2019 ᠣᠨ᠎ᠤ 9 ᠰᠠᠷ᠎ᠠ᠎ᠳᠤ ᠶᠡᠷᠦᠩᠬᠡᠶ ᠱᠦᠵᠢ ᠰᠢ᠎ᠶ᠋ᠢᠨ ᠫᠢᠩ ᠪᠥᠬᠥ᠌ ᠤᠯᠤᠰ ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠥᠬᠢᠭᠦᠯᠦᠨ ᠰᠠᠢᠱᠢᠶᠠᠬᠤ ᠶᠡᠬᠡ ᠬᠤᠷᠠᠯ ᠳᠡᠭᠡᠷ᠎ᠡ ᠦᠨᠳᠦᠰᠦᠲᠡᠨ᠎ᠨᠦᠭᠦᠳ᠎ᠦᠨ ᠰᠣᠶᠣᠯ᠎ᠢ ᠤᠯᠠᠮᠵᠢᠯᠠᠨ ᠬᠠᠮᠠᠭᠠᠯᠠᠬᠤ ᠪᠠ ᠱᠢᠨ᠎ᠡ᠎ᠶ᠋ᠢ ᠡᠭᠦᠳᠦᠨ ᠠᠭᠤᠰᠤᠯᠴᠠᠬᠤ᠎ᠶ᠋ᠢ ᠠᠬᠢᠭᠤᠯᠵᠤ᠂ ᠦᠨᠳᠦᠰᠦᠲᠡᠨ᠎ᠨᠦᠭᠦᠳ ᠬᠠᠮᠲᠤ᠎ᠪᠠᠷ ᠡᠳ᠋ᠯᠡᠬᠦ᠌ ᠳᠤᠮᠳᠠᠳᠤ᠎ᠶ᠋ᠢᠨ ᠰᠣᠶᠣᠯ᠎ᠤᠨ ᠲᠡᠮᠳᠡᠭ ᠪᠠ ᠳᠤᠮᠳᠠᠳᠤ᠎ᠶ᠋ᠢᠨ ᠦᠨᠳᠦᠰᠦᠲᠡᠨ᠎ᠦ ᠳᠦᠷᠢ ᠲᠥᠷᠬᠦ᠌᠎ᠶ᠋ᠢ ᠪᠣᠶ ᠪᠣᠯᠭᠠᠨ ᠳᠣᠪᠣᠢᠯᠭᠠᠵᠤ ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠳᠤᠮᠳᠠᠳᠤ᠎ᠶ᠋ᠢᠨ ᠰᠣᠶᠣᠯ᠎ᠤᠨ ᠲᠤᠬᠠᠶ ᠬᠠᠮᠲᠤ᠎ᠶ᠋ᠢᠨ ᠲᠠᠨᠢᠯᠲᠠ᠎ᠶ᠋ᠢ ᠴᠢᠩᠭᠠᠳᠭᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ ᠃ ᠡᠨᠡ ᠬᠦ᠌ ᠴᠢᠬᠤᠯᠠ ᠨᠤᠲᠠᠯᠠᠯᠲᠠ ᠨᠢ ᠰᠣᠶᠣᠯ᠎ᠤᠨ ᠬᠠᠮᠲᠤ᠎ᠶ᠋ᠢᠨ ᠲᠠᠨᠢᠯᠲᠠ᠎ᠶ᠋ᠢ ᠴᠢᠩᠭᠠᠳᠭᠠᠬᠤ ᠨᠢ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ᠂ ᠦᠨᠳᠦᠰᠦᠲᠡᠨ᠎ᠨᠦᠭᠦᠳ᠎ᠦᠨ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠪᠠᠢᠭᠤᠯᠬᠤ ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠴᠢᠬᠤᠯᠠ ᠠᠴᠢ ᠬᠣᠯᠪᠣᠭ᠍ᠳᠠᠯ᠎ᠲᠠᠶ ᠭᠡᠳᠡᠭ᠎ᠢ ᠭᠦᠢᠴᠡᠳ ᠬᠠᠷᠠᠭᠤᠯᠪᠠ᠃ ᠡᠨᠡ ᠵᠢᠯ᠎ᠦᠨ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ᠎ᠶ᠋ᠢᠨ ᠫᠢᠩ 《ᠳᠤᠮᠳᠠᠳᠤ᠎ᠶ᠋ᠢᠨ ᠦᠨᠳᠦᠰᠦᠲᠡᠨ᠎ᠦ ᠲᠡᠦᠬᠡ᠎ᠶ᠋ᠢᠨ ᠦᠵᠡᠯᠲᠡ》ᠭᠡᠬᠦ᠌ ᠰᠡᠳᠦᠪ ᠢ ᠳᠤᠷᠠᠳᠴᠤ᠌᠂ 《ᠡᠷᠬᠡᠪᠰᠢ ᠵᠥᠪ ᠣᠨᠣᠪᠴᠢᠲᠠᠢ ᠳᠤᠮᠳᠠᠳᠤ᠎ᠶ᠋ᠢᠨ ᠦᠨᠳᠦᠰᠦᠲᠡᠨ᠎ᠦ ᠲᠡᠦᠬᠡ᠎ᠶ᠋ᠢᠨ ᠦᠵᠡᠯᠲᠡ᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠢ ᠮᠡᠳᠡᠷᠡᠬᠦ᠌ ᠰᠡᠳᠭᠢᠯᠭᠡ ᠪᠠ ᠣᠮᠣᠭ᠍ᠰᠢᠬᠤ ᠰᠡᠳᠭᠢᠯᠭᠡ᠎ᠪᠡᠨ ᠴᠢᠩᠭᠠᠳᠭᠠᠬᠤ ᠬᠡᠷᠡᠭ᠌ᠲᠡᠢ》 ᠭᠡᠵᠦ᠍ ᠴᠢᠬᠤᠯᠠᠴᠢᠯᠠᠪᠠ᠃ ᠪᠢᠳᠡ ᠳᠤᠮᠳᠠᠳᠤ᠎ᠶ᠋ᠢᠨ ᠦᠨᠳᠦᠰᠦᠲᠡᠨ᠎ᠦ ᠵᠥᠪ ᠲᠡᠦᠬᠡ᠎ᠶ᠋ᠢᠨ ᠦᠵᠡᠯᠲᠡ᠎ᠪᠡᠷ ᠵᠢᠯᠤᠭᠤᠳᠤᠯᠭ᠎ᠠ ᠪᠣᠯᠭᠠᠵᠤ ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠲᠡᠦᠬᠡᠨ ᠡᠬᠢ ᠰᠤᠷᠪᠤᠯᠵᠢ᠂ ᠬᠥᠭ᠌ᠵᠢᠯᠲᠡ᠎ᠶ᠋ᠢᠨ ᠰᠤᠳᠠᠰᠤ᠂ ᠦᠨᠳᠦᠰᠦᠨ ᠴᠢᠭ᠌ᠯᠡᠯ᠎ᠢ ᠲᠣᠳᠣᠷᠬᠠᠢ ᠲᠠᠢᠯᠪᠤᠷᠢᠯᠠᠬᠤ᠎ᠪᠠᠷ ᠳᠠᠮᠵᠢᠭᠤᠯᠤᠨ᠂ ᠳᠤᠮᠳᠠᠳᠤ᠎ᠶ᠋ᠢᠨ ᠰᠣᠶᠣᠯ᠎ᠤᠨ ᠥᠪᠡᠷᠮᠢᠴᠡ ᠡᠭᠦᠳᠦᠯᠲᠡ᠂ ᠦᠷᠳᠡᠭ᠎ᠦᠨ ᠣᠢᠯᠠᠭᠠᠭ᠍ᠳᠠᠬᠤᠨ᠂ ᠢᠯᠡ ᠲᠣᠳᠣ ᠣᠨᠴᠠᠯᠢᠭ᠎ᠢ ᠲᠣᠳᠣᠷᠬᠠᠢ ᠶᠠᠷᠢᠵᠤ᠂ ᠦᠨᠳᠦᠰᠦᠲᠡᠨ ᠨᠦᠭᠦᠳ᠎ᠦᠨ ᠬᠠᠮᠲᠤ᠎ᠪᠠᠷ ᠡᠳ᠋ᠯᠡᠬᠦ᠌ ᠳᠤᠮᠳᠠᠳᠤ᠎ᠶ᠋ᠢᠨ ᠰᠣᠶᠣᠯ᠎ᠤᠨ ᠲᠡᠮᠳᠡᠭ ᠪᠠ ᠳᠤᠮᠳᠠᠳᠤ᠎ᠶ᠋ᠢᠨ ᠦᠨᠳᠦᠰᠦᠲᠡᠨ᠎ᠦ ᠲᠦᠷᠢ ᠲᠥᠷᠬᠦ᠌᠎ᠶ᠋ᠢ ᠪᠤᠢ ᠪᠣᠯᠭᠠᠨ ᠲᠤᠪᠤᠢ᠌ᠯᠭᠠᠵᠤ ᠂ ᠰᠣᠶᠣᠯ᠎ᠤᠨ ᠢᠲᠡᠭᠡᠯ᠎ᠢᠶᠡᠨ ᠨᠡᠮᠡᠭ᠌ᠳᠡᠭᠦᠯᠦᠨ᠂ ᠳᠤᠮᠳᠠᠳᠤ᠎ᠶ᠋ᠢᠨ ᠰᠣᠶᠣᠯ᠎ᠤᠨ ᠲᠤᠬᠠᠢ ᠦᠨᠳᠦᠰᠦᠲᠡᠨ ᠨᠦᠭᠦᠳ᠎ᠦᠨ ᠬᠠᠮᠲᠤ ᠶ᠋ᠢᠨ ᠲᠠᠨᠢᠯᠲᠠ᠎ᠶ᠋ᠢ ᠨᠡᠮᠡᠭ᠌ᠳᠡᠭᠦᠯᠬᠦ᠌ ᠬᠡᠷᠡᠭ᠌ᠲᠡᠢ᠃
ᠡᠯ᠎ᠡ ᠦᠨᠳᠦᠰᠦᠲᠡᠨ ᠬᠠᠮᠲᠤ᠎ᠪᠠᠷ ᠥᠷᠭᠡᠨ ᠠᠭᠤᠳᠠᠮ ᠨᠤᠲᠤᠭ ᠳᠡᠪᠢᠰᠭᠡᠷ᠎ᠢ ᠨᠡᠭᠡᠭᠡᠪᠡ
ᠬᠡᠳᠦᠨ ᠮᠢᠩᠭᠠᠨ ᠵᠢᠯ᠎ᠦᠨ ᠲᠤᠷᠰᠢ ᠥᠪᠥᠷ ᠮᠣᠩᠭᠣᠯ᠎ᠤᠨ ᠡᠨᠡ ᠬᠦ᠌ ᠥᠷᠭᠡᠨ ᠠᠭᠤᠳᠠᠮ ᠪᠠᠶᠠᠨ ᠲᠠᠩᠰᠤᠭ ᠨᠤᠲᠤᠭ ᠳᠡᠪᠢᠰᠭᠡᠷ ᠳᠡᠭᠡᠷ᠎ᠡ ᠦᠨᠳᠦᠰᠦᠲᠡᠨ᠎ᠨᠦᠭᠦᠳ᠎ᠦᠨ ᠠᠷᠠᠳ ᠲᠦᠮᠡᠨ ᠬᠦᠴᠢᠷ ᠪᠡᠷᠬᠡᠱᠢᠶᠡᠯ᠎ᠢ ᠢᠯᠠᠨ ᠳᠠᠪᠠᠵᠤ᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠦᠵᠡᠰᠭᠦᠯᠡᠩᠲᠦ ᠰᠠᠢᠬᠠᠨ ᠠᠭᠤᠯᠠ ᠤᠰᠤ᠂ ᠥᠷᠭᠡᠨ ᠠᠭᠤᠳᠠᠮ ᠨᠤᠲᠤᠭ ᠳᠡᠪᠢᠰᠭᠡᠷ᠎ᠢ ᠬᠠᠮᠲᠤ᠎ᠪᠠᠷ ᠨᠡᠭᠡᠭᠡᠨ ᠬᠥᠭ᠌ᠵᠢᠭᠦᠯᠪᠡ᠃ ᠥᠪᠥᠷ ᠮᠣᠩᠭᠣᠯ ᠣᠷᠣᠨ ᠪᠣᠯ ᠳᠤᠮᠳᠠᠳᠤ᠎ᠶ᠋ᠢᠨ ᠦᠨᠳᠦᠰᠦᠲᠡᠨ᠎ᠦ ᠡᠷᠲᠡᠨ᠎ᠦ ᠪᠣᠯᠪᠠᠰᠤᠨ᠎ᠤ ᠥᠯᠥᠭᠡᠢ᠎ᠶ᠋ᠢᠨ ᠨᠢᠭᠡ ᠪᠠᠢᠵᠤ ᠂ ᠮᠠᠰᠢ ᠤᠯᠠᠨ ᠨᠡᠭᠦᠳᠡᠯ ᠦᠨᠳᠦᠰᠦᠲᠡᠨᠠᠢᠮᠠᠭ ᠤᠭ᠍ᠰᠠᠭ᠎ᠠ ᠡᠨᠳᠡ ᠪᠣᠢ ᠪᠣᠯᠣᠬᠰᠠᠨ ᠶᠣᠮ᠃ ᠾᠦᠩᠨᠦ᠍ ᠬᠠᠮᠤᠭ᠎ᠤᠨ ᠠᠩᠬ᠎ᠠ ᠮᠤᠨᠠ ᠠᠭᠤᠯᠠ᠎ᠶ᠋ᠢᠨ ᠬᠣᠷᠮᠣᠶ ᠡᠴᠡ ᠬᠦᠴᠦᠷᠭᠡᠭᠵᠢᠨ ᠮᠠᠨᠳᠤᠵᠦ ᠂ ᠰᠡᠭᠦᠯᠡᠷ ᠨᠢ ᠭᠣᠣᠯᠳᠠᠭᠤ ᠠᠯᠲᠠᠶ ᠠᠭᠤᠯᠠ᠎ᠠᠴᠠ ᠵᠡᠭᠦᠨᠱᠢᠬᠢ ᠣᠷᠳᠣᠰ᠎ᠤᠨ ᠥᠨᠳᠥᠷᠯᠢᠭ᠎ᠲᠦ ᠲᠠᠷᠬᠠᠨ ᠰᠠᠭᠣᠷᠢᠰᠢᠵᠠᠢ᠃ᠳ᠋ᠦᠩᠬᠡᠣ ᠱᠠᠩ ᠤᠯᠤᠰ᠎ᠤᠨ ᠡᠬᠢᠨ᠎ᠦ ᠦᠶ᠎ᠡ᠎ᠡᠴᠡ ᠡᠬᠢᠯᠡᠨ ᠪᠠᠷᠠᠭᠤᠨ ᠯᠢᠶᠣᠤᠾᠧ ᠭᠣᠣᠯ᠎ᠤᠨ ᠳᠡᠭᠡᠳᠦ ᠤᠷᠤᠰᠭᠠᠯ᠎ᠤᠨ ᠯᠤᠤᠬ᠎ᠠ᠎ᠶ᠋ᠢᠨ ᠭᠣᠣᠯ ᠂ ᠱᠢᠷᠠᠮᠥ᠋ᠷᠡᠨ ᠭᠣᠣᠯ᠎ᠤᠨ ᠰᠠᠪᠠ ᠭᠠᠵᠠᠷ᠎ᠢᠶᠠᠷ ᠲᠠᠷᠬᠠᠵᠤ ᠪᠠᠢᠪᠠ᠃ ᠱᠢᠶᠡᠨᠪᠢ ᠶᠡᠬᠡ ᠬᠢᠩᠭᠠᠨ ᠳᠠᠪᠠᠭ᠎ᠠ᠎ᠠᠴᠠ ᠬᠦᠴᠦᠷᠭᠡᠭᠵᠢᠨ ᠮᠠᠨᠳᠤᠵᠤ᠂ ᠰᠡᠭᠦᠯᠡᠷ ᠨᠢ ᠬᠥᠯᠥᠨ ᠪᠣᠢᠷ᠎ᠤᠨ ᠲᠠᠯ᠎ᠠ ᠨᠤᠲᠤᠭ᠎ᠲᠤ ᠨᠡᠭᠦᠨ ᠣᠴᠢᠵᠤ᠂ ᠡᠮᠦᠨᠡᠰᠢ ᠱᠢᠷᠠᠮᠥ᠋ᠷᠡᠨ ᠭᠣᠣᠯ᠎ᠤᠨ ᠰᠠᠪᠠ ᠭᠠᠵᠠᠷ ᠬᠦᠷᠴᠦ᠍ ᠂ ᠸᠧᠶ ᠣᠯᠣᠰ᠎ᠶ᠋ᠢᠨ ᠣᠯᠣᠰ ᠡᠮᠦᠨᠡᠲᠦ ᠤᠮᠠᠷᠠᠲᠤ ᠲᠥᠷᠥ ᠵᠢᠨ ᠦᠶ᠎ᠠ᠎ᠳᠤ ᠳᠤᠮᠳᠠᠳᠤ ᠤᠯᠤᠰ᠎ᠲᠤ ᠬᠠᠮᠤᠭ᠎ᠤᠨ ᠶᠡᠬᠡ ᠨᠥᠯᠥᠭᠡ ᠦᠵᠡᠭᠦᠯᠦᠭ᠌ᠰᠡᠨ ᠨᠡᠭᠦᠳᠡᠯᠴᠢᠨ ᠦᠨᠳᠦᠰᠦᠲᠡᠨ ᠪᠣᠯᠵᠠᠶ᠃ ᠲᠦᠷᠦᠭ ᠤᠤᠯ ᠨᠢ ᠠᠯᠲᠠᠶ ᠠᠭᠤᠯᠠ᠎ᠶ᠋ᠢᠨ ᠡᠮᠦᠨ᠎ᠡ ᠬᠣᠷᠮᠣᠶ᠎ᠳᠤ ᠨᠤᠳᠤᠭᠯᠠᠵᠦ ᠪᠠᠢᠵᠠᠶ᠂ ᠰᠡᠭᠦᠯᠡᠷ ᠨᠢ ᠭᠣᠪᠢ᠎ᠶ᠋ᠢᠨ ᠠᠷᠤ᠎ᠶ᠋ᠢᠨ ᠲᠠᠯ᠎ᠠ ᠨᠤᠲᠤᠭ᠎ᠲᠤ ᠨᠡᠭᠦᠨ ᠣᠴᠢᠭ᠍ᠰᠠᠨ ᠪᠥᠭᠡᠳ ᠶᠡᠬᠡ ᠬᠢᠩᠭᠠᠨ ᠳᠠᠪᠠᠭ᠎ᠠ᠎ᠠᠴᠠ ᠠᠷᠠᠯ ᠲᠠᠩᠭᠢᠰ᠎ᠤᠨ ᠬᠣᠭᠣᠷᠣᠨᠳᠣᠬᠢ ᠭᠠᠵᠠᠷ᠎ᠢ ᠠᠭᠠᠵᠢᠮ᠎ᠢᠶᠠᠷ ᠨᠢᠭᠡᠳᠭᠡᠪᠡ᠃ ᠬᠢᠳᠠᠨ ᠪᠣᠯ ᠯᠤᠤᠬ᠎ᠠ ᠶ᠋ᠢᠨ ᠭᠣᠣᠯ᠎ᠤᠨ ᠰᠠᠪᠠ ᠭᠠᠵᠠᠷ᠎ᠠᠴᠠ ᠬᠦᠴᠦᠷᠭᠡᠭᠵᠢᠨ ᠮᠠᠨᠳᠤᠵᠦ ᠯᠢᠶᠣᠤ ᠤᠯᠤᠰ᠎ᠢ ᠪᠠᠢᠭᠤᠯᠵᠤ ᠂ ᠯᠢᠨ ᠬᠤᠸᠠᠩ ᠹᠦ᠋ (ᠣᠳᠣ᠎ᠶ᠋ᠢᠨ ᠪᠠᠭᠠᠷᠢᠨ ᠵᠡᠭᠦᠨ ᠬᠣᠱᠢᠭᠤᠨ᠎ᠳᠦ ᠪᠤᠶ ) ᠳ᠋ᠦ ᠨᠡᠢᠰᠯᠡᠵᠦ᠍ ᠂ ᠨᠤᠲᠤᠭ ᠳᠡᠪᠢᠰᠭᠡᠷ ᠨᠢ ᠥᠷᠭᠡᠨ ᠠᠭᠤᠳᠠᠮ ᠪᠠᠢᠪᠠ᠃ ᠵᠦᠷᠴᠢᠨ ᠪᠣᠯ ᠳᠤᠮᠳᠠᠳᠤ ᠤᠯᠤᠰ᠎ᠤᠨ ᠡᠷᠲᠡᠨ᠎ᠦ ᠵᠡᠭᠦᠨ ᠬᠣᠢᠲᠤ ᠣᠷᠣᠨ᠎ᠳᠤ ᠠᠮᠢᠳᠤᠷᠠᠵᠤ ᠪᠠᠢ᠍ᠢᠭ᠍ᠰᠠᠨ ᠡᠷᠲᠡᠨ᠎ᠦ ᠦᠨᠳᠦᠰᠦᠲᠡᠨ ᠮᠥᠨ ᠂ ᠬᠣᠵᠢᠮ ᠨᠢ ᠠᠯᠲᠠᠨ ᠤᠯᠤᠰ᠎ᠢ ᠪᠠᠢᠭᠤᠯᠵᠤ ᠂ ᠲᠡᠭᠦᠨ᠎ᠦ ᠡᠵᠡᠯᠠᠵᠦ᠍ ᠪᠠᠢ᠍ᠢᠬ᠍ᠰᠠᠨ ᠭᠠᠵᠠᠷ ᠨᠢ ᠪᠠᠷᠠᠭᠤᠨ ᠬᠣᠢᠲᠤ ᠣᠷᠣᠨ ᠡᠴᠡ ᠪᠣᠷᠣᠲᠣᠬᠣᠢ ᠣᠷᠣᠨ᠎ᠳᠤ ᠬᠦᠷᠴᠡᠢ᠃ 《 ᠮᠣᠩᠭᠣᠯ 》 ᠨᠢ ᠡᠷᠭᠦᠨ᠎ᠡ ᠭᠣᠣᠯ᠎ᠤᠨ ᠬᠥᠪᠡᠭᠡᠨ᠎ᠳᠡᠬᠢ ᠨᠢᠭᠡ ᠠᠢᠮᠠᠭ ᠪᠠᠢᠭ᠍ᠰᠠᠨ᠎ᠠᠴᠠ᠎ᠪᠠᠨ ᠠᠭᠠᠵᠢᠮ᠎ᠢᠶᠠᠷ ᠮᠣᠩᠭᠣᠯ ᠠᠢᠮᠠᠭᠤᠳᠢ ᠨᠢᠭᠡᠳᠭᠡᠭᠰᠠᠨᠠᠴᠠ ᠡᠳᠡᠭᠡᠷ ᠠᠢᠮᠠᠭ᠎ᠤᠨ ᠬᠠᠮᠲᠤ᠎ᠶ᠋ᠢᠨ ᠨᠡᠷᠡᠢᠳᠦᠯ ᠪᠣᠯᠤᠨ ᠬᠤᠪᠢᠷᠠᠵᠤ᠂ ᠰᠡᠭᠦᠯᠡᠷ ᠨᠢ 《ᠮᠣᠩᠭᠣᠯ ᠬᠠᠭᠠᠨᠲᠤ ᠤᠯᠤᠰ》᠎ᠢ᠋ ᠪᠠᠢᠭᠤᠯᠪᠠ᠃ ᠴᠢᠨ ᠤᠯᠤᠰ᠎ᠤᠨ ᠦᠶ᠎ᠡ᠎ᠡᠴᠡ ᠨᠠᠭᠠᠰᠢ ᠡᠯ᠎ᠡ ᠦᠨᠳᠦᠰᠦᠲᠡᠨ᠎ᠦ ᠶᠠᠪᠤᠯᠴᠠᠭ᠎ᠠ ᠰᠣᠯᠢᠯᠴᠠᠭ᠎ᠠ ᠲᠠᠰᠤᠷᠠᠯᠲᠠ ᠦᠭᠡᠢ ᠥᠷᠭᠡᠳᠴᠦ᠍᠂ ᠳᠤᠮᠳᠠᠳᠤ᠎ᠶ᠋ᠢᠨ ᠦᠨᠳᠦᠰᠦᠲᠡᠨ᠎ᠦ ᠣᠯᠠᠨ ᠡᠱᠢᠲᠦ ᠨᠢᠭᠡ ᠴᠣᠭ᠍ᠴᠠᠵᠢᠭ᠍ᠰᠠᠨ ᠪᠠᠢᠷᠢᠱᠢᠯ᠎ᠢ ᠪᠦᠷᠢᠯᠳᠦᠭᠦᠯᠦᠨ ᠪᠡᠬᠢᠵᠢᠭᠦᠯᠪᠠ᠃ ᠬᠡᠳᠦᠨ ᠮᠢᠩᠭᠠᠨ ᠵᠢᠯ᠎ᠦᠨ ᠰᠠᠯᠬᠢ ᠪᠣᠷᠣᠭᠠᠨᠲᠤ ᠥᠩᠭᠡᠷᠡᠯᠲᠡ᠎ᠪᠡᠷ ᠳᠠᠮᠵᠢᠨ ᠂ ᠦᠨᠳᠦᠰᠦᠲᠡᠨ᠎ᠨᠦᠭᠦᠳ ᠥᠪᠥᠷ ᠮᠣᠩᠭᠣᠯ ᠣᠷᠣᠨ᠎ᠤ ᠨᠡᠭᠡᠭᠡᠨ ᠬᠥᠭ᠌ᠵᠢᠭᠦᠯᠦᠯᠲᠡ᠂ ᠦᠵᠡᠰᠭᠦᠯᠡᠩᠲᠦ ᠰᠠᠢᠬᠠᠨ ᠭᠡᠷ ᠣᠷᠣᠨ᠎ᠤ ᠪᠦᠲᠦᠭᠡᠨ ᠪᠠᠢᠭᠤᠯᠤᠯᠲᠠ᠎ᠳᠤ ᠴᠥᠮ ᠪᠠᠯᠠᠷᠠᠰᠢ ᠦᠭᠡᠢ ᠬᠤᠪᠢ ᠨᠡᠮᠡᠷᠢ ᠦᠵᠡᠭᠦᠯᠪᠡ᠃
ᠦᠨᠳᠦᠰᠦᠲᠡᠨ᠎ᠨᠦᠭᠦᠳ ᠥᠨᠢ ᠤᠳᠠᠭᠠᠨ ᠲᠡᠦᠬᠡ᠎ᠵᠢ ᠬᠠᠮᠲᠤ᠎ᠪᠠᠷ ᠪᠢᠴᠢᠭ᠌ᠯᠡᠪᠡ
ᠳᠤᠮᠳᠠᠳᠤ ᠤᠯᠤᠰ᠎ᠤᠨ ᠲᠡᠦᠬᠡ ᠪᠣᠯ ᠳᠠᠷᠤᠢ ᠦᠨᠳᠦᠰᠦᠲᠡᠨ᠎ᠨᠦᠭᠦᠳ᠎ᠦᠨ ᠠᠭᠤᠰᠤᠯᠴᠠᠵᠤ ᠤᠯᠠᠨ ᠡᠱᠢᠲᠦ ᠨᠢᠭᠡ ᠴᠤᠬ᠍ᠴᠠᠵᠢᠬ᠍ᠰᠠᠨ ᠳᠤᠮᠳᠠᠳᠤ᠎ᠶ᠋ᠢᠨ ᠦᠨᠳᠦᠰᠦᠲᠡᠨ᠎ᠦ ᠲᠡᠦᠬᠡ ᠮᠥᠨ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠴᠣᠭ᠍ᠴᠠᠯᠠᠨ ᠪᠠᠢᠭᠤᠯᠵᠤ᠂ ᠬᠥᠭ᠌ᠵᠢᠭᠦᠯᠵᠦ᠍᠂ ᠪᠡᠬᠢᠵᠢᠭᠦᠯᠵᠦ᠍ ᠨᠢᠭᠡᠳᠦᠭ᠌ᠰᠡᠨ ᠠᠭᠤᠤ ᠶᠡᠬᠡ ᠡᠭᠡ ᠤᠯᠤᠰ᠎ᠤᠨ ᠲᠡᠦᠬᠡ ᠮᠥᠨ᠃ ᠠᠯᠢ ᠡᠷᠲᠡ ᠴᠢᠨ ᠤᠯᠤᠰ᠎ᠠᠴᠠ ᠡᠮᠦᠨᠡᠬᠢ ᠬᠤᠭᠤᠴᠠᠭᠠᠨ᠎ᠳᠤ ᠮᠠᠨ᠎ᠤ ᠤᠯᠤᠰ ᠶᠠᠨᠳᠢ ᠬᠤᠸᠠᠩᠳᠢ᠎ᠪᠠᠷ ᠭᠤᠤᠯ ᠪᠣᠯᠭᠠᠭ᠍ᠰᠠᠨ 《ᠲᠠᠪᠤᠨ ᠵᠤᠪᠬᠢᠰ᠎ᠤᠨ ᠠᠷᠠᠳ》 ᠳᠡᠯᠡᠬᠡᠶ ᠳ᠋ᠠᠬᠢᠨ᠎ᠲᠠᠶ ᠬᠠᠮᠲᠤ ᠣᠷᠣᠱᠢᠵᠤ ᠠᠭᠤᠰᠤᠯᠴᠠᠭ᠍ᠰᠠᠨ ᠪᠠᠢᠷᠢᠱᠢᠯ᠎ᠢ ᠠᠯᠬᠤᠮ ᠠᠯᠬᠤᠮ᠎ᠢᠶᠠᠷ ᠪᠦᠷᠢᠯᠳᠦᠭᠦᠯᠪᠡ᠃ ᠡᠭᠦᠨ᠎ᠡᠴᠡ ᠬᠣᠢᠰᠢ ᠂ ᠶᠠᠮᠠᠷᠪᠠ ᠨᠢᠭᠡᠨ ᠦᠨᠳᠦᠰᠦᠲᠡᠨ᠎ᠦ ᠪᠠᠢᠭᠣᠯᠣᠬᠰᠠᠨ ᠣᠯᠣᠰ ᠨᠢᠴᠸ᠋ ᠪᠦᠷ ᠣᠯᠠᠨ ᠦᠨᠳᠦᠰᠦᠲᠡᠨ᠎ᠲᠡᠶ ᠤᠯᠤᠰ ᠪᠠᠢᠵᠤ ᠂ ᠤᠳᠠᠭ᠎ᠠ ᠪᠦᠷᠢ᠎ᠶ᠋ᠢᠨ ᠶᠡᠬᠡ ᠨᠢᠭᠡᠳᠦᠯ᠎ᠳᠦ ᠣᠯᠠᠨ ᠦᠨᠳᠦᠰᠦᠳᠡᠨᠢ ᠰᠢᠩᠭᠡᠭᠡᠨ ᠠᠪᠴᠤ ᠂ ᠡᠭᠦᠨ᠎ᠦ ᠤᠯᠠᠮ᠎ᠠᠴᠠ ᠳᠤᠮᠳᠠᠳᠤ ᠤᠯᠤᠰ᠎ᠤᠨ ᠲᠡᠦᠬᠡ᠎ᠶ᠋ᠢᠨ ᠬᠥᠭ᠌ᠵᠢᠯᠲᠡ ᠪᠠ ᠳᠤᠮᠳᠠᠳᠤ᠎ᠶ᠋ᠢᠨ ᠦᠨᠳᠦᠰᠦᠲᠡᠨ᠎ᠦ ᠪᠤᠵᠠᠭᠠᠢᠷᠠᠯᠢ ᠬᠠᠮᠲᠤ᠎ᠪᠠᠷ ᠠᠬᠢᠭᠤᠯᠤᠭ᠍ᠰᠠᠨ ᠪᠠᠢᠨ᠎ᠠ᠃ ᠳᠤᠮᠳᠠᠳᠤ ᠤᠯᠤᠰ ᠤᠨ ᠠᠯᠢ ᠴᠤ᠌ ᠲᠥᠷᠥ᠍ ᠬᠡᠰᠡᠨᠴᠤ ᠣᠯᠠᠨ ᠦᠨᠳᠦᠰᠦᠲᠡᠨ᠎ᠦ 《ᠶᠡᠬᠡ ᠨᠢᠭᠡᠳᠦᠯ》 ᠢ 《ᠲᠩᠷᠢ ᠭᠠᠵᠠᠷ᠎ᠤᠨ ᠶᠡᠷᠦᠳᠡ᠎ᠶ᠋ᠢᠨ ᠶᠣᠰᠣ᠂ ᠡᠷᠲᠡᠨ ᠡᠳᠦᠭᠡ᠎ᠶ᠋ᠢᠨ ᠨᠡᠢᠲᠡ᠎ᠶ᠋ᠢᠨ ᠶᠣᠰᠣ》 ᠭᠡᠵᠦ᠍ ᠦᠵᠡᠳᠡᠭ᠃ ᠡᠯ᠎ᠡ ᠦᠨᠳᠦᠰᠦᠲᠡᠨ᠂ ᠡᠯ᠎ᠡ ᠲᠦᠷᠦ᠍᠎ᠶ᠋ᠢᠨ ᠬᠠᠮᠲᠤ᠎ᠶ᠋ᠢᠨ ᠴᠢᠷᠮᠠᠢᠯᠭ᠎ᠠ᠎ᠪᠠᠷ ᠳᠠᠮᠵᠢᠨ ᠡᠴᠦᠰ᠎ᠲᠡᠬᠡᠨ ᠥᠨᠢ ᠤᠳᠠᠭᠠᠨ ᠤᠯᠠᠮᠵᠢᠯᠠᠯ᠎ᠲᠠᠶ᠂ ᠭᠡᠷᠡᠯ ᠰᠠᠴᠤᠷᠠᠩᠭᠤᠢ᠂ ᠤᠯᠠᠨ ᠡᠱᠢᠲᠦ ᠨᠢᠭᠡ ᠴᠤᠭ᠍ᠴᠠᠵᠢᠭ᠍ᠰᠠᠨ᠂ ᠲᠠᠰᠤᠷᠠᠰᠢ ᠦᠭᠡᠢ ᠦᠷᠭᠦᠯᠵᠢᠯᠡᠭ᠌ᠰᠡᠨ ᠳᠤᠮᠳᠠᠳᠤ᠎ᠶ᠋ᠢᠨ ᠦᠨᠳᠦᠰᠦᠲᠡᠨ᠎ᠦ ᠲᠡᠦᠬᠡ᠎ᠶ᠋ᠢ ᠪᠢᠴᠢᠭ᠌ᠯᠡᠵᠡᠢ᠃
ᠦᠨᠳᠦᠰᠦᠲᠡᠨ᠎ᠨᠦᠭᠦᠳ ᠭᠡᠷᠡᠯ ᠰᠠᠴᠤᠷᠠᠩᠭᠤᠢ ᠰᠣᠶᠣᠯ᠎ᠢ ᠬᠠᠮᠲᠤ᠎ᠪᠠᠷ ᠡᠭᠦᠳᠦᠨ ᠪᠦᠲᠦᠭᠡᠪᠡ
ᠥᠪᠥᠷ ᠮᠣᠩᠭᠣᠯ ᠣᠷᠣᠨ ᠪᠣᠯ ᠡᠷᠲᠡᠨ ᠡᠴᠡ ᠠᠪᠤᠭᠠᠳ ᠡᠯ᠎ᠡ ᠦᠨᠳᠦᠰᠦᠲᠡᠨ᠎ᠦ ᠠᠵᠤ ᠠᠬᠤᠶ ᠰᠣᠶᠣᠯ᠎ᠤᠨ ᠠᠭᠤᠰᠤᠯᠴᠠᠯ᠎ᠤᠨ ᠴᠢᠬᠤᠯᠠ ᠲᠠᠪᠴᠠᠩ ᠪᠣᠯᠤᠭᠰᠠᠭᠠᠷ ᠢᠷᠡᠭᠰᠡᠨ ᠶᠤᠮ᠃ ᠪᠠᠷᠤᠭ ᠬᠠᠭᠤᠴᠢᠨ ᠴᠢᠯᠠᠭᠤᠨ ᠵᠡᠪᠰᠡᠭ᠎ᠦᠨ ᠦᠶ᠎ᠡ᠎ᠳᠦ ᠳᠠᠷᠤᠶ ᠬᠥᠮᠦᠨ ᠲᠥᠷᠥᠯᠬᠢᠲᠡᠨ ᠥᠪᠥᠷ ᠮᠣᠩᠭᠣᠯ ᠣᠷᠣᠨ᠎ᠳᠤ ᠣᠷᠣᠵᠤ ᠢᠷᠡᠵᠡᠢ᠂ ᠡᠬᠦᠨ᠎ᠦ ᠲᠦᠯᠦᠬᠡᠯᠡᠯ ᠨᠢ ᠣᠲᠣ᠎ᠶᠢᠨ ᠬᠥᠬᠡᠬᠣᠲᠠ᠎ᠶᠢᠨ ᠵᠡᠭᠦᠨ ᠲᠡᠭᠦᠷᠭᠡ ᠶᠢᠨ ᠳ᠋ᠡ ᠶᠣᠣ ᠶᠢᠨ ᠰᠣᠶᠣᠯᠪᠣᠯᠣᠨᠠ᠂ ᠡᠨᠳᠡ᠎ᠡᠴᠡ ᠢᠯᠡᠷᠡᠭᠦᠯᠦᠭᠰᠡᠨ ᠬᠠᠭᠤᠴᠢᠨ ᠴᠢᠯᠠᠭᠤᠨ ᠵᠡᠪᠰᠡᠭ᠎ᠦᠨ ᠦᠶ᠎ᠡ᠎ᠶᠢᠨ ᠡᠷᠲᠡ ᠦᠶ᠎ᠡ᠎ᠶᠢᠨ ᠴᠢᠯᠠᠭᠤᠨ ᠵᠡᠪᠰᠡᠭ ᠦᠢᠯᠡᠳᠬᠦ ᠲᠠᠯᠠᠪᠠᠶ ᠨᠢ ᠪᠡᠭᠡᠵᠢᠩ᠎ᠦᠨ ᠵᠧᠣ ᠺᠸᠤ ᠳ᠋ᠢᠶᠠᠨ᠎ᠤ ᠳᠤᠮᠳᠠᠳᠤ ᠤᠯᠤᠰ᠎ᠤᠨ ᠬᠥᠮᠦᠨ ᠰᠠᠷᠮᠠᠭᠴᠢᠨ᠎ᠲᠠᠶ ᠵᠡᠷᠭᠡᠴᠡᠨ ᠣᠷᠣᠰᠢᠵᠤ ᠪᠠᠢᠵᠠᠢ᠃ ᠤᠳᠤ᠎ᠶᠢᠨ ᠤᠯᠠᠭᠠᠨᠬᠠᠳᠠ ᠬᠤᠳᠠ᠎ᠶᠢᠨ ᠠᠤᠬᠠᠨ ᠬᠣᠰᠢᠭᠤᠨ᠎ᠤ ᠰᠢᠩ ᠯᠦᠩ᠎ᠸᠠ ᠵᠢᠨ ᠰᠣᠶᠣᠯ ᠪᠣᠯ ᠣᠳᠣ ᠪᠤᠯᠳᠠᠯ᠎ᠠ ᠢᠯᠡᠷᠡᠭᠦᠯᠦᠭᠡᠳ ᠪᠠᠢᠭ᠎ᠠ ᠵᠡᠭᠦᠨ ᠬᠣᠢᠲᠤ ᠠᠽᠢᠶ᠎ᠠ ᠣᠷᠣᠨ᠎ᠤ ᠪᠣᠯᠪᠠᠰᠤᠨ᠎ᠤ ᠠᠩᠬᠠᠳᠠᠭᠴᠢ ᠲᠡᠦᠬᠡᠨ ᠤᠷᠬᠢᠯ ᠪᠣᠯᠤᠨ᠎ᠠ᠃ ᠬᠣᠩ ᠱᠠᠨ᠎ᠤ ᠰᠣᠶᠣᠯ᠎ᠤᠨ ᠯᠣᠣ ᠵᠢᠨ ᠰᠣᠶᠣᠯ᠎ᠦᠨ ᠰᠢᠲᠦᠯᠭᠡ ᠨᠢ ᠳᠤᠮᠳᠠᠳᠤ᠎ᠶᠢᠨ ᠦᠨᠳᠦᠰᠦᠲᠡᠨ᠎ᠦ 《ᠯᠣᠣ》 ᠵᠢᠨ ᠰᠢᠲᠦᠯᠭᠡ᠎ᠶᠢᠨ ᠡᠬᠢ ᠡᠭᠦᠰᠦᠯ ᠪᠣᠯᠤᠭᠰᠠᠨ ᠪᠠᠢᠨ᠎ᠠ᠃ 《ᠲᠠᠯ᠎ᠠ ᠨᠤᠲᠤᠭ᠎ᠤᠨ ᠲᠣᠷᠭᠠᠨ ᠵᠠᠮ》 ᠳ᠋ᠦ ᠬᠠᠷ᠎ᠠ ᠬᠣᠲᠠ᠎ᠶᠢᠨ ᠪᠠᠭᠤᠷᠢ᠂ ᠶᠤᠸᠠᠨ᠎ᠤ ᠳᠡᠭᠡᠳᠦ ᠨᠡᠢᠰᠯᠡᠯ᠎ᠦᠨ ᠪᠠᠭᠤᠷᠢ ᠵᠡᠷᠭᠡ ᠠᠯᠢ ᠣᠯᠠᠨ ᠡᠷᠲᠡᠨ᠎ᠦ ᠬᠣᠲᠠ᠎ᠶᠢᠨ ᠪᠠᠭᠤᠷᠢ ᠪᠣᠢ᠃ ᠡᠳᠡᠭᠡᠷ ᠬᠣᠪᠣᠷ ᠨᠠᠨᠳᠢᠨ ᠰᠣᠶᠣᠯ᠎ᠤᠨ ᠥᠪ ᠨᠢ ᠳᠤᠮᠳᠠᠳᠤ᠎ᠶᠢᠨ ᠰᠣᠶᠣᠯ᠎ᠤᠨ ᠣᠬᠢ ᠰᠣᠳᠣ ᠪᠠᠢᠵᠤ ᠂ ᠪᠤᠰᠤᠳᠴᠢ ᠲᠠᠯ᠎ᠠ ᠪᠠᠷ ᠳᠤᠮᠳᠠᠳᠤ ᠣᠷᠣᠨ᠎ᠤ ᠲᠠᠷᠢᠶᠠᠯᠠᠬᠣ ᠰᠣᠶᠣᠯ ᠪᠠ ᠲᠠᠯ᠎ᠠ ᠨᠤᠲᠤᠭ᠎ᠤᠨ ᠨᠡᠭᠦᠳᠡᠯ ᠰᠣᠶᠣᠯ᠎ᠤᠨ ᠰᠣᠯᠢᠯᠴᠠᠭ᠎ᠠ ᠪᠠ ᠠᠭᠤᠰᠤᠯᠴᠠᠯ᠎ᠢ ᠠᠬᠢᠭᠤᠯᠵᠠᠢ᠃
ᠥᠪᠥᠷ ᠮᠣᠩᠭᠣᠯ᠎ᠤᠨ ᠦᠪᠠᠷᠮᠢᠴᠠ ᠣᠶ ᠰᠢᠭᠤᠶ ᠲᠠᠯ᠎ᠠ ᠭᠠᠵᠠᠷ ᠨᠢ ᠨᠡᠭᠦᠳᠡᠯ ᠠᠩᠨᠠᠯ ᠨᠡᠭᠦᠳᠡᠯ ᠰᠣᠶᠣᠯ ᠤᠨ ᠣᠷᠣᠨ ᠪᠦᠰᠡ᠎ᠶᠢᠨ ᠥᠪᠡᠷᠮᠢᠴᠡ ᠬᠥᠮᠦᠨ ᠨᠡᠢᠭᠡᠮ᠎ᠦᠨ ᠣᠷᠴᠢᠨ ᠲᠣᠭᠣᠷᠢᠨ᠎ᠢ ᠪᠣᠶ ᠪᠣᠯᠭᠠᠵᠤ ᠂ ᠣᠷᠳᠣ ᠴᠠᠭᠠᠨ ᠬᠡᠷᠡᠮ᠂ ᠬᠠᠲᠤᠨ ᠭᠤᠤᠯ᠎ᠤᠨ ᠦᠪᠠᠷᠮᠢᠴᠠ ᠣᠷᠣᠨ ᠪᠦᠰᠡ ᠨᠢ ᠪᠠᠰᠠ ᠤᠮᠠᠷᠠᠲᠤ᠎ᠶᠢᠨ ᠲᠠᠯ᠎ᠠ ᠨᠤᠲᠤᠭ᠎ᠤᠨ ᠨᠡᠭᠦᠳᠡᠯ ᠰᠣᠶᠣᠯ ᠪᠣᠯᠤᠨ ᠳᠤᠮᠳᠠᠳᠤ ᠣᠷᠣᠨ᠎ᠤ ᠲᠠᠷᠢᠶᠠᠯᠠᠬᠤ ᠰᠣᠶᠣᠯ ᠬᠠᠷᠢᠯᠴᠠᠨ ᠨᠥᠯᠥᠭᠡᠯᠡᠵᠤ ᠠᠭᠤᠰᠤᠯᠴᠠᠭᠰᠠᠨ ᠥᠪᠡᠷᠮᠢᠴᠡ ᠬᠥᠮᠦᠨ ᠨᠡᠢᠭᠡᠮ᠎ᠦᠨ ᠣᠷᠴᠢᠨ ᠲᠣᠭᠣᠷᠢᠨ᠎ᠢ ᠪᠣᠶ ᠪᠣᠯᠭᠠᠵᠠᠶ᠃ ᠮᠣᠩᠭᠣᠯ ᠦᠨᠳᠦᠰᠦᠲᠡᠨ᠎ᠦ ᠪᠠᠭᠠᠲᠤᠷᠯᠢᠭ ᠲᠤᠤᠯᠢ 《ᠵᠢᠩᠭᠠᠷ》 ᠂ 《ᠭᠡᠰᠡᠷ》 ᠡᠴᠡ ᠳᠡᠯᠡᠬᠡᠢ᠎ᠶᠢᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠮᠣᠩᠭᠣᠯ ᠦᠨᠳᠦᠰᠦᠲᠡᠨ᠎ᠦ ᠤᠷᠳᠤ᠎ᠶᠢᠨ ᠳᠠᠭᠤᠤ᠂ ᠬᠥᠭᠡᠮᠡᠢ ᠬᠦᠷᠲᠡᠯ᠎ᠡ ; ᠳᠠᠭᠤᠷ ᠦᠨᠳᠦᠰᠦᠲᠡᠨ᠎ᠦ ᠤᠯᠠᠮᠵᠢᠯᠠᠯᠲᠤ ᠪᠦᠢᠺᠦ ᠪᠥᠮᠪᠥᠭᠡ ᠶᠢᠨ ᠤᠷᠤᠯᠳᠤᠭᠠᠨ᠎ᠠᠴᠠ ᠡᠷᠭᠦᠨ᠎ᠡ ᠭᠣᠣᠯ᠎ᠤᠨ ᠬᠥᠪᠡᠭᠡᠨ ᠳᠡᠬᠢ ᠤᠷᠤᠰ ᠦᠨᠳᠦᠰᠦᠲᠡᠨ᠎ᠦ ᠠᠷᠠᠳ ᠤᠯᠠᠨ᠎ᠤ 《ᠴᠠᠭᠠᠨ ᠰᠠᠷ᠎ᠠ》 ᠵᠢᠨ ᠪᠠᠶᠠᠷ ᠪᠣᠯᠲᠠᠯ᠎ᠠ ᠁ ᠥᠪᠥᠷ ᠮᠣᠩᠭᠣᠯ᠎ᠤᠨ ᠡᠬᠡ ᠭᠠᠵᠠᠷ ᠳᠡᠭᠡᠷᠡᠬᠢ ᠦᠨᠳᠦᠰᠦᠲᠡᠨ᠎ᠦ ᠰᠣᠶᠣᠯ᠎ᠤᠨ ᠥᠪ ᠦᠩᠬᠡ ᠦᠨᠭᠭᠡ ᠪᠠᠷ ᠰᠤᠯᠤᠨᠭᠭᠠᠷᠠᠨᠠ ᠃ ᠤᠷᠲᠤ ᠤᠳᠠᠭᠠᠨ ᠲᠡᠦᠬᠡᠨ ᠶᠠᠪᠤᠴᠠ᠎ᠳᠤ᠂ ᠡᠯ᠎ᠡ ᠦᠨᠳᠦᠰᠦᠲᠡᠨ᠎ᠦ ᠰᠣᠶᠣᠯ ᠰᠣᠯᠪᠢᠴᠠᠨ᠂ ᠳᠤᠮᠳᠠᠳᠤ᠎ᠶᠢᠨ ᠰᠣᠶᠣᠯ ᠶᠠᠪᠤᠬᠤ ᠲᠤᠲᠤᠮ ᠰᠢᠨᠡᠳᠴᠦ ᠂ ᠡᠴᠦᠰ᠎ᠲᠡᠬᠡᠨ ᠥᠨᠢ ᠤᠳᠠᠭᠠᠨ ᠭᠡᠷᠡᠯ ᠰᠠᠴᠤᠷᠠᠩᠭᠤᠶ ᠳᠤᠮᠳᠠᠳᠤ᠎ᠶᠢᠨ ᠰᠣᠶᠣᠯ᠎ᠤᠨ ᠲᠡᠮᠳᠡᠭ ᠪᠠ ᠳᠤᠮᠳᠠᠳᠤ᠎ᠶᠢᠨ ᠦᠨᠳᠦᠰᠦᠲᠡᠨ᠎ᠦ ᠳᠦᠷᠢ ᠲᠥᠷᠬᠦ᠎ᠶᠢᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠪᠠᠢᠨ᠎ᠠ᠃
ᠡᠯ᠎ᠡ ᠦᠨᠳᠦᠰᠦᠲᠡᠨ ᠬᠠᠮᠲᠤ᠎ᠪᠠᠷ ᠠᠭᠤᠤ ᠶᠡᠬᠡ ᠵᠣᠷᠢᠭ ᠰᠠᠨᠠᠭ᠎ᠠ ᠵᠢ ᠪᠣᠢᠵᠢᠭᠤᠯᠪᠠ
ᠳᠤᠮᠳᠠᠳᠤ᠎ᠶ᠋ᠢᠨ ᠦᠨᠳᠦᠰᠦᠲᠡᠨ᠎ᠦ ᠵᠣᠷᠢᠭ ᠰᠠᠨᠠᠭ᠎ᠠ ᠪᠣᠯ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠪᠠᠷ ᠪᠣᠢᠵᠢᠭᠤᠯᠵᠦ᠂ ᠵᠠᠯᠭᠠᠮᠵᠢᠯᠠᠵᠦ᠂ ᠬᠥᠭ᠌ᠵᠢᠬᠦᠯᠵᠦ ᠢᠷᠡᠭᠰᠡᠨ ᠵᠣᠷᠢᠭ ᠰᠠᠨᠠᠭ᠎ᠠ ᠮᠥᠨ᠂ ᠲᠡᠷᠡ ᠨᠢ ᠨᠢᠭᠡᠨᠲᠡ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠴᠢᠰᠤ ᠪᠠ ᠰᠦᠭ ᠰᠦᠨᠡᠰᠦᠨ᠎ᠳᠦ ᠠᠭᠤᠰᠴᠤ᠂ ᠳᠤᠮᠳᠠᠳᠤ ᠤᠯᠤᠰ᠎ᠤᠨ ᠬᠥᠭ᠌ᠵᠢᠯᠲᠡ ᠳᠠᠪᠱᠢᠯᠲᠠ ᠶ᠋ᠢ ᠠᠬᠢᠭᠤᠯᠬᠤ ᠬᠦᠴᠦᠷᠬᠡᠭ ᠶᠡᠬᠡ ᠣᠶᠤᠨ ᠰᠠᠨᠠᠭᠠᠨ᠎ᠤ ᠬᠥᠳᠡᠯᠭᠡᠭ᠌ᠴᠢ ᠬᠦᠴᠦᠨ ᠪᠣᠯᠤᠭ᠍ᠰᠠᠨ ᠪᠠᠢᠨ᠎ᠠ᠃
ᠤᠷᠳᠤ ᠬᠤᠭᠤᠴᠠᠭᠠᠨ᠎ᠤ ᠬᠠᠮᠲᠤ᠎ᠶ᠋ᠢᠨ ᠠᠮᠢᠳᠤᠷᠠᠯ᠎ᠤᠨ ᠶᠠᠪᠤᠴᠠ᠎ᠳᠤ᠂ ᠥᠪᠥᠷ ᠮᠣᠩᠭᠣᠯ ᠤᠨ ᠡᠭᠡ ᠭᠠᠵᠠᠷ ᠳᠡᠭᠡᠷᠡᠬᠢ ᠦᠨᠳᠦᠰᠦᠲᠡᠨ᠎ᠨᠦᠭᠦᠳ ᠬᠠᠮᠲᠤ᠎ᠶ᠋ᠢᠨ ᠬᠠᠢᠷ᠎ᠠ ᠰᠡᠳᠭᠢᠯᠭᠡ᠎ᠶ᠋ᠢᠨ ᠲᠦᠰᠢᠭ᠂ ᠬᠠᠮᠲᠤ᠎ᠶ᠋ᠢᠨ ᠤᠶᠤᠨ ᠰᠠᠨᠠᠭᠠᠨ᠎ᠤ ᠢᠲᠡᠭᠡᠯ ᠪᠢᠱᠢᠷᠡᠯ ᠂ ᠬᠠᠮᠲᠤ᠎ᠶ᠋ᠢᠨ ᠦᠷᠳᠡᠭ᠎ᠦᠨ ᠣᠢᠯᠠᠭᠠᠭ᠍ᠳᠠᠬᠤᠨ᠎ᠢ ᠠᠴᠢᠶᠠᠯᠠᠵᠤ᠂ ᠪᠠᠯᠠᠷᠠᠰᠢ ᠦᠭᠡᠢ ᠲᠡᠦᠬᠡ᠎ᠶ᠋ᠢᠨ ᠰᠠᠢᠬᠠᠨ ᠦᠯᠢᠭᠡᠷ᠎ᠢ ᠦᠯᠡᠳᠡᠭᠡᠵᠡᠢ᠃
ᠥᠨᠥᠳᠦᠷ᠎ᠦᠨ ᠬᠥᠬᠡᠬᠣᠲᠠ᠎ᠶ᠋ᠢᠨ ᠶᠡᠬᠡ ᠲᠦᠷᠭᠡᠨ ᠭᠣᠣᠯ᠎ᠤᠨ ᠡᠮᠦᠨ᠎ᠡ ᠬᠥᠪᠡᠭᠡᠨ᠎ᠳᠦ ᠵᠤᠤ ᠵᠢᠶᠦ᠋ᠨ᠎ᠦ ᠤᠩᠭᠤᠨ ᠨᠢᠭᠡᠨᠲᠡ ᠬᠣᠶᠠᠷ ᠮᠢᠩᠭ᠎ᠠ ᠭᠠᠷᠤᠢ ᠵᠢᠯ ᠰᠦᠨᠳᠡᠷᠯᠡᠵᠦ᠍᠂ ᠡᠯ᠎ᠡ ᠦᠨᠳᠦᠰᠦᠲᠡᠨ ᠡᠷᠲᠡᠨ᠎ᠡᠴᠡ᠎ᠪᠡᠨ ᠲᠦᠱᠢᠯᠴᠡᠨ ᠣᠷᠣᠱᠢᠵᠤ᠂ ᠵᠢᠷᠭᠠᠯ ᠵᠣᠪᠠᠯᠠᠩ᠎ᠢᠶᠠᠨ ᠬᠠᠮᠲᠤᠳᠭᠠᠵᠤ᠂ ᠬᠢᠯᠪᠠᠷ ᠪᠤᠰᠤ᠎ᠪᠠᠷ ᠢᠷᠡᠭ᠌ᠰᠡᠨ ᠦᠨᠳᠦᠰᠦᠲᠡᠨ᠎ᠦ ᠪᠦᠯᠬᠦᠮᠳᠡᠯ᠎ᠦᠨ ᠶᠡᠬᠡ ᠰᠠᠢ᠌ᠨ ᠪᠠᠢᠳᠠᠯ᠎ᠢ ᠮᠠᠰᠢ ᠨᠠᠨᠳᠢᠩᠨᠠᠬᠤ᠎ᠶ᠋ᠢ ᠴᠠᠭ ᠢᠮᠠᠭ᠍ᠲᠠ ᠰᠠᠨᠠᠭᠤᠯᠵᠤ ᠪᠠᠢᠨ᠎ᠠ᠃ ᠨᠡᠢᠲᠡ ᠶ᠋ᠢᠨ ᠣᠨ ᠲᠣᠭᠠᠯᠠᠯ ᠤᠨ 1247 ᠣᠨ ᠳᠤ᠂ ᠮᠣᠩᠭᠣᠯ᠎ᠤᠨ ᠲᠠᠯ᠎ᠠ ᠨᠤᠲᠤᠭ ᠪᠠ ᠬᠥᠬᠡᠨᠠᠭᠤᠷ ᠲᠥᠪᠡᠳ᠎ᠦᠨ ᠥᠨᠳᠥᠷᠯᠢᠭ ᠂ ᠳᠤᠮᠳᠠᠳᠤ ᠣᠷᠣᠨ᠎ᠤ ᠲᠠᠷᠢᠶᠠᠯᠠᠬᠤ ᠪᠣᠯᠪᠠᠰᠤᠨ ᠪᠠ ᠬᠢᠯᠢ ᠬᠢᠵᠠᠭᠠᠷ᠎ᠤᠨ ᠨᠡᠭᠦᠳᠡᠯ ᠮᠠᠯᠵᠢᠯ᠎ᠤᠨ ᠪᠣᠯᠪᠠᠰᠤᠨ᠎ᠢ ᠬᠣᠯᠪᠣᠭ᠍ᠰᠠᠨ 《ᠯᠢᠶᠠᠩᠵᠸᠤ》 ᠭᠡᠬᠦ᠌ ᠭᠠᠵᠠᠷ 《ᠯᠢᠶᠠᠩᠵᠸᠤ ᠵᠢᠨ ᠴᠢᠭᠤᠯᠭᠠᠨ》 ᠭᠡᠬᠦ᠌ ᠲᠡᠦᠬᠡ᠎ᠶ᠋ᠢᠨ ᠰᠠᠢᠬᠠᠨ ᠳᠠᠭᠤᠷᠢᠰᠭᠠᠯ᠎ᠢ ᠪᠣᠢ ᠪᠣᠯᠭᠠᠵᠠᠢ᠃ ᠬᠠᠭᠠᠨ᠎ᠤ ᠣᠷᠳᠣᠨ᠎ᠤ ᠮᠦᠽᠧᠶ᠎ᠳᠦ ᠬᠢᠲᠠᠳ ᠂ ᠮᠠᠨᠵᠤ ᠂ ᠮᠣᠩᠭᠣᠯ ᠭᠤᠷᠪᠠᠨ ᠵᠦᠶ᠋ᠯ᠎ᠦᠨ ᠥᠰᠥᠭᠵᠢᠡᠷ 《ᠤᠪᠠᠰᠢ》 ᠭᠡᠵᠦ ᠪᠢᠴᠢᠭᠳᠡᠭᠰᠡᠨ ᠮᠣᠩᠭᠣᠯ ᠦᠨᠳᠦᠰᠦᠲᠡᠨ᠎ᠦ ᠢᠯᠳᠦ᠍ ᠬᠠᠳᠠᠭᠠᠯᠠᠬᠳᠠᠵᠤ ᠪᠠᠢᠢᠲᠠᠬ᠃ ᠡᠨᠡ ᠢᠯᠳᠦ ᠨᠢ 《ᠲᠣᠷᠭᠤᠳᠴᠤᠳ ᠲᠦᠮᠡᠨ ᠭᠠᠵᠠᠷ ᠤᠨ ᠠᠯᠤᠰ᠎ᠠᠴᠠ ᠪᠤᠴᠠᠵᠤ ᠢᠷᠡᠭ᠌ᠰᠡᠨ》 ᠠᠸ᠋ᠭ᠎ᠠ ᠦᠶ᠋ᠯᠡᠰ᠎ᠢ ᠭᠡᠷᠡᠴᠢᠯᠡᠵᠦ᠍᠂ ᠡᠬᠡ ᠣᠷᠣᠨᠴᠢ ᠦᠵᠡᠯ᠎ᠢᠶᠡᠷ ᠭᠤᠤᠯ ᠪᠣᠯᠭᠠᠭ᠍ᠰᠠᠨ ᠠᠭᠤᠤ ᠶᠡᠬᠡ ᠦᠨᠳᠦᠰᠦᠲᠡᠨ᠎ᠦ ᠵᠣᠷᠢᠭ ᠰᠠᠨᠠᠭ᠎ᠠ᠎ᠶ᠋ᠢ ᠢᠯᠡᠷᠡᠭᠦᠯᠪᠡ᠃ ᠢᠯᠠᠩᠭᠤᠶ᠎ᠠ ᠣᠢᠷ᠎ᠠ ᠦᠶ᠎ᠡ᠎ᠡᠴᠡ ᠨᠠᠭᠠᠰᠢ ᠂ ᠤᠯᠤᠰ ᠮᠥᠬᠥᠵᠦ᠍ ᠤᠭ᠍ᠰᠠᠭ᠎ᠠ ᠰᠥᠨᠥᠬᠦ᠌ ᠤᠷᠢᠳ ᠡᠮᠦᠨ᠎ᠡ ᠪᠠᠢᠭ᠎ᠠ ᠥᠬᠡᠶ ᠠᠶᠤᠯ ᠲᠦᠭ᠌ᠰᠢᠭᠦᠷᠢ᠎ᠶ᠋ᠢᠨ ᠡᠮᠦᠨ᠎ᠡ ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠭᠠᠳᠠᠭᠠᠳᠤ᠎ᠶ᠋ᠢᠨ ᠳᠣᠷᠣᠮᠵᠢᠯᠠᠯ᠎ᠢ ᠬᠠᠮᠲᠤ᠎ᠪᠠᠷ ᠡᠰᠡᠷᠭᠦᠴᠡᠵᠦ᠍ ᠂ ᠤᠯᠤᠰ ᠣᠷᠣᠨ᠎ᠤ ᠬᠦᠴᠢᠷ ᠵᠣᠪᠠᠯᠠᠩ᠎ᠢ ᠬᠠᠮᠲᠤ᠎ᠪᠠᠷ ᠳᠤᠭᠤᠯᠵᠤ ᠂ ᠠᠮᠢ ᠨᠠᠰᠤ᠎ᠪᠠᠨ ᠦᠷᠡᠭ᠌ᠳᠡᠭᠦᠯᠵᠦ᠍᠂ ᠬᠠᠯᠠᠭᠤᠨ ᠴᠢᠰᠤ᠎ᠪᠠᠨ ᠤᠷᠤᠰᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠪᠡᠷᠬᠡ ᠬᠠᠲᠠᠭᠤᠵᠢᠯᠲᠠᠶ᠂ ᠰᠦᠷ ᠵᠢᠪᠬᠤᠯᠠᠩᠲᠤ ᠠᠭᠤᠤ ᠶᠡᠬᠡ ᠲᠤᠤᠯᠢᠰ᠎ᠢ ᠬᠠᠮᠲᠤ᠎ᠪᠠᠷ ᠪᠢᠴᠢᠭ᠌ᠯᠡᠪᠡ᠃ 《ᠤᠯᠠᠭᠠᠨᠬᠦᠦ᠍ᠶ᠋ᠢ ᠪᠠᠭ᠍ᠲᠠᠭᠠᠭ᠍ᠰᠠᠨ ᠠᠩᠬᠠᠳᠠᠭ᠍ᠴᠢ ᠪᠦᠯᠦᠭ ᠡᠪ ᠬᠠᠮᠲᠤᠴᠤᠳ》 ᠪᠣᠢ ᠪᠣᠯᠪᠠ᠂ ᠪᠠᠲᠤᠬᠠᠭᠠᠯᠭ᠎ᠠ᠎ᠶ᠋ᠢᠨ ᠶᠠᠫᠣᠨ᠎ᠢ ᠡᠰᠡᠷᠭᠦᠴᠡᠭ᠌ᠰᠡᠨ ᠵᠡᠪᠰᠡᠭ᠌ᠲᠦ ᠪᠣᠰᠣᠯᠭ᠎ᠠ᠂ ᠳᠠᠯᠠᠨ ᠬᠠᠷ᠎ᠠ ᠠᠭᠤᠯᠠ᠎ᠶ᠋ᠢᠨ ᠶᠠᠫᠣᠨ᠎ᠢ ᠡᠰᠡᠷᠭᠦᠴᠡᠬᠦ᠌ ᠰᠠᠭᠤᠷᠢᠨ ᠭᠠᠵᠠᠷ᠂ ᠱᠢᠯᠢ᠎ᠶ᠋ᠢᠨ ᠭᠣᠣᠯ ᠴᠠᠬᠠᠷ᠎ᠤᠨ ᠲᠠᠯ᠎ᠠ ᠨᠤᠲᠤᠭ᠎ᠤᠨ ᠬᠤᠪᠢᠰᠭᠠᠯᠲᠤ ᠵᠡᠪᠰᠡᠭ᠌ᠲᠦ ᠬᠦᠴᠦᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠨ ᠪᠠᠢᠭᠤᠯᠤᠭ᠍ᠰᠠᠨ ᠠᠩᠬᠠᠳᠠᠭ᠍ᠴᠢ ᠦᠨᠳᠦᠰᠦᠲᠡᠨ ᠦ ᠥᠪᠡᠷᠲᠡᠭᠡᠨ ᠵᠠᠰᠠᠬᠤ ᠣᠷᠣᠨ᠂ ᠥᠪᠥᠷ ᠮᠣᠩᠭᠣᠯ᠎ᠤᠨ ᠮᠣᠷᠢᠲᠤ ᠴᠡᠷᠢᠭ᠎ᠦᠨ ᠤᠷᠤᠯᠴᠠᠭᠰᠠᠨ ᠯᠢᠶᠣᠤ ᠱᠧᠨ ᠫᠢᠩ ᠵᠢᠨ᠎ᠦ ᠳᠠᠢᠯᠠᠯᠳᠤᠭᠠᠨ ᠁ ᠥᠪᠥᠷ ᠮᠣᠩᠭᠣᠯ᠎ᠤᠨ ᠦᠨᠳᠦᠰᠦᠲᠡᠨ ᠨᠦᠭᠦᠳ᠎ᠦᠨ ᠬᠥᠪᠡᠭᠦᠳ ᠥᠬᠢᠳ᠎ᠦᠨ ᠦᠨᠳᠦᠰᠦᠲᠡᠨ᠎ᠦ ᠲᠤᠰᠠᠭᠠᠷ ᠲᠣᠭ᠍ᠲᠠᠨᠢᠯ ᠪᠠ ᠠᠷᠠᠳ ᠲᠦᠮᠡᠨ᠎ᠦ ᠴᠢᠯᠥᠭᠡᠯᠡᠯᠲᠡ᠎ᠶ᠋ᠢᠨ ᠲᠥᠯᠥᠭᠡ ᠪᠠᠯᠠᠷᠠᠰᠢ ᠦᠭᠡᠢ ᠲᠡᠦᠬᠡᠨ ᠬᠤᠪᠢ ᠨᠡᠮᠡᠷᠢ ᠦᠵᠡᠭᠦᠯᠪᠡ᠃ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠤ ᠳᠠᠷᠠᠭ᠎ᠠ ᠂ 《ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠪᠤᠭᠤᠲᠤ᠎ᠶ᠋ᠢᠨ ᠪᠣᠯᠣᠳ ᠲᠡᠮᠦᠷ᠎ᠦᠨ ᠺᠣᠮᠫᠠᠨᠢ᠎ᠶ᠋ᠢ ᠪᠥᠲᠥᠭᠡᠨ ᠪᠠᠢᠭᠤᠯᠬᠤ》᠂ 《ᠭᠤᠷᠪᠠᠨ ᠮᠢᠩᠭᠠᠨ ᠥᠨᠥᠴᠢᠨ ᠬᠡᠦᠬᠡᠳ᠎ᠢ ᠥᠪᠥᠷ ᠮᠣᠩᠭᠣᠯ᠎ᠳᠤ ᠠᠪᠴᠢᠷᠠᠭᠰᠠᠨ 》 ᠂ 《ᠲᠠᠯ᠎ᠠ ᠨᠤᠲᠤᠭ᠎ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ》 ᠵᠡᠷᠭᠡ ᠲᠡᠷᠢᠭᠦᠨ᠎ᠦ ᠦᠶ᠋ᠯᠡ ᠠᠵᠢᠯᠯᠠᠭ᠎ᠠ ᠭᠠᠷᠣᠬᠰᠠᠨ ᠪᠡ ᠨᠢᠦ ᠢᠦᠶ ᠷᠸ᠋᠂ ᠲᠦᠬᠦᠢᠮᠡ᠂ ᠲᠢᠩ ᠪᠠᠭᠠᠲᠤᠷ ᠵᠡᠷᠭᠡ ᠵᠢᠱ᠌ᠢᠶᠡᠴᠢ ᠬᠥᠮᠦᠰ ᠴᠣᠯᠭᠣᠷᠠᠵᠠᠢ᠃ 《ᠮᠣᠩᠭᠣᠯ ᠮᠤᠷᠢᠨ᠎ᠤ ᠵᠣᠷᠢᠭ ᠰᠠᠨᠠᠭ᠎ᠠ》᠂ 《ᠤᠯᠠᠭᠠᠨᠮᠥ᠋ᠴᠢᠷ᠎ᠦᠨ ᠵᠣᠷᠢᠭ ᠰᠠᠨᠠᠭ᠎ᠠ》 ᠵᠡᠷᠭᠡ ᠴᠠᠭ ᠦᠶ᠎ᠡ᠎ᠶ᠋ᠢᠨ ᠣᠨᠴᠠᠯᠢᠭ᠎ᠲᠠᠶ᠂ ᠦᠨᠳᠦᠰᠦᠲᠡᠨ᠎ᠦ ᠣᠨᠴᠠᠯᠢᠭ᠎ᠲᠠᠶ ᠡᠷᠬᠢᠮ ᠨᠠᠨᠳᠢᠨ ᠤᠶᠤᠨ᠎ᠤ ᠥᠪ ᠬᠦᠷᠦᠩᠭᠡ ᠨᠢ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠠᠴᠠ ᠡᠭᠦᠰᠦᠯ᠎ᠲᠡᠶ ᠂ ᠪᠠᠰᠠ ᠱᠢᠨ᠎ᠡ ᠴᠠᠭ ᠦᠶ᠎ᠡ᠎ᠳᠦ ᠲᠠᠰᠤᠷᠠᠯᠳᠠ ᠦᠭᠡᠢ ᠲᠠᠬᠢᠨ ᠡᠭᠦᠳᠴᠦ᠍ ᠲᠠᠬᠢᠨ ᠪᠦᠲᠦᠭᠡᠵᠦ᠍᠂ ᠪᠢᠳᠡᠨ᠎ᠦ ᠱᠢᠨ᠎ᠡ ᠲᠡᠦᠬᠡᠨ ᠨᠥᠬᠥᠴᠡᠯ ᠳᠣᠣᠷ᠎ᠠ ᠠᠭᠤᠤ ᠶᠡᠬᠡ ᠵᠣᠷᠢᠭ ᠰᠠᠨᠠᠭ᠎ᠠ᠎ᠶ᠋ᠢ ᠪᠠᠳᠠᠷᠠᠭᠤᠯᠬᠤ᠎ᠳᠤ ᠪᠠᠲᠤ ᠪᠡᠬᠢ ᠰᠣᠶᠣᠯ᠎ᠤᠨ ᠡᠯᠧᠮᠧᠨ᠋ᠲ ᠬᠠᠩᠭᠠᠭ᠍ᠰᠠᠨ ᠪᠠᠢᠨ᠎ᠠ᠃
ᠱᠢᠨ᠎ᠡ ᠠᠶᠠᠨ ᠳᠤ᠂ ᠪᠢᠳᠡ ᠳᠤᠮᠳᠠᠳᠤ᠎ᠶ᠋ᠢᠨ ᠪᠣᠯᠪᠠᠰᠤᠨ᠎ᠤ ᠡᠬᠢ ᠡᠭᠦᠰᠦᠯ ᠪᠣᠯᠤᠨ ᠲᠡᠦᠬᠡ᠎ᠵᠢ ᠣᠨᠣᠪᠴᠢᠲᠠᠢ ᠲᠠᠨᠢᠵᠤ ᠂ ᠳᠤᠮᠳᠠᠳᠤ᠎ᠶ᠋ᠢᠨ ᠦᠨᠳᠦᠰᠦᠲᠡᠨ ᠪᠣᠯᠤᠨ ᠳᠤᠮᠳᠠᠳᠤ᠎ᠶ᠋ᠢᠨ ᠰᠣᠶᠣᠯ᠎ᠤᠨ ᠤᠯᠠᠨ ᠡᠱᠢᠲᠦ ᠨᠢᠭᠡ ᠴᠣᠭ᠍ᠴᠠ᠎ᠶ᠋ᠢ ᠣᠨᠣᠪᠴᠢᠲᠠᠢ ᠲᠠᠨᠢᠵᠤ ᠂ ᠥᠪᠥᠷ ᠮᠣᠩᠭᠣᠯ᠎ᠤᠨ ᠡᠨᠡ ᠬᠦ᠌ ᠬᠠᠯᠠᠭᠤᠨ ᠬᠥᠷᠥᠰᠥᠨ᠎ᠳᠦ ᠪᠠᠢᠭ᠎ᠠ ᠦᠨᠳᠦᠰᠦᠲᠡᠨ᠎ᠨᠦᠭᠦᠳ᠎ᠦᠨ ᠳᠤᠮᠳᠠᠳᠤ᠎ᠶ᠋ᠢᠨ ᠦᠨᠳᠦᠰᠦᠲᠡᠨ᠎ᠳᠤ ᠦᠵᠡᠭᠦᠯᠦᠭ᠌ᠰᠡᠨ ᠲᠡᠦᠬᠡᠲᠦ ᠬᠤᠪᠢ ᠨᠡᠮᠡᠷᠢ ᠵᠢ ᠵᠦᠪ ᠲᠠᠨᠢᠵᠦ᠂ ᠤᠯᠤᠰ ᠦᠨ ᠬᠦᠴᠦᠨ ᠵᠢᠡᠨ ᠴᠢᠩᠭᠠᠷᠠᠭᠣᠯᠵᠦ᠂ ᠪᠦᠯᠬᠦᠮᠳᠡᠯ᠎ᠦᠨ ᠰᠦᠭ ᠰᠦᠨᠡᠰᠦ᠎ᠶ᠋ᠢ ᠱᠤᠭᠤᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠳᠤ ᠦᠵᠡᠯ ᠰᠠᠨᠠᠭᠠᠨ᠎ᠤ ᠰᠠᠭᠤᠷᠢ᠎ᠶ᠋ᠢ ᠪᠡᠬᠢᠵᠢᠭᠦᠯᠵᠦ᠍ ᠂ ᠤᠶᠤᠨ ᠰᠠᠨᠠᠭᠠᠨ᠎ᠤ ᠠᠤᠭ᠎ᠠ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ᠃
(ᠵᠣᠬᠢᠶᠠᠭ᠍ᠴᠢ᠄ ᠥᠪᠥᠷ ᠮᠣᠩᠭᠣᠯ᠎ᠤᠨ ᠪᠸᠢ ᠴᠧᠨ ᠣᠶᠤᠨ᠎ᠤ ᠬᠥᠮᠥᠷᠭᠡ᠎ᠶ᠋ᠢᠨ ᠰᠤᠳᠤᠯᠭᠠᠨ᠎ᠤ ᠲᠥᠪ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠣᠨᠣᠯ᠎ᠤᠨ ᠱᠢᠰᠲ᠋ᠧᠮ᠎ᠦᠨ ᠰᠤᠳᠤᠯᠭᠠᠨ᠎ᠤ ᠲᠥᠪ)