ᠨᠡᠭᠡᠬᠡᠯᠲᠡ᠎ᠵᠢ ᠦᠷᠭᠡᠳᠬᠡᠨ ᠬᠦᠭᠵᠢᠯᠲᠠ᠎ᠶᠢᠨ ᠤᠷᠤᠨ ᠵᠠᠢ ᠎ᠵᠢ ᠲᠡᠯᠡᠨᠡᠮ
2021-11-26 09:28:42
ᠵᠣᠬᠢᠶᠠᠭ᠍ᠴᠢ᠄
ᠭᠤᠤ ᠬᠤᠡᠭ ᠯᠢᠶᠠᠨ
ᠣᠩᠱᠢᠭ᠍ᠰᠠᠨ ᠣᠳᠠᠭ᠎ᠠ᠄
★★★☆☆

《ᠪᠢᠳᠡ〈ᠢᠨᠲ᠋ᠧᠷ ᠰᠦᠯᠵᠢᠶ᠎ᠡ + ᠪᠣᠭᠣᠮᠲᠠ〉 ᠪᠠᠷ ᠲᠠᠮᠵᠢᠨ᠂ ᠭᠠᠳᠠᠭᠠᠳᠤ᠎ᠳᠤ ᠭᠠᠷᠭᠠᠬᠤ ᠢᠳᠡᠭᠡᠨ ᠦᠶ᠋ᠯᠡᠳᠪᠦᠷᠢᠯᠡᠬᠦ᠌ ᠠᠵᠤ ᠠᠬᠤᠢᠯᠠᠯ ᠵᠢᠡᠷ ᠳᠠᠩᠰᠠᠯᠠᠭᠤᠯᠬᠤ ᠭᠤᠶᠤᠴᠢᠯᠠᠯ ᠵᠢᠠᠨ ᠰᠠᠢᠬᠠᠨ ᠪᠣᠭᠣᠮᠲᠠ ᠳ᠋ᠤ ᠳᠡᠪᠱᠢᠭᠦᠯᠦᠭ᠌ᠰᠡᠨ ᠳ᠋ᠤ ᠂ ᠰᠠᠨᠠᠭᠠᠨ ᠡᠴᠡ ᠭᠠᠳᠠᠭᠤᠷ 6 ᠮᠢᠨᠦ᠋ᠲ᠎ᠪᠤᠯᠤᠯ ᠦᠬᠡᠢ ᠪᠡᠷ〈ᠭᠠᠳᠠᠭᠠᠳᠤ ᠳ᠋ᠤ ᠭᠠᠷᠭᠠᠬᠤ ᠢᠳᠡᠭᠡᠨ ᠦᠶ᠋ᠯᠡᠳᠪᠦᠷᠢᠯᠡᠬᠦ᠌ ᠠᠵᠤ ᠠᠬᠤᠢᠯᠠᠯ ᠎ᠤᠨ ᠳᠠᠩᠰᠠᠯᠠᠭᠤᠯᠤᠭ᠍ᠰᠠᠨ ᠭᠡᠷᠡᠴᠢ 〉 ᠵᠢ ᠪᠠᠭᠤᠯᠭᠠᠴᠢᠬᠠᠵᠠᠢ᠃ ᠪᠣᠭᠣᠮᠲᠠ ᠵᠢᠨ ᠲᠠᠯ᠎ᠠ ᠡᠴᠡ 〈 ᠭᠡᠷᠡᠴᠢ ᠦᠨᠡᠮᠯᠡᠯ ᠎ᠢ ᠰᠠᠯᠭᠠᠬᠤ〉 ᠥᠭᠡᠷᠡᠴᠢᠯᠡᠯᠲᠡ ᠬᠢᠭ᠌ᠰᠡᠨ᠎ᠤ ᠳᠠᠷᠠᠭ᠎ᠠ ᠠᠵᠤ ᠠᠬᠤᠢᠯᠠᠯ ᠎ᠤᠨ ᠳᠠᠩᠰᠠᠯᠠᠭᠤᠯᠬᠤ ᠶᠠᠪᠤᠴᠠ ᠵᠢ ᠶᠡᠬᠡ ᠪᠡᠷ ᠳᠥᠭᠥᠮᠴᠢᠯᠡᠵᠤ ᠂ ᠮᠠᠨᠤᠰ ᠲᠸ᠋ ᠮᠠᠰᠢ ᠲᠥᠬᠥᠮ ᠪᠣᠯᠤᠭᠰᠠᠨ》 ᠬᠡᠵᠤ ᠥᠪᠥᠷ ᠮᠣᠩᠭᠣᠯ ᠎ᠤᠨ ᠶᠠᠨ ᠬᠥ᠋ ᠹᠠᠩ ᠠᠮᠤ ᠪᠤᠳᠠᠭᠠᠨ ᠎ᠤ ᠠᠵᠤ ᠦᠶ᠋ᠯᠡᠰ ᠎ᠦᠨ ᠬᠥᠭ᠌ᠵᠢᠬᠦᠯᠦᠯᠳᠡ ᠵᠢᠨ ᠬᠢᠵᠠᠭᠠᠷᠲᠤ ᠺᠣᠮᠫᠠᠨᠢ ᠵᠢᠨ ᠬᠠᠤᠯᠢ ᠎ᠶᠢᠨ ᠡᠷᠬᠡᠲᠡᠨ ᠎ᠤ ᠲᠥᠯᠥᠭᠡᠯᠡᠭ᠌ᠴᠢ ᠾᠧ ᠵᠢᠶᠦ᠋ᠨ ᠭᠦᠸᠧ ᠤᠷᠮᠠᠳᠠᠢ ᠶᠡᠷᠢᠨ᠎ᠠ ᠃

ᠰᠠᠢᠬᠠᠨ ᠪᠤᠭᠤᠮᠳᠠ ᠪᠤᠯ ᠬᠥᠬᠡᠬᠣᠲᠠ ᠪᠣᠭᠣᠮᠲᠠ ᠵᠢᠨ ᠬᠠᠷᠢᠶ᠎ᠠ ᠪᠤᠭᠤᠮᠳᠠ ᠪᠤᠯᠤᠨ᠎ᠠ ᠃ 2020 ᠣᠨ ᠳ᠋ᠤ ᠤᠯᠤᠰ ᠡᠴᠡ《ᠭᠠᠳᠠᠭᠠᠳᠤ ᠳ᠋ᠤ ᠭᠠᠷᠭᠠᠬᠤ ᠢᠳᠡᠭᠡᠨ ᠦᠢᠯᠡᠳᠪᠦᠷᠢᠯᠡᠬᠦ᠌ ᠠᠵᠤ ᠠᠬᠤᠢᠯᠠᠯ ᠎ᠢ ᠳᠠᠩᠰᠠᠯᠠᠵᠤ ᠬᠢᠨᠠᠨ ᠵᠥᠪᠱᠢᠶᠡᠷᠡᠬᠦ᠌》ᠵᠢ ᠵᠠᠰᠠᠭ ᠵᠠᠬᠢᠷᠭᠠᠨ᠎ᠤ ᠵᠥᠪᠱᠢᠶᠡᠷᠡᠯ ᠵᠢᠡᠷ ᠳᠠᠩᠰᠠᠯᠠᠵᠤ ᠬᠠᠮᠢᠶᠠᠷᠬᠤ ᠪᠣᠯᠭᠠᠨ ᠥᠭᠡᠷᠡᠴᠢᠯᠡᠭ᠌ᠰᠡᠨ᠎ᠦ ᠳᠠᠷᠠᠭ᠎ᠠ ᠂ ᠬᠥᠬᠡᠬᠣᠲᠠ ᠪᠣᠭᠣᠮᠲᠠ ᠲᠡᠷᠡ ᠲᠠᠷᠤᠢ ᠳ᠋ᠤᠨᠢ ᠭᠤᠶᠤᠴᠢᠯᠠᠯ ᠎ᠢ ᠬᠦᠯᠢᠶᠡᠨ ᠠᠪᠴᠤ᠌ ᠱᠢᠢᠳᠪᠤᠷᠢᠯᠡᠬᠦ ᠂ ᠪᠢᠴᠢᠭ ᠮᠠᠲ᠋ᠧᠷᠢᠶᠠᠯ ᠎ᠢ ᠬᠢᠨᠠᠨ ᠬᠠᠷᠭᠤᠭᠤᠯᠬᠤ ᠂ ᠲᠤᠬᠠᠶ ᠵᠢᠨ ᠭᠠᠵᠠᠷ ᠲᠤᠨᠢ ᠬᠢᠨᠠᠨ ᠲᠣᠭ᠍ᠲᠠᠭᠠᠬᠤ ᠂ ᠴᠡᠭ᠌ᠴᠡᠯᠡᠨ ᠥᠭᠡᠷᠡᠴᠢᠯᠡᠵᠦ᠍ ᠪᠠᠲᠤᠯᠠᠬᠤ ᠂ ᠦᠨᠡᠮᠯᠡᠯ ᠭᠠᠷᠭᠠᠵᠤ ᠥᠭ᠌ᠬᠦ ᠵᠡᠷᠬᠡ 5 ᠭᠣᠭ᠍ᠴᠣᠭ᠎ᠠ ᠵᠢ ᠨᠢᠬᠡᠯᠬᠡᠨ ᠭᠣᠭ᠍ᠴᠣᠭ᠎ᠠ ᠪᠤᠯᠭᠠᠨ ᠲᠦᠬᠦᠮᠴᠢᠯᠡᠵᠤ ᠂ ᠭᠦᠶ᠋ᠴᠡᠳᠭᠡᠬᠦ᠌ ᠴᠠᠭ ᠎ᠤᠨ ᠬᠢᠵᠠᠭᠠᠷ ᠎ᠢ 20 ᠠᠵᠢᠯᠯᠠᠬᠤ ᠡᠳᠦᠷ᠎ᠡᠴᠡ 5 ᠮᠢᠨᠦ᠋ᠲ ᠪᠣᠯᠭᠠᠵᠦ᠍ ᠪᠣᠭᠣᠨᠢᠰᠭᠠᠵᠠᠢ ᠃ ᠤᠳᠤᠬᠠᠨ ᠪᠤᠯᠳᠠᠯ᠎ᠠ ᠬᠥᠬᠡᠬᠣᠲᠠ ᠪᠣᠭᠣᠮᠲᠠ ᠵᠢᠨ ᠬᠠᠷᠢᠶ᠎ᠠ ᠣᠷᠣᠨ ᠳ᠋ᠤ ᠭᠠᠳᠠᠭᠠᠳᠤ ᠳ᠋ᠤ ᠭᠠᠷᠭᠠᠬᠤ ᠢᠳᠡᠭᠡᠨ ᠦᠶ᠋ᠯᠡᠳᠪᠦᠷᠢᠯᠡᠬᠦ᠌ ᠠᠵᠤ ᠠᠬᠤᠢᠯᠠᠯ ᠎ᠢ ᠨᠡᠢᠲᠡ399 ᠳᠡᠩᠰᠡᠯᠡᠵᠦ᠍᠂ ᠥᠭᠡᠷᠡᠴᠢᠯᠡᠯᠲᠡ ᠬᠢᠬᠦ ᠵᠢᠨ ᠡᠮᠦᠨᠡᠬᠢ ᠡᠴᠡ 73.4% ᠪᠡᠷ ᠨᠡᠮᠡᠭ᠌ᠳᠡᠭᠰᠡᠨ ᠪᠠᠢᠨ᠎ᠠ ᠃ ᠡᠨᠡ ᠪᠤᠯ ᠮᠠᠨ ᠎ᠤ ᠤᠷᠤᠨ ᠎ᠤ ᠨᠡᠭᠡᠭᠡᠯᠳᠠ ᠵᠢ ᠥᠷᠭᠡᠳᠭᠡᠬᠦ᠌ ᠪᠡᠷ ᠳᠠᠮᠵᠢᠨ ᠥᠭᠡᠷᠡᠴᠢᠯᠡᠯᠲᠡ ᠬᠥᠭ᠌ᠵᠢᠯᠲᠡ ᠵᠢ ᠠᠬᠢᠭᠤᠯᠤᠭᠰᠠᠨ ᠨᠢᠬᠡᠨ ᠵᠢᠱ᠌ᠢᠶ᠎ᠡ ᠪᠤᠯᠬᠤ ᠶᠤᠮᠰᠠᠨ ᠃

ᠦᠪᠡᠷᠳᠡᠭᠡᠨ ᠵᠠᠰᠠᠬᠤ ᠤᠷᠤᠨ ᠎ᠤ ᠠᠷᠪᠠᠳᠤᠭᠠᠷ ᠤᠳᠠᠭ᠎ᠠ ᠵᠢᠨ ᠨᠠᠮ ᠎ᠤᠨ ᠲᠦᠯᠤᠭᠡᠯᠡᠭᠴᠢᠳ ᠎ᠤᠨ ᠶᠡᠭᠡ ᠬᠤᠷᠠᠯ ᠡᠴᠡ ᠨᠠᠭᠠᠰᠢ᠂ ᠮᠠᠨ ᠎ᠤ ᠤᠷᠤᠨ ᠪᠣᠭᠣᠮᠲᠠ ᠵᠢᠨ ᠠᠵᠤ ᠠᠬᠤᠢ ᠵᠢ ᠬᠥᠭ᠌ᠵᠢᠭᠦᠯᠤᠨ ᠂ ᠰᠠᠭᠤᠷᠢ ᠲᠥᠬᠥᠭᠡᠷᠦᠮᠵᠢ ᠵᠢᠨ ᠪᠦᠳᠦᠭᠡᠨ ᠪᠠᠢᠭᠤᠯᠤᠯᠲᠠ ᠵᠢ ᠴᠢᠩᠭᠠᠳᠭᠠᠵᠤ᠂ ᠤᠷᠤᠰ᠂ ᠮᠣᠩᠭᠣᠯ ᠤᠯᠤᠰ᠎ᠯᠤᠭ᠎ᠠ ᠵᠢᠨ ᠬᠠᠮᠲᠤᠷᠠᠯᠴᠠᠭᠠᠨ ᠎ᠤ ᠲᠣᠭ᠍ᠲᠠᠴᠠ ᠵᠢ ᠲᠡᠭᠦᠯᠳᠡᠷᠵᠢᠭᠦᠯᠤᠨ ᠂ ᠡᠯ᠎ᠡ ᠬᠦᠷᠢᠶᠡᠨ ᠳ᠋ᠡᠬᠢ ᠬᠠᠮᠲᠤᠷᠠᠯᠴᠠᠭ᠎ᠠ ᠵᠢ ᠭᠦᠨᠵᠡᠭᠡᠢᠷᠡᠭᠦᠯᠵᠦ᠍᠂ ᠮᠠᠨ ᠎ᠤ ᠤᠯᠤᠰ ᠎ᠤᠨ ᠤᠮᠠᠷᠠᠰᠢ ᠨᠡᠭᠡᠭᠡᠯᠳᠠ ᠬᠢᠬᠦ᠌ ᠴᠢᠬᠤᠯᠠ ᠪᠡᠬᠢᠯᠡᠯᠲᠡ ᠵᠢᠨ ᠦᠢᠯᠡᠳᠤᠯ ᠡᠳᠤᠷ ᠢᠷᠡᠬᠦᠶ᠎ᠡ ᠢᠯᠡᠷᠬᠡᠢ ᠪᠤᠯᠵᠤ ᠂ ᠳᠡᠯᠡᠬᠡᠶ ᠳ᠋ᠠᠬᠢᠨ ᠲᠠᠶ ᠬᠠᠮᠳᠤ ᠪᠠᠷ ᠵᠥᠪᠳᠡᠯᠴᠡᠬᠦ᠌ ᠂ ᠬᠠᠮᠲᠤ ᠪᠠᠷ ᠪᠠᠢᠭᠤᠯᠬᠤ ᠂ ᠬᠠᠮᠲᠤ ᠪᠠᠷ ᠡᠳ᠋ᠯᠡᠬᠦ᠌ ᠴᠠᠭ ᠦᠶ᠎ᠡ ᠵᠢᠨ ᠬᠦᠰᠡᠯ ᠵᠡᠭᠦᠳᠦ ᠵᠢ ᠬᠣᠯᠪᠣᠭᠰᠠᠨ ᠪᠠᠢᠨ᠎ᠠ ᠃

4200 ᠭᠠᠷᠤᠢ ᠺᠢᠯᠣᠮᠧᠲ᠋ᠷ ᠂ ᠡᠨᠡ ᠪᠤᠯ ᠮᠠᠨ ᠎ᠤ ᠤᠷᠤᠨ ᠬᠢᠭᠡᠳ ᠣᠷᠣᠰ ᠂ ᠮᠣᠩᠭᠣᠯ ᠤᠯᠤᠰ᠎ᠯᠤᠭ᠎ᠠ ᠵᠢᠨ ᠬᠢᠯᠢ ᠵᠢᠨ ᠱᠤᠭᠤᠮ ᠎ᠤᠨ ᠤᠷᠳᠤ ᠪᠣᠯᠬᠤ ᠪᠥᠭᠡᠳ ᠮᠠᠨ ᠎ᠤ ᠤᠷᠤᠨ ᠎ᠤ ᠭᠠᠳᠠᠭᠠᠳᠤ ᠨᠡᠭᠡᠭᠡᠯᠲᠡ ᠵᠢᠨ ᠳᠠᠪᠠᠭᠤᠯᠢᠭ ᠪᠤᠯᠬᠤ ᠶᠤᠮ ᠃ ᠦᠪᠡᠷᠳᠡᠭᠡᠨ ᠵᠠᠰᠠᠬᠤ ᠤᠷᠤᠨ ᠎ᠤ ᠠᠷᠪᠠᠳᠤᠭᠠᠷ ᠤᠳᠠᠭ᠎ᠠ  ᠵᠢᠨ ᠨᠠᠮ ᠎ᠤᠨ ᠲᠦᠯᠤᠭᠡᠯᠡᠭᠴᠢᠳ ᠎ᠤᠨ ᠶᠡᠭᠡ ᠬᠤᠷᠠᠯ ᠡᠴᠡ ᠨᠠᠭᠠᠰᠢ ᠂ ᠮᠠᠨ᠎ᠤ ᠤᠷᠤᠨ 3 ᠬᠢᠯᠢ ᠵᠢᠨ ᠪᠣᠭᠣᠮᠲᠠ ᠵᠢ ᠱᠢᠨ᠎ᠡ ᠪᠡᠷ ᠨᠡᠭᠡᠭᠡᠵᠦ᠍ ᠂ ᠤᠳᠤ 2 ᠲᠡᠮᠦᠷ ᠵᠠᠮ ᠎ᠤᠨ ᠬᠢᠯᠢ ᠵᠢᠨ ᠪᠣᠭᠣᠮᠲᠠ ᠂ 12 ᠵᠠᠰᠠᠮᠠᠯ ᠵᠠᠮ ᠎ᠤᠨ ᠬᠢᠯᠢ ᠵᠢᠨ ᠪᠣᠭᠣᠮᠲᠠ ᠂ 5 ᠠᠭᠠᠷ ᠎ᠤᠨ ᠠᠶᠠᠯᠠᠯ ᠎ᠤᠨ ᠬᠢᠯᠢ ᠵᠢᠨ ᠪᠣᠭᠣᠮᠲᠠ ᠲᠠᠶ ᠪᠤᠯᠵᠦ᠂  ᠲᠡᠮᠦᠷ ᠵᠠᠮ ᠂ ᠵᠠᠰᠠᠮᠠᠯ ᠵᠠᠮ ᠂ ᠠᠭᠠᠷ ᠎ᠤᠨ ᠠᠶᠠᠯᠠᠯ ᠎ᠤᠨ ᠣᠯᠠᠨ ᠲᠠᠯᠠᠲᠤ ᠂ ᠪᠣᠰᠣᠭ᠎ᠠ ᠴᠣᠭ᠍ᠴᠠᠲᠤ ᠬᠢᠯᠢ ᠵᠢᠨ ᠪᠣᠭᠣᠮᠲᠠ ᠵᠢᠨ ᠨᠡᠭᠡᠭᠡᠯᠲᠡ ᠵᠢᠨ ᠪᠠᠢᠷᠢᠱᠢᠯ ᠎ᠢ ᠪᠦᠷᠢᠯᠳᠦᠭᠦᠯᠪᠠ ᠃

50 ᠰᠧᠺᠦ᠋ᠨ᠋ᠳ᠋ ᠂ ᠡᠨᠡ ᠪᠤᠯ ᠮᠠᠨ ᠎ᠤ ᠣᠷᠣᠨ ᠎ᠤ ᠵᠠᠰᠠᠮᠠᠯ ᠵᠠᠮ ᠎ᠤᠨ ᠬᠢᠯᠢ ᠵᠢᠨ ᠪᠣᠭᠣᠮᠲᠠ ᠵᠢᠨ ᠪᠠᠷᠠᠭᠠᠨ ᠎ᠤ ᠲᠡᠭᠡᠭᠡᠪᠦᠷᠢ ᠵᠢᠨ ᠨᠡᠪᠲᠡᠷᠡᠬᠦ᠌ ᠵᠠᠮ ᠳ᠋ᠡᠬᠢ ᠲᠡᠷᠭᠡ ᠬᠥᠰᠭᠡ ᠵᠢᠨ ᠤᠶᠤᠨᠲᠤ ᠪᠣᠭᠣᠮᠲᠠ ᠪᠠᠷ ᠥᠩᠭᠡᠷᠡᠬᠦ᠌ ᠳ᠋ᠤ ᠬᠡᠷᠡᠭᠰᠡᠬᠦ ᠴᠠᠭ ᠬᠤᠭᠤᠴᠠᠭ᠎ᠠ ᠪᠣᠯᠤᠨ᠎ᠠ ᠃

《ᠦᠡᠭᠭᠡᠷᠡᠭᠰᠡᠨ ᠳ᠋ᠤ ᠪᠤᠭᠤᠮᠳᠠ ᠪᠡᠷ ᠤᠷᠤᠵᠤ ᠢᠷᠡᠬᠦ ᠶᠠᠪᠤᠴᠠ ᠨᠡᠯᠢᠶᠡᠳ ᠶᠠᠷᠰᠢᠭ ᠲᠠᠢ ᠂ ᠬᠡᠳᠤ ᠬᠡᠳᠤᠨ ᠭᠠᠷ ᠬᠦᠢᠴᠡᠳᠭᠡᠯ᠎ᠬᠢᠳᠡᠭ ᠪᠤᠯᠬᠤᠷ ᠮᠠᠰᠢ ᠤᠷᠳᠤ ᠴᠠᠭ ᠬᠡᠷᠡᠭᠰᠡᠳᠡᠭ ᠃ ᠤᠳᠤ ᠬᠡᠳᠤᠨ ᠠᠷᠪᠠᠨ ᠰᠧᠺᠦ᠋ᠨ᠋ᠳ᠋ ᠲᠠᠢ ᠪᠤᠯ ᠪᠤᠭᠤᠮᠳᠠ ᠪᠡᠷ ᠦᠡᠭᠭᠡᠷᠡᠴᠢᠬᠡᠨ᠎ᠠ᠂ ᠮᠠᠰᠢ ᠲᠦᠬᠦᠮ ᠪᠤᠯᠤᠭᠰᠠᠨ》ᠬᠡᠵᠤ ᠮᠤᠡᠭᠭᠤᠯ ᠤᠯᠤᠰ ᠎ᠤᠨ ᠠᠴᠢᠶᠠᠨ ᠎ᠤ ᠮᠠᠰᠢᠨ ᠲᠡᠷᠬᠡ ᠵᠢᠨ ᠵᠢᠯᠤᠭᠤᠴᠢ ᠪᠠᠶᠠᠨᠴᠡᠡᠭᠭᠡᠯ ᠶᠠᠷᠢᠭᠰᠠᠨ ᠶᠤᠮ᠃ ᠤᠢᠷ᠎ᠠ ᠵᠢᠨ ᠵᠢᠯ ᠳ᠋ᠤ᠂ ᠦᠪᠡᠷᠳᠡᠭᠡᠨ ᠵᠠᠰᠠᠬᠤ ᠤᠷᠤᠨ ᠡᠴᠡ ᠡᠯᠧᠺᠲ᠋ᠷᠣᠨ ᠬᠢᠯᠢ ᠵᠢᠨ ᠪᠣᠭᠣᠮᠲᠠ ᠪᠤᠯᠤᠨ《ᠨᠢᠭᠡᠯᠡ ᠴᠣᠩᠬᠣᠪᠴᠢ》 ᠵᠢᠨ ᠪᠠᠢᠭᠤᠯᠤᠯᠲᠠ ᠵᠢ ᠪᠥᠬᠥ᠌ ᠬᠦᠴᠦᠨ ᠵᠢᠡᠷ ᠥᠷᠨᠢᠭᠦᠯᠵᠦ᠍ ᠂ ᠡᠯᠧᠺᠲ᠋ᠷᠣᠨ ᠬᠢᠯᠢ ᠵᠢᠨ ᠪᠣᠭᠣᠮᠲᠠ ᠵᠢᠨ ᠲᠠᠪᠴᠠᠩ ᠂ ᠬᠢᠯᠢ ᠵᠢᠨ ᠪᠣᠭᠣᠮᠲᠠ ᠵᠢᠨ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠵᠦ᠍ ᠵᠢᠯᠣᠭᠣᠳᠭᠤ ᠱᠢᠰᠲ᠋ᠧᠮ ᠪᠤᠯᠤᠨ ᠣᠯᠠᠨ ᠤᠯᠤᠰ᠎ᠤᠨ ᠠᠷᠠᠯᠵᠢᠶᠠᠨ᠎ᠤ《ᠨᠢᠭᠡ ᠯᠡ ᠴᠣᠩᠬᠣᠪᠴᠢ》 ᠵᠢᠨ ᠲᠠᠪᠴᠠᠩ ᠎ᠢ ᠪᠠᠢᠭᠤᠯᠪᠠ᠃ ᠪᠥᠬᠥ᠌ ᠣᠷᠣᠨ ᠎ᠤ ᠵᠠᠰᠠᠮᠠᠯ ᠵᠠᠮ ᠎ᠤᠨ ᠬᠢᠯᠢ ᠵᠢᠨ ᠪᠣᠭᠣᠮᠲᠠ ᠵᠢᠨ ᠪᠠᠷᠠᠭᠠᠨ ᠎ᠤ ᠲᠡᠭᠡᠭᠡᠪᠦᠷᠢ ᠵᠢᠨ ᠨᠡᠪᠲᠡᠷᠡᠬᠦ ᠵᠠᠮ ᠳ᠋ᠤ ᠪᠦᠷ ᠤᠶᠤᠨᠲᠤ ᠺᠠᠷᠲ ᠎ᠤᠨ ᠱᠢᠰᠲ᠋ᠧᠮ ᠲᠠᠢ ᠪᠤᠯᠵᠤ᠂ ᠪᠦᠬᠦ ᠤᠯᠤᠰ ᠎ᠤᠨ ᠬᠢᠯᠢ ᠳᠠᠭᠠᠤ ᠵᠢᠨ ᠬᠠᠭᠤᠷᠠᠶ ᠵᠠᠮ ᠎ᠤᠨ ᠬᠢᠯᠢ ᠵᠢᠨ ᠪᠣᠭᠣᠮᠲᠠ ᠵᠢᠨ ᠲᠤᠳᠤᠷ᠎ᠠ ᠲᠦᠷᠤᠬᠦᠤ ᠪᠠᠢᠷᠢᠨ ᠳ᠋ᠤ ᠣᠷᠣᠱᠢᠵᠤ ᠂ ᠣᠳᠣᠬᠠᠨ᠎ᠳᠤ ᠶᠠᠭ ᠠᠶᠠᠨᠴᠢᠳ᠎ᠤᠨ ᠵᠦᠬᠡᠬᠡᠪᠤᠷᠢ ᠵᠢᠨ ᠵᠠᠮ ᠎ᠤᠨ ᠤᠶᠤᠨᠲᠤ ᠺᠠᠷᠲ ᠎ᠤᠨ ᠪᠠᠢᠭᠤᠯᠤᠯᠲᠠ ᠎ᠶ᠋ᠢ ᠲᠦᠷᠭᠡᠳᠭᠡᠨ ᠠᠬᠢᠭᠤᠯᠵᠤ ᠪᠤᠢ ᠃

1011 ᠴᠤᠪᠤᠭ᠎ᠠ ᠡᠴᠡ 5927 ᠴᠤᠪᠤᠭ᠎ᠠ ᠂ ᠡᠨᠡ ᠪᠤᠯ 2016 ᠤᠨ ᠪᠤᠯᠤᠨ 2020 ᠣᠨ᠎ᠳᠤ ᠮᠠᠨ᠎ᠤ ᠤᠷᠤᠨ ᠵᠢᠡᠷ ᠳᠠᠮᠵᠢᠨ ᠬᠢᠯᠢ ᠪᠡᠷ ᠣᠷᠣᠵᠤ ᠭᠠᠷᠤᠬᠰᠠᠨ ᠳᠤᠮᠳᠠᠳᠤ ᠧᠦ᠋ᠷᠣᠫᠠ ᠵᠢᠨ ᠵᠢᠱᠢᠶᠠᠨ᠎ᠤ ᠭᠠᠯᠲᠤ ᠲᠡᠷᠭᠡ ᠵᠢᠨ ᠲᠣᠭ᠎ᠠ ᠪᠤᠯᠤᠨ᠎ᠠ᠃ ᠤᠬᠤᠷᠬᠠᠨ ᠲᠠᠪᠤᠨ ᠵᠢᠯ ᠎ᠤᠨ ᠬᠤᠭᠤᠴᠠᠭᠠᠨ ᠳ᠋ᠤ ᠮᠠᠨ ᠎ᠤ ᠤᠷᠤᠨ ᠵᠢᠡᠷ ᠳᠠᠮᠵᠢᠨ ᠬᠢᠯᠢ ᠪᠡᠷ ᠣᠷᠣᠵᠤ ᠭᠠᠷᠤᠬᠰᠠᠨ ᠳᠤᠮᠳᠠᠳᠤ ᠧᠦ᠋ᠷᠣᠫᠠ ᠵᠢᠨ ᠵᠢᠱᠢᠶᠠᠨ ᠎ᠤ ᠭᠠᠯᠲᠤ ᠲᠡᠷᠭᠡ 4916 ᠴᠤᠪᠤᠭ᠎ᠠ ᠨᠡᠮᠡᠭᠳᠡᠵᠠᠢ᠃ ᠡᠨᠡ ᠵᠢᠯ ᠡᠨᠡ ᠬᠦ᠌ ᠨᠡᠮᠡᠭᠳᠡᠯ᠎ᠤᠨ ᠬᠠᠨᠳᠤᠰᠢ ᠪᠠᠨ ᠦᠷᠬᠦᠯᠵᠢᠯᠡᠨ ᠪᠠᠳᠤᠯᠠᠭᠰᠠᠭᠠᠷ᠂ ᠤᠨᠴᠠᠭᠠᠢᠯᠠᠨ᠂ ᠲᠡᠭᠡᠷ᠎ᠠ ᠬᠠᠭᠠᠰ ᠵᠢᠯ ᠳ᠋ᠤ ᠮᠠᠨᠵᠤᠤᠷ ᠬᠢᠯᠢ ᠵᠢᠨ ᠪᠤᠭᠤᠮᠳᠠ ᠪᠡᠷ ᠤᠷᠤᠵᠤ ᠭᠠᠷᠤᠬᠰᠠᠨ ᠲᠤᠮᠳᠠᠳᠤ ᠧᠦ᠋ᠷᠣᠫᠠ ᠵᠢᠨ ᠵᠢᠰᠢᠶᠠᠨ᠎ᠤ ᠭᠠᠯᠳᠤ ᠲᠡᠷᠭᠡ 1610 ᠴᠤᠪᠤᠭ᠎ᠠ ᠳ᠋ᠤ ᠬᠦᠷᠴᠦ᠂ ᠨᠢᠳᠤᠨᠤᠨ᠎ᠤ ᠠᠳᠠᠯᠢ ᠬᠤᠭᠤᠴᠠᠭᠠᠨ ᠤ ᠬᠢ ᠡᠴᠡ 20.51% ᠪᠡᠷ ᠨᠡᠮᠡᠭᠳᠡᠪᠡ᠃ ᠤᠳᠤ ᠮᠠᠨᠵᠤᠤᠷ ᠬᠢᠯᠢ ᠵᠢᠨ ᠪᠣᠭᠣᠮᠲᠠ ᠪᠠᠷ ᠥᠩᠭᠡᠷᠡᠬᠦ᠌ ᠳᠤᠮᠳᠠᠳᠤ ᠧᠦ᠋ᠷᠣᠫᠠ ᠵᠢᠨ ᠵᠢᠱᠢᠶᠡᠨ ᠎ᠤ ᠭᠠᠯᠲᠤ ᠲᠡᠷᠭᠡ ᠵᠢᠨ ᠵᠠᠮ ᠱᠤᠭᠤᠮ 57 ᠵᠤᠷᠪᠤᠰ ᠂ ᠡᠷᠢᠶᠡᠨ ᠬᠢᠯᠢ ᠵᠢᠨ ᠪᠣᠭᠣᠮᠲᠠ ᠪᠠᠷ ᠥᠩᠭᠡᠷᠡᠬᠦ᠌ ᠳᠤᠮᠳᠠᠳᠤ ᠧᠦ᠋ᠷᠣᠫᠠ ᠵᠢᠨ ᠵᠢᠱᠢᠶᠠᠨ᠎ᠤ ᠭᠠᠯᠲᠤ ᠲᠡᠷᠭᠡ ᠵᠢᠨ ᠵᠠᠮ ᠱᠤᠭᠤᠮ 45 ᠵᠤᠷᠪᠤᠰ ᠲᠦ᠍ ᠬᠦᠷᠦᠭᠰᠡᠨ ᠪᠠᠢᠨ᠎ᠠ᠃ ᠳᠤᠮᠳᠠᠳᠤ ᠧᠦ᠋ᠷᠣᠫᠠ ᠵᠢᠨ ᠵᠢᠱᠢᠶᠠᠨ ᠎ᠤ ᠭᠠᠯᠲᠤ ᠲᠡᠷᠭᠡ ᠵᠢᠨ ᠵᠠᠮ ᠱᠤᠭᠤᠮ ᠎ᠤᠨ ᠦᠶ᠋ᠯᠡᠳᠦᠯ᠎ᠢ ᠬᠦᠢᠴᠡᠳ ᠪᠠᠳᠠᠷᠠᠭᠤᠯᠬᠤ ᠵᠢᠨ ᠲᠤᠰᠠᠳᠠ ᠂ ᠮᠠᠨ ᠎ᠤ ᠤᠷᠤᠨ ᠪᠠᠰᠠ ᠲᠡᠯᠡᠶ ᠳᠠᠭᠠᠤ ᠪᠤᠯᠤᠨ ᠳᠣᠲᠣᠭᠠᠳᠤ ᠬᠠᠭᠤᠷᠠᠶ ᠵᠢᠨ ᠭᠠᠵᠠᠷ ᠣᠷᠣᠨ᠎ᠯᠤᠭ᠎ᠠ ᠵᠢᠨ ᠬᠢᠯᠢ ᠵᠢᠨ ᠪᠣᠭᠣᠮᠲᠠ ᠪᠠᠷ ᠥᠩᠭᠡᠷᠡᠬᠦᠯᠬᠦ ᠬᠠᠮᠵᠢᠯᠴᠠᠭ᠎ᠠ ᠵᠢ ᠴᠢᠩᠭᠠᠳᠭᠠᠨ᠂ ᠬᠥᠷᠰᠢ ᠵᠡᠷᠭᠡᠯᠡᠳᠡᠭᠡ ᠮᠤᠵᠢ ᠣᠷᠣᠨ᠎ᠯᠤᠭ᠎ᠠ ᠵᠢᠨ ᠬᠠᠮᠲᠤᠷᠠᠯᠴᠠᠭ᠎ᠠ ᠪᠤᠯᠤᠨ ᠭᠤᠤᠯᠳᠠᠯᠭ᠎ᠠ ᠲᠠᠶ ᠭᠠᠷᠠᠮ᠎ᠯᠤᠭ᠎ᠠ ᠵᠢᠨ ᠬᠤᠷᠰᠢᠯᠴᠠᠭ᠎ᠠ ᠵᠢ ᠴᠢᠩᠭᠠᠳᠭᠠᠵᠤ᠂ ᠪᠣᠭᠣᠮᠲᠠ ᠵᠢᠨ ᠡᠬᠢ ᠪᠠᠶᠠᠯᠢᠭ ᠎ᠢ ᠬᠠᠮᠲᠤ ᠪᠠᠷ ᠭᠥᠷᠳᠡᠵᠦ᠍ ᠬᠠᠮᠲᠤ ᠪᠠᠷ ᠬᠡᠷᠡᠭ᠌ᠯᠡᠬᠦ ᠵᠢ ᠪᠡᠶᠡᠯᠡᠭᠦᠯᠪᠡ ᠃

772.8 ᠳ᠋ᠦᠩᠱᠢᠭᠤᠷ ᠲᠥᠭᠥᠷᠢᠭ ᠡᠴᠡ 1043.3 ᠳ᠋ᠦᠩᠱᠢᠭᠤᠷ ᠲᠥᠭᠥᠷᠢᠭ᠂ ᠡᠨᠡ ᠪᠤᠯ 2016 ᠤᠨ ᠪᠤᠯᠤᠨ 2020 ᠤᠨ ᠳ᠋ᠡᠬᠢ ᠮᠠᠨ ᠎ᠤ ᠤᠷᠤᠨ ᠎ᠤ ᠪᠣᠭᠣᠮᠲᠠ᠎ᠨᠤᠭᠤᠳ ᠎ᠤᠨ ᠭᠠᠳᠠᠭᠠᠳᠤ ᠡᠴᠡ ᠣᠷᠣᠭᠤᠯᠵᠤ ᠭᠠᠳᠠᠭᠠᠳᠤ ᠳ᠋ᠤ ᠭᠠᠷᠭᠠᠭ᠍ᠰᠠᠨ ᠪᠠᠷᠠᠭ᠎ᠠ ᠲᠠᠸᠠᠷ ᠎ᠤᠨ ᠶᠡᠷᠤᠩᠬᠡᠢ ᠬᠡᠮᠵᠢᠶ᠎ᠡ ᠪᠤᠯᠤᠨ᠎ᠠ᠃ ᠤᠬᠤᠷᠬᠠᠨ ᠲᠠᠪᠤᠨ ᠵᠢᠯ ᠎ᠤᠨ ᠬᠤᠭᠤᠴᠠᠭᠠᠨ ᠳ᠋ᠤ ᠮᠠᠨ ᠎ᠤ ᠤᠷᠤᠨ ᠎ᠤ ᠭᠠᠳᠠᠭᠠᠳᠤ ᠡᠴᠡ ᠣᠷᠣᠭᠤᠯᠵᠤ ᠭᠠᠳᠠᠭᠠᠳᠤ ᠳ᠋ᠤ ᠭᠠᠷᠭᠠᠭ᠍ᠰᠠᠨ ᠪᠠᠷᠠᠭ᠎ᠠ ᠲᠠᠸᠠᠷ ᠎ᠤᠨ ᠶᠡᠷᠤᠩᠬᠡᠢ ᠬᠡᠮᠵᠢᠶ᠎ᠡ 270 ᠳ᠋ᠦᠩᠰᠢᠭᠤᠷ ᠭᠠᠷᠤᠢ ᠲᠦᠬᠦᠷᠢᠭ ᠨᠡᠮᠡᠭᠳᠡᠵᠠᠢ᠃ ᠡᠨᠡ ᠵᠢᠯ ᠡᠨᠡ ᠬᠦ᠌ ᠨᠡᠮᠡᠭᠳᠡᠯ ᠎ᠤᠨ ᠬᠠᠨᠳᠤᠰᠢ ᠪᠠᠨ ᠦᠷᠬᠦᠯᠵᠢᠯᠡᠨ ᠪᠠᠳᠤᠯᠠᠭᠰᠠᠭᠠᠷ ᠂ ᠤᠨᠴᠠᠭᠠᠢᠯᠠᠨ᠂ ᠲᠠᠬᠡᠷ᠎ᠡ ᠬᠠᠭᠠᠰ ᠵᠢᠯ ᠳ᠋ᠤ ᠭᠠᠬᠴᠠᠮᠤᠳᠤ ᠬᠢᠯᠢ ᠵᠢᠨ ᠪᠤᠭᠤᠮᠳᠠ ᠵᠢᠨ ᠭᠠᠳᠠᠭᠠᠳᠤ ᠡᠴᠡ ᠣᠷᠣᠭᠤᠯᠵᠤ ᠭᠠᠳᠠᠭᠠᠳᠤ ᠳ᠋ᠤ ᠭᠠᠷᠭᠠᠬᠰᠠᠨ ᠪᠠᠷᠠᠭ᠎ᠠ ᠲᠠᠸᠠᠷ ᠎ᠤᠨ ᠬᠡᠮᠵᠢᠶ᠎ᠡ 94.26 ᠎ᠳ᠋ᠦᠡᠭᠰᠢᠭᠤᠷ ᠲᠦᠬᠦᠷᠢᠭ ᠲᠦ᠍ ᠬᠦᠷᠴᠤ ᠂ ᠨᠢᠳᠤᠨᠤᠨ ᠎ᠤ ᠠᠳᠠᠯᠢ ᠬᠤᠭᠤᠴᠠᠭᠠᠨ ᠎ᠤ ᠬᠢ ᠡᠴᠡ 46.9% ᠪᠡᠷ ᠨᠡᠮᠡᠭᠳᠡᠭᠰᠡᠨ ᠪᠠᠢᠨ᠎ᠠ ᠃

《3 + 4》᠂ ᠡᠨᠡ ᠪᠤᠯ ᠮᠠᠨ ᠎ᠤ ᠤᠷᠤᠨ ᠎ᠤ ᠬᠠᠮᠢᠶ᠎ᠠ ᠪᠦᠬᠦᠢ ᠠᠢᠮᠠᠭ ᠬᠣᠲᠠ ᠵᠢᠨ ᠭᠠᠳᠠᠭᠠᠳᠤ ᠨᠡᠭᠡᠭᠡᠯᠲᠡ ᠵᠢᠨ ᠲᠦᠪᠱᠢᠨ ᠎ᠢ ᠳᠡᠭᠡᠭ᠌ᠰᠢᠯᠡᠭᠦᠯᠬᠦ ᠵᠢᠨ ᠲᠥᠯᠥᠭᠡ ᠪᠥᠲᠥᠭᠡᠨ ᠪᠠᠢᠭᠤᠯᠵᠤ ᠪᠠᠢᠭ᠎ᠠ 3 ᠶᠡᠷᠦᠩᠬᠡᠢᠯᠡᠭ᠌ᠰᠡᠨ ᠭᠠᠢᠯᠢ ᠵᠢᠨ ᠪᠠᠳᠤᠯᠠᠭᠠᠳᠤ ᠣᠷᠣᠨ ᠪᠤᠯᠤᠨ 4 ᠭᠠᠢᠯᠢ ᠵᠢᠨ ᠪᠠᠳᠤᠯᠠᠭᠠᠳᠤ ᠡᠳ᠋ ᠪᠠᠷᠠᠭᠠᠨ ᠎ᠤ ᠭᠦᠶ᠋ᠯᠭᠡᠭᠡ ᠵᠢᠨ ᠲᠥᠪ ᠪᠤᠯᠤᠨ᠎ᠠ ᠃ ᠮᠠᠨ ᠎ᠤ ᠤᠷᠤᠨ ᠤᠷᠢᠳ ᠬᠣᠵᠢᠳ《ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠵᠢ ᠪᠥᠲᠥᠭᠡᠨ ᠪᠠᠢᠭᠤᠯᠬᠤ ᠠᠵᠢᠯᠯᠠᠭᠠᠨ ᠎ᠤ ᠲᠥᠰᠦᠯ》᠂《ᠥᠪᠥᠷ ᠮᠣᠩᠭᠣᠯ ᠎ᠤᠨ ᠬᠢᠯᠢ ᠵᠢᠨ ᠪᠣᠭᠣᠮᠲᠠ ᠵᠢᠨ ᠪᠠᠢᠷᠢᠱᠢᠭᠤᠯᠤᠯᠲᠠ ᠬᠢᠭᠡᠳ ᠴᠢᠳᠠᠮᠵᠢ ᠵᠢᠨ ᠪᠠᠢᠷᠢ ᠲᠣᠭ᠍ᠲᠠᠭᠠᠯᠲᠠ ᠵᠢᠨ ᠳᠤᠮᠳᠠ ᠣᠷᠳᠣ ᠬᠤᠭᠤᠴᠠᠭᠠᠨ ᠎ᠤ ᠲᠥᠯᠥᠪᠵᠢᠭᠦᠯᠭᠡ(2020 — 2030 ᠤᠨ)》ᠵᠢ ᠰᠤᠳᠤᠯᠤᠨ ᠲᠤᠭᠤᠷᠪᠢᠭᠰᠠᠨ ᠪᠠᠢᠨ᠎ᠠ ᠃ ᠡᠬᠦᠨ ᠳ᠋ᠤ ᠶᠡᠷᠦᠩᠬᠡᠢᠯᠡᠭ᠌ᠰᠡᠨ ᠬᠢᠯᠢ ᠵᠢᠨ ᠪᠣᠭᠣᠮᠲᠠ᠂ ᠭᠤᠤᠯᠳᠠᠯᠭ᠎ᠠ ᠲᠠᠶ ᠬᠢᠯᠢ ᠵᠢᠨ ᠪᠣᠭᠣᠮᠲᠠ ᠪᠤᠯᠤᠨ ᠣᠨᠴᠠᠯᠢᠭ᠍ᠲᠤ ᠬᠢᠯᠢ ᠵᠢᠨ ᠪᠣᠭᠣᠮᠲᠠ ᠶᠣᠰᠣᠭᠠᠷ ᠬᠢᠯᠢ ᠵᠢᠨ ᠪᠣᠭᠣᠮᠲᠠ ᠵᠢᠨ ᠬᠥᠭ᠌ᠵᠢᠯᠲᠡ ᠳ᠋ᠤ ᠪᠠᠢᠷᠢ ᠲᠣᠭ᠍ᠲᠠᠭᠠᠯᠲᠠ ᠬᠢᠵᠦ᠍᠂ ᠬᠢᠯᠢ ᠵᠢᠨ ᠪᠣᠭᠣᠮᠲᠠ ᠵᠢᠨ ᠬᠥᠭ᠌ᠵᠢᠯᠲᠡ ᠵᠢᠨ ᠲᠠᠰ ᠳᠠᠪᠬᠤᠷᠭ᠎ᠠ ᠪᠠ ᠬᠥᠭ᠌ᠵᠢᠯᠲᠡ ᠵᠢᠨ ᠭᠤᠤᠯᠳᠠᠯᠭ᠎ᠠ ᠵᠢ ᠲᠣᠳᠣᠷᠬᠠᠢᠯᠠᠵᠠᠢ᠃ ᠤᠢᠷ᠎ᠠ ᠵᠢᠨ ᠬᠤᠶᠠᠷ ᠵᠢᠯ ᠳ᠋ᠤ ᠮᠠᠨ ᠎ᠤ ᠤᠷᠤᠨ ᠣᠲᠣ ᠪᠠᠢᠭ᠎ᠠ ᠬᠢᠯᠢ ᠵᠢᠨ ᠪᠣᠭᠣᠮᠲᠠ ᠳ᠋ᠤ ᠲᠦᠱᠢᠭ᠌ᠯᠡᠨ ᠬᠢᠯᠢ ᠵᠢᠨ ᠪᠣᠭᠣᠮᠲᠠ ᠵᠢᠨ ᠴᠢᠳᠠᠮᠵᠢ ᠵᠢ ᠥᠷᠭᠡᠳᠭᠡᠵᠦ᠍᠂ ᠲᠤᠬᠠᠶ ᠵᠢᠨ ᠭᠠᠵᠠᠷ ᠲᠤᠨᠢ ᠡᠳ᠋ ᠪᠠᠷᠠᠭ᠎ᠠ ᠡᠳ᠋ᠱᠢᠭᠦᠯᠬᠦ ᠳ᠋ᠤ ᠨᠥᠬᠥᠴᠡᠯ ᠪᠦᠷᠢᠯᠳᠦᠭᠦᠯᠦᠨ ᠥᠭ᠌ᠴᠦ ᠂ ᠤᠷᠢᠳ ᠬᠣᠵᠢᠳ ᠮᠢᠬᠠᠨ ᠎ᠤ ᠵᠦᠶ᠋ᠯ᠂ ᠲᠡᠵᠢᠭᠡᠯ ᠡᠪᠡᠰᠦ᠂ ᠠᠮᠤ ᠪᠤᠳᠠᠭ᠎ᠠ ᠂ ᠮᠠᠰᠢᠨ ᠲᠡᠷᠭᠡ ᠵᠡᠷᠭᠡ ᠵᠢᠭᠠᠨ ᠲᠣᠭ᠍ᠲᠠᠭᠠᠭ᠍ᠰᠠᠨ ᠬᠢᠨᠠᠨ ᠬᠠᠮᠢᠶᠠᠷᠬᠤ 11 ᠲᠠᠯᠠᠪᠤᠷ ᠭᠠᠵᠠᠷ ᠎ᠢ ᠪᠠᠢᠭᠤᠯᠪᠠ ᠃

ᠨᠡᠭᠡᠭᠡᠯᠲᠡ ᠬᠢᠬᠦ᠌ ᠲᠤᠲᠤᠮ ᠵᠢᠡᠨ ᠦᠷᠨᠢᠨ ᠬᠥᠭ᠌ᠵᠢᠨ᠎ᠡ ᠬᠡᠭᠴᠢ ᠦᠨᠡᠨ ᠃ ᠦᠪᠡᠷᠳᠡᠭᠡᠨ ᠵᠠᠰᠠᠬᠤ ᠤᠷᠤᠨ ᠎ᠤ ᠠᠷᠪᠠᠳᠤᠭᠠᠷ ᠤᠳᠠᠭ᠎ᠠ ᠵᠢᠨ ᠨᠠᠮ ᠎ᠤᠨ ᠲᠦᠯᠤᠭᠡᠯᠡᠭᠴᠢᠳ ᠎ᠤᠨ ᠶᠡᠭᠡ ᠬᠤᠷᠠᠯ ᠡᠴᠡ ᠨᠠᠭᠠᠰᠢ᠂ ᠲᠠᠷᠢᠶᠠᠯᠠᠩ ᠎ᠤᠨ ᠪᠦᠲᠦᠭᠡᠭ᠌ᠳᠡᠬᠦᠨ ᠂ ᠪᠣᠯᠣᠳ ᠮᠠᠲ᠋ᠧᠷᠢᠶᠠᠯ ᠂ ᠳᠡᠭᠡᠳᠦ ᠱᠢᠨ᠎ᠡ ᠮᠡᠷᠭᠡᠵᠢᠯ ᠎ᠦᠨ ᠪᠦᠲᠦᠭᠡᠭ᠌ᠳᠡᠬᠦᠨ ᠎ᠢ ᠭᠠᠳᠠᠭᠠᠳᠤ ᠳ᠋ᠤ ᠭᠠᠷᠭᠠᠬᠤ ᠪᠡᠷ ᠲᠠᠮᠵᠢᠨ ᠮᠠᠨ ᠎ᠤ ᠤᠷᠤᠨ ᠎ᠤ ᠭᠠᠳᠠᠭᠠᠳᠤ ᠳ᠋ᠤ ᠭᠠᠷᠭᠠᠬᠤ ᠪᠦᠲᠦᠭᠡᠭ᠌ᠳᠡᠬᠦᠨ ᠎ᠦ ᠪᠦᠲᠦᠴᠡ ᠲᠠᠰᠤᠷᠠᠯᠲᠠ ᠤᠢ᠍ᠭᠡᠢ ᠱᠢᠯᠢᠳᠡᠭ᠌ᠵᠢᠪᠡ ; ᠨᠡᠭᠦᠷᠡᠰᠦ ᠂ ᠲᠡᠮᠦᠷ ᠎ᠦᠨ ᠬᠦᠳᠡᠷ ᠵᠢᠡᠷ ᠭᠤᠤᠯ ᠪᠣᠯᠭᠠᠭ᠍ᠰᠠᠨ ᠡᠬᠢ ᠪᠠᠶᠠᠯᠢᠭ ᠎ᠤᠨ ᠴᠢᠨᠠᠷᠲᠠᠶ ᠪᠠᠷᠠᠭ᠎ᠠ ᠲᠠᠸᠠᠷ ᠎ᠢ ᠭᠠᠳᠠᠭᠠᠳᠤ ᠡᠴᠡ ᠣᠷᠣᠭᠤᠯᠬᠤ ᠪᠠᠷ ᠳᠡᠮᠵᠢᠨ ᠮᠠᠨ ᠎ᠤ ᠤᠷᠤᠨ ᠎ᠤ ᠠᠵᠤ ᠦᠶ᠋ᠯᠡᠰ ᠎ᠦᠨ ᠬᠥᠭ᠌ᠵᠢᠯᠲᠡ ᠵᠢᠨ ᠲᠦᠪᠱᠢᠨ ᠲᠠᠰᠤᠷᠠᠯᠲᠠ ᠥᠬᠡᠶ ᠳᠡᠭᠡᠭ᠌ᠰᠢᠯᠡᠪᠡ᠃ ᠲᠡᠷᠡ ᠮᠦᠷᠳᠡᠬᠡᠨ ᠪᠥᠬᠥ᠌ ᠲᠠᠯᠡᠬᠡᠢ ᠵᠢᠨ ᠣᠯᠠᠨ ᠤᠯᠤᠰ᠎ᠯᠤᠭ᠎ᠠ ᠠᠵᠤ ᠠᠬᠤᠶ ᠠᠷᠠᠯᠵᠢᠶᠠᠨ ᠎ᠤ ᠶᠠᠪᠤᠯᠴᠠᠭ᠎ᠠ ᠲᠠᠢ ᠪᠤᠯᠵᠤ᠂ ᠤᠯᠠᠮᠵᠢᠯᠠᠯᠲᠤ ᠵᠠᠬ᠎ᠠ ᠳᠡᠯᠭᠡᠭᠦᠷ ᠲᠠᠰᠤᠷᠠᠯᠲᠠ ᠥᠬᠡᠶ ᠪᠡᠬᠢᠵᠢᠨ ᠂ ᠱᠢᠨ᠎ᠡ ᠪᠡᠷ ᠮᠠᠨᠳᠤᠭ᠍ᠰᠠᠨ ᠵᠠᠬ᠎ᠠ ᠳᠡᠯᠭᠡᠭᠦᠷ ᠠᠯᠬᠤᠮ ᠠᠯᠬᠤᠮ ᠵᠢᠡᠷ ᠥᠷᠭᠡᠵᠢᠵᠦ᠍᠂ 《ᠬᠣᠶᠠᠷ ᠵᠦᠶ᠋ᠯ ᠎ᠦᠨ ᠡᠬᠢ ᠪᠠᠶᠠᠯᠢᠭ》 ᠎ᠢ᠋ ᠠᠱᠢᠭ᠍ᠯᠠᠨ《ᠬᠣᠶᠠᠷ ᠵᠠᠬ᠎ᠠ ᠳᠡᠯᠭᠡᠭᠦᠷ》 ᠎ᠢ᠋ ᠨᠡᠭᠡᠭᠡᠬᠦ᠌ ᠴᠢᠳᠠᠪᠤᠷᠢ ᠦᠷᠭᠦᠯᠵᠢᠯᠡᠨ ᠴᠢᠩᠭᠠᠷᠠᠭᠰᠠᠨ ᠠᠵᠢ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号