ᠥᠩᠭᠡᠷᠡᠭ᠌ᠰᠡᠨ ᠲᠠᠪᠤᠨ ᠵᠢᠯ ᠪᠤᠯ ᠥᠪᠥᠷ ᠮᠣᠩᠭᠣᠯ᠎ᠤᠨ ᠰᠡᠳᠭᠢᠯ ᠨᠢᠭᠡᠳᠦᠨ ᠬᠦᠴᠦ᠍ ᠪᠡᠨ ᠬᠠᠮᠲᠤᠳᠭᠠᠵᠤ᠂ ᠬᠦᠴᠦᠷᠬᠡᠭ᠌ᠵᠢᠬᠦ᠌᠎ᠪᠡᠷ ᠬᠦᠴᠦᠯᠡᠨ ᠴᠢᠷᠮᠠᠢᠭ᠍ᠰᠠᠨ ᠲᠠᠪᠤᠨ ᠵᠢᠯ᠂ ᠮᠥᠨ ᠴᠦ᠍ ᠥᠪᠥᠷ ᠮᠣᠩᠭᠣᠯ᠎ᠤᠨ ᠤᠷᠢᠳᠤᠬᠢ᠎ᠶ᠋ᠢ ᠵᠠᠯᠭᠠᠮᠵᠢᠯᠠᠨ ᠬᠤᠢᠰᠢᠬᠢ ᠵᠢ ᠰᠡᠩᠬᠡᠷᠡᠬᠦᠯᠵᠥ᠂ ᠵᠠᠮ ᠨᠡᠭᠡᠭᠡᠨ ᠤᠷᠤᠬᠰᠢᠯᠠᠬᠰᠠᠨ ᠲᠠᠪᠤᠨ ᠵᠢᠯ᠃
ᠡᠨᠡ ᠲᠠᠪᠤᠨ ᠵᠢᠯ᠎ᠳᠦ᠂ ᠥᠪᠥᠷ ᠮᠣᠩᠭᠣᠯ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ 《ᠲᠦᠷᠪᠡᠨ ᠤᠬᠠᠮᠰᠠᠷ》 ᠵᠢᠡᠨ ᠴᠢᠩᠭᠠᠳᠭᠠᠵᠤ᠂ 《ᠲᠦᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠶ᠋ᠢ ᠨᠠᠮ᠎ᠤᠨ ᠦᠨᠳᠦᠰᠦᠲᠡᠨ᠎ᠦ ᠠᠵᠢᠯ᠎ᠤᠨ ᠪᠦᠬᠦ᠌ ᠶᠠᠪᠤᠴᠠ ᠵᠢᠨ ᠡᠯ᠎ᠡ ᠲᠠᠯ᠎ᠠ᠎ᠳᠤ ᠲᠤᠭᠤᠱᠢᠯᠠᠭᠤᠯᠵᠤ᠂ ᠦᠨᠳᠦᠰᠦᠲᠡᠨ᠎ᠦ ᠪᠦᠯᠬᠦᠮᠳᠡᠯ᠎ᠦᠨ ᠠᠮᠢᠨ ᠰᠤᠳᠠᠰᠤ᠎ᠶ᠋ᠢ ᠰᠠᠢᠲᠤᠷ ᠰᠠᠬᠢᠵᠤ᠂ ᠡᠭᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠦᠨᠡᠨ ᠬᠦ᠌ ᠰᠠᠢᠲᠤᠷ ᠬᠠᠮᠠᠭᠠᠯᠠᠪᠠ᠃
ᠡᠨᠡ ᠲᠠᠪᠤᠨ ᠵᠢᠯ᠎ᠳᠦ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠶᠡᠷᠦᠩᠬᠡᠶ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠢᠮᠠᠭ᠍ᠲᠠ ᠪᠠᠲᠤ ᠴᠡᠭᠡᠵᠢᠯᠡᠵᠦ᠍᠂ ᠴᠢᠨᠡᠭᠡᠯᠢᠭ ᠨᠡᠢᠭᠡᠮ᠎ᠢ ᠬᠤᠭᠤᠴᠠᠭ᠎ᠠ ᠶᠣᠰᠣᠭᠠᠷ ᠪᠥᠬᠥ᠌ ᠲᠠᠯ᠎ᠠ᠎ᠪᠠᠷ ᠪᠡᠶᠡᠯᠡᠬᠦᠯᠵᠥ᠂《ᠠᠷᠪᠠᠨ ᠭᠤᠷᠪᠠᠳᠤᠭᠠᠷ ᠳᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠲᠡᠭᠦᠰ ᠠᠮᠵᠢᠯᠲᠠ᠎ᠲᠠᠶ ᠪᠡᠶᠡᠯᠡᠭᠦᠯᠪᠡ ; ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠰᠠᠭᠤᠷᠢ᠎ᠶ᠋ᠢ ᠲᠠᠰᠤᠷᠠᠯᠲᠠ ᠥᠬᠡᠶ ᠪᠡᠬᠢᠵᠢᠭᠦᠯᠵᠦ᠍᠂ ᠨᠠᠮ᠎ᠤᠨ ᠭᠡᠱᠢᠭᠦᠨ᠎ᠦ ᠡᠩᠨᠡᠭᠡ᠎ᠶ᠋ᠢ ᠪᠤᠵᠠᠭᠠᠢᠷᠠᠭᠤᠯᠤᠨ᠂ ᠪᠦᠯᠬᠦᠮᠳᠡᠯ᠎ᠦᠨ ᠬᠦᠴᠦᠨ᠎ᠢ ᠪᠡᠬᠢᠵᠢᠭᠦᠯᠵᠦ᠍᠂ 2021 ᠣᠨ᠎ᠤ 6 ᠰᠠᠷ᠎ᠠ᠎ᠶ᠋ᠢᠨ 5᠎ᠤ᠋ ᠡᠳᠦᠷ ᠪᠣᠯᠲᠠᠯ᠎ᠠ᠂ ᠪᠥᠬᠥ᠌ ᠣᠷᠣᠨ᠎ᠳᠤ ᠨᠡᠢᠲᠡ 85460 ᠨᠠᠮ᠎ᠤᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠂ 1697281 ᠨᠠᠮ᠎ᠤᠨ ᠭᠡᠱᠢᠭᠦᠨ᠎ᠲᠡᠶ ᠪᠣᠯᠪᠠ ; 《ᠣᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ ᠥᠭ᠌ᠬᠦ》 ᠮᠤᠵᠢ᠎ᠶ᠋ᠢᠨ ᠱᠠᠲᠤᠨ᠎ᠤ ᠳᠠᠪᠬᠤᠷᠭ᠎ᠠ ᠵᠢᠨ 52 ᠵᠦᠶ᠋ᠯ᠎ᠦᠨ ᠡᠭᠦᠷᠭᠡ᠎ᠶ᠋ᠢᠨ ᠨᠠᠷᠢᠨ ᠲᠠᠩᠰᠠ᠎ᠶ᠋ᠢ ᠨᠡᠢᠲᠡᠯᠡᠵᠦ᠍᠂《ᠣᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ ᠥᠭ᠌ᠬᠦ》ᠦᠶ᠋ᠯᠡᠳᠦᠯᠭᠡ᠎ᠶ᠋ᠢᠨ ᠠᠵᠢᠯᠯᠠᠭ᠎ᠠ᠎ᠶ᠋ᠢ ᠭᠦᠨᠵᠡᠭᠡᠶ ᠠᠬᠢᠭᠤᠯᠵᠤ᠂ ᠠᠷᠠᠳ ᠣᠯᠠᠨ᠎ᠤ 《 ᠪᠠᠴᠢᠮᠳᠠᠵᠥ ᠳᠦᠪᠡᠭᠳᠡᠵᠥ ᠵᠤᠪᠠᠨᠢᠵᠥ ᠬᠦᠰᠡᠵᠥ》 ᠪᠠᠢᠬᠰᠠᠨ ᠠᠰᠠᠭᠤᠳᠠᠯ᠎ᠢ ᠦᠨᠡᠨ ᠬᠦ᠌ ᠱᠢᠶ᠋ᠳᠪᠦᠷᠢᠯᠡᠪᠡ; ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯᠢᠥᠷᠨᠢᠭᠦᠯᠬᠦ᠌᠂ 《ᠬᠣᠶᠠᠷ᠎ᠢ ᠰᠤᠷᠤᠯᠴᠠᠵᠤ ᠬᠢᠷᠢ ᠲᠡᠩᠴᠡᠭ᠌ᠰᠡᠨ ᠨᠠᠮ᠎ᠤᠨ ᠭᠡᠱᠢᠭᠦᠨ ᠪᠣᠯᠬᠤ》 ᠶ᠋ᠢ ᠪᠠᠷᠢᠮᠲᠠᠯᠠᠬᠤ᠂《ᠭᠤᠷᠪᠠᠨ ᠬᠤᠷᠠᠯ ᠨᠢᠭᠡ ᠬᠢᠴᠢᠶᠡᠯ》 ᠢ᠋ ᠲᠡᠭᠦᠯᠳᠡᠷᠵᠢᠭᠦᠯᠬᠦ᠌᠂ 《ᠰᠤᠷᠤᠯᠴᠠᠯᠭ᠎ᠠ᠎ᠶ᠋ᠢᠨ ᠬᠦᠴᠦᠷᠬᠡᠭ ᠤᠯᠤᠰ》 ᠢ᠋ ᠬᠡᠷᠡᠭ᠌ᠯᠡᠬᠦ᠌ ᠵᠡᠷᠭᠡ᠎ᠪᠡᠷ ᠳᠠᠮᠵᠢᠭᠤᠯᠤᠨ᠂ ᠨᠠᠮ᠎ᠤᠨ ᠤᠯᠤᠰ ᠲᠥᠷᠥ᠎ᠶ᠋ᠢᠨ ᠤᠳᠤᠷᠢᠳᠭᠤ ᠬᠦᠴᠦᠨ᠂ ᠦᠵᠡᠯ ᠰᠠᠨᠠᠭᠠᠨ᠎ᠤ ᠬᠥᠲᠥᠯᠥᠨ ᠳᠠᠭᠠᠭᠤᠯᠬᠤ ᠬᠦᠴᠦᠨ᠂ ᠣᠯᠠᠨ ᠲᠦᠮᠡᠨ᠎ᠢ ᠵᠣᠬᠢᠶᠠᠨ ᠪᠠᠢᠭᠤᠯᠬᠤ ᠬᠦᠴᠦᠨ᠂ ᠨᠡᠢᠭᠡᠮ᠎ᠦᠨ ᠤᠷᠢᠶᠠᠯᠠᠬᠤ ᠬᠦᠴᠦᠨ᠎ᠢ ᠢᠯᠡᠳᠲᠡ ᠴᠢᠩᠭᠠᠷᠠᠭᠤᠯᠪᠠ᠃
2021 ᠤᠨ ᠪᠣᠯ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ ᠶ᠋ᠢ ᠬᠡᠷᠡᠭ᠌ᠵᠢᠭᠦᠯᠬᠦ᠌᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠢ ᠡᠬᠢᠯᠡᠭᠦᠯᠬᠦ᠌ ᠠᠩᠬᠠᠨ᠎ᠤ ᠵᠢᠯ ᠪᠣᠯᠤᠨ᠎ᠠ ᠂ ᠮᠥᠨ ᠴᠦ᠍ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠦᠨ ᠤᠢ ᠪᠣᠯᠤᠨ᠎ᠠ ᠂ 《ᠬᠣᠣᠰ ᠵᠠᠭᠤᠨ ᠵᠢᠯ》 ᠤ᠋ᠨ ᠲᠡᠮᠡᠴᠡᠬᠦ᠌ ᠬᠠᠷᠠᠯᠲᠠ᠎ᠶ᠋ᠢᠨ ᠲᠡᠦᠬᠡᠨ ᠠᠭᠤᠯᠵᠠᠷ᠎ᠲᠤ ᠵᠣᠭ᠍ᠰᠣᠵᠤ᠂ ᠨᠠᠮ᠎ᠤᠨ ᠪᠠᠢᠭᠤᠯᠤᠯᠲᠠ᠎ᠶ᠋ᠢᠨ ᠠᠵᠢᠯ᠎ᠢ ᠰᠠᠢᠲᠤᠷ ᠬᠢᠬᠦ᠌ ᠨᠢ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠶᠤᠮ᠃ ᠥᠪᠥᠷ ᠮᠣᠩᠭᠣᠯ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠭᠤᠤᠯ ᠲᠡᠢᠨ᠎ᠦ ᠲᠠᠯᠠᠪᠤᠷ ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠨᠢᠭᠡᠳᠦᠭᠡᠷ ᠹᠷᠣᠨᠲ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠬᠠᠮᠤᠭ᠎ᠤᠨ ᠡᠮᠦᠨ᠎ᠡ ᠹᠷᠣᠨᠲ᠂ ᠦᠨᠳᠦᠰᠦᠲᠡᠨ᠎ᠦ ᠠᠵᠢᠯ᠎ᠤᠨ ᠡᠯ᠎ᠡ ᠲᠠᠯ᠎ᠠ᠎ᠳᠠᠬᠢ ᠨᠠᠮ᠎ᠤᠨ ᠬᠥᠲᠥᠯᠥᠨ ᠳᠠᠭᠠᠭᠤᠯᠬᠤ ᠪᠠ ᠪᠠᠲᠤᠯᠠᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ ᠂ ᠡᠷᠴᠢ ᠵᠣᠷᠢᠭ᠎ᠢᠶᠠᠨ ᠬᠥᠪᠴᠢᠯᠡᠨ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠬᠤ ᠱᠢᠨ᠎ᠡ ᠠᠶᠠᠨ᠎ᠳᠠᠭᠠᠨ ᠮᠤᠷᠳᠠᠵᠥ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠍᠎ᠶ᠋ᠢᠨ ᠥᠪᠥᠷ ᠮᠣᠩᠭᠣᠯ᠎ᠤᠨ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ ᠪᠤᠯᠤᠨ᠎ᠠ᠃

ᠪᠤᠭᠤᠲᠤ ᠬᠤᠳᠠ᠎ᠶ᠋ᠢᠨ ᠳᠠᠷᠬᠠᠨ ᠮᠤᠤᠮᠢᠩᠭᠠᠨ ᠬᠣᠯᠪᠣᠭᠠᠲᠤ ᠬᠣᠱᠢᠭᠤᠨ᠎ᠤ ᠮᠠᠨᠳᠤᠯ ᠪᠠᠯᠭᠠᠰᠤ᠎ᠶ᠋ᠢᠨ ᠪᠠᠶᠠᠨᠬᠤᠱᠢᠭᠤ ᠭᠠᠴᠠᠭᠠᠨ᠎ᠤ ᠠᠳᠢᠶ᠎ᠠ ᠪᠠᠭ᠎ᠠ ᠬᠦᠦ ᠠᠳᠢᠯᠢ ᠳᠠᠢ ᠪᠠᠨ ᠥᠪᠡᠷ᠎ᠦᠨ ᠬᠦᠷᠢᠶᠡᠨ᠎ᠳᠡᠭᠡᠨ ᠲᠠᠪᠤᠨ ᠣᠳᠣᠲᠤ ᠤᠯᠠᠭᠠᠨ ᠲᠤᠭ᠎ᠢ ᠮᠠᠨᠳᠤᠭᠤᠯᠤᠨ᠎ᠠ᠃
ᠮᠠ ᠵᠢᠶᠠᠨ ᠴᠢᠤᠸᠠᠨ ᠰᠡᠭᠦᠳᠡᠷᠯᠡᠪᠡ

ᠱᠢᠯᠢ᠎ᠶ᠋ᠢᠨ ᠭᠤᠤᠯ᠎ᠤᠨ ᠬᠢᠯᠢ᠎ᠶ᠋ᠢᠨ ᠬᠠᠮᠢᠶᠠᠷᠤᠯᠲᠠ᠎ᠶ᠋ᠢᠨ ᠰᠠᠯᠪᠤᠷᠢ ᠠᠩᠭᠢ᠎ᠶ᠋ᠢᠨ ᠤᠯᠠᠭᠠᠶ ᠬᠢᠯᠢ᠎ᠶ᠋ᠢᠨ ᠬᠠᠮᠢᠶᠠᠷᠤᠯᠲᠠ᠎ᠶ᠋ᠢᠨ ᠶᠡᠬᠡ ᠠᠩᠭᠢ᠎ᠶ᠋ᠢᠨ ᠠᠷᠠᠳ᠎ᠤᠨ ᠴᠠᠭ᠍ᠳᠠᠭ᠎ᠠ ᠨᠠᠮ᠎ᠤᠨ ᠲᠣᠭ᠎ᠲᠤ ᠲᠠᠩᠭᠠᠷᠢᠭ᠍ᠯᠠᠵᠥ ᠪᠠᠢᠭ᠎ᠠ ᠨᠢ᠃
ᠮᠠ ᠵᠢᠶᠠᠨ ᠴᠢᠤᠸᠠᠨ ᠰᠡᠭᠦᠳᠡᠷᠯᠡᠪᠡ

ᠲᠣᠭ᠍ᠲᠠᠬᠤ ᠱᠢᠶᠠᠨ᠎ᠤ ᠱᠢᠨ᠎ᠠ ᠠᠢᠯ ᠲᠣᠰᠭᠣᠨ ᠨᠠᠮ ᠪᠠᠢᠭᠤᠯᠤᠭ᠍ᠳᠠᠭ᠍ᠰᠠᠨ 100 ᠵᠢᠯ᠎ᠦᠨ ᠤᠢ᠎ᠶ᠋ᠢ ᠪᠡᠯᠭᠡᠯᠡᠬᠦ᠌ ᠠᠵᠢᠯᠯᠠᠭ᠎ᠠ ᠦᠷᠨᠢᠬᠦᠯᠪᠡ᠃
ᠶᠢᠦ ᠺᠦᠨ ᠰᠡᠭᠦᠳᠡᠷᠯᠡᠪᠡ
ᠱᠢᠯᠢᠩᠬᠣᠲᠠ᠎ᠶ᠋ᠢᠨ ᠠᠷᠠᠳ᠎ᠤᠨ ᠱᠢᠭᠦᠬᠦ᠌ ᠬᠣᠷᠢᠶᠠᠨ᠎ᠤ ᠵᠣᠬᠢᠶᠠᠨ ᠪᠠᠢᠭᠤᠯᠤᠭ᠍ᠰᠠᠨ 《ᠮᠠᠯᠵᠢᠬᠤ ᠣᠷᠣᠨ᠎ᠤ ᠲᠣᠭᠣᠷᠢᠨ ᠱᠢᠭᠦᠬᠦ᠌ ᠲᠢᠩᠬᠢᠮ》 ᠨᠢ ᠮᠠᠯᠴᠢᠨ ᠠᠢᠯ᠎ᠤᠨ ᠡᠭᠦᠳᠡᠨ᠎ᠳᠦ ᠬᠦᠷᠴᠤ᠂ ᠲᠤᠬᠠᠢ᠎ᠶ᠋ᠢᠨ ᠭᠠᠵᠠᠷ᠎ᠤᠨ ᠤᠯᠠᠨ ᠲᠦᠮᠡᠨ᠎ᠳᠦ 《ᠮᠤᠷᠢᠨ ᠨᠢᠷᠤᠭᠤᠨ ᠳᠡᠭᠡᠷᠡᠬᠢ ᠱᠢᠭᠦᠬᠦ᠌ ᠲᠢᠩᠬᠢᠮ》 ᠬᠡᠮᠡᠭ᠌ᠳᠡᠪᠡ᠃
ᠮᠠ ᠵᠢᠶᠠᠨ ᠴᠢᠤᠸᠠᠨ ᠰᠡᠭᠦᠳᠡᠷᠯᠡᠪᠡ
ᠬᠥᠬᠡᠬᠣᠲᠠ᠎ᠶ᠋ᠢᠨ ᠱᠢᠨ᠎ᠡ ᠬᠤᠳᠠ ᠲᠣᠭᠣᠷᠢᠭ᠎ᠤᠨ ᠪᠠᠷᠠᠭᠤᠨ ᠵᠡᠭᠡᠯᠢ ᠭᠤᠳᠤᠮᠵᠢ ᠵᠢᠨ ᠱᠢᠩ ᠾᠦᠸᠸ ᠱᠢᠶᠠᠩ ᠨᠡᠢᠭᠡᠮ ᠲᠣᠭᠣᠷᠢᠭ 《ᠤᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ ᠥᠭ᠌ᠭᠦ》ᠦᠢᠯᠡᠳᠦᠯᠭᠡ᠎ᠶ᠋ᠢᠨ ᠠᠵᠢᠯᠯᠠᠭ᠎ᠠ ᠵᠢ ᠥᠷᠨᠢᠭᠦᠯᠵᠦ᠍᠂ ᠤᠯᠠᠨ ᠲᠦᠮᠡᠨ᠎ᠦ 《ᠪᠠᠴᠢᠮᠳᠠᠵᠥ᠂ ᠳᠦᠪᠡᠭᠳᠡᠵᠥ᠂ ᠵᠤᠪᠠᠨᠢᠵᠥ᠂ ᠬᠦᠰᠡᠵᠥ》ᠪᠠᠢᠭ᠎ᠠ ᠠᠰᠠᠭᠤᠳᠠᠯ᠎ᠢ ᠱᠢᠢᠳᠪᠦᠷᠢᠯᠡᠪᠡ᠃
ᠮᠥᠩᠬᠡᠴᠢᠯᠠᠭᠤ ᠰᠡᠭᠦᠳᠡᠷᠯᠡᠪᠡ
ᠬᠦᠬᠡᠬᠤᠲᠡ᠎ᠶ᠋ᠢᠨ ᠢᠤᠢ᠍ᠢᠴᠢᠤᠸᠠᠨ ᠲᠤᠭᠤᠷᠢᠭ᠎ᠤᠨ ᠴᠢᠡᠭ ᠴᠢᠤᠸᠠᠨ ᠨᠡᠢᠭᠡᠮ ᠲᠤᠭᠤᠷᠢᠭ ᠨᠠᠮ᠎ᠤᠨ ᠭᠡᠱᠢᠭᠦᠨ ᠺᠠᠳ᠋ᠷ ᠤᠯᠠᠨ ᠲᠦᠮᠡᠨ᠎ᠢ ᠵᠤᠬᠢᠶᠠᠨ ᠪᠠᠢᠭᠤᠯᠤᠨ 《ᠬᠤᠶᠠᠷ ᠬᠤᠷᠠᠯ》᠎ᠦᠨ ᠵᠤᠷᠢᠭ ᠰᠠᠨᠠᠭ᠎ᠠ᠎ᠶ᠋ᠢ ᠰᠤᠷᠤᠯᠴᠠᠨ᠎ᠠ
ᠮᠠ ᠵᠢᠶᠠᠨ ᠴᠢᠤᠸᠠᠨ ᠰᠡᠭᠦᠳᠡᠷᠯᠡᠪᠡ

ᠲᠥᠪ ᠦᠨ ᠦᠨᠳᠦᠰᠦᠲᠡᠨ᠎ᠦ ᠶᠡᠬᠡ ᠰᠤᠷᠭᠠᠭᠤᠯᠢ᠎ᠶ᠋ᠢᠨ ᠬᠠᠷᠢᠶᠠᠲᠤ ᠳᠤᠮᠳᠠᠳᠤ ᠰᠤᠷᠭᠠᠭᠤᠯᠢ᠎ᠶ᠋ᠢᠨ ᠬᠥᠬᠡᠬᠣᠲᠠ᠎ᠳᠠᠬᠢ ᠬᠤᠪᠢᠶᠠᠷᠢ ᠰᠤᠷᠭᠠᠭᠤᠯᠢ 《ᠳᠤᠮᠳᠠᠳᠤ᠎ᠶ᠋ᠢᠨ ᠦᠨᠳᠦᠰᠦᠲᠡᠨ ᠨᠢᠭᠡ ᠬᠡᠷ᠎ᠦᠨ ᠬᠥᠮᠦᠨ ᠮᠡᠲᠦ ᠳᠣᠲᠣᠨᠣ᠂ ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠍᠎ᠶ᠋ᠢ ᠬᠠᠮᠲᠤ᠎ᠪᠠᠷ ᠲᠡᠷᠭᠡᠯᠱᠢᠭᠦᠯᠦᠶ᠎ᠡ》 ᠭᠡᠬᠦ᠌ ᠭᠤᠤᠯ ᠰᠡᠳᠦᠪᠲᠦ ᠦᠨᠳᠦᠰᠦᠲᠡᠨ᠎ᠦ ᠪᠦᠯᠬᠦᠮᠳᠡᠯ᠎ᠦᠨ ᠬᠥᠮᠦᠵᠢᠯ᠎ᠦᠨ ᠠᠵᠢᠯᠯᠠᠭ᠎ᠠ ᠥᠷᠨᠢᠭᠦᠯᠪᠡ᠃
ᠸᠠᠩ ᠯᠸᠢ ᠰᠡᠭᠦᠳᠡᠷᠯᠡᠪᠡ