ᠤᠷᠳᠤ ᠴᠠᠭᠠᠨ ᠬᠡᠷᠡᠮ ᠳᠤᠮᠳᠠᠳᠤ᠎ᠶ᠋ᠢᠨ ᠦᠨᠳᠦᠰᠦᠲᠡᠨ᠎ᠦ ᠬᠦᠴᠦᠷᠬᠡᠭᠵᠢᠬᠦ ᠪᠡᠷ
ᠬᠦᠴᠦᠯᠡᠨ ᠴᠢᠷᠮᠡᠢᠬᠤ ᠲᠡᠮᠡᠴᠡᠯ ᠵᠣᠷᠢᠭ ᠰᠠᠨᠠᠭ᠎ᠠ ᠪᠣᠯᠤᠨ ᠳᠠᠶᠠᠭᠠᠷ᠎ᠢᠶᠠᠨ ᠰᠡᠳᠭᠢᠯ ᠨᠢᠭᠡᠳᠴᠦ᠍ ᠲᠡᠮᠦᠷ
ᠬᠡᠷᠡᠮ ᠮᠡᠲᠦ ᠪᠤᠯᠬᠤ᠂ ᠨᠤᠭᠤᠷᠠᠰᠢ ᠦᠭᠡᠢ ᠲᠡᠮᠡᠴᠡᠬᠦ᠌
ᠤᠯᠤᠰ᠎ᠢᠶᠠᠨ ᠬᠠᠢᠷᠠᠯᠠᠬᠤ ᠰᠡᠳᠭᠢᠯᠭᠡ᠎ᠶ᠋ᠢ ᠨᠢᠭ᠍ᠲᠠᠷᠠᠭᠤᠯᠵᠤ
᠂ ᠨᠢᠭᠡᠨᠲᠡ ᠳᠤᠮᠳᠠᠳᠤ᠎ᠶ᠋ᠢᠨ ᠦᠨᠳᠦᠰᠦᠲᠡᠨ᠎ᠦ ᠲᠥᠯᠥᠭᠡᠯᠡᠬᠦ᠌ ᠴᠢᠨᠠᠷᠲᠠᠢ ᠲᠡᠮᠳᠡᠭ ᠪᠣᠯᠤᠨ ᠳᠤᠮᠳᠠᠳᠤ᠎ᠶ᠋ᠢᠨ
ᠪᠣᠯᠪᠠᠰᠤᠨ᠎ᠤ ᠴᠢᠬᠤᠯᠠ ᠪᠡᠯᠭᠡ ᠲᠡᠮᠳᠡᠭ ᠪᠣᠯᠵᠠᠢ᠃ ᠤᠷᠳᠤ ᠴᠠᠭᠠᠨ ᠬᠡᠷᠡᠮ᠎ᠦᠨ ᠰᠣᠶᠣᠯ᠎ᠤᠨ ᠦᠷᠳᠡᠭ᠎ᠢ ᠠᠭᠤᠳᠠᠯᠬᠤ
ᠪᠠ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠥᠪ᠎ᠢ ᠤᠯᠠᠮᠵᠢᠯᠠᠨ ᠵᠠᠯᠭᠠᠮᠵᠢᠯᠠᠵᠤ ᠬᠠᠮᠠᠭᠠᠯᠠᠬᠤ ᠠᠵᠢᠯ᠎ᠢ
ᠰᠠᠢᠲᠤᠷ ᠬᠢᠵᠦ᠍᠂ ᠦᠨᠳᠦᠰᠦᠲᠡᠨ᠎ᠦ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ
ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠍᠎ᠶ᠋ᠢ ᠲᠡᠷᠭᠡᠯᠱᠢᠭᠦᠯᠬᠦ᠌ ᠳᠦ ᠠᠤᠭ᠎ᠠ ᠶᠡᠬᠡ ᠬᠦᠴᠦᠨ
ᠴᠢᠳᠠᠯ᠎ᠢ ᠨᠢᠭ᠍ᠲᠠᠷᠠᠭᠤᠯᠬᠤ ᠬᠡᠷᠡᠭ᠌ᠲᠡᠢ᠃
—
2019 ᠤᠨ ᠤ 8 ᠰᠠᠷ᠎ᠠ ᠵᠢᠨ 19 ᠤ᠋ ᠡᠳᠦᠷ ᠡᠴᠡ 22 ᠤ᠋ᠨ ᠡᠳᠦᠷ ᠪᠤᠯᠲᠠᠯ᠎ᠠ
ᠶᠡᠷᠦᠩᠬᠡᠢ ᠱᠦᠵᠢ ᠰᠢ᠎ᠶ᠋ᠢᠨ ᠫᠢᠩ᠎ᠤᠨ ᠭᠠᠨᠰᠤ᠎ᠳᠤ ᠱᠢᠨᠵᠢᠯᠠᠨ ᠪᠠᠢᠴᠠᠭᠠᠯᠲᠠ ᠬᠢᠬᠦ ᠦᠶ᠎ᠡ ᠵᠢᠨ ᠶᠠᠷᠢᠶ᠎ᠠ
ᠡᠴᠡ

ᠪᠠᠶᠠᠨᠨᠠᠭᠤᠷ ᠬᠣᠲᠠ᠎ᠶ᠋ᠢᠨ ᠤᠷᠠᠳ᠎ᠤᠨ ᠡᠮᠦᠨᠡᠲᠦ ᠬᠣᠱᠢᠭᠤᠨ᠎ᠤ ᠪᠠᠭ᠎ᠠ ᠰᠢᠭᠡᠲᠡᠢ
ᠵᠢᠨ ᠴᠢᠨ ᠬᠠᠨᠤᠯᠤᠰᠤᠨ ᠣᠷᠳᠣ ᠴᠠᠭᠠᠨ ᠬᠡᠷᠡᠮ
ᠳᠤᠮᠳᠠᠳᠤ ᠤᠯᠤᠰ᠎ᠤᠨ ᠣᠷᠳᠣ ᠴᠠᠭᠠᠨ ᠬᠡᠷᠡᠮ᠎ᠦᠨ ᠪᠥᠬᠥ᠌ ᠣᠷᠳᠣ 21196.18
ᠺᠢᠯᠣᠮᠧᠲ᠋ᠷ ᠪᠠᠢᠵᠤ᠂ ᠪᠥᠬᠥ᠌ ᠤᠯᠤᠰ᠎ᠤᠨ 15 ᠮᠤᠵᠢ ᠬᠣᠲᠠ (ᠥᠪᠡᠷᠲᠡᠭᠡᠨ ᠵᠠᠰᠠᠬᠤ ᠣᠷᠣᠨ᠂
ᠱᠢᠭᠤᠳ ᠬᠠᠷᠢᠶ᠎ᠠ ᠬᠣᠲᠠ ) ᠶ᠋ᠢᠨ
404 ᠱᠢᠶᠠᠨ ( ᠬᠣᠲᠠ᠂ ᠲᠣᠭᠣᠷᠢᠭ ) ᠳ᠋ᠥ᠍ ᠲᠠᠷᠬᠠᠵᠤ᠂ ᠡᠯ᠎ᠡ ᠲᠥᠷᠥᠯ᠎ᠦᠨ ᠣᠷᠳᠣ ᠴᠠᠭᠠᠨ ᠬᠡᠷᠡᠮ᠎ᠦᠨ ᠡᠬᠢ ᠪᠠᠶᠠᠯᠢᠭ᠎ᠤᠨ ᠦᠯᠡᠳᠡᠭ᠌ᠳᠡᠯ᠎ᠤᠨ
ᠶᠠᠷᠦᠩᠬᠡᠢ ᠲᠣᠭ᠎ᠠ 43721 (ᠰᠠᠭᠤᠷᠢ / ᠬᠡᠰᠡᠭ ) ᠳ᠋ᠤ ᠬᠦᠷᠴᠦ ᠪᠤᠢ᠃ 1987 ᠣᠨ᠎ᠳᠤ᠂ ᠣᠷᠳᠣ ᠴᠠᠭᠠᠨ ᠬᠡᠷᠡᠮ᠎ᠢ
ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠰᠣᠶᠣᠯ᠎ᠤᠨ
ᠵᠣᠬᠢᠶᠠᠨ ᠪᠠᠢᠭᠤᠯᠤᠯᠲᠠ ᠡᠴᠡ ᠳᠡᠯᠡᠬᠡᠶ᠎ᠶ᠋ᠢᠨ ᠰᠣᠶᠣᠯ᠎ᠤᠨ ᠥᠪ ᠲᠦ᠍ ᠤᠷᠤᠭᠤᠯᠤᠭᠰᠠᠨ ᠪᠠᠢᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠣᠯ ᠮᠠᠨ᠎ᠤ ᠤᠯᠤᠰ᠎ᠤᠨ ᠣᠷᠳᠣ
ᠴᠠᠭᠠᠨ ᠬᠡᠷᠡᠮ᠎ᠦᠨ ᠲᠠᠷᠬᠠᠯᠲᠠ᠎ᠪᠠᠷ ᠬᠠᠮᠤᠭ᠎ᠤᠨ ᠴᠢᠬᠤᠯᠠ ᠮᠤᠵᠢ (ᠣᠷᠣᠨ᠂ ᠬᠣᠲᠠ )
ᠶ᠋ᠢᠨ ᠨᠢᠭᠡ ᠪᠠᠢᠵᠤ᠂ ᠣᠳᠣᠬᠠᠨ᠎ᠳᠤ ᠪᠠᠢᠴᠠᠭᠠᠭ᠍ᠰᠠᠨ
ᠣᠷᠳᠣ ᠴᠠᠭᠠᠨ ᠬᠡᠷᠡᠮ᠎ᠦᠨ ᠪᠥᠬᠥ᠌ ᠣᠷᠳᠣ 7570 ᠺᠢᠯᠣᠮᠧᠲ᠋ᠷ᠎ᠲᠦ ᠬᠦᠷᠴᠦ᠍ ᠂ ᠪᠥᠬᠥ᠌ ᠤᠯᠤᠰ᠎ᠤᠨ ᠣᠷᠳᠣ ᠴᠠᠭᠠᠨ
ᠬᠡᠷᠡᠮ᠎ᠦᠨ ᠪᠥᠬᠥ᠌ ᠣᠷᠳᠣ᠎ᠶ᠋ᠢᠨ ᠭᠤᠷᠪᠠᠨ᠎ᠤ ᠨᠢᠭᠡ᠎ᠶ᠋ᠢ ᠡᠵᠡᠯᠡᠵᠦ᠍ ᠪᠠᠢᠨ᠎ᠠ᠃ ᠥᠪᠡᠷᠲᠡᠭᠡᠨ ᠵᠠᠰᠠᠬᠤ ᠣᠷᠣᠨ᠎ᠤ
ᠬᠢᠯᠢ ᠳᠣᠲᠣᠷᠠᠬᠢ ᠣᠷᠳᠣ ᠴᠠᠭᠠᠨ ᠬᠡᠷᠡᠮ ᠪᠠᠢᠯᠳᠤᠭᠠᠨᠲᠤ ᠤᠯᠤᠰ᠎ᠤᠨ ᠵᠣᠣ ᠤᠯᠤᠰ᠂ ᠪᠠᠢᠯᠳᠤᠭᠠᠨᠲᠤ ᠤᠯᠤᠰ᠎ᠤᠨ
ᠶᠠᠨ ᠤᠯᠤᠰ᠂ ᠪᠠᠢᠯᠳᠤᠭᠠᠨᠲᠤ ᠤᠯᠤᠰ᠎ᠤᠨ ᠴᠢᠨ ᠤᠯᠤᠰ᠂ ᠴᠢᠨ ᠤᠯᠤᠰ᠂ ᠪᠠᠷᠠᠭᠤᠨ ᠬᠠᠨ ᠤᠯᠤᠰ᠂ ᠵᠡᠭᠦᠨ ᠬᠠᠨ ᠤᠯᠤᠰ᠂
ᠤᠮᠠᠷᠠᠲᠤ ᠸᠧᠶ ᠤᠯᠤᠰ᠂ ᠤᠮᠠᠷᠠᠲᠤ ᠰᠦᠩ ᠤᠯᠤᠰ᠂ ᠪᠠᠷᠠᠭᠤᠨ ᠱᠢᠶᠠ ᠤᠯᠤᠰ᠂ ᠠᠯᠲᠠᠨ ᠤᠯᠤᠰ᠂ ᠮᠢᠩ ᠤᠯᠤᠰ ᠵᠡᠷᠭᠡ
ᠲᠡᠦᠬᠡᠨ ᠴᠠᠭ ᠦᠶ᠎ᠡ᠎ᠶ᠋ᠢ ᠲᠠᠮᠵᠢᠨ᠂ ᠪᠥᠬᠥ᠌ ᠣᠷᠣᠨ᠎ᠤ 12 ᠠᠢᠮᠠᠭ ᠬᠣᠲᠠ᠎ᠶ᠋ᠢᠨ 76 ᠬᠣᠱᠢᠭᠤ ᠱᠢᠶᠠᠨ ( ᠬᠣᠲᠠ᠂ ᠲᠣᠭᠣᠷᠢᠭ ) ᠳ᠋ᠤ ᠲᠠᠷᠬᠠᠵᠤ ᠪᠠᠢᠨ᠎ᠠ᠂ ᠡᠭᠦᠨ᠎ᠳᠦ ᠴᠢᠨ ᠤᠯᠤᠰ ᠬᠠᠨ ᠤᠯᠤᠰ᠎ᠤᠨ ᠣᠷᠳᠣ ᠴᠠᠭᠠᠨ ᠬᠡᠷᠡᠮ
᠂ ᠠᠯᠲᠠᠨ ᠤᠯᠤᠰ᠎ᠤᠨ ᠬᠢᠯᠢ᠎ᠶ᠋ᠢᠨ ᠭᠤᠤ ᠪᠣᠯ ᠣᠬᠢ ᠨᠢ ᠪᠠᠢᠵᠤ᠂ ᠡᠬᠡ ᠤᠯᠤᠰ᠎ᠤᠨ ᠤᠮᠠᠷᠠᠲᠤ᠎ᠶ᠋ᠢᠨ ᠥᠪᠡᠷᠮᠢᠴᠡ
ᠣᠨᠴᠠᠯᠢᠭ᠎ᠲᠠᠶ ᠣᠷᠳᠣ ᠴᠠᠭᠠᠨ ᠬᠡᠷᠡᠮ᠎ᠦᠨ ᠰᠣᠶᠣᠯ᠎ᠢ ᠪᠦᠷᠢᠯᠳᠦᠭᠦᠯᠵᠡᠶ᠃
ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠬᠤᠷᠠᠯᠳᠤᠭᠤᠯᠤᠭ᠍ᠰᠠᠨ ᠣᠷᠳᠣ ᠴᠠᠭᠠᠨ
ᠬᠡᠷᠡᠮ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠦᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ ᠬᠤᠷᠠᠯ ᠡᠴᠡ᠂
ᠣᠷᠳᠣ ᠴᠠᠭᠠᠨ ᠬᠡᠷᠡᠮ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠢ ᠪᠥᠲᠥᠭᠡᠨ ᠪᠠᠢᠭᠤᠯᠬᠤ ᠨᠢ ᠳᠤᠮᠳᠠᠳᠤ᠎ᠶ᠋ᠢᠨ
ᠪᠣᠯᠪᠠᠰᠤᠨ᠎ᠢ ᠦᠵᠡᠭᠦᠯᠬᠦ᠌᠂ ᠰᠣᠶᠣᠯ᠎ᠤᠨ ᠢᠲᠡᠭᠡᠯ᠎ᠢ ᠬᠠᠷᠠᠭᠤᠯᠬᠤ᠂ ᠰᠣᠶᠣᠯ᠎ᠤᠨ ᠬᠦᠴᠦᠷᠬᠡᠭ ᠤᠯᠤᠰ᠎ᠢ ᠪᠥᠲᠥᠭᠡᠨ
ᠪᠠᠢᠭᠤᠯᠬᠤ᠎ᠳᠤ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶ᠋ᠢᠨ ᠠᠴᠢ ᠬᠣᠯᠪᠣᠭ᠍ᠳᠠᠯ᠎ᠲᠠᠶ ᠭᠡᠵᠦ ᠳᠤᠷᠠᠳᠪᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠵᠢᠴᠢ ᠬᠠᠷᠢᠶ᠎ᠠ
ᠰᠠᠯᠠᠭ᠎ᠠ ᠮᠥᠴᠢᠷ᠎ᠦᠳ ᠣᠷᠳᠣ ᠴᠠᠭᠠᠨ ᠬᠡᠷᠡᠮ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠦᠨ ᠪᠥᠲᠥᠭᠡᠨ ᠪᠠᠢᠭᠤᠯᠤᠯᠲᠠ᠎ᠶ᠋ᠢ
ᠢᠳᠡᠪᠬᠢᠲᠡᠶ ᠠᠬᠢᠭᠤᠯᠵᠤ᠂ ᠤᠬᠠᠭᠤᠯᠭ᠎ᠠ᠎ᠶ᠋ᠢᠨ ᠠᠵᠢᠯᠯᠠᠭᠠᠥᠷᠨᠢᠭᠦᠯᠦᠨ᠂ ᠨᠥᠯᠥᠭᠡ᠎ᠶ᠋ᠢ ᠥᠷᠭᠡᠳᠭᠡᠵᠦ᠍᠂ ᠣᠷᠳᠣ
ᠴᠠᠭᠠᠨ ᠬᠡᠷᠡᠮ᠎ᠦᠨ ᠰᠣᠶᠣᠯ᠎ᠢ ᠤᠯᠠᠮᠵᠢᠯᠠᠬᠤ ᠠᠮᠢᠵᠢᠷᠠᠯ᠎ᠤᠨ ᠬᠦᠴᠦᠨ᠎ᠢ ᠴᠢᠩᠭᠠᠳᠬᠠᠨ᠂ ᠨᠠᠩ ᠣᠯᠠᠨ ᠣᠯᠠᠨ ᠲᠦᠮᠡᠨ᠎ᠳᠦ
ᠣᠷᠳᠣ ᠴᠠᠭᠠᠨ ᠬᠡᠷᠡᠮ᠎ᠢ ᠣᠢᠯᠠᠭᠠᠭᠤᠯᠵᠤ᠂ ᠣᠷᠳᠣ ᠴᠠᠭᠠᠨ ᠬᠡᠷᠡᠮ᠎ᠢ ᠬᠠᠢᠷᠠᠯᠠᠵᠤ᠂ ᠣᠷᠳᠣ ᠴᠠᠭᠠᠨ ᠬᠡᠷᠡᠮ᠎ᠢ
ᠬᠠᠮᠠᠭᠠᠯᠠᠵᠤ᠂ ᠤᠷᠲᠤ ᠴᠠᠭᠠᠨ ᠬᠡᠷᠡᠮ᠎ᠢ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠪᠠ ᠠᠱᠢᠭ᠍ᠯᠠᠬᠤ ᠶᠠᠪᠤᠴᠠ᠎ᠳᠤ
ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠬᠦᠴᠦᠷᠬᠡᠭ ᠶᠡᠬᠡ
ᠣᠶᠤᠨ ᠰᠠᠨᠠᠭᠠᠨ᠎ᠤ ᠬᠦᠴᠦᠨ᠎ᠢ ᠨᠢᠭ᠍ᠲᠠᠷᠠᠭᠤᠯᠤᠬᠰᠠᠨ ᠪᠠᠢᠨ᠎ᠠ᠃

ᠪᠠᠶᠠᠨᠨᠠᠭᠤᠷ ᠬᠣᠲᠠ᠎ᠶ᠋ᠢᠨ ᠤᠷᠠᠳ᠎ᠤᠨ ᠬᠣᠢᠲᠤ ᠬᠣᠱᠢᠭᠤᠨ᠎ᠤ ᠬᠠᠨ ᠤᠯᠤᠰ᠎ᠤᠨ ᠤᠷᠲᠤ ᠴᠠᠭᠠᠨ ᠬᠡᠷᠡᠮ

ᠪᠤᠭᠤᠲᠤ ᠬᠣᠲᠠ᠎ᠶ᠋ᠢᠨ ᠭᠦᠶᠡᠩ᠎ᠦᠨ ᠴᠢᠨ ᠤᠯᠤᠰ᠎ᠤᠨ ᠤᠷᠲᠤ ᠴᠠᠭᠠᠨ ᠬᠡᠷᠡᠮ
ᠪᠣᠭᠣᠮᠲᠠ᠎ᠶ᠋ᠢᠨ ᠭᠠᠳᠠᠨᠠᠬᠢ ᠤᠷᠲᠤ ᠴᠠᠭᠠᠨ ᠬᠡᠷᠡᠮ ᠤᠨ ᠵᠢᠯ᠎ᠤᠨ ᠡᠯᠡᠭᠡᠯᠲᠡᠳᠤ
ᠠᠤᠭ᠎ᠠ ᠰᠦᠷ ᠵᠢᠡᠨ ᠬᠠᠳᠠᠭᠠᠯᠠᠭᠰᠠᠭᠠᠷ
ᠥᠪᠥᠷ ᠮᠣᠩᠭᠣᠯ᠎ᠤᠨ ᠬᠠᠮᠤᠭ᠎ᠤᠨ ᠡᠷᠲᠡᠨ᠎ᠦ ᠤᠷᠲᠤ ᠴᠠᠭᠠᠨ ᠬᠡᠷᠡᠮ᠎ᠢ ᠵᠤᠤ ᠤᠯᠤᠰᠤᠨᠤᠮᠠᠷᠠᠲᠤ
ᠴᠠᠭᠠᠨ ᠬᠡᠷᠡᠮ ᠭᠡᠵᠦ᠍᠂ ᠵᠤᠤ ᠤᠯᠤᠰ᠎ᠤᠨ ᠡᠦ ᠯᠢᠩ ᠸᠠᠩ ᠨᠡᠢᠲᠡ᠎ᠶ᠋ᠢᠨ ᠤᠨ ᠲᠣᠭᠠᠯᠠᠯ ᠡᠴᠡ ᠡᠮᠦᠨ᠎ᠡ 300 ᠣᠨ᠎ᠳᠤ
ᠪᠠᠷᠢᠵᠠᠢ᠃ ᠤᠯᠠᠭᠠᠨᠴᠠᠪ ᠬᠣᠲᠠ᠎ᠶ᠋ᠢᠨ ᠱᠢᠩ ᠾᠧ ᠱᠢᠶᠠᠨ᠎ᠤ ᠳᠠᠯᠠᠨ ᠬᠠᠷ᠎ᠠ ᠠᠭᠤᠯᠠ᠎ᠶ᠋ᠢᠨ ᠪᠠᠷᠠᠭᠤᠨ ᠬᠣᠷᠮᠣᠶ
ᠡᠴᠡ ᠡᠬᠢᠯᠡᠭᠡᠳ ᠪᠠᠶᠠᠨᠨᠠᠭᠤᠷ ᠬᠣᠲᠠ᠎ᠶ᠋ᠢᠨ ᠤᠷᠠᠳ᠎ᠤᠨ
ᠡᠮᠦᠨᠡᠲᠦ ᠬᠣᠱᠢᠭᠤᠨ᠎ᠤ ᠪᠤᠯᠠᠭ ᠭᠤᠤ ᠬᠦᠷᠳᠡᠭ᠃ ᠲᠤᠰ ᠣᠷᠳᠣ ᠴᠠᠭᠠᠨ ᠬᠡᠷᠡᠮ᠎ᠤᠨ ᠥᠪᠥᠷ ᠮᠣᠩᠭᠣᠯ᠎ᠤᠨ ᠬᠢᠯᠢ
ᠳᠣᠲᠣᠷᠠᠬᠢ ᠶᠡᠬᠡᠩᠬᠢ ᠬᠡᠰᠡᠭ᠎ᠢ ᠱᠢᠷᠣᠶ ᠪᠠᠷ ᠪᠠᠷᠢᠵᠤ᠂ ᠪᠠᠭ᠎ᠠ ᠬᠡᠰᠡᠭ᠎ᠢ ᠨᠢ ᠱᠢᠷᠣᠶ ᠴᠢᠯᠠᠭᠤ ᠪᠡᠷ ᠬᠣᠯᠢᠵᠤ
ᠪᠠᠷᠢᠭᠠᠳ᠂ ᠳᠠᠭᠠᠤ᠎ᠳᠤᠨᠢ ᠴᠤᠨᠵᠢ᠂ ᠬᠠᠯᠬᠠᠪᠴᠢ ᠬᠣᠲᠠ ᠲᠠᠢ ᠪᠠᠢᠳᠠᠭ᠃
ᠪᠠᠢᠯᠳᠤᠭᠠᠨᠲᠤ ᠤᠯᠤᠰ᠎ᠤᠨ ᠤᠷᠲᠤ ᠴᠠᠭᠠᠨ ᠬᠡᠷᠡᠮ ᠭᠣᠣᠯᠳᠠᠭᠤ ᠥᠪᠥᠷ ᠮᠣᠩᠭᠣᠯ᠎ᠤᠨ
ᠤᠯᠠᠭᠠᠨᠬᠠᠳᠠ ᠬᠣᠲᠠ᠎ᠳᠤ ᠲᠠᠷᠬᠠᠵᠤ᠂ ᠪᠦᠬᠦ᠌ ᠣᠷᠳᠣ ᠨᠢ 132 ᠺᠢᠯᠣᠮᠧᠲ᠋ᠷ ᠪᠠᠢᠳᠠᠭ᠃ ᠪᠠᠢᠯᠳᠤᠭᠠᠨᠲᠤ ᠤᠯᠤᠰ᠎ᠤᠨ
ᠴᠢᠨ ᠤᠯᠤᠰ᠎ᠤᠨ ᠣᠷᠳᠣ ᠴᠠᠭᠠᠨ ᠬᠡᠷᠡᠮ᠎ᠢ ᠨᠡᠢᠲᠡ᠎ᠶ᠋ᠢᠨ ᠤᠨ ᠲᠣᠭᠠᠯᠠᠯ ᠡᠴᠡ ᠡᠮᠦᠨ᠎ᠡ 272 ᠣᠨ᠎ᠳᠤ ᠡᠬᠢᠯᠡᠨ
ᠪᠠᠷᠢᠵᠤ᠂ ᠶᠡᠷᠦᠩᠬᠡᠶ ᠣᠷᠳᠣ ᠨᠢ 94 ᠺᠢᠯᠣᠮᠧᠲ᠋ᠷ ᠪᠠᠢᠨ᠎ᠠ᠃ ᠣᠳᠣᠬᠠᠨ᠎ᠳᠤ᠂ ᠣᠷᠳᠣᠰ ᠬᠣᠲᠠ᠎ᠶ᠋ᠢᠨ ᠡᠵᠡᠨ ᠬᠣᠷᠣᠭ᠎ᠠ
ᠬᠣᠱᠢᠭᠤᠨ᠎ᠤ ᠨᠠᠷᠢᠨ ᠳᠤᠬᠤᠢ ᠲᠣᠰᠭᠣᠨ᠂ ᠼᠤᠤ ᠵᠢᠶᠠ ᠲᠣᠰᠭᠣᠨ ᠪᠣᠯᠤᠨ ᠯᠢ ᠵᠢᠶᠠ ᠼᠦᠨ ᠲᠣᠰᠭᠣᠨ᠎ᠳᠤ ᠪᠠᠢᠯᠳᠤᠭᠠᠨᠲᠤ
ᠤᠯᠤᠰ᠎ᠤᠨ ᠦᠶ᠎ᠡ ᠵᠢᠨ ᠴᠢᠨ ᠤᠯᠤᠰ᠎ᠤᠨ ᠣᠷᠳᠣ ᠴᠠᠭᠠᠨ ᠬᠡᠷᠡᠮ᠎ᠦᠨ ᠪᠠᠭᠤᠷᠢ ᠮᠥᠨ ᠬᠠᠷᠠᠭ᠍ᠳᠠᠵᠤ ᠪᠠᠢᠨ᠎ᠠ᠃ ᠨᠡᠢᠲᠡ᠎ᠶ᠋ᠢᠨ
ᠤᠨ ᠲᠣᠭᠠᠯᠠᠯ᠎ᠡᠴᠡ ᠡᠮᠦᠨ᠎ᠡ 214 ᠣᠨ᠎ᠳᠤ ᠴᠢᠨ ᠤᠯᠤᠰ᠎ᠤᠨ ᠶᠡᠬᠡ ᠵᠠᠩᠵᠤᠨ ᠮᠸᠩ ᠲᠢᠶᠠᠨ ᠤᠮᠠᠷᠠᠲᠤ ᠬᠢᠯᠢ᠎ᠳᠦ
ᠣᠷᠳᠣ ᠴᠠᠭᠠᠨ ᠬᠡᠷᠡᠮ ᠪᠠᠢᠭᠤᠯᠵᠤ ᠡᠬᠢᠯᠡᠵᠡᠢ᠂ ᠴᠢᠨ ᠤᠯᠤᠰ ᠳᠤᠮᠳᠠᠳᠤ ᠤᠯᠤᠰ᠎ᠢ ᠨᠢᠭᠡᠳᠭᠡᠭ᠌ᠰᠡᠨᠦ ᠳᠠᠷᠠᠭ᠎ᠠ
ᠴᠢᠨ᠂ ᠵᠣᠣ᠂ ᠶᠠᠨ ᠭᠤᠷᠪᠠᠨ ᠤᠯᠤᠰ᠎ᠤᠨ ᠤᠤᠯ᠎ᠤᠨ ᠣᠷᠳᠣ ᠴᠠᠭᠠᠨ ᠬᠡᠷᠡᠮ᠎ᠢ ᠬᠣᠯᠪᠣᠭᠠᠳ 5000 ᠺᠢᠯᠣᠮᠧᠲ᠋ᠷᠤᠨᠤᠷᠲᠤ
ᠴᠠᠭᠠᠨ ᠬᠡᠷᠡᠮ ᠪᠤᠯᠵᠤ ᠪᠦᠷᠢᠯᠳᠦᠪᠡ᠂ ᠴᠢᠨ ᠤᠯᠤᠰ᠎ᠤᠨ ᠣᠷᠳᠣ ᠴᠠᠭᠠᠨ ᠬᠡᠷᠡᠮ᠎ᠢ ᠬᠠᠨ ᠤᠯᠤᠰ ᠵᠠᠰᠠᠨ ᠰᠡᠯᠪᠢᠵᠦ᠍
ᠦᠷᠭᠦᠯᠵᠢᠯᠡᠨ ᠬᠡᠷᠡᠭ᠌ᠯᠡᠪᠡ᠂ ᠡᠢᠮᠦ᠍᠎ᠡᠴᠡ ᠣᠯᠠᠩᠬᠢ ᠨᠢ ᠴᠢᠨ ᠬᠠᠨ ᠤᠯᠤᠰ᠎ᠤᠨ ᠣᠷᠳᠣ ᠴᠠᠭᠠᠨ ᠬᠡᠷᠡᠮ ᠭᠡᠳᠡᠭ᠃
ᠪᠠᠶᠠᠨᠨᠠᠭᠤᠷ ᠬᠤᠳᠠ᠎ᠶ᠋ᠢᠨ ᠤᠷᠠᠳ᠎ᠤᠨ ᠡᠮᠦᠨᠡᠲᠦ ᠬᠣᠱᠢᠭᠤᠨ᠎ᠳᠤ ᠣᠳᠣᠬᠠᠨ᠎ᠳᠤ
ᠬᠠᠮᠤᠭ ᠰᠠᠢ᠌ᠨ ᠬᠠᠳᠠᠭᠠᠯᠠᠭ᠍ᠳᠠᠵᠤ ᠪᠠᠢᠭ᠎ᠠ ᠴᠢᠨ ᠬᠠᠨ ᠤᠯᠤᠰ᠎ᠤᠨ ᠦᠶ᠎ᠡ᠎ᠶ᠋ᠢᠨ ᠤᠷᠳᠤ ᠴᠠᠭᠠᠨ ᠬᠡᠷᠡᠮ᠎ᠦᠨ
ᠨᠢᠭᠡ ᠬᠡᠰᠡᠭ ᠪᠣᠯᠬᠤ ᠪᠠᠭ᠎ᠠ ᠰᠢᠭᠡᠲᠡᠢ ᠵᠢᠨ ᠴᠢᠨ ᠤᠯᠤᠰ᠎ᠤᠨ ᠤᠷᠳᠤ ᠴᠠᠭᠠᠨ ᠬᠡᠷᠡᠮ᠎ᠦᠨ ᠪᠠᠭᠤᠷᠢ ᠪᠤᠢ᠂ ᠲᠡᠷᠡ
ᠨᠢ ᠬᠠᠳᠤᠨ ᠭᠣᠣᠯ᠎ᠤᠨ《几》ᠦᠰᠦᠭ᠎ᠤᠨ ᠬᠡᠯᠪᠡᠷᠢ ᠲᠠᠢ ᠲᠤᠬᠤᠢ ᠵᠢᠨ ᠬᠡᠰᠡᠭ ᠲᠦ᠍ ᠪᠠᠢᠷᠢᠯᠠᠨ᠂ ᠤᠯᠠᠭᠠᠨᠰᠤᠬᠠᠢ ᠨᠠᠭᠤᠷ᠎ᠲᠠᠶ
ᠬᠥᠷᠱᠢᠯᠡᠵᠦ᠍᠂ ᠠᠭᠤᠯᠠ ᠲᠦᠰᠢᠨ᠂ ᠣᠯᠠᠩᠬᠢ᠎ᠶ᠋ᠢ ᠨᠢ ᠶᠡᠬᠡ ᠪᠠᠭ᠎ᠠ ᠨᠢ ᠠᠳᠠᠯᠢ ᠪᠤᠰᠤ ᠴᠢᠯᠠᠭᠤ᠎ᠪᠠᠷ ᠵᠡᠷᠭᠡᠯᠡᠨ
ᠪᠠᠷᠢᠵᠤ᠂ ᠵᠡᠭᠦᠨᠰᠢ ᠪᠠᠷᠠᠭᠤᠨᠰᠢ 260 ᠺᠢᠯᠤᠮᠸᠲᠷ ᠰᠤᠨᠤᠯᠵᠠᠨ᠂ ᠠᠪᠤᠷᠭᠤ ᠯᠣᠣ ᠠᠭᠤᠯᠠ ᠨᠢᠷᠤᠭᠤᠨ ᠳᠡᠭᠡᠷ᠎ᠡ
ᠬᠡᠪᠲᠡᠭᠰᠡᠨ ᠰᠢᠭ ᠰᠠᠨᠠᠭᠳᠠᠨ᠎ᠠ᠃
ᠪᠤᠭᠤᠲᠤ᠎ᠶ᠋ᠢᠨ ᠭᠦᠶᠡᠩ᠎ᠦᠨ ᠪᠥᠬᠥ᠌ ᠣᠷᠳᠣᠨ᠎ᠢ 96 ᠺᠢᠯᠣᠮᠧᠲ᠋ᠷ ᠱᠢᠬᠠᠮ ᠪᠤᠯᠬᠤ
ᠴᠢᠨ ᠤᠯᠤᠰ᠎ᠤᠨ ᠣᠷᠳᠣ ᠴᠠᠭᠠᠨ ᠬᠡᠷᠡᠮ ᠪᠣᠯ ᠮᠥᠨ ᠴᠦ᠍ ᠴᠢᠨ ᠤᠯᠤᠰ᠎ᠤᠨ ᠣᠷᠳᠣ ᠴᠠᠭᠠᠨ ᠬᠡᠷᠡᠮ᠎ᠦᠨ ᠲᠥᠯᠥᠭᠡᠯᠡᠬᠦ᠌
ᠴᠢᠨᠠᠷᠲᠠᠶ ᠬᠡᠰᠡᠭ ᠪᠣᠯᠤᠨ᠎ᠠ᠂ 2012 — 2018 ᠣᠨ ᠪᠤᠯᠲᠠᠯ᠎ᠠ᠂ ᠤᠯᠤᠰ᠎ᠤᠨ
ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠲᠣᠪᠴᠢᠶ᠎ᠠ᠎ᠶ᠋ᠢᠨ ᠵᠥᠪᠱᠢᠶᠡᠷᠡᠯ᠎ᠢᠶᠡᠷ᠂ ᠪᠤᠭᠤᠲᠤ ᠬᠣᠲᠠ᠎ᠶ᠋ᠢᠨ
ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠲᠣᠪᠴᠢᠶ᠎ᠠ ᠭᠦᠶᠡᠩ᠎ᠦᠨ ᠴᠢᠨ ᠤᠯᠤᠰ᠎ᠤᠨ ᠣᠷᠳᠣ ᠴᠠᠭᠠᠨ ᠬᠡᠷᠡᠮ᠎ᠦᠨ
ᠲᠢᠶᠠᠨ ᠱᠧᠩ ᠴᠧᠩ᠎ᠦᠨ ᠬᠡᠰᠡᠭ᠎ᠦᠨ ᠬᠠᠮᠠᠭᠠᠯᠠᠯᠲᠠ᠎ᠶ᠋ᠢᠨ ᠢᠨᠵᠧᠨᠧᠷᠢᠩ᠎ᠢ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂
2148 ᠮᠧᠲ᠋ᠷ ᠣᠷᠳᠣ ᠴᠠᠭᠠᠨ ᠬᠡᠷᠡᠮ᠂ 1 ᠴᠤᠨᠵᠢ ᠵᠢ ᠰᠡᠯᠪᠢᠨ ᠵᠠᠰᠠᠪᠠ᠃
ᠬᠠᠨ ᠤᠯᠤᠰ᠎ᠤᠨ ᠭᠣᠪᠢ᠎ᠶ᠋ᠢᠨ ᠠᠷᠤ᠎ᠶ᠋ᠢᠨ ᠳᠠᠢᠨ᠎ᠦ ᠳᠠᠷᠠᠭ᠎ᠠ᠂ ᠣᠷᠳᠣ ᠴᠠᠭᠠᠨ
ᠬᠡᠷᠡᠮ᠎ᠢ ᠮᠤᠨᠢ ᠠᠭᠤᠯᠠ᠎ᠡᠴᠡ ᠤᠮᠠᠷᠠᠰᠢ ᠦᠷᠭᠦᠯᠵᠢᠯᠡᠭᠦᠯᠵᠦ᠂ ᠬᠠᠨ ᠤᠯᠤᠰ᠎ᠤᠨ ᠭᠠᠳᠠᠨᠠᠬᠢ ᠣᠷᠳᠣ ᠴᠠᠭᠠᠨ ᠬᠡᠷᠡᠮ᠎ᠢ
ᠪᠠᠢᠭᠤᠯᠪᠠ᠃ ᠬᠠᠨ ᠤᠯᠤᠰ᠎ᠤᠨ ᠣᠷᠳᠣ ᠴᠠᠭᠠᠨ ᠬᠡᠷᠡᠮ᠎ᠢ ᠶᠡᠬᠡ ᠲᠥᠯᠥᠪ ᠡᠮᠦᠨ᠎ᠡ ᠤᠮᠠᠷ᠎ᠠ ᠬᠣᠶᠠᠷ ᠱᠤᠭᠤᠮ ᠬᠤᠪᠢᠶᠠᠨ᠎ᠠ᠂
ᠡᠬᠢᠯᠡᠯᠲᠡ᠎ᠨᠢ ᠦᠨᠳᠦᠰᠦᠨ᠎ᠳᠡᠭᠡᠨ ᠣᠲᠣ᠎ᠶ᠋ᠢᠨ ᠬᠥᠬᠡᠬᠣᠲᠠ᠎ᠶ᠋ᠢᠨ ᠦᠴᠦᠸᠠᠨ ᠱᠢᠶᠠᠨ᠎ᠤ ᠬᠢᠯᠢ ᠳᠣᠲᠣᠷ᠎ᠠ ᠪᠠᠢᠵᠤ᠂
ᠪᠠᠷᠠᠭᠤᠨ ᠬᠣᠢᠰᠢ ᠮᠤᠨᠢ ᠠᠭᠤᠯᠠ᠎ᠶ᠋ᠢᠨ ᠬᠣᠢᠲᠤ ᠲᠠᠯ᠎ᠠ᠎ᠶ᠋ᠢᠨ ᠲᠠᠯ᠎ᠠ ᠨᠤᠲᠤᠭ᠎ᠢ ᠬᠥᠨᠳᠡᠯᠡᠨ ᠳᠤᠭᠤᠯᠵᠤ ᠪᠤᠢ᠂
ᠡᠮᠦᠨ᠎ᠡ ᠱᠤᠭᠤᠮ ᠨᠢ ᠪᠠᠷᠠᠭᠤᠨᠰᠢ ᠦᠷᠭᠦᠯᠵᠢᠯᠡᠭᠡᠳ ᠰᠤᠪᠠᠨᠠᠭᠤᠷ᠎ᠤᠨ ᠬᠢᠯᠢ ᠵᠢᠨ ᠴᠠᠢᠵᠠ᠎ᠲᠠᠶ ᠵᠠᠯᠭᠠᠯᠳᠤᠵᠤ
ᠪᠠᠢᠳᠠᠭ᠃
ᠤᠳᠤ ᠬᠥᠬᠡᠬᠣᠲᠠ᠎ᠶ᠋ᠢᠨ ᠱᠢᠨ᠎ᠡ ᠬᠤᠳᠠ ᠲᠣᠭᠣᠷᠢᠭ᠎ᠤᠨ ᠫᠦᠸᠸ ᠭᠸᠨ ᠳ᠋ᠢᠶ᠋ᠢᠨ
ᠴᠢᠨ ᠬᠠᠨ᠎ᠤ ᠤᠷᠳᠤ ᠴᠠᠭᠠᠨ ᠬᠡᠷᠡᠮ᠎ᠦᠨ ᠪᠠᠭᠤᠷᠢ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ᠎ᠶ᠋ᠢᠨ
ᠤᠷᠳᠤ ᠴᠠᠭᠠᠨ ᠬᠡᠷᠡᠮ᠎ᠦᠨ ᠰᠣᠶᠣᠯ᠎ᠤᠨ ᠮᠦᠽᠧᠢ᠎ᠶ᠋ᠢᠨ ᠲᠦᠷᠦᠯ ᠵᠦᠢᠯ ᠵᠢᠡᠷ ᠭᠤᠶᠤᠴᠢᠯᠠᠨ ᠮᠡᠳᠡᠭᠦᠯᠵᠡᠢ᠂ ᠡᠨᠡ
ᠪᠣᠯ ᠪᠠᠢᠯᠳᠤᠭᠠᠨᠲᠤ ᠤᠯᠤᠰ᠂ ᠴᠢᠨ ᠬᠠᠨ ᠤᠯᠤᠰ᠎ᠤᠨ ᠤᠷᠳᠤ ᠴᠠᠭᠠᠨ ᠬᠡᠷᠡᠮ᠎ᠦᠨ ᠠᠭᠤᠯᠵᠠᠷ ᠬᠡᠰᠡᠭ ᠪᠣᠯᠤᠨ᠎ᠠ᠃
ᠲᠠᠢᠾᠸᠶ᠋ᠢᠨ ᠤᠨ᠎ᠤ ᠬᠤᠭᠤᠷᠤᠨᠳᠤ ᠪᠠᠢᠭᠤᠯᠤᠭ᠍ᠰᠠᠨ ᠤᠮᠠᠷᠠᠲᠤ ᠸᠧᠢ ᠤᠯᠤᠰ᠎ᠤᠨ
ᠤᠷᠳᠤ ᠴᠠᠭᠠᠨ ᠬᠡᠷᠡᠮ ᠪᠣᠯ ᠳᠤᠮᠳᠠᠳᠤ ᠤᠯᠤᠰ᠎ᠤᠨ ᠲᠡᠦᠬᠡᠨ ᠳᠡᠭᠡᠷᠡᠬᠢ ᠠᠩᠬ᠎ᠠ ᠤᠳᠠᠭ᠎ᠠ ᠤᠮᠠᠷᠠᠲᠤ᠎ᠶ᠋ᠢᠨ ᠦᠨᠳᠦᠰᠦᠲᠡᠨ᠎ᠦ
ᠪᠠᠢᠭᠤᠯᠤᠭ᠍ᠰᠠᠨ ᠤᠷᠳᠤ ᠴᠠᠭᠠᠨ ᠬᠡᠷᠡᠮ ᠪᠣᠯᠤᠨ᠎ᠠ᠂ ᠤᠳᠤ᠎ᠶ᠋ᠢᠨ ᠤᠯᠠᠭᠠᠨᠴᠠᠪ ᠬᠤᠳᠠ᠎ᠶ᠋ᠢᠨ ᠳᠥᠷᠪᠡᠳ ᠬᠣᠱᠢᠭᠤ᠂
ᠪᠤᠭᠤᠲᠤ ᠬᠤᠳᠠ᠎ᠶ᠋ᠢᠨ ᠳᠠᠷᠬᠠᠨ ᠮᠤᠤᠮᠢᠩᠭᠠᠨ ᠬᠣᠯᠪᠣᠭᠠᠲᠤ ᠬᠣᠱᠢᠭᠤ ᠪᠣᠯᠤᠨ ᠬᠥᠬᠡᠬᠣᠲᠠ᠎ᠶ᠋ᠢᠨ ᠦᠴᠦᠸᠠᠨ ᠱᠢᠶᠠᠨ᠎ᠳᠤ
ᠪᠦᠷ ᠲᠠᠷᠬᠠᠵᠤ ᠪᠤᠢ᠃
ᠤᠮᠠᠷᠠᠲᠤ ᠰᠦᠩ ᠤᠯᠤᠰ᠎ᠤᠨ ᠹᠧᠩᠵᠧᠦ ᠬᠤᠳᠠ ᠵᠢᠴᠢ ᠹᠧᠩᠵᠧᠦ᠍ᠶ᠋ᠢᠨ ᠤᠷᠳᠤ ᠴᠠᠭᠠᠨ
ᠬᠡᠷᠡᠮ ᠪᠣᠯ ᠥᠨᠥᠳᠦᠷ᠎ᠦᠨ ᠥᠪᠥᠷ ᠮᠣᠩᠭᠣᠯ᠎ᠳᠠᠬᠢ ᠴᠤᠷ᠎ᠤᠨ ᠭᠠᠭ᠍ᠴᠠ ᠢᠯᠡᠷᠡᠭᠦᠯᠦᠭ᠌ᠰᠡᠨ ᠤᠮᠠᠷᠠᠲᠤ ᠰᠦᠩ ᠤᠯᠤᠰ᠎ᠤᠨ
ᠤᠷᠳᠤ ᠴᠠᠭᠠᠨ ᠬᠡᠷᠡᠮ᠎ᠦᠨ ᠦᠯᠡᠳᠡᠭ᠌ᠳᠡᠯ ᠪᠣᠯᠤᠨ᠎ᠠ᠂ ᠪᠠᠷᠠᠭᠤᠨ ᠱᠢᠶᠠ ᠤᠯᠤᠰ᠎ᠤᠨ ᠤᠷᠳᠤ ᠴᠠᠭᠠᠨ ᠬᠡᠷᠡᠮ᠎ᠢ
ᠠᠯᠠᠱᠠ᠎ᠶ᠋ᠢᠨ ᠬᠣᠢᠲᠤ ᠬᠡᠰᠡᠭ᠎ᠦᠨ ᠭᠤᠷᠪᠠᠨ ᠬᠣᠱᠢᠭᠤᠨ᠎ᠳᠤ ᠲᠥᠪᠯᠡᠷᠡᠭᠦᠯᠦᠨ ᠢᠯᠡᠷᠡᠭᠦᠯᠵᠦ᠍᠂ ᠣᠳᠣᠬᠠᠨ᠎ᠳᠤ
ᠪᠠᠷᠠᠭᠤᠨ ᠱᠢᠶᠠ ᠤᠯᠤᠰ᠎ᠤᠨ ᠦᠶ᠎ᠡ᠎ᠶ᠋ᠢᠨ 32 ᠴᠣᠨᠵᠢ᠂ 26 ᠬᠠᠯᠬᠠᠪᠴᠢ ᠬᠤᠳᠠ᠂ 1 ᠰᠠᠭᠤᠷᠢ ᠣᠷᠣᠨ ᠰᠠᠭᠤᠴᠠ
ᠵᠢ ᠪᠠᠢᠴᠠᠭᠠᠨ ᠳᠠᠩᠰᠠᠯᠠᠪᠠ᠂ ᠲᠠᠷᠤᠢ ᠡᠵᠡᠨ᠎ᠡ ᠬᠣᠱᠢᠭᠤᠨ᠎ᠤ ᠬᠠᠷ᠎ᠠ ᠬᠤᠳᠠ᠎ᠶ᠋ᠢᠨ ᠪᠠᠭᠤᠷᠢᠪᠤᠯᠤᠨᠠ᠃
ᠠᠯᠲᠠᠨ ᠤᠯᠤᠰ᠎ᠤᠨ ᠦᠶ᠎ᠡ᠎ᠶ᠋ᠢᠨ ᠣᠷᠳᠣ ᠴᠠᠭᠠᠨ ᠬᠡᠷᠡᠮ᠎ᠢ ᠪᠠᠰᠠ ᠠᠯᠲᠠᠨ ᠤᠯᠤᠰ᠎ᠤᠨ
ᠬᠢᠯᠢ᠎ᠶ᠋ᠢᠨ ᠭᠤᠤ ᠭᠡᠳᠡᠭ᠂ ᠥᠪᠥᠷ ᠮᠣᠩᠭᠣᠯ᠎ᠤᠨ ᠣᠷᠳᠣ ᠴᠠᠭᠠᠨ ᠬᠡᠷᠡᠮ᠎ᠦᠨ ᠳᠣᠲᠣᠷ᠎ᠠ ᠲᠣᠭ᠎ᠠ ᠬᠡᠮᠵᠢᠶ᠎ᠡ᠎ᠪᠡᠷ
ᠬᠠᠮᠤᠭ᠎ᠤᠨ ᠠᠷᠪᠢᠨ᠂ ᠲᠠᠷᠬᠠᠯᠲᠠ᠎ᠪᠠᠷ ᠬᠠᠮᠤᠭ᠎ᠤᠨ ᠥᠷᠭᠡᠨ ᠪᠠᠢᠳᠠᠭ᠂ ᠬᠡᠷᠡᠮ᠎ᠦᠨ ᠪᠥᠬᠥ᠌ ᠣᠷᠳᠣ ᠨᠢ 3603
ᠺᠢᠯᠣᠮᠧᠲ᠋ᠷ ᠪᠠᠢᠵᠤ᠂ ᠪᠥᠬᠥ᠌ ᠤᠯᠤᠰ᠎ᠤᠨ ᠠᠯᠲᠠᠨ ᠤᠯᠤᠰ᠎ᠤᠨ ᠬᠢᠯᠢ᠎ᠶ᠋ᠢᠨ ᠭᠤᠤ᠎ᠶ᠋ᠢᠨ ᠪᠥᠬᠥ᠌ ᠣᠷᠳᠣ᠎ᠶ᠋ᠢᠨ
88% ᠶ᠋ᠢ ᠡᠵᠡᠯᠡᠵᠦ᠍᠂ ᠭᠤᠤᠯ ᠴᠣᠭ᠍ᠴᠠ ᠵᠢᠨ ᠪᠠᠢᠷᠢ ᠰᠠᠭᠤᠷᠢ ᠲᠠᠢ ᠪᠠᠢᠳᠠᠭ᠃
ᠥᠪᠥᠷ ᠮᠣᠩᠭᠣᠯ᠎ᠤᠨ ᠬᠢᠯᠢ ᠳᠣᠲᠣᠷᠠᠬᠢ ᠮᠢᠩ ᠤᠯᠤᠰ᠎ᠤᠨ ᠣᠷᠳᠣ ᠴᠠᠭᠠᠨ ᠬᠡᠷᠡᠮ
ᠭᠤᠤᠯᠳᠠᠭᠤ ᠬᠥᠬᠡᠬᠣᠲᠠ᠂ ᠤᠯᠠᠭᠠᠨᠴᠠᠪ ᠬᠣᠲᠠ᠂ ᠣᠷᠳᠣᠰ ᠬᠣᠲᠠ᠂ ᠦᠬᠠᠶ ᠬᠣᠲᠠ ᠪᠣᠯᠤᠨ ᠠᠯᠠᠱᠠ ᠠᠢᠮᠠᠭ᠎ᠲᠤ ᠲᠠᠷᠬᠠᠵᠤ᠂
ᠪᠥᠬᠥ᠌ ᠣᠷᠳᠣᠨ᠎ᠢ 712 ᠺᠢᠯᠣᠮᠧᠲ᠋ᠷ ᠪᠤᠢ᠂ ᠬᠠᠳᠠᠭᠠᠯᠠᠭᠳᠠᠵᠤ ᠪᠠᠢᠭ᠎ᠠ ᠣᠳᠣᠬᠢ ᠪᠠᠢᠳᠠᠯ᠂ ᠲᠠᠷᠬᠠᠯᠲᠠ᠎ᠶ᠋ᠢᠨ
ᠣᠷᠳᠣ᠎ᠶ᠋ᠢᠨ ᠬᠡᠮᠵᠢᠶ᠎ᠡ ᠵᠢᠴᠢ ᠣᠲᠣ ᠪᠠᠢᠭ᠎ᠠ ᠲᠥᠷᠥᠯ ᠵᠦᠶ᠋ᠯ ᠵᠡᠷᠭᠡ ᠲᠠᠯ᠎ᠠ᠎ᠡᠴᠡ ᠠᠪᠴᠤ᠌ ᠦᠵᠡᠪᠡᠯ᠂ ᠣᠬᠢ
ᠬᠡᠰᠡᠭ᠎ᠨᠢ ᠴᠢᠩ ᠱᠦᠶ ᠾᠧ ᠱᠢᠶᠠᠨ᠎ᠤ ᠬᠢᠯᠢ ᠳᠣᠲᠣᠷ᠎ᠠ ᠪᠠᠢᠵᠤ᠂ ᠪᠥᠬᠥ᠌ ᠣᠷᠳᠣᠨ᠎ᠢ 155 ᠺᠢᠯᠣᠮᠧᠲ᠋ᠷ ᠪᠤᠢ᠃
ᠴᠢᠩ ᠱᠦᠶ ᠾᠧ ᠱᠢᠶᠠᠨ᠎ᠤ ᠤᠷᠲᠤ ᠴᠠᠭᠠᠨ ᠬᠡᠷᠡᠮ᠎ᠦᠨ ᠡᠬᠢ ᠪᠠᠶᠠᠯᠢᠭ ᠮᠠᠰᠢ ᠴᠢᠬᠤᠯᠠ ᠲᠡᠦᠬᠡᠲᠦ ᠠᠴᠢ ᠬᠣᠯᠪᠣᠭ᠍ᠳᠠᠯ
ᠪᠠ ᠰᠣᠶᠣᠯ᠎ᠤᠨ ᠦᠨ᠎ᠡ ᠥᠷᠲᠡᠭ᠎ᠲᠡᠶ᠃
2020 ᠣᠨ᠎ᠤ 11 ᠰᠠᠷ᠎ᠠ᠎ᠳᠤ᠂ ᠤᠯᠤᠰ᠎ᠤᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ
ᠲᠣᠪᠴᠢᠶᠠᠴᠢᠩ ᠱᠦᠢ ᠾᠸ ᠵᠢᠨ ᠪᠠᠢᠱᠢᠩ ᠭᠤᠤ᠎ᠶ᠋ᠢᠨ ᠬᠡᠰᠡᠭ᠂ ᠱᠢᠶᠤᠤ ᠶᠤᠸᠠᠨ ᠮᠤᠤ᠎ᠶ᠋ᠢᠨ ᠬᠡᠰᠡᠭ ᠪᠣᠯᠤᠨ
ᠯᠣᠣ ᠨᠢᠤ ᠸᠠᠨ᠎ᠤ ᠬᠡᠰᠡᠭ᠎ᠦᠨ ᠮᠢᠩ ᠤᠯᠤᠰ ᠦᠨ ᠤᠷᠳᠤ ᠴᠠᠭᠠᠨ ᠬᠡᠷᠡᠮ᠎ᠢ ᠲᠦᠷᠦᠭᠦᠦ ᠪᠦᠯᠦᠭ᠎ᠦᠨ ᠤᠯᠤᠰ᠎ᠤᠨ
ᠲᠡᠰ᠎ᠤᠨ ᠴᠢᠬᠤᠯᠠ ᠬᠡᠰᠡᠭ ᠪᠣᠯᠭᠠᠬᠰᠠᠨ ᠪᠠᠢᠨ᠎ᠠ᠃
ᠥᠨᠳᠥᠷ ᠰᠦᠷᠯᠢᠭ ᠤᠷᠲᠤ ᠴᠠᠭᠠᠨ ᠬᠡᠷᠡᠮ ᠦᠨᠳᠦᠰᠦᠲᠡᠨ᠎ᠨᠦᠭᠦᠳ᠎ᠦᠨ ᠠᠭᠤᠰᠤᠯᠴᠠᠯ
ᠬᠥᠭ᠌ᠵᠢᠯᠲᠡᠵᠢᠭᠡᠷᠡᠴᠢᠯᠡᠭᠰᠡᠭᠡᠷ
ᠱᠠᠨ ᠰᠢ᠂ ᠱᠠᠨᠰᠢ᠂ ᠦᠪᠦᠷ ᠮᠤᠩᠭᠤᠯ᠎ᠳᠡᠬᠢ ᠬᠠᠲᠤᠨ ᠭᠤᠤᠯ᠎ᠤᠨ ᠬᠠᠪᠴᠢᠯ ᠪᠣᠯ
ᠳᠤᠮᠳᠠᠳᠤ ᠤᠯᠤᠰ᠎ᠤᠨ ᠬᠠᠮᠤᠭ᠎ᠤᠨ ᠭᠤᠶᠤ ᠠᠷᠪᠠᠨ ᠬᠠᠪᠴᠢᠯ᠎ᠤᠨ ᠨᠢᠭᠡ ᠪᠣᠯᠤᠨ᠎ᠠ᠂ ᠴᠢᠩ ᠱᠦᠢ ᠡᡁᠸ ᠭᠣᠣᠯ᠎ᠤᠨ
ᠮᠢᠩ ᠤᠯᠤᠰ ᠤᠨ ᠤᠷᠳᠤ ᠴᠠᠭᠠᠨ ᠬᠡᠷᠡᠮ ᠡᠨᠳᠡ ᠰᠦᠨᠳᠡᠷᠯᠡᠵᠦ ᠪᠤᠢ᠃
ᠤᠷᠳᠤ ᠴᠠᠭᠠᠨ ᠬᠡᠷᠡᠮ᠎ᠦᠨ ᠬᠣᠶᠠᠷ ᠲᠠᠯ᠎ᠠ᠎ᠪᠡᠷ ᠢᠳᠡᠵᠦ᠍ ᠡᠮᠦᠰᠭᠦ ᠶᠠᠪᠤᠵᠤ
ᠰᠠᠭᠤᠬᠤ ᠲᠠᠯ᠎ᠠ ᠪᠡᠷ ᠱᠢᠭᠤᠳ ᠠᠭᠤᠰᠤᠯᠴᠠᠭ᠍ᠰᠠᠨ ᠪᠡᠯᠭᠡ ᠲᠡᠮᠳᠡᠭ ᠪᠤᠯᠵᠤ᠂ ᠱᠠᠨ ᠰᠢ᠂ ᠱᠠᠨᠰᠢ᠎ᠶ᠋ᠢᠨ ᠪᠦᠰ
ᠤᠷᠠᠯᠠᠯ᠂ ᠴᠠᠭᠠᠰᠤᠨ ᠬᠠᠢᠴᠢᠯᠠᠮᠠᠯ᠂ ᠱᠠᠭᠠᠵᠠᠩ ᠤᠷᠠᠯᠠᠯ ᠵᠡᠷᠭᠡ ᠨᠢ ᠲᠤᠬᠠᠢ᠎ᠶ᠋ᠢᠨ ᠭᠠᠵᠠᠷ᠎ᠤᠨ ᠣᠨᠴᠠᠯᠢᠭᠲᠤ
ᠠᠭᠤᠰᠤᠯᠴᠠᠭ᠍ᠰᠠᠨᠤ ᠲᠠᠷᠠᠭ᠎ᠠ ᠬᠥᠬᠡᠬᠣᠲᠠ ᠴᠢᠨᠠᠭ᠍ᠰᠢᠯᠠᠪᠠᠯ ᠥᠪᠥᠷ ᠮᠣᠩᠭᠣᠯ᠎ᠤᠨ ᠪᠣᠳᠠᠰ᠎ᠤᠨ ᠪᠤᠰᠤ ᠰᠣᠶᠣᠯ᠎ᠤᠨ
ᠥᠪ ᠪᠣᠯᠵᠠᠢ᠃
ᠭᠦᠶᠡᠩ᠎ᠦᠨ ᠴᠢᠨ ᠤᠯᠤᠰ᠎ᠤᠨ ᠣᠷᠳᠣ ᠴᠠᠭᠠᠨ ᠬᠡᠷᠡᠮ᠎ᠦᠨ ᠪᠠᠭᠤᠷᠢ᠎ᠡᠴᠡ 100
ᠭᠠᠷᠤᠶ ᠬᠠᠲᠠᠨ ᠵᠢᠷᠤᠭ ᠣᠯᠳᠠᠵᠤ᠂ ᠢᠮᠠᠭ᠎ᠠ᠂ ᠲᠡᠮᠡᠭᠡ᠂ ᠪᠥᠵᠢᠭ᠌ᠴᠢᠨ᠂ ᠲᠠᠷᠢᠶᠠᠴᠢᠨ᠎ᠢ ᠠᠮᠢᠳᠤ ᠳᠦᠷᠰᠦᠯᠢᠭ
ᠵᠢᠷᠤᠭᠰᠠᠨ ᠪᠠᠢᠨ᠎ᠠ᠃ ᠡᠨᠡ ᠨᠢ ᠲᠤᠬᠠᠶ᠎ᠶ᠋ᠢᠨ ᠵᠢᠯ᠎ᠳᠤ ᠬᠡᠳᠦᠢᠪᠡᠷ ᠴᠡᠷᠢᠭ᠎ᠦᠨ ᠶᠠᠪᠤᠳᠠᠯ᠎ᠤᠨ ᠴᠢᠬᠤᠯᠠ ᠪᠣᠭᠣᠮᠲᠠ
ᠪᠠᠢᠭ᠍ᠰᠠᠨ ᠪᠣᠯᠪᠠᠴᠤ᠌ ᠦᠨᠳᠦᠰᠦᠲᠡᠨ᠎ᠨᠦᠭᠦᠳ᠎ᠦᠨ ᠡᠨᠳᠡ ᠤᠷᠤᠰᠢᠨ ᠠᠮᠢᠳᠤᠷᠠᠬᠤ ᠶ᠋ᠢ ᠬᠣᠷᠢᠭ᠍ᠯᠠᠵᠤ ᠴᠢᠳᠠᠭ᠍ᠰᠠᠨ
ᠥᠬᠡᠶ᠂ ᠮᠤᠨᠢ ᠠᠭᠤᠯᠠ᠎ᠶ᠋ᠢᠨ ᠬᠣᠶᠠᠷ ᠬᠠᠵᠠᠭᠤ᠂ ᠣᠷᠳᠣ ᠴᠠᠭᠠᠨ ᠬᠡᠷᠡᠮ᠎ᠦᠨ ᠳᠣᠲᠣᠷ᠎ᠠ ᠭᠠᠳᠠᠨᠠᠬᠢ ᠰᠠᠭᠤᠭᠠᠯᠢ
ᠠᠷᠠᠳ᠎ᠤᠨ ᠶᠠᠪᠤᠯᠴᠠᠭ᠎ᠠ ᠰᠣᠯᠢᠯᠴᠠᠭ᠎ᠠ ᠪᠠ ᠠᠭᠤᠰᠤᠯᠴᠠᠯ᠎ᠢ ᠬᠤᠷᠢᠭᠯᠠᠵᠤ ᠴᠢᠳᠠᠭᠰᠠᠨ ᠥᠬᠡᠶ᠂ ᠭᠦᠶᠡᠩ᠎ᠦᠨ ᠣᠷᠳᠣ
ᠴᠠᠭᠠᠨ ᠬᠡᠷᠡᠮ᠎ᠦᠨ ᠬᠠᠲᠠᠨ ᠵᠢᠷᠤᠭ ᠪᠣᠯ ᠳᠤᠮᠳᠠᠳᠤ᠎ᠶ᠋ᠢᠨ ᠦᠨᠳᠦᠰᠦᠲᠡᠨ᠎ᠦ ᠶᠡᠬᠡ ᠬᠡᠷ ᠪᠦᠯᠢ᠎ᠶ᠋ᠢᠨ ᠣᠯᠠᠨ
ᠦᠨᠳᠦᠰᠦᠲᠡᠨ᠎ᠦ ᠠᠭᠤᠰᠤᠯᠴᠠᠯ᠎ᠤᠨ ᠪᠣᠳᠠᠲᠠᠶ ᠢᠯᠡᠷᠡᠯ ᠮᠥᠨ᠃
ᠥᠪᠥᠷ ᠮᠣᠩᠭᠣᠯ᠎ᠤᠨ ᠤᠷᠳᠤ ᠴᠠᠭᠠᠨ ᠬᠡᠷᠡᠮ᠎ᠦᠨ ᠬᠣᠷᠮᠣᠢ᠎ᠳᠤ ᠡᠷᠲᠡ ᠦᠶ᠎ᠡ᠎ᠶ᠋ᠢᠨ
ᠬᠤᠪᠢᠰᠭᠠᠯ᠎ᠤᠨ ᠠᠵᠢᠯᠯᠠᠭ᠎ᠠ᠎ᠶ᠋ᠢᠨ 《ᠢᠮ ᠳᠡᠮᠳᠡᠭ 》 ᠪᠤᠢ᠃ ᠤᠷᠠᠳ᠎ᠤᠨ ᠡᠮᠦᠨᠡᠲᠦ ᠬᠣᠱᠢᠭᠤᠨ᠎ᠳᠤ 《ᠥᠪᠥᠷ
ᠮᠣᠩᠭᠣᠯ᠎ᠤᠨ ᠪᠠᠷᠠᠭᠤᠨ ᠣᠷᠣᠨ᠎ᠳᠤ ᠮᠠᠷᠺᠰ᠎ᠤᠨ ᠦᠵᠡᠯ᠎ᠢ ᠤᠯᠠᠮᠵᠢᠯᠠᠨ ᠲᠠᠷᠬᠠᠭᠠᠭ᠍ᠰᠠᠨ ᠠᠩᠬᠠᠳᠠᠭ᠍ᠴᠢ ᠬᠥᠮᠦᠨ
》 ᠬᠡᠮᠡᠭᠳᠡᠭᠰᠡᠨ ᠡᠩᠬᠡᠪᠠᠶᠠᠷ᠎ᠤᠨ ᠦᠢᠯᠡ ᠠᠵᠢᠯᠯᠠᠭ᠎ᠠ ᠶᠠᠪᠤᠭᠳᠠᠬᠰᠠᠨ ᠵᠢᠴᠢ ᠵᠦᠩᠲ᠋ᠠᠨᠤ ᠶᠠᠫᠣᠨ᠎ᠢ ᠡᠰᠡᠷᠭᠦᠴᠡᠬᠦ᠌ ᠰᠠᠭᠤᠷᠢᠨ ᠭᠠᠵᠠᠷ ᠥᠷᠨᠢᠨ
ᠬᠥᠭ᠌ᠵᠢᠭ᠌ᠰᠡᠨ ᠪᠠᠢᠨ᠎ᠠ᠃
ᠤᠷᠳᠤ ᠴᠠᠭᠠᠨ ᠬᠡᠷᠡᠮ᠎ᠦᠨ ᠬᠣᠷᠮᠣᠢ᠎ᠳᠡᠬᠢ ᠯᠣᠣ ᠨᠢᠤ ᠫᠦᠸᠸ ᠳ᠋ᠤ ᠶᠠᠫᠣᠨ᠎ᠢ
ᠡᠰᠡᠷᠭᠦᠴᠡᠬᠦ᠌ ᠲᠠᠢ᠌ᠨ᠎ᠦ ᠦᠶ᠎ᠡ᠎ᠶ᠋ᠢᠨ ᠥᠪᠥᠷ ᠮᠣᠩᠭᠣᠯ ᠪᠣᠯᠤᠨ ᠱᠠᠨ ᠰᠢ᠎ᠶ᠋ᠢᠨ ᠠᠭᠤᠯᠵᠠᠷ ᠣᠷᠣᠨ᠎ᠤ ᠬᠠᠮᠤᠭ᠎ᠤᠨ
ᠡᠷᠲᠡᠨ᠎ᠦ ᠬᠥᠳᠡᠭᠡ ᠲᠣᠰᠭᠣᠨ᠎ᠤ ᠨᠠᠮ᠎ᠤᠨ ᠡᠭᠦᠷ ᠪᠠᠢᠭᠤᠯᠤᠭ᠍ᠳᠠᠵᠤ᠂ ᠤᠷᠳᠤ ᠬᠤᠭᠤᠴᠠᠭᠠᠨ᠎ᠤ ᠬᠤᠪᠢᠰᠭᠠᠯᠲᠤ ᠲᠡᠮᠡᠴᠡᠯ᠎ᠢᠶᠡᠷ
ᠲᠠᠮᠵᠢᠨ᠂ 《ᠤᠯᠤᠰ᠎ᠢᠶᠠᠨ ᠬᠠᠢᠷᠠᠯᠠᠬᠤ ᠭᠡᠷ᠎ᠢᠶᠡᠨ ᠬᠠᠢᠷᠠᠯᠠᠬᠤ᠂ ᠤᠯᠠᠨ ᠲᠦᠮᠡᠨ᠎ᠢ ᠲᠦᠱᠢᠭ᠌ᠯᠡᠬᠦ᠌᠂
ᠨᠤᠭᠤᠷᠠᠰᠢ ᠦᠭᠡᠢ ᠲᠡᠮᠡᠴᠡᠬᠦ᠌᠂ ᠵᠣᠷᠢᠭ᠍ᠲᠠᠢ᠎ᠪᠠᠷ ᠢᠯᠠᠯᠲᠠ ᠤᠯᠬᠤ》 ᠯᠣᠣ ᠨᠢᠤ ᠫᠦᠸᠸ ᠵᠢᠨ ᠵᠣᠷᠢᠭ ᠰᠠᠨᠠᠭ᠎ᠠ᠎ᠶ᠋ᠢ ᠪᠦᠷᠢᠯᠳᠦᠭᠦᠯᠵᠦ᠍᠂ ᠬᠤᠪᠢᠰᠭᠠᠯᠲᠤ ᠲᠡᠮᠡᠴᠡᠯ᠎ᠢ
ᠬᠦᠳᠦᠯᠥᠨ ᠳᠠᠭᠠᠭᠤᠯᠬᠤ ᠲᠤᠭ ᠲᠡᠮᠳᠡᠭ ᠪᠣᠯᠵᠠᠢ᠃
ᠣᠳᠣᠬᠠᠨ᠎ᠳᠤ᠂ ᠥᠪᠥᠷ ᠮᠣᠩᠭᠣᠯ᠎ᠤᠨ ᠣᠯᠠᠨ ᠭᠠᠵᠠᠷ᠎ᠤᠨ ᠣᠷᠳᠣ ᠴᠠᠭᠠᠨ ᠬᠡᠷᠡᠮ᠎ᠦᠨ
ᠪᠠᠭᠤᠷᠢ᠎ᠡᠴᠡ ᠭᠦᠨ ᠵᠤᠵᠠᠭᠠᠨ ᠣᠷᠳᠣ ᠴᠠᠭᠠᠨ ᠬᠡᠷᠡᠮ᠎ᠦᠨ ᠰᠣᠶᠣᠯ᠎ᠢ ᠣᠢᠯᠠᠭᠠᠬᠤ᠎ᠪᠠᠷ ᠪᠠᠷᠠᠬᠤ ᠥᠬᠡᠶ ᠪᠠᠰᠠ
ᠬᠤᠪᠢᠰᠭᠠᠯ᠎ᠤᠨ ᠰᠣᠶᠣᠯ᠎ᠤᠨ ᠰᠠᠭᠤᠷᠢᠨ ᠭᠠᠵᠠᠷ᠎ᠤᠨ ᠷᠢᠳᠢ ᠱᠢᠳᠢ᠎ᠶ᠋ᠢ ᠮᠡᠳᠡᠷᠡᠵᠦ᠍᠂ ᠡᠷᠡᠰ ᠪᠠᠲᠤ ᠢᠲᠡᠭᠡᠯ
ᠪᠢᠱᠢᠷᠡᠯ᠎ᠦᠨ ᠬᠦᠴᠦᠨ ᠪᠠ ᠬᠤᠪᠢᠷᠠᠰᠢ ᠥᠬᠡᠶ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠶ᠋ᠢ ᠡᠷᠢᠯᠬᠢᠯᠡᠵᠦ᠍
ᠪᠣᠯᠤᠨ᠎ᠠ᠃

ᠣᠷᠳᠣᠰ ᠬᠣᠲᠠ᠎ᠶ᠋ᠢᠨ ᠵᠡᠭᠦᠨᠭᠠᠷ ᠬᠣᠱᠢᠭᠤᠨ᠎ᠤ ᠤᠮᠠᠷᠠᠲᠤ ᠰᠥᠩ ᠤᠯᠤᠰ᠎ᠦᠨ ᠣᠷᠳᠣ ᠴᠠᠭᠠᠨ ᠬᠡᠷᠡᠮ

ᠣᠯᠠᠭᠠᠨᠬᠠᠳᠠ ᠬᠤᠲᠠ ᠵᠢᠨ ᠬᠡᠰᠢᠭᠲᠠᠨ ᠬᠤᠰᠢᠭᠤᠨ᠎ᠤ ᠠᠯᠲᠠᠨ ᠤᠯᠤᠰ᠎ᠤᠨ ᠬᠢᠯᠢ ᠵᠢᠨ ᠭᠤᠤ
ᠤᠷᠳᠤ ᠴᠠᠭᠠᠨ ᠬᠡᠷᠡᠮ᠎ᠢ ᠬᠠᠮᠠᠭᠠᠯᠠᠬᠤ᠎ᠳᠤ ᠡᠭᠦᠷᠭᠡ ᠬᠦᠨᠳᠦ ᠵᠠᠮ ᠬᠤᠯᠠ ᠤᠷᠳᠤ
ᠴᠠᠭᠠᠨ ᠬᠡᠷᠡᠮ᠎ᠦᠨ ᠵᠣᠷᠢᠭ ᠰᠠᠨᠠᠭ᠎ᠠ ᠥᠨᠢᠳᠡ ᠤᠯᠠᠮᠵᠢᠯᠠᠭ᠍ᠳᠠᠨ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ
ᠣᠷᠳᠣᠨ ᠣᠷᠳᠣ ᠴᠠᠭᠠᠨ ᠬᠡᠷᠡᠮ᠎ᠢ ᠬᠠᠮᠠᠭᠠᠯᠠᠬᠤ ᠠᠵᠢᠯ᠎ᠢ ᠶᠡᠷᠦ᠍᠎ᠡᠴᠡ ᠴᠢᠬᠤᠯᠠᠴᠢᠯᠠᠭ᠍ᠰᠠᠭᠠᠷ ᠢᠷᠡᠵᠡᠶ᠂
2017 ᠣᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠳᠣ ᠴᠠᠭᠠᠨ ᠬᠡᠷᠡᠮ᠎ᠢ ᠬᠠᠮᠠᠭᠠᠯᠠᠬᠤ
ᠠᠵᠢᠯ᠎ᠤᠨ ᠲᠥᠪ ᠪᠠᠢᠭᠤᠯᠤᠭᠳᠠᠵᠤ᠂ ᠭᠤᠤᠯᠳᠠᠭᠤ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠣᠷᠳᠣ ᠴᠠᠭᠠᠨ ᠬᠡᠷᠡᠮ᠎ᠢ
ᠬᠠᠮᠠᠭᠠᠯᠠᠬᠤ ᠬᠣᠯᠪᠣᠭ᠍ᠳᠠᠯ ᠪᠥᠬᠥᠶ ᠬᠠᠤᠯᠢ ᠴᠠᠭᠠᠵᠠ ᠳᠦᠷᠢᠮ ᠲᠣᠭ᠍ᠲᠠᠭᠠᠯ᠎ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂
ᠥᠪᠡᠷᠲᠡᠭᠡᠨ ᠵᠠᠰᠠᠬᠤ ᠣᠷᠣᠨ᠎ᠤ ᠣᠷᠳᠣ ᠴᠠᠭᠠᠨ ᠬᠡᠷᠡᠮ᠎ᠢ ᠬᠠᠮᠠᠭᠠᠯᠠᠬᠤ ᠤᠳᠤᠷᠢᠳᠭᠤ ᠳᠤᠭᠤᠢᠯᠠᠩ᠎ᠤᠨ ᠤᠳᠤᠷᠢᠳᠤᠯᠭ᠎ᠠ
ᠳᠤᠤᠷ᠎ᠠ᠂ ᠥᠪᠡᠷᠲᠡᠭᠡᠨ ᠵᠠᠰᠠᠬᠤ ᠣᠷᠣᠨ᠎ᠤ ᠬᠢᠯᠢ ᠳᠣᠲᠣᠷᠠᠬᠢ ᠣᠷᠳᠣ ᠴᠠᠭᠠᠨ ᠬᠡᠷᠡᠮ᠎ᠢ ᠬᠠᠮᠠᠭᠠᠯᠠᠵᠤ ᠰᠡᠯᠪᠢᠨ
ᠵᠠᠰᠠᠬᠤ ᠢᠨᠵᠧᠨᠧᠷᠢᠩ᠂ ᠡᠳᠦᠷ ᠲᠤᠲᠤᠮ᠎ᠤᠨ ᠬᠢᠨᠠᠨ ᠡᠵᠡᠮᠳᠡᠬᠦ᠌ ᠵᠡᠷᠭᠡ ᠠᠵᠢᠯ᠎ᠢ ᠵᠣᠬᠢᠶᠠᠨ ᠪᠠᠢᠭᠤᠯᠤᠨ ᠬᠡᠷᠡᠭ᠌ᠵᠢᠭᠦᠯᠦᠨ᠎ᠡ;ᠬᠠᠮᠢᠶ᠎ᠠ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ᠎ᠢ ᠵᠣᠬᠢᠴᠠᠭᠤᠯᠤᠨ ᠵᠢᠯᠣᠭᠣᠳᠴᠤ᠌᠂
ᠬᠡᠪᠱᠢᠭ᠌ᠰᠡᠨ ᠲᠣᠭᠣᠷᠢᠨ ᠬᠠᠮᠠᠭᠠᠯᠠᠬᠤ ᠬᠠᠮᠢᠶᠠᠷᠤᠯᠲᠠ᠎ᠶ᠋ᠢ ᠴᠢᠩᠭᠠᠳᠭᠠᠵᠤ᠂ ᠤᠷᠲᠤ ᠴᠠᠭᠠᠨ ᠬᠡᠷᠡᠮ᠎ᠦᠨ ᠬᠠᠭᠤᠴᠢ
ᠰᠤᠳᠤᠯᠤᠯ᠎ᠤᠨ ᠪᠠᠢᠴᠠᠭᠠᠯᠲᠠ᠂ ᠣᠨᠣᠯ᠎ᠤᠨ ᠰᠤᠳᠤᠯᠤᠨ ᠶᠠᠷᠢᠯᠴᠠᠭ᠎ᠠ᠂ ᠡᠷᠳᠡᠮ ᠱᠢᠨᠵᠢᠯᠡᠭᠡᠨ᠎ᠦ ᠰᠣᠯᠢᠯᠴᠠᠭᠠᠨ᠎ᠤ
ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ
ᠲᠢᠩᠬᠢᠮ᠎ᠦᠨ ᠠᠵᠢᠯ᠎ᠤᠨ ᠪᠠᠢᠷᠢᠯᠠᠭᠤᠯᠤᠯᠲᠠ ᠳᠤᠤᠷ᠎ᠠ᠂ ᠪᠥᠬᠥ᠌ ᠣᠷᠣᠨ᠎ᠤ 12 ᠠᠢᠮᠠᠭ ᠬᠣᠲᠠ 《ᠣᠷᠳᠣ ᠴᠠᠭᠠᠨ ᠬᠡᠷᠡᠮ᠎ᠦᠨ ᠳᠥᠷᠪᠡ ᠪᠠᠢᠬᠤ》 ᠲᠠᠩᠰᠠ
ᠡᠪᠬᠡᠮᠡᠯ ᠪᠠᠢᠭᠤᠯᠪᠠ᠂ ᠲᠤᠬᠠᠢᠯᠠᠪᠠᠯ ᠣᠷᠳᠣ ᠴᠠᠭᠠᠨ ᠬᠡᠷᠡᠮ᠎ᠢ ᠲᠤᠰᠭᠠᠶ ᠬᠠᠮᠠᠭᠠᠯᠠᠵᠤ ᠬᠠᠮᠢᠶᠠᠷᠬᠤᠪᠠᠢᠭᠤᠯᠤᠮᠵᠢ
ᠪᠠ ᠠᠵᠢᠯᠲᠠᠨ ᠳᠣᠭᠢᠷᠠᠭᠤᠯᠤᠨ᠎ᠠ;ᠤᠷᠲᠤ ᠴᠠᠭᠠᠨ ᠬᠡᠷᠡᠮ᠎ᠦᠨ ᠲᠡᠮᠳᠡᠭ᠌ᠯᠡᠯ᠎ᠤᠨ
ᠳᠠᠩᠰᠠ ᠡᠪᠬᠡᠮᠡᠯ᠎ᠢ ᠪᠠᠢᠭᠤᠯᠤᠨ᠎ᠠ;ᠤᠷᠲᠤ ᠴᠠᠭᠠᠨ ᠬᠡᠷᠡᠮ᠎ᠢ ᠬᠠᠮᠠᠭᠠᠯᠠᠬᠤ
ᠢᠯᠡᠳᠭᠡᠮᠵᠢ ᠲᠡᠮᠳᠡᠭᠭᠠᠷᠭᠠᠨᠠ;ᠤᠷᠲᠤ ᠴᠠᠭᠠᠨ ᠬᠡᠷᠡᠮ᠎ᠢ ᠬᠠᠮᠠᠭᠠᠯᠠᠬᠤ
ᠬᠡᠪᠴᠢᠶ᠎ᠡ ᠪᠠ ᠪᠦᠲᠦᠭᠡᠨ ᠪᠠᠢᠭᠤᠯᠵᠤ ᠡᠵᠡᠮᠳᠡᠬᠦ᠌ ᠣᠷᠣᠨ ᠪᠦᠰᠡ᠎ᠶ᠋ᠢ ᠲᠣᠭ᠍ᠲᠠᠭᠠᠨ᠎ᠠ᠃ ᠣᠳᠣᠬᠠᠨ᠎ᠳᠤ᠂ ᠨᠢᠭᠡᠨᠲᠡ
ᠨᠡᠯᠢᠶᠡᠳ ᠪᠦᠷᠢᠨ ᠲᠡᠭᠦᠯᠳᠡᠷ ᠣᠷᠳᠣ ᠴᠠᠭᠠᠨ ᠬᠡᠷᠡᠮ᠎ᠢ ᠬᠠᠮᠠᠭᠠᠯᠠᠵᠤ ᠬᠠᠮᠢᠶᠠᠷᠬᠤ ᠲᠦᠷᠢᠮᠲᠤᠭᠲᠠᠭᠠᠵᠤ᠂
ᠨᠡᠯᠢᠶᠡᠳ ᠪᠦᠷᠢᠨ ᠲᠡᠭᠦᠯᠳᠡᠷ ᠱᠢᠰᠲ᠋ᠧᠮ᠎ᠢ ᠪᠦᠷᠢᠯᠳᠦᠭᠦᠯᠦᠨ᠂ ᠪᠥᠬᠥ᠌ ᠣᠷᠣᠨ᠎ᠤ ᠣᠷᠳᠣ ᠴᠠᠭᠠᠨ ᠬᠡᠷᠡᠮ᠎ᠦᠨ
ᠬᠠᠮᠠᠭᠠᠯᠠᠬᠤ ᠬᠠᠤᠯᠢᠵᠢᠯ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠬᠠᠮᠠᠭᠠᠯᠠᠯᠲᠠ᠎ᠶ᠋ᠢᠨ ᠪᠠᠢᠳᠠᠯ᠎ᠢ ᠢᠯᠡᠳᠲᠡ
ᠰᠠᠢᠵᠢᠷᠠᠭᠤᠯᠤᠭᠰᠠᠨ ᠪᠠᠢᠨ᠎ᠠ᠃
2019 ᠣᠨ᠎ᠤ 12 ᠰᠠᠷ᠎ᠠ᠎ᠳᠤ᠂ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂
ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 《ᠣᠷᠳᠣ ᠴᠠᠭᠠᠨ ᠬᠡᠷᠡᠮ᠂ ᠶᠡᠬᠡ
ᠲᠠᠲᠠᠮᠠᠯ ᠭᠤᠤᠯ᠂ ᠣᠷᠳᠣ ᠵᠠᠮ᠎ᠤᠨ ᠠᠶᠠᠨ ᠲᠡᠢᠨ᠎ᠦ ᠤᠯᠤᠰ᠎ᠤᠨ ᠰᠣᠶᠣᠯ᠎ᠤᠨ ᠴᠡᠴᠡᠷᠯᠢᠭ᠎ᠦᠨ ᠪᠥᠲᠥᠭᠡᠨ ᠪᠠᠢᠭᠤᠯᠤᠯᠲᠠ᠎ᠶ᠋ᠢᠨ
ᠲᠥᠰᠦᠪ 》 ᠢ᠋ ᠳᠠᠷᠤᠮᠠᠯᠯᠠᠨ ᠲᠠᠷᠬᠠᠭᠠᠵᠤ᠂
ᠣᠷᠳᠣ ᠴᠠᠭᠠᠨ ᠬᠡᠷᠡᠮ᠂ ᠶᠡᠬᠡ ᠲᠠᠲᠠᠮᠠᠯ ᠭᠤᠤᠯ᠂ ᠣᠷᠳᠣ ᠵᠠᠮ᠎ᠤᠨ ᠠᠶᠠᠨ ᠲᠡᠢᠨ᠎ᠦ ᠤᠯᠤᠰ᠎ᠤᠨ ᠰᠣᠶᠣᠯ᠎ᠤᠨ ᠴᠡᠴᠡᠷᠯᠢᠭ᠎ᠢ
ᠪᠥᠲᠥᠭᠡᠨ ᠪᠠᠢᠭᠤᠯᠬᠤᠪᠤᠯ ᠰᠣᠶᠣᠯ᠎ᠤᠨ ᠢᠲᠡᠭᠡᠯ᠎ᠢ ᠪᠠᠲᠤᠳᠭᠠᠬᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ
ᠰᠣᠶᠣᠯ᠎ᠤᠨ ᠥᠨᠢ ᠤᠳᠠᠭᠠᠨ᠎ᠤ ᠨᠥᠯᠥᠭᠡᠯᠡᠬᠦ᠌ ᠬᠦᠴᠦᠨ᠎ᠢ ᠢᠯᠡᠷᠡᠭᠦᠯᠬᠦ᠌᠂ ᠬᠤᠪᠢᠰᠭᠠᠯ᠎ᠤᠨ ᠰᠣᠶᠣᠯ᠎ᠤᠨ ᠬᠦᠴᠦᠷᠬᠡᠭ
ᠶᠡᠬᠡ ᠤᠷᠢᠶᠠᠯᠠᠬᠤ ᠬᠦᠴᠦᠨ᠎ᠢ ᠢᠯᠡᠷᠡᠭᠦᠯᠬᠦ᠌᠎ᠳᠦ ᠴᠢᠬᠤᠯᠠ ᠠᠴᠢ ᠬᠣᠯᠪᠣᠭ᠍ᠳᠠᠯ᠎ᠲᠠᠶ ᠭᠡᠵᠦ᠍ ᠵᠢᠭᠠᠵᠤ ᠭᠠᠷᠭᠠᠪᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ
ᠣᠷᠳᠣᠨ ᠲᠥᠰᠦᠪ᠎ᠤᠨ ᠱᠠᠭᠠᠷᠳᠠᠯᠭ᠎ᠠ ᠨᠠᠷᠢᠨ ᠬᠢᠨᠠᠮᠠᠭᠠᠶ ᠰᠤᠳᠤᠯᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠵᠤ᠂
ᠪᠥᠲᠥᠭᠡᠨ ᠪᠠᠢᠭᠤᠯᠤᠯᠲᠠ᠎ᠶ᠋ᠢᠨ ᠠᠵᠢᠯ᠎ᠤᠨ ᠤᠳᠤᠷᠢᠳᠭᠤ ᠳᠤᠭᠤᠢᠯᠠᠩ ᠪᠠᠢᠭᠤᠯᠵᠤ᠂ ᠥᠪᠥᠷ ᠮᠣᠩᠭᠣᠯ᠎ᠤᠨ ᠥᠪᠡᠷᠲᠡᠭᠡᠨ
ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠦᠨ ᠳᠤᠤᠷ᠎ᠠ ᠠᠯᠪᠠᠨ ᠬᠡᠷ ᠪᠠᠢᠭᠤᠯᠵᠤ᠂ ᠥᠪᠥᠷ ᠮᠣᠩᠭᠣᠯ᠎ᠤᠨ
ᠣᠷᠳᠣ ᠴᠠᠭᠠᠨ ᠬᠡᠷᠡᠮ᠎ᠦᠨ ᠤᠯᠤᠰ᠎ᠤᠨ ᠰᠣᠶᠣᠯ᠎ᠤᠨ ᠴᠡᠴᠡᠷᠯᠢᠭ᠎ᠦᠨ ᠲᠤᠰᠭᠠᠶ ᠠᠩᠭᠢ ᠪᠠᠢᠭᠤᠯᠤᠨ᠂ ᠵᠢᠯᠣᠭᠣᠳᠭᠤ
ᠪᠠ ᠤᠴᠢᠷ ᠶᠠᠪᠤᠳᠠᠯ᠎ᠢ ᠨᠢᠭᠡᠳᠦᠯᠲᠡᠶ ᠲᠥᠯᠥᠪᠵᠢᠭᠦᠯᠬᠦ᠌ ᠵᠢᠴᠢ ᠪᠣᠳᠠᠲᠠᠶ ᠲᠥᠷᠥᠯ ᠵᠦᠶ᠋ᠯ᠎ᠢ ᠵᠣᠬᠢᠶᠠᠨ ᠪᠠᠢᠭᠤᠯᠬᠤ᠂
ᠤᠬᠠᠭᠤᠯᠬᠤ᠂ ᠬᠡᠷᠡᠭ᠌ᠵᠢᠭᠦᠯᠬᠦ᠌᠂ ᠠᠬᠢᠭᠤᠯᠬᠤ ᠠᠵᠢᠯ᠎ᠢ ᠬᠠᠷᠢᠭᠤᠴᠠᠭᠤᠯᠪᠠ᠃
ᠣᠷᠳᠣ ᠴᠠᠭᠠᠨ ᠬᠡᠷᠡᠮ᠎ᠦᠨ ᠤᠯᠤᠰ᠎ᠤᠨ ᠰᠣᠶᠣᠯ᠎ᠤᠨ ᠴᠡᠴᠡᠷᠯᠢᠭ᠎ᠦᠨ ᠥᠪᠥᠷ ᠮᠣᠩᠭᠣᠯ᠎ᠤᠨ
ᠲᠤᠰᠭᠠᠶ ᠠᠩᠭᠢ᠎ᠶ᠋ᠢᠨ ᠤᠬᠠᠭᠤᠯᠬᠤ ᠳᠤᠭᠤᠢᠯᠠᠩ᠎ᠤᠨ ᠳᠠᠷᠤᠭ᠎ᠠ ᠵᠣᠣ ᠱᠤᠤ ᠶᠢᠩ᠎ᠦᠨ ᠲᠠᠨᠢᠯᠴᠠᠭᠤᠯᠤᠭ᠍ᠰᠠᠨ᠎ᠢᠶᠠᠷ᠂
ᠠᠵᠢᠯ᠎ᠢᠶᠠᠨ ᠥᠷᠨᠢᠭᠦᠯᠦᠭ᠌ᠰᠡᠨ᠎ᠡᠴᠡ ᠨᠠᠭᠠᠰᠢ᠂ 《ᠣᠷᠳᠣ ᠴᠠᠭᠠᠨ ᠬᠡᠷᠡᠮ᠎ᠦᠨ ᠤᠯᠤᠰ᠎ᠤᠨ
ᠰᠣᠶᠣᠯ᠎ᠤᠨ ᠴᠡᠴᠡᠷᠯᠢᠭ ( ᠥᠪᠥᠷ ᠮᠣᠩᠭᠣᠯ᠎ᠤᠨ ᠥᠪᠡᠷᠲᠡᠭᠡᠨ ᠵᠠᠰᠠᠬᠤ
ᠣᠷᠣᠨ ) ᠢ᠋ ᠪᠥᠲᠥᠭᠡᠨ ᠪᠠᠢᠭᠤᠯᠬᠤ
ᠬᠠᠮᠠᠭᠠᠯᠠᠬᠤ ᠲᠥᠯᠥᠪᠵᠢᠭᠦᠯᠭᠡ᠎ᠶ᠋ᠢᠨ ᠬᠥᠲᠥᠯᠪᠦᠷᠢ》 ᠶ᠋ᠢ ᠰᠤᠳᠤᠯᠤᠨ ᠨᠠᠢᠷᠠᠭᠤᠯᠵᠤ᠂ ᠤᠯᠤᠰ᠎ᠤᠨ ᠡᠷᠲᠡ ᠦᠶ᠎ᠡ᠎ᠶ᠋ᠢᠨ ᠤᠷᠲᠤ ᠴᠠᠭᠠᠨ ᠬᠡᠷᠡᠮ᠎ᠦᠨ
ᠥᠪ ᠬᠥᠷᠥᠩᠭᠡ᠎ᠶ᠋ᠢ ᠬᠠᠮᠠᠭᠠᠯᠠᠬᠤ ᠪᠠ ᠠᠱᠢᠭ᠍ᠯᠠᠬᠤ ᠲᠤᠷᠱᠢᠯᠲᠠ᠎ᠶ᠋ᠢᠨ ᠣᠷᠣᠨ ᠪᠣᠯᠤᠨ ᠰᠣᠶᠣᠯ᠎ᠤᠨ ᠣᠯᠠᠨ ᠡᠱᠢᠲᠦ
ᠴᠢᠨᠠᠷ᠂ ᠠᠮᠢ ᠠᠬᠤᠶ᠎ᠶ᠋ᠢᠨ ᠤᠯᠠᠨ ᠶᠠᠩᠵᠤᠲᠤ ᠴᠢᠨᠠᠷ᠂ ᠦᠶ᠋ᠯᠡᠳᠪᠦᠷᠢᠯᠡᠯ ᠠᠮᠢᠳᠤᠷᠠᠯ᠎ᠤᠨ ᠬᠠᠮᠲᠤ ᠵᠢᠨ ᠠᠭᠤᠰᠤᠯᠴᠠᠯ᠎ᠤᠨ
ᠴᠢᠨᠠᠷᠲᠠᠶ ᠭᠦᠨᠵᠡᠭᠡᠶ ᠠᠭᠤᠰᠤᠯᠴᠠᠯ᠎ᠤᠨ ᠨᠡᠢᠲᠡᠯᠢᠭ ᠣᠷᠣᠨ᠎ᠤ ᠪᠥᠲᠥᠭᠡᠨ ᠪᠠᠢᠭᠤᠯᠤᠯᠲᠠ ᠵᠢ ᠬᠠᠷᠠᠯᠲᠠ ᠪᠣᠯᠭᠠᠬᠤ
ᠵᠢ ᠪᠠᠷᠢᠮᠳᠠᠯᠠᠵᠤ᠂ ᠪᠦᠬᠦ᠌ ᠣᠷᠣᠨ᠎ᠤ ᠬᠡᠪᠴᠢᠶᠡᠨ᠎ᠳᠦ 《ᠨᠢᠭᠡ ᠪᠦᠰᠡ᠂
ᠲᠠᠪᠤᠨ ᠬᠡᠰᠡᠭ᠂ ᠲᠠᠪᠤᠨ ᠤᠷᠤᠨ᠂ ᠤᠯᠠᠨ ᠴᠡᠭ》 ᠤ᠋ᠨ ᠤᠷᠲᠤ ᠴᠠᠭᠠᠨ ᠬᠡᠷᠡᠮ᠎ᠢ ᠳᠡᠯᠭᠡᠨ ᠦᠵᠡᠭᠦᠯᠬᠦ᠌ ᠣᠷᠣᠨ ᠵᠠᠶ᠎ᠶ᠋ᠢᠨ ᠪᠠᠢᠷᠢᠱᠢᠯ᠎ᠢ
ᠪᠦᠷᠢᠯᠳᠦᠭᠦᠯᠦᠨ᠂ ᠤᠷᠲᠤ ᠬᠤᠭᠤᠴᠠᠭᠠᠨ᠎ᠤ ᠲᠦᠯᠦᠪᠵᠢᠭᠦᠯᠭᠡ᠎ᠳᠤ 1 ᠶᠡᠷᠦᠩᠬᠡᠢ ᠬᠠᠮᠢᠶᠠᠷᠤᠨ ᠡᠵᠡᠮᠳᠡᠬᠦ᠌ ᠬᠠᠮᠠᠭᠠᠯᠠᠯᠲᠠ᠎ᠶ᠋ᠢᠨ
ᠣᠷᠣᠨ᠂ 8 ᠭᠤᠤᠯ ᠰᠡᠳᠦᠪᠲᠦ ᠦᠵᠡᠭᠦᠯᠭᠡ᠎ᠶ᠋ᠢᠨ ᠲᠣᠭᠣᠷᠢᠭ᠂ 50 ᠰᠣᠶᠣᠯ ᠵᠢᠭᠤᠯᠴᠢᠯᠠᠯ᠎ᠤᠨ ᠠᠭᠤᠰᠤᠯᠴᠠᠯ᠎ᠤᠨ
ᠣᠷᠣᠨ᠂ 24 ᠤᠯᠠᠮᠵᠢᠯᠠᠯᠲᠤ ᠠᠱᠢᠭ᠍ᠯᠠᠯᠲᠠ᠎ᠶ᠋ᠢᠨ ᠣᠷᠣᠨ ᠢ ᠪᠦᠲᠦᠭᠡᠨ ᠪᠠᠢᠭᠤᠯᠤᠨ᠎ᠠ᠃
ᠤᠷᠳᠤ ᠴᠠᠭᠠᠨ ᠬᠡᠷᠡᠮ᠎ᠦᠨ ᠤᠯᠤᠰ᠎ᠤᠨ ᠰᠣᠶᠣᠯ᠎ᠤᠨ ᠴᠡᠴᠡᠷᠯᠢᠭ ᠪᠣᠯ ᠤᠯᠤᠰ᠎ᠤᠨ
ᠪᠠᠢᠯᠳᠤᠬᠤ ᠪᠣᠳᠣᠯᠭ᠎ᠠ᠂ ᠱᠢᠰᠲ᠋ᠧᠮᠲᠦ ᠢᠨᠵᠧᠨᠧᠷᠢᠩ ᠪᠤᠯᠬᠤ ᠶᠤᠮ᠃ ᠲᠥᠪ᠎ᠦᠨ ᠤᠬᠠᠭᠤᠯᠬᠤ ᠬᠡᠯᠲᠡᠰ᠂ ᠰᠣᠶᠣᠯ
ᠪᠠ ᠵᠢᠭᠤᠯᠴᠢᠯᠠᠯ᠎ᠤᠨ ᠶᠠᠮᠤᠨ ᠵᠡᠷᠭᠡ ᠬᠠᠮᠢᠶ᠎ᠠ ᠪᠥᠬᠥᠶ ᠶᠠᠮᠤᠨ ᠵᠥᠪᠯᠡᠯ ᠵᠢᠴᠢ ᠥᠪᠥᠷ ᠮᠣᠩᠭᠣᠯ᠎ᠤᠨ ᠥᠪᠡᠷᠲᠡᠭᠡᠨ
ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠲᠤᠰᠭᠠᠶ ᠰᠡᠳᠦᠪᠲᠦ ᠪᠠᠢᠴᠠᠭᠠᠨ ᠰᠤᠳᠤᠯᠬᠤ ᠳᠤᠭᠤᠢᠯᠠᠩ
ᠪᠠᠢᠭᠤᠯᠵᠤ᠂ ᠥᠪᠥᠷ ᠮᠣᠩᠭᠣᠯ᠎ᠤᠨ ᠬᠢᠯᠢ ᠳᠣᠲᠣᠷᠠᠬᠢ ᠣᠷᠳᠣ ᠴᠠᠭᠠᠨ ᠬᠡᠷᠡᠮᠳᠦ ᠣᠯᠠᠨ ᠤᠳᠠᠭ᠎ᠠ ᠪᠠᠢᠴᠠᠭᠠᠨ
ᠰᠤᠳᠤᠯᠤᠯᠲᠠ ᠬᠢᠵᠦ᠍ ᠱᠢᠨᠵᠢᠯᠡᠨ ᠪᠠᠢᠴᠠᠭᠠᠪᠠ᠂ ᠢᠯᠠᠩᠭᠤᠶ᠎ᠠ ᠥᠪᠥᠷ ᠮᠣᠩᠭᠣᠯ᠎ᠤᠨ 15 ᠬᠡᠰᠡᠭ \ ᠭᠠᠵᠠᠷ᠎ᠢ
ᠲᠦᠷᠦᠬᠦᠦ ᠪᠦᠯᠦᠭ᠎ᠦᠨ ᠤᠯᠤᠰ᠎ᠤᠨ ᠲᠠᠰ᠎ᠤᠨ ᠣᠷᠳᠣ ᠴᠠᠭᠠᠨ ᠬᠡᠷᠡᠮ᠎ᠦᠨ ᠴᠢᠬᠤᠯᠠ ᠬᠡᠰᠡᠭ᠎ᠲᠦ ᠣᠷᠣᠭᠤᠯᠬᠤ ᠵᠢ
ᠭᠤᠤᠯᠳᠠᠯᠭ᠎ᠠ᠎ᠲᠠᠶ ᠠᠩᠬᠠᠷᠴᠠᠶ᠃

ᠬᠥᠬᠡᠬᠣᠲᠠ᠎ᠶ᠋ᠢᠨ ᠴᠢᠩ ᠱᠦᠶ ᠾᠧ ᠱᠢᠶᠠᠨ᠎ᠤ ᠮᠢᠩ ᠤᠯᠤᠰ᠎ᠤᠨ ᠤᠷᠲᠤ ᠴᠠᠭᠠᠨ ᠬᠡᠷᠡᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ
ᠲᠢᠩᠬᠢᠮ᠎ᠦᠨ ᠬᠠᠮᠢᠶ᠎ᠠ ᠪᠥᠬᠥᠶ ᠬᠠᠷᠢᠭᠤᠴᠠᠯᠭᠠᠲᠠᠨ ᠤᠷᠢᠳ ᠬᠣᠵᠢᠳ ᠥᠪᠥᠷ ᠮᠣᠩᠭᠣᠯ᠎ᠤᠨ ᠡᠯ᠎ᠡ ᠭᠠᠵᠠᠷ᠎ᠤᠨ ᠣᠷᠳᠣ
ᠴᠠᠭᠠᠨ ᠬᠡᠷᠡᠮ ᠢᠯᠠᠩᠭᠤᠶ᠎ᠠ ᠭᠤᠤᠯᠳᠠᠯᠭ᠎ᠠ᠎ᠲᠠᠶ ᠴᠡᠭ᠎ᠢ ᠲᠤᠬᠠᠶ᠎ᠶ᠋ᠢᠨ ᠭᠠᠵᠠᠷ᠎ᠲᠤᠨᠢ ᠬᠦᠷᠴᠦ ᠪᠠᠢᠴᠠᠭᠠᠨ
ᠰᠤᠳᠤᠯᠬᠤ ᠵᠢᠨ ᠬᠠᠮᠲᠤ ᠵᠠᠭᠤᠴᠢᠯᠠᠭᠤᠷ᠎ᠢᠶᠠᠷ ᠳᠠᠮᠵᠢᠭᠤᠯᠤᠨ ᠣᠯᠠᠨ ᠵᠦᠶ᠋ᠯ᠎ᠦᠨ ᠬᠡᠯᠪᠡᠷᠢ᠎ᠪᠡᠷ ᠳᠡᠯᠭᠡᠷᠡᠭᠦᠯᠦᠨ
ᠤᠬᠠᠭᠤᠯᠪᠠ᠃
ᠤᠯᠤᠰ᠎ᠤᠨ 《ᠠᠷᠪᠠᠨ ᠳᠥᠷᠪᠡᠳᠦᠭᠡᠷ ᠲᠠᠪᠤᠨ
ᠵᠢᠯ》 ᠤ᠋ᠨ ᠰᠣᠶᠣᠯ᠎ᠢ ᠬᠠᠮᠠᠭᠠᠯᠠᠬᠤ
ᠤᠯᠠᠮᠵᠢᠯᠠᠬᠤ ᠠᠱᠢᠭ᠍ᠯᠠᠬᠤ ᠢᠨᠵᠧᠨᠧᠷᠢᠩ᠎ᠢ ᠬᠡᠷᠡᠭ᠌ᠵᠢᠭᠦᠯᠬᠦ᠌ ᠲᠥᠰᠦᠪ᠎ᠦᠨ ᠱᠠᠭᠠᠷᠳᠠᠯᠭ᠎ᠠ ᠶᠣᠰᠣᠭᠠᠷ᠂ ᠤᠯᠤᠰ᠎ᠤᠨ
ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠰᠣᠶᠣᠯ ᠪᠠ ᠵᠢᠭᠤᠯᠴᠢᠯᠠᠯ᠎ᠤᠨ ᠶᠠᠮᠤᠨ ᠬᠠᠮᠢᠶ᠎ᠠ
ᠪᠥᠬᠥᠶ ᠰᠠᠯᠠᠭ᠎ᠠ ᠮᠥᠴᠢᠷ᠎ᠲᠡᠶ ᠬᠠᠮᠲᠤᠷᠠᠨ ᠬᠢᠨᠠᠨ ᠬᠠᠷᠭᠤᠭᠤᠯᠵᠤ ᠵᠥᠪᠱᠢᠶᠡᠷᠡᠭᠡᠳ᠂ ᠣᠳᠣᠬᠠᠨ᠎ᠳᠦ ᠮᠠᠨ᠎ᠤ
ᠣᠷᠣᠨ᠎ᠤ 34 ᠰᠣᠶᠣᠯ ᠵᠢᠭᠤᠯᠴᠢᠯᠠᠯ᠎ᠤᠨ ᠬᠦᠷᠢᠶᠡᠨ᠎ᠦ ᠲᠥᠷᠥᠯ ᠵᠦᠶ᠋ᠯ᠎ᠢ 《ᠠᠷᠪᠠᠨ ᠳᠥᠷᠪᠡᠳᠦᠭᠡᠷ ᠲᠠᠪᠤᠨ ᠵᠢᠯ 》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠰᠣᠶᠣᠯ᠎ᠢ ᠬᠠᠮᠠᠭᠠᠯᠠᠬᠤ ᠤᠯᠠᠮᠵᠢᠯᠠᠬᠤ
ᠠᠱᠢᠭ᠍ᠯᠠᠬᠤ ᠢᠨᠵᠧᠨᠧᠷᠢᠩ᠎ᠦᠨ ᠨᠥᠭᠡᠴᠡᠯᠡᠬᠦ᠌ ᠲᠥᠷᠥᠯ ᠵᠦᠶ᠋ᠯ᠎ᠦᠨ ᠨᠡᠷᠡᠰ᠎ᠲᠦ ᠣᠷᠣᠭᠤᠯᠪᠠ᠃ ᠤᠯᠤᠰ᠎ᠤᠨ ᠰᠣᠶᠣᠯ᠎ᠤᠨ
ᠴᠡᠴᠡᠷᠯᠢᠭ᠎ᠦᠨ 18 ᠲᠥᠷᠥᠯ ᠵᠦᠶ᠋ᠯ᠎ᠤᠨ ᠳᠤᠲᠤᠷ᠎ᠠ ᠣᠷᠳᠣ ᠴᠠᠭᠠᠨ ᠬᠡᠷᠡᠮ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠦᠨ
ᠲᠥᠷᠥᠯ ᠵᠦᠶ᠋ᠯ 9 ᠪᠠᠢᠨ᠎ᠠ᠃
ᠤᠷᠳᠤ ᠴᠠᠭᠠᠨ ᠬᠡᠷᠡᠮᠲᠡᠦᠬᠡ ᠵᠢᠨ ᠤᠷᠤᠰᠠᠬᠯᠳᠤ ᠥᠪᠡᠷᠮᠢᠴᠡ ᠲᠡᠦᠬᠡ᠎ᠶ᠋ᠢᠨ
ᠦᠵᠡᠮᠵᠢ᠎ᠶ᠋ᠢ ᠪᠦᠷᠢᠯᠳᠦᠭᠦᠯᠦᠨ᠂ ᠳᠤᠮᠳᠠᠳᠤ᠎ᠶ᠋ᠢᠨ ᠦᠨᠳᠦᠰᠦᠲᠡᠨ᠎ᠦ ᠠᠵᠢᠯᠴᠢ ᠬᠥᠳᠡᠯᠮᠦᠷᠢᠴᠢ ᠡᠷᠡᠯᠬᠡᠭ ᠪᠠᠭᠠᠲᠤᠷᠯᠢᠭ᠂
ᠬᠦᠴᠦᠷᠬᠡᠭ᠌ᠵᠢᠬᠦ᠌᠎ᠪᠡᠷ ᠬᠦᠴᠦᠯᠡᠨ ᠴᠢᠷᠮᠠᠢᠬᠤ ᠲᠡᠮᠡᠴᠡᠯ᠎ᠦᠨ ᠵᠣᠷᠢᠭ ᠰᠠᠨᠠᠭ᠎ᠠ᠎ᠶ᠋ᠢ ᠱᠤᠭᠤᠵᠤ᠂ ᠳᠤᠮᠳᠠᠳᠤ᠎ᠶ᠋ᠢᠨ
ᠦᠨᠳᠦᠰᠦᠲᠡᠨ᠎ᠦ ᠥᠷᠭᠡᠨ ᠳᠡᠯᠭᠡᠷ᠂ ᠭᠦᠨ ᠭᠦᠨᠵᠡᠭᠡᠢ᠂ ᠭᠡᠷᠡᠯ ᠰᠠᠴᠤᠷᠠᠩᠭᠤᠢ ᠲᠡᠦᠬᠡ ᠰᠣᠶᠣᠯ᠎ᠤᠨ ᠠᠭᠤᠯᠤᠭ᠍ᠳᠠᠬᠤᠨ᠎ᠢ
ᠬᠤᠷᠠᠮᠳᠤᠭᠤᠯᠪᠠ᠃
ᠣᠳᠣᠬᠠᠨ᠎ᠳᠤ᠂ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ
ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠵᠤ
ᠪᠠᠢᠭ᠎ᠠ ᠴᠢᠬᠤᠯᠠ ᠴᠠᠭ ᠮᠥᠴᠡ᠎ᠳᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ
ᠲᠢᠩᠬᠢᠮ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠶ᠋ᠢ
ᠨᠠᠷᠢᠨ ᠬᠢᠨᠠᠮᠠᠭᠠᠶ ᠳ᠋ᠦᠩᠨᠡᠵᠦ᠍᠂ ᠬᠠᠮᠲᠤ᠎ᠶ᠋ᠢᠨ ᠲᠠᠨᠢᠯᠲᠠ᠎ᠪᠠᠨ ᠤᠯᠠᠮ ᠴᠢᠨᠠᠭ᠍ᠰᠢᠳᠠ ᠨᠢᠭ᠍ᠲᠠᠷᠠᠭᠤᠯᠵᠤ᠂
ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠨᠠᠩ ᠡᠷᠡᠰ ᠪᠠᠲᠤ᠂ ᠨᠠᠩ ᠤᠬᠠᠮᠰᠠᠷ᠎ᠡᠴᠡ᠎ᠪᠠᠨ ᠦᠶ᠋ᠯᠡᠳᠦᠯᠭᠡᠵᠢᠭᠦᠯᠵᠦ᠍᠂
ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠵᠤ ᠪᠤᠢ᠃
ᠤᠷᠳᠤ ᠴᠠᠭᠠᠨ ᠬᠡᠷᠡᠮ᠎ᠢ ᠬᠠᠮᠠᠭᠠᠯᠠᠬᠤ᠎ᠳᠤ ᠠᠴᠢ ᠬᠣᠯᠪᠣᠭ᠍ᠳᠠᠯ ᠶᠡᠬᠡ᠂ ᠡᠭᠦᠷᠭᠡ
ᠬᠦᠨᠳᠦ ᠪᠠᠢᠨ᠎ᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠵᠠᠰᠠᠭ᠎ᠤᠨ ᠣᠷᠳᠣᠨ ᠢᠳᠡᠪᠬᠢᠲᠡᠢ᠎ᠪᠡᠷ
ᠬᠦᠴᠦᠨ ᠪᠦᠬᠦᠢ ᠠᠷᠭ᠎ᠠ ᠬᠡᠮᠵᠢᠶ᠎ᠡ ᠠᠪᠴᠤ᠌᠂ ᠥᠪᠥᠷ ᠮᠣᠩᠭᠣᠯ᠎ᠤᠨ ᠤᠷᠳᠤ ᠴᠠᠭᠠᠨ ᠬᠡᠷᠡᠮ᠎ᠦᠨ ᠬᠠᠮᠠᠭᠠᠯᠠᠯᠲᠠ᠎ᠶ᠋ᠢᠨ
ᠲᠦᠪᠱᠢᠨ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠤᠷᠳᠤ ᠴᠠᠭᠠᠨ ᠬᠡᠷᠡᠮ᠎ᠦᠨ ᠰᠣᠶᠣᠯ᠎ᠤᠨ ᠥᠪ᠎ᠦᠨ ᠥᠨᠢᠳᠡ᠎ᠶ᠋ᠢᠨ
ᠬᠥᠭ᠌ᠵᠢᠯᠲᠡ ᠪᠠ ᠤᠷᠳᠤ ᠴᠠᠭᠠᠨ ᠬᠡᠷᠡᠮ᠎ᠦᠨ ᠵᠣᠷᠢᠭ ᠰᠠᠨᠠᠭ᠎ᠠ᠎ᠶ᠋ᠢ ᠤᠯᠠᠮᠵᠢᠯᠠᠨ ᠪᠠᠳᠠᠷᠠᠭᠤᠯᠬᠤ ᠵᠢ ᠪᠡᠶᠡᠯᠡᠭᠦᠯᠵᠦ᠂
ᠱᠢᠨ᠎ᠡ ᠴᠠᠭ ᠦᠶ᠎ᠡ᠎ᠵᠢᠨ ᠱᠢᠨ᠎ᠡ ᠠᠶᠠᠨ᠎ᠳᠤ ᠱᠢᠨ᠎ᠡ ᠳᠦᠷᠰᠦ ᠪᠠᠢᠳᠠᠯ ᠱᠢᠨ᠎ᠡ ᠵᠢᠳᠬᠦᠯ ᠴᠢᠷᠮᠠᠢᠯᠭ᠎ᠠ ᠭᠠᠷᠭᠠᠵᠤ
ᠪᠤᠢ᠃
( ᠬᠡᠷᠡᠯ ᠵᠢᠷᠤᠭ᠎ᠢ ᠥᠪᠥᠷ ᠮᠣᠩᠭᠣᠯ᠎ᠤᠨ ᠣᠷᠳᠣ ᠴᠠᠭᠠᠨ ᠬᠡᠷᠡᠮ᠎ᠤᠨ ᠤᠯᠤᠰ᠎ᠤᠨ ᠰᠣᠶᠣᠯ᠎ᠤᠨ
ᠴᠡᠴᠡᠷᠯᠢᠭ᠎ᠦᠨ ᠲᠤᠰᠭᠠᠶ ᠠᠩᠭᠢ᠎ᠶ᠋ᠢᠨ ᠤᠬᠠᠭᠤᠯᠬᠤ ᠳᠤᠭᠤᠢᠯᠠᠩᠬᠠᠩᠭᠠᠪᠠ )