ᠲᠡᠤᠬᠡ ᠵᠢ ᠦᠢᠯᠠᠭᠠᠵᠤ ᠨᠠᠮ ᠵᠢᠡᠨ ᠬᠠᠢᠷᠠᠯᠠᠬᠤ ᠲᠡᠤᠬᠡ ᠵᠢ ᠦᠢᠯᠠᠭᠠᠵᠤ ᠤᠯᠤᠰ ᠵᠢᠡᠨ ᠬᠠᠢᠷᠠᠯᠠᠬᠤ
2021-11-28 22:07:20
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠳᠤᠮᠳᠠᠳᠤ ᠤᠯᠤᠰ᠎ᠢ ᠣᠢᠯᠠᠭᠠᠬᠤ᠎ᠳᠤ ᠳᠤᠮᠳᠠᠳᠤ ᠤᠯᠤᠰ᠎ᠤᠨ ᠲᠡᠦᠬᠡ᠂ ᠰᠣᠶᠣᠯ᠂ ᠬᠥᠮᠦᠨ ᠰᠣᠶᠣᠯ᠎ᠤᠨ ᠦᠵᠡᠯ ᠰᠠᠨᠠᠭ᠎ᠠ ᠪᠠ ᠬᠥᠭ᠌ᠵᠢᠯᠲᠡ᠎ᠶ᠋ᠢᠨ ᠱᠠᠳᠤ ᠦᠶ᠎ᠡ᠎ᠶ᠋ᠢ ᠣᠢᠯᠠᠭᠠᠬᠤ ᠬᠡᠷᠡᠭ᠌ᠲᠡᠢ᠂ ᠢᠯᠠᠩᠭᠤᠶ᠎ᠠ ᠤᠳᠤ ᠦᠶ᠎ᠡ᠎ᠶ᠋ᠢᠨ ᠳᠤᠮᠳᠠᠳᠤ ᠤᠯᠤᠰ᠎ᠤᠨ ᠮᠠᠷᠺᠰ᠎ᠤᠨ ᠦᠵᠡᠯ᠎ᠢ ᠣᠢᠯᠠᠭᠠᠬᠤ ᠬᠡᠷᠡᠭ᠌ᠲᠡᠢ᠃ ᠪᠡᠭᠡᠵᠢᠩ ᠶᠡᠬᠡ ᠰᠤᠷᠭᠠᠭᠤᠯᠢ ᠪᠣᠯ ᠳᠤᠮᠳᠠᠳᠤ ᠤᠯᠤᠰ᠎ᠤᠨ ᠮᠠᠷᠺᠰ᠎ᠤᠨ ᠦᠵᠡᠯ᠎ᠢ ᠬᠠᠮᠤᠭ᠎ᠤᠨ ᠡᠷᠲᠡ ᠤᠯᠠᠮᠵᠢᠯᠠᠨ ᠰᠤᠳᠤᠯᠤᠭ᠍ᠰᠠᠨ ᠭᠠᠵᠠᠷ ᠮᠥᠨ᠂ ᠮᠠᠷᠺᠰ᠎ᠤᠨ ᠦᠵᠡᠯ᠎ᠢ ᠳᠤᠮᠳᠠᠳᠤ ᠤᠯᠤᠰ᠎ᠲᠤ ᠤᠯᠠᠮᠵᠢᠯᠠᠨ ᠳᠡᠯᠭᠡᠷᠡᠭᠦᠯᠬᠦ᠌ ᠪᠠ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠬᠤ᠎ᠳᠤ ᠴᠢᠬᠤᠯᠠ ᠬᠤᠪᠢ ᠨᠡᠮᠡᠷᠢ ᠦᠵᠡᠭᠦᠯᠦᠭ᠌ᠰᠡᠨ ᠶᠤᠮ᠃ ᠡᠨᠡ ᠵᠢᠯ ᠪᠣᠯ ᠮᠠᠷᠺᠰ᠎ᠤᠨ ᠮᠡᠨᠳᠦᠯᠡᠭ᠌ᠰᠡᠨ 200 ᠵᠢᠯ᠎ᠦᠨ ᠤᠢ᠂ ᠮᠥᠨ ᠴᠦ᠍ 《ᠡᠪ ᠬᠠᠮᠲᠤ ᠨᠠᠮ᠎ᠤᠨ ᠲᠤᠩᠬᠠᠭ》ᠮᠡᠨᠳᠦᠯᠡᠭ᠌ᠰᠡᠨ 170 ᠵᠢᠯ᠎ᠦᠨ ᠤᠢ ᠪᠣᠯᠤᠨ᠎ᠠ᠃ ᠮᠠᠨ᠎ᠤ ᠬᠤᠪᠢ᠎ᠳᠦ᠂ ᠮᠠᠷᠺᠰ ᠪᠣᠯᠤᠨ 《ᠡᠪ ᠬᠠᠮᠲᠤ ᠨᠠᠮ᠎ᠤᠨ ᠲᠤᠩᠬᠠᠭ》᠎ᠤᠨ ᠲᠤᠬᠠᠢ ᠬᠠᠮᠤᠭ᠎ᠤᠨ ᠰᠠᠢ᠌ᠨ ᠳᠤᠷᠠᠰᠭᠠᠯ ᠪᠣᠯ ᠳᠠᠷᠤᠢ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠪᠣᠯᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠡᠨᠡ ᠬᠦ᠌ ᠤᠳᠤ ᠦᠶ᠎ᠡ᠎ᠶ᠋ᠢᠨ ᠳᠤᠮᠳᠠᠳᠤ ᠤᠯᠤᠰ᠎ᠤᠨ ᠮᠠᠷᠺᠰ᠎ᠤᠨ ᠦᠵᠡᠯ᠎ᠢ ᠰᠠᠢᠲᠤᠷ ᠰᠤᠳᠤᠯᠵᠤ᠂ ᠰᠠᠢᠲᠤᠷ ᠤᠬᠠᠭᠤᠯᠵᠤ᠂ ᠰᠠᠢᠲᠤᠷ ᠲᠤᠭᠤᠰᠢᠯᠠᠭᠤᠯᠬᠤ ᠶᠠᠪᠤᠳᠠᠯ ᠪᠣᠯᠤᠨ᠎ᠠ᠃

( ᠰᠢ ᠵᠢᠨ ᠫᠢᠡᠭ᠎ᠤᠨ 2018ᠤᠨ᠎ᠤ 5 ᠰᠠᠷ᠎ᠠ ᠵᠢᠨ 2᠎ᠤᠨ ᠡᠳᠦᠷ ᠪᠡᠭᠡᠵᠢᠡᠭ ᠶᠡᠬᠡ ᠰᠤᠷᠭᠠᠭᠤᠯᠢ ᠳ᠋ᠦ ᠱᠢᠨᠵᠢᠯᠡᠨ ᠪᠠᠢᠴᠠᠭᠠᠬᠤ ᠦᠶ᠎ᠠ ᠵᠢᠨ ᠶᠠᠷᠢᠶ᠎ᠠ ᠡᠴᠡ )


 

 ᠪᠢᠳᠡ ᠵᠠᠪᠠᠯ ᠬᠤᠪᠢᠰᠭᠠᠯ᠎ᠤᠨ ᠠᠬᠠᠮᠠᠳ ᠦᠶ᠎ᠡ᠎ᠶ᠋ᠢᠨ ᠬᠢᠨ ᠳᠤᠮᠳᠠᠳᠤ ᠤᠯᠤᠰ᠎ᠤᠨ ᠬᠤᠪᠢᠰᠭᠠᠯ᠎ᠤᠨ ᠦᠢᠯᠡᠰ᠎ᠦᠨ ᠲᠥᠯᠥᠭᠡ ᠠᠷᠢᠭᠤᠨ ᠴᠢᠰᠤ ᠪᠠ ᠠᠮᠢ ᠨᠠᠰᠤ᠎ᠪᠠᠨ ᠵᠣᠷᠢᠭᠤᠯᠵᠤ᠂ ᠱᠢᠨ᠎ᠡ ᠳᠤᠮᠳᠠᠳᠤ ᠤᠯᠤᠰ᠎ᠢ ᠬᠢᠯᠪᠠᠷ ᠪᠤᠰᠤ᠎ᠪᠠᠷ ᠪᠠᠢᠭᠤᠯᠤᠭᠰᠠᠨ᠎ᠢ ᠪᠠᠲᠤ ᠴᠡᠭᠡᠵᠢᠯᠡᠬᠦ᠌ ᠬᠡᠷᠡᠭ᠌ᠲᠡᠢ᠃ ᠦᠢᠯᠡᠰ ᠪᠤᠰᠭᠠᠬᠤ᠎ᠳᠤ ᠬᠦᠴᠢᠷ᠂ ᠦᠢᠯᠡᠰ᠎ᠢᠶᠡᠨ ᠰᠠᠬᠢᠬᠤ᠎ᠳᠤ ᠨᠡᠩ ᠬᠦᠴᠢᠷ᠃ ᠥᠷᠭᠡᠨ ᠤᠯᠠᠨ ᠨᠠᠮ᠎ᠤᠨ ᠭᠡᠱᠢᠭᠦᠨ᠂ ᠺᠠᠳ᠋ᠷ ᠪᠣᠯᠤᠨ ᠠᠷᠠᠳ ᠤᠯᠠᠨ ᠨᠠᠮ᠎ᠤᠨ ᠲᠡᠦᠬᠡ᠂ ᠱᠢᠨ᠎ᠡ ᠳᠤᠮᠳᠠᠳᠤ ᠤᠯᠤᠰ᠎ᠤᠨ ᠲᠡᠦᠬᠡ᠎ᠶ᠋ᠢ ᠰᠠᠢᠲᠤᠷ ᠰᠤᠷᠤᠯᠴᠠᠨ ᠣᠢᠯᠠᠭᠠᠵᠤ᠂ ᠨᠠᠮ᠎ᠠᠴᠠ ᠠᠷᠠᠳ ᠲᠦᠮᠡᠨ᠎ᠢ ᠤᠳᠤᠷᠢᠳᠤᠨ ᠡᠭᠦᠳᠦᠨ ᠪᠠᠢᠭᠤᠯᠤᠭ᠍ᠰᠠᠨ ᠨᠡᠢᠭᠡᠮ ᠵᠢᠷᠤᠮ᠎ᠤᠨ ᠠᠭᠤᠤ ᠶᠡᠬᠡ ᠦᠢᠯᠡᠰ᠎ᠢ ᠰᠠᠬᠢᠨ ᠬᠠᠮᠠᠭᠠᠯᠠᠵᠤ᠂ ᠦᠶ᠎ᠡ᠎ᠶ᠋ᠢᠨ ᠦᠶ᠎ᠡ᠎ᠳᠡᠭᠡᠨ ᠤᠯᠠᠮᠵᠢᠯᠠᠨ ᠵᠠᠯᠭᠠᠮᠵᠢᠯᠠᠬᠤ ᠬᠡᠷᠡᠭ᠌ᠲᠡᠢ᠃

(ᠰᠢ᠎ᠶ᠋ᠢᠨ ᠫᠢᠩ᠎ᠦᠨ 2020 ᠣᠨ᠎ᠤ 7 ᠰᠠᠷ᠎ᠠ᠎ᠶ᠋ᠢᠨ 22 — 24 ᠎ᠦ ᠡᠳᠦᠷ ᠪᠣᠯᠲᠠᠯ᠎ᠠ ᠬᠢᠷᠢᠨ᠎ᠳᠦ ᠱᠢᠨᠵᠢᠯᠡᠨ ᠪᠠᠢᠴᠠᠭᠠᠬᠤ ᠦᠶ᠎ᠡ᠎ᠶ᠋ᠢᠨ ᠶᠠᠷᠢᠶ᠎ᠠ ᠡᠴᠡ)

 

ᠢᠷᠡᠯᠳᠡ᠄

《ᠲᠤᠮᠳᠠᠳᠦ ᠤᠯᠤᠰ᠎ᠤᠨ ᠡᠪ ᠬᠠᠮᠳᠤ ᠨᠠᠮ᠎ᠤᠨ ᠲᠡᠤᠬᠡ ᠵᠢ ᠦᠭᠦᠯᠡᠭᠰᠡᠨ ᠨᠢ》

 


ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号