ᠥᠪᠡᠷ᠎ᠦᠨ ᠪᠡᠶ᠎ᠡ᠎ᠳᠡᠭᠡᠨ ᠵᠣᠷᠢᠭ᠍ᠲᠠᠶ᠎ᠪᠠᠷ ᠬᠤᠪᠢᠰᠭᠠᠯ ᠬᠢᠵᠦ᠍ ᠰᠠᠢᠨ ᠰᠠᠢᠬᠠᠨ ᠤᠯᠤᠰ ᠲᠥᠷᠥ᠎ᠶ᠋ᠢᠨ ᠠᠮᠢ ᠠᠬᠤᠶ᠎ᠶ᠋ᠢ ᠪᠣᠶ ᠪᠣᠯᠭᠠᠶ᠎ᠠ
2021-11-26 10:09:14
ᠵᠣᠬᠢᠶᠠᠭ᠍ᠴᠢ᠄
ᠡᠸ᠋ ᠱᠢᠤ ᠬᠤᠸᠠ
ᠣᠩᠱᠢᠭ᠍ᠰᠠᠨ ᠣᠳᠠᠭ᠎ᠠ᠄
★★★☆☆

ᠵᠣᠷᠢᠭ᠍ᠲᠠᠶ᠎ᠪᠠᠷ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌ ᠪᠣᠯ ᠮᠠᠨ᠎ᠤ ᠨᠠᠮ᠎ᠤᠨ ᠬᠠᠮᠤᠭ᠎ᠤᠨ ᠢᠯᠡ ᠲᠣᠳᠣ ᠵᠠᠩ ᠰᠤᠷᠳᠠᠯ ᠮᠥᠨ᠂ ᠪᠠᠰᠠ ᠴᠤ᠌ ᠮᠠᠨ᠎ᠤ ᠨᠠᠮ᠎ᠤᠨ ᠬᠠᠮᠤᠭ᠎ᠤᠨ ᠶᠡᠬᠡ ᠳᠠᠪᠠᠭᠤᠯᠢᠭ ᠮᠥᠨ᠃ ᠮᠠᠨ᠎ᠤ ᠨᠠᠮ ᠬᠦᠴᠢᠷ ᠪᠡᠷᠬᠡᠱᠢᠶᠡᠯ᠎ᠦᠨ ᠳᠤᠮᠳᠠ ᠡᠷᠡᠰ ᠱᠢᠭᠤᠷᠬᠠᠢ ᠪᠠᠷ ᠡᠷᠡᠯᠬᠡᠭ᠌ᠯᠡᠨ ᠪᠣᠰᠴᠤ᠌ ᠂ ᠨᠤᠭᠤᠷᠠᠯ ᠪᠦᠳᠦᠷᠢᠯ᠎ᠦᠨ ᠳᠤᠮᠳᠠ ᠱᠢᠨ᠎ᠡ ᠪᠠᠢᠳᠠᠯ᠎ᠢ ᠡᠭᠦᠳᠦᠨ ᠨᠡᠭᠡᠭᠡᠵᠦ᠍᠂ ᠠᠯᠳᠠᠰᠢ᠎ᠶ᠋ᠢᠨ ᠳᠤᠮᠳᠠ ᠰᠠᠮᠠᠭᠤᠷᠠᠯ᠎ᠢ ᠵᠠᠰᠠᠨ ᠵᠦᠭ᠌ᠰᠢᠷᠡᠭᠦᠯᠵᠦ᠍᠂ ᠲᠤᠬ᠍ᠰᠢᠨ ᠱᠢᠷᠦᠭᠦᠨ ᠰᠠᠯᠬᠢ ᠪᠤᠷᠤᠭᠠᠨ᠎ᠤ ᠳᠤᠮᠳᠠ ᠴᠤᠴᠠᠯᠲᠠ ᠦᠭᠡᠢ ᠤᠷᠤᠭ᠍ᠰᠢᠯᠠᠭ᠍ᠰᠠᠨ ᠵᠠᠭᠤᠨ ᠵᠢᠯ᠎ᠦᠨ ᠲᠡᠦᠬᠡᠨ ᠶᠠᠪᠤᠴᠠ᠎ᠳᠠᠭᠠᠨ ᠳᠠᠪᠲᠠᠭ᠍ᠳᠠᠨ ᠪᠣᠯᠪᠠᠰᠤᠷᠠᠭᠠᠳ ᠢᠮᠠᠭ᠍ᠲᠠ ᠴᠤᠭ ᠵᠢᠪᠬᠤᠭ᠎ᠠ ᠪᠠᠳᠠᠷᠠᠩᠭᠤᠢ ᠪᠠᠢᠵᠤ ᠂ ᠵᠠᠭᠤᠨ ᠵᠢᠯ᠎ᠦᠨ ᠠᠭᠤᠤ ᠶᠡᠬᠡ ᠢᠯᠠᠯᠲᠠ ᠪᠠ ᠢᠷᠠᠭᠤ ᠠᠯᠳᠠᠷ᠎ᠢ ᠣᠯᠵᠠᠢ᠃ ᠡᠬᠦᠨ᠎ᠦ ᠰᠢᠯᠳᠠᠭᠠᠨ ᠨᠢ ᠳᠠᠷᠤᠢ ᠤᠳᠠᠭ᠎ᠠ ᠪᠣᠯᠭᠠᠨ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠵᠦ᠍ ᠂ ᠨᠠᠮ᠎ᠤᠨ ᠳᠣᠲᠣᠭᠠᠳᠤ᠎ᠳᠤ ᠣᠷᠣᠱᠢᠵᠤ ᠪᠠᠢᠭ᠎ᠠ ᠲᠤᠪᠤᠢ᠌ᠮ᠎ᠠ ᠠᠰᠠᠭᠤᠳᠠᠯ᠎ᠢ ᠲᠣᠬᠢᠷᠠᠮᠵᠢᠳᠠᠢ ᠴᠠᠭ ᠲᠤᠨᠢ ᠰᠢᠢᠳᠪᠤᠷᠢᠯᠡᠵᠦ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠰᠦᠷ ᠳᠠᠯᠠᠢᠴᠠᠲᠠᠢ ᠠᠤᠭ᠎ᠠ ᠬᠦᠴᠦᠨ᠎ᠢ ᠲᠠᠰᠤᠷᠠᠯᠳᠠ ᠦᠭᠡᠢ ᠪᠣᠯᠪᠠᠰᠣᠷᠠᠭᠣᠯᠣᠨ ᠵᠠᠮᠴᠢᠯᠠᠬᠰᠠᠨ᠎ᠳᠤ ᠪᠠᠢᠨ᠎ᠠ᠃ ᠱᠢᠨ᠎ᠡ ᠴᠠᠭ ᠦᠶ᠎ᠠ᠎ᠳᠤ ᠣᠷᠣᠬᠰᠠᠨ᠎ᠦ ᠲᠠᠷᠠᠭ᠎ᠠ᠂ ᠰᠢ᠎ᠶ᠋ᠢᠨ ᠫᠢᠩ ᠨᠥᠬᠥᠷ᠎ᠢᠶᠡᠷ ᠭᠤᠤᠯ ᠪᠣᠯᠭᠠᠬᠰᠠᠨ ᠨᠠᠮ᠎ᠤᠨ ᠲᠥᠪ ᠬᠣᠷᠢᠶ᠎ᠠ ᠲᠥᠷᠥ᠍ ᠪᠠᠷᠢᠬᠤ ᠪᠠᠢᠳᠠᠯ᠎ᠢ ᠱᠢᠨᠵᠢᠯᠡᠬᠦ᠌ ᠤᠬᠠᠭᠠᠨᠴᠢ᠎ᠪᠠᠷ ᠮᠠᠭᠠᠳᠯᠠᠵᠤ᠂ ᠥᠪᠡᠷ᠎ᠦᠨ ᠪᠡᠶ᠎ᠡ᠎ᠶ᠋ᠢᠨ ᠠᠰᠠᠭᠤᠳᠠᠯ᠎ᠢᠶᠠᠨ ᠣᠨᠣᠪᠴᠢᠲᠠᠶ ᠲᠣᠭ᠍ᠲᠠᠭᠠᠵᠤ᠂ ᠤᠯᠤᠰ ᠲᠥᠷᠥ᠎ᠶ᠋ᠢᠨ ᠠᠮᠢ ᠠᠬᠤᠶ ᠪᠣᠯ ᠨᠠᠮ᠎ᠢ ᠬᠠᠮᠢᠶᠠᠷᠴᠤ᠌ ᠨᠠᠮ᠎ᠢ ᠵᠠᠰᠠᠬᠤ᠎ᠶ᠋ᠢᠨ ᠬᠦᠴᠦᠲᠡᠶ ᠪᠠᠢᠬᠣ ᠡᠰᠡᠬᠦ᠌᠎ᠶ᠋ᠢ ᠱᠢᠯᠭᠠᠬᠤ ᠴᠢᠬᠤᠯᠠ ᠬᠡᠮᠵᠢᠭᠦᠷ ᠮᠥᠨ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠴᠡᠪᠡᠷᠱᠢᠭᠦᠯᠬᠦ᠌ ᠪᠣᠯ ᠨᠠᠮ᠎ᠤᠨ ᠱᠢᠨᠵᠢ ᠴᠢᠨᠠᠷ ᠪᠠ ᠵᠣᠷᠢᠯᠲᠠ᠎ᠶ᠋ᠢ ᠪᠠᠷᠢᠮᠲᠠᠯᠠᠬᠤ ᠴᠢᠬᠤᠯᠠ ᠡᠷᠳᠡᠨᠢ ᠮᠥᠨ᠂ ᠥᠪᠡᠷ ᠎ᠢ᠎ᠪᠡᠨ ᠴᠡᠪᠡᠷᠱᠢᠭᠦᠯᠬᠦ᠂ ᠥᠪᠡᠷ᠎ᠢ᠎ᠪᠡᠨ ᠲᠡᠭᠦᠯᠳᠡᠷᠵᠢᠭᠦᠯᠬᠦ᠂ ᠥᠪᠡᠷ᠎ᠢ᠎ᠪᠡᠨ ᠱᠢᠨᠡᠴᠢᠯᠡᠬᠦ᠂ ᠥᠪᠡᠷ ᠎ᠢ᠎ᠪᠡᠨ ᠳᠡᠭᠡᠭ᠌ᠰᠢᠯᠡᠭᠦᠯᠬᠦ᠌ ᠴᠢᠬᠤᠯᠠ ᠠᠷᠭ᠎ᠠ ᠵᠠᠮ ᠮᠦᠨ ᠭᠡᠵᠦ ᠲᠣᠷᠠᠳᠴᠠᠢ᠃ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌ ᠲᠡᠦᠬᠡ᠎ᠶ᠋ᠢᠨ ᠤᠬᠠᠮᠰᠠᠷ᠂ ᠬᠤᠷᠴᠠ ᠵᠡᠪᠰᠡᠭ ᠪᠠ ᠤᠯᠤᠰ ᠲᠥᠷᠥ᠎ᠶ᠋ᠢᠨ ᠣᠶᠤᠨ ᠤᠬᠠᠭᠠᠨ ᠵᠢᠡᠷ ᠨᠠᠮ᠎ᠤᠨ ᠳᠣᠲᠣᠭᠠᠳᠤ᠎ᠶ᠋ᠢᠨ ᠡᠷᠡᠭᠦᠯ ᠰᠠᠷᠠᠭᠤᠯ ᠤᠯᠤᠰ ᠲᠥᠷᠥ᠎ᠶ᠋ᠢᠨ ᠠᠮᠢ ᠠᠬᠤᠶ᠎ᠶ᠋ᠢ ᠳᠠᠬᠢᠨ ᠪᠦᠷᠢᠯᠳᠦᠭᠦᠯᠵᠦ᠂ ᠪᠦᠬᠦ᠌ ᠨᠠᠮ᠎ᠢ ᠦᠵᠡᠯ ᠰᠠᠨᠠᠭᠠᠨ᠎ᠤ ᠲᠠᠯ᠎ᠠ᠎ᠪᠠᠷ ᠨᠠᠩ ᠨᠢᠭᠡᠳᠦᠯᠲᠡᠶ᠂ ᠤᠯᠤᠰ ᠲᠥᠷᠥ᠎ᠶ᠋ᠢᠨ ᠲᠠᠯ᠎ᠠ᠎ᠪᠠᠷ ᠨᠠᠩ ᠪᠦᠯᠬᠦᠮᠳᠡᠯ᠎ᠲᠡᠶ᠂ ᠠᠵᠢᠯᠯᠠᠭ᠎ᠠ ᠳᠡᠭᠡᠷ᠎ᠡ᠎ᠪᠡᠨ ᠨᠠᠩ ᠨᠢᠭᠡᠳᠦᠯᠲᠡᠶ ᠪᠣᠯᠭᠠᠵᠠᠢ᠃

ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌ ᠲᠡᠦᠬᠡ᠎ᠶ᠋ᠢᠨ ᠤᠬᠠᠮᠰᠠᠷ᠎ᠢᠶᠠᠷ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢ ᠠᠬᠤᠶ᠎ᠶ᠋ᠢ ᠱᠢᠯᠢᠳᠡᠭ᠌ᠵᠢᠭᠦᠯᠬᠦ᠌ ᠬᠡᠷᠡᠭ᠌ᠲᠡᠶ

ᠳᠡᠯᠡᠬᠡᠢ ᠳᠡᠭᠡᠷᠡᠬᠢ ᠲᠦᠷᠦ᠍᠎ᠶ᠋ᠢᠨ ᠨᠠᠮ ᠲᠣᠭ᠎ᠠ ᠲᠣᠮᠰᠢ ᠦᠬᠡᠢ ᠣᠯᠠᠨ ᠪᠠᠢᠨ᠎ᠠ᠂ ᠬᠡᠪᠡᠴᠦ ᠥᠪᠡᠷ᠎ᠦᠨ ᠪᠡᠶ᠎ᠡ᠎ᠳᠡᠭᠡᠨ ᠵᠣᠷᠢᠭ᠍ᠲᠠᠢ᠎ᠪᠠᠷ ᠬᠤᠪᠢᠰᠭᠠᠯ ᠬᠢᠳᠡᠭ ᠲᠦᠷᠦ᠍᠎ᠶ᠋ᠢᠨ ᠨᠠᠮ ᠲᠤᠩ ᠴᠥᠭᠡᠨ ᠪᠠᠢᠳᠠᠭ᠃  ᠮᠠᠨ᠎ᠤ ᠨᠠᠮ ᠵᠣᠷᠢᠭ᠍ᠲᠠᠢ᠎ᠪᠠᠷ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠵᠦ᠍ ᠴᠢᠳᠠᠭ᠍ᠰᠠᠨ ᠎ᠦ ᠤᠴᠢᠷ ᠰᠢᠯᠳᠠᠭᠠᠨ ᠨᠢ 《ᠳᠤᠮᠳᠠᠳᠤ ᠤᠯᠤᠰ᠎ᠤᠨ ᠡᠪ ᠬᠠᠮᠲᠤ ᠨᠠᠮ ᠭᠡᠵᠦ ᠶᠠᠭᠣ ᠪᠣᠢ᠂ ᠶᠠᠭᠤ ᠬᠢᠬᠦ᠌ ᠪᠤᠢ ᠭᠡᠬᠦ᠌ ᠡᠨᠡ ᠬᠦ᠌ ᠦᠨᠳᠦᠰᠦᠨ ᠠᠰᠠᠭᠤᠳᠠᠯ》 ᠎ᠢ ᠢᠮᠠᠭ᠍ᠲᠠ ᠪᠠᠲᠤ ᠴᠡᠭᠡᠵᠢᠯᠡᠵᠦ᠍᠂ ᠳᠤᠮᠳᠠᠳᠤ ᠤᠯᠤᠰ᠎ᠤᠨ ᠠᠷᠠᠳ ᠲᠦᠮᠡᠨ᠎ᠳᠦ ᠵᠣᠯ ᠵᠢᠷᠭᠠᠯ ᠣᠯᠭᠣᠬᠤ᠂ ᠳᠤᠮᠳᠠᠳᠤ᠎ᠶ᠋ᠢᠨ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠬᠥᠰᠡᠷᠳᠡᠭᠦᠯᠬᠦ᠌ ᠦᠭᠡᠢ᠂ ᠵᠣᠷᠢᠭ᠍ᠲᠠᠢ᠎ᠪᠠᠷ ᠠᠰᠠᠭᠤᠳᠠᠯ᠎ᠳᠤ ᠱᠢᠭᠤᠳ ᠬᠠᠨᠳᠤᠵᠤ᠂ ᠵᠣᠷᠢᠭ᠍ᠲᠠᠢ᠎ᠪᠠᠷ ᠬᠢᠳᠤᠭᠠᠨ ᠢᠷ᠎ᠢᠶᠡᠨ ᠳᠣᠲᠣᠭ᠍ᠰᠢ ᠬᠠᠨᠳᠤᠭᠤᠯᠵᠤ᠂ ᠦᠨᠡᠨ ᠶᠣᠰᠣ᠎ᠶ᠋ᠢ ᠪᠠᠷᠢᠮᠲᠠᠯᠠᠵᠤ᠂ ᠠᠯᠳᠠᠭ᠎ᠠ ᠪᠤᠷᠤᠭᠤ᠎ᠪᠠᠨ ᠵᠠᠯᠠᠷᠠᠭᠤᠯᠤᠭ᠍ᠰᠠᠨ᠎ᠳᠤ ᠤᠷᠤᠰᠢᠨ᠎ᠠ᠃ ᠮᠥᠨ ᠴᠦ᠍ ᠥᠪᠡᠷ᠎ᠦᠨ ᠶᠠᠮᠠᠷ ᠴᠤ᠌ ᠣᠨᠴᠠᠭᠠᠢ ᠠᠱᠢᠭ ᠲᠤᠰᠠ ᠦᠭᠡᠢ ᠤᠴᠢᠷ᠎ᠠᠴᠠ ᠰᠠᠶᠢ ᠦᠨᠳᠦᠰᠦᠨ ᠠᠱᠢᠭ ᠲᠤᠰᠠ᠎ᠶ᠋ᠢ ᠪᠣᠳᠣᠯᠬᠢᠯᠠᠵᠤ᠂ ᠰᠠᠶᠢ ᠨᠠᠮ᠎ᠤᠨ ᠱᠢᠨᠵᠢ ᠴᠢᠨᠠᠷ ᠪᠠ ᠦᠨᠳᠦᠰᠦᠨ ᠵᠣᠷᠢᠯᠲᠠ᠎ᠠᠴᠠ ᠡᠭᠦᠰᠴᠦ᠍ ᠥᠪᠡᠷ᠎ᠢ᠎ᠪᠡᠨ ᠱᠢᠯᠭᠠᠨ ᠦᠵᠡᠵᠦ᠍ ᠴᠢᠳᠠᠨ᠎ᠠ; ᠰᠠᠶᠢ ᠳᠤᠲᠠᠭ᠍ᠳᠠᠯ ᠎ᠢᠶᠠᠨ ᠨᠢᠭᠤᠬᠤ ᠦᠭᠡᠢ᠂ ᠠᠰᠠᠭᠤᠳᠠᠯ᠎ᠠᠴᠠ ᠵᠠᠢᠯᠠᠬᠤ ᠦᠭᠡᠢ᠂ ᠠᠯᠳᠠᠭ᠎ᠠ ᠪᠤᠷᠤᠭᠤ᠎ᠪᠠᠨ ᠨᠢᠭᠤᠨ ᠳᠠᠯᠳᠠᠯᠠᠬᠤ ᠦᠭᠡᠢ ᠪᠠᠢᠵᠤ ᠴᠢᠳᠠᠨ᠎ᠠ᠃ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠬᠤ ᠎ᠳᠤ ᠡᠷᠬᠡᠪᠰᠢ ᠵᠠᠰᠠᠭ ᠪᠠᠷᠢᠬᠤ ᠰᠠᠢ᠌ᠨ ᠰᠠᠢᠬᠠᠨ ᠣᠷᠴᠢᠨ ᠨᠥᠬᠥᠴᠡᠯ᠎ᠢ ᠪᠤᠢ ᠪᠣᠯᠭᠠᠬᠤ ᠬᠡᠷᠡᠭ᠌ᠲᠡᠢ ᠂ ᠥᠭᠡᠷ᠎ᠡ᠎ᠪᠡᠷ ᠬᠡᠯᠡᠪᠡᠯ ᠰᠠᠢ᠌ᠨ ᠰᠠᠢᠬᠠᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠤᠢ ᠪᠣᠯᠭᠠᠬᠤ ᠬᠡᠷᠡᠭ᠌ᠲᠡᠢ᠃ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠰᠢ ᠂ ᠶᠡᠷᠦᠩᠬᠡᠶ ᠱᠦᠵᠢ ᠰᠢ᠎ᠶ᠋ᠢᠨ ᠫᠢᠩ ᠥᠪᠥᠷ ᠮᠣᠩᠭᠣᠯ᠎ᠤᠨ ᠬᠥᠭ᠌ᠵᠢᠯᠲᠡ᠎ᠶ᠋ᠢ ᠢᠮᠠᠭ᠍ᠲᠠ ᠬᠠᠯᠠᠮᠵᠢᠯᠠᠭ᠍ᠰᠠᠭᠠᠷ ᠢᠷᠡᠭ᠌ᠰᠡᠨ ᠪᠥᠭᠡᠳ ᠠᠯᠢ ᠣᠯᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ ᠥᠭ᠌ᠴᠦ ᠂ ᠣᠭ ᠰᠠᠨᠠᠭ᠎ᠠ᠎ᠪᠠᠨ ᠥᠯᠥ᠍ ᠮᠠᠷᠲᠠᠵᠤ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠌᠎ᠶ᠋ᠢ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠬᠤ ᠮᠥᠩᠬᠡ᠎ᠶ᠋ᠢᠨ ᠰᠡᠳᠦᠪ ᠪᠣᠯᠭᠠᠵᠤ ᠂ ᠪᠥᠬᠥ᠌ ᠨᠠᠮ᠎ᠤᠨ ᠭᠡᠱᠢᠭᠦᠨ᠂ ᠺᠠᠳ᠋ᠷᠴᠤᠳ᠎ᠢ ᠨᠠᠰᠤᠨ ᠲᠤᠷᠱᠢᠳᠠ᠎ᠶ᠋ᠢᠨ ᠰᠡᠳᠦᠪ ᠪᠣᠯᠭᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃  《ᠬᠡᠷᠪᠡ ᠥᠪᠡᠷ᠎ᠢ᠎ᠪᠡᠨ ᠴᠡᠪᠡᠷᠰᠢᠬᠦᠯᠬᠦ᠂ ᠥᠪᠡᠷ᠎ᠢ᠎ᠪᠡᠨ ᠲᠡᠭᠦᠯᠳᠡᠷᠵᠢᠭᠦᠯᠬᠦ᠌ ᠂ ᠥᠪᠡᠷ᠎ᠢ᠎ᠪᠡᠨ ᠱᠢᠨᠡᠴᠢᠯᠡᠬᠦ᠌ ᠂ ᠥᠪᠡᠷ᠎ᠢ᠎ᠪᠡᠨ ᠳᠡᠭᠡᠭ᠌ᠰᠢᠯᠡᠭᠦᠯᠬᠦ᠌ ᠰᠥᠰᠥ᠍ ᠵᠣᠷᠢᠭ ᠪᠠ ᠴᠢᠳᠠᠪᠤᠷᠢ ᠳᠤᠲᠠᠭ᠍ᠳᠠᠪᠠᠯ ᠮᠠᠨ᠎ᠤ ᠨᠠᠮ ᠳᠠᠷᠤᠢ ᠠᠶᠤᠯ ᠲᠦᠭ᠌ᠰᠢᠭᠦᠷᠢᠲᠦ ᠪᠠᠢᠳᠠᠯ᠎ᠳᠤ ᠣᠷᠣᠵᠤ ᠂ ᠡᠭᠦᠷᠢᠳᠡ ᠢᠯᠠᠭ᠍ᠳᠠᠰᠢ ᠦᠭᠡᠢ ᠪᠠᠢᠷᠢᠨ᠎ᠳᠤ ᠪᠠᠢᠵᠤ ᠴᠢᠳᠠᠬᠣ ᠦᠬᠡᠢ ᠂ ᠡᠭᠦᠷᠢᠳᠡ ᠤᠷᠢ ᠵᠠᠯᠠᠭᠣ ᠪᠡᠷ ᠵᠢᠡᠨ ᠪᠠᠢᠵᠦ ᠴᠢᠳᠠᠬᠣ ᠦᠬᠡᠢ ᠪᠣᠯᠣᠨ᠎ᠠ》᠃  ᠡᠳᠡᠭᠡᠷ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ ᠨᠢ ᠥᠪᠥᠷ ᠮᠣᠩᠭᠣᠯ᠎ᠤᠨ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ᠍ ᠦᠢᠯᠡᠰ ᠪᠤᠰᠭᠠᠬᠤ ᠰᠠᠢ᠌ᠨ ᠰᠠᠢᠬᠠᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠲᠠᠬᠢᠨ ᠴᠣᠭ᠍ᠴᠠᠯᠠᠵᠤ ᠂ ᠡᠯ᠎ᠡ ᠵᠦᠢᠯ᠎ᠦᠨ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠬᠤ᠎ᠳᠤ ᠦᠨᠳᠦᠰᠦᠨ ᠵᠢᠷᠤᠮᠯᠠᠯ ᠪᠠ ᠠᠵᠢᠯᠯᠠᠭᠠᠨ᠎ᠤ ᠵᠦᠭ᠌ᠯᠡᠭᠦᠷ ᠬᠠᠩᠭᠠᠪᠠ᠃

ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌ ᠬᠤᠷᠴᠠ ᠵᠡᠪᠰᠡᠭ᠎ᠢᠶᠡᠷ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢ ᠠᠬᠤᠢ ᠵᠢ ᠴᠡᠪᠡᠷᠱᠢᠭᠦᠯᠬᠦ᠌ ᠬᠡᠷᠡᠭ᠌ᠲᠡᠢ

ᠳᠤᠮᠳᠠᠳᠤ ᠤᠯᠤᠰ᠎ᠤᠨ ᠡᠪ ᠬᠠᠮᠲᠤ ᠨᠠᠮ ᠪᠣᠯ ᠵᠣᠷᠢᠭ᠍ᠲᠠᠶ᠎ᠪᠠᠷ ᠲᠡᠮᠡᠴᠡᠵᠦ᠍᠂ ᠵᠣᠷᠢᠭ᠍ᠲᠠᠶ᠎ᠪᠠᠷ ᠢᠯᠠᠵᠤ ᠴᠢᠳᠠᠳᠠᠭ ᠠᠭᠤᠤ ᠶᠡᠬᠡ ᠲᠥᠷᠥ᠎ᠶ᠋ᠢᠨ ᠨᠠᠮ ᠮᠥᠨ᠃  ᠳᠡᠯᠡᠬᠡᠢ᠎ᠶ᠋ᠢᠨ ᠪᠠᠢᠳᠠᠯ᠂ ᠤᠯᠤᠰ᠎ᠤᠨ ᠪᠠᠢᠳᠠᠯ᠂ ᠨᠠᠮ᠎ᠤᠨ ᠪᠠᠢᠳᠠᠯ᠎ᠤᠨ ᠭᠦᠨᠵᠡᠭᠡᠢ ᠬᠤᠪᠢᠷᠠᠯᠲᠠ᠎ᠶ᠋ᠢ ᠳᠠᠭᠠᠯᠳᠤᠨ ᠱᠢᠨ᠎ᠡ ᠪᠠᠢᠳᠠᠯ᠂ ᠱᠢᠨ᠎ᠡ ᠠᠰᠠᠭᠤᠳᠠᠯ ᠲᠠᠰᠤᠷᠠᠯᠲᠠ ᠦᠭᠡᠢ ᠭᠠᠷᠴᠤ᠌᠂ 《ᠳᠦᠷᠪᠡᠨ ᠶᠡᠬᠡ ᠱᠢᠯᠭᠠᠯᠲᠠ》 ᠪᠠ 《ᠳᠦᠷᠪᠡᠨ ᠶᠡᠬᠡ ᠠᠶᠤᠯ ᠲᠦᠭ᠌ᠰᠢᠭᠦᠷᠢ》 ᠪᠦᠬᠦ᠌ ᠨᠠᠮ᠎ᠤᠨ ᠡᠮᠦᠨ᠎ᠡ  ᠲᠠᠯᠪᠢᠭ᠍ᠳᠠᠵᠤ ᠪᠠᠢᠨ᠎ᠠ᠃ ᠨᠢᠭᠡᠨ ᠬᠤᠭᠤᠴᠠᠭᠠᠨ᠎ᠤ ᠲᠤᠷᠰᠢ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠲᠠᠯ᠎ᠠ᠎ᠪᠠᠷ ᠠᠭᠤᠵᠢᠭᠤ ᠰᠤᠯᠠ ᠵᠥᠭᠡᠯᠡᠨ ᠪᠠᠢᠭ᠍ᠰᠠᠨ᠎ᠠᠴᠠ ᠪᠤᠯᠵᠤ᠂ ᠨᠠᠮ᠎ᠤᠨ ᠤᠳᠤᠷᠢᠳᠤᠯᠭ᠎ᠠ ᠰᠤᠯᠠᠷᠠᠵᠤ᠂ ᠵᠣᠬᠢᠶᠠᠨ ᠪᠠᠢᠭᠤᠯᠤᠯᠲᠠ ᠰᠤᠯᠠ ᠵᠠᠳᠠᠭᠠᠢ ᠪᠣᠯᠵᠦ᠂ ᠰᠠᠬᠢᠯᠭ᠎ᠠ ᠪᠠᠲᠤ ᠰᠤᠯᠠᠷᠠᠬᠰᠠᠨ ᠨᠢ ᠪᠢᠳᠡᠨ᠎ᠦ ᠡᠮᠦᠨ᠎ᠠ ᠲᠤᠯᠭᠠᠷᠠᠵᠤ ᠪᠠᠢᠭ᠎ᠠ ᠭᠣᠣᠯ ᠦᠷᠢᠰᠦᠯᠳᠦᠭᠡᠨ ᠪᠤᠯᠤᠨ᠎ᠠ᠃

ᠠᠰᠠᠭᠤᠳᠠᠯ ᠪᠣᠯ ᠳᠠᠷᠤᠢ ᠴᠠᠭ ᠦᠶ᠎ᠡ᠎ᠶ᠋ᠢᠨ ᠤᠷᠢᠶ᠎ᠠ ᠮᠥᠨ᠃ ᠣᠢᠷ᠎ᠠ᠎ᠶ᠋ᠢᠨ ᠵᠢᠯ ᠎ᠦᠳ᠎ᠲᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠭᠤᠢᠪᠢᠰᠢ ᠥᠬᠡᠶ᠎ᠪᠡᠷ ᠨᠠᠮ᠎ᠢ ᠪᠥᠬᠥ᠌ ᠲᠠᠯ᠎ᠠ᠎ᠪᠠᠷ ᠴᠢᠩᠭ᠎ᠠ ᠵᠠᠰᠠᠵᠤ ᠂ 《ᠪᠠᠷᠰ》 《ᠢᠯᠠᠭ᠎ᠠ》 ᠎ᠶ᠋ᠢ ᠬᠠᠮᠲᠤ᠎ᠳᠤᠨᠢ ᠴᠣᠬᠢᠵᠤ᠂ ᠬᠦᠴᠦᠲᠡᠶ ᠡᠮ᠎ᠢᠶᠡᠷ ᠡᠪᠡᠳᠴᠢᠨ᠎ᠢ ᠠᠷᠢᠯᠭᠠᠵᠤ ᠂ ᠬᠣᠷᠢᠭᠠᠲᠤ ᠣᠷᠣᠨ ᠥᠬᠡᠶ ᠂ ᠥᠴᠦᠬᠡᠨ ᠴᠦ᠍ ᠬᠦᠯᠢᠴᠡᠬᠦ᠌ ᠥᠬᠡᠶ᠂ ᠪᠦᠬᠦᠨ᠎ᠢ ᠬᠠᠮᠤᠷᠬᠣ ᠵᠢ ᠪᠠᠷᠢᠮᠳᠠᠯᠠᠨ᠂ ᠨᠠᠮ᠎ᠤᠨ ᠰᠤᠷᠲᠠᠯ᠎ᠠᠷᠢᠭᠤᠨ ᠴᠢᠬᠡᠴᠢ᠎ᠪᠡᠷ ᠵᠠᠰᠠᠭ ᠪᠠᠷᠢᠬᠤ ᠪᠠᠢᠭᠤᠯᠤᠯᠲᠠ ᠵᠢᠴᠢ ᠢᠯᠵᠠᠷᠠᠯ᠎ᠢ ᠡᠰᠡᠷᠭᠦᠴᠡᠬᠦ᠌ ᠲᠡᠮᠡᠴᠡᠯ ᠲᠠᠰᠤᠷᠠᠯᠲᠠ ᠥᠬᠡᠶ ᠴᠢᠬᠤᠯᠠ ᠶᠡᠬᠡ ᠦᠷ᠎ᠡ ᠪᠦᠲᠦᠮᠵᠢ ᠤᠯᠪᠠ᠃ 《ᠬᠣᠶᠠᠷ᠎ᠢ ᠰᠤᠷᠤᠯᠴᠠᠵᠤ ᠬᠢᠷᠢ ᠲᠡᠩᠴᠡᠭ᠌ᠰᠡᠨ ᠨᠠᠮ᠎ᠤᠨ ᠭᠡᠱᠢᠭᠦᠨ ᠪᠣᠯᠬᠤ》 ᠰᠤᠷᠤᠯᠴᠠᠯᠭ᠎ᠠ ᠬᠥᠮᠦᠵᠢᠯ ᠂ 《ᠣᠭ ᠰᠠᠨᠠᠭ᠎ᠠ᠎ᠪᠠᠨ ᠥᠯᠥ᠍ ᠮᠠᠷᠲᠠᠵᠤ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠌》 ᠭᠤᠤᠯ ᠰᠡᠳᠦᠪᠲᠦ ᠬᠥᠮᠦᠵᠢᠯ ᠢᠯᠡᠳᠲᠡ ᠦᠷ᠎ᠡ ᠪᠦᠲᠦᠮᠵᠢ ᠤᠯᠪᠠ᠃ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠢ ᠠᠬᠢᠭᠤᠯᠵᠤ ᠂ 《ᠪᠢ ᠤᠯᠠᠨ ᠲᠦᠮᠡᠨ᠎ᠳᠦ ᠪᠣᠳᠠᠲᠠᠢ ᠶᠠᠪᠤᠳᠠᠯ ᠬᠢᠵᠦ᠍ ᠥᠭ᠌ᠬᠦ》ᠦᠢᠯᠡᠳᠦᠯᠭᠡ᠎ᠶ᠋ᠢᠨ ᠠᠵᠢᠯᠯᠠᠭ᠎ᠠ᠎ᠶ᠋ᠢ ᠦᠷᠭᠦᠯᠵᠢᠯᠡᠨ ᠭᠦᠨᠵᠡᠭᠡᠢᠷᠡᠭᠦᠯᠪᠡ᠃  ᠨᠡᠭᠦᠷᠡᠰᠦ᠎ᠲᠡᠶ ᠬᠣᠯᠪᠣᠭ᠍ᠳᠠᠭ᠍ᠰᠠᠨ ᠢᠯᠵᠠᠷᠠᠯ᠎ᠤᠨ ᠬᠣᠣᠷᠲᠤ ᠬᠠᠪᠤᠳᠠᠷ᠎ᠢ ᠡᠷᠡᠰ ᠠᠷᠢᠯᠭᠠᠵᠤ᠂ ᠤᠯᠤᠰ ᠲᠦᠷᠦ᠍ ᠬᠠᠤᠯᠢ ᠴᠠᠭᠠᠵᠠ᠎ᠶ᠋ᠢᠨ ᠡᠩᠨᠡᠭᠡᠨ᠎ᠦ ᠬᠥᠮᠦᠵᠢᠯ ᠴᠡᠭ᠌ᠴᠡᠯᠡᠯᠲᠡ ᠶ᠋ᠢ ᠯᠠᠪᠳᠠᠭᠤᠨ ᠪᠠᠲᠤᠲᠠᠢ ᠠᠬᠢᠭᠤᠯᠵᠤ ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠂ ᠤᠯᠤᠰ ᠲᠦᠷᠦ᠍᠎ᠶ᠋ᠢᠨ ᠠᠮᠢ ᠠᠬᠤᠢ᠎ᠶ᠋ᠢᠨ ᠪᠦᠬᠦᠯᠢ ᠴᠣᠭ᠍ᠴᠠ᠎ᠶ᠋ᠢᠨ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠡᠷᠡᠰ ᠰᠠᠢᠲᠤᠷ ᠬᠢᠬᠦ᠌ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠠᠮᠢ ᠠᠬᠤᠢ ᠨᠢ ᠥᠪᠥᠷ ᠮᠣᠩᠭᠣᠯ᠎ᠤᠨ ᠡᠯ᠎ᠡ ᠵᠦᠢᠯ᠎ᠦᠨ ᠦᠢᠯᠡᠰ᠎ᠦᠨ ᠬᠥᠭ᠌ᠵᠢᠯᠲᠡ ᠎ᠳᠦ ᠪᠠᠲᠤ ᠴᠢᠩᠭ᠎ᠠ ᠤᠯᠤᠰ ᠲᠦᠷᠦ᠍᠎ᠶ᠋ᠢᠨ ᠪᠠᠲᠤᠯᠠᠭ᠎ᠠ ᠬᠠᠩᠭᠠᠪᠠ᠃

ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌ ᠤᠯᠤᠰ ᠲᠥᠷᠥ᠎ᠶ᠋ᠢᠨ ᠣᠶᠤᠨ ᠤᠬᠠᠭᠠᠨ ᠎ᠢᠶᠠᠷ ᠰᠠᠢᠨ ᠰᠠᠢᠬᠠᠨ ᠤᠯᠤᠰ ᠲᠥᠷᠥ᠎ᠶ᠋ᠢᠨ ᠠᠮᠢ ᠠᠬᠤᠶ᠎ᠶ᠋ᠢ ᠬᠡᠪ ᠵᠢᠡᠷ ᠨᠢ ᠪᠠᠢᠯᠭᠠᠬᠤ ᠬᠡᠷᠡᠭ᠌ᠲᠡᠶ

ᠲᠠᠰᠤᠷᠠᠯᠳᠠ ᠦᠭᠡᠢ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌ ᠪᠣᠯ ᠨᠠᠮ᠎ᠤᠨ ᠲᠥᠪ ᠬᠤᠷᠢᠶ᠎ᠠ᠎ᠠᠴᠠ ᠬᠣᠶᠠᠷ ᠶᠡᠬᠡ ᠲᠠᠯ᠎ᠠ᠎ᠶ᠋ᠢ ᠨᠢᠭᠡᠳᠦᠯᠲᠡᠢ ᠲᠥᠯᠥᠪᠵᠢᠭᠦᠯᠵᠦ᠍ ᠂ ᠠᠶᠤᠯ ᠲᠦᠭ᠌ᠰᠢᠭᠦᠷᠢ ᠥᠷᠢᠰᠥᠯᠳᠦᠭᠡᠨ᠎ᠢ ᠠᠷᠭᠠᠴᠠᠭᠠᠵᠤ ᠂ ᠶᠠᠮᠠᠷ ᠬᠡᠯᠪᠡᠷᠢ ᠵᠢᠨ ᠤᠷᠳᠤ ᠬᠤᠭᠤᠴᠠᠭ᠎ᠠ᠎ᠪᠠᠷ ᠲᠦᠷᠦ᠍ ᠪᠠᠷᠢᠬᠤ ᠮᠠᠷᠺᠰ᠎ᠤᠨ ᠦᠵᠡᠯ᠎ᠦᠨ ᠲᠦᠷᠦ᠍᠎ᠶ᠋ᠢᠨ ᠨᠠᠮ᠎ᠢ ᠪᠠᠢᠭᠤᠯᠬᠤ᠂ ᠶᠠᠭᠠᠬᠢᠵᠦ ᠤᠷᠳᠤ ᠬᠤᠭᠤᠴᠠᠭ᠎ᠠ᠎ᠪᠠᠷ ᠲᠦᠷᠦ᠍ ᠪᠠᠷᠢᠬᠤ ᠮᠠᠷᠺᠰ᠎ᠤᠨ ᠦᠵᠡᠯ᠎ᠦᠨ ᠲᠦᠷᠦ᠍᠎ᠶ᠋ᠢᠨ ᠨᠠᠮ᠎ᠢ ᠪᠠᠢᠭᠤᠯᠬᠤ ᠡᠨᠡ ᠬᠦ᠌ ᠴᠢᠬᠤᠯᠠ ᠶᠡᠬᠡ ᠴᠠᠭ ᠦᠶ᠎ᠡ᠎ᠶ᠋ᠢᠨ ᠰᠡᠳᠦᠪ᠎ᠲᠦ ᠬᠠᠷᠢᠭᠤᠯᠲᠠ ᠥᠭ᠌ᠴᠦ ᠂ ᠡᠭᠦᠨ᠎ᠢᠶᠡᠷ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠲᠥᠰᠦᠯ᠎ᠢ ᠵᠢᠷᠤᠭ᠍ᠯᠠᠵᠤ᠂ ᠥᠷᠥᠨᠡᠳᠠᠬᠢᠨ᠎ᠤ ᠲᠦᠷᠦ᠍᠎ᠶ᠋ᠢᠨ ᠨᠠᠮ᠎ᠤᠨ ᠤᠨᠤᠯ᠎ᠠᠴᠠ ᠳᠠᠪᠠᠭ᠍ᠰᠠᠨ ᠳᠤᠮᠳᠠᠳᠤ ᠤᠯᠤᠰ᠎ᠤᠨ ᠤᠶᠤᠨ ᠤᠬᠠᠭᠠᠨ᠎ᠢ ᠢᠯᠡᠷᠡᠭᠦᠯᠪᠡ᠃

ᠤᠯᠤᠰ ᠲᠦᠷᠦ᠍᠎ᠶ᠋ᠢᠨ ᠪᠠᠢᠭᠤᠯᠤᠯᠲᠠ ᠪᠣᠯ ᠨᠠᠮ᠎ᠤᠨ ᠦᠨᠳᠦᠰᠦᠨ ᠴᠢᠨᠠᠷᠲᠠᠢ ᠪᠠᠢᠭᠤᠯᠤᠯᠲᠠ ᠮᠥᠨ᠂ ᠲᠡᠷᠡ ᠨᠢ ᠨᠠᠮ᠎ᠤᠨ ᠪᠠᠢᠭᠤᠯᠤᠯᠲᠠ᠎ᠶ᠋ᠢᠨ ᠴᠢᠭ᠌ᠯᠡᠯ ᠪᠠ ᠦᠷ᠎ᠡ ᠪᠦᠲᠦᠮᠵᠢ ᠶ᠋ᠢ ᠲᠣᠭ᠍ᠲᠠᠭᠠᠵᠤ ᠪᠠᠢᠳᠠᠭ᠃ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠰᠢ  ᠨᠠᠮ᠎ᠤᠨ ᠲᠥᠪ ᠬᠣᠷᠢᠶ᠎ᠠ ᠤᠯᠤᠰ ᠲᠥᠷᠥ᠎ᠶ᠋ᠢᠨ ᠪᠠᠢᠭᠤᠯᠤᠯᠲᠠ᠎ᠶ᠋ᠢ ᠲᠡᠷᠢᠭᠦᠨ ᠪᠠᠢᠷᠢᠨ᠎ᠳᠤ ᠲᠠᠯᠪᠢᠵᠤ ᠂ ᠤᠯᠤᠰ ᠲᠥᠷᠥ᠎ᠶ᠋ᠢᠨ ᠬᠥᠲᠥᠯᠪᠦᠷᠢ ᠂ ᠤᠯᠤᠰ ᠲᠥᠷᠥ᠎ᠶ᠋ᠢᠨ ᠱᠤᠭᠤᠮ ᠂ ᠤᠯᠤᠰ ᠲᠥᠷᠥ᠎ᠶ᠋ᠢᠨ ᠵᠣᠭ᠍ᠰᠣᠯᠲᠠ ᠂ ᠤᠯᠤᠰ ᠲᠥᠷᠥ᠎ᠶ᠋ᠢᠨ ᠬᠠᠷᠠᠯᠲᠠ ᠂ ᠤᠯᠤᠰ ᠲᠥᠷᠥ᠎ᠶ᠋ᠢᠨ ᠢᠲᠡᠭᠡᠯ ᠪᠢᠱᠢᠷᠡᠯ ᠂ ᠤᠯᠤᠰ ᠲᠥᠷᠥ᠎ᠶ᠋ᠢᠨ ᠬᠥᠭᠡᠭᠡᠴᠡᠯᠳᠦᠯ ᠂ ᠤᠯᠤᠰ ᠲᠥᠷᠥ᠎ᠶ᠋ᠢᠨ ᠰᠠᠬᠢᠯᠭ᠎ᠠ ᠪᠠᠲᠤ ᠂ ᠤᠯᠤᠰ ᠲᠥᠷᠥ᠎ᠶ᠋ᠢᠨ ᠶᠣᠰᠣ ᠲᠦᠷᠢᠮ ᠵᠡᠷᠭᠡ ᠣᠯᠠᠨ ᠲᠠᠯ᠎ᠠ᠎ᠠᠴᠠ ᠤᠯᠤᠰ ᠲᠥᠷᠥ᠎ᠶ᠋ᠢᠨ ᠪᠠᠢᠭᠤᠯᠤᠯᠲᠠ᠎ᠶ᠋ᠢᠨ ᠪᠣᠷᠣ ᠲᠥᠯᠥᠪ᠎ᠢ ᠪᠠᠢᠭᠤᠯᠵᠤ ᠂ 《ᠳᠥᠷᠪᠡᠨ ᠤᠬᠠᠮᠰᠠᠷ》ᠵᠢᠡᠨ ᠴᠢᠩᠭᠠᠳᠭᠠᠬᠤ ᠂ 《ᠳᠥᠷᠪᠡᠨ ᠢᠲᠡᠭᠡᠯ》 ᠵᠢᠡᠨ ᠪᠠᠲᠤᠳᠭᠠᠬᠤ ᠂ 《ᠬᠣᠶᠠᠷ᠎ᠢ ᠬᠠᠮᠠᠭᠠᠯᠠᠬᠤ》 ᠎ᠶ᠋ᠢ ᠪᠡᠶᠡᠯᠡᠭᠦᠯᠬᠦ᠌ ᠂ 《 ᠤᠯᠤᠰ᠎ᠤᠨ ᠶᠡᠬᠡ ᠲᠠᠯ᠎ᠠ 》 ᠎ᠶ᠋ᠢ ᠪᠠᠲᠤ ᠴᠡᠭᠡᠵᠢᠯᠡᠬᠦ᠌᠎ᠪᠡᠷ ᠭᠤᠤᠯ ᠡᠭᠦᠷᠭᠡ ᠪᠣᠯᠭᠠᠵᠤ ᠂ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢ ᠠᠬᠤᠶ᠎ᠶ᠋ᠢ ᠴᠡᠪᠡᠷᠱᠢᠭᠦᠯᠬᠦ᠌᠎ᠳᠦ ᠦᠨᠳᠦᠰᠦ ᠰᠠᠭᠤᠷᠢ᠎ᠶ᠋ᠢ ᠪᠡᠬᠢᠵᠢᠭᠦᠯᠪᠡ᠃

ᠣᠢᠷ᠎ᠠ᠎ᠶ᠋ᠢᠨ ᠵᠢᠯ᠎ᠦᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠪᠠ ᠶᠡᠷᠦᠩᠬᠡᠶ ᠱᠦᠵᠢ ᠰᠢ᠎ᠶ᠋ᠢᠨ ᠫᠢᠩ᠎ᠦᠨ ᠮᠠᠨ᠎ᠤ ᠣᠷᠣᠨ᠎ᠤ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠦᠷᠭᠦᠯᠵᠢᠯᠡᠨ ᠭᠦᠨᠵᠡᠭᠡᠶ ᠰᠤᠷᠤᠯᠴᠠᠨ ᠲᠤᠭᠤᠱᠢᠯᠠᠭᠤᠯᠵᠤ ᠂ ᠦᠵᠡᠯ ᠰᠠᠨᠠᠭ᠎ᠠ ᠤᠯᠤᠰ ᠲᠥᠷᠥ᠍ ᠦᠶ᠋ᠯᠡ ᠠᠵᠢᠯᠯᠠᠭ᠎ᠠ᠎ᠶ᠋ᠢᠨ ᠲᠠᠯ᠎ᠠ᠎ᠪᠠᠷ ᠨᠠᠮ᠎ᠤᠨ ᠲᠥᠪ ᠬᠣᠷᠢᠶ᠎ᠠ᠎ᠲᠠᠶ ᠪᠥᠬᠥ᠌ ᠲᠠᠯ᠎ᠠ᠎ᠪᠠᠷ ᠨᠢᠭᠡᠳᠦᠯᠲᠡᠶ ᠪᠠᠢᠵᠤ᠂ ᠰᠤᠷᠤᠯᠴᠠᠬᠤ ᠰᠡᠳᠭᠢᠬᠦ᠌ ᠬᠡᠷᠡᠭ᠌ᠯᠡᠬᠦ᠌᠎ᠶ᠋ᠢ ᠨᠡᠪᠲᠡᠷᠡᠯᠴᠡᠭᠦᠯᠬᠦ᠌ ᠂ ᠮᠡᠳᠡᠬᠦ᠌ ᠢᠲᠡᠭᠡᠬᠦ᠌ ᠬᠢᠬᠦ᠌᠎ᠶ᠋ᠢ ᠨᠢᠭᠡᠳᠭᠡᠬᠦ᠌᠎ᠶ᠋ᠢ ᠦᠨᠡᠨ ᠬᠦ᠌ ᠪᠡᠶᠡᠯᠡᠭᠦᠯᠪᠡ᠃ ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠬᠡᠪ ᠴᠢᠨᠠᠷ ᠴᠢᠳᠠᠪᠤᠷᠢ᠎ᠶ᠋ᠢᠨ ᠪᠣᠭᠣᠮᠲᠠ᠎ᠶ᠋ᠢ ᠴᠢᠩᠭ᠎ᠠ ᠠᠳᠬᠤᠪᠠ᠃ ᠡᠳᠦᠷ ᠲᠤᠲᠤᠮ᠎ᠤᠨ ᠬᠢᠨᠠᠯᠲᠠ ᠲᠠᠯᠪᠢᠬᠤ ᠂ ᠬᠢᠨᠠᠨ ᠱᠢᠯᠭᠠᠬᠤ ᠂ ᠱᠢᠯᠭᠠᠨ ᠪᠠᠢᠴᠠᠭᠠᠬᠤ ᠂ ᠶᠠᠷᠢᠯᠴᠠᠬᠤ᠎ᠶ᠋ᠢ ᠴᠢᠩᠭᠠᠳᠭᠠᠪᠠ᠃ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ ᠬᠦᠨᠵᠡᠭᠡᠢᠷᠡᠬᠦᠯᠪᠡ᠃

ᠱᠢᠨ᠎ᠡ ᠠᠶᠠᠨ᠎ᠳᠤ᠂ ᠪᠢᠳᠡ ᠵᠠᠭᠤᠨ ᠵᠢᠯ᠎ᠦᠨ ᠨᠠᠮ᠎ᠤᠨ ᠲᠡᠦᠬᠡ᠎ᠡᠴᠡ ᠤᠶᠤᠨ ᠤᠬᠠᠭᠠᠨ ᠪᠠ ᠡᠷᠴᠢ ᠬᠦᠴᠦᠨ ᠠᠪᠴᠤ᠂ ᠥᠪᠡᠷ᠎ᠢ᠎ᠪᠡᠨ ᠴᠡᠪᠡᠷᠱᠢᠭᠦᠯᠬᠦ᠌᠂ ᠥᠪᠡᠷ᠎ᠢ᠎ᠪᠡᠨ ᠲᠡᠭᠦᠯᠳᠡᠷᠵᠢᠭᠦᠯᠬᠦ᠌᠂ ᠥᠪᠡᠷ᠎ᠢ᠎ᠪᠡᠨ ᠱᠢᠨᠡᠴᠢᠯᠡᠬᠦ᠌᠂ ᠥᠪᠡᠷ᠎ᠢ᠎ᠪᠡᠨ ᠳᠡᠭᠡᠭ᠌ᠰᠢᠯᠡᠭᠦᠯᠬᠦ᠌ ᠤᠯᠤᠰ ᠲᠦᠷᠦ᠍ ᠶ᠋ᠢᠨ ᠤᠬᠠᠮᠰᠠᠷ᠎ᠢᠶᠠᠨ ᠲᠠᠰᠤᠷᠠᠯᠲᠠ ᠦᠭᠡᠢ ᠴᠢᠩᠭᠠᠳᠭᠠᠵᠤ᠂ ᠪᠦᠬᠦ᠌ ᠣᠷᠣᠨ᠎ᠤ ᠤᠯᠤᠰ ᠲᠦᠷᠦ᠍᠎ᠶ᠋ᠢᠨ ᠠᠮᠢ ᠠᠬᠤᠢ᠎ᠶ᠋ᠢ ᠴᠠᠭ ᠢᠮᠠᠭ᠍ᠲᠠ ᠴᠡᠪᠡᠷᠱᠢᠭᠦᠯᠵᠦ᠍᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠭᠦᠨᠵᠡᠭᠡᠢᠷᠡᠨ ᠬᠥᠭ᠌ᠵᠢᠬᠦ᠌᠎ᠶ᠋ᠢ ᠢᠮᠠᠭ᠍ᠲᠠ ᠲᠤᠭᠤᠱᠢᠯᠠᠭᠤᠯᠵᠤ ᠂ ᠰᠠᠬᠢᠯᠭ᠎ᠠ ᠪᠠᠲᠤ ᠴᠢᠩᠭ᠎ᠠ ᠲᠣᠳᠣᠷᠬᠠᠢ ᠡᠩᠨᠡᠭᠡ᠎ᠶ᠋ᠢ ᠪᠠᠢᠭᠤᠯᠵᠤ ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠠᠮᠢ ᠠᠬᠤᠢ᠎ᠶ᠋ᠢ ᠬᠠᠮᠠᠭᠠᠯᠠᠵᠤ᠂  ᠥᠪᠥᠷ ᠮᠣᠩᠭᠣᠯ᠎ᠤᠨ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠶ᠋ᠢᠨ ᠰᠢᠯᠢᠳᠡᠭ ᠬᠠᠷᠢᠭᠤᠯᠲᠠ᠎ᠶ᠋ᠢᠨ ᠬᠠᠭᠤᠳᠠᠰᠤ᠎ᠶ᠋ᠢ ᠪᠢᠴᠢᠭ᠌ᠯᠡᠬᠦ᠌ ᠬᠡᠷᠡᠭ᠌ᠲᠡᠢ᠃

 (ᠵᠣᠬᠢᠶᠠᠭ᠍ᠴᠢ᠄ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶ᠋ᠢᠨ ᠨᠠᠮ᠎ᠤᠨ ᠲᠡᠦᠬᠡ ᠨᠠᠮ᠎ᠤᠨ ᠪᠠᠢᠭᠤᠯᠤᠯᠲᠠ᠎ᠶ᠋ᠢᠨ ᠵᠢᠭᠠᠨ ᠰᠤᠳᠤᠯᠬᠤ ᠬᠡᠯᠲᠡᠰ )

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号