ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭᠠ ᠶ᠋ᠢᠨ ᠨᠠᠮ ᠤᠨ ᠲᠥᠯᠥᠭᠡᠯᠡᠭ᠌ᠴᠢᠳ
ᠦᠨ ᠶᠡᠬᠡ ᠬᠤᠷᠠᠯᠠᠴᠠ ᠨᠠᠭᠠᠰᠢ ᠂ ᠨᠠᠮ ᠤᠨ ᠲᠥᠪ ᠬᠣᠷᠢᠶᠠᠨ ᠤ ᠡᠷᠡᠰ ᠴᠢᠩᠭᠠ ᠤᠳᠤᠷᠢᠳᠤᠯᠭᠠ ᠳᠤᠤᠷᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠ ᠨᠠᠮ ᠢ ᠬᠠᠮᠢᠶᠠᠷᠴᠤ᠌ ᠨᠠᠮ ᠢ ᠵᠠᠰᠠᠬᠤ ᠤᠯᠤᠰ ᠲᠥᠷᠥ ᠶ᠋ᠢᠨ ᠬᠠᠷᠢᠭᠤᠴᠠᠯᠭᠠ ᠶ᠋ᠢ ᠡᠷᠡᠰ
ᠡᠭᠦᠷᠭᠡᠯᠡᠵᠦ᠍ ᠂ 《ᠳᠥᠷᠪᠡᠨ ᠰᠤᠷᠲᠠᠯ》 ᠢ᠋ ᠵᠠᠯᠠᠷᠠᠭᠤᠯᠬᠤ ᠂ ᠰᠤᠷᠲᠠᠯ ᠢᠶᠠᠨ ᠬᠤᠪᠢᠷᠠᠭᠤᠯᠬᠤ ᠶ᠋ᠢ ᠴᠥᠬᠥᠷᠡᠰᠢ ᠥᠬᠡᠶ ᠪᠠᠷᠢᠮᠲᠠᠯᠠᠵᠤ᠂ ᠨᠡᠭᠦᠷᠡᠰᠦᠨᠦ ᠡᠬᠢ ᠪᠠᠶᠠᠯᠢᠭ ᠤᠨ ᠬᠦᠷᠢᠶᠡᠨᠳᠡᠬᠢ ᠲᠦᠷᠢᠮ ᠲᠣᠭ᠍ᠲᠠᠭᠠᠯᠠᠴᠠ ᠵᠥᠷᠢᠴᠡᠵᠦ᠍ ᠬᠠᠤᠯᠢᠠᠴᠠ
ᠵᠥᠷᠢᠴᠡᠭ᠌ᠰᠡᠨ ᠠᠰᠠᠭᠤᠳᠠᠯ ᠢ ᠲᠤᠰᠭᠠᠶ ᠴᠡᠭ᠌ᠴᠡᠯᠡᠨ ᠵᠠᠰᠠᠬᠤ ᠶ᠋ᠢ ᠭᠦᠨᠵᠡᠭᠡᠶ ᠠᠬᠢᠭᠤᠯᠵᠤ᠂ ᠤᠯᠤᠰ ᠲᠥᠷᠥ᠍
ᠬᠠᠤᠯᠢ ᠴᠠᠭᠠᠵᠠ ᠶ᠋ᠢᠨ ᠡᠩᠨᠡᠭᠡᠨ ᠦ ᠬᠥᠮᠦᠵᠢᠯ ᠴᠡᠭ᠌ᠴᠡᠯᠡᠯᠲᠡ ᠶ᠋ᠢ ᠯᠠᠪᠳᠠᠭᠤᠨ ᠪᠠᠲᠤᠲᠠᠶ ᠠᠬᠢᠭᠤᠯᠵᠤ
᠂ ᠡᠯᠡ ᠵᠦᠶ᠋ᠯ ᠦᠨ ᠠᠵᠢᠯ ᠤᠨ ᠱᠢᠨᠡ ᠪᠠᠢᠳᠠᠯ ᠢ ᠡᠭᠦᠳᠬᠦ᠌ᠳᠦ ᠣᠪᠣᠷ ᠲᠥᠪ ᠰᠤᠷᠲᠠᠯ ᠴᠢᠬᠡᠴᠢ ᠤᠯᠤᠰ
ᠲᠥᠷᠥ ᠶ᠋ᠢᠨ ᠠᠮᠢ ᠠᠬᠤᠶ ᠶ᠋ᠢ ᠪᠣᠶ ᠪᠣᠯᠭᠠᠪᠠ᠃
ᠰᠤᠷᠤᠯᠴᠠᠯᠭᠠ ᠶ᠋ᠢ ᠴᠢᠬᠤᠯᠠᠴᠢᠯᠠᠬᠤ ᠪᠣᠯ ᠮᠠᠨ ᠤ ᠨᠠᠮ ᠪᠠ ᠠᠵᠢᠯ ᠦᠢᠯᠡᠰ ᠦᠨ ᠬᠥᠭ᠌ᠵᠢᠯᠲᠡ
ᠶ᠋ᠢ ᠠᠬᠢᠭᠤᠯᠬᠤ ᠨᠢᠭᠡᠨ ᠠᠮᠵᠢᠯᠲᠠᠲᠠᠶ ᠲᠤᠷᠱᠢᠯᠭᠠ ᠪᠤᠯᠬᠤ ᠶᠤᠮ᠂ ᠪᠠᠰᠠ ᠴᠤ᠌ ᠨᠠᠮ ᠤᠨ ᠳᠣᠲᠣᠭᠠᠳᠤᠶ᠋ᠢᠨ
ᠤᠯᠤᠰ ᠲᠦᠷᠦ᠍ ᠶ᠋ᠢᠨ ᠠᠮᠢᠳᠤᠷᠠᠯ ᠤᠨ ᠢᠯᠡ ᠲᠣᠳᠣ ᠳᠡᠪᠢᠰᠭᠡᠷ ᠦᠨᠭ᠌ᠭᠡ ᠮᠥᠨ᠃ 《ᠬᠣᠶᠠᠷ ᠢ ᠰᠤᠷᠤᠯᠴᠠᠵᠦ᠍ ᠨᠢᠭᠡ ᠳᠦ ᠲᠡᠩᠴᠡᠭᠦᠯᠬᠦ᠌ 》 ᠰᠤᠷᠤᠯᠴᠠᠯᠭᠠ ᠬᠥᠮᠦᠵᠢᠯᠡᠴᠡ 《ᠤᠭ ᠰᠠᠨᠠᠭᠠᠪᠠᠨ ᠦᠯᠦ᠍ ᠮᠠᠷᠲᠠᠵᠤ ᠡᠭᠦᠷᠭᠡ ᠬᠠᠷᠢᠭᠤᠴᠠᠯᠭᠠᠪᠠᠨ
ᠪᠠᠲᠤ ᠴᠡᠭᠡᠵᠢᠯᠡᠬᠦ᠌》ᠭᠣᠣᠯ ᠰᠡᠳᠦᠪᠲᠦ ᠬᠥᠮᠦᠵᠢᠯ ᠬᠦᠷᠲᠡᠯᠡ᠂ ᠲᠠᠬᠢᠭᠠᠳ ᠨᠠᠮ ᠪᠠᠢᠭᠤᠯᠤᠭ᠍ᠳᠠᠭ᠍ᠰᠠᠨ100 ᠵᠢᠯᠦᠨ ᠤᠢᠶ᠋ᠢᠨ
ᠲᠠᠱᠢᠷᠠᠮᠳᠤ ᠥᠷᠨᠢᠭᠦᠯᠦᠭ᠌ᠰᠡᠨ ᠨᠠᠮ ᠤᠨ ᠲᠡᠦᠬᠡ ᠶ᠋ᠢᠨ ᠰᠤᠷᠤᠯᠴᠠᠯᠭᠠ ᠬᠥᠮᠦᠵᠢᠯ ᠬᠦᠷᠲᠡᠯᠡ᠂ ᠤᠳᠠᠭᠠ
ᠪᠦᠷᠢ ᠴᠥᠮ ᠦᠵᠡᠯ ᠰᠠᠨᠠᠭᠠᠨ ᠤ ᠠᠷᠢᠭᠤᠳᠭᠠᠯ᠂ ᠤᠨᠤᠯᠤᠨ ᠵᠡᠪᠰᠡᠭ᠌ᠯᠡᠯ ᠪᠣᠯᠵᠦ ᠴᠢᠳᠠᠵᠠᠢ᠃ 《ᠣᠭ ᠰᠠᠨᠠᠭᠠ ᠪᠠᠨ ᠥᠯᠥ᠍ ᠮᠠᠷᠲᠠᠵᠤ ᠡᠭᠦᠷᠭᠡ ᠬᠠᠷᠢᠭᠤᠴᠠᠯᠭᠠ ᠪᠠᠨ
ᠪᠠᠲᠤ ᠴᠡᠭᠡᠵᠢᠯᠡᠬᠦ᠌ 》
ᠭᠤᠤᠯ ᠰᠡᠳᠦᠪᠲᠦ ᠬᠥᠮᠦᠵᠢᠯ ᠤᠨ ᠠᠵᠢᠯᠯᠠᠭᠠ ᠵᠢ ᠦᠷᠨᠢᠭᠦᠯᠬᠦ ᠳᠤᠮᠳᠠ᠂
2.99 ᠲᠦᠮᠡᠨ ᠬᠤᠪᠢ
ᠤᠳᠠᠭᠠ ᠶ᠋ᠢᠨ ᠠᠰᠠᠭᠤᠳᠠᠯ ᠢ ᠴᠡᠭ᠌ᠴᠡᠯᠡᠨ ᠰᠠᠢᠵᠢᠷᠠᠭᠤᠯᠵᠦ᠂ ᠨᠠᠮ ᠤᠨ ᠲᠡᠦᠬᠡᠶ᠋ᠢᠨ ᠰᠤᠷᠤᠯᠴᠠᠯᠭᠠ
ᠬᠥᠮᠦᠵᠢᠯ ᠦᠨ ᠳᠤᠮᠳᠠ᠂ ᠣᠯᠠᠨ ᠲᠦᠮᠡᠨ ᠦ 《ᠪᠠᠴᠢᠮᠳᠠᠵᠦ ᠬᠦᠴᠢᠷᠳᠡᠵᠦ ᠵᠤᠪᠠᠨᠢᠵᠦ ᠬᠦᠰᠡᠵᠦ》 ᠪᠠᠢᠭᠠ 4.02 ᠲᠦᠮᠡᠨ ᠠᠰᠠᠭᠤᠳᠠᠯ ᠢ ᠱᠢᠶ᠋ᠳᠪᠦᠷᠢᠯᠡᠵᠦ᠍᠂ ᠣᠯᠠᠨ ᠲᠦᠮᠡᠨ ᠱᠢᠨᠡ
ᠬᠤᠪᠢᠷᠠᠯᠲᠠᠶ᠋ᠢ ᠮᠡᠳᠡᠷᠡᠵᠦ᠍᠂ ᠨᠠᠮ ᠤᠨ ᠭᠡᠱᠢᠭᠦᠨ ᠺᠠᠳ᠋ᠷᠴᠤᠳ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂
ᠣᠭ ᠰᠠᠨᠠᠭᠠᠪᠠᠨ ᠴᠡᠪᠡᠷᠱᠢᠭᠦᠯᠪᠡ᠃
ᠤᠨᠤᠯ ᠢ ᠡᠵᠡᠮᠰᠢᠭᠰᠡᠨ ᠭᠦᠨᠴᠡ ᠶᠢᠨ ᠬᠡᠮᠵᠢᠶᠡ ᠨᠢ ᠦᠵᠡᠯ ᠰᠠᠨᠠᠭᠠ ᠲᠠᠨᠢᠯᠲᠠᠶ᠋ᠢᠨ
ᠦᠨᠳᠦᠷᠴᠡ᠂ ᠲᠤᠭᠤᠱᠢᠯᠠᠭᠤᠯᠤᠨ ᠬᠡᠷᠡᠭ᠌ᠵᠢᠭᠦᠯᠬᠦ᠌ ᠡᠷᠴᠢᠮ ᠪᠠ ᠠᠵᠢᠯ ᠢᠶᠠᠨ ᠥᠷᠨᠢᠭᠦᠯᠬᠦ᠌ ᠦᠷᠡ ᠪᠦᠲᠦᠮᠵᠢ
ᠶ᠋ᠢ ᠲᠣᠭ᠍ᠲᠠᠭᠠᠳᠠᠭ᠃ ᠤᠯᠠᠭᠠᠨᠬᠦᠦ᠍ ᠶ᠋ᠢᠨ ᠳᠤᠷᠠᠰᠭᠠᠯ ᠤᠨ ᠣᠷᠳᠣᠨ ᠳᠤ ᠳᠤᠭᠤᠷᠢᠨ ᠰᠤᠷᠤᠯᠴᠠᠬᠤᠠᠴᠠ
ᠴᠠᠭ ᠦᠶᠡ ᠶ᠋ᠢᠨ ᠵᠢᠱ᠌ᠢᠶᠡᠴᠢ ᠶ᠋ᠢᠨ ᠲᠡᠷᠢᠭᠦᠨᠦ ᠦᠢᠯᠡ ᠠᠵᠢᠯᠯᠠᠭᠠ ᠶ᠋ᠢᠨ ᠮᠡᠳᠡᠭᠦᠯᠦᠯᠲᠡ ᠶ᠋ᠢᠨ
ᠪᠦᠯᠬᠦᠮ ᠦᠨ ᠲᠣᠭᠣᠷᠢᠨ ᠮᠡᠳᠡᠭᠦᠯᠦᠯᠲᠡ ᠶᠢ ᠰᠣᠨᠣᠰᠭᠤ ᠬᠦᠷᠲᠡᠯᠡ ᠂ ᠨᠠᠮᠴᠢ ᠴᠢᠨᠠᠷ ᠤᠨ ᠬᠥᠮᠦᠵᠢᠯ ᠪᠣᠯᠪᠠᠰᠤᠷᠠᠯ
ᠤᠨ ᠠᠩᠬᠢ ᠡᠷᠬᠢᠯᠡᠬᠦ᠌ᠡᠴᠡ 《ᠢᠨᠲᠸᠷ ᠰᠦᠯᠵᠢᠢᠡ +》 《ᠲᠦᠷᠭᠡᠨ ᠲᠡᠷᠭᠡᠨ》ᠳᠦ ᠰᠠᠭᠤᠵᠤ ᠨᠠᠮᠴᠢ ᠴᠢᠨᠠᠷᠤᠨ ᠬᠥᠮᠦᠵᠢᠯ ᠥᠷᠨᠢᠭᠦᠯᠬᠦ᠌ ᠪᠤᠯᠲᠠᠯᠠ
᠁ ᠣᠷᠣᠨ ᠳᠠᠶᠠᠭᠠᠷ ᠵᠢᠡᠨ 《 ᠰᠢᠶ᠋ᠢᠨ ᠫᠢᠩ ᠦᠨ ᠱᠢᠨᠡ ᠴᠠᠭ ᠦᠶᠡ ᠶ᠋ᠢᠨ ᠳᠤᠮᠳᠠᠳᠤ ᠤᠯᠤᠰ
ᠤᠨ ᠣᠨᠴᠠᠯᠢᠭᠲᠠᠶ ᠨᠡᠢᠭᠡᠮ ᠵᠢᠷᠤᠮ ᠤᠨ ᠦᠵᠡᠯ ᠰᠠᠨᠠᠭᠠᠨᠤ ᠬᠥᠮᠦᠵᠢᠯ ᠪᠣᠯᠪᠠᠰᠤᠷᠠᠯᠤᠨ ᠲᠥᠯᠥᠪᠯᠡᠭᠡ》 ᠵᠢ ᠭᠦᠨᠵᠡᠭᠡᠢ ᠬᠡᠷᠡᠭ᠌ᠵᠢᠭᠦᠯᠵᠦ᠍ ᠂ ᠡᠯᠡ ᠱᠠᠲᠤᠨ ᠤ ᠨᠠᠮ ᠤᠨ
ᠰᠤᠷᠭᠠᠭᠤᠯᠢ (ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ) ᠂ ᠺᠠᠳ᠋ᠷ ᠤᠨ ᠳᠡᠭᠡᠳᠦ ᠰᠤᠷᠭᠠᠭᠤᠯᠢ ᠶ᠋ᠢᠨ ᠵᠢᠭᠠᠨ ᠰᠤᠷᠭᠠᠯᠲᠠ
ᠶ᠋ᠢᠨ ᠲᠤᠬᠢᠷᠠᠭᠤᠯᠤᠯᠳᠠᠳᠠᠬᠢ ᠬᠢᠴᠢᠶᠡᠯᠦᠨ ᠬᠤᠪᠢᠶ᠋ᠢᠨ ᠵᠢᠩ 50 % ᠡᠴᠡ ᠳᠡᠭᠡᠭ᠌ᠰᠢ ᠳᠦ ᠬᠦᠷᠴᠡᠢ᠃ ᠥᠪᠥᠷ ᠮᠣᠩᠭᠣᠯ ᠤᠨ ᠺᠠᠳ᠋ᠷ ᠤᠨ
ᠰᠦᠯᠵᠢᠶᠡᠨ ᠦ ᠪᠣᠯᠪᠠᠰᠤᠷᠠᠯ ᠤᠨ ᠳᠡᠭᠡᠳᠦ ᠰᠤᠷᠭᠠᠭᠤᠯᠢ ᠶ᠋ᠢ ᠪᠠᠢᠭᠤᠯᠵᠤ ᠂ ᠪᠦᠬᠦ᠌ ᠣᠷᠣᠨ ᠤ ᠱᠢᠶᠠᠨ
ᠭᠠᠵᠠᠷ ᠤᠨ ᠲᠡᠰ ᠠᠴᠠ ᠳᠡᠭᠡᠭ᠌ᠰᠢᠬᠢ ᠺᠠᠳ᠋ᠷ ᠤᠨ ᠰᠦᠯᠵᠢᠶᠡᠨ ᠦ ᠪᠣᠯᠪᠠᠰᠤᠷᠠᠯ ᠢ ᠪᠦᠬᠦᠨ ᠢ ᠪᠦᠷᠬᠦᠬᠦᠯᠬᠦ᠌
ᠶ᠋ᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠲᠠᠯᠠ ᠠᠴᠠ ᠠᠵᠤ ᠠᠬᠤᠶ ᠶ᠋ᠢᠨ ᠴᠢᠨᠠᠷ ᠰᠠᠢᠲᠠᠶ
ᠬᠥᠭ᠌ᠵᠢᠯᠲᠡ ᠂ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ ᠂ ᠠᠮᠢ ᠠᠬᠤᠶ ᠣᠷᠴᠢᠨ ᠲᠣᠭᠣᠷᠢᠨ
ᠤ ᠬᠠᠮᠠᠭᠠᠯᠠᠯᠲᠠ ᠵᠡᠷᠭᠡ ᠠᠭᠤᠯᠭᠠ ᠶ᠋ᠢᠨ ᠲᠣᠭᠣᠷᠢᠨᠳᠤ 150 ᠭᠠᠷᠤᠶ ᠬᠤᠭᠤᠴᠠᠭᠠᠨ
ᠤ ᠪᠣᠯᠪᠠᠰᠤᠷᠠᠯ ᠤᠨ ᠠᠩᠭᠢ ᠡᠷᠭᠢᠯᠡᠵᠦ᠍ ᠂ ᠤᠳᠤᠷᠢᠳᠭᠤ ᠺᠠᠳ᠋ᠷ ᠤᠨ ᠴᠢᠨᠠᠷ ᠰᠠᠢᠲᠠᠶ ᠬᠥᠭ᠌ᠵᠢᠯᠲᠡ ᠶ᠋ᠢ ᠠᠬᠢᠭᠤᠯᠬᠤ ᠴᠢᠳᠠᠪᠤᠷᠢ ᠶ᠋ᠢ ᠬᠦᠴᠦᠯᠡᠨ ᠳᠡᠭᠡᠭᠰᠢᠯᠡᠬᠦᠯᠪᠡ᠃
《ᠵᠠᠩᠭᠢᠯᠠᠭᠠᠶ᠋ᠢᠨ ᠴᠡᠭ》 ᠪᠣᠯ ᠳᠠᠷᠤᠢ 《ᠱᠢᠯᠭᠠᠯᠲᠠᠶ᠋ᠢᠨ ᠴᠡᠭ》 ᠮᠥᠨ᠂ ᠣᠪᠣᠷ ᠰᠤᠷᠲᠠᠯ ᠪᠣᠯ ᠳᠠᠷᠤᠢ ᠲᠤᠩᠬᠠᠭ ᠮᠥᠨ᠃ 2021 ᠣᠨ ᠤ 9 ᠰᠠᠷᠠ ᠶ᠋ᠢᠨ
15 ᠤ᠋ ᠡᠳᠦᠷ᠂
ᠥᠪᠡᠷᠲᠡᠭᠡᠨ ᠵᠠᠰᠠᠬᠤ ᠣᠷᠣᠨ ᠤ ᠰᠠᠬᠢᠯᠭᠠ ᠪᠠᠲᠤ ᠪᠠᠢᠴᠠᠭᠠᠬᠤ ᠬᠣᠷᠢᠶᠠ ᠬᠢᠨᠠᠨ ᠪᠠᠢᠴᠠᠭᠠᠬᠤ ᠵᠥᠪᠯᠡᠯ
ᠲᠥᠪ ᠦᠨ ᠨᠠᠶ᠋ᠮᠠᠨ ᠲᠣᠭ᠍ᠲᠠᠭᠠᠯ ᠤᠨ ᠵᠣᠷᠢᠭ ᠰᠠᠨᠠᠭᠠ ᠶ᠋ᠢ ᠵᠥᠷᠢᠴᠡᠭ᠌ᠰᠡᠨ 6 ᠨᠡᠢᠲᠡᠯᠢᠭ
ᠬᠡᠷᠡᠭ ᠦᠨ ᠵᠢᠱ᠌ᠢᠶᠡ ᠶ᠋ᠢ ᠵᠠᠷᠯᠠᠨ ᠨᠡᠢᠲᠡᠯᠡᠵᠦ᠍᠂ ᠨᠠᠶ᠋ᠮᠠᠨ ᠰᠠᠷᠠ ᠶ᠋ᠢᠨ ᠲᠡᠷᠭᠡᠯ ᠪᠠᠶᠠᠷ᠂ ᠤᠯᠤᠰ
ᠤᠨ ᠪᠠᠶᠠᠷ ᠬᠦᠷᠴᠦ᠍ ᠢᠷᠡᠬᠦ᠌ᠡᠴᠡ ᠡᠮᠦᠨᠡᠬᠡᠨ᠂ 《ᠳᠥᠷᠪᠡᠨ ᠰᠤᠷᠲᠠᠯ》
ᠤ᠋ᠨ ᠠᠰᠠᠭᠤᠳᠠᠯ ᠢ
ᠴᠢᠩᠭᠠ ᠠᠩᠬᠠᠷᠴᠤ᠌᠂ ᠡᠴᠦᠰᠲᠦᠨᠢ ᠲᠤᠯᠲᠠᠯᠠ ᠠᠳᠭᠤᠬᠤ ᠴᠢᠩᠭᠠ ᠳᠣᠬᠢᠶᠠ ᠲᠠᠯᠪᠢᠪᠠ᠃
5 ᠵᠢᠯ ᠦᠨ
ᠲᠤᠷᠰᠢ᠂ ᠪᠥᠬᠥ᠌ ᠣᠷᠣᠨ ᠤ ᠡᠯᠡ ᠭᠠᠵᠠᠷ ᠣᠷᠣᠨ ᠡᠯᠡ ᠰᠠᠯᠠᠭᠠ ᠮᠥᠴᠢᠷ ᠦᠨᠬᠢᠨ ᠰᠢᠶ᠋ᠢᠨ ᠫᠢᠩ ᠦᠨ
ᠱᠢᠨᠡ ᠴᠠᠭ ᠦᠶᠡ ᠶ᠋ᠢᠨ ᠳᠤᠮᠳᠠᠳᠤ ᠤᠯᠤᠰ ᠤᠨ ᠣᠨᠴᠠᠯᠢᠭᠲᠠᠶ ᠨᠡᠢᠭᠡᠮ ᠵᠢᠷᠤᠮ ᠤᠨ ᠦᠵᠡᠯ ᠰᠠᠨᠠᠭᠠᠪᠠᠷ
ᠵᠢᠯᠣᠭᠣᠳᠣᠯᠭᠠ ᠪᠣᠯᠭᠠᠬᠤ ᠶ᠋ᠢ ᠪᠠᠷᠢᠮᠲᠠᠯᠠᠵᠤ᠂ 《ᠳᠥᠷᠪᠡᠨ ᠰᠤᠷᠲᠠᠯ》
ᠢ᠋ ᠴᠥᠬᠥᠷᠡᠰᠢ ᠥᠬᠡᠶ
ᠵᠠᠯᠠᠷᠠᠭᠤᠯᠵᠤ ᠰᠤᠷᠲᠠᠯ ᠢᠶᠠᠨ ᠬᠤᠪᠢᠷᠠᠭᠤᠯᠬᠤ ᠶ᠋ᠢ ᠪᠠᠷᠢᠮᠲᠠᠯᠠᠵᠤ᠂ ᠲᠤᠰᠭᠠᠶ ᠴᠡᠭ᠌ᠴᠡᠯᠡᠨ ᠵᠠᠰᠠᠯᠲᠠ
ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠠᠷᠬᠠᠭ ᠬᠡᠮ ᠪᠠ ᠬᠠᠭᠤᠴᠢᠨ ᠠᠷᠬᠠᠭ ᠮᠠᠭᠤ ᠳᠠᠳᠭᠠᠯ ᠢ ᠡᠷᠡᠰ
ᠠᠷᠢᠯᠭᠠᠵᠤ᠂ ᠭᠠᠵᠢᠭᠤ ᠰᠤᠷᠲᠠᠯ ᠢ ᠵᠠᠰᠠᠵᠤ ᠱᠢᠨᠡ ᠰᠤᠷᠲᠠᠯ ᠢ ᠪᠣᠶ ᠪᠣᠯᠭᠠᠨ ᠲᠥᠪ ᠰᠤᠷᠲᠠᠯ ᠢ ᠪᠠᠳᠠᠷᠠᠭᠤᠯᠵᠤ᠂
ᠰᠤᠷᠲᠠᠯ ᠤᠨ ᠪᠠᠢᠭᠤᠯᠤᠯᠲᠠ ᠶ᠋ᠢ ᠲᠠᠰᠤᠷᠠᠯᠲᠠ ᠥᠬᠡᠶ ᠭᠦᠨᠵᠡᠭᠡᠢᠷᠡᠭᠦᠯᠵᠦ᠍᠂ ᠨᠠᠮ ᠤᠨ ᠰᠤᠷᠲᠠᠯ ᠵᠠᠰᠠᠭ
ᠤᠨ ᠰᠤᠷᠲᠠᠯ ᠢ ᠰᠠᠢᠵᠢᠷᠠᠭᠤᠯᠵᠦ᠂ ᠨᠡᠢᠭᠡᠮ ᠦᠨ ᠬᠡᠪ ᠰᠤᠷᠲᠠᠯ ᠢ ᠱᠢᠨᠡᠳᠭᠡᠪᠡ᠃
ᠱᠢᠨᠲᠠᠷᠠᠰᠢ ᠦᠭᠡᠢ ᠴᠢᠷᠮᠠᠢᠵᠦ᠂ ᠵᠣᠭ᠍ᠰᠣᠯ ᠦᠭᠡᠢ ᠤᠷᠤᠭ᠍ᠰᠢᠯᠠᠪᠠᠯ ᠬᠡᠪ ᠰᠤᠷᠲᠠᠯ ᠯᠠᠪ ᠬᠤᠪᠢᠷᠠᠨᠠ᠃
ᠵᠠᠩᠭᠢᠯᠠᠭᠠ ᠶ᠋ᠢᠨ ᠴᠡᠭ ᠢ ᠴᠢᠩᠭᠠ ᠠᠩᠬᠠᠷᠴᠤ᠌ ᠮᠡᠳᠡᠭ᠌ᠳᠡᠯ ᠳᠠᠷᠤᠮᠠᠯᠯᠠᠨ ᠲᠠᠷᠬᠠᠭᠠᠵᠤ᠂ ᠵᠠᠷᠯᠠᠨ ᠮᠡᠳᠡᠭ᠌ᠳᠡᠵᠦ᠍᠂
ᠡᠷᠲᠡᠬᠡᠨ ᠪᠠᠢᠷᠢᠯᠠᠭᠤᠯᠵᠤ᠂ ᠡᠷᠲᠡᠬᠡᠨ ᠰᠡᠷᠡᠮᠵᠢᠯᠡᠭᠦᠯᠵᠦ᠍᠂ ᠠᠷᠢᠭᠤᠨ ᠴᠢᠬᠡᠴᠢ ᠶ᠋ᠢ ᠡᠷᠬᠢᠮᠯᠡᠵᠦ᠍ ᠠᠷᠪᠢᠯᠠᠨ
ᠭᠠᠮᠨᠠᠬᠤ ᠪᠠᠶᠠᠷ ᠤᠨ ᠡᠳᠦᠷ ᠦᠨ ᠠᠭᠤᠷ ᠠᠮᠢᠰᠭᠤᠯ ᠢ ᠪᠤᠢ ᠪᠣᠯᠭᠠᠬᠤᠠᠴᠠ ᠠᠷᠭᠠ ᠬᠡᠯᠪᠡᠷᠢ ᠠᠷᠭᠠ ᠬᠡᠮᠵᠢᠶᠡ
ᠪᠡᠨ ᠱᠢᠨᠡᠴᠢᠯᠡᠵᠦ᠍᠂ ᠤᠯᠠᠨ ᠵᠦᠢᠯ ᠦᠨ ᠠᠷᠭᠠ ᠬᠡᠯᠪᠡᠷᠢᠪᠡᠷ ᠬᠢᠨᠠᠯᠲᠠ ᠳᠠᠯᠪᠢᠵᠦ ᠪᠠᠢᠴᠠᠭᠠᠯᠲᠠ ᠥᠷᠨᠢᠭᠦᠯᠬᠦ᠌ ᠬᠦᠷᠲᠡᠯᠡ᠂ ᠲᠠᠬᠢᠭᠠᠳ ᠵᠢᠷᠭᠠᠨ
ᠴᠡᠩᠭᠡᠬᠦ᠌᠂ ᠱᠠᠯᠢᠨ ᠪᠦᠷᠢᠯᠭᠡᠬᠦ᠌᠂ ᠨᠢᠭᠤᠨ ᠳᠠᠯᠳᠠᠯᠠᠬᠤ᠂ ᠣᠨᠳᠣᠣᠱᠢᠬᠤᠶ᠋ᠢᠨ ᠴᠤᠬᠤᠢᠯᠲᠠ ᠶ᠋ᠢᠨ ᠴᠢᠨᠠᠷᠲᠠᠢ
ᠠᠰᠠᠭᠤᠳᠠᠯ ᠢ ᠡᠷᠲᠡᠡᠴᠡ ᠠᠳᠭᠤᠵᠤ ᠡᠬᠢ ᠡᠴᠡ ᠨᠢ ᠰᠡᠷᠭᠡᠢᠯᠡᠬᠦ᠌
ᠬᠦᠷᠲᠡᠯᠡ ᠁ 5 ᠵᠢᠯᠦᠨ ᠲᠤᠷᠰᠢ᠂
ᠪᠦᠬᠦ᠌ ᠣᠷᠣᠨ ᠤ ᠡᠯᠡ ᠭᠠᠵᠠᠷ ᠤᠷᠤᠨ ᠡᠯᠡ ᠰᠠᠯᠠᠭᠠ ᠮᠥᠴᠢᠷ ᠦᠨ ᠬᠢᠨ 《ᠲᠦᠷᠪᠡᠨ ᠰᠤᠷᠲᠠᠯ》ᠤᠨ ᠠᠰᠠᠭᠤᠳᠠᠯ ᠢ ᠨᠢᠭᠡ ᠴᠤᠬ᠍ᠴᠠᠵᠢᠭᠤᠯᠤᠨ ᠵᠠᠯᠠᠷᠠᠭᠤᠯᠤᠨ ᠵᠠᠰᠠᠵᠤ᠂ ᠠᠵᠢᠯ ᠤᠨ ᠠᠷᠭᠠ
ᠬᠡᠯᠪᠡᠷᠢ ᠪᠣᠯᠤᠨ ᠬᠢᠨᠠᠯᠲᠠ ᠲᠠᠯᠪᠢᠬᠤ ᠠᠷᠭᠠ ᠬᠡᠮᠵᠢᠶᠡᠪᠡᠨ ᠲᠠᠰᠤᠷᠠᠯᠳᠠ ᠦᠭᠡᠢ ᠱᠢᠨᠡᠴᠢᠯᠡᠵᠦ᠍᠂ ᠬᠠᠳᠠᠭᠠᠰᠤ
ᠬᠠᠳᠠᠬᠤ ᠵᠣᠷᠢᠭ ᠰᠠᠨᠠᠭᠠᠪᠠᠷ ᠰᠤᠷᠲᠠᠯ ᠤᠨ ᠪᠠᠢᠭᠤᠯᠤᠯᠲᠠᠶ᠋ᠢ ᠠᠬᠢᠭᠤᠯᠪᠠ᠃
ᠶᠡᠬᠡ ᠳᠠᠢᠯᠠᠯᠳᠤᠭᠠᠨ ᠶᠡᠬᠡ ᠱᠢᠯᠭᠠᠯᠲᠠ ᠬᠢᠬᠦ᠌ᠳᠦ ᠠᠵᠢᠯᠤᠨ ᠰᠤᠷᠲᠠᠯ ᠴᠢᠩᠭᠠ ᠪᠠᠢᠬᠤ
ᠶᠢ ᠱᠠᠭᠠᠷᠳᠠᠨᠠ᠃ ᠪᠦᠬᠦ᠌ ᠣᠷᠣᠨ ᠤ ᠡᠯᠡ ᠭᠠᠵᠠᠷ ᠤᠷᠤᠨ ᠡᠯᠡ ᠰᠠᠯᠠᠭᠠ ᠮᠥᠴᠢᠷ ᠦᠨ ᠬᠢᠨ ᠬᠢᠵᠢᠭ ᠦᠨ
ᠪᠠᠢᠳᠠᠯ ᠢ ᠰᠡᠷᠭᠡᠢᠯᠡᠨ ᠡᠵᠡᠮᠳᠡᠬᠦ᠌᠂ ᠶᠠᠳᠠᠭᠤᠠᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ ᠵᠡᠷᠭᠡ ᠡᠮᠦᠨᠡ
ᠹᠷᠣᠨᠲ ᠢ ᠨᠠᠮ ᠤᠨ ᠭᠡᠱᠢᠭᠦᠨ ᠺᠠᠳ᠋ᠷ ᠤᠨ ᠰᠤᠷᠲᠠᠯ ᠢ ᠱᠢᠯᠭᠠᠬᠤ 《ᠱᠢᠯᠭᠠᠭᠤᠷ》 ᠪᠣᠯᠭᠠᠵᠤ᠂ ᠨᠠᠮ ᠤᠨ ᠭᠡᠱᠢᠭᠦᠨ ᠺᠠᠳ᠋ᠷ ᠤᠨ ᠡᠷᠡᠯᠬᠡᠭ᠌ᠯᠡᠨ ᠲᠡᠮᠡᠴᠡᠵᠦ᠍᠂ ᠪᠠᠲᠤᠲᠠᠢ ᠠᠵᠢᠯᠯᠠᠵᠤ᠂
ᠱᠢᠯᠭᠠᠯᠲᠠ ᠶ᠋ᠢ ᠳᠠᠭᠠᠭᠠᠵᠤ᠂ ᠴᠢᠩᠭᠠ ᠰᠤᠷᠲᠠᠯ ᠢᠶᠠᠷ
ᠨᠠᠮ ᠤᠨ ᠲᠥᠪ ᠬᠣᠷᠢᠶᠠᠨ ᠤ ᠬᠦᠨᠳᠦ ᠨᠠᠢᠳᠠᠯᠭᠠ ᠶ᠋ᠢ ᠬᠥᠰᠡᠷᠳᠡᠭᠦᠯᠬᠦ᠌ ᠦᠭᠡᠢ᠂ ᠠᠷᠠᠳ ᠤᠯᠠᠨ ᠤ ᠬᠦᠰᠡᠯ
ᠡᠷᠡᠮᠡᠯᠵᠡᠯ ᠢ ᠬᠥᠰᠡᠷᠳᠡᠭᠦᠯᠬᠦ᠌ ᠦᠭᠡᠢ ᠱᠢᠯᠢᠳᠡᠭ ᠬᠠᠷᠢᠭᠤᠯᠲᠠ ᠶ᠋ᠢᠨ ᠬᠠᠭᠤᠳᠠᠰᠤ ᠲᠤᠱᠢᠶᠠᠬᠤᠶ᠋ᠢ ᠤᠷᠮᠠᠱᠢᠭᠤᠯᠤᠨ
ᠵᠣᠷᠢᠭ᠍ᠵᠢᠭᠤᠯᠵᠤ ᠬᠦᠳᠦᠯᠥᠨ ᠵᠢᠯᠣᠭᠣᠳᠪᠠ᠃
ᠶᠠᠳᠠᠭᠤᠠᠴᠠ ᠠᠩᠭᠢᠵᠢᠷᠠᠭᠤᠯᠬᠤ ᠪᠤᠭᠤᠮᠲᠠ ᠱᠢᠪᠲᠤᠯᠬᠤ ᠳᠠᠢᠯᠠᠯᠳᠤᠭᠠᠨ ᠤ ᠶᠡᠬᠡ ᠱᠢᠯᠭᠠᠯᠲᠠᠳᠤ᠂
ᠪᠥᠬᠥ᠌ ᠣᠷᠣᠨ ᠳᠤ ᠶᠠᠳᠠᠭᠤ ᠶ᠋ᠢ ᠲᠡᠳᠬᠦᠬᠦ᠌ ᠬᠦᠷᠢᠶᠡᠨ ᠳᠡᠬᠢ ᠢᠯᠵᠠᠷᠠᠯ ᠪᠠ ᠰᠤᠷᠲᠠᠯ ᠤᠨ ᠳᠤᠬᠠᠢ 3244 ᠠᠰᠠᠭᠤᠳᠠᠯ
ᠢ ᠬᠡᠷᠡᠭ ᠪᠣᠯᠭᠠᠨ ᠳᠡᠩᠰᠡᠯᠡᠵᠦ᠍ ᠪᠠᠢᠴᠠᠭᠠᠨ ᠱᠢᠶ᠋ᠳᠪᠦᠷᠢᠯᠡᠵᠦ᠍᠂
5889 ᠬᠥᠮᠦᠨ ᠢ
ᠱᠢᠶ᠋ᠳᠪᠦᠷᠢᠯᠡᠵᠦ᠍᠂ ᠶᠠᠳᠠᠭᠤ ᠶ᠋ᠢ ᠲᠡᠳᠬᠦᠬᠦ᠌ ᠬᠦᠷᠢᠶᠡᠨᠳᠡᠬᠢ ᠰᠠᠬᠢᠯᠭᠠ ᠪᠠᠲᠤ ᠬᠠᠤᠯᠢ ᠴᠠᠭᠠᠵᠠ ᠶ᠋ᠢ
ᠵᠥᠷᠢᠴᠡᠭ᠌ᠰᠡᠨ 1436 ᠨᠡᠢᠲᠡᠯᠢᠭ
ᠠᠰᠠᠭᠤᠳᠠᠯ ᠢ ᠵᠠᠷᠯᠠᠨ ᠢᠯᠡᠴᠢᠯᠡᠵᠦ᠍᠂ ᠴᠢᠩᠭᠠ ᠬᠦᠴᠦᠲᠡᠶ ᠤᠯᠤᠰ ᠲᠥᠷᠥᠶ᠋ᠢᠨ ᠬᠢᠨᠠᠯᠲᠠ ᠳᠠᠯᠪᠢᠯᠲᠠᠪᠠᠷ
ᠥᠪᠡᠷᠲᠡᠭᠡᠨ ᠵᠠᠰᠠᠬᠤ ᠣᠷᠣᠨ ᠤ ᠶᠠᠳᠠᠭᠤᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠳᠠᠢᠯᠠᠯᠳᠤᠭᠠᠨ ᠤ
ᠱᠢᠶ᠋ᠳᠪᠦᠷᠢᠲᠦ ᠢᠯᠠᠯᠲᠠ ᠶ᠋ᠢ ᠪᠠᠲᠤᠯᠠᠪᠠ᠃
ᠬᠦᠨᠳᠦ ᠨᠣᠴᠢᠲᠠᠢ ᠬᠢᠵᠢᠭ ᠦᠨ ᠪᠠᠢᠳᠠᠯ ᠢ ᠰᠡᠷᠭᠡᠢᠯᠡᠨ ᠡᠵᠡᠮᠳᠡᠬᠦ᠌ ᠪᠠᠢᠳᠠᠯ ᠤᠨ ᠡᠮᠦᠨᠡ᠂
ᠪᠦᠬᠦ᠌ ᠣᠷᠣᠨ ᠤ ᠡᠯᠡ ᠭᠠᠵᠠᠷ ᠤᠨ ᠬᠢᠨ ᠬᠢᠵᠢᠭ ᠦᠨ ᠪᠠᠢᠳᠠᠯ ᠢ ᠰᠡᠷᠭᠡᠢᠯᠡᠨ ᠡᠵᠡᠮᠳᠡᠬᠦ᠌ ᠳᠦ ᠬᠢᠨᠠᠯᠲᠠ
ᠲᠠᠯᠪᠢᠬᠤ ᠠᠵᠢᠯ ᠢ ᠴᠠᠭ ᠲᠤᠬᠠᠢᠳᠤᠨᠢ ᠪᠠᠢᠷᠢᠯᠠᠭᠤᠯᠤᠨ ᠥᠷᠨᠢᠭᠦᠯᠵᠦ᠂ ᠪᠥᠭᠡᠮ ᠬᠦᠴᠢᠯ ᠦᠨ ᠪᠠᠢᠴᠠᠭᠠᠯᠲᠠ᠂ ᠲᠤᠰᠠᠭᠠᠷᠯᠠᠨ ᠬᠠᠮᠢᠶᠠᠷᠤᠨ ᠡᠵᠡᠮᠳᠡᠬᠦ᠌᠂ ᠨᠡᠢᠭᠡᠮ
ᠲᠣᠭᠣᠷᠢᠭ ᠤᠨ ᠰᠡᠷᠭᠡᠢᠯᠡᠨ ᠡᠵᠡᠮᠳᠡᠬᠦ᠌᠂ ᠰᠠᠭᠤᠭᠠᠯᠢ ᠠᠷᠠᠳ ᠤᠨ ᠠᠮᠢᠳᠤᠷᠠᠯ ᠤᠨ ᠡᠳ᠋ ᠪᠣᠳᠠᠰ ᠤᠨ ᠪᠠᠲᠤᠯᠠᠭᠠ
ᠵᠡᠷᠭᠡ ᠭᠣᠣᠯᠳᠠᠯᠭᠠᠲᠠᠶ ᠠᠵᠢᠯ᠂ ᠭᠣᠣᠯᠳᠠᠯᠭᠠᠲᠠᠶ ᠭᠣᠭ᠍ᠴᠣᠭᠠ ᠶ᠋ᠢ ᠴᠢᠩᠭᠠ ᠠᠩᠬᠠᠷᠴᠤ᠌᠂ ᠬᠢᠵᠢᠭ
ᠦᠨ ᠪᠠᠢᠳᠠᠯ ᠢ ᠰᠡᠷᠭᠡᠢᠯᠡᠨ ᠡᠵᠡᠮᠳᠡᠬᠦ᠌ ᠡᠮᠦᠨᠡ ᠹᠷᠣᠨᠲ ᠲᠤ ᠭᠦᠨᠵᠡᠭᠡᠢᠷᠡᠨ᠂ ᠬᠢᠵᠢᠭ ᠦᠨ ᠪᠠᠢᠳᠠᠯ
ᠢ ᠰᠡᠷᠭᠡᠢᠯᠡᠨ ᠡᠵᠡᠮᠳᠡᠬᠦ᠌ ᠵᠠᠩᠭᠢᠯᠠᠭᠠ ᠶ᠋ᠢᠨ ᠴᠡᠭ ᠢ ᠴᠢᠩᠭᠠ ᠠᠩᠬᠠᠷᠴᠤ᠌ ᠬᠢᠨᠠᠯᠲᠠ ᠲᠠᠯᠪᠢᠨ ᠪᠠᠢᠴᠠᠭᠠᠵᠤ᠂
ᠬᠢᠵᠢᠭ ᠦᠨ ᠪᠠᠢᠳᠠᠯ ᠢ ᠰᠡᠷᠭᠡᠢᠯᠡᠨ ᠡᠵᠡᠮᠳᠡᠬᠦ᠌ ᠠᠵᠢᠯ ᠳᠤᠮᠳᠠᠬᠢ ᠰᠤᠷᠲᠠᠯ ᠤᠨ ᠠᠰᠠᠭᠤᠳᠠᠯ ᠢ ᠡᠷᠡᠰ
ᠪᠠᠢᠴᠠᠭᠠᠨ ᠱᠢᠢᠳᠪᠦᠷᠢᠯᠡᠪᠡ᠃
ᠭᠠᠭ᠍ᠴᠠ ᠬᠦ᠌ ᠳᠦᠷᠢᠮ ᠦᠨ ᠱᠢᠩᠭᠡᠯᠢᠭ ᠢ ᠴᠢᠩᠭᠠ ᠰᠦᠯᠵᠢᠵᠦ᠍ ᠨᠢᠭ᠍ᠲᠠ ᠰᠦᠯᠵᠢᠪᠡᠯ ᠰᠠᠶᠢ
ᠡᠷᠬᠡ ᠶ᠋ᠢ ᠬᠠᠮᠢᠶᠠᠷᠴᠤ᠌᠂ ᠰᠤᠷᠲᠠᠯ ᠤᠨ ᠪᠠᠢᠭᠤᠯᠤᠯᠲᠠᠳᠤ ᠪᠠᠲᠤᠯᠠᠭᠠ ᠬᠠᠩᠭᠠᠵᠦ ᠴᠢᠳᠠᠨᠠ᠃ 2017 ᠣᠨ ᠤ 12 ᠰᠠᠷᠠ ᠳᠤ᠂
《ᠲᠥᠪ ᠦᠨ ᠨᠠᠶ᠋ᠮᠠᠨ ᠲᠣᠭ᠍ᠲᠠᠭᠠᠯ ᠤᠨ ᠵᠣᠷᠢᠭ ᠰᠠᠨᠠᠭᠠ ᠶ᠋ᠢ ᠭᠦᠨᠵᠡᠭᠡᠶ
ᠲᠤᠭᠤᠰᠢᠯᠠᠭᠤᠯᠤᠨ ᠨᠠᠢᠳᠠᠪᠤᠷᠢᠵᠢᠭᠤᠯᠵᠤ ᠰᠤᠷᠲᠠᠯ ᠤᠨ ᠪᠠᠢᠭᠤᠯᠤᠯᠲᠠ ᠶ᠋ᠢ ᠴᠢᠨᠠᠬᠰᠢᠳᠠ ᠴᠢᠩᠭᠠᠳᠭᠠᠬᠤ ᠲᠤᠬᠠᠶ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭ᠌ᠵᠢᠭᠦᠯᠬᠦ᠌ ᠠᠷᠭᠠ》 ᠶ᠋ᠢ ᠳᠠᠷᠤᠮᠠᠯᠯᠠᠨ ᠲᠠᠷᠬᠠᠭᠠᠵᠤ ᠬᠡᠷᠡᠭ᠌ᠵᠢᠭᠦᠯᠦᠨ᠂ ᠮᠠᠨ ᠤ ᠣᠷᠣᠨ
ᠤ ᠲᠥᠪ ᠦᠨ ᠨᠠᠶ᠋ᠮᠠᠨ ᠲᠣᠭ᠍ᠲᠠᠭᠠᠯ ᠤᠨ ᠵᠣᠷᠢᠭ ᠰᠠᠨᠠᠭᠠ ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂
ᠱᠠᠯᠢᠨ ᠪᠦᠷᠢᠯᠭᠡᠬᠦ᠌ ᠰᠤᠷᠲᠠᠯ ᠢ ᠡᠬᠢ ᠡᠭᠦᠰᠦᠯᠡᠴᠡᠨᠢ ᠬᠣᠷᠢᠭ᠍ᠯᠠᠬᠤ ᠳᠤ ᠬᠡᠷᠡᠭ᠌ᠵᠢᠭᠦᠯᠦᠬᠦᠰᠢᠲᠡᠢ
ᠵᠢᠷᠤᠮᠵᠢᠯ ᠬᠠᠩᠭᠠᠪᠠ᠃ 5 ᠵᠢᠯ ᠦᠨ ᠲᠤᠷᠰᠢ᠂ ᠨᠠᠮ ᠤᠨ ᠲᠥᠪ ᠬᠣᠷᠢᠶᠠ ᠨᠠᠮ ᠤᠨ ᠳᠣᠲᠣᠭᠠᠳᠤ
ᠶ᠋ᠢᠨ ᠤᠯᠤᠰ ᠲᠥᠷᠥ ᠶ᠋ᠢᠨ ᠠᠮᠢᠳᠤᠷᠠᠯ ᠤᠨ ᠪᠠᠷᠢᠮᠵᠢᠶᠠ᠂ ᠠᠷᠢᠭᠤᠨ ᠴᠢᠬᠡᠴᠢᠪᠡᠷ ᠪᠡᠶᠡᠪᠡᠨ ᠪᠠᠷᠢᠬᠤ
ᠲᠦᠷᠢᠮ᠂ ᠨᠠᠮ ᠤᠨ ᠳᠣᠲᠣᠭᠠᠳᠤ ᠶ᠋ᠢᠨ ᠬᠢᠨᠠᠯᠲᠠ ᠲᠠᠯᠪᠢᠬᠤ ᠲᠦᠷᠢᠮ᠂ ᠰᠠᠬᠢᠯᠭᠠ ᠪᠠᠲᠤ ᠶ᠋ᠢᠨ ᠱᠢᠢᠳᠭᠡᠯ
ᠥᠭ᠌ᠬᠦ ᠲᠦᠷᠢᠮ᠂ ᠬᠠᠷᠢᠭᠤᠴᠠᠯᠭᠠ ᠨᠡᠬᠡᠮᠵᠢᠯᠡᠬᠦ᠌ ᠲᠦᠷᠢᠮ ᠵᠡᠷᠭᠡ ᠨᠠᠮ ᠤᠨ ᠳᠣᠲᠣᠭᠠᠳᠤ ᠶ᠋ᠢᠨ ᠨᠢᠭᠡ ᠪᠦᠯᠦᠭ
ᠬᠠᠤᠯᠢ ᠲᠣᠭ᠍ᠲᠠᠭᠠᠯ ᠢ ᠲᠣᠭ᠍ᠲᠠᠭᠠᠨ ᠨᠡᠢᠲᠡᠯᠡᠵᠦ᠍᠂ ᠰᠤᠷᠲᠠᠯ ᠤᠨ ᠪᠠᠢᠭᠤᠯᠤᠯᠲᠠ ᠶ᠋ᠢᠨ ᠥᠩᠭᠡᠨ ᠲᠠᠯᠠ
ᠪᠠ ᠦᠨᠳᠦᠰᠦ ᠰᠤᠷᠪᠤᠯᠵᠢ ᠶ᠋ᠢ ᠵᠡᠷᠭᠡᠪᠡᠷ ᠵᠠᠰᠠᠬᠤ ᠶ᠋ᠢ ᠲᠠᠰᠤᠷᠠᠯᠲᠠ ᠥᠬᠡᠶ ᠠᠬᠢᠭᠤᠯᠪᠠ᠃ ᠲᠦᠷᠢᠮ ᠦᠨ
ᠱᠢᠰᠲ᠋ᠧᠮ ᠦᠨ ᠲᠠᠰᠤᠷᠠᠯᠳᠠ ᠦᠭᠡᠢ ᠲᠡᠭᠦᠯᠳᠡᠷᠵᠢᠭ᠌ᠰᠡᠨ ᠨᠢ ᠰᠠᠬᠢᠯᠭᠠ ᠪᠠᠲᠤ ᠶ᠋ᠢ ᠴᠢᠩᠭᠠ ᠬᠡᠷᠡᠭ᠌ᠵᠢᠭᠦᠯᠬᠦ᠌᠂
ᠰᠤᠷᠲᠠᠯ ᠤᠨ ᠪᠠᠢᠭᠤᠯᠤᠯᠲᠠ ᠶ᠋ᠢ ᠴᠢᠩᠭᠠ ᠠᠳᠭᠤᠬᠤ ᠳᠤ ᠰᠠᠬᠢᠯᠭᠠ ᠪᠠᠲᠤ ᠶ᠋ᠢᠨ ᠦᠨᠳᠦᠰᠦᠯᠡᠯ ᠬᠠᠩᠭᠠᠵᠤ᠂
ᠮᠠᠭᠤ ᠰᠤᠷᠲᠠᠯ ᠪᠠ ᠢᠯᠵᠠᠷᠠᠮᠠᠯ ᠦᠵᠡᠭ᠌ᠳᠡᠯ ᠦᠨ ᠡᠭᠦᠰᠦᠨ ᠳᠡᠯᠭᠡᠷᠡᠬᠦ᠌ ᠬᠥᠷᠥᠰᠥ᠍ ᠱᠢᠷᠣᠢᠶ᠋ᠢ ᠦᠨᠳᠦᠰᠦᠨᠡᠴᠡ
ᠨᠢ ᠠᠷᠢᠯᠭᠠᠬᠤ ᠳᠤ ᠲᠦᠷᠢᠮ ᠦᠨ ᠰᠠᠭᠤᠷᠢᠶ᠋ᠢ ᠪᠠᠲᠤᠳᠭᠠᠭ᠍ᠰᠠᠨ ᠪᠠᠢᠨᠠ᠃
ᠱᠢᠨᠡ ᠠᠶᠠᠨ ᠵᠠᠮᠳᠤ᠂ ᠡᠬᠡ ᠤᠯᠤᠰ ᠤᠨ ᠤᠮᠠᠷᠠᠲᠤ ᠬᠢᠯᠢ ᠳᠦ ᠭᠣᠢᠳᠠ ᠰᠠᠢᠬᠠᠨ ᠦᠯᠢᠭᠡᠷ
ᠦᠷᠬᠦᠯᠵᠢᠯᠡᠨ ᠪᠢᠴᠢᠭ᠌ᠯᠡᠭ᠌ᠳᠡᠨᠡ᠃ ᠥᠷᠭᠡᠨ ᠤᠯᠠᠨ ᠨᠠᠮ ᠤᠨ ᠭᠡᠱᠢᠭᠦᠨ ᠺᠠᠳ᠋ᠷ ᠡᠷᠡᠰ ᠭᠤᠢᠪᠢᠰᠢ ᠦᠭᠡᠢᠪᠡᠷ
ᠨᠠᠮ ᠤᠨ ᠦᠭᠡ ᠶ᠋ᠢ ᠰᠣᠨᠣᠰᠴᠤ᠌ ᠨᠠᠮ ᠢᠶᠠᠨ ᠳᠠᠭᠠᠵᠤ᠂ ᠠᠬᠠᠮᠠᠳ ᠬᠤᠪᠢᠰᠭᠠᠯᠴᠢᠳ ᠤᠨ ᠬᠦᠰᠡᠯ ᠨᠠᠢᠳᠠᠯᠭᠠ
ᠶ᠋ᠢ ᠬᠥᠰᠡᠷᠳᠡᠭᠦᠯᠬᠦ᠌ ᠦᠭᠡᠢ᠂ ᠲᠡᠦᠬᠡ ᠪᠠ ᠠᠷᠠᠳ ᠲᠦᠮᠡᠨ ᠳᠦ ᠣᠰᠣᠯᠳᠠᠬᠤ ᠦᠭᠡᠢ ᠪᠡᠷ ᠱᠢᠨᠡ ᠠᠮᠵᠢᠯᠲᠠ
ᠪᠦᠲᠦᠮᠵᠢ ᠶ᠋ᠢ ᠴᠢᠷᠮᠠᠢᠨ ᠡᠭᠦᠳᠴᠦ᠍᠂ ᠱᠢᠨᠡ ᠴᠠᠭ ᠦᠶᠡ ᠳᠦ ᠳᠤᠮᠳᠠᠳᠤ ᠤᠯᠤᠰ ᠤᠨ ᠣᠨᠴᠠᠯᠢᠭᠲᠠᠶ ᠨᠡᠢᠭᠡᠮ
ᠵᠢᠷᠤᠮ ᠢ ᠪᠠᠷᠢᠮᠲᠠᠯᠠᠨ ᠬᠥᠭ᠌ᠵᠢᠭᠦᠯᠬᠦ᠌᠂ ᠳᠤᠮᠳᠠᠳᠤ ᠶ᠋ᠢᠨ ᠦᠨᠳᠦᠰᠦᠲᠡᠨ ᠦ ᠠᠭᠤᠤ ᠶᠡᠬᠡ ᠰᠡᠷᠭᠦᠨ ᠮᠠᠨᠳᠤᠯᠲᠠ
ᠶ᠋ᠢ ᠪᠡᠶᠡᠯᠡᠭᠦᠯᠬᠦ᠌ ᠱᠢᠨᠡ ᠭᠡᠷᠡᠯ ᠰᠠᠴᠤᠷᠠᠩᠭᠤᠢ ᠬᠠᠭᠤᠳᠠᠰᠤᠶ᠋ᠢ ᠴᠢᠷᠮᠠᠢᠨ ᠪᠢᠴᠢᠭ᠌ᠯᠡᠬᠦ ᠪᠡᠷ ᠤᠷᠤᠭᠰᠢᠯᠠᠵᠠᠭᠠᠨᠠ᠃