᠮᠡᠭᠳᠡᠵᠤ᠂ ᠬᠦᠬᠡᠬᠤᠳᠠ ᠵᠢᠨ ᠬᠡᠦᠬᠡᠳ ᠨᠢᠯᠬᠠᠰ ᠬᠢᠬᠡᠳ ᠡᠮᠡᠭᠲᠡᠢᠴᠦᠳ ᠎ᠤᠨ ᠡᠪᠡᠳᠴᠢᠨ ᠦᠵᠡᠭᠦᠯᠬᠦ ᠳ᠋ᠤ ᠬᠦᠴᠢᠷᠲᠡᠢ᠂ ᠡᠮᠨᠡᠯᠭᠡ ᠳ᠋ᠤ ᠰᠠᠭᠤᠵᠤ ᠡᠮᠨᠡᠭᠦᠯᠬᠦ ᠳ᠋ᠤ ᠬᠦᠴᠢᠷᠲᠡᠢ ᠪᠠᠢᠭᠰᠠᠨ ᠠᠰᠠᠭᠤᠳᠠᠯ ᠎ᠢ ᠪᠦᠳᠦᠮᠵᠢᠳᠠᠢ ᠰᠢᠢᠳᠪᠦᠷᠢᠯᠡᠵᠡᠢ᠃

ᠡᠷᠡᠬᠦᠯ ᠬᠠᠮᠠᠭᠠᠯᠠᠯ ᠡᠷᠡᠬᠦᠯ ᠮᠡᠨᠳᠤ ᠪᠤᠯ ᠦᠨᠳᠤᠰᠤᠨ ᠠᠷᠠᠳ᠎ᠤᠨ ᠠᠮᠢᠳᠤᠷᠠᠯ ᠮᠦᠨ᠃ ᠤᠯᠠᠨ ᠵᠢᠯ ᠎ᠤᠨ ᠲᠤᠷᠰᠢ᠂ ᠢᠯᠠᠨᠭᠭᠤᠶ᠎ᠠ ᠦᠪᠡᠷᠲᠡᠭᠡᠨ ᠵᠠᠰᠠᠬᠤ ᠤᠷᠤᠨ᠎ᠤ ᠠᠷᠪᠠᠳᠤᠭᠠᠷ ᠤᠳᠠᠭ᠎ᠠ ᠵᠢᠨ ᠨᠠᠮ ᠎ᠤᠨ ᠲᠦᠯᠦᠭᠡᠯᠡᠭᠴᠢᠳ ᠎ᠤᠨ ᠶᠡᠬᠡ ᠬᠤᠷᠠᠯ ᠡᠴᠡ ᠨᠠᠭᠠᠰᠢ᠂ ᠮᠠᠨ ᠎ᠤ ᠤᠷᠤᠨ ᠠᠷᠠᠳ ᠲᠦᠮᠡᠨ ᠎ᠤ ᠡᠷᠡᠭᠦᠯ ᠮᠡᠨᠳᠦ ᠵᠢ ᠲᠡᠷᠢᠭᠦᠨ ᠳ᠋ᠤ ᠲᠠᠯᠪᠢᠵᠤ᠂ ᠡᠮ ᠡᠮᠨᠡᠯᠭᠡ ᠡᠷᠡᠭᠦᠯ ᠮᠡᠨᠳᠦ ᠵᠢᠨ ᠲᠤᠬᠲᠠᠴᠠ ᠵᠢᠨ ᠦᠭᠡᠷᠡᠴᠢᠯᠡᠯᠲᠡ ᠵᠢ ᠪᠦᠬᠦ ᠲᠠᠯ᠎ᠠ ᠪᠡᠷ ᠭᠦᠨᠵᠡᠭᠡᠢᠷᠡᠭᠦᠯᠤᠨ᠂ ᠡᠷᠡᠭᠦᠯ ᠡᠨᠭᠬᠡ ᠦᠪᠦᠷ ᠮᠤᠨᠭᠭᠤᠯ ᠎ᠤᠨ ᠪᠦᠳᠦᠬᠡᠨ ᠪᠠᠢᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠵᠤ ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠦᠢᠯᠡᠰ ᠎ᠤᠨ ᠬᠦᠭᠵᠢᠯᠲᠡ ᠵᠢᠨ ᠰᠢᠨ᠎ᠠ ᠬᠠᠭᠤᠳᠠᠰᠤ ᠵᠢ ᠪᠢᠴᠢᠭᠯᠡᠪᠡ᠃

— ᠤᠳᠤ ᠦᠶ᠎ᠡ ᠵᠢᠨ ᠡᠮᠨᠡᠯᠭᠡ ᠵᠢᠨ ᠬᠤᠷᠢᠶᠠᠨ᠎ᠤ ᠬᠠᠮᠢᠶᠠᠷᠤᠯᠲᠠ ᠵᠢᠨ ᠳᠦᠷᠢᠮ᠎ᠢ ᠪᠠᠢᠭᠤᠯᠤᠨ ᠪᠦᠷᠢᠨᠰᠢᠭᠦᠯᠬᠦ ᠲᠤᠷᠰᠢᠯᠲᠠ ᠵᠢᠨ ᠴᠡᠭ᠎ᠤᠨ ᠠᠵᠢᠯ ᠎ᠢ ᠦᠷᠨᠢᠭᠦᠯᠵᠦ᠂ ᠮᠠᠨ ᠎ᠤ ᠤᠷᠤᠨ ᠎ᠤ  4 ᠡᠮᠨᠡᠯᠭᠡ ᠵᠢᠨ ᠬᠤᠷᠢᠶ᠎ᠠ ᠤᠯᠤᠰ ᠎ᠤᠨ ᠳᠡᠰ ᠎ᠤᠨ ᠲᠤᠷᠰᠢᠯᠲᠡ ᠵᠢᠨ ᠴᠡᠭ ᠪᠤᠯᠵᠤ᠂ 93 ᠡᠮᠨᠡᠯᠭᠡ ᠵᠢᠨ ᠬᠤᠷᠢᠶ᠎ᠠ ᠵᠢ ᠦᠪᠡᠷᠲᠡᠭᠡᠨ ᠵᠠᠰᠠᠬᠤ ᠤᠷᠤᠨ᠎ᠤ ᠳᠡᠰ᠎ᠤᠨ ᠲᠤᠷᠰᠢᠯᠲᠡ ᠵᠢᠨ ᠴᠡᠭ ᠵᠢᠡᠷ ᠲᠤᠬᠲᠠᠭᠠᠨ᠂ ᠤᠯᠠᠭᠠᠨᠬᠠᠳᠠ ᠬᠤᠲᠠ ᠪᠤᠯᠤᠨ ᠦᠬᠠᠢ ᠬᠤᠲᠠ ᠵᠢ ᠲᠤᠷᠰᠢᠯᠲᠠ ᠵᠢᠨ ᠴᠡᠭ᠎ᠤᠨ ᠭᠠᠵᠠᠷ ᠤᠷᠤᠨ᠎ᠤ ᠬᠤᠪᠢ ᠪᠠᠷ ᠪᠦᠬᠦᠯᠢ ᠴᠤᠬᠴᠠ ᠪᠠᠷ ᠠᠬᠢᠭᠤᠯᠪᠠ᠃ ᠡᠮ ᠡᠮᠨᠡᠯᠭᠡ ᠵᠢᠨ ᠦᠢᠯᠡᠴᠢᠯᠡᠭᠡᠨ ᠎ᠤ ᠦᠨ᠎ᠡ ᠵᠢᠨ ᠬᠦᠳᠡᠯᠦᠨᠭᠭᠦᠢ ᠲᠤᠬᠢᠷᠠᠭᠤᠯᠤᠯᠲᠠ ᠵᠢᠨ ᠲᠤᠬᠲᠠᠴᠠ ᠵᠢ ᠪᠠᠢᠭᠤᠯᠵᠤ᠂ 2016 ᠤᠨ ᠡᠴᠡ ᠨᠠᠭᠠᠰᠢ ᠤᠷᠢᠳ ᠬᠤᠵᠢᠳ ᠡᠮ ᠡᠮᠨᠡᠯᠬᠡ ᠵᠢᠨ ᠦᠢᠯᠡᠴᠢᠯᠡᠭᠡᠨ᠎ᠤ ᠰᠦᠢᠳᠭᠡᠯ ᠬᠤᠷᠢᠶᠠᠬᠤ 8000 ᠲᠦᠷᠦᠯ ᠵᠦᠢᠯ᠎ᠤᠨ ᠦᠨ᠎ᠡ ᠬᠠᠩᠰᠢ ᠳ᠋ᠤ ᠲᠤᠬᠢᠷᠠᠭᠤᠯᠤᠯᠲᠠ ᠬᠢᠪᠡ᠃

— ᠦᠨᠳᠦᠰᠦᠨ ᠱᠠᠲᠤᠨ ᠳ᠋ᠤ ᠤᠷᠢᠳ ᠵᠢᠡᠷ ᠤᠨᠤᠰᠢᠯᠠᠨ ᠡᠮᠨᠡᠬᠦ ᠂ ᠬᠤᠤᠰ ᠴᠢᠭᠯᠡᠯ ᠵᠢᠡᠷ ᠰᠢᠯᠵᠢᠭᠦᠯᠦᠨ ᠤᠨᠤᠰᠢᠯᠠᠨ ᠡᠮᠨᠡᠬᠦ᠂ ᠲᠦᠷᠭᠡᠨ ᠪᠠ ᠤᠳᠠᠭᠠᠨ ᠴᠢᠨᠠᠷᠲᠠᠢ ᠡᠪᠡᠳᠴᠢᠨ᠎ᠢ ᠰᠠᠯᠭᠠᠨ ᠵᠠᠰᠠᠬᠤ᠂ ᠳᠡᠭᠡᠳᠦ ᠳᠤᠤᠷᠠᠳᠤ ᠱᠠᠲᠤ ᠪᠠᠷ ᠬᠤᠷᠰᠢᠯᠴᠠᠬᠤ ᠳᠡᠰ ᠬᠤᠪᠢᠶᠠᠵᠤ ᠤᠨᠤᠰᠢᠯᠠᠨ ᠡᠮᠨᠡᠬᠦ ᠳᠦᠷᠢᠮ ᠎ᠢ ᠪᠠᠢᠭᠤᠯᠵᠤ᠂ ᠡᠮᠴᠢᠯᠡᠭᠡᠨ ᠎ᠤ ᠬᠤᠯᠪᠤᠭᠠᠲᠤ ᠴᠤᠬᠴᠠ ᠪᠤᠯᠤᠨ ᠭᠡᠷ ᠪᠦᠯᠢ ᠵᠢᠨ ᠡᠮᠴᠢ ᠵᠢᠨ ᠦᠢᠯᠡᠴᠢᠯᠡᠭᠡᠨ ᠵᠢᠡᠷ ᠭᠠᠷᠲᠠᠴᠠ ᠪᠤᠯᠭᠠᠨ ᠳᠡᠰ ᠬᠤᠪᠢᠶᠠᠵᠤ ᠤᠨᠤᠰᠢᠯᠠᠨ ᠡᠮᠨᠡᠬᠦ ᠰᠢᠰᠲᠸᠮ ᠎ᠤᠨ ᠪᠠᠢᠭᠤᠯᠤᠯᠲᠠ ᠵᠢ ᠢᠳᠡᠪᠬᠢᠲᠡᠢ ᠠᠬᠢᠭᠤᠯᠪᠠ᠃ ᠤᠳᠤᠬᠠᠨ᠎ᠠ ᠪᠦᠬᠦ ᠤᠷᠤᠨ ᠳ᠋ᠤ ᠪᠤᠢ ᠪᠦᠬᠦᠢ ᠭᠤᠷᠪᠠᠳᠤᠭᠠᠷ ᠳᠡᠰ᠎ᠤᠨ ᠡᠮᠨᠡᠯᠭᠡ ᠵᠢᠨ ᠬᠤᠷᠢᠶ᠎ᠠ ᠤᠷᠤᠯᠴᠠᠵᠤ ᠬᠦᠲᠦᠯᠦᠨ ᠵᠢᠯᠤᠭᠤᠳᠤᠬᠰᠠᠨ 177 ᠡᠮᠴᠢᠯᠡᠭᠡᠨ ᠎ᠤ ᠬᠤᠯᠪᠤᠭᠠᠲᠤ ᠴᠤᠬᠴᠠ ᠵᠢ ᠪᠠᠢᠭᠤᠯᠵᠤ᠂ ᠪᠡᠭᠡᠵᠢᠩ ᠬᠤᠲᠠ ᠵᠢᠨ ᠭᠤᠷᠪᠠᠳᠤᠭᠠᠷ ᠳᠡᠰ᠎ᠤᠨ 33 ᠡᠮᠨᠡᠯᠭᠡ ᠵᠢᠨ ᠬᠤᠷᠢᠶ᠎ᠠ ᠪᠤᠯᠤᠨ ᠦᠪᠡᠷᠳᠡᠬᠡᠨ ᠵᠠᠰᠠᠬᠤ ᠤᠷᠤᠨ ᠎ᠤ ᠭᠤᠷᠪᠠᠳᠤᠭᠠᠷ ᠳᠡᠰ ᠎ᠤᠨ 16 ᠡᠮᠨᠡᠯᠭᠡ ᠵᠢᠨ ᠬᠤᠷᠢᠶ᠎ᠡ ᠵᠢ ᠵᠤᠬᠢᠶᠠᠨ ᠪᠠᠢᠭᠤᠯᠤᠨ ᠬᠤᠰᠢᠭᠤ ᠰᠢᠶᠠᠨ ᠎ᠤ ᠳᠡᠰ ᠎ᠤᠨ 60 ᠡᠮᠨᠡᠯᠭᠡ ᠵᠢᠨ ᠬᠤᠷᠢᠶ᠎ᠠ ᠵᠢ ᠬᠠᠪᠰᠤᠷᠤᠨ ᠲᠡᠳᠭᠦᠵᠤ ᠂ ᠤᠳᠤᠬᠠᠨ ᠪᠤᠯᠳᠠᠯ᠎ᠠ ᠬᠠᠪᠰᠤᠷᠤᠨ ᠲᠡᠳᠭᠦᠵᠦ ᠪᠠᠢᠭ᠎ᠠ ᠡᠮᠨᠡᠯᠭᠡ ᠵᠢᠨ ᠬᠤᠷᠢᠶᠠᠨ ᠳ᠋ᠤ 130 ᠡᠮᠴᠢᠯᠡᠭᠡᠨ ᠎ᠤ ᠲᠤᠰᠬᠠᠢ ᠰᠠᠯᠠᠭ᠎ᠠ ᠵᠢ ᠰᠢᠨ᠎ᠡ ᠪᠡᠷ ᠪᠠᠢᠭᠤᠯᠤᠨ ᠦᠭᠴᠦ᠂ 365 ᠲᠦᠷᠦᠯ ᠎ᠤᠨ ᠰᠢᠨ᠎ᠡ ᠮᠡᠷᠭᠡᠵᠢᠯ ᠰᠢᠨ᠎ᠡ ᠲᠦᠷᠦᠯ ᠵᠦᠢᠯ ᠎ᠢ ᠦᠷᠨᠢᠭᠦᠯᠪᠡ ᠃

—《ᠢᠨᠲᠸᠷ ᠰᠦᠯᠵᠢᠶ᠎ᠡ + ᠡᠮ ᠡᠮᠨᠡᠯᠭᠡ ᠡᠷᠡᠭᠦᠯ ᠮᠡᠨᠳᠦ》 ᠵᠢᠨ ᠪᠠᠢᠭᠤᠯᠤᠯᠲᠠ ᠵᠢᠨ ᠲᠦᠰᠦᠯ᠎ᠢ ᠲᠤᠬᠲᠠᠭᠠᠨ ᠬᠡᠷᠡᠭᠵᠢᠬᠦᠯᠵᠤ᠂ ᠭᠤᠷᠪᠠᠳᠤᠭᠠᠷ ᠳᠡᠰ᠎ᠤᠨ ᠠᠯᠪᠠᠨ ᠡᠴᠡ ᠡᠷᠬᠢᠯᠡᠭᠰᠡᠨ ᠡᠮᠨᠡᠯᠭᠡ ᠵᠢᠨ ᠬᠤᠷᠢᠶ᠎ᠠ ᠵᠢᠨ ᠬᠤᠰᠢᠭᠤ ᠰᠢᠶᠠᠨ ᠎ᠤ ᠳᠡᠰ ᠎ᠤᠨ ᠡᠮᠨᠡᠯᠭᠡ ᠵᠢᠨ ᠬᠤᠷᠢᠶ᠎ᠠ ᠲᠠᠢ ᠬᠤᠷᠰᠢᠯᠴᠡᠨ ᠠᠯᠤᠰ ᠡᠴᠡ ᠤᠨᠤᠰᠢᠯᠠᠨ ᠡᠮᠨᠡᠬᠦ ᠦᠢᠯᠡᠴᠢᠯᠡᠭᠡ ᠵᠢ 101 ᠬᠤᠰᠢᠭᠤ ᠰᠢᠶᠠᠨ ᠲᠤᠭᠤᠷᠢᠭ ᠲᠦ᠍ ᠶᠠᠪᠤᠭᠤᠯᠵᠤ᠂ 《ᠦᠨᠳᠦᠰᠦᠨ ᠱᠠᠲᠤᠨ ᠳ᠋ᠤ ᠪᠠᠢᠴᠠᠭᠠᠵᠤ ᠲᠠᠬᠡᠳᠤ ᠱᠠᠲᠤᠨ ᠳ᠋ᠤ ᠤᠨᠤᠰᠢᠯᠠᠬᠤ》ᠦᠢᠯᠡᠴᠢᠯᠡᠭᠡᠨ ᠎ᠤ ᠬᠡᠯᠪᠡᠷᠢ ᠶᠠᠭ ᠰᠠᠶ᠋ᠢᠬᠠᠨ ᠪᠦᠷᠢᠯᠳᠦᠵᠦ᠂ ᠬᠤᠰᠢᠭᠤ ᠰᠢᠶᠠᠨ ᠎ᠤ ᠱᠠᠲᠤᠨ ᠎ᠤ ᠡᠮ ᠡᠮᠨᠡᠯᠭᠡ ᠵᠢᠨ ᠦᠢᠯᠡᠴᠢᠯᠡᠭᠡᠨ ᠎ᠤ ᠲᠦᠪᠰᠢᠨ ᠢᠯᠡᠷᠬᠡᠢ ᠳᠡᠭᠡᠭᠰᠢᠯᠡᠭᠰᠡᠨ ᠪᠠᠢᠨ᠎ᠠ ᠃

— ᠦᠨᠳᠦᠰᠦᠨ ᠡᠮᠴᠢᠯᠡᠭᠡᠨ ᠎ᠤ ᠳᠠᠭᠠᠳᠬᠠᠯ ᠎ᠤᠨ ᠳᠦᠷᠢᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠤᠨᠳᠤᠤ ᠭᠠᠵᠠᠷ ᠲᠦ᠍ ᠡᠮᠨᠡᠭᠦᠯᠦᠭᠰᠡᠨ ᠵᠠᠷᠤᠳᠠᠯ ᠎ᠢ ᠰᠢᠭᠤᠳ ᠲᠠᠰᠤᠯᠤᠨ ᠪᠤᠳᠤᠬᠤ᠎ᠵᠢ ᠪᠡᠶᠡᠯᠡᠭᠦᠯᠪᠡ᠃ 2016 ᠤᠨ ᠳ᠋ᠤ ᠬᠤᠲᠠ ᠬᠦᠳᠡᠭᠡ ᠵᠢᠨ ᠰᠠᠭᠤᠭᠠᠯᠢ ᠠᠷᠠᠳ᠎ᠤᠨ ᠡᠮᠴᠢᠯᠡᠭᠡᠨ᠎ᠤ ᠳᠠᠭᠠᠳᠬᠠᠯ ᠎ᠢ ᠪᠦᠬᠦ ᠲᠠᠯ᠎ᠠ ᠪᠠᠷ ᠨᠡᠢᠳᠭᠡᠨ᠂ ᠨᠢᠭᠡᠲᠦᠯᠲᠡᠢ ᠪᠡᠷ ᠬᠤᠲᠠ ᠬᠦᠳᠡᠭᠡ ᠵᠢᠨ ᠰᠠᠭᠤᠭᠠᠯᠢ ᠠᠷᠠᠳ᠎ᠤᠨ ᠡᠮᠴᠢᠯᠡᠭᠡᠨ᠎ᠤ ᠳᠠᠭᠠᠳᠬᠠᠯ ᠎ᠤᠨ ᠳᠦᠷᠢᠮ᠎ᠢ ᠬᠡᠷᠡᠭᠵᠢᠭᠦᠯᠵᠦ᠂ ᠪᠡᠯᠡ ᠮᠦᠨᠭᠭᠦ ᠬᠤᠷᠠᠮᠳᠤᠭᠤᠯᠬᠤ ᠲᠦᠪᠰᠢᠨ ᠪᠠ ᠳᠠᠨᠭᠰᠠ ᠲᠠᠢᠯᠬᠤ ᠬᠠᠷᠢᠴᠠᠯ᠎ᠢ ᠲᠤᠬᠲᠠᠭᠤᠨ ᠵᠢᠡᠷ ᠳᠡᠭᠡᠭᠰᠢᠯᠡᠭᠦᠯᠪᠡ᠃ ᠤᠳᠤ ᠮᠠᠨ ᠎ᠤ ᠤᠷᠤᠨ᠎ᠤ ᠬᠤᠲᠠ ᠬᠦᠳᠡᠭᠡ ᠵᠢᠨ ᠠᠵᠢᠯᠲᠡᠨ ᠠᠵᠢᠯᠴᠢᠨ ᠪᠤᠯᠤᠨ ᠬᠤᠳᠠ ᠬᠦᠳᠡᠬᠡ ᠵᠢᠨ ᠰᠠᠭᠤᠭᠠᠯᠢ ᠠᠷᠠᠳ ᠎ᠤᠨ ᠡᠮᠴᠢᠯᠡᠭᠡᠨ ᠎ᠤ ᠳᠠᠭᠠᠳᠬᠠᠯ ᠎ᠤᠨ ᠲᠦᠷᠦ ᠵᠢᠨ ᠪᠤᠳᠤᠯᠭ᠎ᠠ ᠳᠤᠲᠤᠷᠠᠬᠢ ᠡᠮᠨᠡᠯᠭᠡ ᠳ᠋ᠤ ᠰᠠᠭᠤᠵᠤ ᠡᠮᠴᠢᠯᠡᠭᠦᠯᠬᠦ ᠵᠠᠷᠤᠳᠠᠯ ᠎ᠤᠨ ᠳᠠᠨᠭᠰᠠ ᠳᠠᠢᠯᠬᠤ ᠬᠠᠷᠢᠴᠠᠯ ᠲᠤᠰ ᠲᠤᠰ 85% ᠪᠠ 75% ᠤᠷᠴᠢᠮ ᠳ᠋ᠤ ᠬᠦᠷᠴᠦ ᠪᠤᠢ᠃

2020 ᠤᠨ ᠎ᠤ 11 ᠰᠠᠷ᠎ᠠ ᠵᠢᠨ 30 ᠎ᠤ᠋ ᠡᠳᠦᠷ᠂ ᠦᠪᠦᠷ ᠮᠤᠨᠭᠭᠤᠯ ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ ᠵᠢᠨ ᠬᠠᠷᠢᠶᠠᠲᠤ ᠡᠮᠨᠡᠯᠭᠡ ᠵᠢᠨ ᠬᠤᠷᠢᠶᠠᠨ᠎ᠤ ᠴᠢᠰᠤᠨ ᠎ᠤ ᠰᠠᠯᠠᠭ᠎ᠠ ᠵᠢᠨ ᠡᠮᠴᠢ ᠨᠠᠷ ᠎ᠤᠨ ᠨᠢᠮᠪᠠᠢ ᠡᠮᠴᠢᠯᠡᠭᠡ ᠳᠤᠤᠷ᠎ᠠ ᠂ ᠲᠠᠷᠢᠬᠢᠨ ᠎ᠤ ᠯᠢᠮᠹᠠ ᠵᠢᠨ ᠬᠠᠪᠤᠳᠠᠷ ᠲᠦ᠍ ᠨᠡᠷᠪᠡᠭᠳᠡᠭᠰᠡᠨ ᠸᠠᠩ ᠠᠪᠤᠭᠠᠢ ᠵᠢᠨ ᠡᠪᠡᠳᠴᠢᠨ ᠦᠨᠳᠤᠰᠤᠨ ᠳ᠋ᠡᠬᠡᠨ ᠡᠳᠡᠬᠡᠷᠡᠵᠤ ᠡᠮᠨᠡᠯᠭᠡ ᠡᠴᠡ ᠭᠠᠷᠴᠠᠢ᠂ ᠡᠨᠡ ᠪᠤᠯ ᠲᠤᠰ ᠡᠮᠨᠡᠯᠭᠡ ᠵᠢᠨ ᠬᠤᠷᠢᠶ᠎ᠠ ᠵᠢᠨ ᠡᠪᠡᠳᠴᠢᠲᠡᠨ᠎ᠤ ᠦᠪᠡᠷ ᠎ᠤᠨ ᠪᠡᠶ᠎ᠡ ᠵᠢᠨ ᠭᠠᠳᠠᠷ ᠡᠷᠭᠢᠯᠲᠡ ᠵᠢᠨ ᠴᠢᠰᠤᠨ ᠎ᠤ ᠴᠢᠰᠤ ᠪᠦᠲᠦᠭᠡᠬᠦ ᠰᠤᠷᠪᠤᠯᠵᠢ ᠡᠰ ᠎ᠢ ᠡᠪᠡᠳᠴᠢᠲᠡᠨ ᠎ᠤ ᠪᠡᠶ᠎ᠡ ᠳ᠋ᠤ ᠰᠢᠯᠵᠢᠭᠦᠯᠬᠦ ᠪᠠᠷ ᠳᠠᠮᠵᠢᠨ ᠴᠢᠰᠤᠨ ᠎ᠤ ᠬᠤᠤᠷᠲᠤ ᠬᠠᠪᠤᠳᠠᠷ᠎ᠢ ᠡᠮᠨᠡᠬᠦ ᠮᠡᠷᠭᠡᠵᠢᠯ ᠳ᠋ᠤ ᠰᠢᠨ᠎ᠠ ᠰᠢᠪᠲᠦᠯᠦᠯᠲᠡ ᠭᠠᠷᠭᠠᠭᠰᠠᠨ ᠪᠠᠰᠠ ᠨᠢᠭᠡᠨ ᠠᠮᠵᠢᠯᠲᠠ ᠲᠠᠢ ᠵᠢᠱ᠌ᠢᠶ᠎ᠡ ᠪᠤᠯᠬᠤ ᠶᠤᠮ᠃ ᠦᠪᠦᠷ ᠮᠤᠨᠭᠭᠤᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ ᠵᠢᠨ ᠬᠠᠷᠢᠶᠠᠲᠤ ᠡᠮᠨᠡᠯᠭᠡ ᠵᠢᠨ ᠬᠤᠷᠢᠶᠠᠨ ᠎ᠤ ᠴᠢᠰᠤᠨ ᠎ᠤ ᠰᠠᠯᠠᠭᠠᠨ ᠎ᠤ ᠡᠷᠬᠢᠯᠡᠭᠴᠢ ᠭᠤᠤ ᠳᠠ ᠡᠮᠴᠢ ᠵᠢᠨ ᠲᠠᠨᠢᠯᠴᠠᠭᠤᠯᠤᠬᠰᠠᠨ ᠵᠢᠡᠷ᠂ ᠤᠢᠷ᠎ᠠ ᠵᠢᠨ ᠵᠢᠯ ᠳ᠋ᠤ ᠮᠢᠺᠷᠤᠪ ᠎ᠤᠨ ᠪᠤᠬᠢᠷᠲᠤᠯ ᠵᠢᠡᠷ ᠪᠠᠭ᠎ᠠ ᠮᠡᠰᠡ ᠵᠠᠰᠠᠯ ᠎ᠤᠨ ᠲᠠᠰᠤᠭ ᠎ᠢ ᠪᠠᠢᠭᠤᠯᠤᠬᠰᠠᠨ ᠪᠠ ᠴᠢᠰᠤᠨ᠎ᠤ ᠡᠰ ᠎ᠢ ᠰᠠᠯᠭᠠᠬᠤ ᠮᠠᠰᠢᠨ ᠵᠡᠷᠭᠡ ᠳᠡᠭᠡᠳᠦ ᠳᠡᠰ᠎ᠤᠨ ᠡᠮᠴᠢᠯᠡᠭᠡᠨ᠎ᠤ ᠲᠦᠬᠦᠭᠡᠷᠦᠮᠵᠢ ᠵᠢ ᠵᠠᠯᠭᠠᠭ᠎ᠠ ᠪᠠᠷ ᠤᠷᠤᠭᠤᠯᠤᠨ ᠠᠪᠴᠢᠷᠠᠬᠰᠠᠨ ᠡᠴᠡ ᠲᠤᠰ ᠰᠠᠯᠠᠭ᠎ᠠ ᠵᠢᠨ ᠬᠢᠨ ᠴᠢᠰᠤ ᠪᠦᠲᠦᠭᠡᠬᠦ ᠰᠤᠷᠪᠤᠯᠵᠢ ᠡᠰ᠎ᠢ ᠡᠪᠡᠳᠴᠢᠲᠡᠨ᠎ᠤ ᠪᠡᠶ᠎ᠡ ᠳ᠋ᠤ ᠰᠢᠯᠵᠢᠭᠦᠯᠬᠦ ᠡᠮᠴᠢᠯᠡᠭᠡᠨ᠎ᠢ ᠦᠷᠨᠢᠭᠦᠯᠵᠦ᠂ ᠶᠡᠬᠡᠬᠡᠨ ᠠᠮᠵᠢᠯᠳᠠ ᠤᠯᠤᠭᠰᠠᠨ ᠨᠢ ᠡᠨᠡ ᠪᠢᠯᠡ᠃

ᠦᠪᠡᠷᠲᠡᠭᠡᠨ ᠵᠠᠰᠠᠬᠤ ᠤᠷᠤᠨ ᠎ᠤ ᠠᠷᠪᠠᠳᠤᠭᠠᠷ ᠤᠳᠠᠭ᠎ᠠ ᠵᠢᠨ ᠨᠠᠮ ᠎ᠤᠨ ᠲᠦᠯᠦᠭᠡᠯᠡᠭᠴᠢᠳ ᠎ᠤᠨ ᠶᠡᠬᠡ ᠬᠤᠷᠠᠯ ᠡᠴᠡ ᠨᠠᠭᠠᠰᠢ ᠂ ᠮᠠᠨ ᠎ᠤ ᠤᠷᠤᠨ ᠡᠮ ᠡᠮᠨᠡᠯᠭᠡ ᠡᠷᠡᠭᠦᠯ ᠬᠠᠮᠠᠭᠠᠯᠠᠯ ᠎ᠤᠨ ᠰᠠᠭᠤᠷᠢ ᠲᠦᠬᠦᠭᠡᠷᠦᠮᠵᠢ ᠵᠢᠨ ᠪᠦᠲᠦᠭᠡᠨ ᠪᠠᠢᠭᠤᠯᠤᠯᠲᠠ ᠵᠢ ᠲᠠᠰᠤᠷᠠᠯᠲᠠ ᠦᠭᠡᠢ ᠴᠢᠨᠭᠭᠠᠳᠬᠠᠨ᠂ ᠬᠤᠲᠠ ᠬᠦᠳᠡᠭᠡ ᠵᠢᠨ ᠤᠯᠠᠨ ᠨᠡᠢᠲᠡ ᠵᠢᠨ ᠦᠢᠯᠡᠴᠢᠯᠡᠭᠡ ᠵᠢ ᠲᠡᠨᠭᠴᠡᠭᠦᠷᠢᠰᠢᠭᠦᠯᠬᠦ ᠵᠢ ᠠᠬᠢᠭᠤᠯᠵᠤ᠂ ᠤᠯᠠᠨ ᠲᠦᠮᠡᠨ᠎ᠳᠤ ᠠᠮᠤᠷ ᠲᠦᠪᠰᠢᠨ ᠪᠦᠲᠦᠮᠵᠢᠲᠡᠢ᠂ ᠳᠦᠭᠦᠮ ᠳᠦᠲᠡ ᠪᠦᠭᠡᠳ ᠬᠢᠮᠳᠡᠬᠠᠨ ᠤᠯᠠᠨ ᠨᠡᠢᠲᠡ ᠵᠢᠨ ᠡᠷᠡᠭᠦᠯ ᠬᠠᠮᠠᠭᠠᠯᠠᠯ ᠪᠠ ᠦᠨᠳᠦᠰᠦᠨ ᠡᠮᠴᠢᠯᠡᠬᠡᠨ᠎ᠤ ᠦᠢᠯᠡᠴᠢᠯᠡᠭᠡ ᠬᠠᠨᠭᠭᠠᠵᠤ ᠪᠤᠢ᠃ ᠨᠢᠳᠤᠨᠤᠨ ᠎ᠤ ᠵᠢᠯ ᠎ᠤᠨ ᠰᠡᠬᠦᠯᠴᠢ ᠪᠤᠯᠬᠤ ᠳ᠋ᠤ ᠂ ᠪᠦᠬᠦ ᠤᠷᠤᠨ ᠳ᠋ᠤ 24614 ᠡᠷᠡᠭᠦᠯ ᠬᠠᠮᠠᠭᠠᠯᠠᠯ ᠎ᠤᠨ ᠪᠠᠢᠭᠤᠯᠤᠮᠵᠢ ᠲᠠᠢ ᠪᠤᠯᠵᠤ᠂ 2016 ᠤᠨ ᠎ᠤ ᠰᠡᠬᠦᠯᠴᠢ ᠵᠢᠨ ᠬᠢ ᠡᠴᠡ 613 ᠨᠡᠮᠡᠭᠳᠡᠪᠡ ; ᠪᠦᠬᠦ ᠤᠷᠤᠨ᠎ᠤ ᠡᠮ ᠡᠮᠨᠡᠯᠭᠡ ᠡᠷᠡᠭᠦᠯ ᠬᠠᠮᠠᠭᠠᠯᠠᠯ ᠎ᠤᠨ ᠨᠢᠭᠡᠴᠢ ᠳ᠋ᠤ ᠨᠡᠢᠳᠡ 16.2 ᠲᠦᠮᠡᠨ ᠡᠪᠡᠳᠴᠢᠲᠡᠨ᠎ᠤ ᠤᠷᠤ ᠲᠠᠢ ᠪᠤᠯᠵᠦ᠂ 2016 ᠤᠨ᠎ᠤ ᠰᠡᠬᠦᠯᠴᠢ ᠵᠢᠨ ᠬᠢ ᠡᠴᠡ 5.3 ᠲᠦᠮᠡ ᠨᠡᠮᠡᠭᠳᠡᠵᠠᠢ; ᠪᠦᠬᠦ ᠤᠷᠤᠨ ᠳ᠋ᠤ 20.2 ᠲᠦᠮᠡᠨ ᠡᠷᠡᠭᠦᠯ ᠬᠠᠮᠠᠭᠠᠯᠠᠯ ᠎ᠤᠨ ᠮᠡᠷᠭᠡᠵᠢᠯ ᠎ᠤᠨ ᠠᠵᠢᠯᠲᠠᠨ ᠲᠠᠢ ᠪᠤᠯᠵᠤ᠂ 2016 ᠤᠨ ᠎ᠤ ᠰᠡᠬᠦᠯᠴᠢ ᠵᠢᠨ ᠬᠢ ᠡᠴᠡ 3.3 ᠲᠦᠮᠡ ᠨᠡᠮᠡᠭᠳᠡᠪᠡ ᠃

ᠮᠠᠨ᠎ᠤ ᠤᠷᠤᠨ ᠬᠦᠨᠳᠦ ᠶᠡᠬᠡ ᠡᠪᠡᠳᠴᠢᠨ ᠡᠮᠬᠡᠭ᠎ᠢ ᠰᠡᠷᠭᠡᠢᠯᠡᠨ ᠡᠵᠡᠮᠳᠡᠵᠦ ᠂ ᠵᠠᠷᠢᠮ ᠬᠦᠨᠳᠦ ᠨᠤᠴᠢᠲᠠᠢ ᠬᠠᠯᠳᠠᠪᠤᠷᠢᠲᠤ ᠡᠪᠡᠳᠴᠢᠨ ᠎ᠢ ᠬᠦᠴᠦᠨ ᠵᠢᠡᠨ ᠲᠦᠪᠯᠡᠷᠡᠭᠦᠯᠦᠨ ᠠᠷᠢᠯᠭᠠᠭᠰᠠᠨ ᠪᠠ ᠡᠵᠡᠮᠳᠡᠵᠦ ᠂ ᠭᠤᠤᠯ ᠪᠤᠯᠬᠤ ᠤᠷᠤᠨ ᠨᠤᠲᠤᠭ ᠎ᠤᠨ ᠡᠪᠡᠳᠴᠢᠨ ᠪᠤᠯᠤᠨ ᠠᠵᠢᠯ ᠲᠦᠷᠦᠯ ᠎ᠤᠨ ᠡᠪᠡᠳᠴᠢᠨ᠎ᠤ ᠬᠤᠤᠷ ᠬᠦᠨᠦᠭᠡᠯ᠂ ᠪᠦᠬᠦ ᠤᠷᠤᠨ᠎ᠤ ᠡᠯ᠎ᠡ ᠬᠡᠯᠪᠡᠷᠢ ᠵᠢᠨ ᠬᠠᠯᠳᠠᠪᠤᠷᠢᠲᠤ ᠡᠪᠡᠳᠴᠢᠨ ᠪᠤᠯᠤᠨ ᠬᠦᠮᠦᠨ᠎ᠤ ᠪᠷᠦ᠋ᠼᠸᠯ ᠡᠪᠡᠳᠴᠢᠨ ᠎ᠤ ᠪᠠᠢᠳᠠᠯ ᠎ᠢ ᠪᠦᠲᠦᠮᠵᠢᠲᠡᠢ ᠡᠵᠡᠮᠳᠡᠭᠰᠡᠨ ᠪᠠᠢᠨ᠎ᠠ᠃ ᠰᠢᠨ᠎ᠡ ᠲᠢᠳᠢᠮᠯᠢᠭ ᠠᠭᠤᠰᠭᠢᠨ ᠦᠷᠪᠢᠰᠦᠯ ᠎ᠤᠨ ᠬᠢᠵᠢᠭ ᠎ᠤᠨ ᠪᠠᠢᠳᠠᠯ ᠎ᠢ ᠪᠠᠢᠨᠭᠭᠤᠵᠢᠭᠤᠯᠤᠨ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠠ ᠵᠢ ᠴᠢᠩᠭ᠎ᠠ ᠨᠢᠮᠪᠠᠢ ᠨᠠᠢᠳᠠᠪᠤᠷᠢᠵᠢᠭᠤᠯᠵᠤ᠂ ᠬᠦᠮᠦᠨ᠎ᠤ ᠬᠤᠭᠤᠷᠤᠨᠳᠤ ᠬᠠᠯᠳᠠᠪᠤᠷᠢᠯᠠᠬᠤ ᠬᠤᠯᠤᠭᠠᠨ᠎ᠠ ᠵᠢᠨ ᠬᠢᠵᠢᠭ ᠎ᠢ ᠴᠠᠭ ᠲᠤᠬᠠᠢ ᠳ᠋ᠤᠨᠢ ᠡᠵᠡᠮᠳᠡᠵᠤ ᠪᠦᠳᠦᠮᠵᠢᠳᠠᠢ ᠬᠤᠷᠢᠭᠯᠠᠪᠠ᠃ 2019 ᠤᠨ ᠡᠴᠡ ᠨᠠᠭᠠᠰᠢ᠂ ᠮᠠᠨ ᠎ᠤ ᠤᠷᠤᠨ ᠡᠪᠡᠳᠴᠢᠨ ᠡᠮᠬᠡᠭ᠎ᠢ ᠰᠡᠷᠭᠡᠢᠯᠡᠨ ᠡᠵᠡᠮᠳᠡᠬᠦ ᠰᠢᠰᠲᠸᠮ ᠪᠤᠯᠤᠨ ᠪᠦᠭᠡᠮ ᠬᠦᠴᠢᠯ᠎ᠤᠨ ᠰᠢᠯᠭᠠᠨ ᠪᠠᠢᠴᠠᠭᠠᠯᠲᠠ ᠬᠢᠬᠦ ᠴᠢᠳᠠᠪᠤᠷᠢ ᠵᠢᠨ ᠪᠠᠢᠭᠤᠯᠤᠯᠲᠠ ᠵᠢ ᠪᠦᠬᠦ ᠲᠠᠯ᠎ᠠ ᠪᠠᠷ ᠴᠢᠨᠭᠭᠠᠳᠬᠠᠭᠰᠠᠨ ᠪᠠᠢᠨ᠎ᠠ᠃ ᠨᠢᠳᠤᠨᠤᠨ ᠎ᠤ ᠵᠢᠯ ᠎ᠤᠨ ᠰᠡᠭᠦᠯᠴᠢ ᠪᠤᠯᠬᠤ ᠳ᠋ᠤ ᠂ ᠪᠦᠬᠦ ᠤᠷᠤᠨ ᠎ᠤ ᠡᠯ᠎ᠠ ᠱᠠᠲᠤᠨ ᠎ᠤ ᠡᠪᠡᠳᠴᠢᠨ ᠡᠮᠬᠡᠭ ᠎ᠢ ᠰᠡᠷᠭᠡᠢᠯᠡᠨ ᠡᠵᠡᠮᠳᠡᠬᠦ ᠲᠦᠪ ᠴᠦᠮ ᠤᠯᠤᠰ ᠪᠠ ᠦᠪᠡᠷᠲᠡᠭᠡᠨ ᠵᠠᠰᠠᠬᠤ ᠤᠷᠤᠨ ᠎ᠤ ᠬᠠᠳᠠᠭᠤ ᠲᠤᠨᠤᠭ ᠎ᠤᠨ ᠪᠠᠢᠭᠤᠯᠤᠯᠲᠠ ᠵᠢᠨ ᠪᠠᠷᠢᠮᠵᠢᠶ᠎ᠠ ᠳ᠋ᠤ ᠬᠦᠷᠴᠦ᠂ ᠪᠤᠢ ᠪᠦᠬᠦᠢ ᠠᠢᠮᠠᠭ ᠬᠤᠲᠠ ᠪᠤᠯᠤᠨ ᠬᠤᠰᠢᠭᠤ ᠰᠢᠶᠠᠨ ᠲᠤᠭᠤᠷᠢᠭ ᠲᠦ᠍ ᠴᠦᠮ ᠪᠦᠭᠡᠮ ᠬᠦᠴᠢᠯ ᠎ᠤᠨ ᠰᠢᠯᠭᠠᠨ ᠪᠠᠢᠴᠠᠭᠠᠯᠲᠠ ᠬᠢᠬᠦ ᠪᠠᠢᠭᠤᠯᠤᠮᠵᠢ ᠲᠠᠢ ᠪᠤᠯᠵᠠᠢ; ᠬᠤᠯᠤᠭᠠᠨ᠎ᠠ ᠵᠢᠨ ᠬᠢᠵᠢᠭ ᠎ᠤᠨ ᠭᠤᠤᠯᠳᠠᠯᠭᠠᠲᠤ ᠰᠢᠯᠭᠠᠨ ᠪᠠᠢᠴᠠᠭᠠᠯᠲᠠ ᠵᠢᠨ ᠬᠤᠰᠢᠭᠤ ᠰᠢᠶᠠᠨ ᠎ᠤ ᠣᠯᠠᠩᠬᠢ ᠳ᠋ᠤᠨᠢ ᠵᠢᠯᠤᠭᠤᠴᠢ ᠦᠭᠡᠢ ᠨᠢᠰᠭᠡᠯ ᠲᠤᠬᠢᠷᠠᠭᠤᠯᠵᠤ᠂ ᠬᠤᠯᠤᠭᠠᠨ᠎ᠠ ᠵᠢᠨ ᠬᠢᠵᠢᠭ᠎ᠢ ᠪᠦᠬᠦ ᠵᠢᠯ ᠵᠢᠡᠷ ᠬᠡᠭᠡᠷ᠎ᠡ ᠭᠠᠳᠠᠨ᠎ᠠ ᠰᠢᠯᠭᠠᠨ ᠪᠠᠢᠴᠠᠭᠠᠬᠤ ᠨᠦᠬᠦᠴᠡᠯ ᠎ᠢ ᠪᠦᠷᠢᠯᠳᠦᠭᠦᠯᠪᠡ᠃ ᠦᠪᠡᠷᠲᠡᠭᠡᠨ ᠵᠠᠰᠠᠬᠤ ᠤᠷᠤᠨ ᠎ᠤ ᠳᠡᠰ᠎ᠤᠨ ᠤᠳᠠᠭᠠᠨ ᠴᠢᠨᠠᠲᠠᠢ ᠡᠪᠡᠳᠴᠢᠨ᠎ᠢ ᠶᠡᠷᠦᠨᠭᠬᠡᠢᠯᠡᠰᠡᠨ ᠰᠡᠷᠭᠡᠢᠯᠡᠨ ᠡᠵᠡᠮᠳᠡᠬᠦ ᠵᠢᠱ᠌ᠢᠶ᠎ᠡ ᠦᠵᠡᠭᠦᠯᠬᠦ ᠭᠠᠵᠠᠷ ᠎ᠢ ᠪᠤᠢ ᠪᠦᠬᠦᠢ ᠬᠤᠰᠢᠭᠤ ᠰᠢᠶᠠᠨ ᠲᠤᠭᠤᠷᠢᠭ ᠲᠦ᠍ ᠲᠤᠬᠢᠷᠠᠭᠤᠯᠵᠤ᠂ ᠨᠡᠢᠭᠡᠮ ᠎ᠤᠨ ᠎ᠰᠡᠳᠭᠢᠴᠡ ᠎ᠵᠢᠨ ᠦᠢᠯᠡᠴᠢᠯᠡᠭᠡᠨ ᠎ᠤ ᠰᠢᠰᠲᠸᠮ ᠎ᠤᠨ ᠪᠠᠢᠭᠤᠯᠤᠯᠲᠠ ᠎ᠶᠢᠨ ᠲᠤᠷᠰᠢᠯᠲᠡ ᠵᠢᠨ ᠴᠡᠭ᠎ᠢ ᠪᠤᠢ ᠪᠦᠬᠦᠢ ᠠᠢᠮᠠᠭ ᠬᠤᠲᠠ ᠳ᠋ᠤ ᠪᠠᠢᠭᠤᠯᠪᠠ᠃ ᠪᠠᠰᠠ ᠬᠢᠲᠠᠳ ᠮᠤᠨᠭᠭᠤᠯ ᠡᠮᠨᠡᠯᠭᠡ ᠵᠢᠨ ᠲᠦᠷᠦ ᠵᠢᠨ ᠪᠤᠳᠤᠯᠭ᠎ᠠ ᠵᠢᠨ ᠪᠠᠲᠤᠯᠠᠭ᠎ᠠ ᠵᠢᠨ ᠲᠤᠬᠲᠠᠴᠠ ᠵᠢ ᠲᠡᠭᠦᠯᠳᠡᠷᠵᠢᠭᠦᠯᠵᠤ᠂ ᠬᠢᠲᠠᠳ ᠮᠤᠨᠭᠭᠤᠯ ᠡᠮ ᠡᠮᠨᠡᠯᠭᠡ ᠵᠢᠨ ᠤᠯᠠᠮᠵᠢᠯᠠᠯ ᠪᠠ ᠰᠢᠨ᠎ᠠ ᠵᠢ ᠡᠭᠦᠳᠬᠦ ᠰᠢᠰᠲᠸᠮ ᠎ᠢ ᠲᠠᠰᠤᠷᠠᠯᠲᠠ ᠦᠭᠡᠢ ᠲᠡᠭᠦᠯᠳᠡᠷᠵᠢᠬᠦᠯᠦᠭᠰᠡᠨ ᠪᠠᠢᠨ᠎ᠠ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号