ᠵᠤᠯ ᠵᠢᠷᠭᠠᠯ᠎ᠢ ᠨᠡᠮᠡᠭᠳᠡᠬᠦᠯᠵᠥ ᠪᠠᠶᠠᠨ ᠲᠠᠡᠭᠰᠤᠬ ᠠᠮᠢᠳᠤᠷᠠᠯ᠎ᠢ ᠴᠣᠭ᠍ᠴᠠᠯᠠᠨ᠎ᠠ
2021-11-25 09:27:24
ᠵᠣᠬᠢᠶᠠᠭ᠍ᠴᠢ᠄
ᠯᠠᠶ ᠴᠦᠨ ᠢᠦᠶ
ᠣᠩᠱᠢᠭ᠍ᠰᠠᠨ ᠣᠳᠠᠭ᠎ᠠ᠄
★★★☆☆

QQ图片20211125092038.png


ᠬᠣᠲᠠ᠎ᠶ᠋ᠢᠨ ᠠᠷᠠᠳ ᠬᠥᠬᠡᠬᠣᠲᠠ᠎ᠶ᠋ᠢᠨ ᠢᠦᠢᠴᠢᠤᠸᠠᠨ ᠲᠣᠭᠣᠷᠢᠭ᠎ᠤᠨ ᠦᠵᠡᠮᠵᠢ᠎ᠶ᠋ᠢᠨ ᠴᠡᠴᠡᠷᠯᠢᠭ᠎ᠲᠦ ᠰᠡᠯᠡᠭᠦᠴᠡᠨ ᠲᠤᠭᠤᠷᠢᠵᠤ ᠪᠤᠢ᠃          

 ᠸᠠᠩ ᠯᠸᠢ   ᠰᠡᠭᠦᠳᠡᠷᠯᠡᠪᠡ


QQ图片20211125092045.png


2020 ᠣᠨ᠎ᠤ9ᠰᠠᠷ᠎ᠠ᠎ᠶ᠋ᠢᠨ12᠎ᠤ᠋ᠨ ᠡᠳᠦᠷ 《〈ᠬᠤᠪᠢ ᠨᠡᠮᠡᠷᠢ ᠬᠠᠨᠳᠢᠪᠯᠠᠬᠴᠢ᠎ᠳᠦ ᠬᠤᠪᠢ ᠨᠡᠮᠡᠷᠢ ᠦᠵᠡᠭᠦᠯᠬᠦ᠌〉 ᠵᠠᠯᠠᠭᠤ ᠨᠠᠰᠤᠨ ᠤ᠋ ᠭᠡᠷᠡᠯ ᠭᠢᠯᠪᠠᠭ᠎ᠠ ᠪᠡᠨ ᠰᠠᠴᠤᠷᠠᠭᠤᠯᠵᠤ᠂ ᠦᠯᠡᠮᠵᠢ ᠵᠢᠨ ᠬᠠᠢᠷ᠎ᠠ ᠪᠡᠨ ᠤᠮᠠᠷᠠᠲᠤ ᠬᠢᠯᠢ᠎ᠳᠦ ᠡᠷᠭᠦᠨᠡᠮ》 ᠪᠥᠬᠥ᠌ ᠤᠯᠤᠰ᠎ᠤᠨ ᠵᠠᠯᠠᠭᠤ ᠰᠠᠢᠨ᠎ᠲᠤᠷᠠᠴᠤᠳ᠎ᠤᠨ᠎ᠲᠠᠯ᠎ᠠ ᠨᠤᠲᠤᠭ᠎ᠤᠨ ᠬᠠᠮᠲᠤ᠎ᠶ᠋ᠢᠨ ᠬᠤᠷᠢᠮ᠎ᠤᠨ ᠶᠣᠰᠣᠯᠠᠯ ᠬᠥᠬᠡᠬᠣᠲᠠ᠎ᠶ᠋ᠢᠨ ᠴᠡᠯᠡᠭᠡᠷ ᠲᠠᠯ᠎ᠠ ᠳ᠋ᠤ ᠶᠠᠪᠤᠭ᠍ᠳᠠᠪᠠ᠃         

ᠸᠠᠩ ᠫᠸᠩ   ᠰᠡᠭᠦᠳᠡᠷᠯᠡᠪᠡ


QQ图片20211125092051.png


2020 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠥᠬᠥ᠌ ᠠᠷᠠᠳ᠎ᠵᠢᠡᠷ ᠵᠢᠡᠨ ᠪᠡᠶ᠎ᠡ ᠴᠢᠭᠢᠷᠠᠭ᠍ᠵᠢᠭᠤᠯᠬᠤ ᠰᠦᠯᠵᠢᠶᠡᠨ ᠳᠡᠭᠡᠷᠡᠬᠢ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ ᠡᠬᠢᠯᠡᠪᠡ᠃

ᠢᠦᠶ ᠲᠤᠤ   ᠰᠡᠭᠦᠳᠡᠷᠯᠡᠪᠡ


QQ图片20211125092106.png


ᠣᠯᠠᠨ ᠵᠢᠯ᠎ᠦᠨ ᠲᠤᠷᠰᠢ᠂ ᠬᠥᠳᠡᠭᠡ ᠲᠣᠰᠭᠣᠨ᠎ᠤ ᠪᠠᠭ᠍ᠰᠢ ᠯᠢᠦ ᠱᠢᠶᠠᠩ ᠮᠢᠩ ᠬᠥᠬᠡᠬᠣᠲᠠ᠎ᠶ᠋ᠢᠨ ᠢᠦᠢᠴᠢᠤᠸᠠᠨ ᠲᠣᠭᠣᠷᠢᠭ᠎ᠤᠨ ᠪᠠᠭ᠎ᠠ ᠲᠦᠷᠭᠡᠨ ᠭᠤᠤᠯ ᠪᠠᠯᠭᠠᠰᠤᠨ᠎ᠤ ᠨᠢᠤ ᠴᠠᠩ ᠰᠤᠷᠭᠠᠭᠤᠯᠢ᠎ᠶ᠋ᠢᠨ ᠬᠡᠦᠬᠡᠳ᠎ᠦᠨ ᠳᠠᠭᠤᠤ ᠬᠥᠭ᠌ᠵᠢᠮ᠎ᠦᠨ ᠬᠦᠰᠡᠯ ᠵᠡᠬᠦᠳᠤ ᠵᠢᠨ ᠲᠦᠯᠦᠬᠡ ᠵᠢᠳᠬᠦᠪᠡ᠃

ᠸᠠᠩ ᠯᠧᠢ  ᠰᠡᠭᠦᠳᠡᠷᠯᠡᠪᠡ


QQ图片20211125092112.png


2019 ᠣᠨ᠎ᠤ 11 ᠰᠠᠷ᠎ᠠ᠎ᠶ᠋ᠢᠨ 1᠎ᠤ᠋ ᠡᠳᠦᠷ᠂ ᠪᠤᠭᠤᠲᠤ ᠬᠣᠲᠠ᠎ᠶ᠋ᠢᠨ ᠲᠦᠮᠡᠳ ᠪᠠᠷᠠᠭᠤᠨ ᠬᠣᠱᠢᠭᠤᠨ᠎ᠤ ᠬᠠᠶ ᠽᠢ ᠱᠢᠶᠠᠩ᠎ᠤᠨ ᠾᠸᠢ ᠱᠢᠶᠦ᠋ᠨ ᠶᠢᠩᠽᠢ ᠲᠣᠰᠭᠣᠨ᠎ᠤ《ᠨᠡᠰᠤᠳᠠᠢᠴᠤᠤᠯ ᠎ᠤᠨ ᠬᠣᠭᠣᠯᠠᠨ ᠬᠡᠷ》 ᠡᠷᠦᠬᠡ᠎ᠪᠡᠨ ᠰᠡᠬᠦᠵᠦ᠍᠂ ᠬᠡᠷ᠎ᠲᠤ ᠪᠡᠨ ᠬᠣᠴᠣᠷᠤᠭ᠍ᠰᠠᠨ ᠨᠠᠰᠤᠲᠠᠢᠴᠤᠳ᠎ᠤᠨ ᠬᠣᠭᠣᠯᠠ ᠢᠳᠡᠬᠦ ᠠᠰᠠᠭᠤᠳᠠᠯ᠎ᠢ ᠰᠢᠢᠳᠪᠦᠷᠢᠯᠡᠪᠡ᠃

ᠮᠠ ᠵᠢᠶᠠᠨ ᠴᠢᠤᠸᠠᠨ ᠰᠡᠭᠦᠳᠡᠷᠯᠡᠪᠡ


QQ图片20211125092117.png


2020 ᠣᠨ᠎ᠤ 12 ᠰᠠᠷ᠎ᠠ᠎ᠶ᠋ᠢᠨ 30 ᠎ᠤ᠋ ᠡᠳᠦᠷ᠎ᠦᠨ 10 ᠴᠠᠭ 35 ᠮᠢᠨᠦ᠋ᠲ ᠲᠤ᠌᠂ ᠥᠪᠥᠷ ᠮᠣᠩᠭᠣᠯ᠎ᠤᠨ ᠠᠩᠬᠠᠳᠠᠭ᠍ᠴᠢ ᠪᠡᠭᠡᠵᠢᠩ᠎ᠳᠦ ᠬᠥᠷᠬᠥ᠌ ᠲᠦᠷᠭᠡᠨ᠎ᠦ ᠲᠡᠮᠦᠷ ᠵᠠᠮ᠎ᠤᠨ G2410 ᠡᠬᠡᠯᠵᠢ ᠵᠢᠨ ᠭᠠᠯᠳᠤ ᠲᠡᠷᠬᠡ ᠲᠣᠭ᠍ᠲᠠᠭ᠍ᠰᠠᠨ ᠴᠠᠭ᠎ᠲᠦ ᠪᠡᠨ ᠬᠥᠬᠡᠬᠣᠲᠠ ᠵᠡᠭᠦᠨ ᠥᠷᠲᠡᠭᠡ᠎ᠡᠴᠡ ᠮᠤᠷᠳᠠᠬᠰᠠᠨ ᠨᠢ᠂ ᠥᠪᠥᠷ ᠮᠣᠩᠭᠣᠯ᠎ᠤᠨ ᠵᠢᠩᠬᠢᠨᠢ᠎ᠪᠡᠷ ᠪᠡᠭᠡᠵᠢᠩ᠎ᠳᠦ ᠬᠥᠷᠬᠥ᠌ ᠲᠦᠷᠭᠡᠨ᠎ᠦ ᠲᠡᠮᠦᠷ ᠵᠠᠮ᠎ᠤᠨ 《ᠨᠠᠢᠵᠠ᠎ᠶ᠋ᠢᠨ ᠲᠣᠭᠣᠷᠢᠭ》ᠲᠤ᠌ ᠣᠷᠣᠭ᠍ᠰᠠᠨ᠎ᠢ ᠬᠠᠷᠠᠭᠤᠯᠵᠤ ᠪᠣᠶ ᠃        

ᠢᠦᠢ ᠲᠤᠤ   ᠰᠡᠭᠦᠳᠡᠷᠯᠡᠪᠡ


QQ图片20211125092123.png


ᠬᠥᠬᠡᠬᠣᠲᠠ ᠎ᠶ᠋ᠢᠨ ᠰᠣᠶᠣᠯ᠎ᠤᠨ ᠣᠷᠳᠣᠨ᠎ᠳᠤ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭᠰᠠᠨ ᠭᠡᠷᠡᠯ ᠵᠢᠷᠤᠭ᠎ᠤᠨ ᠪᠦᠲᠦᠭᠡᠯ᠎ᠦᠨ ᠦᠵᠡᠭᠦᠯᠭᠡ ᠨᠢ ᠦᠵᠡᠭ᠌ᠴᠢᠳ᠎ᠤᠨ ᠠᠩᠬᠠᠷᠤᠯ᠎ᠢ ᠲᠡᠳᠡᠵᠤ ᠬᠦᠮᠦᠰ ᠭᠡᠷᠡᠯ ᠵᠢᠷᠤᠭ ᠲᠠᠲᠠᠵᠠᠭᠠᠨ᠎ᠠ᠃

ᠬᠤᠢ᠌ᠳᠤᠠᠤᠯᠤᠰ  ᠰᠡᠭᠦᠳᠡᠷᠯᠡᠪᠡ


QQ图片20211125092059.png


ᠵᠢᠯᠤᠭᠤᠴᠢ ᠦᠭᠡᠢ ᠨᠢᠰᠭᠡᠯ ᠵᠢᠡᠷ ᠰᠡᠭᠦᠳᠡᠷᠯᠡᠭ᠌ᠰᠡᠨ ᠤᠯᠠᠭᠠᠨᠴᠠᠪ ᠬᠤᠳᠠ ᠵᠢᠨ ᠵᠢᠨᠢᠩ ᠲᠣᠭᠣᠷᠢᠭ ᠤ᠋ᠨ ᠭᠡᠷᠡᠯ ᠵᠢᠷᠤᠭ᠃

ᠸᠠᠩ  ᠯᠸᠢ  ᠰᠡᠭᠦᠳᠡᠷᠯᠡᠪᠡ

 

ᠠᠷᠠᠳ᠎ᠤᠨ ᠠᠮᠢᠳᠤᠷᠠᠯ᠎ᠳᠤ ᠪᠠᠭ᠎ᠠ ᠶᠠᠪᠤᠳᠠᠯ ᠭᠡᠵᠦ᠍ ᠦᠭᠡᠢ᠂ ᠠᠷᠠᠳ  ᠤᠯᠠᠨ᠎ᠤ ᠶᠠᠪᠤᠳᠠᠯ ᠪᠦᠬᠦᠨ᠎ᠢ ᠨᠠᠷᠢᠯᠢᠭ ᠨᠢᠮᠪᠠᠢ ᠬᠠᠯᠠᠮᠵᠢᠯᠠᠬᠤ ᠬᠡᠷᠡᠭᠳᠡᠢ᠃ 《ᠠᠷᠪᠠᠨ ᠭᠤᠷᠪᠠᠳᠤᠭᠠᠷ ᠲᠠᠪᠤᠨ ᠵᠢᠯ》ᠢ᠋ ᠡᠷᠭᠢᠴᠡᠭᠦᠯᠬᠦᠶ᠎ᠡ᠂ 《ᠠᠷᠠᠳ᠎ᠲᠦᠮᠡᠨ᠎ᠢᠶᠡᠷ ᠭᠤᠤᠯ ᠪᠣᠯᠭᠠᠬᠤ》ᠣᠢᠯᠠᠭᠠᠭ᠍ᠳᠠᠬᠤᠨ ᠥᠪᠥᠷ ᠮᠣᠩᠭᠣᠯ᠎ᠤᠨ ᠲᠣᠮᠣ ᠠᠯᠬᠤᠭ᠎ᠠ ᠪᠡᠷ ᠤᠷᠤᠭ᠍ᠰᠢᠯᠠᠬᠤ ᠬᠤᠷᠤᠮ ᠨᠢᠭᠡ ᠪᠦᠷᠢ᠎ᠳᠤ ᠲᠤᠭᠤᠰᠢᠯᠠᠬᠳᠠᠪᠠ᠃ ᠡᠨᠡ ᠲᠠᠪᠤᠨ ᠵᠢᠯ᠎ᠳᠦ᠂ ᠥᠪᠥᠷ ᠮᠣᠩᠭᠣᠯ᠎ᠤᠨ᠎ᠠᠷᠠᠳ᠎ᠤᠨ ᠠᠮᠢᠳᠤᠷᠠᠯ᠎ᠤᠨ᠎ᠦᠶ᠋ᠯᠡᠰ᠎ᠲᠠᠰᠤᠷᠠᠯᠲᠠ᠎ᠥᠬᠡᠶ᠎ᠴᠡᠴᠡᠭ᠌ᠯᠡᠨ ᠬᠥᠭ᠌ᠵᠢᠵᠦ᠍᠂ ᠠᠷᠠᠳ᠎ᠤᠨ ᠠᠮᠢᠳᠤᠷᠠᠯ᠎ᠤᠨ ᠡᠯ᠎ᠡ ᠵᠦᠶ᠋ᠯ᠎ᠦᠨ ᠭᠦᠶ᠋ᠴᠡᠳᠭᠡᠯ ᠲᠣᠭ᠎ᠠ ᠲᠠᠰᠤᠷᠠᠯᠲᠠ ᠥᠬᠡᠶ ᠰᠠᠢᠵᠢᠷᠠᠵᠤ᠂ ᠵᠣᠯ ᠵᠢᠷᠭᠠᠯᠲᠤ ᠰᠠᠢᠨ ᠰᠠᠢᠬᠠᠨ ᠴᠠᠭ ᠦᠶ᠎ᠡ᠎ᠶ᠋ᠢᠨ ᠬᠠᠷᠢᠭᠤᠯᠲᠠ᠎ᠶ᠋ᠢᠨ ᠬᠠᠭᠤᠳᠠᠰᠤ᠎ᠶ᠋ᠢ ᠪᠢᠴᠢᠭ᠌ᠯᠡᠪᠡ᠃

ᠡᠨᠡ ᠲᠠᠪᠤᠨ ᠵᠢᠯ᠎ᠳᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠪᠠᠷ ᠵᠣᠷᠢᠯᠲᠠ ᠪᠠ ᠲᠤᠰᠤᠯᠳᠠ ᠪᠣᠯᠭᠠᠵᠤ᠂ ᠯᠠᠪᠳᠠᠭᠤᠨ᠎ᠢᠶᠠᠷ ᠤᠷᠤᠬᠰᠢᠯᠠᠪᠠ᠃《ᠠᠷᠪᠡᠨ ᠭᠤᠷᠪᠠᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ᠎ᠲᠤᠰ᠎ᠱᠠᠲᠤᠨ᠎ᠤ᠎ᠡᠳ᠋᠎ᠦᠨ᠎ᠵᠠᠰᠠᠭ᠎ᠤᠨ᠎ᠬᠦᠴᠢᠷᠳᠡᠯᠲᠡᠶ ᠣᠯᠠᠨ ᠲᠦᠮᠡᠨ᠎ᠢ ᠲᠡᠩᠬᠡᠷᠡᠭᠦᠯᠦᠨ ᠲᠤᠰᠠᠯᠠᠬᠰᠠᠨ ᠪᠠᠯᠠ ᠮᠥᠩᠭᠥ᠌ ᠵᠢᠯ ᠳᠤᠮᠳᠠᠴᠢ᠎ᠪᠠᠷ 62.37 ᠳ᠋ᠦᠩᠱᠢᠭᠤᠷ ᠲᠥᠭᠥᠷᠢᠭ ᠲᠤ᠌ ᠬᠦᠷᠴᠤ᠂ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ᠂ ᠰᠤᠷᠭᠠᠨ ᠬᠥᠮᠦᠵᠢᠯ᠂ ᠣᠷᠣᠨ ᠰᠠᠭᠤᠴᠠ᠂ ᠡᠮᠴᠢᠯᠡᠭᠡ ᠵᠡᠷᠭᠡ ᠪᠥᠬᠥ᠌ ᠲᠠᠯ᠎ᠠ᠎ᠶ᠋ᠢᠨ《8 + 1》 ᠶ᠋ᠢᠨ ᠲᠡᠩᠬᠡᠷᠡᠭᠦᠯᠦᠨ ᠲᠤᠰᠠᠯᠠᠬᠤ ᠱᠢᠰᠲ᠋ᠧᠮ᠎ᠢ ᠪᠠᠢᠭᠤᠯᠪᠠ; 2020 ᠤᠨ ᠎ᠤ ᠦᠨᠳᠦᠰᠦᠨ ᠨᠠᠰᠤᠵᠢᠯ᠎ᠤᠨ ᠠᠰᠠᠷᠠᠮᠵᠢ᠎ᠵᠢᠨ᠎ᠮᠥᠩᠭᠥ᠌᠂ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠨᠠᠰᠤᠵᠢᠯ᠎ᠤᠨ ᠠᠰᠠᠷᠠᠮᠵᠢ ᠵᠢᠨ ᠮᠥᠩᠭᠥ᠌ 2015 ᠤᠨ᠎ᠤ ᠬᠢ᠎ᠡᠴᠡ ᠲᠣᠰ ᠲᠣᠰ 56.5% ᠪᠠ  27.5% ᠪᠡᠷ ᠳᠡᠭᠡᠭ᠌ᠰᠢᠯᠡᠪᠡ  ᠁

ᠭᠤᠤᠯᠳᠠᠯᠭ᠎ᠠ᠎ᠶ᠋ᠢ ᠠᠳᠭᠤᠨ᠂ ᠳᠤᠲᠠᠭᠤᠳᠠᠯ᠎ᠵᠢᠡᠨ ᠨᠥᠬᠥᠪᠥᠷᠢᠯᠡᠵᠤ᠂ ᠪᠠᠭᠤᠷᠠᠶ ᠲᠠᠯ᠎ᠠ᠎ᠶ᠋ᠢ ᠬᠦᠴᠦᠷᠬᠡᠭ᠌ᠵᠢᠭᠦᠯᠦᠬᠡᠳ᠂ ᠡᠨᠡ ᠲᠠᠪᠤᠨ ᠵᠢᠯ᠎ᠳᠦ ᠠᠮᠵᠢᠯᠲᠠ ᠪᠦᠳᠦᠮᠵᠢ ᠳᠦᠭᠦᠷᠡᠩ᠃ ᠠᠵᠢᠯ ᠣᠯᠭᠣᠯᠲᠠ᠎ᠶ᠋ᠢ ᠲᠣᠭ᠍ᠲᠠᠭᠤᠨ ᠪᠠᠢᠯᠭᠠᠬᠤ᠎ᠶ᠋ᠢ ᠲᠡᠷᠢᠭᠦᠨ᠎ᠳᠤ ᠲᠠᠯᠪᠢᠵᠤ᠂ ᠬᠣᠲᠠ ᠪᠠᠯᠭᠠᠰᠤ᠎ᠶ᠋ᠢᠨ ᠠᠵᠢᠯ ᠣᠯᠭᠣᠯᠲᠠ᠎ᠶ᠋ᠢ ᠱᠢᠨ᠎ᠡ᠎ᠪᠡᠷ ᠨᠡᠢᠲᠡ 128.44 ᠲᠦᠮᠡᠨ ᠬᠥᠮᠦᠨ ᠨᠡᠮᠡᠭ᠌ᠳᠡᠭᠦᠯᠵᠦ᠍᠂ ᠲᠥᠯᠥᠪᠵᠢᠭᠦᠯᠭᠡ᠎ᠶ᠋ᠢᠨ ᠬᠠᠷᠠᠯᠲᠠ(125 ᠲᠦᠮᠡᠨ ᠬᠥᠮᠦᠨ)ᠶ᠋ᠢᠨ 102.75% ᠎ᠶ᠋ᠢ ᠪᠡᠶᠡᠯᠡᠭᠦᠯᠵᠦ᠍᠂ ᠬᠣᠲᠠ ᠪᠠᠯᠭᠠᠰᠤ᠎ᠶ᠋ᠢᠨ ᠳᠠᠩᠰᠠᠯᠠᠭᠤᠯᠤᠬᠰᠠᠨ ᠠᠵᠢᠯ ᠠᠯᠳᠠᠭ᠍ᠰᠠᠨ ᠨᠣᠷᠮ᠎ᠠ᠎ᠵᠢ ᠢᠮᠠᠭ᠍ᠲᠠ 4% ᠎ᠶ᠋ᠢᠨ ᠳᠣᠲᠣᠷ᠎ᠠ ᠪᠠᠢᠬᠤ ᠨᠡᠯᠢᠶᠡᠳ ᠳᠣᠣᠷ᠎ᠠ ᠬᠡᠮᠵᠢᠶᠡᠨ᠎ᠳᠦ ᠬᠢᠵᠠᠭᠠᠷᠯᠠᠪᠠ; 2020 ᠣᠨ᠎ᠳᠤ ᠪᠥᠬᠥ᠌ ᠣᠷᠣᠨ᠎ᠤ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ 31497 ᠲᠥᠭᠥᠷᠢᠭ᠎ᠲᠦ ᠬᠦᠷᠴᠦ᠍᠂ 5 ᠵᠢᠯ᠎ᠦᠨ ᠲᠤᠷᠰᠢ ᠵᠢᠯ ᠪᠦᠷᠢ ᠳᠤᠮᠳᠠᠴᠢ᠎ᠪᠠᠷ 7.1% ᠎ᠪᠠᠷ ᠨᠡᠮᠡᠭ᠌ᠳᠡᠪᠡ  ᠁

ᠠᠷᠠᠳ᠎ᠤᠨ ᠠᠮᠢᠳᠤᠷᠠᠯ᠎ᠤᠨ ᠵᠤᠯ ᠵᠢᠷᠭᠠᠯ᠎ᠢ ᠨᠡᠮᠡᠭ᠌ᠳᠡᠭᠦᠯᠵᠦ᠍᠂ ᠴᠢᠨᠠᠷ ᠰᠠᠢᠲᠠᠶ ᠠᠮᠢᠳᠤᠷᠠᠯ᠎ᠢ ᠴᠣᠭ᠍ᠴᠠᠯᠠᠭᠠᠳ᠂ ᠡᠨᠡ ᠲᠠᠪᠤᠨ ᠵᠢᠯ᠎ᠳᠦ ᠵᠣᠯ ᠵᠢᠷᠭᠠᠯ ᠲᠠᠢ᠃ ᠲᠦᠭᠡᠮᠡᠯ ᠬᠠᠷᠠᠭᠠᠯᠵᠠᠯ᠎ᠤᠨ᠎ᠴᠢᠨᠠᠷᠲᠠᠶ᠎ᠬᠡᠦᠬᠡᠳ᠎ᠦᠨ ᠴᠡᠴᠡᠷᠯᠢᠭ᠎ᠦᠨ ᠪᠦᠷᠬᠦᠴᠡ᠎ᠶ᠋ᠢᠨ ᠨᠣᠷᠮ᠎ᠠ᠎ᠶ᠋ᠢ 85.5% ᠪᠣᠯᠲᠠᠯ᠎ᠠ ᠳᠡᠭᠡᠭ᠌ᠰᠢᠯᠡᠭᠦᠯᠪᠡ ;  ᠪᠦᠬᠦ᠌ ᠣᠷᠣᠨ᠎ᠤ ᠬᠣᠱᠢᠭᠤ ᠱᠢᠶᠠᠨ᠎ᠤ ᠱᠠᠲᠤᠨ᠎ᠤ ᠪᠤᠶ ᠪᠦᠬᠦᠢ ᠶᠡᠷᠦᠩᠬᠡᠢᠯᠡᠭ᠌ᠰᠡᠨ ᠡᠮᠨᠡᠯᠭᠡ᠎ᠶ᠋ᠢᠨ ᠬᠣᠷᠢᠶ᠎ᠠ ᠴᠥᠮ ᠬᠣᠶᠠᠳᠤᠭᠠᠷ ᠳᠡᠰ᠎ᠡᠴᠡ ᠳᠡᠭᠡᠭ᠌ᠰᠢᠬᠢ ᠡᠮᠨᠡᠯᠭᠡ᠎ᠶ᠋ᠢᠨ ᠬᠣᠷᠢᠶᠠᠨ᠎ᠤ ᠪᠠᠷᠢᠮᠵᠢᠶ᠎ᠠ᠎ᠳᠤ ᠬᠦᠷᠴᠦ᠍᠂ ᠮᠢᠩᠭᠠᠨ ᠬᠥᠮᠦᠨ ᠠᠮᠠ ᠪᠦᠷᠢ᠎ᠳᠦ ᠨᠣᠭ᠍ᠳᠠᠬᠤ ᠡᠪᠡᠳᠴᠢᠲᠡᠨ᠎ᠦ ᠣᠷᠣ᠎ᠶ᠋ᠢᠨ ᠲᠣᠭ᠎ᠠ ᠪᠣᠯᠤᠨ ᠠᠵᠢᠯ ᠡᠷᠬᠢᠯᠡᠬᠦ᠌(ᠲᠤᠰᠠᠯᠠᠬᠤ) ᠡᠮᠴᠢ᠎ᠶ᠋ᠢᠨ ᠲᠣᠭ᠎ᠠ ᠨᠢ ᠪᠦᠬᠦ᠌ ᠤᠯᠤᠰ᠎ᠤᠨ ᠳᠤᠮᠳᠠᠴᠢ ᠬᠢᠷᠢ ᠬᠡᠮᠵᠢᠶ᠎ᠡ᠎ᠡᠴᠡ ᠳᠠᠪᠠᠪᠠ; ᠬᠣᠲᠠ ᠪᠠᠯᠭᠠᠰᠤᠨ᠎ᠤ ᠳᠥᠭᠥᠮ ᠪᠦᠳᠦᠴᠡᠳᠤ ᠣᠷᠣᠨ ᠰᠠᠭᠤᠴᠠ ᠵᠢ ᠨᠡᠢᠲᠡ 67.7 ᠲᠦᠮᠡᠨ ᠢᠵᠢ ᠥᠭᠡᠷᠡᠴᠢᠯᠡᠨ ᠱᠢᠨᠡᠳᠭᠡᠵᠦ᠍᠂ 158 ᠲᠦᠮᠡᠨ ᠰᠠᠭᠤᠭᠠᠯᠢ ᠠᠷᠠᠳ᠎ᠤᠨ ᠣᠷᠣᠨ ᠰᠠᠭᠤᠴᠠ᠎ᠶ᠋ᠢᠨ ᠨᠥᠬᠥᠴᠡᠯ᠎ᠢ ᠰᠠᠢᠵᠢᠷᠠᠭᠤᠯᠪᠠ  ᠁

ᠠᠷᠠᠳ᠎ᠤᠨ ᠠᠮᠢᠳᠤᠷᠠᠯ᠎ᠤᠨ ᠠᠵᠢᠯ᠎ᠤᠨ ᠲᠤᠬᠠᠢ ᠡᠳᠡᠬᠡᠷ ᠠᠮᠵᠢᠯᠲᠠ ᠪᠦᠲᠦᠮᠵᠢ᠎ᠶ᠋ᠢᠨ ᠠᠷᠤ᠎ᠳᠤ᠂ ᠠᠷᠠᠳ᠎ᠤᠨ ᠠᠮᠢᠳᠤᠷᠠᠯ᠎ᠢ ᠯᠠᠪᠳᠠᠭᠤᠨ ᠪᠠᠲᠤᠲᠠᠢ ᠪᠠᠲᠤᠯᠠᠨ ᠰᠠᠢᠵᠢᠷᠠᠭᠤᠯᠬᠤ᠂ ᠳᠤᠲᠠᠭᠤᠳᠠᠯ ᠪᠠ ᠪᠠᠭᠤᠷᠠᠢ ᠲᠠᠯ᠎ᠠ᠎ᠪᠠᠨ ᠴᠢᠷᠮᠠᠢᠨ ᠨᠥᠬᠥᠪᠥᠷᠢᠯᠡᠬᠦ᠌ ᠴᠥᠬᠥᠷᠡᠰᠢ ᠦᠭᠡᠢ ᠴᠢᠷᠮᠠᠢᠯᠭ᠎ᠠ ᠪᠤᠢ᠂ ᠨᠡᠩ ᠴᠤ᠌ ᠴᠢᠨᠠᠷ ᠰᠠᠢᠲᠠᠢ ᠬᠥᠭ᠌ᠵᠢᠯᠲᠡ᠎ᠶ᠋ᠢᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭ᠌ᠳᠡᠭᠦᠯᠬᠦ᠌᠂ ᠴᠢᠨᠠᠷ ᠰᠠᠢᠲᠠᠢ ᠠᠮᠢᠳᠤᠷᠠᠯ᠎ᠢ ᠴᠣᠭ᠍ᠴᠠᠯᠠᠬᠤ ᠡᠷᠴᠢ ᠵᠣᠷᠢᠭ ᠪᠤᠢ᠃ ᠠᠷᠠᠳ ᠤᠯᠠᠨ᠎ᠤ ᠬᠦᠷᠲᠡᠮᠵᠢ᠎ᠶ᠋ᠢᠨ ᠲᠦᠷᠦᠭ᠌ᠳᠡᠯ᠂ ᠵᠤᠯ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠵᠤ᠂ ᠥᠪᠥᠷ ᠮᠣᠩᠭᠣᠯ ᠠᠷᠠᠳ᠎ᠤᠨ ᠠᠮᠢᠳᠤᠷᠠᠯ᠎ᠤᠨ ᠵᠣᠯ ᠵᠢᠷᠭᠠᠯ᠎ᠢ ᠡᠭᠦᠳᠬᠦ᠌ ᠰᠠᠢ᠌ᠨ ᠰᠠᠢᠬᠠᠨ ᠠᠮᠢᠳᠤᠷᠠᠯ᠎ᠤᠨ ᠵᠠᠮ ᠵᠢᠡᠷ  ᠡᠷᠡᠮᠡᠬᠡᠢᠯᠡᠨ ᠤᠷᠤᠭ᠍ᠰᠢᠯᠠᠨ᠎ᠠ !

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号