ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠵᠠᠮᠨᠠᠵᠤ ᠪᠥᠬᠥ᠌ ᠠᠷᠠᠳ ᠵᠢᠡᠷ ᠵᠢᠡᠨ ᠬᠠᠮᠲᠤ᠎ᠪᠠᠷ ᠪᠠᠶᠠᠵᠢᠬᠤ ᠶ᠋ᠢ ᠠᠬᠢᠭᠤᠯᠤᠶ᠎ᠠ
2021-11-26 09:31:31
ᠵᠣᠬᠢᠶᠠᠭ᠍ᠴᠢ᠄
ᠵᠠᠩ ᠰᠢᠣᠸᠠᠢ ᠭᠠᠩ
ᠣᠩᠱᠢᠭ᠍ᠰᠠᠨ ᠣᠳᠠᠭ᠎ᠠ᠄
★★★☆☆

《ᠬᠠᠮᠳᠤ ᠪᠠᠷ ᠪᠠᠶᠠᠵᠢᠬᠤ᠌ ᠪᠣᠯ ᠨᠡᠢᠭᠡᠮ ᠵᠢᠷᠤᠮ᠎ᠤᠨ ᠮᠥᠨ ᠴᠢᠨᠠᠷ᠎ᠤᠨ ᠱᠠᠭᠠᠷᠳᠠᠯᠭ᠎ᠠ ᠮᠥᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠴᠢᠬᠤᠯᠠ ᠣᠨᠴᠠᠯᠢᠭ ᠮᠥᠨ᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠴᠢᠨᠠᠷ ᠰᠠᠢᠲᠠᠢ ᠬᠥᠭ᠌ᠵᠢᠯᠲᠡ᠎ᠶ᠋ᠢᠨ ᠳᠤᠮᠳᠠ ᠬᠠᠮᠳᠤ ᠪᠠᠷ ᠪᠠᠶᠠᠵᠢᠬᠤ᠌᠎ᠶ᠋ᠢ ᠠᠬᠢᠭᠤᠯᠬᠤ ᠬᠡᠷᠡᠭ᠌ᠲᠡᠢ》᠃ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠰᠢ᠂ ᠶᠡᠷᠦᠩᠬᠡᠶ ᠱᠦᠵᠢ ᠰᠢ᠎ᠶ᠋ᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠠᠴᠠ ᠥᠪᠥᠷ ᠮᠣᠩᠭᠣᠯ᠎ᠳᠤ ᠲᠣᠭ᠍ᠲᠠᠭᠠᠭ᠍ᠰᠠᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ ᠠᠵᠢᠯᠯᠠᠭᠠᠨ᠎ᠤ ᠬᠥᠲᠥᠯᠪᠦᠷᠢ᠎ᠨᠢ ᠠᠷᠠᠳ ᠲᠦᠮᠡᠨ᠎ᠦ ᠲᠥᠯᠥᠭᠡ ᠬᠥᠭ᠌ᠵᠢᠭᠦᠯᠬᠦ᠌᠂ ᠠᠷᠠᠳ ᠲᠦᠮᠡᠨ᠎ᠳᠦ ᠲᠦᠱᠢᠭ᠌ᠯᠡᠨ ᠬᠥᠭ᠌ᠵᠢᠭᠦᠯᠬᠦ᠌ ᠂ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠠᠷᠠᠳ ᠲᠦᠮᠡᠨ᠎ᠳᠦ ᠬᠠᠮᠲᠤ᠎ᠪᠠᠷ ᠡᠳ᠋ᠯᠡᠭᠦᠯᠬᠦ᠌᠎ᠶ᠋ᠢᠨ ᠲᠣᠭᠣᠷᠢᠨ᠎ᠳᠤ᠂ ᠮᠠᠨ᠎ᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ ᠳ᠋ᠠᠭᠠᠨ ᠬᠠᠮᠲᠤ᠎ᠪᠠᠷ ᠪᠠᠶᠠᠵᠢᠬᠤ᠎ᠶ᠋ᠢ ᠠᠬᠢᠭᠤᠯᠬᠤ᠎ᠳᠤ ᠦᠨᠳᠦᠰᠦᠨ ᠵᠢᠷᠤᠮᠯᠠᠯ ᠬᠠᠩᠭᠠᠪᠠ᠃

ᠬᠠᠮᠳᠤ ᠪᠠᠷ ᠪᠠᠶᠠᠵᠢᠬᠤ᠌ ᠪᠣᠯ ᠴᠢᠨᠠᠷ ᠰᠠᠢᠲᠠᠢ ᠬᠥᠭ᠌ᠵᠢᠯᠲᠡ᠎ᠶ᠋ᠢᠨ ᠮᠥᠨ ᠴᠢᠨᠠᠷ᠎ᠤᠨ ᠱᠠᠭᠠᠷᠳᠠᠯᠭ᠎ᠠ ᠮᠥᠨ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠶᠠᠪᠤᠴᠠ ᠪᠣᠯ ᠳᠠᠷᠤᠢ ᠬᠠᠮᠳᠤ ᠪᠠᠷ ᠪᠠᠶᠠᠵᠢᠬᠤ᠌᠎ᠶ᠋ᠢ ᠠᠬᠢᠭᠤᠯᠬᠤ ᠶᠠᠪᠤᠳᠠᠯ ᠪᠣᠯᠤᠨ᠎ᠠ

ᠴᠢᠨᠠᠷ ᠰᠠᠢᠲᠠᠶ ᠬᠥᠭ᠌ᠵᠢᠯᠲᠡ ᠪᠣᠯᠤᠨ ᠬᠠᠮᠳᠤ ᠪᠠᠷ ᠪᠠᠶᠠᠵᠢᠬᠤ᠌᠎ᠨᠢ ᠥᠷᠲᠡᠭ᠎ᠦᠨ ᠬᠥᠭᠡᠭᠡᠴᠡᠯᠳᠦᠯ᠂ ᠴᠢᠭ᠌ᠯᠡᠯ᠂ ᠠᠷᠭ᠎ᠠ ᠬᠡᠯᠪᠡᠷᠢ᠂ ᠬᠠᠷᠠᠯᠲᠠ᠎ᠶ᠋ᠢᠨ ᠲᠠᠯ᠎ᠠ᠎ᠪᠠᠷ ᠳᠡᠭᠡᠳᠦ ᠬᠡᠮᠵᠢᠶ᠎ᠡ᠎ᠪᠡᠷ ᠨᠢᠭᠡᠳᠦᠯᠲᠡᠶ ᠪᠠᠢᠵᠤ᠂ ᠬᠠᠮᠳᠤ ᠪᠠᠷ ᠪᠠᠶᠠᠵᠢᠬᠤ᠌᠎ᠶ᠋ᠢ ᠠᠬᠢᠭᠤᠯᠬᠤ᠎ᠳᠤ ᠡᠷᠬᠡᠪᠰᠢ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠪᠠᠷ ᠭᠤᠤᠯ ᠰᠡᠳᠦᠪ ᠪᠣᠯᠭᠠᠬᠤ᠎ᠶ᠋ᠢ ᠪᠠᠷᠢᠮᠲᠠᠯᠠᠬᠤ ᠬᠡᠷᠡᠭ᠌ᠲᠡᠶ᠃ ᠴᠢᠨᠠᠷ ᠰᠠᠢᠲᠠᠢ ᠬᠥᠭ᠌ᠵᠢᠯᠲᠡ ᠪᠣᠯ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢ᠌ᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠰᠠᠢᠲᠤᠷ ᠬᠠᠩᠭᠠᠬᠤ ᠬᠥᠭ᠌ᠵᠢᠯᠲᠡ ᠮᠥᠨ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠳᠤ ᠨᠡᠢᠴᠡᠬᠦ᠌ ᠬᠥᠭ᠌ᠵᠢᠯᠲᠡ ᠮᠥᠨ᠂ ᠱᠢᠨ᠎ᠡ᠎ᠶ᠋ᠢ ᠡᠭᠦᠳᠬᠦ᠌᠎ᠪᠡᠷ ᠨᠢᠭᠡᠳᠦᠭᠡᠷ ᠬᠥᠳᠡᠯᠭᠡᠬᠦ᠌ ᠬᠦᠴᠦᠨ ᠪᠣᠯᠭᠠᠬᠤ᠂ ᠵᠣᠬᠢᠴᠠᠩᠭᠤᠢ᠎ᠪᠠᠷ ᠳᠣᠲᠣᠭᠠᠳᠤ ᠣᠨᠴᠠᠯᠢᠭ ᠪᠣᠯᠭᠠᠬᠤ᠂ ᠪᠣᠬᠢᠷᠲᠤᠯ ᠦᠭᠡᠢ᠎ᠪᠡᠷ ᠨᠡᠢᠳᠡᠮ᠎ᠦᠨ ᠪᠠᠢᠳᠠᠯ ᠪᠣᠯᠭᠠᠬᠤ᠂ ᠨᠡᠭᠡᠭᠡᠯᠳᠠ᠎ᠪᠡᠷ ᠵᠠᠢᠯᠠᠰᠢ ᠦᠭᠡᠢ ᠶᠠᠪᠤᠬᠤ ᠵᠠᠮ ᠪᠣᠯᠭᠠᠬᠤ ᠂ ᠬᠠᠮᠲᠤ᠎ᠪᠠᠷ ᠡᠳ᠋ᠯᠡᠬᠦ᠌᠎ᠪᠡᠷ ᠦᠨᠳᠦᠰᠦᠨ ᠬᠠᠷᠠᠯᠲᠠ ᠪᠣᠯᠭᠠᠬᠤ ᠬᠥᠭ᠌ᠵᠢᠯᠲᠡ ᠮᠥᠨ᠃ ᠡᠢᠮᠦ᠍᠎ᠡᠴᠡ ᠮᠥᠨ ᠴᠢᠨᠠᠷ᠎ᠠᠴᠠ ᠨᠢ ᠠᠪᠴᠤ᠌ ᠬᠡᠯᠡᠪᠡᠯ ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠶᠠᠪᠤᠴᠠ ᠪᠣᠯ ᠳᠠᠷᠤᠢ ᠬᠠᠮᠳᠤ ᠪᠠᠷ ᠪᠠᠶᠠᠵᠢᠬᠤ᠌᠎ᠶ᠋ᠢ ᠠᠬᠢᠭᠤᠯᠬᠤ ᠶᠠᠪᠤᠴᠠ ᠮᠥᠨ᠃

ᠨᠠᠮ᠎ᠤᠨ ᠲᠥᠪ ᠬᠣᠷᠢᠶ᠎ᠠ᠎ᠠᠴᠠ ᠲᠤᠭᠳᠠᠭᠠᠵᠦ ᠦᠭᠭᠦᠭᠰᠡᠨ ᠪᠠᠢᠯᠳᠤᠬᠤ ᠪᠣᠳᠣᠯᠭ᠎ᠠ ᠶ᠋ᠢᠨ ᠪᠠᠢᠷᠢ ᠲᠣᠭ᠍ᠲᠠᠭᠠᠯᠲᠠ᠎ᠨᠢ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ 《ᠦᠵᠡᠰᠭᠦᠯᠡᠩᠲᠦ ᠰᠠᠢᠬᠠᠨ ᠵᠢᠷᠤᠭ》᠎ᠢ ᠵᠢᠷᠤᠭ᠍ᠯᠠᠵᠤ ᠂ ᠪᠥᠬᠥ᠌ ᠣᠷᠣᠨ᠎ᠤ ᠦᠨᠳᠦᠰᠦᠲᠡᠨ ᠎ᠨᠦᠭᠦᠳ᠎ᠦᠨ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠲᠤᠬᠠᠶ ᠬᠠᠮᠲᠤ᠎ᠶ᠋ᠢᠨ ᠬᠦᠰᠡᠯ ᠡᠷᠡᠮᠡᠯᠵᠡᠯ᠎ᠢ ᠲᠤᠰᠭᠠᠪᠠ

ᠶᠡᠷᠦᠩᠬᠡᠶ ᠱᠦᠵᠢ ᠰᠢ᠎ᠶ᠋ᠢᠨ ᠫᠢᠩ᠎ᠦᠨ ᠮᠠᠨ᠎ᠤ ᠣᠷᠣᠨ᠎ᠳᠤ ᠲᠣᠭ᠍ᠲᠠᠭᠠᠵᠤ ᠥᠭ᠌ᠭᠦᠭ᠌ᠰᠡᠨ 《ᠬᠣᠶᠠᠷ ᠬᠠᠯᠬᠠᠪᠴᠢ》 ᠂ 《ᠬᠣᠶᠠᠷ ᠰᠠᠭᠤᠷᠢᠨ》 ᠂ 《ᠨᠢᠭᠡ ᠪᠡᠬᠢᠯᠡᠯᠲᠡ》 ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠨᠢ ᠥᠪᠥᠷ ᠮᠣᠩᠭᠣᠯ᠎ᠤᠨ ᠪᠥᠬᠥ᠌ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠠᠬᠢ ᠳᠦᠷᠢ ᠪᠠ ᠴᠢᠳᠠᠮᠵᠢ᠎ᠶ᠋ᠢ ᠣᠨᠣᠪᠴᠢᠲᠠᠶ ᠡᠵᠡᠮᠱᠢᠵᠦ᠍᠂ ᠠᠵᠤ ᠠᠬᠤᠶ᠂ ᠤᠯᠤᠰ ᠲᠥᠷᠥ᠍᠂ ᠰᠣᠶᠣᠯ᠂ ᠨᠡᠢᠭᠡᠮ᠂ ᠠᠮᠢ ᠠᠬᠤᠶ᠂ ᠨᠠᠮ᠎ᠤᠨ ᠪᠠᠢᠭᠤᠯᠤᠯᠲᠠ ᠵᠡᠷᠭᠡ ᠡᠯ᠎ᠡ ᠬᠦᠷᠢᠶ᠎ᠡ᠎ᠳᠦ ᠬᠣᠯᠪᠣᠭ᠍ᠳᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ 《ᠲᠠᠪᠤ᠎ᠶ᠋ᠢ ᠨᠢᠭᠡ ᠴᠤᠭ᠍ᠴᠠᠵᠢᠭᠤᠯᠬᠤ》 ᠶᠡᠷᠦᠩᠬᠡᠶ ᠪᠠᠢᠷᠢᠱᠢᠭᠤᠯᠤᠯᠲᠠ ᠪᠠ 《ᠳᠥᠷᠪᠡᠨ ᠪᠥᠬᠥ᠌ ᠲᠠᠯ᠎ᠠ》 ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢᠱᠢᠭᠤᠯᠤᠯᠲᠠ᠎ᠶ᠋ᠢᠨ 《ᠥᠪᠥᠷ ᠮᠣᠩᠭᠣᠯ᠎ᠤᠨ ᠬᠠᠭᠤᠳᠠᠰᠤ》 ᠪᠣᠯᠵᠣ᠂ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠪᠥᠬᠥ᠌ ᠤᠯᠤᠰ᠎ᠲᠠᠬᠢ ᠢᠯᠡ ᠲᠣᠳᠣ ᠣᠨᠴᠠᠯᠢᠭ ᠱᠢᠨᠵᠢ᠎ᠶ᠋ᠢ ᠢᠯᠡᠷᠡᠭᠦᠯᠵᠡᠶ᠃ ᠡᠭᠦᠨ᠎ᠦ ᠬᠠᠮᠲᠤ᠂ ᠶᠡᠷᠦᠩᠬᠡᠶ ᠱᠦᠵᠢ ᠰᠢ᠎ᠶ᠋ᠢᠨ ᠫᠢᠩ ᠮᠠᠨ᠎ᠤ ᠣᠷᠣᠨ᠎ᠤ 《ᠬᠣᠶᠠᠷ ᠬᠠᠯᠬᠠᠪᠴᠢ》 ᠂ 《ᠬᠣᠶᠠᠷ ᠰᠠᠭᠤᠷᠢᠨ》 ᠂ 《ᠨᠢᠭᠡ ᠪᠡᠬᠢᠯᠡᠯᠲᠡ》 ᠎ᠶ᠋ᠢ ᠪᠥᠲᠥᠭᠡᠨ ᠪᠠᠢᠭᠤᠯᠬᠤ᠎ᠳᠤ ᠠᠯᠢ ᠣᠯᠠᠨ ᠴᠢᠬᠤᠯᠠ ᠵᠢᠭᠠᠪᠤᠷᠢ ᠱᠠᠭᠠᠷᠳᠠᠯᠭ᠎ᠠ᠎ᠶ᠋ᠢ ᠳᠤᠷᠠᠳᠤᠭ᠍ᠰᠠᠨ᠎ᠨᠢ ᠪᠠᠰᠠ ᠪᠥᠬᠥ᠌ ᠣᠷᠣᠨ᠎ᠤ ᠦᠨᠳᠦᠰᠦᠲᠡᠨ ᠎ᠨᠦᠭᠦᠳ᠎ᠦᠨ ᠣᠯᠠᠨ ᠲᠦᠮᠡᠨ᠎ᠳᠦ ᠲᠣᠯᠭᠠᠷᠠᠵᠦ ᠪᠠᠢᠭ᠎ᠠ ᠪᠠᠴᠢᠮ ᠲᠣᠯᠭᠠᠮ ᠲᠣᠪᠣᠢᠮ᠎ᠠ ᠠᠰᠠᠭᠤᠳᠠᠯ ᠪᠣᠯᠤᠨ ᠰᠠᠢᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠦᠨ ᠵᠠᠩᠭᠢᠯᠠᠭ᠎ᠠ᠎ᠶ᠋ᠢ ᠠᠳᠬᠣᠵᠦ᠂ ᠭᠦᠨ ᠵᠤᠵᠠᠭᠠᠨ ᠠᠷᠠᠳ ᠲᠦᠮᠡᠨ᠎ᠦ ᠬᠠᠢᠷ᠎ᠠ ᠰᠡᠳᠭᠢᠯᠭᠡ ᠠᠭᠤᠯᠤᠭ᠍ᠳᠠᠵᠠᠶ᠃ ᠵᠢᠱ᠌ᠢᠶᠡᠯᠡᠪᠡᠯ᠂ ᠥᠪᠥᠷ ᠮᠣᠩᠭᠣᠯ᠎ᠤᠨ ᠠᠮᠢ ᠠᠬᠤᠢ᠎ᠶ᠋ᠢᠨ ᠪᠠᠢᠳᠠᠯ ᠶᠠᠮᠠᠷ ᠪᠠᠢᠬᠤ ᠨᠢ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠣᠷᠣᠱᠢᠨ ᠲᠣᠭ᠍ᠲᠠᠨᠢᠬᠤ ᠪᠠ ᠬᠥᠭ᠌ᠵᠢᠯᠲᠡ᠎ᠲᠡᠶ ᠬᠣᠯᠪᠣᠭ᠍ᠳᠠᠬᠤ᠎ᠪᠠᠷ ᠪᠠᠷᠠᠬᠤ ᠦᠭᠡᠢ ᠤᠮᠠᠷᠠᠲᠤ ᠣᠷᠣᠨ ᠂ ᠵᠡᠭᠦᠨ ᠬᠣᠢᠲᠤ ᠣᠷᠣᠨ ᠂ ᠪᠠᠷᠠᠭᠤᠨ ᠬᠣᠢᠲᠤ ᠣᠷᠣᠨ ᠂ ᠴᠢᠨᠠᠭ᠍ᠰᠢᠯᠠᠪᠠᠯ ᠪᠦᠬᠦ᠌ ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ᠎ᠲᠡᠶ ᠬᠣᠯᠪᠣᠭ᠍ᠳᠠᠨ᠎ᠠ᠃ ᠡᠨᠡ ᠬᠦ᠌ ᠴᠢᠬᠤᠯᠠ ᠥᠭᠦᠯᠡᠯᠲᠡ ᠨᠢ ᠥᠪᠥᠷ ᠮᠣᠩᠭᠣᠯ ᠎ᠤᠨ ᠠᠮᠢ ᠠᠬᠤᠢ᠎ᠶ᠋ᠢᠨ ᠪᠠᠢᠷᠢ ᠰᠠᠭᠤᠷᠢ᠎ᠶ᠋ᠢᠨ ᠪᠦᠬᠦ᠌ ᠤᠯᠤᠰ᠎ᠲᠠᠬᠢ ᠲᠤᠢᠯ᠎ᠤᠨ ᠴᠢᠬᠤᠯᠠ ᠴᠢᠨᠠᠷ᠎ᠢ ᠲᠣᠳᠣᠷᠬᠠᠢᠯᠠᠭ᠍ᠰᠠᠨ ᠪᠥᠭᠡᠳ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠤᠨ ᠲᠤᠬᠠᠢ ᠨᠡᠢᠳᠡᠮ ᠠᠩᠬᠠᠷᠴᠤ᠌ ᠪᠠᠢᠭ᠎ᠠ ᠠᠰᠠᠭᠤᠳᠠᠯ᠎ᠳᠤ ᠪᠦᠬᠦ᠌ ᠲᠠᠯ᠎ᠠ᠎ᠪᠠᠷ ᠬᠠᠷᠢᠭᠤᠯᠲᠠ ᠥᠭ᠌ᠴᠡᠢ᠃ ᠶᠡᠷᠦᠩᠬᠡᠢ ᠱᠦᠵᠢ ᠰᠢ᠎ᠶ᠋ᠢᠨ ᠫᠢᠩ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠬᠥᠮᠦᠵᠢᠯ᠎ᠢ ᠰᠠᠢᠲᠤᠷ ᠬᠢᠬᠦ᠌ ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠵᠡᠷᠭᠡ ᠡᠯ᠎ᠡ ᠵᠦᠢᠯ᠎ᠦᠨ ᠠᠵᠢᠯ᠎ᠢ ᠣᠯᠠᠨᠲᠠ ᠴᠢᠬᠤᠯᠠᠴᠢᠯᠠᠭ᠍ᠰᠠᠨ ᠨᠢ ᠪᠢᠳᠡᠨ᠎ᠦ ᠦᠨᠳᠦᠰᠦᠲᠡᠨ᠎ᠦ ᠠᠵᠢᠯ᠎ᠢ ᠦᠨᠡᠨ ᠬᠦ᠌ ᠰᠠᠢᠲᠤᠷ ᠬᠢᠬᠦ᠌᠎ᠳᠦ ᠵᠢᠷᠤᠮᠯᠠᠯ ᠬᠠᠩᠭᠠᠭ᠍ᠰᠠᠨ᠎ᠢᠶᠠᠷ ᠪᠠᠷᠠᠬᠤ ᠦᠭᠡᠢ ᠪᠠᠰᠠ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠮᠲᠤ᠎ᠪᠠᠷ ᠪᠦᠯᠬᠦᠮᠳᠡᠨ ᠲᠡᠮᠡᠴᠡᠵᠦ᠍᠂ ᠬᠠᠮᠲᠤ᠎ᠪᠠᠷ ᠴᠡᠴᠡᠭ᠌ᠯᠡᠨ ᠬᠥᠭ᠌ᠵᠢᠵᠦ᠍ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠡᠨ ᠲᠡᠷᠭᠡᠯᠱᠢᠭᠦᠯᠬᠦ᠌ ᠎ᠳᠦ ᠴᠢᠩᠭ᠎ᠠ ᠬᠦᠰᠡᠯ ᠡᠷᠡᠮᠡᠯᠵᠡᠯ ᠬᠠᠩᠭᠠᠭ᠍ᠰᠠᠨ ᠪᠠᠢᠨ᠎ᠠ᠃ ᠶᠡᠷᠦᠩᠬᠡᠢ ᠱᠦᠵᠢ ᠰᠢ᠎ᠶ᠋ᠢᠨ ᠫᠢᠩ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠤᠭᠰᠠᠨ ᠳᠠᠢᠯᠠᠯᠳᠤᠭᠠᠨ᠎ᠤ ᠦᠷ᠎ᠡ ᠪᠦᠲᠦᠭᠡᠯ᠎ᠢ ᠪᠡᠬᠢᠵᠢᠭᠦᠯᠵᠦ᠍᠂ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠵᠤ ᠂ ᠪᠣᠬᠢᠷᠲᠤᠯ ᠦᠭᠡᠢ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠬᠠᠩᠭᠠᠯᠭ᠎ᠠ᠎ᠶ᠋ᠢᠨ ᠳᠠᠪᠠᠭᠤᠯᠢᠭ᠎ᠢ ᠪᠠᠳᠠᠷᠠᠭᠤᠯᠵᠤ᠂ ᠠᠵᠤ ᠦᠢᠯᠡᠰ᠎ᠢ ᠬᠥᠭ᠌ᠵᠢᠭᠦᠯᠬᠦ᠌᠎ᠶ᠋ᠢ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢᠨ ᠨᠡᠮᠡᠭ᠌ᠳᠡᠯ᠎ᠢ ᠠᠬᠢᠭᠤᠯᠬᠤ᠎ᠯᠤᠭ᠎ᠠ ᠣᠷᠭᠠᠨᠢᠭ᠎ᠢᠶᠠᠷ ᠤᠶᠠᠯᠳᠤᠭᠤᠯᠵᠤ ᠂ ᠮᠠᠯᠴᠢᠨ ᠲᠠᠷᠢᠶᠠᠴᠢᠨ᠎ᠢ ᠲᠠᠭᠠᠭᠤᠯᠤᠬ᠍ᠴᠢ ᠠᠵᠤ ᠠᠬᠤᠢᠯᠠᠯ ᠵᠡᠷᠭᠡ ᠡᠯ᠎ᠡ ᠲᠦᠷᠦᠯ᠎ᠦᠨ ᠡᠵᠡᠩᠨᠡᠯᠲᠡ᠎ᠶ᠋ᠢᠨ ᠭᠣᠣᠯ ᠴᠣᠭ᠍ᠴᠠ᠎ᠯᠤᠭ᠎ᠠ ᠠᠱᠢᠭ ᠲᠤᠰᠠ᠎ᠶ᠋ᠢᠨ ᠬᠠᠮᠲᠤ᠎ᠶ᠋ᠢᠨ ᠴᠣᠭ᠍ᠴᠠ ᠪᠣᠯᠭᠠᠨ ᠪᠦᠷᠢᠯᠳᠦᠭᠦᠯᠬᠦ᠌ ᠬᠡᠷᠡᠭ᠌ᠲᠡᠢ ᠭᠡᠵᠦ᠍ ᠤᠯᠠᠨ ᠤᠳᠠᠭ᠎ᠠ ᠳᠤᠷᠠᠳᠴᠤ᠌ ᠂ ᠪᠢᠳᠡᠨ᠎ᠦ ᠬᠥᠳᠡᠭᠡ ᠲᠣᠰᠭᠣᠨ᠎ᠤ ᠠᠵᠤ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠬᠤ᠎ᠳᠤ ᠴᠢᠭ᠌ᠯᠡᠯ᠎ᠢ ᠲᠣᠳᠣᠷᠬᠠᠢᠯᠠᠵᠤ ᠥᠭ᠌ᠭᠦᠭ᠌ᠰᠡᠨ ᠪᠥᠭᠡᠳ ᠮᠠᠯᠴᠢᠨ ᠲᠠᠷᠢᠶᠠᠴᠢᠨ᠎ᠤ ᠪᠠᠶᠠᠨ ᠴᠢᠨᠡᠭᠡᠯᠢᠭ ᠠᠮᠢᠳᠤᠷᠠᠬᠤ ᠰᠠᠢ᠌ᠨ ᠰᠠᠢᠬᠠᠨ ᠬᠦᠰᠡᠯ ᠡᠷᠡᠮᠡᠯᠵᠡᠯ᠎ᠢ ᠭᠦᠢᠴᠡᠳ ᠢᠯᠡᠷᠡᠭᠦᠯᠵᠡᠢ᠃

《ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ ᠤᠳᠤᠷᠢᠳᠤᠮᠵᠢ》 ᠪᠣᠯ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠲᠡᠷᠢᠭᠦᠨ ᠴᠢᠬᠤᠯᠠ ᠵᠠᠷᠴᠢᠮ ᠪᠣᠯᠤᠨ᠎ᠠ᠂ ᠰᠠᠢ᠌ᠨ ᠰᠠᠢᠬᠠᠨ ᠠᠮᠢ ᠠᠬᠤᠢ ᠣᠷᠴᠢᠨ ᠲᠣᠭᠣᠷᠢᠨ ᠪᠣᠯ ᠬᠠᠮᠤᠭ᠎ᠤᠨ ᠲᠦᠭᠡᠮᠡᠯ ᠠᠱᠢᠭ ᠬᠦᠷᠲᠡᠭᠡᠬᠦ᠌ ᠠᠷᠠᠳ᠎ᠤᠨ ᠠᠮᠢᠳᠤᠷᠠᠯ᠎ᠤᠨ ᠭᠡᠰᠢᠭ ᠪᠣᠶᠠᠨ ᠪᠣᠯᠤᠨ᠎ᠠ

ᠥᠪᠥᠷ ᠮᠣᠩᠭᠣᠯ᠎ᠤᠨ ᠨᠤᠲᠤᠭ ᠪᠡᠯᠴᠢᠭᠡᠷ ᠪᠠ ᠣᠶ ᠱᠢᠭᠤᠶ᠎ᠶ᠋ᠢᠨ ᠲᠠᠯᠠᠪᠠᠶ᠎ᠨᠢ ᠪᠥᠬᠥ᠌ ᠤᠯᠤᠰ᠎ᠤᠨ 22% ᠪᠠ 7% ᠎ᠶ᠋ᠢ ᠡᠵᠡᠯᠡᠵᠦ᠍ ᠂ ᠤᠰᠤᠨ᠎ᠤ ᠭᠠᠳᠠᠷᠭᠤ ᠂ ᠨᠤᠭᠤ ᠭᠠᠵᠠᠷ᠎ᠤᠨ ᠲᠠᠯᠠᠪᠠᠶ᠎ᠨᠢ ᠪᠥᠬᠥ᠌ ᠤᠯᠤᠰ᠎ᠤᠨ ᠡᠮᠦᠨ᠎ᠡ ᠡᠩᠨᠡᠭᠡᠨ᠎ᠳᠦ ᠣᠷᠣᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠲᠠᠯᠠᠪᠠᠶ᠎ᠪᠠᠷ ᠬᠠᠮᠤᠭ᠎ᠤᠨ ᠶᠡᠬᠡ᠂ ᠲᠥᠷᠥᠯ ᠵᠦᠶ᠋ᠯ᠎ᠢᠶᠡᠷ ᠬᠠᠮᠤᠭ᠎ᠤᠨ ᠪᠦᠷᠢᠨ ᠠᠮᠢ ᠠᠬᠤᠶ᠎ᠶ᠋ᠢᠨ ᠴᠢᠳᠠᠮᠵᠢᠲᠤ ᠣᠷᠣᠨ ᠪᠣᠯᠤᠨ᠎ᠠ᠃ ᠡᠭᠦᠨ᠎ᠦ ᠬᠠᠮᠲᠤ ᠂ ᠥᠪᠥᠷ ᠮᠣᠩᠭᠣᠯ᠎ᠤᠨ ᠠᠮᠢ ᠠᠬᠤᠶ ᠣᠷᠴᠢᠨ ᠲᠣᠭᠣᠷᠢᠨ᠎ᠤ ᠰᠠᠭᠤᠷᠢ ᠮᠠᠰᠢ ᠬᠡᠪᠡᠷᠡᠭ ᠪᠠᠢᠳᠠᠭ᠃ ᠠᠮᠢ ᠠᠬᠤᠶ ᠣᠷᠴᠢᠨ ᠲᠣᠭᠣᠷᠢᠨ᠎ᠢ ᠰᠠᠢᠲᠤᠷ ᠬᠠᠮᠠᠭᠠᠯᠠᠬᠤ ᠪᠣᠯ ᠥᠪᠥᠷ ᠮᠣᠩᠭᠣᠯ᠎ᠤᠨ 《ᠤᠯᠤᠰ᠎ᠤᠨ ᠶᠡᠬᠡ ᠶᠠᠪᠤᠳᠠᠯ》 ᠮᠥᠨ᠂ ᠠᠵᠤ ᠠᠬᠤᠶ᠎ᠶ᠋ᠢᠨ ᠬᠥᠭ᠌ᠵᠢᠯᠲᠡ᠎ᠶ᠋ᠢ ᠠᠬᠢᠭᠤᠯᠬᠤ᠎ᠳᠤ ᠤᠯᠠᠮᠵᠢᠯᠠᠯᠲᠤ 《ᠤᠷᠢᠳ᠎ᠢᠶᠠᠷ ᠪᠣᠬᠢᠷᠲᠤᠭᠤᠯᠵᠤ᠂ ᠳᠠᠷᠠᠭ᠎ᠠ᠎ᠨᠢ ᠵᠠᠰᠠᠬᠤ》 ᠬᠠᠭᠤᠴᠢᠨ ᠵᠠᠮ᠎ᠢᠶᠠᠷ ᠳᠠᠭᠢᠵᠤ ᠶᠠᠭᠠᠬᠢᠭ᠍ᠰᠠᠨ ᠴᠤ᠌ ᠶᠠᠪᠤᠵᠤ ᠪᠣᠯᠬᠤ ᠥᠬᠡᠶ ᠂ ᠠᠮᠢ ᠠᠬᠤᠶ ᠣᠷᠴᠢᠨ ᠲᠣᠭᠣᠷᠢᠨ᠎ᠢ ᠡᠪᠳᠡᠬᠦ᠌᠎ᠪᠡᠷ ᠦᠷᠡᠭ᠌ᠳᠡᠯ ᠪᠣᠯᠭᠠᠵᠤ ᠶᠠᠭᠠᠬᠢᠭ᠍ᠰᠠᠨ ᠴᠤ᠌ ᠪᠣᠯᠬᠤ ᠥᠬᠡᠶ᠃ ᠶᠠᠭ ᠶᠡᠷᠦᠩᠬᠡᠶ ᠱᠦᠵᠢ ᠰᠢ᠎ᠶ᠋ᠢᠨ ᠫᠢᠩ᠎ᠦᠨ ᠵᠢᠭᠠᠵᠤ ᠭᠠᠷᠭᠠᠭ᠍ᠰᠠᠨᠴᠢᠯᠠᠨ᠂ ᠮᠠᠨ᠎ᠤ ᠤᠯᠤᠰ᠎ᠤᠨ ᠠᠵᠤ ᠠᠬᠤᠶ ᠲᠦᠷᠭᠡᠨ ᠨᠡᠮᠡᠭ᠌ᠳᠡᠯ᠎ᠦᠨ ᠱᠠᠲᠤᠨ᠎ᠠᠴᠠ ᠴᠢᠨᠠᠷ ᠰᠠᠢᠲᠠᠶ ᠬᠥᠭ᠌ᠵᠢᠯᠲᠡ᠎ᠶ᠋ᠢᠨ ᠱᠠᠲᠤᠨ᠎ᠳᠤ ᠱᠢᠯᠵᠢᠬᠦ᠌ ᠶᠠᠪᠤᠴᠠ ᠎ᠳᠤ ᠂ ᠪᠣᠬᠢᠷᠲᠤᠯ᠎ᠢ ᠰᠡᠷᠭᠡᠢᠯᠡᠨ ᠵᠠᠰᠠᠬᠤ ᠪᠠ ᠣᠷᠴᠢᠨ ᠲᠣᠭᠣᠷᠢᠨ᠎ᠢ ᠵᠠᠰᠠᠬᠤ ᠪᠣᠯ ᠵᠠᠪᠠᠯ ᠳᠠᠪᠠᠬᠤ ᠴᠢᠬᠤᠯᠠ ᠪᠣᠭᠣᠮᠲᠠ ᠪᠣᠯᠤᠨ᠎ᠠ᠃ ᠰᠠᠢᠨ ᠰᠠᠢᠬᠠᠨ ᠠᠮᠢ ᠠᠬᠤᠶ᠎ᠶ᠋ᠢᠨ ᠣᠷᠴᠢᠨ ᠨᠥᠬᠥᠴᠡᠯ ᠪᠣᠯ ᠪᠠᠢᠭᠠᠯᠢ᠎ᠶ᠋ᠢᠨ ᠡᠳ᠋ ᠪᠠᠶᠠᠯᠢᠭ ᠮᠥᠨ ᠪᠥᠭᠡᠳ ᠪᠠᠰᠠ ᠴᠤ᠌ ᠠᠵᠤ ᠠᠬᠤᠶ᠎ᠶ᠋ᠢᠨ ᠡᠳ᠋ ᠪᠠᠶᠠᠯᠢᠭ ᠮᠥᠨ ᠂ ᠨᠠᠩ ᠴᠤ᠌ ᠠᠷᠠᠳ ᠣᠯᠠᠨ᠎ᠤ ᠬᠠᠮᠲᠤ᠎ᠶ᠋ᠢᠨ ᠡᠳ᠋ ᠪᠠᠶᠠᠯᠢᠭ ᠮᠥᠨ ᠂ ᠤᠴᠢᠷ ᠨᠢ ᠠᠮᠢ ᠠᠬᠤᠶ᠎ᠶ᠋ᠢᠨ ᠣᠷᠴᠢᠨ ᠨᠥᠬᠥᠴᠡᠯ᠎ᠢ ᠬᠠᠮᠠᠭᠠᠯᠠᠬᠤ ᠪᠣᠯ ᠳᠠᠷᠤᠶ ᠦᠶ᠋ᠯᠡᠳᠪᠦᠷᠢᠯᠡᠯ᠎ᠦᠨ ᠬᠦᠴᠦᠨ᠎ᠢ ᠬᠠᠮᠠᠭᠠᠯᠠᠬᠤ ᠶᠠᠪᠤᠳᠠᠯ ᠮᠥᠨ᠂ ᠠᠮᠢ ᠠᠬᠤᠶ᠎ᠶ᠋ᠢᠨ ᠣᠷᠴᠢᠨ ᠨᠥᠬᠥᠴᠡᠯ᠎ᠢ ᠰᠠᠢᠵᠢᠷᠠᠭᠤᠯᠬᠤ ᠪᠣᠯ ᠳᠠᠷᠤᠶ ᠦᠶ᠋ᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠶᠠᠪᠤᠳᠠᠯ ᠮᠥᠨ ᠂ ᠰᠠᠢᠨ ᠰᠠᠢᠬᠠᠨ ᠠᠮᠢ ᠠᠬᠤᠶ᠎ᠶ᠋ᠢᠨ ᠣᠷᠴᠢᠨ ᠨᠥᠬᠥᠴᠡᠯ ᠪᠣᠯ ᠬᠠᠮᠤᠭ᠎ᠤᠨ ᠲᠥᠪ ᠭᠤᠤᠯᠴᠢ ᠣᠯᠠᠨ ᠨᠡᠢᠲᠡ᠎ᠶ᠋ᠢᠨ ᠦᠶ᠋ᠯᠡᠳᠬᠦᠨ ᠮᠥᠨ᠃ ᠡᠭᠦᠨ᠎ᠦ ᠲᠤᠯᠠᠳᠠ ᠂ ᠪᠢᠳᠡ ᠠᠮᠢ ᠠᠬᠤᠶ᠎ᠶ᠋ᠢᠨ ᠣᠷᠴᠢᠨ ᠨᠥᠬᠥᠴᠡᠯ᠎ᠢ ᠪᠡᠬᠢᠵᠢᠭᠦᠯᠦᠨ ᠳᠡᠭᠡᠭ᠌ᠰᠢᠯᠡᠭᠦᠯᠬᠦ᠌ ᠤᠳᠠᠭᠠᠨ ᠳᠠᠭᠠᠭᠠᠮᠠᠭᠠᠶ ᠲᠡᠢᠨ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠠᠮᠢ ᠠᠬᠤᠶ᠎ᠶ᠋ᠢ ᠵᠠᠰᠠᠨ ᠰᠡᠷᠭᠦᠭᠡᠬᠦ᠌ ᠪᠠ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭᠠᠯᠠᠬᠤ᠎ᠶ᠋ᠢ ᠦᠨᠡᠨ ᠬᠦ᠌ ᠴᠢᠩᠭᠠᠳᠭᠠᠵᠤ ᠂ ᠪᠣᠳᠠᠲᠤ ᠪᠠᠢᠳᠠᠯ᠎ᠳᠤ ᠨᠡᠢᠴᠡᠭ᠌ᠰᠡᠨ᠂ ᠥᠪᠥᠷ ᠮᠣᠩᠭᠣᠯ᠎ᠤᠨ ᠣᠨᠴᠠᠯᠢᠭ᠎ᠢ ᠢᠯᠡᠷᠡᠭᠦᠯᠦᠭ᠌ᠰᠡᠨ ᠠᠵᠢᠯᠯᠠᠭᠠᠨ ᠎ᠤ ᠲᠥᠰᠦᠯ᠎ᠢ ᠥᠨᠳᠥᠷ ᠪᠠᠷᠢᠮᠵᠢᠶ᠎ᠠ᠎ᠪᠠᠷ ᠲᠣᠭ᠍ᠲᠠᠭᠠᠨ ᠬᠡᠷᠡᠭ᠌ᠵᠢᠭᠦᠯᠵᠦ᠍᠂ ᠠᠮᠢ ᠠᠬᠤᠶ᠎ᠶ᠋ᠢᠨ ᠦᠶ᠋ᠯᠡᠳᠬᠦᠨ᠎ᠦ ᠥᠷᠲᠡᠭ᠎ᠢ ᠪᠡᠶᠡᠯᠡᠭᠦᠯᠬᠦ᠌ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠴᠦ᠍ ᠂ ᠠᠮᠢ ᠠᠬᠤᠶ᠎ᠶ᠋ᠢᠨ ᠣᠷᠴᠢᠨ ᠨᠥᠬᠥᠴᠡᠯ᠎ᠦᠨ ᠬᠠᠮᠠᠭᠠᠯᠠᠯᠲᠠ ᠭᠡᠬᠦ᠌ ᠡᠨᠡ ᠬᠦ᠌ ᠬᠣᠷᠢᠭ᠎ᠠ ᠱᠤᠭᠤᠮ᠎ᠢ ᠡᠷᠡᠰ ᠰᠠᠢᠲᠤᠷ ᠰᠠᠬᠢᠬᠤ ᠬᠡᠷᠡᠭ᠌ᠲᠡᠶ᠃

《ᠪᠣᠬᠢᠷᠲᠤᠯ ᠥᠬᠡᠶ ᠬᠥᠭ᠌ᠵᠢᠯᠲᠡ᠎ᠪᠡᠷ ᠤᠳᠤᠷᠢᠳᠤᠮᠵᠢ ᠪᠣᠯᠭᠠᠬᠤ》 ᠪᠣᠯ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠵᠠᠢᠯᠠᠰᠢ ᠥᠬᠡᠶ ᠱᠠᠭᠠᠷᠳᠠᠯᠭ᠎ᠠ ᠮᠥᠨ᠂ ᠪᠣᠬᠢᠷᠲᠤᠯ ᠥᠬᠡᠶ ᠬᠥᠭ᠌ᠵᠢᠯᠲᠡ᠎ᠶ᠋ᠢᠨ ᠳᠤᠮᠳᠠ ᠬᠠᠮᠳᠤ ᠪᠠᠷ ᠪᠠᠶᠠᠵᠢᠬᠤ᠌ ᠵᠢ ᠴᠢᠩᠭᠠᠳᠬᠠᠨ᠎ᠠ

ᠬᠥᠭ᠌ᠵᠢᠯᠲᠡ ᠪᠣᠯ ᠠᠯᠢᠪᠠ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢᠨ ᠰᠠᠭᠤᠷᠢ ᠪᠠ ᠵᠠᠩᠭᠢᠯᠠᠭ᠎ᠠ ᠮᠥᠨ᠃ ᠥᠪᠥᠷ ᠮᠣᠩᠭᠣᠯ᠎ᠤᠨ ᠤᠷᠣᠨ ᠪᠠᠢᠷᠢ᠂ ᠡᠬᠢ ᠪᠠᠶᠠᠯᠢᠭ᠎ᠤᠨ ᠪᠠᠢᠳᠠᠯ ᠂ ᠠᠵᠤ ᠦᠶ᠋ᠯᠡᠰ᠎ᠦᠨ ᠪᠦᠲᠦᠴᠡ᠂ ᠠᠮᠢ ᠠᠬᠤᠶ᠎ᠶ᠋ᠢᠨ ᠣᠷᠴᠢᠨ ᠲᠣᠭᠣᠷᠢᠨ ᠵᠡᠷᠭᠡ ᠬᠥᠭ᠌ᠵᠢᠯᠲᠡ᠎ᠶ᠋ᠢᠨ ᠨᠥᠬᠥᠴᠡᠯ᠎ᠨᠢ ᠪᠥᠬᠥ᠌ ᠤᠯᠤᠰ᠎ᠤᠨ ᠬᠡᠪᠴᠢᠶᠡᠨ᠎ᠳᠦ ᠴᠥᠮ ᠨᠡᠯᠢᠶᠡᠳ ᠣᠨᠴᠠᠭᠠᠶ ᠪᠠᠢᠵᠤ᠂ ᠬᠥᠭ᠌ᠵᠢᠯᠲᠡ ᠪᠠ ᠬᠠᠮᠠᠭᠠᠯᠠᠯᠲᠠ᠎ᠶ᠋ᠢᠨ ᠬᠠᠷᠢᠴᠠᠭ᠎ᠠ᠎ᠶ᠋ᠢ ᠰᠠᠢᠲᠤᠷ ᠱᠢᠶ᠋ᠳᠪᠦᠷᠢᠯᠡᠬᠦ᠌ ᠪᠣᠯ ᠴᠢᠨᠠᠷ ᠰᠠᠢᠲᠠᠶ ᠬᠥᠭ᠌ᠵᠢᠯᠲᠡ ᠪᠠ ᠬᠠᠮᠲᠤ᠎ᠪᠠᠷ ᠪᠠᠶᠠᠵᠢᠬᠤ᠌᠎ᠶ᠋ᠢ ᠵᠡᠷᠭᠡ᠎ᠪᠡᠷ ᠠᠬᠢᠭᠤᠯᠬᠤ᠎ᠶ᠋ᠢᠨ ᠭᠤᠤᠯᠳᠠᠯᠭ᠎ᠠ ᠪᠠ ᠵᠠᠩᠭᠢᠯᠠᠭ᠎ᠠ ᠪᠣᠯᠤᠨ᠎ᠠ᠃ ᠬᠥᠭ᠌ᠵᠢᠯᠲᠡ ᠪᠠ ᠬᠠᠮᠠᠭᠠᠯᠠᠯᠲᠠ᠎ᠶ᠋ᠢᠨ ᠬᠠᠷᠢᠴᠠᠭ᠎ᠠ ᠶᠠᠮᠠᠷ ᠪᠠᠢᠬᠤ ᠨᠢ ᠡᠴᠦᠰ᠎ᠦᠨ ᠡᠴᠦᠰ᠎ᠲᠡᠬᠡᠨ ᠬᠥᠭ᠌ᠵᠢᠯᠲᠡ᠎ᠶ᠋ᠢᠨ ᠠᠷᠭ᠎ᠠ ᠮᠠᠶᠢᠭ᠎ᠤᠨ ᠠᠰᠠᠭᠤᠳᠠᠯ ᠪᠣᠯᠤᠨ᠎ᠠ᠃  ᠠᠮᠢ ᠠᠬᠤᠢ᠎ᠶ᠋ᠢᠨ ᠣᠷᠴᠢᠨ ᠨᠥᠬᠥᠴᠡᠯ᠎ᠦᠨ ᠬᠠᠮᠠᠭᠠᠯᠠᠯᠲᠠ ᠪᠠ ᠠᠵᠤ ᠠᠬᠤᠢ᠎ᠶ᠋ᠢᠨ ᠬᠥᠭ᠌ᠵᠢᠯᠲᠡ ᠪᠣᠯ ᠬᠤᠪᠢᠰᠤᠩᠭᠤᠢ ᠪᠥᠭᠡᠳ ᠨᠢᠭᠡᠳᠦᠯᠲᠡᠢ ᠂ ᠬᠠᠷᠢᠯᠴᠠᠨ ᠨᠥᠬᠥᠴᠡᠯᠳᠦᠵᠦ᠍ ᠪᠠᠢᠳᠠᠭ᠃  ᠮᠠᠨ᠎ᠤ ᠣᠷᠣᠨ᠎ᠳᠤ ᠠᠪᠴᠤ᠌ ᠬᠡᠯᠡᠪᠡᠯ᠂ ᠣᠷᠴᠢᠨ ᠲᠣᠭᠣᠷᠢᠨ᠎ᠤ ᠠᠰᠠᠭᠤᠳᠠᠯ ᠬᠡᠳᠦᠢᠪᠡᠷ ᠤᠯᠠᠨ ᠲᠠᠯ᠎ᠠ᠎ᠳᠤ ᠬᠣᠯᠪᠣᠭ᠍ᠳᠠᠬᠤ ᠪᠣᠯᠪᠠᠴᠤ᠌ ᠦᠨᠳᠦᠰᠦᠨ᠎ᠳᠡᠭᠡᠨ ᠠᠵᠤ ᠠᠬᠤᠢ᠎ᠶ᠋ᠢᠨ ᠪᠦᠲᠦᠴᠡ᠂ ᠦᠢᠯᠡᠳᠪᠦᠷᠢᠯᠡᠯ ᠎ᠦᠨ ᠠᠷᠭ᠎ᠠ ᠬᠡᠯᠪᠡᠷᠢ ᠂ ᠬᠡᠷᠡᠭ᠌ᠯᠡᠭᠡᠨ᠎ᠦ ᠵᠠᠭ᠍ᠪᠤᠷ ᠪᠣᠯᠤᠨ ᠬᠥᠭ᠌ᠵᠢᠯᠲᠡ᠎ᠶ᠋ᠢᠨ ᠵᠠᠮ᠎ᠤᠨ ᠠᠰᠠᠭᠤᠳᠠᠯ ᠪᠣᠯᠤᠨ᠎ᠠ᠃ ᠪᠣᠬᠢᠷᠲᠤᠯ ᠥᠬᠡᠶ ᠬᠥᠭ᠌ᠵᠢᠯᠲᠡ᠎ᠪᠡᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ ᠂ 《ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ》 ᠭᠡᠬᠦ᠌ ᠣᠢᠯᠠᠭᠠᠭ᠍ᠳᠠᠬᠤᠨ᠎ᠤ ᠴᠢᠨᠠᠷ ᠰᠠᠢᠲᠠᠶ ᠬᠥᠭ᠌ᠵᠢᠯᠲᠡ ᠳᠤᠮᠳᠠᠬᠢ ᠪᠥᠬᠥ᠌ ᠲᠠᠯ᠎ᠠ᠎ᠶ᠋ᠢᠨ ᠴᠢᠨᠠᠷᠲᠠᠶ ᠱᠠᠭᠠᠷᠳᠠᠯᠭ᠎ᠠ᠎ᠶ᠋ᠢ ᠳᠣᠪᠣᠢᠯᠭᠠᠵᠤ᠂ ᠬᠥᠭ᠌ᠵᠢᠯᠲᠡ᠎ᠶ᠋ᠢᠨ ᠠᠷᠭ᠎ᠠ ᠬᠡᠯᠪᠡᠷᠢ᠎ᠶ᠋ᠢ ᠬᠤᠪᠢᠷᠠᠭᠤᠯᠬᠤ ᠪᠠ ᠠᠮᠢᠳᠤᠷᠠᠯ᠎ᠤᠨ ᠠᠷᠭ᠎ᠠ ᠬᠡᠯᠪᠡᠷᠢ᠎ᠳᠡᠬᠢ ᠪᠣᠬᠢᠷᠲᠤᠯ ᠥᠬᠡᠶ ᠬᠥᠭ᠌ᠵᠢᠯᠲᠡ᠎ᠶ᠋ᠢᠨ ᠶᠡᠷᠦᠩᠬᠡᠢᠯᠡᠨ ᠵᠠᠬᠢᠷᠬᠤ ᠪᠠᠢᠷᠢ ᠰᠠᠭᠤᠷᠢ᠎ᠶ᠋ᠢ ᠲᠣᠭ᠍ᠲᠠᠭᠠᠵᠤ᠂ ᠮᠠᠨ᠎ᠤ ᠣᠷᠣᠨ᠎ᠤ ᠪᠣᠬᠢᠷᠲᠤᠯ ᠥᠬᠡᠶ ᠴᠢᠨᠠᠷ ᠰᠠᠢᠲᠠᠶ ᠬᠥᠭ᠌ᠵᠢᠯᠲᠡ ᠳᠤᠮᠳᠠ ᠲᠥᠪ ᠭᠤᠤᠯᠴᠢ ᠱᠢᠳᠤᠷᠭᠤ ᠶᠣᠰᠣ᠎ᠶ᠋ᠢ ᠬᠠᠮᠠᠭᠠᠯᠠᠬᠤ ᠂ ᠬᠥᠮᠦᠨ᠎ᠦ ᠪᠥᠬᠥ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠬᠤ᠎ᠳᠤ ᠲᠡᠩᠴᠡᠭᠦᠷᠢ᠎ᠶ᠋ᠢᠨ ᠴᠡᠭ ᠂ ᠭᠠᠷᠳᠠᠬᠤ ᠴᠡᠭ ᠪᠠ ᠱᠢᠪᠲᠤᠯᠤᠯᠲᠠ᠎ᠶ᠋ᠢᠨ ᠴᠡᠭ ᠬᠠᠩᠭᠠᠪᠠ᠃

ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠣᠷᠣᠵᠤ᠂ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠪᠦᠷᠢᠨ ᠪᠦᠲᠦᠨ ᠣᠨᠣᠪᠴᠢᠲᠠᠢ ᠪᠦᠬᠦ᠌ ᠲᠠᠯ᠎ᠠ᠎ᠪᠠᠷ ᠲᠤᠭᠤᠱᠢᠯᠠᠭᠤᠯᠬᠤ᠎ᠳᠤ ᠂ ᠡᠷᠬᠡᠪᠰᠢ ᠬᠠᠮᠳᠤ ᠪᠠᠷ ᠪᠠᠶᠠᠵᠢᠬᠤ᠌ ᠠᠰᠠᠭᠤᠳᠠᠯ᠎ᠢ ᠨᠡᠩ ᠴᠢᠬᠤᠯᠠᠴᠢᠯᠠᠬᠤ ᠬᠡᠷᠡᠭ᠌ᠲᠡᠢ᠃ ᠱᠢᠨ᠎ᠡ ᠠᠶᠠᠨ᠎ᠳᠤ᠂ ᠪᠢᠳᠡ ᠤᠬᠠᠮᠰᠠᠷ᠎ᠠᠴᠠ᠎ᠪᠠᠨ ᠦᠵᠡᠯ ᠰᠠᠨᠠᠭ᠎ᠠ ᠤᠯᠤᠰ ᠲᠦᠷᠦ᠍ ᠦᠢᠯᠡ ᠠᠵᠢᠯᠯᠠᠭ᠎ᠠ ᠳᠡᠭᠡᠷ᠎ᠡ᠎ᠪᠡᠨ ᠰᠢ᠎ᠶ᠋ᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠢ᠎ᠠ᠎ᠲᠠᠶ ᠳᠡᠭᠡᠳᠦ ᠬᠡᠮᠵᠢᠢ᠎ᠡ᠎ᠪᠡᠷ ᠨᠢᠭᠡᠳᠦᠯᠲᠡᠢ ᠪᠠᠢᠵᠤ ᠂ ᠨᠠᠮ᠎ᠤᠨ ᠲᠥᠪ ᠬᠣᠷᠢᠶᠠᠨ᠎ᠤ ᠡᠯ᠎ᠡ ᠵᠦᠢᠯ᠎ᠦᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠵᠤ ᠂ ᠬᠠᠮᠳᠤ ᠪᠠᠷ ᠪᠠᠶᠠᠵᠢᠬᠤ᠌᠎ᠶ᠋ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭ᠌ᠲᠡᠢ᠃

( ᠵᠣᠬᠢᠶᠠᠭ᠍ᠴᠢ᠄ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶ᠋ᠢᠨ ᠠᠵᠤ ᠠᠬᠤᠢ᠎ᠶ᠋ᠢᠨ ᠤᠬᠠᠭᠠᠨ᠎ᠤ ᠵᠢᠭᠠᠨ ᠰᠤᠳᠤᠯᠬᠤ ᠬᠡᠯᠲᠡᠰ᠂ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ᠎ᠶ᠋ᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ ᠵᠢ ᠰᠣᠳᠣᠯᠬᠣ ᠰᠠᠭᠤᠷᠢᠨ )

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号