ᠣᠮᠣᠭ ᠲᠡᠭᠦᠯᠳᠡᠷ ᠴᠤᠭ ᠪᠠᠳᠠᠷᠠᠩᠭᠤᠢ ᠪᠡᠷ ᠡᠷᠡᠮᠡᠭᠡᠢᠯᠡᠨ ᠤᠷᠤᠭ᠍ᠰᠢᠯᠠᠨ᠎ᠠ
2021-11-28 11:04:45
ᠵᠣᠬᠢᠶᠠᠭ᠍ᠴᠢ᠄
​ᠪᠠᠶ ᠳ᠋ᠠᠨ
ᠣᠩᠱᠢᠭ᠍ᠰᠠᠨ ᠣᠳᠠᠭ᠎ᠠ᠄
★★★☆☆

— ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠢᠯᠠᠰ ᠬᠤᠷᠤᠮ

11 ᠰᠠᠷ᠎ᠠ᠎ᠶ᠋ᠢᠨ 27 ᠤ᠋ ᠡᠳᠦᠷ᠂ ᠪᠥᠬᠥ᠌ ᠣᠷᠣᠨ᠎ᠤ 2400 ᠲᠦᠮᠡ ᠭᠠᠷᠤᠢ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠦᠰᠡᠯ ᠨᠠᠢᠳᠠᠯᠭ᠎ᠠ ᠵᠢ ᠠᠴᠢᠶᠠᠯᠠᠵᠥ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ ᠬᠥᠬᠡᠬᠣᠲᠠ ᠎ᠳᠤ ᠡᠬᠢᠯᠡᠪᠡ᠃ ᠡᠨᠡ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠦᠨ ᠤᠢ᠎ᠶ᠋ᠢᠨ ᠲᠠᠱᠢᠷᠠᠮ᠎ᠳᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ ᠢ᠋ ᠡᠬᠢᠯᠡᠭᠦᠯᠬᠦ᠌ ᠴᠢᠬᠤᠯᠠ ᠴᠠᠭ ᠮᠥᠴᠡ᠎ᠳᠦ ᠮᠠᠨ᠎ᠤ ᠣᠷᠣᠨ᠎ᠤ ᠬᠤᠷᠠᠯᠳᠤᠭᠤᠯᠤᠭ᠍ᠰᠠᠨ ᠨᠢᠭᠡ ᠤᠳᠠᠭ᠎ᠠ᠎ᠶ᠋ᠢᠨ ᠲᠤᠢᠯ᠎ᠤᠨ ᠴᠢᠬᠤᠯᠠ ᠬᠤᠷᠠᠯ ᠪᠣᠯᠤᠨ᠎ᠠ᠃

ᠦᠳᠡ᠎ᠶ᠋ᠢᠨ ᠡᠮᠦᠨᠡᠬᠢ 9 ᠴᠠᠭ᠎ᠲᠤ ᠦᠪᠡᠳᠡᠭ᠌ᠰᠢ ᠬᠤᠷᠠᠯ ᠡᠬᠢᠯᠡᠪᠡ᠃ ᠱ᠌ᠢ᠎ᠲᠡᠶ ᠹᠸᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠬᠤᠭᠤᠴᠠᠭᠠᠨ᠎ᠤ ᠬᠣᠷᠢᠶ᠎ᠠ ᠵᠢ ᠲᠦᠯᠦᠭᠡᠯᠡᠨ᠎ᠶᠡᠬᠡ ᠬᠤᠷᠠᠯ᠎ᠳᠤ ᠢᠯᠡᠳᠭᠡᠯ ᠬᠢᠪᠡ᠃ ᠢᠯᠡᠳᠭᠡᠯ᠎ᠳᠦ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠡᠴᠡ ᠨᠠᠭᠠᠰᠢᠬᠢ ᠠᠵᠢᠯ᠎ᠢ ᠱᠢᠰᠲ᠋ᠧᠮ᠎ᠲᠡᠶ ᠳ᠋ᠦᠩᠨᠡᠵᠦ᠍᠂ ᠬᠤᠢᠰᠢᠳᠠ ᠎ᠶ᠋ᠢᠨ ᠲᠠᠪᠤᠨ ᠵᠢᠯ᠎ᠦᠨ ᠲᠡᠮᠡᠴᠡᠬᠦ᠌ ᠬᠠᠷᠠᠯᠲᠠ ᠪᠣᠯᠤᠨ ᠭᠣᠣᠯ ᠡᠭᠦᠷᠭᠡ᠎ᠶ᠋ᠢ ᠪᠦᠬᠦ᠌ ᠲᠠᠯ᠎ᠠ᠎ᠪᠠᠷ ᠵᠢᠷᠤᠭ᠍ᠯᠠᠵᠤ᠂ ᠲᠥᠯᠥᠭᠡᠯᠡᠭ᠌ᠴᠢᠳ᠎ᠦᠨ ᠴᠢᠩᠭ᠎ᠠ ᠲᠠᠭᠠᠰᠢᠶᠠᠯ᠎ᠢ ᠤᠯᠪᠠ᠃

ᠦᠳᠡ᠎ᠶ᠋ᠢᠨ ᠬᠣᠢᠨ᠎ᠠ᠂ ᠡᠯ᠎ᠡ ᠲᠥᠯᠥᠭᠡᠯᠡᠭ᠌ᠴᠢᠳ᠎ᠦᠨ ᠪᠦᠯᠬᠦᠮ ᠳᠤᠭᠤᠢᠯᠠᠩ ᠬᠤᠪᠢᠶᠠᠵᠤ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ ᠢ᠋ ᠬᠢᠨᠠᠨ ᠵᠥᠪᠯᠡᠵᠤ᠂ ᠬᠤᠷᠠᠯ ᠤ᠋ᠨ ᠠᠬᠤᠢ ᠲᠠᠯᠠᠪᠠᠢ ᠬᠦᠭᠵᠢᠶᠡᠨᠳᠠᠢ ᠪᠠᠢᠯ᠎ᠠ᠃ ᠲᠥᠯᠥᠭᠡᠯᠡᠭ᠌ᠴᠢᠳ ᠢᠳᠡᠪᠬᠢᠲᠡᠢ᠎ᠪᠡᠷ ᠦᠭᠡ ᠬᠡᠯᠡᠵᠤ᠂ ᠠᠵᠢᠯ᠎ᠤᠨ ᠪᠣᠳᠠᠲᠤ ᠪᠠᠢᠳᠠᠯ᠂ ᠲᠠᠨᠢᠯᠲᠠ ᠣᠢᠯᠠᠭᠠᠯᠲᠠ ᠪᠠ ᠲᠤᠱᠢᠶᠠᠯ ᠬᠠᠷᠢᠭᠤᠴᠠᠯᠭ᠎ᠠ᠎ᠲᠠᠶ᠎ᠪᠠᠨ ᠤᠶᠠᠯᠳᠤᠭᠤᠯᠤᠨ ᠢᠯᠡᠳᠭᠡᠯ᠎ᠢ ᠬᠦᠭᠵᠢᠶᠠᠨᠳᠠᠢ᠂ ᠪᠣᠳᠠᠲᠠᠢ᠎ᠶ᠋ᠢ ᠡᠷᠬᠢᠮᠯᠡᠨ᠂ ᠪᠦᠷᠢᠨ ᠭᠦᠢᠴᠡᠳ ᠶᠠᠷᠢᠯᠴᠠᠪᠠ᠃

ᠲᠠᠪᠤᠨ ᠵᠢᠯ᠎ᠢ ᠡᠷᠭᠢᠴᠡᠭᠦᠯᠬᠦᠶ᠎ᠡ᠂ ᠬᠠᠷᠢᠭᠤᠯᠲᠠ᠎ᠶ᠋ᠢᠨ ᠬᠠᠭᠤᠳᠠᠰᠤ ᠬᠥᠮᠦᠰ᠎ᠢ ᠤᠷᠮᠠᠱᠢᠭᠤᠯᠤᠨ᠎ᠠ ; ᠵᠢᠷᠤᠭ ᠲᠥᠯᠥᠪᠯᠡᠭᠡ᠎ᠶ᠋ᠢ ᠵᠢᠷᠤᠭ᠍ᠯᠠᠵᠤ᠂ ᠬᠠᠷᠠᠯᠲᠠ᠎ᠨᠢ ᠬᠥᠮᠦᠰ᠎ᠢ ᠵᠤᠷᠢᠭᠵᠢᠭᠤᠯᠤᠨ᠎ᠠ ; ᠢᠷᠡᠭᠡᠳᠦᠢ᠎ᠪᠡᠨ ᠪᠠᠷᠠᠯᠠᠬᠤᠶ᠎ᠠ ᠂ ᠡᠭᠦᠷᠭᠡ ᠬᠠᠷᠢᠭᠤᠴᠠᠯᠭ᠎ᠠ ᠡᠷᠡᠮᠡᠬᠡᠢᠯᠡᠨ ᠲᠠᠪᠰᠢᠬᠤ ᠵᠢ ᠤᠷᠢᠶᠠᠯᠠᠨ᠎ᠠ᠃ 《ᠬᠣᠣᠰ ᠵᠠᠭᠤᠨ ᠵᠢᠯ》 ᠤ᠋ᠨ ᠲᠡᠮᠡᠴᠡᠬᠦ᠌ ᠬᠠᠷᠠᠯᠲᠠ᠎ᠶ᠋ᠢᠨ ᠲᠡᠦᠬᠡᠨ ᠠᠭᠤᠯᠵᠠᠷ᠎ᠲᠤ ᠵᠣᠭ᠍ᠰᠣᠵᠤ ᠂ ᠪᠦᠬᠦ᠌ ᠣᠷᠣᠨ ᠤ᠋ ᠲᠡᠭᠡᠳᠤ ᠲᠤᠤᠷᠠᠳᠤ  ᠱᠠᠳᠤ ᠪᠡᠷ ᠵᠢᠡᠨ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠭ᠍ᠰᠠᠨ ᠴᠢᠭ᠌ᠯᠡᠯ᠎ᠢᠶᠡᠷ ᠴᠤᠴᠠᠯᠲᠠ ᠦᠭᠡᠢ ᠤᠷᠤᠭ᠍ᠰᠢᠯᠠᠵᠤ᠂ ᠡᠴᠦᠰ᠎ᠲᠦᠨᠢ ᠲᠤᠯᠲᠠᠯ᠎ᠠ ᠬᠢᠵᠦ᠍᠂ ᠭᠤᠢᠪᠢᠰᠢ ᠦᠭᠡᠢ᠂ ᠴᠠᠯᠠᠭᠠᠢᠷᠠᠯ ᠦᠭᠡᠢ᠂ ᠲᠡᠩᠰᠡᠯᠭᠡᠬᠦ ᠦᠭᠡᠢ᠎ᠪᠡᠷ ᠦᠷᠭᠦᠯᠵᠢᠯᠡᠨ ᠲᠡᠮᠡᠴᠡᠬᠦ᠌ ᠳᠤᠮᠳᠠ ᠥᠪᠥᠷ ᠮᠣᠩᠭᠣᠯ᠎ᠤᠨ ᠡᠭᠦᠷᠭᠡᠯᠡᠯ ᠵᠢᠡᠨ ᠢᠯᠡᠷᠡᠭᠦᠯᠵᠦ᠍᠂ ᠥᠪᠥᠷ ᠮᠣᠩᠭᠣᠯ᠎ᠤᠨ ᠬᠦᠴᠦᠨ ᠴᠢᠳᠠᠯ᠎ᠢᠶᠠᠨ ᠡᠷᠭᠦᠵᠦ᠍᠂ ᠥᠪᠥᠷ ᠮᠣᠩᠭᠣᠯ᠎ᠤᠨ ᠴᠤᠭ ᠵᠢᠪᠬᠤᠭ᠎ᠠ ᠪᠠᠨ ᠪᠠᠳᠠᠷᠠᠭᠤᠯᠬᠤ ᠶᠤᠮ᠃


QQ截图20211128110938.png


ᠲᠦᠯᠦᠭᠡᠯᠡᠭᠴᠢᠳ ᠢᠯᠡᠳᠭᠡᠯ ᠢ᠋ ᠨᠠᠷᠢᠨ ᠨᠢᠮᠪᠠᠢ ᠤᠩᠰᠢᠵᠤ ᠪᠠᠢᠭ᠎ᠠ ᠨᠢ᠃



QQ截图20211128111128.png


ᠲᠥᠯᠥᠭᠡᠯᠡᠭ᠌ᠴᠢᠳ ᠤᠯᠤᠰ᠎ᠤᠨ ᠰᠦᠯᠳᠡ ᠳᠠᠭᠤᠤ᠎ᠶ᠋ᠢ  ᠬᠠᠩᠭᠢᠨᠠᠲᠠᠯ᠎ᠠ ᠳᠠᠭᠤᠯᠠᠨ᠎ᠠ᠃



QQ截图20211128111927.png


ᠲᠥᠯᠥᠭᠡᠯᠡᠭ᠌ᠴᠢᠳ ᠤᠮᠤᠬ ᠳᠡᠬᠦᠯᠳᠡᠷ ᠵᠢᠡᠷ ᠬᠤᠷᠠᠯ᠎ᠤᠨ ᠲᠠᠯᠠᠪᠠᠢ᠎ᠳᠤ ᠠᠯᠬᠤᠨ ᠣᠷᠣᠵᠠᠭᠠᠨ᠎ᠠ᠃


QQ截图20211128112147.png


ᠲᠥᠯᠥᠭᠡᠯᠡᠭ᠌ᠴᠢᠳ ᠴᠤᠭ ᠵᠢᠪᠬᠤᠭ᠎ᠠ ᠪᠠᠳᠠᠷᠠᠩᠭᠤᠢ ᠪᠠᠷ ᠬᠤᠷᠠᠯ᠎ᠤᠨ ᠲᠠᠯᠠᠪᠠᠢ᠎ᠳᠤ ᠠᠯᠬᠤᠨ ᠣᠷᠣᠵᠠᠭᠠᠨ᠎ᠠ᠃



QQ截图20211128112002.png


              ᠲᠥᠯᠥᠭᠡᠯᠡᠭ᠌ᠴᠢ ᠬᠤᠷᠠᠯ᠎ᠤᠨ ᠲᠠᠯᠠᠪᠠᠢ᠎ᠳᠤ ᠣᠷᠣᠨ᠎ᠠ᠃

        

QQ截图20211128112242.png

 

       ᠲᠥᠯᠥᠭᠡᠯᠡᠭ᠌ᠴᠢᠤᠨ ᠨᠠᠷᠢᠨ ᠬᠢᠨᠠᠮᠠᠭᠠᠢ ᠳᠡᠮᠳᠡᠭᠯᠡᠨ᠎ᠠ᠃


QQ截图20211128112016.png


ᠲᠥᠯᠥᠭᠡᠯᠡᠭ᠌ᠴᠢᠳ ᠬᠠᠯᠠᠭᠤᠨ ᠠᠯᠠᠭ᠎ᠠ ᠲᠠᠱᠢᠯᠳᠠ ᠪᠠᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ᠎ᠲᠥᠯᠥᠭᠡᠯᠡᠭ᠌ᠴᠢᠳ᠎ᠦᠨ᠎ᠶᠡᠬᠡ᠎ᠬᠤᠷᠠᠯ᠎ᠤᠨ᠎ᠢᠯᠠᠯᠳᠠ᠎ᠲᠠᠶ᠎ᠡᠬᠢᠯᠡᠭᠰᠡᠨ᠎ᠢ ᠪᠡᠯᠭᠡᠯᠡᠪᠡ᠃


QQ截图20211128111821.png


ᠲᠦᠯᠦᠭᠡᠯᠡᠭᠴᠢ ᠨᠠᠮ᠎ᠤᠨ ᠲᠦᠯᠦᠭᠡᠯᠡᠭᠴᠢᠳ ᠤ᠋ᠨ ᠶᠡᠬᠡ ᠬᠤᠷᠠᠯ ᠤ᠋ᠨ ᠢᠯᠡᠳᠭᠡᠯ᠎ᠢ  ᠬᠢᠨᠡᠨ ᠵᠦᠪᠯᠡᠬᠦ ᠳ᠋ᠡᠭᠡᠨ ᠦᠭᠡ ᠬᠡᠯᠡᠵᠤ ᠪᠠᠢᠭ᠎ᠠ ᠨᠢ᠃


QQ截图20211128111857.png


ᠲᠥᠯᠥᠭᠡᠯᠡᠭ᠌ᠴᠢᠳ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠢ  ᠬᠢᠨᠠᠨ ᠵᠥᠪᠯᠡᠨ᠎ᠡ᠃


QQ截图20211128112212.png


ᠠᠯᠠᠱᠠ᠎ᠠᠢᠮᠠᠭ᠎ᠤᠨ᠎ᠲᠥᠯᠥᠭᠡᠯᠡᠭ᠌ᠴᠢᠳ᠎ᠨᠠᠮ᠎ᠤᠨ᠎ᠲᠥᠯᠥᠭᠡᠯᠡᠭ᠌ᠴᠢᠳ᠎ᠦᠨ᠎ᠶᠡᠬᠡ ᠬᠤᠷᠠᠯ᠎ᠤᠨ ᠢᠯᠡᠳᠭᠡᠯ᠎ᠢ ᠬᠢᠨᠠᠨ ᠵᠥᠪᠯᠡᠪᠡ᠃

( ᠭᠡᠷᠡᠯ ᠵᠢᠷᠤᠭ᠎ᠤᠳ᠎ᠢ ᠲᠤᠰ ᠰᠤᠨᠢᠨ᠎ᠤ ᠰᠤᠷᠪᠤᠯᠵᠢᠯᠠᠬᠴᠢ ᠮᠠ ᠵᠢᠶᠠᠨ ᠴᠢᠤᠸᠠᠨ ᠮᠦᠩᠬᠡᠴᠢᠯᠠᠭᠤ ᠰᠡᠭᠦᠳᠡᠷᠯᠡᠪᠡ )

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号