ᠠᠷᠠᠳ ᠎ᠤᠨ ᠠᠮᠢᠳᠤᠷᠠᠯ᠎ᠤᠨ ᠢᠨᠵᠸᠨ᠋ᠸᠷᠢᠨᠭ ᠵᠤᠯ ᠵᠢᠷᠭᠠᠯ ᠎ᠢ ᠢᠪᠡᠭᠡᠨᠡᠮ
2021-11-26 09:20:46
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

— ᠪᠦᠬᠦ᠌ ᠤᠷᠤᠨ᠎ᠤ ᠬᠤᠲᠠ ᠪᠠᠯᠭᠠᠰᠤᠨ ᠎ᠤ 236.1 ᠲᠦᠮᠠᠨ ᠬᠦᠮᠤᠨ  ᠳ᠋ᠤ ᠱᠢᠨ᠎ᠠ ᠪᠠᠷ ᠠᠵᠢᠯ ᠤᠯᠭᠤᠵᠤ ᠂ 《ᠠᠵᠢᠯ ᠲᠠᠢ ᠬᠦᠮᠤᠨ ᠦᠬᠡᠢ ᠬᠡᠷ ᠪᠦᠯᠢ》 ᠎ᠶ᠋ᠢ ᠬᠦᠲᠠᠯᠤᠡᠭ᠌ᠬᠦᠢ  ᠪᠠᠷ ᠦᠭᠡᠢᠰᠬᠡᠪᠡ᠃

— ᠬᠣᠲᠠ ᠎ᠶ᠋ᠢᠨ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠎ᠶ᠋ᠢᠨ ᠳᠤᠮᠳᠠᠴᠢ ᠪᠠᠷᠢᠮᠵᠢᠶ᠎ᠠ ᠰᠠᠷ᠎ᠠ ᠪᠦᠷᠢ 772 ᠲᠥᠭᠥᠷᠢᠭ ᠎ᠲᠦ ᠬᠦᠷᠴᠦ᠍᠂ ᠮᠠᠯᠵᠢᠬᠤ ᠲᠠᠷᠢᠶᠠᠯᠠᠬᠤ ᠣᠷᠣᠨ ᠎ᠤ ᠨᠠᠭᠠᠳᠤ ᠵᠠᠬ᠎ᠠ ᠎ᠶ᠋ᠢᠨ ᠠᠮᠢᠳᠤᠷᠠᠯ᠎ᠤᠨ ᠪᠠᠲᠤᠯᠠᠭ᠎ᠠ ᠎ᠶ᠋ᠢᠨ ᠳᠤᠮᠳᠠᠴᠢ ᠪᠠᠷᠢᠮᠵᠢᠶ᠎ᠠ ᠵᠢᠯ ᠳ᠋ᠤ 6731 ᠲᠥᠭᠥᠷᠢᠭ᠎ᠲᠦ ᠬᠦᠷᠴᠦ᠂ ᠬᠤᠳᠠ ᠬᠦᠳᠡᠬᠡ ᠵᠢᠨ ᠨᠠᠭᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠭ᠎ᠠ16 ᠵᠢᠯ ᠳᠠᠷᠠᠭᠠᠯᠠᠨ ᠨᠡᠮᠡᠭᠳᠡᠪᠡ᠃

— ᠪᠦᠬᠦ ᠤᠷᠤᠨ᠎ᠤ ᠦᠨᠳᠦᠰᠦᠨ ᠡᠮ ᠡᠮᠨᠡᠯᠭᠡ ᠵᠢᠨ ᠳᠠᠭᠠᠳᠬᠠᠯ᠎ᠳᠤ ᠤᠷᠤᠯᠴᠠᠬᠰᠠᠨ ᠬᠦᠮᠦᠨ᠎ᠤ ᠳᠤᠭ᠎ᠠ 2183.9 ᠲᠦᠮᠡ᠎ᠳᠤ ᠬᠦᠷᠴᠦ᠂ ᠳᠠᠭᠠᠳᠬᠠᠯ᠎ᠳᠤ ᠤᠷᠤᠯᠴᠠᠬᠰᠠᠨ ᠨᠤᠷᠮ᠎ᠠ 95% ᠡᠴᠡ ᠳᠡᠭᠡᠭᠰᠢ᠎ᠳᠤ ᠬᠦᠷᠪᠡ; ᠠᠵᠢᠯᠲᠠᠨ ᠠᠵᠢᠯᠴᠢᠨ ᠪᠣᠯᠤᠨ ᠬᠣᠲᠠ ᠬᠥᠳᠡᠭᠡ ᠎ᠶ᠋ᠢᠨ ᠰᠠᠭᠤᠭᠠᠯᠢ ᠠᠷᠠᠳ ᠎ᠤᠨ ᠡᠮ ᠡᠮᠨᠡᠯᠭᠡ ᠎ᠶ᠋ᠢᠨ ᠳᠠᠭᠠᠳᠭᠠᠯ ᠎ᠤᠨ ᠲᠥᠷᠥ ᠎ᠶ᠋ᠢᠨ ᠪᠣᠳᠣᠯᠭ᠎ᠠ ᠎ᠶ᠋ᠢᠨ ᠬᠡᠪᠴᠢᠶᠡᠨ᠎ᠳᠡᠬᠢ ᠡᠮᠨᠡᠯᠭᠡ ᠎ᠳᠦ ᠰᠠᠭᠤᠭ᠍ᠰᠠᠨ ᠵᠠᠷᠤᠳᠠᠯ ᠎ᠤᠨ ᠳᠥᠯᠥᠬᠦ᠌ ᠬᠠᠷᠢᠴᠠᠯ ᠎ᠢ 85% ᠪᠠ 70% ᠣᠷᠴᠢᠮ ᠳ᠋ᠤ ᠬᠦᠷᠬᠡᠵᠠᠢ᠃

— ᠪᠦᠬᠦ ᠤᠷᠤᠨ᠎ᠤ ᠦᠨᠳᠦᠰᠦᠨ ᠨᠠᠰᠤᠵᠢᠯ᠎ᠤᠨ ᠳᠠᠭᠠᠳᠬᠠᠯ᠎ᠳᠤ ᠤᠷᠤᠯᠴᠠᠬᠰᠠᠨ ᠬᠦᠮᠦᠨ᠎ᠤ ᠳᠤᠭ᠎ᠠ 1570.6 ᠲᠦᠮᠡ ᠎ᠳᠤ ᠬᠦᠷᠴᠦ᠂ ᠨᠠᠰᠤᠵᠢᠯ᠎ᠤᠨ ᠳᠠᠭᠠᠳᠬᠠᠯ᠎ᠤᠨ ᠲᠦᠷᠢᠮ᠎ᠤᠨ ᠪᠦᠷᠭᠦᠯᠳᠡ ᠵᠢ ᠦᠨᠳᠦᠰᠦᠨ ᠳ᠋ᠡᠭᠡᠨ ᠪᠡᠶᠡᠯᠡᠬᠦᠯᠪᠡ᠃

ᠵᠢᠷᠭᠠᠯᠳᠤ ᠲᠦᠷᠦᠭᠳᠡᠯ ᠎ᠢ ᠨᠡᠮᠡᠭ᠌ᠳᠡᠭᠦᠯᠬᠦ᠌  ᠪᠣᠯ ᠠᠷᠠᠳ ᠎ᠤᠨ ᠠᠮᠢᠳᠤᠷᠠᠯ ᠎ᠢ ᠬᠠᠮᠤᠭ ᠎ᠠᠴᠠ ᠢᠯᠡᠭᠦᠦ ᠬᠠᠯᠠᠮᠵᠢᠯᠠᠵᠤ ᠪᠠᠢᠭ᠎ᠠ ᠶᠠᠪᠤᠳᠠᠯ ᠮᠥᠨ᠃  ᠥᠩᠭᠡᠷᠡᠭ᠌ᠰᠡᠨ 5 ᠵᠢᠯ ᠎ᠢ ᠡᠷᠭᠢᠴᠡᠭᠦᠯᠬᠦᠶ᠎ᠡ᠂ ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠣᠷᠢᠶ᠎ᠠ ᠵᠠᠰᠠᠭ ᠎ᠤᠨ ᠤᠷᠲᠤᠨ ᠠᠷᠠᠳ ᠲᠦᠮᠡᠨ᠎ᠢᠶᠡᠷ ᠭᠣᠣᠯ ᠪᠣᠯᠭᠠᠵᠦ ᠂ ᠠᠷᠠᠳ ᠲᠦᠮᠡᠨ ᠎ᠳᠦ ᠵᠣᠯ ᠵᠢᠷᠭᠠᠯ ᠡᠳ᠋ᠯᠡᠬᠦᠯᠬᠦ ᠎ᠶ᠋ᠢ ᠪᠠᠷᠢᠮᠲᠠᠯᠠᠵᠤ᠂ ᠠᠷᠠᠳ᠎ᠤᠨ ᠠᠮᠢᠳᠤᠷᠠᠯ᠎ᠢ ᠬᠠᠯᠠᠮᠵᠢᠯᠠᠬᠰᠠᠨ ᠱᠢᠨ᠎ᠡ ᠲᠦᠷᠦ᠍ ᠎ᠶ᠋ᠢᠨ ᠪᠤᠳᠤᠯᠭ᠎ᠠ᠂ ᠠᠷᠠᠳ ᠎ᠤᠨ ᠠᠮᠢᠳᠤᠷᠠᠯ᠎ᠢ ᠰᠠᠢᠵᠢᠷᠠᠭᠤᠯᠤᠬᠰᠠᠨ ᠪᠣᠳᠠᠲᠤ ᠶᠠᠪᠤᠳᠠᠯ ᠠᠷᠠᠳ᠎ᠤᠨ ᠰᠡᠳᠭᠢᠯ᠎ᠢ ᠳᠤᠯᠠᠭᠠᠴᠠᠭᠤᠯᠵᠤ᠂ ᠠᠷᠠᠳ ᠎ᠤᠨ ᠠᠮᠢᠳᠤᠷᠠᠯ ᠎ᠤᠨ ᠬᠠᠷᠢᠭᠤᠯᠲᠠ ᠎ᠶ᠋ᠢᠨ ᠬᠠᠭᠤᠳᠠᠰᠤᠨ ᠳ᠋ᠤ ᠠᠷᠠᠳ ᠲᠦᠮᠡᠨ ᠎ᠦ ᠬᠦᠷᠲᠡᠮᠵᠢ ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ ᠎ᠢ ᠳᠦᠭᠦᠷᠡᠩ ᠪᠢᠴᠢᠭ᠌ᠯᠡᠪᠠ᠃

ᠪᠦᠬᠦ᠌ ᠣᠷᠣᠨ ᠎ᠤ ᠤᠳᠤ ᠎ᠶ᠋ᠢᠨ ᠬᠡᠷᠡᠭ᠌ᠵᠢᠭᠦᠯᠵᠦ᠍ ᠪᠠᠢᠭ᠎ᠠ ᠪᠠᠷᠢᠮᠵᠢᠶ᠎ᠠ ᠡᠴᠠ ᠳᠣᠣᠷ᠎ᠠ ᠪᠠᠢᠭ᠎ᠠ 157 ᠲᠦᠮᠡᠨ ᠶᠠᠳᠠᠭᠤ ᠬᠦᠴᠢᠷᠳᠡᠯᠲᠡᠢ ᠬᠥᠮᠦᠨ ᠠᠮᠠ᠂ 57 ᠶᠠᠳᠠᠭᠤ ᠬᠦᠴᠢᠷᠳᠡᠯᠲᠡᠢ ᠬᠣᠱᠢᠭᠤ ᠱᠢᠶᠠᠨ᠂ 3681 ᠶᠠᠳᠠᠭᠤ ᠬᠦᠴᠢᠷᠳᠡᠯᠲᠡᠢ ᠡᠷᠦᠬᠡ ᠎ᠶ᠋ᠢ ᠪᠦᠬᠦᠨ ᠎ᠢ ᠶᠠᠳᠠᠭᠤ ᠎ᠠᠴᠠ ᠠᠩᠭᠢᠵᠢᠷᠠᠭᠤᠯᠵᠠᠢ᠃ ᠮᠠᠨ ᠎ᠤ ᠣᠷᠣᠨ ᠶᠠᠳᠠᠭᠤ ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ ᠎ᠶ᠋ᠢ ᠴᠢᠬᠤᠯᠠ ᠶᠡᠬᠡ ᠤᠯᠤᠰ ᠲᠦᠷᠦ᠍ ᠎ᠶ᠋ᠢᠨ ᠡᠭᠦᠷᠭᠡ ᠪᠣᠯᠤᠨ ᠨᠢᠭᠡᠳᠦᠭᠡᠷ ᠠᠷᠠᠳ ᠎ᠤᠨ ᠠᠮᠢᠳᠤᠷᠠᠯ ᠎ᠤᠨ ᠢᠨᠵᠧᠨᠧᠷᠢᠩ ᠪᠣᠯᠭᠠᠬᠤ ᠎ᠶ᠋ᠢ ᠪᠠᠷᠢᠮᠲᠠᠯᠠᠵᠤ᠂ ᠬᠦᠴᠢᠷ ᠪᠡᠷᠬᠡᠱᠢᠶᠡᠯ ᠬᠠᠷᠰᠢ ᠰᠠᠭᠠᠳ ᠎ᠢ ᠠᠷᠢᠯᠭᠠᠵᠤ᠂ ᠡᠯ᠎ᠡ ᠲᠠᠯ᠎ᠠ ᠎ᠶ᠋ᠢᠨ ᠬᠠᠷᠢᠭᠤᠴᠠᠯᠭ᠎ᠠ ᠎ᠶ᠋ᠢ ᠪᠣᠳᠠᠲᠠᠢᠵᠢᠭᠤᠯᠤᠨ᠂ ᠲᠤᠢᠯ ᠎ᠤᠨ ᠶᠠᠳᠠᠭᠤ ᠬᠦᠴᠢᠷᠳᠡᠯᠲᠡᠢ ᠠᠰᠠᠭᠤᠳᠠᠯ ᠪᠣᠯᠤᠨ ᠣᠷᠣᠨ ᠪᠦᠰᠡ ᠎ᠶ᠋ᠢᠨ ᠴᠢᠨᠠᠷᠲᠠᠢ ᠪᠦᠬᠦᠯᠢ ᠴᠣᠭ᠍ᠴᠠ ᠎ᠶ᠋ᠢᠨ ᠶᠠᠳᠠᠭᠤ ᠬᠦᠴᠢᠷᠳᠡᠯ ᠎ᠢ ᠲᠡᠦᠬᠡᠲᠦ ᠴᠢᠨᠠᠷᠲᠠᠢ ᠎ᠪᠠᠷ ᠱᠢᠢᠳᠪᠦᠷᠢᠯᠡᠵᠦ᠍᠂ ᠴᠢᠨᠡᠭᠡᠯᠢᠭ ᠨᠡᠢᠭᠡᠮ ᠎ᠢ ᠪᠦᠬᠦ᠌ ᠲᠠᠯ᠎ᠠ ᠎ᠪᠠᠷ ᠪᠡᠶᠡᠯᠡᠭᠦᠯᠬᠦ᠌ ᠬᠠᠷᠠᠯᠲᠠ ᠡᠭᠦᠷᠭᠡ ᠎ᠶ᠋ᠢ ᠲᠣᠭ᠍ᠲᠠᠭ᠍ᠰᠠᠨ ᠬᠤᠭᠤᠴᠠᠭᠠᠨ ᠎ᠳᠤ ᠪᠡᠶᠡᠯᠡᠭᠦᠯᠪᠡ᠃

ᠤᠢ᠍ᠢᠷ᠎ᠠ ᠎ᠵᠢᠨ ᠲᠠᠪᠤᠨ ᠵᠢᠯ  ᠳ᠋ᠤ᠂ ᠮᠠᠨ ᠎ᠤ ᠣᠷᠣᠨ ᠪᠥᠬᠥ᠌ ᠠᠷᠠᠳ ᠎ᠢ ᠬᠠᠮᠤᠷᠤᠭ᠍ᠰᠠᠨ᠂ ᠬᠣᠲᠠ ᠬᠥᠳᠡᠭᠡ ᠎ᠶ᠋ᠢ ᠨᠢᠭᠡᠳᠦᠯᠲᠡᠶ ᠲᠥᠯᠥᠪᠵᠢᠭᠦᠯᠦᠭ᠌ᠰᠡᠨ᠂ ᠲᠥᠪ ᠭᠤᠤᠯᠴᠢ ᠨᠢᠭᠡᠳᠦᠯᠲᠡᠶ᠂ ᠦᠷᠭᠦᠯᠵᠢᠯᠡᠬᠦᠢᠴᠡ ᠣᠯᠠᠨ ᠲᠠᠰ ᠳᠠᠪᠬᠤᠷᠭ᠎ᠠ ᠎ᠶ᠋ᠢᠨ ᠨᠡᠢᠭᠡᠮ ᠎ᠦᠨ ᠪᠠᠲᠤᠯᠠᠭ᠎ᠠ  ᠶ᠋ᠢᠨ ᠱᠢᠰᠲ᠋ᠧᠮ ᠎ᠢ ᠪᠠᠢᠭᠤᠯᠬᠤ ᠎ᠶ᠋ᠢ ᠪᠥᠬᠥ᠌ ᠬᠦᠴᠦᠨ ᠎ᠢᠶᠡᠷ ᠎ᠢᠶᠡᠨ ᠠᠬᠢᠭᠤᠯᠵᠤ᠂ ᠨᠡᠢᠭᠡᠮ ᠎ᠦᠨ ᠪᠠᠲᠤᠯᠠᠭ᠎ᠠ ᠎ᠶ᠋ᠢᠨ ᠠᠮᠤᠷ ᠲᠦᠪᠱᠢᠨ ᠎ᠦ ᠲᠤᠤᠷᠵᠢᠯ ᠎ᠢ ᠨᠠᠩ ᠪᠠᠲᠤ ᠪᠠᠬᠢ ᠪᠣᠯᠭᠠᠵᠠᠢ᠃  ᠪᠦᠬᠦ ᠣᠷᠣᠨ ᠎ᠤ ᠨᠡᠢᠭᠡᠮ ᠎ᠦᠨ ᠪᠠᠲᠤᠯᠠᠭ᠎ᠠ ᠎ᠶ᠋ᠢᠨ ᠱᠢᠰᠲ᠋ᠧᠮ ᠎ᠦᠨ ᠥᠭᠡᠷᠡᠴᠢᠯᠡᠯᠲᠡ ᠲᠠᠰᠤᠷᠠᠯᠲᠠ ᠥᠬᠡᠶ ᠠᠭᠢᠵᠤ᠂ ᠳᠠᠭᠠᠳᠭᠠᠯ ᠎ᠳᠤ ᠣᠷᠣᠯᠴᠠᠭ᠍ᠰᠠᠨ ᠬᠥᠮᠦᠨ ᠎ᠦ ᠲᠣᠭ᠎ᠠ ᠵᠢᠯ ᠳᠠᠷᠠᠭᠠᠯᠠᠨ ᠨᠡᠮᠡᠭ᠌ᠳᠡᠵᠦ᠍᠂ ᠬᠠᠮᠤᠷᠬᠤ ᠬᠡᠪᠴᠢᠶ᠎ᠡ ᠨᠢ ᠴᠢᠨᠠᠬᠰᠢᠳᠠ ᠥᠷᠭᠡᠵᠢᠪᠡ᠃ ᠥᠷᠭᠡᠨ ᠎ᠢᠶᠡᠷ ᠬᠠᠮᠤᠷᠬᠤ  ᠨᠢ ᠪᠠᠲᠤᠯᠠᠭ᠎ᠠ᠎ᠶ᠋ᠢᠨ ᠬᠡᠪᠴᠢᠶ᠎ᠡ᠂ ᠬᠥᠮᠦᠨ ᠠᠮᠠ ᠎ᠶᠢᠨ ᠲᠣᠭ᠎ᠠ ᠳᠡᠭᠡᠷ᠎ᠡ ᠢᠯᠡᠷᠡᠭ᠌ᠰᠡᠨ᠎ᠢᠶᠡᠷ ᠪᠠᠷᠠᠬᠤ ᠥᠬᠡᠶ᠂ ᠨᠠᠩ ᠴᠤ᠌ ᠪᠠᠲᠤᠯᠠᠭ᠎ᠠ ᠎ᠶ᠋ᠢᠨ ᠲᠥᠷᠥᠯ ᠵᠦᠶ᠋ᠯ ᠳᠡᠭᠡᠷ᠎ᠡ ᠢᠯᠡᠷᠡᠵᠠᠢ᠃ ᠠᠷᠠᠳ ᠤᠯᠠᠨ ᠬᠤᠳᠠ ᠬᠥᠳᠡᠭᠡ᠂ ᠭᠠᠵᠠᠷ ᠣᠷᠣᠨ᠂ ᠬᠦᠢᠰᠦ ᠢᠯᠭᠠᠯ ᠂ ᠠᠵᠢᠯ ᠮᠡᠷᠭᠡᠵᠢᠯ ᠭᠡᠵᠦ᠍ ᠢᠯᠭᠠᠯ ᠦᠭᠡᠢ ᠂ ᠨᠠᠰᠤᠲᠠᠢᠴᠤᠳ᠂ ᠡᠪᠡᠳᠴᠢᠨ ᠡᠮᠭᠡᠭ ᠂ ᠠᠵᠢᠯ ᠠᠯᠳᠠᠯᠲᠠ ᠂ ᠠᠵᠢᠯ ᠎ᠠᠴᠠ ᠪᠣᠯᠤᠭ᠍ᠰᠠᠨ ᠭᠡᠮᠲᠦᠯ ᠂ ᠵᠡᠮᠳᠡᠭ ᠂ ᠶᠠᠳᠠᠭᠤ ᠬᠦᠴᠢᠷᠳᠡᠯ ᠂ ᠦᠷᠡᠵᠢᠯ ᠵᠡᠷᠭᠡ ᠠᠶᠤᠯ ᠲᠦᠭ᠌ᠰᠢᠭᠦᠷᠢ ᠎ᠶ᠋ᠢᠨ ᠡᠮᠦᠨ᠎ᠡ ᠴᠥᠮ ᠵᠣᠬᠢᠴᠠᠩᠭᠤᠢ ᠲᠦᠷᠢᠮ ᠎ᠦᠨ ᠪᠠᠲᠤᠯᠠᠭ᠎ᠠ ᠎ᠲᠠᠶ ᠪᠤᠯᠪᠠ᠃ ᠣᠳᠣᠬᠠᠨ ᠪᠤᠯᠲᠠᠯ᠎ᠠ ᠂  ᠬᠣᠲᠠ ᠪᠠᠯᠭᠠᠰᠤ ᠎ᠶ᠋ᠢᠨ ᠨᠠᠭᠠᠳᠤ ᠵᠠᠬ᠎ᠠ ᠎ᠶ᠋ᠢᠨ ᠠᠮᠢᠲᠤᠷᠠᠯ ᠎ᠤᠨ ᠪᠠᠲᠤᠯᠠᠭ᠎ᠠ᠎ᠬᠦᠷᠳᠡᠭ᠌ᠰᠡᠳ 30.4 ᠲᠦᠮᠡᠨ ᠬᠥᠮᠦᠨ᠂ ᠮᠠᠯᠵᠢᠬᠤ ᠲᠠᠷᠢᠶᠠᠯᠠᠬᠤ ᠣᠷᠣᠨ ᠎ᠤ ᠨᠠᠭᠠᠳᠤ ᠵᠠᠬ᠎ᠠ ᠎ᠶ᠋ᠢᠨ ᠠᠮᠢᠲᠤᠷᠠᠯ ᠎ᠤᠨ ᠪᠠᠲᠤᠯᠠᠭ᠎ᠠ᠎ᠬᠦᠷᠳᠡᠭ᠌ᠰᠡᠳ 131.8 ᠲᠦᠮᠡᠨ ᠬᠥᠮᠦᠨ ᠪᠠᠢᠵᠤ᠂ ᠪᠠᠲᠤᠯᠠᠪᠠᠰᠤ ᠵᠣᠬᠢᠬᠤ ᠎ᠶ᠋ᠢ ᠎ᠨᠢ ᠪᠦᠬᠦᠨ ᠎ᠢ ᠪᠠᠲᠤᠯᠠᠬᠤ ᠂ ᠠᠪᠤᠷᠠᠪᠠᠰᠤ ᠵᠣᠬᠢᠬᠤ ᠎ᠶ᠋ᠢ ᠎ᠨᠢ ᠪᠦᠬᠦᠨ ᠎ᠢ ᠠᠪᠤᠷᠬᠠᠸ᠋ ᠎ᠶ᠋ᠢ ᠦᠨᠳᠦᠰᠦᠨ᠎ᠳᠡᠭᠡᠨ ᠪᠡᠶᠡᠯᠡᠭᠦᠯᠵᠠᠢ᠃

ᠮᠠᠨ ᠎ᠤ ᠤᠷᠤᠨ ᠬᠦᠴᠢᠷᠳᠡᠯᠲᠡᠶ ᠣᠯᠠᠨ ᠲᠦᠮᠡᠨ ᠎ᠦ ᠪᠣᠳᠠᠲᠤ ᠪᠠᠢᠳᠠᠯ ᠎ᠢ ᠦᠨᠳᠦᠰᠦᠯᠡᠨ᠂ ᠨᠡᠢᠭᠡᠮ ᠎ᠦᠨ ᠲᠠᠳᠬᠦᠨ ᠲᠤᠰᠠᠯᠠᠬᠤ ᠱᠢᠰᠲ᠋ᠧᠮ ᠎ᠢ ᠪᠠᠢᠭᠤᠯᠤᠨ᠂ ᠣᠯᠠᠨ ᠲᠦᠮᠡᠨ ᠎ᠦ ᠲᠤᠰᠠᠯᠠᠮᠵᠢ ᠭᠥᠷᠳᠡᠬᠦ᠌ ᠎ᠶ᠋ᠢ ᠦᠨᠡᠨ ᠬᠦ᠌ ᠪᠠᠲᠤᠯᠠᠪᠠ᠃ 2021 ᠣᠨ ᠡᠴᠠ ᠨᠠᠭᠠᠰᠢ ᠂ ᠮᠠᠨ ᠎ᠤ ᠣᠷᠣᠨ 9681.3 ᠲᠦᠮᠡᠨ ᠲᠥᠭᠥᠷᠢᠭ  ᠤ᠋ᠨ ᠲᠦᠷ ᠴᠠᠭ ᠎ᠤᠨ ᠠᠪᠤᠷᠠᠨ ᠲᠤᠰᠠᠯᠠᠬᠤ ᠪᠠᠯᠠ ᠮᠥᠩᠭᠥ ᠪᠡᠷ  ᠪᠥᠬᠥ᠌ ᠣᠷᠣᠨ ᠎ᠤ 7.38 ᠲᠦᠮᠡᠨ ᠪᠠᠴᠢᠮ ᠬᠦᠴᠢᠷᠳᠡᠯ ᠎ᠳᠦ ᠲᠤᠯᠭᠠᠷᠠᠭ᠍ᠰᠠᠨ ᠣᠯᠠᠨ ᠲᠦᠮᠡᠨ ᠎ᠦ ᠪᠠᠴᠢᠮ ᠪᠠᠢᠳᠠᠯ ᠎ᠢ ᠱᠢᠶ᠋ᠳᠪᠦᠷᠢᠯᠠᠵᠠᠢ᠃ ᠪᠣᠳᠠᠲᠠᠶ ᠠᠰᠠᠷᠠᠨ ᠲᠡᠵᠢᠭᠡᠭᠴᠢ ᠦᠯᠦ ᠪᠠᠢᠬᠤ 2810 ᠬᠡᠦᠬᠡᠳ ᠎ᠢ ᠥᠨᠥᠴᠢᠨ ᠬᠡᠦᠬᠡᠳ ᠎ᠲᠡᠶ ᠠᠳᠠᠯᠢ ᠎ᠪᠠᠷ ᠪᠠᠲᠤᠯᠠᠭ᠎ᠠ ᠎ᠶ᠋ᠢᠨ ᠬᠡᠪᠴᠢᠶᠡᠨ ᠎ᠳᠦ ᠣᠷᠣᠭᠤᠯᠪᠠ; 31.44 ᠲᠦᠮᠡᠨ ᠬᠦᠴᠢᠷᠳᠡᠯᠲᠡᠶ ᠵᠡᠮᠳᠡᠭ᠌ ᠬᠦᠮᠦᠨ ᠪᠣᠯᠤᠨ 28.95 ᠲᠦᠮᠡᠨ ᠬᠦᠨᠳᠦ ᠵᠡᠮᠳᠡᠭ ᠬᠦᠮᠦᠨ ᠰᠠᠷ᠎ᠠ ᠪᠦᠷᠢ ᠲᠤᠰ ᠲᠤᠰ 100 ᠲᠥᠭᠥᠷᠢᠭ ᠎ᠦᠨ ᠬᠦᠴᠢᠷᠳᠡᠯᠲᠡᠶ ᠵᠡᠮᠳᠡᠭ᠌ᠴᠦᠳ ᠎ᠦᠨ ᠠᠮᠢᠳᠤᠷᠠᠯ ᠎ᠤᠨ ᠨᠥᠬᠥᠪᠥᠷᠢ ᠪᠣᠯᠤᠨ ᠬᠦᠨᠳᠦ ᠵᠡᠮᠳᠡᠭ᠌ᠴᠦᠳ ᠎ᠦᠨ ᠰᠤᠪᠢᠯᠠᠯᠲᠠ ᠎ᠶ᠋ᠢᠨ ᠨᠥᠬᠥᠪᠥᠷᠢ ᠣᠯᠵᠤ ᠂ ᠨᠥᠬᠥᠪᠥᠷᠢ ᠎ᠶ᠋ᠢᠨ ᠪᠠᠷᠢᠮᠵᠢᠶ᠎ᠠ  ᠨᠢ ᠴᠥᠮ ᠪᠦᠬᠦ᠌ ᠤᠯᠤᠰ ᠎ᠤᠨ ᠲᠡᠷᠢᠭᠦᠨ ᠎ᠳᠦ ᠣᠷᠣᠪᠠ; ᠠᠵᠢᠯ ᠎ᠠᠴᠠ ᠎ᠪᠠᠨ ᠠᠮᠠᠷᠠᠭ᠍ᠰᠠᠳ ᠎ᠤᠨ ᠨᠠᠰᠤᠵᠢᠯ ᠎ᠤᠨ ᠠᠰᠠᠷᠠᠮᠵᠢ ᠎ᠶ᠋ᠢᠨ ᠮᠥᠩᠭᠥ᠌ ᠬᠥᠮᠦᠨ ᠪᠦᠷᠢ ᠰᠠᠷ᠎ᠠ ᠎ᠳᠤ 56 ᠲᠥᠭᠥᠷᠢᠭ ᠨᠡᠮᠡᠭ᠌ᠳᠡᠵᠦ᠍᠂ ᠡᠭᠦᠨ ᠎ᠳᠤ ᠠᠵᠤ ᠠᠬᠤᠢᠯᠠᠯ ᠎ᠤᠨ ᠠᠵᠢᠯ ᠎ᠠᠴᠠ ᠎ᠪᠠᠨ ᠠᠮᠠᠷᠠᠭ᠍ᠰᠠᠳ ᠎ᠤᠨ ᠨᠠᠰᠤᠵᠢᠯ ᠎ᠤᠨ ᠠᠰᠠᠷᠠᠮᠵᠢ ᠎ᠶ᠋ᠢᠨ ᠮᠥᠩᠭᠥ᠌ 17 ᠵᠢᠯ ᠳᠠᠷᠠᠭᠠᠯᠠᠨ ᠨᠡᠮᠡᠭ᠌ᠳᠡᠭ᠌ᠰᠡᠨ ᠪᠠᠢ᠌ᠨ᠎ᠠ ; ᠬᠣᠲᠠ ᠬᠥᠳᠡᠭᠡ ᠎ᠶ᠋ᠢᠨ ᠨᠠᠭᠠᠳᠤ ᠵᠠᠬ᠎ᠠ ᠎ᠶ᠋ᠢᠨ ᠠᠮᠢᠳᠤᠷᠠᠯ ᠎ᠤᠨ ᠪᠠᠲᠤᠯᠠᠭ᠎ᠠ ᠎ᠶ᠋ᠢᠨ ᠪᠠᠷᠢᠮᠵᠢᠶ᠎ᠠ ᠲᠣᠰ ᠲᠣᠰ 5.4%᠂ 6.7% ᠎ᠪᠠᠷ ᠨᠡᠮᠡᠭᠳᠡᠵᠦ᠂ ᠪᠥᠬᠥ᠌ ᠣᠷᠣᠨ ᠎ᠤ ᠬᠣᠲᠠ ᠬᠥᠳᠡᠭᠡ ᠎ᠶ᠋ᠢᠨ ᠨᠠᠭᠠᠳᠤ ᠵᠠᠬ᠎ᠠ ᠎ᠶ᠋ᠢᠨ ᠠᠮᠢᠳᠤᠷᠠᠯ ᠎ᠤᠨ ᠪᠠᠲᠤᠯᠠᠭ᠎ᠠ ᠎ᠶ᠋ᠢᠨ ᠳᠤᠮᠳᠠᠴᠢ ᠪᠠᠷᠢᠮᠵᠢᠶ᠎ᠠ 16 ᠵᠢᠯ ᠳᠠᠷᠠᠭᠠᠯᠠᠨ ᠨᠡᠮᠡᠭᠳᠡᠭᠰᠡᠡ  ᠪᠠᠢᠨ᠎ᠠ᠃

ᠬᠣᠲᠠ ᠬᠥᠳᠡᠭᠡ ᠎ᠶ᠋ᠢᠨ ᠰᠠᠭᠤᠭᠠᠯᠢ ᠠᠷᠠᠳ ᠎ᠤᠨ ᠬᠦᠨᠳᠦ ᠡᠪᠡᠳᠴᠢᠨ ᠎ᠦ ᠳᠠᠭᠠᠳᠭᠠᠯ ᠎ᠤᠨ ᠳᠦᠷᠢᠮ ᠎ᠢ ᠪᠦᠬᠦ᠌ ᠲᠠᠯ᠎ᠠ ᠎ᠪᠠᠷ ᠬᠡᠷᠡᠭ᠌ᠵᠢᠭᠦᠯᠵᠦ᠍᠂ ᠮᠠᠯᠵᠢᠬᠤ ᠲᠠᠷᠢᠶᠠᠯᠠᠬᠤ ᠣᠷᠣᠨ ᠎ᠤ ᠶᠠᠳᠠᠭᠤ ᠬᠦᠴᠢᠷᠳᠡᠯᠲᠡᠶ ᠬᠥᠮᠦᠨ ᠠᠮᠠ ᠎ᠶ᠋ᠢᠨ ᠬᠦᠨᠳᠦ ᠡᠪᠡᠳᠴᠢᠨ ᠎ᠦ ᠳᠠᠭᠠᠳᠭᠠᠯ ᠎ᠤᠨ ᠡᠬᠢᠯᠡᠵᠦ᠍ ᠥᠭ᠌ᠬᠦ ᠱᠤᠭᠤᠮ ᠎ᠢ 50% ᠪᠡᠷ ᠪᠠᠭᠤᠷᠠᠭᠤᠯᠤᠨ᠂ ᠥᠭ᠌ᠬᠦ ᠬᠠᠷᠢᠴᠠᠯ ᠎ᠢ 5% ᠪᠡᠷ ᠳᠡᠭᠡᠭ᠌ᠰᠢᠯᠡᠭᠦᠯᠵᠦ᠍᠂ ᠳᠡᠭᠡᠷ᠎ᠡ ᠲᠠᠯ᠎ᠠ ᠎ᠶ᠋ᠢᠨ ᠬᠢᠵᠠᠭᠠᠷ ᠎ᠢ ᠪᠦᠬᠦ᠌ ᠲᠠᠯ᠎ᠠ ᠎ᠪᠠᠷ ᠦᠭᠡᠢᠰᠭᠡᠵᠠᠢ; ᠤᠷᠢᠳ ᠬᠣᠵᠢᠳ 51 ᠵᠦᠶ᠋ᠯ ᠎ᠦᠨ ᠬᠦᠨᠳᠦ ᠣᠨᠴᠠ ᠶᠡᠬᠡ ᠡᠪᠡᠳᠴᠢᠨ  ᠪᠠ ᠬᠣᠪᠣᠷ ᠲᠣᠬᠢᠶᠠᠯᠳᠤᠬᠤ ᠡᠪᠡᠳᠴᠢᠨ ᠵᠡᠷᠭᠡ ᠡᠮᠴᠢᠯᠡᠭᠡᠨ ᠎ᠳᠦ ᠵᠠᠪᠠᠯ ᠱᠠᠭᠠᠷᠳᠠᠭ᠍ᠳᠠᠬᠤ᠂ ᠡᠮᠴᠢᠯᠡᠭᠡᠨ ᠎ᠦ ᠦᠶ᠋ᠯᠡᠳᠦᠯ ᠎ᠨᠢ ᠣᠨᠣᠪᠴᠢᠲᠠᠶ ᠡᠮ ᠎ᠦᠨ ᠵᠦᠶ᠋ᠯᠡᠰ ᠎ᠢ ᠡᠭᠦᠳᠡᠨ ᠡᠮᠨᠡᠯᠭᠡ ᠎ᠶ᠋ᠢᠨ ᠣᠨᠴᠠᠭᠠᠶ ᠬᠡᠷᠡᠭ᠌ᠯᠡᠬᠦ᠌ ᠡᠮ ᠎ᠦᠨ ᠭᠠᠷᠴᠠᠭ ᠎ᠲᠤ ᠣᠷᠣᠭᠤᠯᠵᠤ᠂ ᠳᠠᠭᠠᠳᠭᠠᠯ ᠎ᠳᠤ ᠣᠷᠣᠯᠴᠠᠭ᠍ᠰᠠᠨ ᠡᠪᠡᠳᠴᠢᠲᠡᠨ ᠡᠭᠦᠳᠡᠨ ᠡᠮᠨᠡᠯᠭᠡ ᠎ᠳᠦ ᠡᠲᠡᠭᠡᠷ ᠡᠮ ᠎ᠢ ᠬᠡᠷᠡᠭ᠌ᠯᠡᠬᠦ᠌ ᠎ᠶ᠋ᠢᠨ ᠬᠠᠮᠲᠤ ᠡᠮ ᠡᠮᠨᠡᠯᠭᠡ ᠵᠢᠨ ᠳᠠᠭᠠᠳᠭᠠᠯ ᠎ᠤᠨ ᠲᠠᠩᠰᠠ ᠳᠡᠢᠯᠵᠦ᠍᠂ ᠬᠦᠨᠳᠦ ᠣᠨᠴᠠ ᠶᠡᠬᠡ ᠡᠪᠡᠳᠴᠢᠲᠡᠨ ᠎ᠦ ᠡᠮ ᠬᠡᠷᠡᠭ᠌ᠯᠡᠬᠦ᠌ ᠳᠠᠷᠤᠭᠠᠰᠤ ᠎ᠶ᠋ᠢ ᠪᠦᠲᠦᠮᠵᠢᠲᠡᠶ ᠬᠥᠩᠭᠡᠷᠡᠭᠦᠯᠵᠠᠢ᠃ ᠤᠯᠤᠰ ᠎ᠠᠴᠠ ᠵᠣᠬᠢᠶᠠᠨ ᠪᠠᠢᠭᠤᠯᠤᠭ᠍ᠰᠠᠨ ᠡᠮ ᠎ᠦᠨ ᠵᠦᠶ᠋ᠯᠡᠰ ᠪᠠ ᠡᠮᠴᠢᠯᠡᠭᠡᠨ ᠎ᠳᠦ ᠬᠡᠷᠡᠭ᠌ᠯᠡᠬᠦ᠌ ᠬᠣᠷᠣᠭ᠍ᠳᠠᠯ ᠮᠠᠲ᠋ᠧᠷᠢᠶᠠᠯ ᠎ᠢ ᠲᠥᠪᠯᠡᠷᠡᠭᠦᠯᠦᠨ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠲᠥᠷᠥ ᠎ᠶ᠋ᠢᠨ ᠪᠣᠳᠣᠯᠭ᠎ᠠ ᠎ᠶ᠋ᠢ ᠨᠠᠢᠳᠠᠪᠤᠷᠢᠵᠢᠭᠤᠯᠵᠤ᠂ ᠭᠤᠷᠪᠠᠨ ᠪᠦᠯᠦᠭ ᠨᠡᠢᠲᠡ 112 ᠤᠯᠤᠰ ᠎ᠤᠨ ᠴᠤᠭ᠍ᠯᠠᠭᠤᠯᠤᠭ᠍ᠰᠠᠨ ᠡᠮ ᠎ᠦᠨ ᠵᠦᠶ᠋ᠯᠡᠰ ᠎ᠦᠨ ᠦᠨ᠎ᠡ ᠬᠠᠩᠰᠢ ᠎ᠶ᠋ᠢᠨ ᠳᠤᠮᠳᠠᠴᠢ ᠪᠠᠭᠤᠷᠠᠯᠲᠠ ᠎ᠶ᠋ᠢᠨ ᠬᠡᠮᠵᠢᠶ᠎ᠡ ᠎ᠨᠢ 72.7% ᠎ᠳ᠋ᠤ ᠬᠦᠷᠴᠦ᠍᠂ ᠠᠷᠠᠳ ᠤᠯᠠᠨ  ᠳ᠋ᠤ ᠨᠠᠩ ᠣᠯᠠᠨ ᠴᠢᠨᠠᠷ ᠰᠠᠢᠲᠠᠶ ᠬᠢᠮᠳᠠ ᠦᠨ᠎ᠡ ᠎ᠵᠢᠨ ᠡᠮ ᠎ᠦᠨ ᠵᠦᠶ᠋ᠯᠡᠰ ᠎ᠢ ᠬᠡᠷᠡᠭ᠌ᠯᠡᠵᠠᠢ᠃ ᠮᠠᠨ ᠎ᠤ ᠤᠷᠤᠨ ᠡᠮᠨᠡᠯᠬᠡ  ᠳ᠋ᠤ ᠰᠠᠭᠤᠬᠤ ᠬᠢᠷᠢ ᠬᠡᠮ  ᠲᠠᠢ 655 ᠲᠤᠭ᠍ᠲᠠᠭ᠍ᠰᠠᠨ ᠴᠡᠭ ᠎ᠤᠨ ᠡᠮᠴᠢᠯᠡᠬᠡᠨ ᠎ᠤ ᠪᠠᠢ᠌ᠭᠤᠯᠤᠮᠵᠢ᠎ᠶ᠋ᠢ ᠪᠦᠬᠦᠨ ᠎ᠢ ᠮᠤᠵᠢ ᠠᠯᠤᠰᠯᠠᠨ ᠤᠨᠲᠤᠤ ᠭᠠᠵᠠᠷ ᠲᠸ᠋ ᠡᠮᠨᠡᠬᠦᠯᠦᠭ᠌ᠰᠠᠨ ᠵᠠᠷᠤᠲᠠᠯ ᠎ᠢ ᠱᠢᠭᠤᠳ ᠲᠠᠰᠤᠯᠤᠨ ᠪᠤᠲᠤᠬᠤ ᠬᠡᠪᠴᠢᠶᠠᠨ ᠳ᠋ᠤ ᠤᠷᠤᠭᠤᠯᠵᠤ᠂ ᠠᠷᠠᠳ ᠣᠯᠠᠨ ᠎ᠤ 《ᠡᠪᠡᠳᠴᠢᠨ ᠦᠵᠡᠭᠦᠯᠬᠦ᠌ ᠎ᠳᠦ ᠬᠦᠴᠢᠷ᠂ ᠲᠠᠩᠰᠠ ᠲᠠᠢᠯᠬᠤ ᠎ᠳᠤ ᠬᠦᠴᠢᠷ》 ᠠᠰᠠᠭᠤᠳᠠᠯ ᠎ᠢ ᠦᠨᠡᠨ  ᠬᠦ᠌ ᠱᠢᠶ᠋ᠳᠪᠦᠷᠢᠯᠡᠪᠡ᠃

ᠮᠠᠨ᠎ᠤ ᠤᠷᠤᠨ ᠴᠢᠨᠡᠭᠡᠯᠢᠭ ᠨᠡᠢᠭᠡᠮ ᠎ᠢ ᠪᠦᠬᠦ᠌ ᠲᠠᠯ᠎ᠠ ᠎ᠪᠠᠷ ᠪᠡᠶᠡᠯᠡᠭᠦᠯᠬᠦ ᠵᠢᠨ ᠬᠠᠮᠳᠤ᠂ ᠨᠡᠢᠭᠡᠮ ᠎ᠦᠨ ᠳᠠᠭᠠᠳᠭᠠᠯ᠂ ᠨᠡᠢᠭᠡᠮ ᠎ᠦᠨ ᠠᠪᠤᠷᠠᠨ ᠲᠤᠰᠠᠯᠠᠯᠲᠠ᠂ ᠨᠡᠢᠭᠡᠮ ᠎ᠦᠨ ᠠᠰᠠᠷᠠᠮᠵᠢ ᠎ᠪᠠᠷ ᠰᠠᠭᠤᠷᠢ ᠪᠣᠯᠭᠠᠭ᠍ᠰᠠᠨ᠂ ᠦᠨᠳᠦᠰᠦᠨ ᠨᠠᠰᠤᠵᠢᠯ ᠎ᠤᠨ ᠠᠰᠠᠷᠠᠮᠵᠢ᠂ ᠦᠨᠳᠦᠰᠦᠨ ᠡᠮ ᠡᠮᠨᠡᠯᠭᠡ ᠂  ᠨᠠᠭᠠᠳᠤ ᠵᠠᠬ᠎ᠠ ᠎ᠶ᠋ᠢᠨ ᠠᠮᠢᠳᠤᠷᠠᠯ ᠎ᠤᠨ ᠪᠠᠲᠤᠯᠠᠭ᠎ᠠ ᠎ᠪᠠᠷ ᠭᠣᠣᠯᠳᠠᠯᠭ᠎ᠠ ᠪᠣᠯᠭᠠᠭ᠍ᠰᠠᠨ ᠨᠡᠢᠭᠡᠮ ᠎ᠦᠨ ᠪᠠᠲᠤᠯᠠᠭ᠎ᠠ ᠎ᠶ᠋ᠢᠨ ᠲᠣᠣᠷᠵᠢᠯ ᠎ᠢ ᠲᠠᠰᠤᠷᠠᠯᠳᠠ ᠦᠭᠡᠢ ᠨᠢᠭ᠍ᠲᠠ ᠰᠦᠯᠵᠢᠨ ᠪᠡᠬᠢᠵᠢᠬᠦᠯᠪᠡ᠃

ᠠᠷᠠᠳ ᠎ᠤᠨ ᠠᠮᠢᠳᠤᠷᠠᠯ  ᠪᠣᠯ ᠬᠠᠮᠤᠭ ᠎ᠤᠨ ᠶᠡᠬᠡ ᠤᠯᠤᠰ ᠲᠦᠷᠦ᠍ ᠮᠥᠨ᠂ ᠠᠷᠠᠳ ᠤᠯᠠᠨ ᠎ᠤ ᠬᠦᠰᠡᠯ ᠬᠦᠭᠡᠭᠡᠴᠡᠯᠳᠤᠯ  ᠪᠤᠯ ᠳᠠᠷᠤᠢ ᠴᠢᠷᠮᠠᠢᠬᠤ ᠴᠢᠭ᠌ᠯᠡᠯ ᠮᠥᠨ᠃ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠎ᠳᠤ ᠡᠴᠤᠰ᠎ᠤᠨ ᠴᠡᠭ ᠭᠡᠵᠦ ᠪᠠᠢᠳᠠᠭ ᠦᠭᠡᠢ᠂ ᠵᠦᠪᠬᠡᠨ ᠳᠠᠰᠤᠷᠠᠯᠳᠠ ᠦᠭᠡᠢ ᠦᠷᠭᠦᠯᠵᠢᠯᠡᠭᠰᠡᠨ ᠡᠬᠢᠯᠡᠯᠳᠡ ᠵᠢᠨ ᠴᠡᠭ ᠳᠠᠢ ᠪᠠᠢᠳᠠᠭ᠃ ᠭᠠᠭ᠍ᠴᠠ  ᠬᠦ᠌ ᠨᠡᠢᠭᠡᠮ ᠎ᠦᠨ ᠪᠠᠲᠤᠯᠠᠭ᠎ᠠ ᠎ᠶ᠋ᠢᠨ ᠠᠮᠤᠷ ᠲᠦᠪᠱᠢᠨ ᠎ᠦ ᠲᠣᠣᠷᠵᠢᠯ ᠎ᠢ ᠲᠠᠰᠤᠷᠠᠯᠳᠠ ᠦᠭᠡᠢ ᠪᠡᠬᠢᠵᠢᠭᠦᠯᠪᠡᠯ ᠰᠠᠶᠢ ᠥᠭᠡᠷᠡᠴᠢᠯᠡᠯᠲᠡ ᠬᠥᠭ᠌ᠵᠢᠯᠲᠡ ᠎ᠶ᠋ᠢᠨ ᠦᠷ᠎ᠡ ᠪᠦᠲᠦᠭᠡᠯ ᠎ᠢ ᠨᠡᠩ ᠤᠯᠠᠨ ᠬᠦᠮᠦᠰ  ᠲᠸ᠋ ᠨᠡᠩ ᠲᠥᠪ ᠭᠣᠣᠯᠴᠢ᠂ ᠨᠡᠩ ᠪᠣᠳᠠᠲᠠᠢ ᠪᠠᠷ ᠬᠦᠷᠲᠡᠭᠡᠵᠦ᠍ ᠴᠢᠳᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号