《ᠲᠠ ᠨᠠᠷ ᠠᠯᠤᠰ ᠬᠡᠳᠦ ᠵᠢᠨ ᠬᠦᠰᠡᠯ ᠵᠤᠷᠢᠯᠲᠠ ᠲᠠᠢ ᠮᠦᠷᠳᠡᠭᠡᠨ ᠯᠠᠪᠳᠠᠭᠤᠨ ᠪᠠᠲᠤᠲᠠᠢ ᠪᠠᠢᠵᠤ᠂ ᠮᠡᠳᠡᠯᠭᠡ ᠮᠡᠷᠭᠡᠵᠢᠯ ᠢ ᠰᠠᠢᠲᠤᠷ ᠰᠤᠷᠴᠤ᠂ ᠰᠠᠭᠤᠷᠢ ᠪᠠᠨ ᠪᠠᠳᠤ ᠲᠠᠯᠪᠢᠨ᠂ ᠴᠢᠳᠠᠪᠤᠷᠢ ᠪᠠᠨ ᠨᠡᠮᠡᠭ᠌ᠳᠡᠭᠦᠯᠵᠦ᠍᠂ ᠬᠤᠵᠢᠮ ᠳᠤᠮᠳᠠᠳᠤ ᠶ᠋ᠢᠨ ᠦᠨᠳᠦᠰᠦᠲᠡᠨ ᠦ ᠠᠭᠤᠤ ᠶᠡᠬᠡ ᠰᠡᠷᠭᠦᠨ ᠮᠠᠨᠳᠤᠯᠲᠠ᠎ᠳᠤ ᠥᠪᠡᠷ᠎ᠦᠨ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠨᠡᠮᠡᠷᠢᠯᠡᠭᠡᠷᠡᠢ!》 ᠬᠡᠰᠡᠨ ᠶᠡᠷᠦᠩᠬᠡᠢ ᠱᠦᠵᠢ ᠰᠢ᠎ᠶ᠋ᠢᠨ ᠫᠢᠩ ᠦᠨ ᠵᠠᠬᠢᠶ᠎ᠠ ᠢᠮᠠᠭ᠍ᠲᠠ ᠥᠪᠥᠷ ᠮᠣᠩᠭᠣᠯ ᠤᠨ ᠶᠡᠬᠡ ᠰᠤᠷᠭᠠᠭᠤᠯᠢ᠎ᠶ᠋ᠢᠨ ᠬᠢᠮᠢ ᠪᠠ ᠬᠢᠮᠢ ᠶ᠋ᠢᠨ ᠠᠵᠤ ᠦᠢᠯᠡᠳᠪᠦᠷᠢ᠎ᠶ᠋ᠢᠨ ᠳᠡᠭᠡᠳᠦ ᠰᠤᠷᠭᠠᠭᠤᠯᠢ᠎ᠶ᠋ᠢᠨ ᠠᠰᠫᠢᠷᠠᠨᠲ᠎ᠤᠨ ᠭᠤᠷᠪᠠᠳᠤᠭᠠᠷ ᠣᠨ᠎ᠤ ᠰᠤᠷᠤᠭ᠍ᠴᠢ ᠬᠠᠨ ᠰᠢ ᠶ᠋ᠢ ᠤᠷᠮᠠᠱᠢᠭᠤᠯᠤᠨ ᠵᠣᠷᠢᠭ᠍ᠵᠢᠭᠤᠯᠤᠭ᠍ᠰᠠᠭᠠᠷ ᠢᠷᠡᠵᠠᠢ᠃
ᠰᠤᠷᠪᠤᠯᠵᠢᠯᠠᠭ᠍ᠴᠢ ᠬᠠᠨ ᠰᠢ ᠲᠡᠶ ᠠᠭᠤᠯᠵᠠᠬᠤ ᠦᠶ᠎ᠡ ᠳᠦ ᠲᠡᠷᠡ ᠬᠢᠵᠢᠭ᠎ᠦᠨ ᠪᠠᠢᠳᠠᠯ ᠢ ᠰᠡᠷᠭᠡᠢᠯᠡᠨ ᠡᠵᠡᠮᠳᠡᠬᠦ᠌ ᠰᠠᠢᠨ ᠳᠤᠷ᠎ᠠ ᠶ᠋ᠢᠨ ᠦᠢᠯᠡᠴᠢᠯᠡᠭᠡ ᠪᠡᠨ ᠳᠠᠭᠤᠰᠭᠠᠭᠠᠳ ᠰᠤᠷᠭᠠᠭᠤᠯᠢ ᠳᠠᠭᠠᠨ ᠪᠤᠴᠠᠵᠤ᠂ ᠬᠢᠮᠢ ᠶ᠋ᠢᠨ ᠠᠵᠤ ᠦᠢᠯᠡᠳᠪᠦᠷᠢ ᠶ᠋ᠢᠨ ᠲᠤᠷᠱᠢᠯᠲᠠ ᠶ᠋ᠢᠨ ᠲᠠᠰᠤᠭ᠎ᠲᠠᠭᠠᠨ ᠣᠷᠣᠬᠤ ᠭᠡᠵᠦ ᠪᠠᠢᠯ᠎ᠠ᠃
《ᠤᠷᠤᠢ ᠪᠣᠯ ᠮᠢᠨᠦ᠍ 〈ᠬᠤᠪᠢ ᠬᠥᠮᠦᠨ᠎ᠦ ᠴᠠᠭ〉 ᠮᠥᠨ᠂ ᠪᠢ ᠤᠷᠤᠢ ᠵᠢᠨ ᠴᠠᠭ ᠢ᠋ ᠠᠱᠢᠭ᠍ᠯᠠᠨ ᠲᠤᠷᠱᠢᠯᠲᠠ ᠬᠢᠨ᠎ᠡ᠂ ᠥᠭᠦᠯᠡᠯ ᠪᠢᠴᠢᠨ᠎ᠡ᠂ ᠳ᠋ᠣᠺᠲ᠋ᠣᠷ ᠰᠢᠯᠭᠠᠬᠤ ᠡᠷᠭᠦᠳᠡᠯ᠎ᠤᠨ ᠮᠠᠲ᠋ᠧᠷᠢᠶᠠᠯ ᠵᠢᠡᠨ ᠡᠮᠬᠢᠯᠡᠨ᠎ᠠ᠂ ᠤᠷᠤᠢ ᠪᠣᠯᠭᠠᠨ ᠮᠠᠰᠢ ᠶᠠᠭᠠᠷᠠᠯᠲᠠᠢ ᠮᠦᠷᠳᠡᠭᠡᠨ ᠤᠳᠬ᠎ᠠ ᠠᠭᠤᠯᠭ᠎ᠠ ᠲᠠᠢ》 ᠭᠡᠵᠦ ᠬᠠᠨ ᠰᠢ ᠶᠠᠷᠢᠵᠤ ᠪᠠᠢᠯ᠎ᠠ᠃
2019 ᠣᠨ ᠤ 7 ᠰᠠᠷ᠎ᠠ ᠶ᠋ᠢᠨ 16 ᠤ᠋ ᠡᠳᠦᠷ ᠪᠤᠯ ᠬᠠᠨ ᠰᠢ ᠳ᠋ᠦ ᠠᠪᠴᠤ ᠬᠡᠯᠡᠪᠡᠯ ᠡᠭᠦᠷᠢᠲᠡ ᠮᠠᠷᠲᠠᠭ᠍ᠳᠠᠰᠢ ᠦᠭᠡᠢ ᠨᠢᠭᠡᠨ ᠡᠳᠦᠷ ᠪᠤᠯᠤᠨ᠎ᠠ᠃ ᠶᠡᠷᠦᠩᠬᠡᠢ ᠱᠦᠵᠢ ᠰᠢ᠎ᠶ᠋ᠢᠨ ᠫᠢᠩ ᠲᠤᠯᠢ ᠨᠠᠭᠤᠷ᠎ᠤᠨ ᠬᠥᠪᠡᠭᠡᠨ᠎ᠳᠦ ᠰᠠᠭᠠᠳᠠᠵᠤ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ ᠤᠨ ᠳᠡᠷᠭᠡᠳᠡ ᠬᠦᠷᠴᠤ ᠢᠷᠡᠪᠡ᠃ ᠲᠡᠷᠡ ᠡᠳᠦᠷ᠂ ᠬᠠᠨ ᠰᠢ ᠶᠠᠬ ᠰᠠᠶᠢᠬᠠᠨ ᠨᠢᠭᠡ ᠵᠢᠯ᠎ᠤᠨ ᠬᠤᠭᠤᠴᠠᠭ᠎ᠠ ᠲᠠᠶ ᠰᠤᠷᠭᠠᠨ ᠬᠥᠮᠦᠵᠢᠯ ᠢ ᠳᠡᠮᠵᠢᠬᠦ᠌ ᠠᠵᠢᠯᠯᠠᠭ᠎ᠠ ᠪᠠᠨ ᠲᠡᠭᠦᠰᠭᠡᠵᠦ᠍᠂ ᠰᠤᠷᠭᠠᠭᠤᠯᠢ᠎ᠳᠠᠭᠠᠨ ᠪᠤᠴᠠᠵᠤ ᠨᠣᠮ ᠤᠨ ᠰᠠᠩ᠎ᠳᠤ ᠰᠤᠷᠤᠯᠴᠠᠵᠤ ᠪᠠᠢᠵᠠᠢ᠃ ᠶᠡᠷᠦᠩᠬᠡᠢ ᠱᠦᠵᠢ ᠲᠡᠭᠦᠨ ᠡᠴᠡ ᠰᠤᠷᠭᠠᠨ ᠬᠥᠮᠦᠵᠢᠯ᠎ᠢ ᠳᠡᠮᠵᠢᠬᠰᠡᠨ ᠲᠤᠬᠠᠢ ᠳᠣᠲᠣᠨᠣᠰᠣᠭ ᠢᠶᠠᠷ ᠠᠰᠠᠭᠤᠭᠰᠠᠨ ᠪᠦᠭᠡᠳ ᠡᠬᠡ ᠤᠯᠤᠰ ᠤᠨ ᠬᠠᠮᠤᠬ ᠤᠨ ᠬᠡᠷᠡᠭ᠌ᠴᠡᠭᠡ ᠲᠡᠶ ᠭᠠᠵᠠᠷ ᠲᠤ ᠣᠴᠢᠬᠤ ᠵᠢ ᠵᠠᠬᠢᠬᠰᠠᠨ ᠪᠠᠢᠯ᠎ᠠ᠃
《ᠪᠣᠳᠠᠲᠤ ᠠᠵᠢᠯᠯᠠᠭ᠎ᠠ ᠪᠠᠷ ᠢᠶᠠᠨ ᠤᠯᠤᠰ ᠬᠡᠷ᠎ᠤᠨ ᠲᠤᠬᠠᠢ ᠬᠠᠢᠷ᠎ᠠ ᠰᠡᠳᠭᠢᠯᠭᠡ᠎ᠪᠡᠨ ᠢᠯᠡᠷᠡᠬᠦᠯᠵᠦ᠂ ᠡᠬᠡ ᠤᠯᠤᠰ᠎ᠵᠢᠡᠨ ᠬᠥᠰᠡᠷᠳᠡᠭᠦᠯᠬᠦ᠌ ᠦᠭᠡᠶ》 ᠬᠡᠵᠦ ᠬᠠᠨ ᠰᠢ ᠨᠠᠢᠵᠠ᠎ᠶ᠋ᠢᠨ ᠲᠣᠭᠣᠷᠢᠭ ᠲᠠᠭᠠᠨ ᠨᠡᠢᠲᠡᠯᠡᠭᠰᠡᠨ ᠪᠠᠢᠯ᠎ᠠ᠃ ᠲᠡᠷᠡ ᠥᠪᠡᠷᠲᠡᠭᠡᠨ ᠵᠠᠰᠠᠬᠤ ᠣᠷᠣᠨ ᠤ 《ᠲᠠᠯ᠎ᠠ ᠨᠤᠲᠤᠭ ᠤᠨ ᠰᠤᠷᠤᠯᠴᠠᠯᠭ᠎ᠠ ᠶ᠋ᠢᠨ ᠬᠦᠩᠬᠡᠨ ᠮᠣᠷᠢᠲᠤ ᠴᠡᠷᠢᠭ》 ᠤ᠋ᠨ ᠤᠬᠠᠭᠤᠯᠤᠨ ᠲᠠᠢᠯᠪᠤᠷᠢᠯᠠᠬᠤ ᠪᠦᠯᠬᠦᠮ ᠳᠦ ᠣᠷᠣᠬᠤ ᠪᠠᠷ ᠭᠤᠶᠤᠴᠢᠯᠠᠵᠤ᠂ ᠶᠡᠷᠦᠩᠬᠡᠢ ᠱᠦᠵᠢ ᠰᠢ᠎ᠶ᠋ᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢᠶ᠋ᠢᠨᠵᠣᠷᠢᠭ ᠰᠠᠨᠠᠭ᠎ᠠ ᠪᠣᠯᠤᠨ ᠤᠮᠠᠷᠠᠲᠤ ᠬᠢᠯᠢ᠎ᠶ᠋ᠢᠨ ᠰᠤᠷᠤᠭ᠍ᠴᠢᠳ᠎ᠲᠤ ᠲᠠᠯᠪᠢᠭ᠍ᠰᠠᠨ ᠴᠢᠩ ᠰᠡᠳᠭᠢᠯ᠎ᠦᠨ ᠨᠠᠢᠳᠠᠯᠭ᠎ᠠ᠎ᠶ᠋ᠢ ᠤᠳᠠᠭ᠎ᠠ ᠳᠠᠷᠠᠭᠠᠯᠠᠨ ᠦᠨᠳᠦᠰᠦᠨ ᠱᠠᠲᠤᠨ᠎ᠳᠤ ᠤᠯᠠᠮᠵᠢᠯᠠᠪᠠ᠃
2019 ᠣᠨ ᠤ 9 ᠰᠠᠷ᠎ᠠ ᠳᠤ᠂ ᠬᠠᠨ ᠰᠢ ᠠᠰᠫᠢᠷᠠᠨᠲ ᠤᠨ ᠠᠮᠢᠳᠤᠷᠠᠯ ᠢᠶᠠᠨ ᠡᠬᠢᠯᠡᠭᠦᠯᠵᠦ᠍᠂ ᠮᠡᠳᠡᠯᠭᠡ ᠰᠤᠷᠴᠤ᠌ ᠴᠢᠳᠠᠪᠤᠷᠢ ᠪᠠᠨ ᠨᠡᠮᠡᠭᠳᠡᠭᠦᠯᠬᠦ ᠶ᠋ᠢᠨ ᠬᠠᠮᠲᠤ᠌᠂ ᠪᠠᠰᠠ ᠰᠤᠷᠭᠠᠭᠤᠯᠢᠶ᠋ᠢᠨᠵᠠᠯᠠᠭᠤᠮᠠᠷᠺᠰᠤᠨᠦᠵᠡᠯᠲᠡᠳᠤᠨ ᠠᠩᠬᠢ ᠶ᠋ᠢᠨ ᠠᠩᠬᠢ ᠶ᠋ᠢᠨ ᠡᠷᠬᠢᠯᠡᠭ᠌ᠴᠢ᠂ ᠰᠤᠷᠭᠠᠨ ᠬᠥᠮᠦᠵᠢᠯ᠎ᠢ ᠳᠡᠮᠵᠢᠬᠦ᠌ ᠪᠦᠯᠬᠦᠮ᠎ᠦᠨ ᠳᠠᠷᠤᠭ᠎ᠠ᠂ ᠡᠪᠯᠡᠯ ᠦᠨ ᠬᠣᠷᠢᠢ᠎ᠠ᠎ᠶ᠋ᠢᠨ ᠰᠤᠷᠤᠭ᠍ᠴᠢᠳ ᠤᠨ ᠲᠤᠱᠢᠶᠠᠯ ᠬᠠᠪᠰᠤᠷᠭᠠᠭᠰᠠᠨ ᠳᠡᠳ᠋ ᠱᠦᠵᠢ ᠵᠡᠷᠭᠡ ᠠᠵᠢᠯ ᠢ ᠡᠭᠦᠷᠭᠡᠯᠡᠵᠦ᠍᠂ ᠨᠣᠮ᠎ᠤᠨ ᠳᠡᠭᠦᠦ᠍᠎ᠨᠡᠷ ᠦᠨ ᠵᠢᠡᠨ ᠢᠲᠡᠭᠡᠯ ᠪᠢᠱᠢᠷᠡᠯ ᠵᠢᠡᠨ ᠪᠠᠲᠤᠳᠭᠠᠵᠤ᠂ ᠮᠡᠳᠡᠯᠭᠡ᠎ᠪᠡᠨ ᠨᠡᠮᠡᠭ᠌ᠳᠡᠭᠦᠯᠵᠦ᠍᠂ ᠬᠠᠷᠠᠭ᠎ᠠ᠎ᠪᠠᠨ ᠥᠷᠭᠡᠳᠭᠡᠵᠦ᠍᠂ ᠴᠢᠳᠠᠪᠤᠷᠢ᠎ᠪᠠᠨ ᠳᠡᠭᠡᠭ᠌ᠰᠢᠯᠡᠭᠦᠯᠬᠦ᠌ ᠶ᠋ᠢ ᠢᠳᠡᠪᠬᠢᠲᠡᠢ ᠬᠦᠳᠦᠯᠦᠨ ᠵᠢᠯᠣᠭᠣᠳᠪᠠ᠃
《ᠶᠡᠷᠦᠩᠬᠡᠢ ᠱᠦᠵᠢ ᠰᠢ᠎ᠶ᠋ᠢᠨ ᠫᠢᠩ᠎ᠦᠨ ᠵᠠᠯᠠᠭᠤ ᠰᠤᠷᠤᠭ᠍ᠴᠢᠳ᠎ᠲᠤ ᠲᠠᠯᠪᠢᠵᠤ ᠪᠠᠢᠭ᠎ᠠ ᠬᠦᠨᠳᠦ ᠨᠠᠢᠳᠠᠯᠭ᠎ᠠ ᠶ᠋ᠢ ᠪᠢ ᠭᠦᠨᠵᠡᠭᠡᠢ ᠣᠢᠯᠠᠭᠠᠵᠤ ᠪᠠᠢᠨ᠎ᠠ᠂ ᠪᠢ ᠲᠡᠭᠦᠰᠦᠭ᠌ᠰᠡᠨ ᠦ ᠪᠡᠨᠳᠠᠷᠠᠭᠠᠦᠨᠳᠦᠰᠦᠨᠱᠠᠲᠤᠨᠳᠤ ᠣᠴᠢᠵᠤ᠂ ᠨᠤᠲᠤᠭ ᠤᠰᠤᠨ᠎ᠤ᠎ᠪᠠᠨ ᠬᠥᠳᠡᠭᠡ ᠲᠣᠰᠭᠣᠨ᠎ᠢ ᠬᠦᠭ᠌ᠵᠢᠭᠦᠯᠦᠨ ᠮᠠᠨᠳᠤᠭᠤᠯᠬᠤ ᠦᠢᠯᠡᠰ ᠲᠦ ᠬᠦᠴᠦᠨ ᠴᠢᠳᠠᠯ ᠢᠶᠠᠨ ᠡᠷᠭᠦᠬᠦ᠌ ᠪᠡᠷ ᠲᠥᠯᠥᠪᠯᠡᠵᠦ᠍ ᠪᠠᠢᠨ᠎ᠠ》 ᠭᠡᠵᠦ᠍ ᠬᠠᠨ ᠰᠢ ᠢᠳᠡᠭᠡᠯ ᠪᠠᠲᠤ ᠬᠡᠯᠡᠨ᠎ᠠ᠃
ᠲᠣᠰ ᠰᠤᠷᠭᠠᠭᠤᠯᠢ ᠶ᠋ᠢᠨ ᠤᠭᠰᠠᠭᠠᠳᠠᠨ ᠵᠦᠢ ᠨᠡᠢᠭᠡᠮ ᠵᠦᠢ ᠵᠢᠨ ᠳᠡᠭᠡᠳᠦ ᠰᠤᠷᠭᠠᠭᠤᠯᠢ᠎ᠶ᠋ᠢᠨ ᠰᠣᠷᠣᠭ᠍ᠴᠢ ᠤᠷᠠᠨ᠎ᠠ ᠴᠤ᠌ ᠬᠠᠨ ᠰᠢ ᠲᠡᠶ ᠠᠳᠠᠯᠢ ᠪᠠᠷ ᠦᠨᠳᠦᠰᠦᠨ ᠱᠠᠲᠤᠨ᠎ᠤ ᠴᠢᠳᠠᠪᠤᠷᠢᠲᠠᠨ᠎ᠢ ᠬᠥᠮᠦᠵᠢᠭᠦᠯᠬᠦ᠌ ᠪᠡᠷ ᠮᠡᠷᠡᠢᠨ ᠴᠢᠷᠮᠠᠢᠵᠤ ᠪᠠᠢᠭ᠎ᠠ ᠪᠢᠯᠡ᠃ ᠲᠡᠷᠡ ᠳᠤᠮᠳᠠᠳᠤ ᠤᠯᠤᠰ᠎ᠤᠨ ᠵᠠᠯᠠᠭᠤ ᠰᠠᠢ᠌ᠨ ᠳᠤᠷᠠᠴᠤᠤᠯ ᠤᠨ ᠶᠠᠳᠠᠭᠤ ᠶ᠋ᠢ ᠲᠡᠳᠬᠦᠬᠦ᠌ ᠪᠤᠤᠬᠢᠶ᠎ᠠ ᠲᠠᠮᠵᠢᠭᠤᠯᠬᠤ ᠲᠥᠯᠥᠪᠯᠡᠭᠡ ᠳᠦ ᠨᠡᠷ᠎ᠡ ᠮᠡᠳᠡᠭᠦᠯᠵᠦ᠍᠂ ᠪᠠᠶᠠᠨᠨᠠᠭᠤᠷ ᠬᠤᠳᠠ ᠶ᠋ᠢᠨ ᠤᠷᠠᠳ᠎ᠤᠨ ᠡᠮᠦᠨᠡᠲᠦ ᠬᠣᠱᠢᠭᠤᠨ᠎ᠤ ᠵᠢᠷᠭᠤᠳᠤᠭᠠᠷ ᠳᠤᠮᠳᠠᠳᠤ ᠰᠤᠷᠭᠠᠭᠤᠯᠢ ᠳᠤ ᠬᠦᠷᠴᠦ᠍ ᠰᠤᠷᠭᠠᠨ ᠬᠥᠮᠦᠵᠢᠯ᠎ᠢ ᠳᠡᠮᠵᠢᠬᠦ᠌ ᠶ᠋ᠢᠨ ᠬᠠᠮᠲᠤ ᠪᠠᠷᠠᠭᠤᠨ ᠣᠷᠣᠨ ᠤ ᠲᠥᠯᠥᠪᠯᠡᠭᠡ ᠶ᠋ᠢᠨ ᠪᠦᠬᠦ᠌ ᠤᠯᠤᠰ ᠤᠨ ᠲᠦᠷᠦᠯ ᠵᠦᠢᠯ᠎ᠦᠨ ᠬᠢᠨᠠᠨ ᠱᠢᠯᠭᠠᠯᠲᠠ ᠳ᠋ᠦ ᠱᠢᠯᠢᠳᠡᠭ ᠰᠠᠢ᠌ᠨ ᠲᠤᠷᠠᠴᠤᠤᠯ᠎ᠤᠨ ᠢᠷᠠᠭᠤ ᠠᠯᠳᠠᠷ᠎ᠢ ᠬᠦᠷᠳᠡᠵᠠᠢ᠃
ᠨᠠᠮ ᠤᠨ ᠦᠨᠳᠦᠰᠦᠲᠡᠨ᠎ᠦ ᠭᠠᠵᠠᠷ ᠣᠷᠣᠨ ᠳᠤ ᠪᠠᠢᠭᠤᠯᠤᠭ᠍ᠰᠠᠨ ᠠᠩᠬᠠᠳᠠᠭ᠍ᠴᠢ ᠶᠡᠷᠦᠩᠬᠡᠢᠯᠡᠭ᠌ᠰᠡᠨ ᠴᠢᠨᠠᠷᠲᠠᠶ ᠶᠡᠬᠡ ᠰᠤᠷᠭᠠᠭᠤᠯᠢ ᠪᠣᠯᠤᠭ᠍ᠰᠠᠨ᠎ᠤ ᠬᠤᠪᠢ ᠳᠤ᠂ ᠣᠢᠷ᠎ᠠ᠎ᠶ᠋ᠢᠨ ᠵᠢᠯ᠎ᠳᠦ᠂ ᠥᠪᠥᠷ ᠮᠣᠩᠭᠣᠯ ᠤᠨ ᠶᠡᠬᠡ ᠰᠤᠷᠭᠠᠭᠤᠯᠢ ᠱᠢᠨ᠎ᠡ ᠬᠥᠭ᠌ᠵᠢᠯᠲᠡ ᠶ᠋ᠢᠨ ᠱᠠᠲᠤᠨ ᠳᠤ ᠰᠠᠭᠤᠷᠢᠯᠠᠵᠤ᠂ ᠲᠣᠰ ᠪᠡᠶ᠎ᠡ ᠶ᠋ᠢᠨ ᠪᠣᠳᠠᠲᠤ ᠪᠠᠢᠳᠠᠯ ᠲᠠᠶ ᠪᠠᠨ ᠤᠶᠠᠯᠳᠤᠭᠤᠯᠤᠨ 《ᠬᠣᠸ᠋ᠰ ᠲᠡᠷᠢᠭᠦᠨᠲᠠᠰ》᠎ᠤ᠋ᠨ ᠪᠠᠢᠭᠤᠯᠤᠯᠲᠠ ᠶ᠋ᠢᠨ ᠠᠷᠭ᠎ᠠ ᠵᠠᠮ᠎ᠢ ᠳᠤᠷᠠᠳᠤᠨ ᠭᠠᠷᠭᠠᠵᠤ᠂ ᠰᠤᠷᠭᠠᠭᠤᠯᠢ᠎ᠶ᠋ᠢᠨ ᠪᠥᠲᠥᠭᠡᠨ ᠪᠠᠢᠭᠤᠯᠤᠯᠲᠠ ᠬᠦᠢᠴᠡᠳ ᠠᠬᠢᠯᠳᠠ ᠲᠠᠢ ᠪᠤᠯᠵᠤ᠂ ᠤᠯᠤᠰ᠎ᠤᠨ ᠭᠣᠸ᠋ᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ ᠥᠬᠡᠶ ᠪᠠᠢᠭᠰᠠᠨ ᠡᠴᠡ ᠪᠡᠨ ᠪᠠᠢᠬᠤ ᠪᠤᠯᠤᠬᠰᠠᠨᠱᠢᠪᠲᠤᠯᠤᠯᠲᠠᠶ᠋ᠢᠪᠡᠶᠡᠯᠡᠭᠦᠯᠵᠡᠢ᠃ᠤᠯᠤᠰᠪᠠ ᠶᠠᠮᠤᠨ ᠵᠦᠪᠯᠡᠯ᠎ᠤᠨ ᠭᠣᠸ᠋ᠯᠳᠠᠯᠭ᠎ᠠ᠎ᠲᠠᠶ ᠰᠤᠳᠤᠯᠭᠠᠨ᠎ᠤ ᠲᠠᠪᠴᠠᠩ ᠱᠢᠨ᠎ᠡ ᠪᠡᠷ10 ᠨᠡᠮᠡᠭ᠌ᠳᠡᠵᠦ᠍᠂ ᠳ᠋ᠣᠺᠲ᠋ᠣᠷᠠᠨᠲ ᠤᠨ ᠡᠷᠬᠡ ᠣᠯᠭᠣᠭ᠍ᠰᠠᠨ ᠨᠢᠭᠡᠳᠦᠭᠡᠷ ᠳᠡᠰ ᠤᠨ ᠱᠢᠨᠵᠢᠯᠡᠭᠡᠨ ᠦ ᠰᠠᠯᠠᠭ᠎ᠠ 5 ᠨᠡᠮᠡᠭ᠌ᠳᠡᠨ᠂ 16 ᠤᠯᠤᠰ᠎ᠤᠨ ᠲᠠᠰ ᠤᠨ ᠲᠡᠷᠢᠭᠦᠨ ᠲᠡᠰ᠎ᠤᠨ ᠵᠢᠩᠬᠢᠨᠢ ᠠᠩᠭᠢ ᠶ᠋ᠢᠨ ᠲᠤᠰᠭᠠᠶ ᠮᠡᠷᠭᠡᠵᠢᠯ᠎ᠦᠨ ᠴᠡᠭ᠂ 9 ᠲᠡᠷᠢᠭᠦᠨ ᠲᠡᠰ᠎ᠤᠨ ᠵᠢᠩᠬᠢᠨᠢ ᠠᠩᠭᠢ ᠶ᠋ᠢᠨ ᠬᠢᠴᠢᠶᠡᠯ ᠢ ᠱᠢᠨ᠎ᠡ᠎ᠪᠡᠷ ᠨᠡᠭᠡᠭᠡᠬᠦᠵᠦᠪᠰᠢᠶᠡᠷᠡᠯᠢ ᠤᠯᠵᠠᠢ᠃
ᠦᠪᠦᠷ ᠮᠤᠩᠭᠤᠯ ᠤᠨ ᠶᠡᠭᠡ ᠰᠤᠷᠭᠠᠭᠤᠯᠢᠨᠡᠭᠡᠭᠡᠯᠲᠡ ᠲᠡᠶ᠂ ᠣᠯᠠᠨ ᠡᠱᠢᠴᠢᠯᠡᠭᠰᠡᠨ᠂ ᠪᠠᠭ᠍ᠲᠠᠭᠠᠮᠵᠢ ᠲᠠᠶ᠂ ᠪᠦᠯᠬᠦᠮᠳᠡᠯ᠎ᠲᠡᠶ ᠰᠠᠢᠨ ᠰᠠᠢᠬᠠᠨ ᠰᠤᠷᠭᠠᠭᠤᠯᠢ ᠶ᠋ᠢᠨ ᠬᠦᠷᠢᠶᠡᠨ᠎ᠦ ᠠᠭᠤᠷ ᠠᠮᠢᠰᠭᠤᠯ ᠢ ᠪᠥᠬᠥ᠌ ᠬᠦᠴᠦᠨ ᠢᠶᠡᠷ ᠢᠶᠡᠨ ᠪᠣᠶ ᠪᠣᠯᠭᠠᠵᠤ᠂ ᠦᠨᠳᠦᠰᠦᠲᠡᠨ᠎ᠨᠦᠭᠦᠳ᠎ᠦᠨ ᠪᠠᠭ᠍ᠰᠢ ᠰᠤᠷᠤᠭ᠍ᠴᠢᠳ ᠬᠠᠷᠢᠯᠴᠠᠨ ᠰᠤᠷᠤᠯᠴᠠᠵᠤ᠂ ᠬᠠᠷᠢᠯᠴᠠᠨ ᠪᠠᠬᠠᠷᠬᠠᠨ᠂ ᠬᠠᠷᠢᠯᠴᠠᠨ ᠬᠠᠪᠰᠤᠷᠤᠯᠴᠠᠵᠤ᠂ ᠨᠢᠭᠡ ᠬᠡᠷ᠎ᠦᠨ ᠬᠥᠮᠦᠨ ᠮᠡᠲᠦ ᠳᠣᠲᠣᠨᠣ ᠪᠠᠢᠵᠤ᠂ ᠲᠦᠭ ᠲᠦᠮᠡᠨ ᠰᠡᠳᠭᠢᠯ ᠨᠢᠭᠡᠲᠡᠶ᠂ ᠡᠶ᠎ᠡ ᠨᠠᠢᠷᠲᠠᠶ ᠬᠠᠮᠲᠤ ᠪᠠᠷ ᠤᠷᠤᠰᠢᠬᠤ ᠦᠨᠳᠦᠰᠦᠲᠡᠨ ᠦ ᠪᠦᠯᠬᠦᠮᠳᠡᠯ ᠦᠨ ᠲᠤᠯᠠᠭᠠᠨ ᠪᠦᠯᠢ ᠵᠢ ᠪᠠᠢᠭᠤᠯᠤᠨ᠎ᠠ᠃