11 ᠰᠠᠷ᠎ᠠ ᠶ᠋ᠢᠨ 27 ᠤ᠋ ᠡᠳᠦᠷ ᠂ ᠳᠤᠮᠳᠠᠳᠤ ᠤᠯᠤᠰ ᠤᠨ ᠡᠪ ᠬᠠᠮᠲᠤ ᠨᠠᠮ᠎ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶ᠋ᠢᠨ ᠲᠥᠯᠥᠭᠡᠯᠡᠭ᠌ᠴᠢᠳ ᠦᠨ ᠶᠡᠬᠡ ᠬᠤᠷᠠᠯ ᠬᠥᠬᠡᠬᠣᠲᠠ ᠳᠤ ᠡᠬᠢᠯᠡᠵᠡᠢ᠃ ᠬᠤᠷᠠᠯ ᠳᠡᠭᠡᠷ᠎ᠡ᠂ ᠱ᠌ᠢ᠎ᠲᠡᠶ ᠹᠸᠡᠭ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠬᠤᠭᠤᠴᠠᠭᠠᠨ ᠤ ᠬᠣᠷᠢᠶ᠎ᠠ ᠵᠢᠨ ᠡᠮᠦᠨ᠎ᠡ ᠡᠴᠡ ᠶᠡᠬᠡ ᠬᠤᠷᠠᠯ ᠳᠤ 《ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠯᠲᠡ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ ᠢᠶᠠᠷ ᠡᠷᠡᠰ ᠭᠤᠢᠪᠢᠰᠢ ᠥᠬᠡᠶ ᠵᠠᠮᠨᠠᠵᠤ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ ᠢ ᠪᠥᠬᠥ᠌ ᠲᠠᠯ᠎ᠠ ᠪᠠᠷ ᠪᠥᠲᠥᠭᠡᠨ ᠪᠠᠢᠭᠤᠯᠬᠤ ᠱᠢᠨ᠎ᠡ ᠠᠶᠠᠨ ᠳᠤ ᠥᠪᠥᠷ ᠮᠣᠩᠭᠣᠯ ᠤᠨ ᠬᠥᠭ᠌ᠵᠢᠯᠲᠡ ᠶ᠋ᠢᠨ ᠱᠢᠨ᠎ᠡ ᠬᠠᠭᠤᠳᠠᠰᠤ ᠶ᠋ᠢ ᠪᠢᠴᠢᠭ᠌ᠯᠡᠶ᠎ᠡ》 ᠭᠡᠬᠦ᠌ ᠰᠡᠳᠦᠪ ᠢᠶᠡᠷ ᠢᠯᠡᠳᠭᠡᠯ ᠬᠢᠪᠠ᠃ ᠥᠨᠥᠳᠦᠷ᠂ ᠲᠤᠰ ᠰᠣᠨᠢᠨ ᠵᠢᠷᠤᠭ ᠵᠢᠡᠷ ᠲᠠᠢᠯᠬᠤᠢ ᠬᠡᠯᠪᠡᠷᠢ ᠪᠡᠷ ᠢᠯᠡᠳᠭᠡᠯ ᠢ᠋ ᠲᠠ ᠪᠦᠬᠦᠨ ᠳᠤ ᠣᠢᠯᠠᠭᠠᠭᠤᠯᠤᠶᠠ᠃
ᠶᠡᠬᠡ ᠬᠤᠷᠠᠯ᠎ᠤᠨ ᠭᠣᠣᠯ ᠰᠡᠳᠦᠪ
ᠳᠤᠮᠳᠠᠳᠤ ᠤᠯᠤᠰ ᠤᠨ ᠣᠨᠴᠠᠯᠢᠭ ᠳᠠᠢ ᠨᠡᠢᠭᠡᠮ ᠵᠢᠷᠤᠮ ᠤᠨ ᠠᠭᠤᠤ ᠶᠡᠬᠡ ᠲᠤᠭ ᠢ ᠥᠨᠳᠥᠷ ᠮᠠᠨᠳᠤᠭᠤᠯᠵᠤ᠂ ᠰᠢ᠎ᠶ᠋ᠢᠨ ᠫᠢᠩ ᠦᠨ ᠱᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤᠨ ᠣᠨᠴᠠᠯᠢᠭ ᠲᠠᠶ ᠨᠡᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠲᠤᠯᠭ᠎ᠠ ᠪᠤᠯᠭᠠᠵᠤ᠂ ᠨᠠᠮ᠎ᠤᠨ ᠵᠠᠭᠤᠨ ᠵᠢᠯ ᠦᠨ ᠲᠡᠮᠡᠴᠡᠯ ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ ᠠᠴᠠ ᠣᠶᠤᠨ ᠤᠬᠠᠭᠠᠨ ᠪᠠ ᠬᠦᠴᠦᠨ ᠴᠢᠳᠠᠯ ᠣᠯᠵᠤ᠂ ᠬᠦᠰᠠᠯ ᠨᠠᠢᠳᠠᠯᠭ᠎ᠠ ᠶ᠋ᠢ ᠪᠠᠲᠤ ᠴᠡᠭᠡᠵᠢᠯᠡᠬᠦ᠂ ᠲᠠᠷᠬᠠᠨ ᠡᠭᠦᠷᠭᠡ ᠪᠡᠨ ᠵᠣᠷᠢᠭ᠍ᠲᠠᠶ ᠡᠭᠦᠷᠭᠡᠯᠡᠬᠦ᠂ ᠳᠤᠮᠳᠠᠳᠤ᠎ᠶ᠋ᠢᠨ ᠦᠨᠳᠦᠰᠦᠲᠡᠨ ᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ ᠴᠥᠬᠥᠷᠡᠰᠢ ᠦᠭᠡᠢ ᠪᠠᠲᠤ ᠴᠣᠭ᠍ᠴᠠᠯᠠᠠ᠂ ᠠᠮᠢ ᠠᠬᠤᠶ ᠶ᠋ᠢ ᠤᠷᠢᠳ ᠵᠢᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭ᠌ᠵᠢᠯᠲᠡ ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ ᠶ᠋ᠢᠨ ᠱᠢᠨ᠎ᠡ ᠵᠠᠮ ᠵᠢᠡᠷ ᠭᠤᠢᠪᠢᠰᠢ ᠦᠭᠡᠢ ᠵᠠᠮᠨᠠᠵᠦ᠂《ᠬᠣᠶᠠᠷ ᠬᠠᠯᠬᠠᠪᠴᠢ》᠂ 《ᠬᠣᠶᠠᠷ ᠰᠠᠭᠤᠷᠢᠨ》᠂《ᠨᠢᠭᠡ ᠪᠡᠬᠢᠯᠡᠯᠲᠡ》 ᠶ᠋ᠢ ᠲᠦᠷᠭᠡᠳᠭᠡᠨ ᠪᠠᠢᠭᠤᠯᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ ᠢ ᠪᠦᠬᠦ᠌ ᠲᠠᠯ᠎ᠠ ᠪᠠᠷ ᠪᠦᠳᠦᠭᠡᠨ ᠪᠠᠢᠭᠤᠯᠬᠤ ᠱᠢᠨ᠎ᠡ ᠠᠶᠠᠨ ᠳᠤ ᠥᠪᠥᠷ ᠮᠣᠩᠭᠣᠯ ᠤᠨ ᠬᠥᠭ᠌ᠵᠢᠯᠲᠡ ᠶ᠋ᠢᠨ ᠱᠢᠨ᠎ᠡ ᠬᠠᠭᠤᠳᠠᠰᠤ ᠶ᠋ᠢ ᠪᠢᠴᠢᠭ᠌ᠯᠠᠨᠡ᠃
ᠨᠢᠭᠡ ᠂ ᠦᠩᠭᠡᠷᠡᠭᠰᠡᠨ ᠲᠠᠪᠤᠨ ᠵᠢᠯ ᠤ᠋ᠨ ᠠᠵᠢᠯ
1.ᠲᠣᠭ ᠲᠡᠮᠳᠡᠭ ᠲᠣᠳᠣᠷᠬᠠᠶ ᠪᠠᠷ ᠤᠯᠤᠰ ᠲᠥᠷᠥ ᠶ᠋ᠢ ᠡᠷᠬᠢᠮᠯᠠᠨ ᠂ ᠤᠬᠠᠮᠰᠠᠷ ᠠᠴᠠ ᠪᠠᠨ 《ᠬᠣᠶᠠᠷ ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠪᠠ
●ᠰᠢ᠎ᠶ᠋ᠢᠨ ᠫᠢᠩ᠎ᠦᠨ ᠱᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤᠨ ᠣᠨᠴᠠᠯᠢᠭ ᠲᠠᠶ ᠨᠡᠢᠭᠡᠮ ᠵᠢᠷᠤᠮ ᠤᠨ ᠦᠵᠡᠯ ᠰᠠᠨᠠᠭ᠎ᠠ ᠶ᠋ᠢ ᠰᠤᠷᠤᠯᠴᠠᠨ ᠲᠤᠭᠤᠱᠢᠯᠠᠭᠤᠯᠬᠤ ᠶ᠋ᠢ ᠲᠡᠷᠢᠭᠦᠨ ᠴᠢᠬᠤᠯᠠ ᠤᠯᠤᠰ ᠲᠥᠷᠥ ᠶ᠋ᠢᠨ ᠡᠭᠦᠷᠭᠡ ᠪᠣᠯᠭᠠᠬᠤ ᠶ᠋ᠢ ᠪᠠᠷᠢᠮᠲᠠᠯᠠᠠ᠂ ᠰᠤᠷᠤᠯᠴᠠᠨ ᠣᠢᠯᠠᠭᠠᠵᠤ ᠨᠡᠪᠲᠡᠷᠡᠲᠡᠯ᠎ᠡ ᠮᠡᠳᠡᠵᠦ᠍ ᠪᠣᠳᠠᠲᠠᠢᠵᠢᠭᠤᠯᠬᠤ ᠳᠡᠭᠡᠷ᠎ᠡ ᠦᠷᠭᠦᠯᠵᠢᠯᠡᠨ ᠬᠦᠴᠦ᠍ ᠲᠠᠯᠪᠢᠵᠤ᠂ 《ᠬᠤᠶᠠᠷ ᠢ᠋ ᠰᠤᠷᠤᠯᠴᠠᠵᠦ ᠨᠢᠭᠡ᠎ᠳᠤ ᠳᠡᠩᠴᠡᠭᠦᠯᠬᠦ》 ᠰᠤᠷᠤᠯᠴᠠᠯᠭ᠎ᠠ ᠬᠥᠮᠦᠵᠢᠯ ᠢ ᠪᠠᠢᠡᠭᠭᠤᠵᠢᠭᠤᠯᠤᠨ ᠳᠦᠷᠢᠮᠵᠢᠭᠦᠯᠬᠦ᠌ ᠶ᠋ᠢ ᠯᠠᠪᠳᠠᠭᠤᠨ ᠪᠠᠲᠤᠲᠠᠶ ᠠᠬᠢᠭᠤᠯᠤᠨ᠂《ᠤᠭ ᠰᠠᠨᠠᠭ᠎ᠠ ᠪᠠᠨ ᠦᠯᠦ᠍ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ᠌》 ᠭᠤᠤᠯ ᠰᠡᠳᠦᠪᠲᠦ ᠬᠥᠮᠦᠵᠢᠯ᠂ ᠨᠠᠮ ᠤᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠢ᠋ ᠨᠠᠷᠢᠯᠢᠭ ᠵᠤᠬᠢᠶᠠᠨ ᠪᠠᠢᠭᠤᠯᠤᠨ ᠦᠷᠨᠢᠬᠦᠯᠪᠡ
●ᠨᠠᠮ ᠤᠨ ᠲᠥᠪ ᠬᠣᠷᠢᠶᠠᠨ ᠤ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠶ᠋ᠢ ᠡᠷᠡᠰ ᠲᠤᠭᠤᠰᠢᠯᠠᠭᠤᠯᠵᠤ᠂ ᠶᠡᠷᠦᠩᠬᠡᠢ ᠱᠦᠵᠢ ᠰᠢ᠎ᠶ᠋ᠢᠨ ᠫᠢᠩ ᠦᠨ ᠥᠪᠥᠷ ᠮᠣᠩᠭᠣᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ ᠶ᠋ᠢᠨ ᠵᠣᠷᠢᠭ ᠰᠠᠨᠠᠭ᠎ᠠ ᠶ᠋ᠢ ᠬᠦᠴᠦ᠍ ᠪᠡᠨ ᠲᠥᠪᠯᠡᠷᠡᠭᠦᠯᠦᠨ ᠨᠠᠢᠳᠠᠪᠤᠷᠢᠵᠢᠭᠤᠯᠪᠠ
2.ᠭᠤᠷᠪᠠᠨ ᠶᠡᠬᠡ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠪᠦᠬᠦ᠌ ᠬᠦᠴᠦᠨ ᠢᠶᠡᠷ ᠢᠶᠡᠨ ᠰᠠᠢᠲᠤᠷ ᠬᠢᠵᠤ᠂ ᠴᠢᠨᠡᠭᠡᠯᠢᠭ ᠨᠡᠢᠭᠡᠮ ᠢ ᠪᠦᠬᠦ᠌ ᠲᠠᠯ᠎ᠠ ᠪᠠᠷ ᠪᠡᠶᠡᠯᠡᠬᠥᠯᠬᠥ ᠬᠠᠷᠠᠯᠲᠠ ᠶ᠋ᠢ ᠬᠤᠭᠤᠴᠠᠭ᠎ᠠ ᠶᠤᠰᠤᠭᠠᠷ ᠪᠠᠶᠠᠯᠡᠬᠦᠯᠪᠡ
●ᠣᠳᠣ ᠶ᠋ᠢᠨ ᠬᠡᠷᠡᠭ᠌ᠵᠢᠭᠦᠯᠵᠦ᠍ ᠪᠦᠬᠦᠢ ᠪᠠᠷᠢᠮᠵᠢᠶ᠎ᠠ ᠳᠣᠣᠷ᠎ᠠ ᠮᠠᠯᠵᠢᠬᠤ ᠲᠠᠷᠢᠶᠠᠯᠠᠬᠤ ᠣᠷᠣᠨ᠎ᠤ ᠶᠠᠳᠠᠭᠤ ᠬᠦᠴᠢᠷᠳᠡᠯᠲᠡᠶ ᠬᠥᠮᠦᠨ ᠠᠮᠠ ᠶ᠋ᠢ ᠪᠦᠬᠦᠨ ᠢ ᠶᠠᠳᠠᠭᠤ ᠡᠴᠠ ᠠᠩᠭᠢᠵᠢᠷᠠᠭᠤᠯᠬᠤ ᠶ᠋ᠢ ᠬᠤᠭᠤᠴᠠᠭ᠎ᠠ ᠶᠣᠰᠣᠭᠠᠷ ᠪᠡᠶᠡᠯᠡᠭᠦᠯᠵᠤ᠂ ᠶᠠᠳᠠᠭᠤ ᠬᠦᠴᠢᠷᠳᠡᠯᠲᠡᠶ ᠬᠣᠱᠢᠭᠤ ᠱᠢᠶᠠᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠤᠨ᠂ ᠶᠠᠳᠠᠭᠤ ᠬᠦᠴᠢᠷᠳᠡᠯᠲᠡᠶ ᠭᠠᠴᠠᠭ᠎ᠠ ᠲᠣᠰᠭᠣᠨ ᠢ ᠪᠦᠬᠦᠨ ᠢ ᠵᠢᠭᠰᠠᠭᠠᠵᠤ᠂ ᠣᠷᠣᠨ ᠪᠦᠰᠡ ᠶ᠋ᠢᠨ ᠴᠢᠨᠠᠷᠲᠠᠶ ᠪᠦᠬᠦᠯᠢ ᠴᠣᠭ᠍ᠴᠠ ᠶ᠋ᠢᠨ ᠶᠠᠳᠠᠭᠤ ᠬᠦᠴᠢᠷᠳᠡᠯᠲᠡᠶ ᠪᠠᠢᠳᠠᠯ ᠲᠡᠦᠬᠡᠲᠦ ᠴᠢᠨᠠᠷᠲᠠᠶ ᠰᠢᠢᠳᠪᠤᠷᠢᠯᠡᠭᠲᠠᠵᠠᠢ
●ᠪᠣᠬᠢᠷᠲᠤᠯ ᠢ ᠰᠡᠷᠭᠡᠢᠯᠡᠨ ᠵᠠᠰᠠᠬᠤ ᠱᠢᠪᠲᠤᠯᠤᠯᠲᠠ ᠶ᠋ᠢᠨ ᠳᠠᠢᠯᠠᠯᠳᠤᠭᠠᠨ ᠤ᠋ ᠱᠠᠲᠤᠴᠢ ᠴᠢᠨᠠᠷᠲᠠᠶ ᠬᠠᠷᠠᠯᠲᠠ ᠡᠭᠦᠷᠭᠡ ᠶ᠋ᠢ ᠲᠠᠬᠦᠰ ᠠᠮᠵᠢᠯᠲᠠ ᠲᠠᠢ ᠪᠡᠶᠡᠯᠡᠭᠦᠯᠪᠠ
●ᠡᠯ᠎ᠡ ᠬᠦᠷᠢᠶᠡᠨ ᠦ ᠬᠦᠨᠳᠦ ᠶᠡᠬᠡ ᠠᠶᠤᠯ ᠲᠦᠭ᠌ᠰᠢᠭᠦᠷᠢ ᠶ᠋ᠢ ᠪᠦᠲᠦᠮᠵᠢᠲᠡᠶ ᠰᠡᠷᠭᠡᠢᠯᠡᠨ ᠠᠷᠢᠯᠭᠠᠪᠠ
3.ᠠᠷᠭ᠎ᠠ ᠬᠡᠯᠪᠡᠷᠢ ᠪᠠᠨ ᠬᠤᠪᠢᠷᠠᠭᠤᠯᠬᠤ᠂ ᠪᠦᠲᠦᠴᠡ ᠵᠢᠨ ᠲᠣᠬᠢᠷᠠᠭᠤᠯᠤᠯᠲᠠ ᠬᠢᠬᠦ ᠶᠢ ᠲᠦᠷᠭᠡᠳᠭᠡᠵᠦ᠂ ᠠᠮᠢ ᠠᠬᠤᠶ ᠶ᠋ᠢ ᠤᠷᠢᠳ ᠵᠢᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭ᠌ᠵᠢᠯᠲᠡ ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ ᠶ᠋ᠢᠨ ᠱᠢᠨ᠎ᠡ ᠵᠠᠮ ᠤ᠋ᠨ ᠬᠦᠴᠢᠷ ᠠᠰᠠᠭᠤᠳᠠᠯ᠎ᠢ ᠲᠠᠰᠤᠷᠠᠯᠲᠠ ᠦᠬᠡᠢ ᠱᠢᠢᠳᠪᠦᠷᠢᠯᠡᠠ ᠂ ᠦᠷ᠎ᠡ ᠪᠦᠲᠦᠮᠵᠢ ᠣᠯᠪᠠ
●ᠴᠢᠨᠠᠷ ᠰᠠᠢᠲᠠᠶ ᠬᠥᠭ᠌ᠵᠢᠯᠲᠡ ᠶ᠋ᠢ ᠠᠬᠢᠭᠤᠯᠬᠤ ᠲᠥᠯᠥᠪᠵᠢᠭᠦᠯᠭᠡ ᠲᠥᠷᠥ ᠶ᠋ᠢᠨ ᠪᠣᠳᠣᠯᠭ᠎ᠠ ᠶ᠋ᠢᠨ ᠱᠢᠰᠲ᠋ᠧᠮ ᠢ ᠲᠦᠷᠭᠡᠳᠭᠡᠨ ᠪᠠᠢᠭᠤᠯᠵᠤ᠂ ᠠᠮᠢ ᠠᠬᠤᠶ ᠶ᠋ᠢ ᠤᠷᠢᠳ ᠵᠢᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭ᠌ᠵᠢᠬᠥᠯᠬᠥ ᠶ᠋ᠢᠨ ᠤᠳᠤᠷᠢᠳᠤᠮᠵᠢ ᠶ᠋ᠢ ᠨᠠᠢᠳᠠᠪᠤᠷᠢᠵᠢᠭᠤᠯᠪᠠ
●ᠨᠡᠭᠦᠷᠡᠰᠦᠨ᠎ᠦ ᠪᠤᠰᠤ ᠠᠵᠤ ᠦᠢᠯᠡᠰ᠎ᠦᠨ ᠨᠡᠮᠡᠭ᠌ᠳᠡᠯ ᠦᠷᠲᠡᠭ ᠦᠨ ᠬᠡᠪᠴᠢᠶᠡᠵᠢᠯ ᠡᠴᠡ ᠳᠡᠭᠡᠭ᠌ᠰᠢᠬᠢ ᠠᠵᠤ ᠦᠢᠯᠡᠳᠪᠦᠷᠢ ᠶ᠋ᠢᠨ ᠨᠡᠮᠡᠭ᠌ᠳᠡᠯ ᠦᠷᠲᠡᠭ ᠲᠦ ᠡᠵᠡᠯᠡᠬᠦ᠌ ᠬᠤᠪᠢ ᠶ᠋ᠢᠨ ᠵᠢᠩ 6 ᠬᠤᠪᠢ᠎ᠶᠢ ᠲᠠᠪᠠᠵᠤ᠂ 《ᠨᠡᠭᠦᠷᠡᠰᠦ᠎ᠪᠡᠷ ᠭᠣᠣᠯᠯᠠᠭ᠍ᠰᠠᠨ》ᠪᠠᠢᠳᠠᠯ ᠢᠯᠡᠷᠬᠡᠢ ᠬᠤᠪᠢᠷᠠᠯᠲᠠ ᠲᠠᠶ ᠪᠣᠯᠪᠠ
●ᠲᠠᠷᠢᠶᠠᠯᠠᠩ ᠤᠨ ᠪᠦᠲᠦᠭᠡᠭ᠌ᠳᠡᠬᠦᠨ ᠮᠠᠯ ᠤᠨ ᠠᠱᠢᠭ ᠱᠢᠮ᠎ᠡ ᠶ᠋ᠢ ᠡᠳ᠋ᠱᠢᠭᠦᠯᠦᠨ ᠪᠣᠯᠪᠠᠰᠤᠷᠠᠭᠤᠯᠵᠤ ᠣᠨᠳᠣᠣᠱᠢᠭᠤᠯᠬᠤ ᠨᠣᠷᠮ᠎ᠠ 65%᠎ᠶ᠋ᠢ ᠲᠠᠪᠠᠪᠠ
●ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠳᠠᠪᠱᠢᠯᠲᠠ ᠶ᠋ᠢᠨ ᠬᠤᠪᠢ ᠨᠡᠮᠡᠷᠢ ᠶ᠋ᠢᠨ ᠨᠣᠷᠮ᠎ᠠ 55% ᠡᠴᠠ ᠳᠡᠭᠡᠭ᠌ᠰᠢᠬᠢ ᠳ᠋ᠤ ᠬᠦᠷᠪᠠ
●ᠰᠠᠭᠤᠷᠢ ᠲᠥᠬᠥᠭᠡᠷᠦᠮᠵᠢ᠎ᠶ᠋ᠢᠨ ᠲᠤᠯᠭᠠᠭᠤᠷᠢᠯᠠᠬᠤ ᠪᠠᠲᠤᠯᠠᠭ᠎ᠠ ᠶ᠋ᠢᠨ ᠴᠢᠳᠠᠪᠤᠷᠢ ᠲᠠᠰᠤᠷᠠᠯᠲᠠ ᠦᠭᠡᠢ ᠴᠢᠩᠭᠠᠷᠠᠪᠠ
●ᠪᠠᠢᠩᠭᠤ ᠰᠠᠭᠤᠭ᠎ᠠ ᠬᠥᠮᠦᠨ ᠠᠮᠠ᠎ᠶ᠋ᠢᠨ ᠬᠣᠲᠠ ᠪᠠᠯᠭᠠᠰᠤᠵᠢᠯᠲᠠ ᠶ᠋ᠢᠨ ᠨᠣᠷᠮ᠎ᠠ 67%᠎ᠶ᠋ᠢ ᠲᠠᠪᠠᠪᠠ
●ᠴᠢᠬᠤᠯᠠ ᠬᠦᠷᠢᠶ᠎ᠡ ᠴᠠᠷᠠᠭ᠎ᠠ ᠪᠠ ᠵᠠᠩᠭᠢᠯᠠᠭ᠎ᠠ᠎ᠶ᠋ᠢᠨ ᠭᠣᠭ᠍ᠴᠣᠭ᠎ᠠ᠎ᠶ᠋ᠢᠨ ᠥᠭᠡᠷᠡᠴᠢᠯᠡᠯᠲᠡ ᠶ᠋ᠢ ᠲᠠᠰᠤᠷᠠᠯᠲᠠ ᠦᠭᠡᠢ ᠭᠦᠨᠵᠡᠭᠡᠢᠷᠡᠭᠦᠯᠪᠠ
●ᠭᠠᠳᠠᠭᠠᠳᠤ ᠨᠡᠭᠡᠭᠡᠯᠲᠡ ᠪᠠ ᠣᠷᠣᠨ ᠪᠦᠰᠡ ᠶ᠋ᠢᠨ ᠬᠠᠮᠲᠤᠷᠠᠯᠴᠠᠭ᠎ᠠ ᠢᠳᠡᠪᠬᠢᠲᠡᠢ ᠦᠷ᠎ᠡ ᠪᠦᠲᠦᠮᠵᠢ ᠣᠯᠪᠠ
4.ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ ᠭᠡᠬᠦ᠌ ᠣᠢᠯᠠᠭᠠᠭ᠍ᠳᠠᠬᠤᠨ ᠢ ᠭᠦᠨᠵᠡᠭᠡᠢ ᠦᠢᠯᠡᠳᠦᠯᠭᠡᠵᠢᠭᠦᠯᠵᠤ᠂ ᠠᠮᠢ ᠠᠬᠤᠶ ᠣᠷᠴᠢᠨ ᠲᠣᠭᠣᠷᠢᠨ ᠤ ᠬᠠᠮᠠᠭᠠᠯᠠᠯᠲᠠ ᠵᠠᠰᠠᠯᠲᠠ ᠶ᠋ᠢ ᠪᠥᠬᠥ᠌ ᠲᠠᠯ᠎ᠠ ᠪᠠᠷ ᠴᠢᠩᠭᠠᠳᠭᠠᠪᠠ
●ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶ᠋ᠢ ᠱᠢᠰᠲ᠋ᠧᠮ ᠲᠡᠶ ᠵᠠᠰᠠᠬᠤ ᠶ᠋ᠢ ᠨᠢᠭᠡᠳᠦᠯᠲᠡᠶ ᠲᠥᠯᠥᠪᠵᠢᠭᠦᠯᠦᠨ᠂ ᠠᠮᠢ ᠠᠬᠤᠶ ᠣᠷᠴᠢᠨ ᠲᠣᠭᠣᠷᠢᠨ᠎ᠢ ᠱᠢᠰᠲ᠋ᠧᠮ ᠲᠡᠶ ᠬᠠᠮᠠᠭᠠᠯᠠᠬᠤ ᠬᠠᠤᠯᠢ ᠲᠦᠷᠢᠮ ᠲᠦᠷᠢᠮ ᠲᠣᠭ᠍ᠲᠠᠭᠠᠯ ᠦᠨ ᠱᠢᠰᠲ᠋ᠧᠮ ᠢ ᠢᠳᠡᠪᠬᠢᠲᠡᠶ ᠪᠠᠢᠭᠤᠯᠪᠠ
●《ᠭᠤᠷᠪᠠᠨ ᠣᠷᠣᠨ ᠭᠤᠷᠪᠠᠨ ᠱᠤᠭᠤᠮ》 ᠤ᠋ᠨ ᠢᠯᠭᠠᠨ ᠲᠣᠭ᠍ᠲᠠᠭᠠᠬᠤ ᠠᠵᠢᠯ ᠢ ᠪᠥᠬᠥ᠌ ᠲᠠᠯ᠎ᠠ ᠪᠠᠷ ᠪᠡᠶᠡᠯᠡᠭᠦᠯᠵᠤ᠂ ᠪᠥᠬᠥ᠌ ᠣᠷᠣᠨ ᠤ ᠬᠠᠭᠠᠰ ᠠᠴᠠ ᠳᠡᠭᠡᠭ᠌ᠰᠢᠬᠢ ᠤᠯᠤᠰ ᠤᠨ ᠭᠠᠵᠠᠷ ᠱᠢᠷᠣᠶ ᠶ᠋ᠢᠨ ᠲᠠᠯᠠᠪᠠᠶ ᠶ᠋ᠢ ᠠᠮᠢ ᠠᠬᠤᠶ ᠶ᠋ᠢᠨ ᠬᠠᠮᠠᠭᠠᠯᠠᠯᠲᠠ ᠶ᠋ᠢᠨ ᠤᠯᠠᠭᠠᠨ ᠱᠤᠭᠤᠮ ᠳᠤ ᠬᠤᠪᠢᠶᠠᠷᠢᠯᠠᠨ ᠣᠷᠣᠭᠤᠯᠪᠠ
●ᠣᠶ ᠱᠢᠭᠤᠶ ᠶ᠋ᠢᠨ ᠪᠦᠷᠬᠦᠴᠡ ᠶ᠋ᠢᠨ ᠨᠣᠷᠮ᠎ᠠ ᠪᠠ ᠨᠤᠲᠤᠭ ᠪᠡᠯᠴᠢᠭᠡᠷ ᠦᠨ ᠶᠡᠷᠦᠩᠬᠡᠢᠯᠡᠭ᠌ᠰᠡᠨ ᠤᠷᠭᠤᠮᠠᠯ ᠤᠨ ᠬᠤᠴᠢᠯᠭ᠎ᠠ ᠶ᠋ᠢᠨ ᠪᠦᠷᠬᠦᠴᠡ ᠶ᠋ᠢᠨ ᠬᠡᠮᠵᠢᠶ᠎ᠡ 《ᠬᠤᠤᠰ ᠳᠡᠭᠡᠭ᠌ᠰᠢᠯᠡᠯᠲᠡ》 ᠲᠠᠢ ᠪᠣᠯᠪᠠ
●ᠴᠦᠯᠯᠡᠷᠬᠡᠭ᠌ᠵᠢᠭ᠌ᠰᠡᠨ ᠪᠠ ᠡᠯᠡᠰᠦᠷᠬᠡᠭ᠌ᠵᠢᠭ᠌ᠰᠡᠨ ᠭᠠᠵᠠᠷ ᠱᠢᠷᠣᠶ ᠶ᠋ᠢᠨ ᠲᠠᠯᠠᠪᠠᠶ ᠶ᠋ᠢ 《ᠲᠠᠬᠢᠨ ᠢᠶᠡᠷ ᠪᠠᠭᠠᠰᠬᠠᠪᠠ》
●ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ ᠶ᠋ᠢ ᠯᠠᠪᠳᠠᠭᠤᠨ ᠪᠠᠲᠤᠲᠠᠶ ᠠᠬᠢᠭᠤᠯᠪᠠ
●《ᠬᠦᠯᠤᠨ ᠨᠠᠭᠤᠷ ᠤᠯᠠᠭᠠᠨᠰᠤᠬᠠᠢ ᠨᠠᠭᠤᠷ ᠲᠠᠭ᠎ᠠ ᠵᠢᠨ ᠨᠠᠭᠤᠷ》 ᠢ᠋ ᠶᠡᠷᠦᠩᠬᠡᠢᠯᠡᠨ ᠵᠠᠰᠠᠬᠤ ᠠᠵᠢᠯ ᠢᠳᠡᠪᠬᠢᠲᠡᠢ ᠠᠬᠢᠯᠲᠠ ᠲᠠᠶ ᠪᠣᠯᠵᠤ᠂ ᠴᠠᠭᠠᠨᠨᠠᠭᠤᠷ ᠤᠨ ᠵᠠᠰᠠᠯᠲᠠ ᠶ᠋ᠢᠨ ᠠᠵᠢᠯ ᠡᠨᠧᠷᠭᠢ ᠶ᠋ᠢᠨ ᠬᠣᠷᠣᠭ᠍ᠳᠠᠯ ᠤᠨ ᠬᠣᠣᠰ ᠡᠵᠡᠮᠳᠡᠯ᠎ᠦᠨ ᠬᠠᠲᠠᠭᠤ ᠬᠢᠵᠠᠭᠠᠷᠯᠠᠯ ᠢ ᠬᠥᠴᠤᠲᠠᠢ ᠨᠠᠢᠲᠠᠪᠤᠷᠢᠵᠢᠭᠤᠯᠪᠠ
5.ᠨᠠᠮ ᠤᠨ ᠤᠲᠤᠷᠢᠲᠤᠯᠭ᠎ᠠ ᠶ᠋ᠢ ᠢᠮᠠᠠᠨᠲᠠ ᠪᠠᠷᠢᠮᠲᠠᠯᠠᠬᠤ᠂ ᠠᠷᠠᠳ ᠲᠦᠮᠡᠨ ᠡᠷᠬᠡ ᠮᠡᠳᠡᠵᠦ᠍ ᠡᠵᠡᠨ ᠰᠠᠭᠤᠬᠤ᠂ ᠬᠠᠤᠯᠢ ᠪᠡᠷ ᠤᠯᠤᠰ ᠢᠶᠠᠨ ᠵᠠᠰᠠᠬᠤ᠎ᠶ᠋ᠢ ᠣᠷᠭᠠᠨᠢᠭ ᠢᠶᠠᠷ ᠨᠢᠭᠡᠳᠭᠡᠵᠤ᠂ ᠨᠡᠢᠭᠡᠮ ᠵᠢᠷᠤᠮ ᠤᠨ ᠠᠷᠠᠳᠴᠢᠯᠠᠭ᠍ᠰᠠᠨ ᠤᠯᠤᠰ ᠲᠦᠷᠦ᠍ ᠶ᠋ᠢᠨ ᠪᠠᠢᠭᠤᠯᠤᠯᠲᠠ ᠶ᠋ᠢ ᠭᠦᠨᠵᠡᠭᠡᠢ ᠠᠬᠢᠭᠤᠯᠪᠠ
●ᠠᠷᠠᠳ ᠤᠨ ᠲᠥᠯᠥᠭᠡᠯᠡᠭ᠌ᠴᠢᠳ ᠦᠨ ᠶᠡᠬᠡ ᠬᠤᠷᠠᠯ ᠵᠢᠴᠢ ᠲᠡᠭᠦᠨ ᠦ ᠪᠠᠢᠩᠭᠤ ᠶ᠋ᠢᠨ ᠬᠣᠷᠢᠶᠠᠨ ᠤ ᠡᠷᠬᠡ ᠲᠤᠱᠢᠶᠠᠯ ᠢᠶᠠᠨ ᠬᠠᠤᠯᠢ ᠶᠣᠰᠣᠭᠠᠷ ᠬᠡᠷᠡᠭ᠌ᠵᠢᠭᠦᠯᠬᠦ᠌ ᠶ᠋ᠢ ᠲᠡᠮᠵᠢᠵᠤ᠂ ᠣᠷᠣᠨ ᠨᠤᠲᠤᠭ ᠤᠨ ᠲᠦᠷᠦ᠍ ᠶ᠋ᠢᠨ ᠡᠷᠬᠡᠲᠦ ᠪᠠᠢᠭᠤᠯᠭ᠎ᠠ ᠨᠢ ᠴᠢᠬᠤᠯᠠ ᠦᠢᠯᠡᠳᠦᠯ ᠢᠶᠡᠨ ᠭᠦᠢᠴᠡᠳ ᠪᠠᠳᠠᠷᠠᠭᠤᠯᠪᠠ
●ᠠᠷᠠᠳ᠎ᠤᠨ ᠤᠯᠤᠰ ᠲᠦᠷᠦ᠍ ᠶ᠋ᠢᠨ ᠵᠥᠪᠯᠡᠯᠭᠡᠨ ᠦ ᠲᠤᠰᠭᠠᠢ ᠵᠥᠪᠯᠡᠬᠦ᠌ ᠪᠠᠢᠭᠤᠯᠤᠮᠵᠢ ᠶ᠋ᠢᠨ ᠦᠢᠯᠡᠳᠦᠯ ᠢᠶᠡᠨ ᠪᠠᠳᠠᠷᠠᠭᠤᠯᠬᠤ ᠶ᠋ᠢ ᠳᠡᠮᠵᠢᠬᠦ᠌ ᠂ ᠤᠯᠤᠰ ᠲᠥᠷᠥ ᠶ᠋ᠢᠨ ᠵᠥᠪᠯᠡᠯᠭᠡᠨ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠭᠠᠬᠤ ᠶ᠋ᠢ ᠬᠠᠷᠢᠯᠴᠠᠨ ᠨᠡᠪᠲᠡᠷᠡᠯᠴᠡᠭᠦᠯᠵᠤ᠂ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠬᠤ ᠪᠠ ᠬᠠᠮᠲᠤ᠎ᠶ᠋ᠢᠨ ᠲᠠᠨᠢᠯᠲᠠ ᠶ᠋ᠢ ᠨᠢᠭ᠍ᠲᠠᠷᠠᠭᠤᠯᠤᠨ ᠬᠤᠤᠰ ᠴᠢᠭ᠌ᠯᠡᠯ ᠢᠶᠡᠷ ᠬᠦᠴᠦᠯᠡᠬᠦ᠌ ᠲᠠᠰ ᠳᠠᠷᠠᠭᠠᠯᠠᠯ ᠲᠣᠭ᠍ᠲᠠᠴᠠ ᠶᠢ ᠲᠠᠰᠤᠷᠠᠯᠲᠠ ᠥᠬᠡᠶ ᠪᠦᠷᠢᠨᠱᠢᠭᠦᠯᠪᠡ
●ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠣᠯᠪᠣᠭ᠎ᠠ ᠪᠠ ᠨᠠᠮ ᠪᠦᠯᠦᠭ ᠦᠨ ᠪᠤᠰᠤ ᠬᠥᠮᠦᠰ ᠵᠡᠷᠭᠡ ᠵᠢᠨ ᠠᠵᠢᠯ ᠲᠠᠰᠤᠷᠠᠯᠲᠠ ᠦᠭᠡᠢ ᠴᠢᠩᠭᠠᠷᠠᠵᠤ ᠂ ᠱᠠᠱᠢᠨ ᠰᠤᠷᠲᠠᠬᠤᠨ ᠤ ᠬᠠᠷᠢᠴᠠᠭ᠎ᠠ ᠡᠷᠡᠭᠦᠯ ᠪᠥᠭᠡᠳ ᠡᠶ᠎ᠡ ᠵᠣᠬᠢᠴᠠᠯ ᠲᠠᠶ᠂ ᠶᠡᠬᠡ ᠨᠢᠭᠡᠳᠦᠮᠡᠯ ᠹᠷᠣᠨᠲ ᠤᠨ ᠠᠵᠢᠯ ᠤᠨ ᠪᠠᠢᠷᠢᠱᠢᠯ ᠢ ᠲᠥᠷᠬᠡᠳᠬᠡᠨ ᠪᠠᠢᠭᠤᠯᠪᠠ
●ᠨᠠᠮ ᠵᠠᠰᠠᠭ᠎ᠤᠨ ᠪᠠᠢᠭᠤᠯᠭ᠎ᠠ ᠪᠠ ᠠᠵᠢᠯ ᠦᠢᠯᠡᠰ᠎ᠦᠨ ᠨᠢᠭᠡᠴᠢ ᠶ᠋ᠢᠨ ᠥᠭᠡᠷᠡᠴᠢᠯᠡᠯᠲᠡ ᠶ᠋ᠢ ᠪᠦᠬᠦ᠌ ᠲᠠᠯ᠎ᠠ ᠪᠠᠷ ᠪᠡᠶᠡᠯᠡᠭᠦᠯᠪᠡ
●ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭ᠌ᠲᠡᠢᠴᠦᠳ ᠦᠨ ᠬᠣᠯᠪᠣᠭ᠎ᠠ ᠵᠡᠷᠭᠡ ᠣᠯᠠᠨ ᠲᠦᠮᠡᠨ ᠦ ᠪᠦᠯᠬᠦᠮ ᠦᠨ ᠵᠣᠬᠢᠶᠠᠨ ᠪᠠᠢᠭᠤᠯᠤᠯᠲᠠ ᠶ᠋ᠢᠨ ᠦᠶ᠋ᠯᠡᠳᠦᠯ ᠢ ᠴᠢᠨᠠᠭᠰᠢᠲᠠ ᠪᠠᠳᠠᠷᠠᠭᠤᠯᠪᠠ
●ᠪᠥᠬᠥ᠌ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠶᠢ ᠬᠦᠨᠵᠡᠬᠡᠢ ᠠᠬᠢᠭᠤᠯᠪᠠ
●ᠤᠯᠤᠰ ᠲᠥᠷᠥ᠍ ᠬᠠᠤᠯᠢ ᠴᠠᠭᠠᠵᠠ ᠶ᠋ᠢᠨ ᠡᠩᠨᠡᠭᠡᠨ ᠦ ᠬᠥᠮᠦᠵᠢᠯ ᠴᠡᠭ᠌ᠴᠡᠯᠡᠯᠲᠡ ᠴᠢᠬᠤᠯᠠ ᠦᠷ᠎ᠡ ᠪᠦᠲᠦᠮᠵᠢ ᠤᠯᠪᠠ
●ᠬᠠᠤᠯᠢᠵᠢᠯ ᠤ᠋ᠨ ᠵᠠᠰᠠᠭ ᠤᠨ ᠣᠷᠳᠣᠨ ᠪᠠ ᠬᠠᠤᠯᠢᠵᠢᠯ ᠤ᠋ᠨ ᠨᠡᠢᠭᠡᠮ ᠦᠨ ᠪᠠᠢᠭᠤᠯᠤᠯᠲᠠ ᠶ᠋ᠢ ᠪᠥᠬᠥ᠌ ᠲᠠᠯ᠎ᠠ ᠪᠠᠷ ᠴᠢᠩᠭᠠᠳᠭᠠᠪᠠ
6.ᠪᠦᠬᠦ ᠤᠷᠤᠨ ᠤ᠋ ᠦᠨᠳᠦᠰᠦᠲᠡᠨ ᠦ ᠠᠵᠢᠯ ᠤ᠋ᠨ ᠵᠢᠯᠤᠭᠤᠳᠬᠤ ᠦᠵᠠᠯ ᠰᠠᠨᠠᠭᠠᠨ ᠤ᠋ ᠵᠦᠷᠢᠶ᠎ᠠ᠎ᠶᠢ ᠡᠷᠠᠰ ᠵᠠᠯᠠᠷᠠᠭᠤᠯᠵᠤ᠂ ᠦᠨᠲᠤᠰᠤᠲᠠᠨ ᠤ ᠠᠵᠢᠯ ᠢ ᠦᠨᠡᠨ ᠬᠦ᠌ ᠴᠢᠩᠭᠠᠳᠭᠠᠨ ᠰᠠᠢᠵᠢᠷᠠᠭᠤᠯᠪᠠ
●ᠦᠨᠳᠦᠰᠦᠲᠡᠨ ᠦ ᠬᠦᠷᠢᠶᠡᠨ᠎ᠳᠡᠬᠢ ᠭᠦᠨ ᠳᠠᠪᠬᠤᠷᠭ᠎ᠠ ᠶ᠋ᠢᠨ ᠵᠥᠷᠢᠴᠡᠯ ᠪᠠ ᠠᠰᠠᠭᠤᠳᠠᠯ ᠢ ᠬᠦᠴᠦᠲᠡᠶ ᠪᠥᠭᠡᠳ ᠡᠮᠬᠢ ᠵᠢᠷᠤᠮ ᠲᠠᠶ ᠪᠠᠷ ᠱᠢᠶ᠋ᠳᠪᠦᠷᠢᠯᠡᠪᠡ
●ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠶ᠋ᠢ ᠲᠦᠷᠭᠡᠳᠭᠡᠨ᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠡᠷ ᠳᠡᠯᠭᠡᠷᠡᠭᠦᠯᠦᠨ ᠬᠡᠷᠡᠭ᠌ᠯᠡᠬᠦ᠌ ᠶ᠋ᠢ ᠠᠬᠢᠭᠤᠯᠪᠠ
●ᠳᠤᠮᠳᠠᠳᠤ ᠶ᠋ᠢᠨ ᠦᠨᠳᠦᠰᠦᠲᠡᠨ ᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ ᠲᠡᠶ ᠨᠢᠭ᠍ᠲᠠ ᠤᠶᠠᠯᠳᠤᠭᠤᠯᠤᠨ ᠦᠨᠳᠦᠰᠦᠲᠡᠨ ᠦ ᠠᠵᠢᠯ᠎ᠢ ᠰᠠᠢᠲᠤᠷ ᠬᠢᠪᠡ
●ᠦᠨᠳᠦᠰᠦᠲᠡᠨ᠎ᠦ ᠠᠵᠢᠯ᠎ᠳᠠᠬᠢ ᠨᠠᠮ᠎ᠤᠨ ᠪᠦᠬᠦ᠌ ᠲᠠᠯ᠎ᠠ ᠶ᠋ᠢᠨ ᠤᠳᠤᠷᠢᠳᠤᠯᠭ᠎ᠠ ᠶ᠋ᠢ ᠴᠢᠩᠭᠠᠳᠭᠠᠪᠠ
●ᠦᠨᠳᠦᠰᠦᠲᠡᠨ᠎ᠦ ᠬᠦᠷᠢᠶᠡᠨ᠎ᠳᠡᠬᠢ ᠠᠶᠤᠯ ᠲᠦᠭ᠌ᠰᠢᠭᠦᠷᠢ ᠭᠡᠮ ᠰᠣᠭᠣᠭ᠎ᠢ ᠬᠦᠴᠦᠯᠡᠨ ᠰᠡᠷᠭᠡᠢᠯᠡᠵᠤ ᠠᠷᠢᠯᠭᠠᠪᠠ
●ᠦᠨᠳᠦᠰᠦᠲᠡᠨ᠎ᠦ ᠪᠦᠯᠬᠦᠮᠳᠡᠯ᠎ᠦᠨ ᠶᠡᠬᠡ ᠲᠠᠯ᠎ᠠ ᠶ᠋ᠢ ᠪᠡᠬᠢᠵᠢᠭᠦᠯᠦᠨ ᠬᠥᠭ᠌ᠵᠢᠭᠦᠯᠪᠡ
7.ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠤ ᠂ ᠪᠦᠯᠬᠦᠮᠳᠡᠨ ᠲᠠᠮᠠᠴᠡᠬᠦ ᠬᠠᠮᠲᠤ ᠶ᠋ᠢᠨ ᠦᠵᠡᠯ ᠰᠠᠨᠠᠭᠠᠨ ᠤ ᠰᠠᠭᠤᠷᠢ ᠶ᠋ᠢ ᠦᠷᠭᠦᠯᠵᠢᠯᠡᠨ ᠪᠡᠬᠢᠵᠢᠭᠦᠯᠪᠠ
●ᠦᠵᠡᠯ ᠤᠬᠠᠮᠰᠠᠷ᠎ᠤᠨ ᠬᠡᠯᠪᠡᠷᠢ ᠶ᠋ᠢᠨ ᠵᠢᠭ᠍ᠰᠠᠭᠠᠯ᠎ᠤᠨ ᠭᠠᠵᠠᠷ᠎ᠤᠨ ᠪᠠᠢᠭᠤᠯᠤᠯᠲᠠ ᠪᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠡᠭᠭᠠᠳᠬᠠᠪᠠ
●ᠱᠢᠨ᠎ᠡ ᠴᠠᠭ ᠦᠶ᠎ᠡ ᠶ᠋ᠢᠨ ᠪᠣᠯᠪᠠᠰᠤᠨ ᠤ ᠦᠢᠯᠡᠳᠦᠯᠭᠡ ᠶ᠋ᠢᠨ ᠱᠢᠰᠲ᠋ᠧᠮ ᠲᠦᠢᠷᠭᠡᠨ ᠪᠥᠷᠢᠯᠲᠥᠪᠡ
●ᠤᠯᠠᠨ ᠨᠠᠢᠲᠠ ᠵᠢᠨ ᠰᠤᠶᠤᠯ ᠤᠨ ᠦᠢᠯᠠᠴᠢᠯᠡᠬᠡᠨ ᠤ ᠰᠢᠰᠲᠸᠮ ᠪᠠ ᠤᠲᠤ ᠦᠶ᠎ᠠ ᠵᠢᠨ ᠰᠤᠶᠤᠯ ᠤᠨ ᠠᠵᠤ ᠦᠢᠯᠡᠰ ᠤᠨ ᠰᠢᠰᠲᠸᠮ ᠢ ᠲᠠᠰᠤᠷᠠᠯᠲᠠ ᠦᠬᠡᠢ ᠪᠦᠷᠢᠨᠰᠢᠬᠦᠯᠵᠤ ᠨᠢᠬᠡ ᠪᠥᠯᠥᠭ ᠰᠢᠯᠢᠲᠡᠭ ᠤᠷᠠᠯᠢᠬ ᠤᠨ ᠪᠥᠲᠥᠬᠡᠯ ᠪᠠ ᠰᠢᠯᠢᠲᠡᠭ ᠰᠤᠶᠤᠯ ᠤᠨ ᠪᠥᠲᠥᠬᠡᠭᠲᠡᠬᠥᠨ ᠢ ᠵᠠᠯᠭᠠᠭ᠎ᠠ ᠪᠡᠷ ᠡᠬᠥᠲᠤᠨ ᠭᠠᠷᠭᠠᠪᠠ
●ᠤᠯᠠᠭᠠᠨᠮᠥ᠋ᠴᠢᠷ ᠦᠨ ᠱᠢᠯᠢᠳᠡᠭ ᠤᠯᠠᠮᠵᠢᠯᠠᠯ ᠢ ᠶᠡᠬᠡ ᠪᠡᠷ ᠪᠠᠳᠠᠷᠠᠭᠤᠯᠵᠤ᠂ ᠤᠯᠠᠭᠠᠨᠮᠥ᠋ᠴᠢᠷ ᠦᠨ ᠦᠶ᠋ᠯᠡᠰ᠎ᠤᠨ ᠱᠢᠨ᠎ᠡ ᠬᠥᠭ᠌ᠵᠢᠯᠲᠡ ᠶ᠋ᠢ ᠪᠡᠶᠡᠯᠡᠭᠦᠯᠪᠡ
8.ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠲᠤ ᠱᠤᠭᠤᠵᠤ ᠂ ᠠᠷᠠᠳ᠎ᠤᠨ ᠠᠮᠢᠳᠤᠷᠠᠯ᠎ᠢ ᠰᠡᠳᠭᠢᠯ ᠲᠠᠯᠪᠢᠨ ᠬᠦᠴᠦ᠍ ᠣᠷᠣᠭᠤᠯᠤᠨ ᠪᠠᠲᠤᠯᠠᠨ ᠰᠠᠢᠵᠢᠷᠠᠭᠤᠯᠪᠠ
●ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠠᠳᠭᠤᠪᠠ
●ᠦᠨᠳᠦᠰᠦᠨ ᠣᠯᠠᠨ ᠨᠡᠢᠲᠡ᠎ᠶ᠋ᠢᠨ ᠦᠢᠯᠡᠴᠢᠯᠡᠭᠡᠨ᠎ᠦ ᠱᠢᠰᠲ᠋ᠧᠮ ᠢ᠋ ᠲᠠᠰᠤᠷᠠᠯᠲᠠ ᠤᠢ᠍ᠭᠡᠢ ᠲᠡᠭᠦᠯᠳᠡᠷᠵᠢᠭᠦᠯᠪᠡ
●ᠠᠮᠤᠭᠤᠯᠠᠩᠳᠤ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠪᠡ
●ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠲᠤᠰᠭᠠᠶ ᠲᠡᠮᠡᠴᠡᠯ ᠴᠢᠬᠤᠯᠠ ᠶᠡᠬᠡ ᠦᠷ᠎ᠡ ᠪᠦᠲᠦᠮᠵᠢ ᠣᠯᠤᠭ᠍ᠰᠠᠨ ᠪᠥᠭᠡᠳ ᠪᠠᠢᠩᠭᠤᠵᠢᠭᠰᠠᠨ ᠠᠬᠢᠯᠳᠠ᠎ᠳᠤ ᠱᠢᠯᠵᠢᠪᠡ
9.ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠢ ᠠᠬᠢᠭᠤᠯᠵᠤ᠂ ᠤᠯᠤᠰ ᠲᠦᠷᠦ᠍᠎ᠶ᠋ᠢᠨ ᠠᠮᠢ ᠠᠬᠤᠢ᠎ᠶ᠋ᠢ ᠬᠦᠴᠦᠯᠡᠨ ᠴᠡᠪᠡᠷᠱᠢᠭᠦᠯᠵᠤ ᠰᠡᠷᠭᠦᠭᠡᠪᠡ
●ᠨᠠᠮ᠎ᠤᠨ ᠤᠯᠤᠰ ᠲᠥᠷᠥ ᠶ᠋ᠢᠨ ᠪᠠᠢᠭᠤᠯᠤᠯᠲᠠ ᠪᠠᠷ ᠶᠡᠷᠦᠩᠬᠡᠢᠯᠡᠨ ᠵᠢᠯᠣᠭᠣᠳᠣᠭᠤᠯᠬᠤ᠎ᠶ᠋ᠢ ᠪᠠᠷᠢᠮᠲᠠᠯᠠᠵᠤ ᠨᠠᠮ᠎ᠤᠨ ᠪᠠᠢᠭᠤᠯᠤᠯᠲᠠ᠎ᠶ᠋ᠢ ᠪᠥᠬᠥ᠌ ᠲᠠᠯ᠎ᠠ᠎ᠪᠠᠷ ᠴᠢᠩᠭᠠᠳᠬᠠᠪᠠ
●ᠱᠢᠨ᠎ᠡ ᠴᠠᠭ ᠦᠶ᠎ᠡ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠤᠭᠤᠮ᠎ᠢ ᠨᠠᠷᠢᠨ ᠬᠢᠨᠠᠮᠠᠭᠠᠶ ᠲᠤᠭᠤᠱᠢᠯᠠᠭᠤᠯᠪᠡ
●ᠢᠯᠵᠠᠷᠠᠯ᠎ᠢ ᠡᠰᠡᠷᠭᠦᠴᠡᠬᠦ᠌ ᠲᠡᠮᠡᠴᠡᠯ᠎ᠢ ᠤᠷᠢᠳᠤ ᠡᠮᠦᠨ᠎ᠡ ᠪᠠᠢᠭ᠎ᠠ ᠦᠭᠡᠢ ᠡᠷᠴᠢᠮ᠎ᠢᠶᠡᠷ ᠠᠬᠢᠭᠤᠯᠪᠠ
●ᠵᠤᠷᠱᠢᠯ᠎ᠠᠴᠠ ᠳᠠᠪᠠᠭ᠍ᠰᠠᠨ ᠠᠷᠭ᠎ᠠ ᠬᠡᠮᠵᠢᠶ᠎ᠡ ᠪᠠ ᠵᠣᠷᠢᠭ᠍ᠲᠠᠶ ᠪᠠᠢᠯᠳᠤᠵᠤ ᠳᠡᠢᠯᠬᠦ᠌ ᠲᠡᠮᠡᠴᠡᠯ᠎ᠦᠨ ᠵᠣᠷᠢᠭ ᠰᠠᠨᠠᠭ᠎ᠠ᠎ᠪᠠᠷ ᠨᠡᠭᠦᠷᠡᠰᠦᠨ᠎ᠦ ᠡᠬᠢ ᠪᠠᠶᠠᠯᠢᠭ᠎ᠤᠨ ᠬᠦᠷᠢᠶᠡᠨ᠎ᠳᠡᠬᠢ ᠲᠦᠷᠢᠮ ᠲᠣᠭ᠍ᠲᠠᠭᠠᠯ᠎ᠠᠴᠠ ᠵᠥᠷᠢᠴᠡᠵᠦ᠍ ᠬᠠᠤᠯᠢ᠎ᠠᠴᠠ ᠵᠥᠷᠢᠴᠡᠭ᠌ᠰᠡᠨ ᠠᠰᠠᠭᠤᠳᠠᠯ᠎ᠢ ᠲᠤᠰᠭᠠᠶ ᠴᠡᠭ᠌ᠴᠡᠯᠡᠨ ᠵᠠᠰᠠᠬᠤ᠎ᠶ᠋ᠢ ᠠᠬᠢᠭᠤᠯᠪᠠ
●ᠱᠢᠰᠲ᠋ᠧᠮ᠎ᠦᠨ ᠴᠢᠨᠠᠷᠲᠠᠢ ᠣᠷᠣᠨ ᠪᠦᠰᠡ᠎ᠶ᠋ᠢᠨ ᠴᠢᠨᠠᠷᠲᠠᠢ ᠢᠯᠵᠠᠷᠠᠯ᠎ᠤᠨ ᠠᠰᠠᠭᠤᠳᠠᠯ᠎ᠢ ᠭᠦᠨᠵᠡᠭᠡᠢ ᠠᠭᠤᠳᠠᠯᠵᠦ ᠲᠤᠢᠯᠪᠤᠷᠢᠲᠠᠢ ᠪᠠᠢᠴᠠᠭᠠᠪᠠ
●ᠤᠯᠠᠨ ᠲᠦᠮᠡᠨ᠎ᠦ ᠳᠡᠷᠭᠡᠳᠡᠬᠢ ᠢᠯᠵᠠᠷᠡᠯ ᠪᠣᠯᠤᠨ ᠰᠤᠷᠲᠠᠯ᠎ᠤᠨ ᠠᠰᠠᠭᠤᠳᠠᠯ᠎ᠢ ᠶᠡᠬᠡ ᠪᠡᠷ ᠴᠡᠭ᠌ᠴᠡᠯᠡᠨ ᠵᠠᠰᠠᠪᠠ
●ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠂ ᠤᠯᠤᠰ ᠲᠦᠷᠦ᠍᠎ᠶ᠋ᠢᠨ ᠠᠮᠢ ᠠᠬᠤᠢ᠎ᠶ᠋ᠢᠨ ᠪᠦᠬᠦᠯᠢ ᠴᠣᠭ᠍ᠴᠠ᠎ᠶ᠋ᠢᠨ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠬᠦᠴᠦᠯᠡᠨ ᠰᠠᠢᠲᠤᠷ ᠬᠢᠪᠠ
●ᠢᠯᠵᠠᠷᠠᠬᠤ᠎ᠠᠴᠠ ᠵᠢᠷᠦᠬᠡᠱᠢᠶᠡᠬᠦ᠌᠂ ᠢᠯᠵᠠᠷᠠᠵᠤ ᠪᠣᠯᠬᠤ ᠦᠭᠡᠢ ᠂ ᠢᠯᠵᠠᠷᠠᠬᠤ᠎ᠶ᠋ᠢ ᠪᠤᠳᠤᠬᠤ ᠦᠭᠡᠢ ᠪᠠᠢᠬᠤ᠎ᠶ᠋ᠢ ᠨᠢᠭᠡ ᠴᠤᠭ᠍ᠴᠠᠵᠢᠭᠤᠯᠤᠨ ᠠᠬᠢᠭᠤᠯᠪᠠ
ᠬᠣᠶᠠᠷ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠠᠬᠢ ᠥᠪᠥᠷ ᠮᠣᠩᠭᠣᠯ᠎ᠤᠨ ᠴᠢᠬᠤᠯᠠ ᠶᠡᠬᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠬᠠᠷᠢᠭᠤᠴᠠᠯᠭ᠎ᠠ
ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠵᠤ ᠪᠣᠬᠢᠷᠲᠤᠯ ᠥᠬᠡᠶ ᠬᠥᠭ᠌ᠵᠢᠬᠥᠯᠬᠥ ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠵᠤ᠂ ᠶᠡᠷᠦᠩᠬᠡᠶ ᠱᠦᠵᠢ ᠰᠢ᠎ᠶ᠋ᠢᠨ ᠫᠢᠩ ᠪᠣᠯᠤᠨ ᠨᠠᠮ᠎ᠤᠨ ᠲᠥᠪ ᠬᠣᠷᠢᠶᠠᠨ᠎ᠤ ᠥᠪᠥᠷ ᠮᠣᠩᠭᠣᠯ᠎ᠳᠤ ᠲᠣᠭ᠍ᠲᠠᠭᠠᠭ᠍ᠰᠠᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠶᠣᠰᠣᠭᠠᠷ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢ ᠲᠦᠷᠭᠡᠳᠭᠡᠨ ᠪᠠᠢᠭᠤᠯᠤᠨ᠎ᠠ
ᠥᠪᠥᠷ ᠮᠣᠩᠭᠣᠯ ᠶᠡᠬᠡ ᠲᠠᠯ᠎ᠠ᠎ᠶ᠋ᠢ ᠡᠷᠬᠢᠮᠯᠡᠵᠦ᠍᠂ ᠡᠭᠦᠷᠭᠡ ᠬᠠᠷᠢᠭᠤᠴᠠᠯᠭ᠎ᠠ᠎ᠶ᠋ᠢ ᠡᠭᠦᠷᠭᠡᠯᠡᠨ᠎ᠡ
ᠡᠷᠬᠡᠪᠰᠢ ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ᠎ᠢ ᠬᠠᠮᠠᠭᠠᠯᠠᠬᠤ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠰᠠᠢᠲᠤᠷ ᠭᠦᠢᠴᠡᠳᠭᠡᠨ᠎ᠠ
ᠡᠷᠬᠡᠪᠰᠢ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠂ ᠠᠵᠤ ᠦᠢᠯᠡᠰ᠎ᠦᠨ ᠠᠮᠤᠷ ᠲᠦᠪᠱᠢᠨ᠎ᠢ ᠪᠠᠲᠤᠯᠠᠬᠤ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠰᠠᠢᠲᠤᠷ ᠭᠦᠢᠴᠡᠳᠭᠡᠨ᠎ᠠ
ᠡᠷᠬᠡᠪᠰᠢ ᠤᠯᠤᠰ᠎ᠠᠴᠠ ᠡᠷᠭᠢᠨ ᠲᠣᠭᠣᠷᠢᠨ ᠪᠠ ᠭᠠᠳᠠᠭᠠᠳᠤ ᠨᠡᠭᠡᠭᠡᠯᠲᠡ᠎ᠶ᠋ᠢ ᠪᠣᠳᠣᠯᠬᠢᠯᠠᠬᠤ ᠪᠠᠢᠯᠳᠤᠬᠤ ᠪᠣᠳᠣᠯᠭ᠎ᠠ᠎ᠳᠤ ᠦᠶ᠋ᠯᠡᠴᠢᠯᠡᠬᠦ᠌ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠰᠠᠢᠲᠤᠷ ᠭᠦᠢᠴᠡᠳᠭᠡᠨ᠎ᠠ
ᠡᠷᠬᠡᠪᠰᠢ ᠤᠯᠤᠰ ᠣᠷᠣᠨ᠎ᠤ ᠨᠢᠭᠡᠳᠦᠯ᠂ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠰᠠᠢᠲᠤᠷ ᠭᠦᠢᠴᠡᠳᠭᠡᠨ᠎ᠠ
ᠡᠷᠬᠡᠪᠰᠢ ᠡᠬᠡ ᠤᠯᠤᠰ᠎ᠤᠨ ᠤᠮᠠᠷᠠᠲᠤ ᠬᠢᠯᠢ᠎ᠶ᠋ᠢ ᠰᠠᠬᠢᠨ ᠬᠠᠮᠠᠭᠠᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍ ᠂ ᠰᠠᠢᠲᠤᠷ ᠭᠦᠢᠴᠡᠳᠭᠡᠨ᠎ᠠ
ᠭᠤᠷᠪᠠ ᠂ ᠬᠣᠢᠱᠢᠳᠠ᠎ᠶ᠋ᠢᠨ ᠲᠠᠪᠤᠨ ᠵᠢᠯ᠎ᠦᠨ ᠠᠵᠢᠯ᠎ᠤᠨ ᠬᠠᠷᠠᠯᠲᠠ ᠱᠠᠭᠠᠷᠳᠠᠯᠭ᠎ᠠ
ᠳᠤᠮᠳᠠᠳᠤ ᠤᠯᠤᠰ᠎ᠤᠨ ᠣᠨᠴᠠᠯᠢᠭ ᠳᠠᠢ ᠨᠡᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠵᠦ᠂ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠦ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠬᠣᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠬᠦᠳᠡ ᠬᠤᠷᠠᠯ᠂ ᠳᠥᠷᠪᠡᠳᠦᠭᠡᠷ ᠪᠦᠬᠦᠳᠡ ᠬᠤᠷᠠᠯ᠂ ᠲᠠᠪᠤᠳᠤᠭᠠᠷ ᠪᠦᠬᠦᠳᠡ ᠬᠤᠷᠠᠯ᠂ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠱᠢᠯᠠᠭᠤᠯᠤᠨ᠂ ᠶᠡᠷᠦᠩᠬᠡᠢ ᠱᠦᠵᠢ ᠰᠢ᠎ᠶ᠋ᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ 《ᠲᠠᠪᠤ᠎ᠶ᠋ᠢ ᠨᠢᠭᠡ ᠴᠤᠭ᠍ᠴᠠᠵᠢᠭᠤᠯᠬᠤ》 ᠶᠡᠷᠦᠩᠬᠡᠢ ᠪᠠᠢᠷᠢᠱᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂《ᠳᠥᠷᠪᠡᠨ ᠪᠦᠬᠦ᠌ ᠲᠠᠯ᠎ᠠ》 ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠵᠣᠬᠢᠴᠠᠭᠤᠯᠤᠨ ᠠᠬᠢᠭᠤᠯᠬᠤ ᠶ᠋ᠢ ᠪᠠᠷᠢᠮᠲᠠᠯᠠᠵᠦ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠦ᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠦ᠂ ᠬᠥᠭ᠌ᠵᠢᠯᠲᠡ ᠪᠠ ᠠᠮᠤᠷ ᠲᠦᠪᠱᠢᠨ᠎ᠢ ᠵᠡᠷᠭᠡ᠎ᠪᠡᠷ ᠴᠢᠬᠤᠯᠠᠴᠢᠯᠠᠬᠤ᠎ᠶ᠋ᠢ ᠪᠠᠷᠢᠮᠲᠠᠯᠠᠨ᠂ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠰᠠᠭᠤᠷᠢᠯᠠᠵᠦ᠂ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠡᠷ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠵᠦ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠬᠦᠴᠦᠯᠡᠨ ᠦᠢᠯᠡᠴᠢᠯᠡᠬᠦ᠌ ᠪᠠ ᠠᠭᠤᠰᠤᠯᠴᠠᠭᠤᠯᠵᠦ᠂ ᠠᠮᠢ ᠠᠬᠤᠶ᠎ᠶ᠋ᠢ ᠤᠷᠢᠳ ᠵᠢᠡᠷ ᠪᠤᠳᠤᠯᠬᠢᠯᠠᠬᠤ ᠪᠣᠬᠢᠷᠲᠤᠯ ᠦᠭᠡᠢ ᠬᠥᠭ᠌ᠵᠢᠬᠥᠯᠬᠥ ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ ᠵᠢᠡᠷ ᠯᠠᠪᠳᠠᠭᠤᠨ ᠪᠠᠳᠤᠳᠠᠢ ᠵᠠᠮᠨᠠᠵᠤ ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》 ᠂ 《ᠨᠢᠭᠡ ᠪᠡᠬᠢᠯᠡᠯᠲᠡ》 ᠶ᠋ᠢ ᠲᠦᠷᠭᠡᠳᠭᠡᠨ ᠪᠠᠢᠭᠤᠯᠵᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠲᠠᠰᠤᠷᠠᠯᠲᠠ ᠦᠭᠡᠢ ᠪᠠᠲᠤ ᠴᠣᠭ᠍ᠴᠠᠯᠠᠵᠦ᠂ ᠡᠷᠡᠰ ᠭᠤᠢᠪᠢᠰᠢ ᠦᠭᠡᠢ᠎ᠪᠡᠷ ᠨᠠᠮ᠎ᠢ ᠴᠢᠩᠭ᠎ᠠ ᠬᠠᠮᠢᠶᠠᠷᠴᠤ᠌ ᠨᠠᠮ ᠢ᠋ ᠴᠢᠩᠭ᠎ᠠ ᠵᠠᠰᠠᠵᠦ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠵᠦ᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠦᠵᠡᠮᠵᠢ᠎ᠶ᠋ᠢᠨ ᠣᠷᠣᠨ᠎ᠢᠶᠠᠨ ᠨᠠᠩ ᠦᠵᠡᠰᠭᠦᠯᠡᠩᠲᠦ ᠰᠠᠢᠬᠠᠨ ᠪᠣᠯᠭᠠᠨ ᠪᠥᠲᠥᠭᠡᠨ ᠪᠠᠢᠭᠤᠯᠤᠨ᠎ᠠ
ᠲᠡᠮᠡᠴᠡᠬᠦ᠌ ᠬᠠᠷᠠᠯᠲᠠ
ᠣᠷᠣᠨ ᠳᠠᠶᠠᠭᠠᠷ᠎ᠤᠨ ᠴᠥᠬᠥᠷᠡᠰᠢ ᠥᠬᠡᠶ ᠴᠢᠷᠮᠠᠢᠯᠭ᠎ᠠ᠎ᠪᠠᠷ ᠳᠡᠮᠵᠢᠨ᠂ 《ᠬᠣᠶᠠᠷ ᠬᠠᠯᠬᠠᠪᠴᠢ》 ᠨᠠᠩ ᠪᠠᠲᠤ ᠪᠠᠬᠢ ᠪᠣᠯᠵᠣ᠂ 《ᠬᠣᠶᠠᠷ ᠰᠠᠭᠤᠷᠢᠨ》 ᠤ᠋ ᠶᠠᠰᠤ ᠴᠢᠨᠠᠷ ᠵᠡᠷᠭᠡ᠎ᠪᠡᠷ ᠳᠡᠭᠡᠭ᠌ᠰᠢᠯᠡᠵᠦ᠍ ᠂ 《ᠨᠢᠭᠡ ᠪᠡᠬᠢᠯᠡᠯᠲᠡ》 ᠶ᠋ᠢᠨ ᠦᠢᠯᠡᠳᠦᠯ ᠢᠯᠡᠷᠬᠡᠶ ᠪᠣᠯᠵᠣ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠭ᠍ᠤ ᠪᠣᠬᠢᠷᠲᠤᠯ ᠥᠬᠡᠶ ᠬᠥᠭ᠌ᠵᠢᠬᠥᠯᠬᠥ ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ ᠴᠢᠬᠤᠯᠠ ᠶᠡᠬᠡ ᠠᠯᠬᠤᠮ᠎ᠢ ᠠᠯᠬᠤᠨ᠎ᠠ᠃
ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ ᠨᠡᠩ ᠶᠡᠬᠡ ᠦᠷ᠎ᠡ ᠪᠦᠲᠦᠭᠡᠯ ᠤᠯᠤᠨ᠎ᠠ
ᠠᠮᠢ ᠠᠬᠤᠢ ᠣᠷᠴᠢᠨ ᠲᠤᠭᠤᠷᠢᠨ ᠤ ᠥᠨᠳᠥᠷ ᠲᠦᠪᠱᠢᠨ ᠪᠦᠬᠦᠢ ᠬᠠᠮᠠᠭᠠᠯᠠᠯᠲᠠ ᠨᠡᠩ ᠶᠡᠬᠡ ᠦᠷ᠎ᠡ ᠪᠦᠲᠦᠮᠵᠢ ᠤᠯᠤᠨ᠎ᠠ
ᠠᠷᠠᠳ ᠤᠯᠠᠨ᠎ᠤ ᠴᠢᠨᠠᠷ ᠰᠠᠢᠲᠠᠢ ᠠᠮᠢᠳᠤᠷᠠᠯ᠎ᠢ ᠴᠣᠭ᠍ᠴᠠᠯᠠᠬᠤ ᠠᠵᠢᠯ᠎ᠢ ᠨᠡᠩ ᠶᠡᠬᠡ ᠠᠬᠢᠴᠠ᠎ᠲᠠᠶ ᠪᠤᠯᠭᠠᠨ᠎ᠠ
ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠥᠨᠳᠥᠷ ᠪᠦᠲᠦᠮᠵᠢᠲᠡᠶ ᠵᠠᠰᠠᠯᠲᠠ᠎ᠵᠢ ᠨᠠᠩ ᠶᠡᠬᠡ ᠱᠢᠪᠲᠤᠯᠤᠯᠲᠠ᠎ᠲᠠᠶ ᠪᠤᠯᠭᠠᠨ᠎ᠠ
ᠳᠥᠷᠪᠡ᠂ 《ᠬᠣᠶᠠᠷ᠎ᠢ ᠬᠠᠮᠠᠭᠠᠯᠠᠬᠤ 》 ᠶ᠋ᠢ ᠡᠷᠡᠰ ᠪᠡᠶᠡᠯᠡᠭᠦᠯᠵᠦ᠍ ᠂ ᠡᠯ᠎ᠡ ᠵᠦᠶ᠋ᠯ᠎ᠦᠨ ᠠᠵᠢᠯ ᠦᠶ᠋ᠯᠡᠰ ᠢᠮᠠᠭ᠍ᠲᠠ ᠵᠥᠪ ᠤᠯᠤᠰ ᠲᠥᠷᠥ᠎ᠶ᠋ᠢᠨ ᠴᠢᠭ᠌ᠯᠡᠯ᠎ᠢᠶᠡᠷ ᠤᠷᠤᠭ᠍ᠰᠢᠯᠠᠬᠤ᠎ᠶ᠋ᠢ ᠪᠠᠲᠤᠯᠠᠨ᠎ᠠ
1᠂ ᠤᠬᠠᠮᠰᠠᠷ᠎ᠠᠴᠠ᠎ᠪᠠᠨ ᠨᠠᠮ᠎ᠤᠨ ᠪᠦᠯᠬᠦᠮᠳᠡᠯ ᠨᠢᠭᠡᠳᠦᠯ᠎ᠢ ᠡᠷᠡᠰ ᠬᠠᠮᠠᠭᠠᠯᠠᠨ᠎ᠠ
《ᠬᠣᠶᠠᠷ᠎ᠢ ᠬᠠᠮᠠᠭᠠᠯᠠᠬᠤ》᠎ᠶ᠋ᠢ ᠪᠡᠶᠡᠯᠡᠭᠦᠯᠬᠦ᠌᠎ᠶ᠋ᠢ ᠬᠠᠮᠤᠭ᠎ᠤᠨ ᠳᠡᠭᠡᠳᠦ ᠤᠯᠤᠰ ᠲᠥᠷᠥ᠎ᠶ᠋ᠢᠨ ᠵᠠᠷᠴᠢᠮ ᠪᠠ ᠦᠨᠳᠦᠰᠦᠨ ᠤᠯᠤᠰ ᠲᠥᠷᠥ᠎ᠶ᠋ᠢᠨ ᠶᠣᠰᠣ ᠲᠦᠷᠢᠮ ᠪᠣᠯᠭᠠᠨ᠎ᠠ
《ᠬᠣᠶᠠᠷ᠎ᠢ ᠬᠠᠮᠠᠭᠠᠯᠠᠬᠤ》᠎ᠶ᠋ᠢ ᠪᠠᠲᠤᠯᠠᠬᠤ ᠲᠦᠷᠢᠮ ᠲᠣᠭ᠍ᠲᠠᠴᠠ᠎ᠶ᠋ᠢ ᠲᠠᠰᠤᠷᠠᠯᠲᠠ ᠥᠬᠡᠶ ᠲᠡᠭᠦᠯᠳᠡᠷᠵᠢᠭᠦᠯᠦᠨ ᠴᠢᠩᠭ᠎ᠠ ᠨᠠᠢᠳᠠᠪᠤᠷᠢᠵᠢᠭᠤᠯᠤᠨ᠎ᠠ
ᠴᠢᠬᠤᠯᠠ ᠶᠡᠬᠡ ᠤᠴᠢᠷ ᠶᠠᠪᠤᠳᠠᠯ᠎ᠳᠤ ᠵᠢᠭᠠᠪᠤᠷᠢ ᠠᠪᠴᠤ᠌ ᠮᠡᠳᠡᠭᠦᠯᠬᠦ᠌ ᠵᠡᠷᠭᠡ ᠲᠦᠷᠢᠮ ᠲᠣᠭ᠍ᠲᠠᠭᠠᠯ᠎ᠢ ᠴᠢᠩᠭ᠎ᠠ ᠬᠡᠷᠡᠭ᠌ᠵᠢᠭᠦᠯᠦᠨ᠎ᠡ
《ᠬᠣᠶᠠᠷ᠎ᠢ ᠬᠠᠮᠠᠭᠠᠯᠠᠬᠤ》 ᠡᠴᠡ ᠰᠠᠯᠤᠩᠭᠢᠷᠠᠭ᠍ᠰᠠᠨ ᠠᠯᠢᠪᠠ ᠪᠤᠷᠤᠭᠤ ᠦᠭᠡ ᠶᠠᠷᠢᠶ᠎ᠠ ᠦᠶ᠋ᠯᠡ ᠠᠵᠢᠯᠯᠠᠭ᠎ᠠ᠎ᠶ᠋ᠢ ᠡᠷᠡᠰ ᠰᠡᠷᠭᠡᠢᠯᠡᠨ ᠵᠠᠯᠠᠷᠠᠭᠤᠯᠤᠨ᠎ᠠ
ᠥᠷᠭᠡᠨ ᠤᠯᠠᠨ ᠨᠠᠮ᠎ᠤᠨ ᠭᠡᠱᠢᠭᠦᠨ᠂ ᠺᠠᠳ᠋ᠷᠴᠤᠳ ᠨᠠᠮ᠎ᠳᠠᠭᠠᠨ ᠦᠨᠡᠨᠴᠢ ᠱᠢᠳᠤᠷᠭᠤ ᠪᠠᠢᠬᠤ ᠤᠯᠤᠰ ᠲᠦᠷᠦ᠍᠎ᠶ᠋ᠢᠨ ᠬᠡᠪ ᠴᠢᠨᠠᠷ᠎ᠢᠶᠠᠨ ᠡᠭᠦᠷᠢᠳᠡ ᠪᠠᠲᠤᠯᠠᠨ᠎ᠠ
ᠨᠠᠮ᠎ᠤᠨ ᠤᠳᠤᠷᠢᠳᠤᠯᠭ᠎ᠠ᠎ᠶ᠋ᠢ ᠰᠤᠯᠠᠷᠠᠭᠤᠯᠬᠤ᠂ ᠭᠠᠵᠢᠭᠤᠳᠠᠭᠤᠯᠬᠤ᠂ ᠦᠭᠡᠢᠰᠭᠡᠬᠦ᠌ ᠠᠯᠢᠪᠠ ᠦᠭᠡ ᠶᠠᠷᠢᠶ᠎ᠠ ᠦᠢᠯᠡ ᠠᠵᠢᠯᠯᠠᠭ᠎ᠠ᠎ᠲᠠᠶ ᠡᠷᠡᠰ ᠲᠡᠮᠡᠴᠡᠨ᠎ᠡ
2᠂ 《ᠤᠯᠤᠰ ᠤᠨ ᠶᠡᠬᠡ ᠶᠠᠪᠤᠳᠠᠯ 》 ᠢ᠋ ᠢᠮᠠᠭ᠍ᠲᠠ ᠪᠠᠲᠤ ᠴᠡᠭᠡᠵᠢᠯᠡᠨ᠎ᠡ
ᠤᠯᠤᠰ᠎ᠤᠨ ᠶᠡᠬᠡ ᠲᠠᠯ᠎ᠠ᠂ ᠤᠯᠤᠰ᠎ᠤᠨ ᠶᠡᠬᠡ ᠴᠢᠬᠤᠯᠠ ᠵᠦᠢᠯ᠂ ᠤᠯᠤᠰ ᠤᠨ ᠶᠡᠬᠡ ᠶᠠᠪᠤᠳᠠᠯ᠂ ᠤᠯᠤᠰ᠎ᠤᠨ ᠶᠡᠬᠡ ᠪᠤᠳᠦᠯᠭ᠎ᠠ ᠶᠢ ᠬᠦᠨᠵᠡᠭᠡᠢ ᠤᠢᠯᠠᠭᠠᠵᠦ ᠪᠠᠲᠦ ᠡᠵᠡᠮᠳᠡᠨ᠎ᠠ
ᠪᠦᠬᠦ᠌ ᠲᠠᠯ᠎ᠠ ᠡᠴᠡ ᠡᠬᠦᠰᠴᠦ ᠨᠢᠭᠡ ᠤᠷᠤᠨ᠎ᠢ ᠪᠣᠳᠣᠯᠬᠢᠯᠠᠬᠤ᠎ᠶ᠋ᠢ ᠪᠠᠷᠢᠮᠲᠠᠯᠠᠵᠦ᠂ ᠤᠬᠠᠮᠰᠠᠷ᠎ᠠᠴᠠ᠎ᠪᠠᠨ ᠥᠪᠥᠷ ᠮᠣᠩᠭᠣᠯ᠎ᠤᠨ ᠠᠵᠢᠯ ᠢ ᠨᠠᠮ ᠪᠠ ᠤᠯᠤᠰ᠎ᠤᠨ ᠠᠵᠢᠯ᠎ᠤᠨ ᠶᠡᠬᠡ ᠲᠠᠯ᠎ᠠ᠎ᠳᠤ ᠲᠠᠯᠪᠢᠵᠤ ᠬᠢᠨᠠᠨ ᠦᠵᠡᠵᠦ ᠠᠬᠢᠭᠤᠯᠦᠨ᠎ᠡ
3᠂ ᠨᠠᠮ ᠤᠨ ᠲᠥᠪ ᠬᠣᠷᠢᠶᠠᠨ ᠤ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠶ᠋ᠢ ᠲᠡᠷᠡ ᠬᠡᠪ ᠢᠶᠡᠷ ᠨᠢ ᠲᠤᠭᠤᠰᠢᠯᠠᠭᠤᠯᠤᠨ ᠬᠡᠷᠡᠭ᠌ᠵᠢᠭᠦᠯᠦᠨ᠎ᠡ
ᠢᠮᠠᠭ᠍ᠲᠠ ᠨᠠᠮ ᠤᠨ ᠲᠥᠪ ᠬᠣᠷᠢᠶᠠᠨ ᠤ ᠵᠣᠷᠢᠭ ᠰᠠᠨᠠᠭ᠎ᠠ ᠶ᠋ᠢ ᠨᠠᠢᠳᠠᠪᠤᠷᠢᠵᠢᠭᠤᠯᠬᠤ ᠪᠠᠷ ᠤᠷᠢᠲᠠᠯ ᠪᠣᠯᠭᠠᠨ ᠠᠵᠢᠯ᠎ᠢᠶᠠᠨ ᠥᠷᠨᠢᠭᠦᠯᠦᠨ᠎ᠡ
ᠲᠦᠪ ᠤ᠋ᠨ ᠲᠤᠭᠤᠷᠢᠨ ᠪᠠᠢᠴᠠᠭᠠᠯᠲᠠ ᠪᠠ ᠡᠯ᠎ᠡ ᠲᠦᠷᠦᠯ ᠤ᠋ᠨ ᠬᠢᠨᠠᠨ ᠪᠠᠢᠴᠠᠭᠠᠯᠲᠠ ᠵᠢᠨ ᠬᠠᠷᠢᠭᠤ ᠳᠤᠰᠬᠠᠭᠰᠠᠨ ᠰᠠᠨᠠᠯ ᠢ᠋ ᠴᠡᠭᠴᠡᠯᠡᠨ ᠰᠠᠢᠵᠢᠷᠠᠭᠤᠯᠵᠦ ᠨᠠᠢᠳᠠᠪᠤᠷᠢᠵᠢᠭᠤᠯᠬᠤ ᠵᠢ ᠪᠦᠬᠦ ᠬᠦᠴᠦᠨ ᠵᠢᠡᠷ ᠵᠢᠡᠨ ᠰᠠᠢᠳᠤᠷ ᠠᠳᠬᠤᠨ᠎ᠠ
ᠡᠯ᠎ᠡ ᠱᠠᠲᠤᠨ ᠤ ᠨᠠᠮ ᠤᠨ ᠵᠣᠬᠢᠶᠠᠨ ᠪᠠᠢᠭᠤᠯᠤᠯᠲᠠ ᠪᠡᠶᠡᠴᠢ ᠴᠢᠳᠠᠮᠠᠭᠠᠢ ᠴᠢᠨᠠᠷ ᠢᠶᠠᠨ ᠭᠦᠢᠴᠡᠳ ᠪᠠᠳᠠᠷᠠᠭᠤᠯᠤᠨ᠎ᠠ
ᠲᠠᠪᠤ᠂ ᠠᠮᠢ ᠠᠬᠤᠶ ᠶ᠋ᠢ ᠤᠷᠢᠳ ᠢᠶᠡᠷ ᠪᠤᠳᠤᠯᠬᠢᠯᠠᠬᠤ ᠪᠣᠬᠢᠷᠲᠤᠯ ᠦᠭᠡᠢ ᠬᠥᠭ᠌ᠵᠢᠭᠦᠯᠬᠦ ᠶᠢ ᠪᠠᠷᠢᠮᠳᠠᠯᠠᠵᠦ᠂ ᠮᠠᠨ ᠤ ᠤᠯᠤᠰ ᠤᠨ ᠤᠮᠠᠷᠠᠲᠤ ᠶ᠋ᠢᠨ ᠴᠢᠬᠤᠯᠠ ᠠᠮᠢ ᠠᠬᠤᠢ ᠶ᠋ᠢᠨ ᠠᠮᠤᠷ ᠲᠦᠪᠱᠢᠨ ᠦ ᠬᠠᠯᠬᠠᠪᠴᠢ ᠶ᠋ᠢ ᠪᠠᠲᠤ ᠴᠣᠭ᠍ᠴᠠᠯᠠᠨ᠎ᠠ
1᠂ ᠠᠮᠢ ᠠᠬᠤᠶ ᠶ᠋ᠢᠨ ᠱᠢᠰᠲ᠋ᠧᠮ ᠢ ᠬᠠᠮᠠᠭᠠᠯᠠᠬᠤ ᠡᠷᠴᠢᠮ ᠢᠶᠡᠨ ᠴᠢᠩᠭᠠᠷᠠᠭᠤᠯᠤᠨ᠎ᠠ
ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ᠎ᠶ᠋ᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠪᠠᠷᠢᠮᠲᠠᠯᠠᠨ᠎ᠠ
ᠨᠤᠲᠤᠭ ᠪᠡᠯᠴᠢᠭᠡᠷ ᠪᠠ ᠣᠶ ᠱᠢᠭᠤᠶ ᠶ᠋ᠢ ᠬᠠᠮᠠᠭᠠᠯᠠᠬᠤ ᠪᠡᠷ ᠲᠡᠷᠢᠭᠦᠨ ᠴᠢᠬᠤᠯᠠ ᠡᠭᠦᠷᠭᠡ ᠪᠣᠯᠭᠠᠬᠤ ᠶ᠋ᠢ ᠪᠠᠷᠢᠮᠲᠠᠯᠠᠨ᠎ᠠ
ᠬᠠᠲᠤᠨ ᠭᠤᠤᠯ᠎ᠢ ᠬᠠᠮᠠᠭᠠᠯᠠᠬᠤ᠎ᠶ᠋ᠢ ᠲᠣᠪᠣᠢᠮ᠎ᠠ ᠪᠠᠢᠷᠢᠨ᠎ᠳᠤ ᠲᠠᠯᠪᠢᠬᠤ᠎ᠶ᠋ᠢ ᠪᠠᠷᠢᠮᠲᠠᠯᠠᠵᠦ᠂ 《ᠳᠥᠷᠪᠡᠨ ᠤᠰᠤ ᠳᠥᠷᠪᠡᠨ ᠲᠣᠭ᠍ᠲᠠᠭᠠᠯ》 ᠤ᠋ᠨ ᠵᠠᠷᠴᠢᠮ ᠢ ᠪᠥᠬᠥ᠌ ᠲᠠᠯ᠎ᠠ᠎ᠪᠠᠷ ᠲᠤᠭᠤᠰᠢᠯᠠᠭᠤᠯᠤᠨ᠎ᠠ
ᠭᠤᠤᠯ ᠮᠥᠷᠡᠨ ᠨᠠᠭᠤᠷ ᠴᠥᠭᠥᠷᠥᠮ ᠦᠨ ᠳᠠᠷᠤᠭ᠎ᠠ ᠶ᠋ᠢᠨ ᠲᠦᠷᠢᠮ ᠢ ᠴᠢᠩᠭᠠᠳᠬᠠᠵᠦ᠂ ᠭᠤᠤᠯᠳᠠᠯᠭ᠎ᠠ᠎ᠲᠠᠶ ᠭᠤᠤᠯ ᠮᠥᠷᠡᠨ ᠨᠠᠭᠤᠷ ᠴᠥᠭᠥᠷᠥᠮ ᠢ ᠱᠢᠰᠲ᠋ᠧᠮ᠎ᠲᠡᠶ ᠠᠬᠢᠭᠤᠯᠵᠦ᠂ ᠨᠠᠮᠤᠭ ᠭᠠᠵᠠᠷ᠂ ᠤᠰᠤᠨ ᠴᠣᠭ᠍ᠴᠠ᠂ ᠰᠠᠪᠠ ᠭᠠᠵᠠᠷ᠎ᠤᠨ ᠠᠮᠢ ᠠᠬᠤᠢ ᠶ᠋ᠢᠨ ᠬᠠᠮᠠᠭᠠᠯᠠᠯᠲᠠ ᠪᠠ ᠵᠠᠰᠠᠯᠲᠠ ᠶᠢ ᠭᠦᠨᠵᠡᠭᠡᠢᠷᠡᠭᠦᠯᠤᠨᠠ
《ᠬᠦᠯᠦᠨ ᠨᠠᠭᠤᠷ᠂ ᠤᠯᠠᠭᠠᠨᠰᠤᠬᠠᠢ ᠨᠠᠭᠤᠷ᠂ ᠲᠠᠭ᠎ᠠ ᠶᠢᠨ ᠨᠠᠭᠤᠷ 》᠂ ᠴᠠᠭᠠᠨᠨᠠᠭᠤᠷ ᠵᠡᠷᠭᠡ ᠵᠢᠨ ᠶᠡᠷᠦᠩᠬᠡᠢᠯᠡᠭ᠌ᠰᠡᠨ ᠵᠠᠰᠠᠯᠲᠠ ᠵᠢ ᠭᠦᠨᠵᠡᠭᠡᠢᠷᠡᠭᠦᠯᠦᠨ᠎ᠡ
ᠭᠠᠵᠠᠷ ᠱᠢᠷᠣᠢ ᠶ᠋ᠢᠨ ᠡᠯᠡᠰᠦᠷᠬᠡᠭ᠌ᠵᠢᠯ ᠴᠦᠯᠯᠡᠷᠭᠡᠭ᠌ᠵᠢᠯ ᠢ ᠰᠡᠷᠭᠡᠢᠯᠡᠨ ᠵᠠᠰᠠᠬᠤ ᠶ᠋ᠢ ᠱᠢᠨᠵᠢᠯᠡᠬᠦ᠌ ᠤᠬᠠᠭᠠᠨᠴᠢ᠎ᠪᠠᠷ ᠠᠬᠢᠭᠤᠯᠵᠦ᠂ ᠡᠯᠡᠰᠦ ᠮᠠᠩᠬ᠎ᠠ᠎ᠶ᠋ᠢ ᠰᠡᠷᠭᠡᠢᠯᠡᠨ ᠬᠣᠷᠢᠭ᠍ᠯᠠᠬᠤ ᠨᠠᠩ ᠣᠯᠠᠨ 《ᠪᠣᠬᠢᠷᠲᠤᠯ ᠥᠬᠡᠶ ᠭᠠᠢᠬᠠᠮᠱᠢᠭ》 ᠢ᠋ ᠴᠢᠷᠮᠠᠢᠨ ᠡᠭᠦᠳᠦᠨ᠎ᠡ
ᠣᠷᠣᠨ ᠪᠦᠰᠡ ᠶ᠋ᠢᠨ ᠠᠮᠢ ᠠᠬᠤᠶ ᠶ᠋ᠢᠨ ᠱᠢᠰᠲ᠋ᠧᠮ ᠢ ᠵᠠᠰᠠᠨ ᠰᠡᠷᠭᠦᠭᠡᠬᠦ᠌᠎ᠡᠴᠡ ᠡᠭᠦᠰᠬᠦ ᠶᠢ ᠪᠠᠷᠢᠮᠲᠠᠯᠠᠵᠦ᠂ ᠪᠣᠬᠢᠷᠲᠤᠯ ᠦᠭᠡᠢ ᠠᠭᠤᠷᠬᠠᠢ ᠶ᠋ᠢᠨ ᠪᠦᠲᠦᠭᠡᠨ ᠪᠠᠢᠭᠤᠯᠤᠯᠲᠠ ᠶ᠋ᠢ ᠴᠢᠩᠭᠠᠳᠬᠠᠵᠦ᠂ ᠠᠭᠤᠷᠬᠠᠶ ᠶ᠋ᠢᠨ ᠣᠷᠣᠨ ᠤ ᠠᠮᠢ ᠠᠬᠤᠶ ᠶ᠋ᠢ ᠶᠡᠷᠦᠩᠬᠡᠢᠯᠡᠨ ᠵᠠᠰᠠᠬᠤ ᠶ᠋ᠢ ᠠᠬᠢᠭᠤᠯᠤᠨ᠎ᠠ
ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠴᠢᠬᠤᠯᠠ ᠶᠡᠬᠡ ᠢᠨᠵᠧᠨᠧᠷᠢᠩ ᠢ ᠬᠡᠷᠡᠭᠵᠢᠬᠦᠯᠦᠨ᠎ᠡ
2᠂ ᠪᠣᠬᠢᠷᠲᠤᠯ ᠢ ᠰᠡᠷᠭᠡᠢᠯᠡᠨ ᠵᠠᠰᠠᠬᠤ ᠱᠢᠪᠲᠤᠯᠤᠯᠲᠠ ᠶ᠋ᠢᠨ ᠳᠠᠢᠯᠠᠯᠳᠤᠭᠠᠨ᠎ᠢ ᠭᠦᠨᠵᠡᠭᠡᠶ ᠰᠠᠢᠲᠤᠷ ᠬᠢᠨ᠎ᠠ
ᠨᠠᠩ ᠥᠨᠳᠥᠷ ᠪᠠᠷᠢᠮᠵᠢᠶ᠎ᠠ᠎ᠪᠠᠷ ᠬᠥᠬᠡ ᠣᠭ᠍ᠲᠠᠷᠭᠤᠶ᠂ ᠴᠡᠩᠭᠡᠭ ᠤᠰᠤ᠂ ᠴᠡᠪᠡᠷ ᠬᠥᠷᠥᠰᠥ᠎ᠶ᠋ᠢ ᠬᠠᠮᠠᠭᠠᠯᠠᠬᠤ ᠳᠠᠢᠯᠠᠯᠳᠤᠭᠠᠨ᠎ᠢ ᠰᠠᠢᠲᠤᠷ ᠬᠢᠨ᠎ᠡ
ᠠᠭᠠᠷ ᠮᠠᠨᠳᠠᠯ᠎ᠤᠨ ᠤᠯᠠᠨ ᠡᠬᠢᠳᠤ ᠪᠣᠬᠢᠷᠲᠤᠯ᠎ᠢ ᠵᠠᠰᠠᠬᠤ᠎ᠶ᠋ᠢ ᠴᠢᠩᠭᠠᠳᠬᠠᠵᠦ᠂ ᠬᠦᠨᠳᠦ ᠪᠣᠬᠢᠷᠲᠤᠯ᠎ᠲᠠᠶ ᠴᠠᠭ ᠠᠭᠤᠷ ᠢ ᠦᠨᠳᠦᠰᠦᠨ᠎ᠳᠡᠭᠡᠨ ᠠᠷᠢᠯᠭᠠᠨ᠎ᠠ
ᠠᠵᠤ ᠦᠶ᠋ᠯᠡᠳᠪᠦᠷᠢ᠎ᠶ᠋ᠢᠨ ᠬᠠᠶᠠᠭ᠍ᠳᠠᠮᠠᠯ ᠤᠰᠤ᠂ ᠲᠠᠷᠢᠶᠠᠯᠠᠩ᠎ᠤᠨ ᠤᠰᠤ ᠲᠠᠲᠠᠷᠠᠭᠤᠯᠬᠤ᠂ ᠬᠣᠲᠠ ᠬᠥᠳᠡᠭᠡ᠎ᠶ᠋ᠢᠨ ᠪᠣᠬᠢᠷ ᠤᠰᠤᠨ᠎ᠤ ᠵᠠᠰᠠᠯᠲᠠ᠂ ᠬᠣᠲᠠ᠎ᠶ᠋ᠢᠨ ᠪᠣᠬᠢᠷ ᠦᠮᠡᠬᠡᠶ ᠤᠰᠤᠨ ᠴᠣᠭ᠍ᠴᠠ᠎ᠶ᠋ᠢ ᠦᠨᠳᠦᠰᠦᠨ᠎ᠳᠡᠭᠡᠨ ᠠᠷᠢᠯᠭᠠᠨ᠎ᠠ
ᠬᠥᠷᠥᠰᠥ᠍ ᠱᠢᠷᠣᠶ ᠶ᠋ᠢᠨ ᠪᠣᠬᠢᠷᠲᠤᠯ ᠢ ᠰᠡᠷᠭᠡᠢᠯᠡᠨ ᠵᠠᠰᠠᠬᠤ ᠠᠵᠢᠯ᠎ᠢ ᠴᠢᠩᠭᠠᠳᠬᠠᠵᠦ᠂ ᠲᠠᠷᠢᠶᠠᠯᠠᠩ ᠳᠤ ᠬᠡᠷᠡᠭ᠌ᠯᠡᠬᠦ᠌ ᠭᠠᠵᠠᠷ ᠪᠠ ᠪᠥᠲᠥᠭᠡᠨ ᠪᠠᠢᠭᠤᠯᠤᠯᠲᠠ ᠳᠤ ᠬᠡᠷᠡᠭ᠌ᠯᠡᠬᠦ᠌ ᠭᠠᠵᠠᠷ ᠤᠨ ᠬᠥᠷᠥᠰᠥ᠍ ᠱᠢᠷᠣᠶ ᠶ᠋ᠢᠨ ᠪᠣᠬᠢᠷᠲᠤᠯ ᠤᠨ ᠲᠦᠭ᠌ᠰᠢᠭᠦᠷᠢ ᠶ᠋ᠢ ᠪᠦᠲᠦᠮᠵᠢᠲᠡᠶ ᠬᠠᠮᠢᠶᠠᠷᠤᠨ ᠡᠵᠡᠮᠳᠡᠨ᠎ᠡ
ᠣᠷᠴᠢᠨ ᠲᠣᠭᠣᠷᠢᠨ ᠤ ᠰᠠᠭᠤᠷᠢ ᠲᠦᠭᠦᠭᠡᠷᠦᠮᠵᠢ᠎ᠶ᠋ᠢᠨ ᠳᠤᠲᠠᠭᠤᠳᠠᠯ ᠢ ᠲᠦᠷᠭᠡᠳᠭᠡᠨ ᠨᠥᠬᠥᠪᠥᠷᠢᠯᠡᠵᠦ᠂ ᠣᠷᠴᠢᠨ ᠲᠣᠭᠣᠷᠢᠨ ᠤ ᠵᠠᠰᠠᠯᠲᠠ ᠶ᠋ᠢᠨ ᠴᠢᠳᠠᠪᠤᠷᠢ ᠶ᠋ᠢ ᠳᠡᠭᠡᠭ᠌ᠰᠢᠯᠡᠭᠦᠯᠵᠦ᠂ ᠬᠣᠲᠠ ᠬᠥᠳᠡᠭᠡ᠎ᠶ᠋ᠢᠨ ᠣᠷᠣᠱᠢᠨ ᠠᠮᠢᠳᠤᠷᠠᠬᠤ ᠣᠷᠴᠢᠨ ᠲᠤᠭᠤᠷᠢᠨ᠎ᠢ ᠦᠷᠭᠦᠯᠵᠢᠯᠡᠨ ᠰᠠᠢᠵᠢᠷᠠᠭᠤᠯᠤᠨ᠎ᠠ
3᠂ ᠪᠣᠬᠢᠷᠲᠤᠯ ᠥᠬᠡᠶ ᠨᠡᠭᠦᠷᠡᠰᠦᠲᠥ᠋ᠷᠥᠭ᠌ᠴᠢ ᠪᠠᠭ᠎ᠠ ᠬᠥᠭ᠌ᠵᠢᠯᠲᠡ᠎ᠶ᠋ᠢ ᠠᠬᠢᠭᠤᠯᠤᠨ᠎ᠠ
ᠨᠠᠩ ᠶᠡᠬᠡ ᠡᠷᠴᠢ ᠵᠣᠷᠢᠭ ᠪᠠ ᠡᠷᠴᠢᠮ ᠢᠶᠡᠷ ᠪᠣᠬᠢᠷᠲᠤᠯ᠎ᠢ ᠪᠠᠭᠠᠰᠭᠠᠵᠤ ᠨᠡᠭᠦᠷᠡᠰᠦᠲᠥ᠋ᠷᠥᠭ᠌ᠴᠢ᠎ᠶ᠋ᠢ ᠪᠠᠭᠠᠰᠭᠠᠬᠤ ᠶ᠋ᠢ ᠵᠣᠬᠢᠴᠠᠯᠳᠤᠭᠤᠯᠤᠨ ᠦᠷ᠎ᠡ ᠠᠱᠢᠭ ᠢ ᠨᠡᠮᠡᠭ᠌ᠳᠡᠭᠦᠯᠬᠦ᠌᠎ᠶ᠋ᠢ ᠰᠠᠢᠲᠤᠷ ᠠᠳᠭᠤᠨ᠎ᠠ
ᠭᠤᠤᠯᠳᠠᠯᠭ᠎ᠠ᠎ᠲᠠᠶ ᠠᠵᠢᠯ ᠲᠥᠷᠥᠯ᠎ᠦᠨ ᠬᠦᠷᠢᠶᠡᠨ ᠦ ᠪᠣᠬᠢᠷᠲᠤᠯ ᠢ ᠪᠠᠭᠠᠰᠭᠠᠵᠤ ᠨᠡᠭᠦᠷᠡᠰᠦᠲᠥ᠋ᠷᠥᠭ᠌ᠴᠢ᠎ᠶ᠋ᠢ ᠪᠠᠭᠠᠰᠭᠠᠬᠤ ᠡᠷᠴᠢᠮ᠎ᠢ ᠴᠢᠩᠭᠠᠷᠠᠭᠤᠯᠵᠦ᠂ ᠠᠷᠢᠭᠤᠨ ᠴᠡᠪᠡᠷ ᠨᠡᠭᠦᠷᠡᠰᠦᠲᠥ᠋ᠷᠥᠭ᠌ᠴᠢ ᠪᠠᠭ᠎ᠠ ᠠᠮᠤᠷ ᠲᠦᠪᠱᠢᠨ ᠥᠨᠳᠥᠷ ᠪᠦᠲᠦᠮᠵᠢᠲᠡᠶ ᠡᠨᠧᠷᠭᠢ᠎ᠶ᠋ᠢᠨ ᠱᠢᠰᠲ᠋ᠧᠮ ᠢ ᠪᠠᠢᠭᠤᠯᠤᠨ᠎ᠠ
ᠨᠡᠭᠦᠷᠡᠰᠦᠲᠥ᠋ᠷᠥᠭ᠌ᠴᠢ ᠶ᠋ᠢᠨ ᠭᠠᠳᠠᠬᠰᠢᠯᠠᠭᠤᠯᠤᠯᠲᠠ ᠣᠷᠭᠢᠯ ᠭᠡᠮᠵᠢᠭᠳᠡᠯ ᠳᠤ ᠬᠦᠷᠬᠦ᠌ ᠶᠠᠪᠤᠴᠠ᠎ᠳᠠᠬᠢ ᠠᠶᠤᠯ ᠲᠦᠭ᠌ᠰᠢᠭᠦᠷᠢ ᠶ᠋ᠢ ᠢᠯᠭᠠᠨ ᠲᠠᠨᠢᠬᠤ ᠪᠠ ᠬᠠᠮᠢᠶᠠᠷᠤᠨ ᠡᠵᠡᠮᠳᠡᠬᠦ᠌᠎ᠶ᠋ᠢ ᠴᠢᠩᠭᠠᠳᠬᠠᠵᠦ᠂ ᠠᠮᠵᠢᠯᠲᠠ ᠤᠯᠬᠤ᠎ᠪᠠᠷ ᠶᠠᠭᠠᠷᠠᠬᠤ ᠪᠠ 《ᠬᠥᠳᠡᠯᠭᠡᠭᠡᠨᠲᠦ ᠮᠠᠶᠢᠭ》᠎ᠢᠶᠡᠷ ᠨᠡᠭᠦᠷᠡᠰᠦᠲᠥ᠋ᠷᠥᠭ᠌ᠴᠢ ᠶ᠋ᠢ ᠪᠠᠭᠠᠰᠬᠠᠨ᠎ᠠ
ᠡᠨᠧᠷᠭᠢ᠂ ᠤᠰᠤᠨ᠎ᠤ ᠡᠬᠢ ᠪᠠᠶᠠᠯᠢᠭ᠂ ᠪᠦᠲᠦᠭᠡᠨ ᠪᠠᠢᠭᠤᠯᠤᠯᠲᠠ ᠳᠤ ᠬᠡᠷᠡᠭ᠌ᠯᠡᠬᠦ᠌ ᠭᠠᠵᠠᠷ ᠵᠡᠷᠭᠡ ᠵᠢᠨ ᠬᠠᠲᠠᠭᠤ ᠬᠢᠵᠠᠭᠠᠷᠯᠠᠯ ᠤᠨ ᠳᠦᠷᠢᠮ ᠢ ᠳᠡᠬᠦᠯᠳᠡᠷᠵᠢᠬᠦᠯᠦᠨ᠎ᠡ
ᠤᠯᠤᠰ ᠤᠨ ᠨᠤᠲᠤᠭ ᠳᠡᠪᠢᠰᠭᠡᠷ ᠦᠨ ᠣᠷᠣᠨ ᠵᠠᠶ ᠶ᠋ᠢᠨ ᠲᠥᠯᠥᠪᠵᠢᠭᠦᠯᠭᠡ ᠪᠠ ᠬᠡᠷᠡᠭ᠌ᠴᠡᠭᠡ ᠶ᠋ᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠦ᠂ 《ᠭᠤᠷᠪᠠᠨ ᠣᠷᠣᠨ ᠭᠤᠷᠪᠠᠨ ᠱᠤᠭᠤᠮ》 ᠢ᠋ ᠴᠢᠩᠭ᠎ᠠ ᠰᠠᠬᠢᠵᠤ ᠪᠣᠬᠢᠷᠲᠤᠯ ᠥᠬᠡᠶ ᠪᠣᠯᠪᠠᠰᠤᠨ ᠤ ᠣᠢᠯᠠᠭᠠᠭ᠍ᠳᠠᠬᠤᠨ ᠢ ᠶᠡᠬᠡ ᠪᠡᠷ ᠤᠬᠠᠭᠤᠯᠵᠦ᠂ ᠪᠣᠬᠢᠷᠲᠤᠯ ᠦᠭᠡᠢ ᠳᠤᠤᠷ᠎ᠠ ᠨᠡᠭᠦᠷᠡᠰᠦᠲᠥ᠋ᠷᠥᠭ᠌ᠴᠢᠲᠦ ᠠᠮᠢᠳᠤᠷᠠᠯ᠎ᠢ ᠰᠠᠨᠠᠭᠠᠴᠢᠯᠠᠨ᠎ᠠ
ᠵᠢᠷᠭᠤᠭ᠎ᠠ᠂ ᠠᠵᠤ ᠠᠬᠤᠢ᠎ᠶ᠋ᠢᠨ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌ ᠶ᠋ᠢ ᠲᠦᠷᠭᠡᠳᠭᠡᠵᠦ ᠂ ᠣᠳᠣᠬᠢᠴᠢᠯᠠᠭ᠍ᠰᠠᠨ ᠠᠵᠤ ᠠᠬᠤᠢ ᠶ᠋ᠢᠨ ᠱᠢᠰᠲ᠋ᠧᠮ ᠢ ᠪᠠᠢᠭᠤᠯᠤᠨ᠎ᠠ
1᠂ ᠱᠢᠨ᠎ᠡ᠎ᠶ᠋ᠢ ᠡᠭᠦᠳᠬᠦ᠌ ᠮᠠᠶᠢᠭ᠎ᠤᠨ ᠥᠪᠥᠷ ᠮᠣᠩᠭᠣᠯ ᠢ ᠲᠦᠷᠭᠡᠳᠭᠡᠨ ᠪᠠᠢᠭᠤᠯᠤᠨ᠎ᠠ
ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠬᠠᠮᠤᠭ᠎ᠤᠨ ᠲᠤᠯᠭᠠᠮ ᠡᠭᠦᠷᠭᠡ ᠪᠣᠯᠭᠠᠵᠦ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠦᠨ ᠱᠢᠨ᠎ᠡ ᠶ᠋ᠢ ᠡᠭᠦᠳᠬᠦ᠌ ᠴᠢᠳᠠᠪᠤᠷᠢ ᠶ᠋ᠢ ᠳᠡᠭᠡᠭ᠌ᠰᠢᠯᠡᠭᠦᠯᠬᠦ᠌ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠡᠷᠡᠰ ᠰᠠᠢᠲᠤᠷ ᠬᠢᠨ᠎ᠡ
ᠠᠵᠤ ᠦᠢᠯᠡᠰ ᠦᠨ ᠬᠡᠯᠬᠢᠶ᠎ᠡ ᠬᠠᠩᠭᠠᠯᠭ᠎ᠠ ᠶ᠋ᠢᠨ ᠬᠡᠯᠬᠢᠶ᠎ᠡ ᠶ᠋ᠢ ᠴᠢᠩᠭ᠎ᠠ ᠡᠵᠡᠮᠳᠡᠨ ᠱᠢᠨ᠎ᠡ ᠶ᠋ᠢ ᠡᠭᠦᠳᠬᠦ᠌ ᠬᠡᠯᠬᠢᠶ᠎ᠡ ᠶ᠋ᠢ ᠪᠠᠢᠷᠢᠯᠠᠭᠤᠯᠵᠤ᠂ ᠵᠠᠷᠢᠮ ᠢ ᠨᠢ ᠬᠢᠵᠦ᠍ ᠵᠠᠷᠢᠮ ᠢ ᠨᠢ ᠬᠢᠬᠦ᠌ ᠦᠭᠡᠢ ᠪᠠᠢᠬᠤ ᠶ᠋ᠢ ᠪᠠᠷᠢᠮᠲᠠᠯᠠᠬᠤ᠂ ᠭᠤᠤᠯᠳᠠᠯᠭ᠎ᠠ ᠨᠢ ᠰᠦ ᠶᠢᠨ ᠦᠶ᠋ᠯᠡᠰ᠂ ᠬᠣᠪᠣᠷ ᠱᠢᠷᠣᠶ ᠶ᠋ᠢᠨ ᠱᠢᠨ᠎ᠡ ᠮᠠᠲ᠋ᠧᠷᠢᠶᠠᠯ᠂ ᠨᠡᠭᠦᠷᠡᠰᠦᠨ ᠪᠦᠯᠦᠭ᠌᠎ᠲᠦ ᠱᠢᠨ᠎ᠡ ᠮᠠᠲ᠋ᠧᠷᠢᠶᠠᠯ᠂ ᠱᠢᠨ᠎ᠡ ᠡᠨᠧᠷᠭᠢ᠂ ᠦᠷ᠎ᠡ᠎ᠶ᠋ᠢᠨ ᠦᠢᠯᠡᠰ ᠵᠡᠷᠭᠡ ᠬᠦᠷᠢᠶᠡᠨ᠎ᠳᠦ ᠨᠢᠭᠡ ᠪᠦᠯᠦᠭ ᠴᠢᠬᠤᠯᠠ ᠶᠡᠬᠡ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠦᠨ ᠲᠦᠷᠦᠯ ᠵᠦᠢᠯ ᠢ ᠬᠡᠷᠡᠭ᠌ᠵᠢᠭᠦᠯᠦᠨ᠎ᠠ
ᠱᠢᠨ᠎ᠡ ᠶ᠋ᠢ ᠡᠭᠦᠳᠬᠦ᠌ ᠲᠠᠪᠴᠠᠩ ᠤᠨ ᠱᠢᠰᠲ᠋ᠧᠮ ᠢ ᠲᠡᠭᠦᠯᠳᠡᠷᠵᠢᠭᠦᠯᠵᠦ᠂ ᠨᠢᠭᠡ ᠪᠦᠯᠦᠭ ᠭᠣᠣᠯᠳᠠᠯᠭ᠎ᠠ᠎ᠲᠠᠶ ᠲᠤᠷᠱᠢᠯᠲᠠ ᠶ᠋ᠢᠨ ᠲᠠᠰᠤᠭ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠦᠨ ᠱᠢᠨ᠎ᠡ ᠶ᠋ᠢ ᠡᠭᠦᠳᠬᠦ᠌ ᠲᠥᠪ ᠪᠠ ᠱᠢᠨ᠎ᠡ ᠬᠡᠯᠪᠡᠷᠢ ᠶ᠋ᠢᠨ ᠰᠤᠳᠤᠯᠤᠨ ᠨᠡᠭᠡᠭᠡᠬᠦ᠌ ᠪᠠᠢᠭᠤᠯᠤᠮᠵᠢ ᠶᠢ ᠪᠠᠢᠷᠢᠰᠢᠭᠤᠯᠤᠨᠠ
ᠠᠵᠤ ᠠᠬᠤᠢᠯᠠᠯ ᠤᠨ ᠱᠢᠨ᠎ᠡ ᠶ᠋ᠢ ᠡᠭᠦᠳᠬᠦ᠌ ᠭᠤᠤᠯ ᠴᠣᠭ᠍ᠴᠠ᠎ᠶ᠋ᠢᠨ ᠪᠠᠢᠷᠢ ᠰᠠᠭᠤᠷᠢ ᠶ᠋ᠢ ᠴᠢᠩᠭᠠᠳᠬᠠᠵᠦ᠂ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ ᠶ᠋ᠢᠨ ᠠᠵᠤ ᠠᠬᠤᠢᠯᠠᠯ ᠤᠨ ᠰᠤᠳᠤᠯᠤᠨ ᠨᠡᠭᠡᠭᠡᠬᠦ᠌ ᠠᠵᠢᠯᠯᠠᠭ᠎ᠠ ᠶ᠋ᠢᠨ ᠪᠦᠬᠦᠨ ᠢ ᠬᠠᠮᠤᠷᠬᠤ ᠶ᠋ᠢ ᠠᠬᠢᠭᠤᠯᠤᠨ᠎ᠠ
ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠦᠨ ᠪᠠᠢᠭᠤᠯᠤᠮᠵᠢ ᠵᠢᠨ ᠥᠭᠡᠷᠡᠴᠢᠯᠡᠯᠲᠡ ᠶ᠋ᠢ ᠭᠦᠨᠵᠡᠭᠡᠶ ᠠᠬᠢᠭᠤᠯᠤᠨ᠎ᠠ
ᠱᠢᠨᠵᠢᠯᠡᠬᠦ᠌ ᠤᠬᠠᠭᠠᠨᠴᠢ ᠵᠣᠷᠢᠭ ᠰᠠᠨᠠᠭ᠎ᠠ᠂ ᠱᠢᠨᠵᠢᠯᠡᠬᠦ᠌ ᠤᠬᠠᠭᠠᠨᠲᠠᠨ᠎ᠤ ᠵᠣᠷᠢᠭ ᠰᠠᠨᠠᠭ᠎ᠠ᠎ᠶ᠋ᠢ ᠶᠡᠬᠡ ᠪᠡᠷ ᠪᠠᠳᠠᠷᠠᠭᠤᠯᠤᠨ᠎ᠠ
2᠂ ᠡᠨᠧᠷᠭᠢ ᠪᠠ ᠪᠠᠢᠯᠳᠤᠬᠤ ᠪᠣᠳᠣᠯᠭ᠎ᠠ ᠶ᠋ᠢᠨ ᠡᠬᠢ ᠪᠠᠶᠠᠯᠢᠭ ᠤᠨ ᠰᠠᠭᠤᠷᠢᠨ ᠤ ᠪᠣᠬᠢᠷᠲᠤᠯ ᠥᠬᠡᠶ ᠨᠡᠭᠦᠷᠡᠰᠦᠲᠥ᠋ᠷᠥᠭ᠌ᠴᠢ ᠬᠡᠯᠪᠡᠷᠢ᠎ᠪᠡᠨ ᠬᠤᠪᠢᠷᠠᠭᠤᠯᠬᠤ ᠶᠢ ᠠᠬᠢᠭᠤᠯᠤᠨ᠎ᠠ
ᠤᠯᠤᠰ ᠤᠨ ᠣᠲᠣ ᠦᠶ᠎ᠡ ᠶ᠋ᠢᠨ ᠡᠨᠧᠷᠭᠢ ᠶ᠋ᠢᠨ ᠠᠵᠤ ᠠᠬᠤᠶ ᠶ᠋ᠢᠨ ᠵᠢᠱ᠌ᠢᠶ᠎ᠡ ᠦᠵᠡᠭᠦᠯᠬᠦ᠌ ᠣᠷᠣᠨ ᠢ ᠪᠥᠲᠥᠭᠡᠨ ᠪᠠᠢᠭᠤᠯᠬᠤ ᠶ᠋ᠢ ᠠᠬᠢᠭᠤᠯᠵᠦ᠂ ᠥᠪᠥᠷ ᠮᠣᠩᠭᠣᠯ ᠤᠨ ᠴᠢᠯᠠᠭᠤᠵᠢᠮᠠᠯ ᠤᠨ ᠡᠨᠧᠷᠭᠢ ᠶ᠋ᠢᠨ ᠲᠣᠮᠣ ᠣᠷᠣᠨ᠎ᠠᠴᠠ ᠴᠡᠪᠡᠷ ᠡᠨᠧᠷᠭᠢ ᠶ᠋ᠢᠨ ᠲᠣᠮᠣ ᠣᠷᠣᠨ ᠲᠡᠢᠰᠢ ᠱᠢᠯᠵᠢᠬᠦ᠌ ᠶ᠋ᠢ ᠠᠬᠢᠭᠤᠯᠤᠨ᠎ᠠ
ᠨᠡᠭᠦᠷᠡᠰᠦᠨ᠎ᠦ ᠬᠡᠷᠡᠭ᠌ᠯᠡᠭᠡᠨ᠎ᠦ ᠨᠡᠮᠡᠭ᠌ᠳᠡᠯ᠎ᠢ ᠴᠢᠩᠭ᠎ᠠ ᠬᠢᠵᠠᠭᠠᠷᠯᠠᠵᠤ᠂ ᠨᠡᠭᠦᠷᠡᠰᠦ ᠴᠠᠬᠢᠯᠭᠠᠨ ᠤ ᠲᠥᠷᠥᠯ ᠵᠦᠶ᠋ᠯ ᠢ ᠴᠢᠩᠭ᠎ᠠ ᠬᠢᠵᠠᠭᠠᠷᠯᠠᠨ᠎ᠠ
ᠨᠡᠭᠦᠷᠡᠰᠦ᠎ᠶ᠋ᠢ ᠴᠡᠪᠡᠷᠱᠢᠭᠦᠯᠦᠨ ᠠᠱᠢᠭ᠍ᠯᠠᠬᠤ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠦ᠂ ᠨᠡᠭᠦᠷᠡᠰᠦᠨ᠎ᠦ ᠪᠤᠰᠤ ᠠᠵᠤ ᠦᠢᠯᠡᠰ ᠪᠣᠯᠤᠨ ᠳᠣᠣᠷ᠎ᠠ ᠨᠡᠭᠦᠷᠡᠰᠦᠲᠥ᠋ᠷᠥᠭ᠌ᠴᠢᠲᠦ ᠠᠵᠤ ᠠᠬᠤᠢ ᠶ᠋ᠢ ᠢᠳᠡᠪᠬᠢᠲᠡᠢ ᠬᠥᠭ᠌ᠵᠢᠭᠦᠯᠦᠨ᠎ᠡ
ᠰᠠᠯᠬᠢᠨ ᠴᠠᠬᠢᠯᠭᠠᠨ᠂ ᠬᠡᠷᠡᠯᠴᠢ ᠴᠡᠨᠡᠭ ᠵᠡᠷᠭᠡ ᠰᠢᠨ᠎ᠡ ᠡᠨ᠋ᠸᠷᠬᠢ᠎ᠶᠢᠨ ᠡᠬᠢ ᠰᠤᠷᠪᠤᠯᠵᠢ ᠶᠢ ᠶᠡᠬᠡ ᠬᠡᠪᠴᠢᠶ᠎ᠡ ᠪᠡᠷ ᠦᠨᠳᠦᠷ ᠬᠠᠷᠢᠴᠠᠯ ᠢᠶᠡᠷ ᠨᠡᠭᠡᠭᠡᠨ ᠠᠰᠢᠬᠯᠠᠬᠤ ᠶᠢ ᠪᠦᠬᠦ ᠬᠦᠴᠦᠨ ᠢᠶᠡᠷ ᠠᠬᠢᠭᠤᠯᠤᠨ᠎ᠠ
ᠱᠢᠨ᠎ᠡ ᠡᠨᠧᠷᠭᠢ ᠶ᠋ᠢᠨ ᠠᠵᠤ ᠦᠶ᠋ᠯᠡᠰ ᠦᠨ ᠲᠠᠩ ᠴᠤᠯᠭᠤᠶ ᠴᠠᠬᠢᠯᠭᠠᠨ ᠭᠠᠷᠭᠠᠵᠤ ᠬᠤᠳᠠᠯᠳᠤᠵᠤ ᠪᠠᠢᠭ᠍ᠰᠠᠨ᠎ᠠᠴᠠ ᠪᠥᠬᠥ᠌ ᠠᠵᠤ ᠦᠶ᠋ᠯᠡᠰ᠎ᠦᠨ ᠬᠡᠯᠬᠢᠶ᠎ᠡ ᠲᠡᠢᠰᠢ ᠬᠥᠭ᠌ᠵᠢᠬᠦ᠌᠎ᠶ᠋ᠢ ᠠᠬᠢᠭᠤᠯᠵᠦ᠂ ᠥᠪᠥᠷ ᠮᠣᠩᠭᠣᠯ᠎ᠢᠶᠠᠨ ᠪᠥᠬᠥ᠌ ᠤᠯᠤᠰ ᠴᠢᠨᠠᠭ᠍ᠰᠢᠯᠠᠪᠠᠯ ᠣᠯᠠᠨ ᠤᠯᠤᠰ᠎ᠤᠨ ᠱᠢᠨ᠎ᠡ ᠡᠨᠧᠷᠭᠢ ᠶ᠋ᠢᠨ ᠠᠵᠤ ᠦᠶ᠋ᠯᠡᠰ ᠦᠨ ᠥᠨᠳᠥᠷᠯᠢᠭ ᠪᠣᠯᠭᠠᠨ ᠪᠥᠲᠥᠭᠡᠨ ᠪᠠᠢᠭᠤᠯᠤᠨ᠎ᠠ
ᠬᠣᠪᠣᠷ ᠱᠢᠷᠣᠶ ᠶ᠋ᠢᠨ ᠡᠬᠢ ᠪᠠᠶᠠᠯᠢᠭ ᠤᠨ ᠬᠠᠮᠠᠭᠠᠯᠠᠯᠲᠠ ᠶ᠋ᠢᠨ ᠴᠢᠨᠠᠷᠲᠠᠶ ᠨᠡᠭᠡᠭᠡᠨ ᠬᠥᠭ᠌ᠵᠢᠭᠦᠯᠦᠯᠲᠡ᠂ ᠴᠢᠨᠠᠷᠵᠢᠭᠤᠨ ᠠᠱᠢᠭ᠍ᠯᠠᠯᠲᠠ᠂ ᠵᠢᠷᠤᠮᠵᠢᠭ᠍ᠰᠠᠨ ᠬᠠᠮᠢᠶᠠᠷᠤᠯᠲᠠ᠎ᠶᠢ ᠠᠬᠢᠭᠤᠯᠤᠨ᠎ᠠ
3᠂ ᠮᠠᠯ ᠤᠨ ᠠᠱᠢᠭ ᠱᠢᠮ᠎ᠡ ᠲᠠᠷᠢᠶᠠᠯᠠᠩ ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ ᠦᠨ ᠰᠠᠭᠤᠷᠢᠨ ᠤ ᠴᠢᠨᠠᠷ ᠰᠠᠢᠲᠠᠶ ᠥᠨᠳᠥᠷ ᠪᠦᠲᠦᠮᠵᠢᠲᠡᠶ ᠬᠡᠯᠪᠡᠷᠢ ᠪᠡᠨ ᠬᠤᠪᠢᠷᠠᠭᠤᠯᠬᠤ ᠵᠢ ᠠᠬᠢᠭᠤᠯᠤᠨ᠎ᠠ
ᠪᠣᠬᠢᠷᠲᠤᠯ ᠥᠬᠡᠶ ᠪᠡᠷ ᠲᠠᠷᠢᠶᠠᠯᠠᠩ ᠮᠠᠯ ᠠᠵᠤ ᠠᠬᠤᠶ ᠶ᠋ᠢ ᠬᠥᠭ᠌ᠵᠢᠭᠦᠯᠬᠦ᠌᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠢᠶᠡᠷ ᠲᠠᠷᠢᠶᠠᠯᠠᠩ ᠮᠠᠯ ᠠᠵᠤ ᠠᠬᠤᠶ ᠶ᠋ᠢ ᠬᠥᠭ᠌ᠵᠢᠭᠦᠯᠬᠦ᠌᠂ ᠶᠠᠰᠤ ᠴᠢᠨᠠᠷ ᠢᠶᠠᠷ ᠲᠠᠷᠢᠶᠠᠯᠠᠩ ᠮᠠᠯ ᠠᠵᠤ ᠠᠬᠤᠶ ᠶ᠋ᠢ ᠬᠥᠭ᠌ᠵᠢᠭᠦᠯᠬᠦ᠌᠎ᠶ᠋ᠢ ᠪᠠᠷᠢᠮᠲᠠᠯᠠᠨ᠎ᠠ
ᠲᠠᠷᠢᠶᠠᠯᠠᠩ ᠮᠠᠯ ᠠᠵᠤ ᠠᠬᠤᠶ ᠶ᠋ᠢᠨ ᠣᠷᠣᠨ ᠪᠦᠰᠡ᠎ᠶ᠋ᠢᠨ ᠪᠠᠢᠷᠢᠱᠢᠭᠤᠯᠤᠯᠲᠠ ᠪᠣᠯᠤᠨ ᠦᠢᠯᠡᠳᠪᠦᠷᠢᠯᠡᠯ ᠦᠨ ᠪᠦᠳᠦᠴᠡ ᠵᠢ ᠰᠢᠯᠢᠳᠡᠭᠵᠢᠭᠦᠯᠦᠨ᠎ᠠ
ᠲᠠᠷᠢᠶᠠᠯᠠᠩ ᠮᠠᠯ ᠠᠵᠤ ᠠᠬᠤᠶ ᠶ᠋ᠢᠨ ᠬᠠᠩᠭᠠᠯᠭ᠎ᠠ᠎ᠶ᠋ᠢᠨ ᠲᠠᠯ᠎ᠠ ᠶ᠋ᠢᠨ ᠪᠦᠳᠦᠴᠡ ᠵᠢᠨ ᠴᠢᠨᠠᠷᠲᠠᠢ ᠦᠭᠡᠷᠡᠴᠢᠯᠡᠯᠲᠡ ᠵᠢ ᠬᠦᠨᠵᠡᠭᠡᠢᠷᠡᠭᠦᠯᠦᠨᠠ
ᠲᠠᠷᠢᠶᠠᠨ ᠭᠠᠵᠠᠷ ᠢ 《ᠲᠠᠷᠢᠶᠠᠯᠠᠩ ᠤᠨ ᠪᠤᠰᠤ ᠪᠣᠯᠭᠠᠬᠤ》᠂ 《ᠠᠮᠤ ᠪᠤᠳᠠᠭᠠᠨ ᠤ ᠪᠤᠰᠤ ᠪᠣᠯᠭᠠᠬᠤ》 ᠶ᠋ᠢ ᠡᠷᠡᠰ ᠬᠤᠷᠢᠬᠯᠠᠨ᠎ᠠ
ᠣᠯᠠᠨ ᠵᠦᠢᠯ᠎ᠦᠨ ᠬᠡᠯᠪᠡᠷᠢ᠎ᠶ᠋ᠢᠨ ᠵᠣᠬᠢᠰᠲᠠᠶ ᠬᠡᠪᠴᠢᠶᠡᠲᠦ ᠡᠵᠡᠩᠨᠡᠯᠲᠡ᠎ᠶ᠋ᠢ ᠬᠥᠭ᠌ᠵᠢᠭᠦᠯᠦᠨ᠎ᠡ
ᠮᠠᠯᠵᠢᠬᠤ ᠲᠠᠷᠢᠶᠠᠯᠠᠬᠤ ᠣᠷᠣᠨ ᠤ ᠨᠢᠭᠡᠳᠦᠭᠡᠷ ᠬᠣᠶᠠᠳᠤᠭᠠᠷ ᠭᠤᠷᠪᠠᠳᠤᠭᠠᠷ ᠠᠵᠤ ᠦᠶ᠋ᠯᠡᠰ ᠦᠨ ᠠᠭᠤᠰᠤᠯᠴᠠᠨ ᠬᠥᠭ᠌ᠵᠢᠬᠦ᠌ ᠶ᠋ᠢ ᠠᠬᠢᠭᠤᠯᠤᠨ᠎ᠠ
4᠂ ᠪᠠᠢᠯᠳᠤᠬᠤ ᠪᠣᠳᠣᠯᠭ᠎ᠠ ᠶ᠋ᠢᠨ ᠴᠢᠨᠠᠷᠲᠠᠶ ᠱᠢᠨ᠎ᠡ ᠪᠡᠷ ᠬᠥᠭ᠌ᠵᠢᠭ᠌ᠰᠡᠨ ᠠᠵᠤ ᠦᠶ᠋ᠯᠡᠰ᠂ ᠲᠡᠷᠢᠭᠦᠨ ᠦ ᠦᠶ᠋ᠯᠡᠳᠬᠦ᠌ ᠦᠶ᠋ᠯᠡᠰ ᠪᠠ ᠣᠲᠣ ᠦᠶ᠎ᠡ ᠶ᠋ᠢᠨ ᠦᠶ᠋ᠯᠡᠴᠢᠯᠡᠭᠡᠨ ᠦ ᠦᠶ᠋ᠯᠡᠰ ᠢ ᠶᠡᠬᠡ ᠪᠡᠷ ᠬᠥᠭ᠌ᠵᠢᠭᠦᠯᠦᠨ᠎ᠡ
ᠪᠠᠢᠯᠳᠤᠬᠤ ᠪᠣᠳᠣᠯᠭ᠎ᠠ ᠶ᠋ᠢᠨ ᠴᠢᠨᠠᠷᠲᠠᠶ ᠱᠢᠨ᠎ᠡ ᠪᠡᠷ ᠬᠥᠭ᠌ᠵᠢᠭ᠌ᠰᠡᠨ ᠠᠵᠤ ᠦᠶ᠋ᠯᠡᠰ ᠦᠨ ᠠᠭᠤᠰᠤᠯᠴᠠᠯ ᠪᠥᠭᠡᠮᠨᠡᠷᠡᠯ ᠠᠮᠢ ᠠᠬᠤᠢ ᠵᠢᠨ ᠬᠥᠭ᠌ᠵᠢᠬᠦ᠌᠎ᠶ᠋ᠢ ᠠᠬᠢᠭᠤᠯᠤᠨ᠎ᠠ
ᠲᠣᠭᠠᠴᠢᠯᠠᠭ᠍ᠰᠠᠨ ᠠᠵᠤ ᠦᠢᠯᠡᠰᠵᠢᠯᠲᠡ ᠪᠠ ᠠᠵᠤ ᠦᠢᠯᠡᠰ ᠦᠨ ᠲᠣᠭᠠᠴᠢᠯᠠᠯᠲᠠ ᠵᠢᠨ ᠠᠯᠬᠤᠴᠠ ᠶ᠋ᠢ ᠲᠦᠷᠭᠡᠳᠭᠡᠨ᠎ᠡ
ᠤᠶᠤᠨᠴᠢ ᠦᠢᠯᠡᠳᠬᠦ᠌ ᠪᠠ ᠪᠣᠬᠢᠷᠲᠤᠯ ᠦᠭᠡᠢ ᠦᠢᠯᠡᠳᠬᠦ᠌ ᠢᠨᠵᠧᠨᠧᠷᠢᠩ ᠢ ᠶᠡᠬᠡ ᠪᠡᠷ ᠬᠡᠷᠡᠭ᠌ᠵᠢᠭᠦᠯᠦᠨ᠎ᠡ
ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠡᠷᠴᠢᠮᠵᠢᠭᠦᠯᠦᠭ᠌ᠰᠡᠨ ᠬᠥᠭ᠌ᠵᠢᠯᠲᠡ ᠶ᠋ᠢᠨ ᠴᠢᠳᠠᠪᠬᠢ᠎ᠶ᠋ᠢ ᠴᠢᠩᠭᠠᠳᠭᠠᠵᠤ᠂ ᠮᠦ᠍ ᠪᠦᠷᠢ ᠪᠡᠷ ᠦᠨᠡᠯᠡᠬᠦ᠌ ᠶ᠋ᠢ ᠪᠠᠷᠢᠮᠲᠠᠯᠠᠨ᠎ᠠ
ᠦᠶ᠋ᠯᠡᠴᠢᠯᠡᠭᠡᠨ᠎ᠦ ᠦᠶ᠋ᠯᠡᠰ᠎ᠦᠨ ᠲᠣᠭᠠᠴᠢᠯᠠᠭ᠍ᠰᠠᠨ ᠪᠠᠷᠢᠮᠵᠢᠶᠠᠵᠢᠭ᠍ᠰᠠᠨ ᠨᠠᠷᠠᠲᠤ ᠲᠥᠷᠥᠯ ᠲᠡᠮᠳᠡᠭ᠌ᠵᠢᠭ᠌ᠰᠡᠨ ᠬᠥᠭ᠌ᠵᠢᠯᠲᠡ ᠶ᠋ᠢ ᠲᠦᠷᠭᠡᠳᠭᠡᠨ᠎ᠡ
ᠵᠢᠭᠤᠯᠴᠢᠯᠠᠯ ᠤᠨ ᠦᠢᠯᠡᠰ ᠦᠨ ᠬᠠᠩᠭᠠᠯᠭ᠎ᠠ ᠶ᠋ᠢᠨ ᠲᠠᠯ᠎ᠠ ᠶ᠋ᠢᠨ ᠪᠦᠳᠦᠴᠡ ᠵᠢᠨ ᠴᠢᠨᠠᠷᠲᠠᠢ ᠦᠭᠡᠷᠡᠴᠢᠯᠡᠯᠲᠡ ᠵᠢ ᠲᠦᠷᠭᠡᠳᠭᠡᠨ᠎ᠡ
5᠂ ᠳᠣᠲᠣᠭᠠᠳᠤ ᠬᠡᠷᠡᠭ᠌ᠴᠡᠭᠡ ᠶ᠋ᠢ ᠥᠷᠭᠡᠳᠭᠡᠬᠦ᠌ ᠪᠠᠢᠯᠳᠤᠬᠤ ᠪᠤᠲᠤᠯᠭ᠎ᠠ ᠶ᠋ᠢ ᠬᠦᠠᠵᠠᠭᠡᠢ ᠨᠠᠢᠳᠠᠪᠤᠷᠢᠵᠢᠭᠤᠯᠤᠨ᠎ᠠ
ᠬᠡᠷᠡᠭ᠌ᠯᠡᠭᠡᠨ᠎ᠦ ᠲᠠᠰ ᠳᠡᠪᠱᠢᠬᠦ᠌ ᠬᠠᠨᠳᠤᠰᠢ᠎ᠳᠤ ᠵᠣᠬᠢᠴᠠᠭᠤᠯᠤᠨ᠂ ᠬᠡᠷᠡᠭ᠌ᠯᠡᠭᠡᠨ᠎ᠦ ᠦᠶ᠋ᠯᠡᠳᠬᠦᠨ ᠪᠠ ᠦᠶ᠋ᠯᠡᠴᠢᠯᠡᠭᠡᠨ ᠦ ᠶᠠᠰᠤ ᠴᠢᠨᠠᠷ ᠢ ᠳᠡᠭᠡᠭ᠌ᠰᠢᠯᠡᠭᠦᠯᠦᠨ᠎ᠡ
ᠬᠣᠲᠠ ᠬᠥᠳᠡᠭᠡ᠎ᠶ᠋ᠢᠨ ᠠᠭᠤᠰᠤᠯᠴᠠᠭ᠍ᠰᠠᠨ ᠬᠡᠷᠡᠭ᠌ᠯᠡᠭᠡᠨ᠎ᠦ ᠲᠣᠣᠷ᠎ᠢ ᠲᠡᠭᠦᠯᠳᠡᠷᠵᠢᠭᠦᠯᠦᠨ᠎ᠡ
ᠵᠠᠰᠠᠭ ᠤᠨ ᠣᠷᠳᠣᠨ ᠤ ᠪᠠᠯᠠ ᠣᠷᠣᠭᠤᠯᠤᠯᠲᠠ᠎ᠶ᠋ᠢᠨ ᠬᠥᠲᠥᠯᠦᠨ ᠵᠢᠯᠣᠭᠣᠳᠭᠤ ᠪᠠ ᠬᠥᠱᠢᠭᠦᠷᠭᠡ ᠶ᠋ᠢᠨ ᠦᠶ᠋ᠯᠡᠳᠦᠯ ᠢ ᠪᠦᠲᠦᠮᠵᠢᠲᠡᠶ ᠪᠠᠳᠠᠷᠠᠭᠤᠯᠤᠨ᠎ᠠ
ᠠᠮᠢ ᠠᠬᠤᠶ ᠶ᠋ᠢ ᠤᠷᠢᠳ ᠵᠢᠡᠷ ᠪᠤᠳᠤᠯᠬᠢᠯᠠᠬᠤ᠂ ᠵᠣᠬᠢᠰᠲᠠᠶ ᠪᠠᠷ ᠤᠷᠢᠳᠴᠢᠯᠠᠬᠤ ᠵᠠᠷᠴᠢᠮ ᠶᠣᠰᠣᠭᠠᠷ᠂ ᠰᠠᠭᠤᠷᠢ ᠲᠥᠬᠥᠭᠡᠷᠦᠮᠵᠢ ᠶ᠋ᠢᠨ ᠪᠣᠬᠢᠷᠲᠤᠯ ᠥᠬᠡᠶ ᠲᠠᠰ ᠳᠡᠪᠱᠢᠬᠦ᠌ ᠶ᠋ᠢ ᠠᠬᠢᠭᠤᠯᠤᠨ᠎ᠠ
6᠂ ᠣᠷᠣᠨ ᠪᠦᠰᠡ ᠪᠠ ᠬᠤᠲᠠ ᠬᠥᠳᠡᠭᠡ ᠶ᠋ᠢᠨ ᠬᠥᠭ᠌ᠵᠢᠯᠲᠡ ᠶ᠋ᠢᠨ ᠱᠢᠨ᠎ᠡ ᠪᠠᠢᠷᠢᠱᠢᠯ ᠢ ᠪᠤᠢ ᠪᠣᠯᠭᠠᠨ᠎ᠠ
ᠣᠷᠣᠨ ᠪᠦᠰᠡ ᠶ᠋ᠢᠨ ᠵᠦᠷᠢᠶᠡᠴᠢᠯᠡᠭ᠌ᠰᠡᠨ ᠵᠣᠬᠢᠴᠠᠩᠭᠤᠶ ᠬᠥᠭ᠌ᠵᠢᠯᠲᠡ ᠶ᠋ᠢ ᠨᠢᠭᠡᠳᠦᠯᠲᠡᠶ ᠲᠥᠯᠥᠪᠵᠢᠭᠦᠯᠵᠦ᠂ ᠣᠷᠣᠨ ᠪᠦᠰᠡ ᠶ᠋ᠢᠨ ᠲᠥᠷᠥ᠎ᠶ᠋ᠢᠨ ᠪᠣᠳᠣᠯᠭ᠎ᠠ ᠶ᠋ᠢᠨ ᠱᠢᠰᠲ᠋ᠧᠮ᠎ᠢ ᠳᠣᠭᠢᠷᠠᠭᠤᠯᠤᠨ ᠲᠡᠭᠦᠯᠳᠡᠷᠵᠢᠭᠦᠯᠦᠨ᠎ᠡ
ᠬᠥᠮᠦᠨ ᠢᠶᠡᠷ ᠭᠣᠣᠯ ᠪᠣᠯᠭᠠᠭ᠍ᠰᠠᠨ ᠱᠢᠨ᠎ᠡ ᠮᠠᠶᠢᠭ ᠤᠨ ᠬᠣᠲᠠ ᠪᠠᠯᠭᠠᠰᠤᠵᠢᠯᠲᠠ ᠶ᠋ᠢ ᠭᠦᠨᠵᠡᠭᠡᠶ ᠠᠬᠢᠭᠤᠯᠤᠨ᠎ᠠ
ᠬᠣᠲᠠ ᠪᠠᠯᠭᠠᠰᠤᠨ᠎ᠤ ᠨᠡᠭᠡᠭᠡᠨ ᠬᠥᠭ᠌ᠵᠢᠭᠦᠯᠬᠦ᠌ ᠵᠠᠭᠠᠭ ᠬᠢᠵᠠᠭᠠᠷ᠎ᠢ ᠴᠢᠩᠭ᠎ᠠ ᠬᠢᠵᠠᠭᠠᠷᠯᠠᠨ᠎ᠠ
ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠤᠨ᠎ᠠ
ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠤᠬᠰᠠᠨ ᠦᠷ᠎ᠡ ᠪᠦᠲᠦᠭᠡᠯ ᠢ ᠪᠡᠬᠢᠵᠢᠭᠦᠯᠬᠦ ᠶ᠋ᠢ ᠪᠦᠬᠦ ᠲᠠᠯ᠎ᠠ ᠪᠡᠷ ᠬᠥᠳᠡᠭᠡ ᠲᠣᠰᠭᠣᠨ ᠢ ᠬᠥᠭ᠌ᠵᠢᠭᠦᠯᠦᠨ ᠮᠠᠨᠳᠤᠭᠤᠯᠬᠤ ᠲᠠᠶ ᠪᠦᠲᠦᠮᠵᠢᠲᠡᠢ ᠵᠤᠯᠭᠠᠭᠤᠯᠬᠤ ᠵᠢ ᠠᠬᠢᠭᠤᠯᠤᠨ᠎ᠠ
7᠂ ᠵᠠᠬ᠎ᠠ ᠳᠡᠯᠭᠡᠭᠦᠷ ᠦᠨ ᠠᠵᠤ ᠠᠬᠤᠶ ᠶ᠋ᠢᠨ ᠪᠠᠢᠭᠤᠯᠤᠮᠵᠢ ᠲᠣᠭ᠍ᠲᠠᠴᠠ ᠶ᠋ᠢ ᠲᠡᠭᠦᠯᠳᠡᠷᠵᠢᠭᠦᠯᠦᠨ᠎ᠡ
ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ ᠱᠢᠯᠢᠳᠡᠭ᠌ᠵᠢᠭᠦᠯᠬᠦ ᠪᠡᠷ ᠰᠠᠭᠤᠷᠢ ᠪᠣᠯᠭᠠᠵᠤ ᠥᠭᠡᠷᠡᠴᠢᠯᠡᠯᠲᠡ ᠶ᠋ᠢ ᠪᠥᠬᠥ᠌ ᠲᠠᠯ᠎ᠠ ᠪᠠᠷ ᠭᠦᠨᠵᠡᠭᠡᠢᠷᠡᠭᠦᠯᠦᠨ᠎ᠡ
ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶ᠋ᠢ ᠲᠦᠷᠭᠡᠳᠭᠡᠨ ᠬᠤᠪᠢᠷᠠᠭᠤᠯᠤᠨ᠎ᠠ
ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠦᠨ ᠱᠢᠰᠲ᠋ᠧᠮ᠎ᠦᠨ ᠪᠠᠢᠭᠤᠯᠤᠯᠲᠠ ᠶ᠋ᠢᠨ ᠠᠵᠢᠯᠯᠠᠭ᠎ᠠ ᠶ᠋ᠢ ᠬᠡᠷᠡᠭ᠌ᠵᠢᠭᠦᠯᠦᠨ᠎ᠡ
ᠤᠯᠤᠰ᠎ᠤᠨ ᠥᠮᠴᠢᠯᠡᠯᠲᠦ ᠠᠵᠤ ᠠᠬᠤᠶ᠎ᠶ᠋ᠢᠨ ᠪᠠᠢᠷᠢᠱᠢᠭᠤᠯᠤᠯᠲᠠ ᠵᠢ ᠱᠢᠯᠢᠳᠡᠭ᠌ᠵᠢᠭᠦᠯᠬᠦ᠌ ᠪᠠ ᠪᠦᠲᠦᠴᠡ ᠶ᠋ᠢᠨ ᠲᠣᠬᠢᠷᠠᠭᠤᠯᠤᠯᠲᠠ ᠵᠢ ᠲᠦᠷᠭᠡᠳᠭᠡᠨ᠎ᠡ
ᠠᠷᠠᠳ ᠠᠴᠠ ᠡᠵᠡᠩᠨᠡᠭ᠌ᠰᠡᠨ ᠠᠵᠤ ᠠᠬᠤᠢᠯᠠᠯ ᠤᠨ ᠥᠮᠴᠢᠯᠡᠯ ᠤᠨ ᠡᠷᠬᠡ ᠪᠠ ᠠᠵᠤ ᠠᠬᠤᠢᠯᠠᠯᠲᠠᠨ ᠤ ᠡᠷᠬᠡ ᠠᠱᠢᠭ ᠢ ᠬᠠᠤᠯᠢ ᠶᠤᠰᠤᠭᠠᠷ ᠡᠷᠭᠡ ᠲᠡᠭᠰᠢ ᠪᠡᠷ ᠬᠠᠮᠠᠭᠠᠯᠠᠨ᠎ᠠ
ᠣᠷᠣᠨ ᠨᠤᠲᠤᠭ᠎ᠤᠨ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ᠎ᠶ᠋ᠢᠨ ᠪᠠᠢᠭᠤᠯᠤᠮᠵᠢ ᠵᠢ ᠲᠡᠭᠦᠯᠳᠡᠷᠵᠢᠭᠦᠯᠵᠦ᠍᠂ ᠵᠠᠰᠠᠭ᠎ᠤᠨ ᠣᠷᠳᠣᠨ ᠤ ᠥᠷᠢ ᠥᠭ᠌ᠴᠡᠭᠡᠨ᠎ᠦ ᠬᠠᠮᠢᠶᠠᠷᠤᠯᠲᠠ᠎ᠶ᠋ᠢ ᠵᠢᠷᠤᠮᠵᠢᠭᠤᠯᠵᠤ᠂ ᠮᠥᠩᠭᠥᠨ ᠬᠦᠢᠯᠭᠡᠭᠡᠨ ᠤ ᠠᠮᠤᠷ ᠲᠦᠪᠰᠢᠨ ᠢ ᠪᠠᠳᠤᠯᠠᠨ᠎ᠠ
8᠂ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢᠨ ᠪᠦᠲᠦᠭᠡᠨ ᠪᠠᠢᠭᠤᠯᠤᠯᠲᠠ ᠶ᠋ᠢᠨ ᠬᠢᠷᠢ ᠲᠦᠪᠱᠢᠨ ᠢ ᠳᠡᠭᠡᠭ᠌ᠰᠢᠯᠡᠭᠦᠯᠦᠨ᠎ᠡ
ᠲᠣᠰ ᠪᠡᠶ᠎ᠡ᠎ᠶ᠋ᠢᠨ ᠨᠡᠭᠡᠭᠡᠯᠲᠡ᠎ᠪᠡᠨ ᠤᠯᠤᠰ ᠤᠨ ᠨᠡᠭᠡᠭᠡᠯᠲᠡ ᠶ᠋ᠢᠨ ᠶᠡᠷᠦᠩᠬᠡᠶ ᠪᠠᠢᠷᠢᠱᠢᠭᠤᠯᠤᠯᠲᠠ ᠳᠤ ᠠᠭᠤᠰᠬᠠᠨ᠎ᠠ
ᠦᠷᠭᠡᠨ ᠲᠡᠯᠭᠡᠷᠡᠩᠭᠦᠢ ᠪᠣᠭᠣᠮᠲᠠ ᠶ᠋ᠢᠨ ᠠᠵᠤ ᠠᠬᠤᠶ ᠶ᠋ᠢ ᠶᠡᠬᠡ ᠪᠡᠷ ᠬᠥᠭ᠌ᠵᠢᠭᠦᠯᠦᠨ᠎ᠡ
《ᠠᠵᠤ ᠠᠬᠤᠶ᠎ᠶ᠋ᠢᠨ ᠨᠡᠪᠳᠡᠷᠡᠬᠦ ᠵᠠᠮ》 ᠡᠴᠡ 《ᠨᠡᠪᠳᠡᠷᠡᠬᠦ ᠵᠠᠮ᠎ᠤ᠋ᠨ ᠠᠵᠤ ᠠᠬᠤᠶ》 ᠳᠠᠢᠰᠢ ᠬᠤᠪᠢᠷᠠᠭᠤᠯᠬᠤ᠎ᠶ᠋ᠢ ᠠᠬᠢᠭᠤᠯᠤᠨ᠎ᠠ
《ᠳᠠᠮᠵᠢᠯᠭ᠎ᠠ ᠵᠢᠨ ᠠᠵᠤ ᠠᠬᠤᠶ》 ᠡᠴᠡ 《ᠰᠠᠭᠤᠷᠢᠰᠢᠯ ᠠᠵᠤ ᠠᠬᠤᠶ》 ᠳᠠᠢᠰᠢ ᠬᠡᠯᠪᠡᠷᠢ ᠪᠡᠨ ᠬᠤᠪᠢᠷᠠᠭᠤᠯᠬᠤ ᠶ᠋ᠢ ᠠᠬᠢᠭᠤᠯᠤᠨ᠎ᠠ
ᠭᠠᠳᠠᠭᠠᠳᠤ ᠠᠷᠠᠯᠵᠢᠶ᠎ᠠ ᠶ᠋ᠢᠨ ᠱᠢᠨ᠎ᠡ ᠶ᠋ᠢ ᠡᠭᠦᠳᠬᠦ ᠬᠥᠭ᠌ᠵᠢᠯᠲᠠ ᠵᠢ ᠠᠬᠢᠭᠤᠯᠤᠨ᠎ᠠ
ᠣᠷᠣᠨ ᠪᠦᠰᠡ ᠶ᠋ᠢᠨ ᠠᠵᠤ ᠠᠬᠤᠶ ᠶ᠋ᠢᠨ ᠬᠠᠮᠳᠤᠷᠠᠯᠴᠠᠭ᠎ᠠ ᠵᠢ ᠴᠢᠩᠭᠠᠳᠬᠠᠨ᠎ᠠ
ᠲᠤᠯᠤᠭ᠎ᠠ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠦᠷᠭᠦᠯᠵᠢᠯᠡᠨ ᠨᠡᠮᠡᠭ᠌ᠳᠡᠭᠦᠯᠵᠦ᠍ ᠂ ᠬᠠᠮᠲᠤ ᠪᠠᠷ ᠴᠢᠨᠡᠭᠡᠯᠢᠭ᠌ᠵᠢᠬᠦ᠌ ᠶ᠋ᠢ ᠯᠠᠪᠳᠠᠭᠤᠨ ᠢᠶᠠᠷ ᠠᠬᠢᠭᠤᠯᠤᠨ᠎ᠠ
1᠂ ᠠᠵᠢᠯ ᠣᠯᠭᠣᠯᠲᠠ ᠣᠷᠣᠯᠭ᠎ᠠ ᠶ᠋ᠢᠨ ᠨᠡᠮᠡᠭᠳᠡᠯ ᠢ ᠠᠬᠢᠭᠤᠯᠤᠨ᠎ᠠ
ᠠᠵᠤ ᠠᠬᠤᠶ ᠶ᠋ᠢᠨ ᠬᠥᠭ᠌ᠵᠢᠯᠲᠡ ᠶ᠋ᠢᠨ ᠠᠵᠢᠯ ᠤᠯᠭᠤᠯᠲᠠ ᠵᠢᠨ ᠤᠳᠤᠷᠢᠳᠤᠮᠵᠢ ᠵᠢ ᠪᠠᠷᠢᠮᠳᠠᠯᠠᠨ᠎ᠠ
ᠦᠢᠯᠡᠰ ᠪᠤᠰᠬᠠᠬᠤ ᠪᠠᠷ ᠠᠵᠢᠯ ᠣᠯᠭᠣᠯᠲᠠ ᠶ᠋ᠢ ᠳᠠᠢᠴᠢᠯᠠᠬᠤ ᠶ᠋ᠢ ᠠᠬᠢᠭᠤᠯᠵᠤ᠂ ᠤᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠣᠯᠭᠣᠬᠤ ᠶ᠋ᠢ ᠠᠬᠢᠭᠤᠯᠤᠨ᠎ᠠ
ᠬᠣᠲᠠ ᠬᠥᠳᠡᠭᠡ ᠶ᠋ᠢᠨ ᠰᠠᠭᠤᠭᠠᠯᠢ ᠠᠷᠠᠳ ᠤᠨ ᠣᠷᠣᠯᠭ᠎ᠠ ᠤᠯᠬᠤ ᠠᠷᠭ᠎ᠠ ᠵᠠᠮ ᠢ ᠦᠷᠭᠡᠳᠭᠡᠨ᠎ᠡ
2᠂ ᠴᠢᠨᠠᠷ ᠰᠠᠢᠲᠠᠶ ᠰᠤᠷᠭᠠᠨ ᠬᠥᠮᠦᠵᠢᠯ ᠦᠨ ᠱᠢᠰᠲ᠋ᠧᠮ ᠢ ᠪᠠᠢᠭᠤᠯᠤᠨ᠎ᠠ
ᠨᠠᠮ᠎ᠤᠨ ᠲᠥᠯᠥᠭᠡ ᠬᠥᠮᠦᠨ ᠢ ᠬᠥᠮᠦᠵᠢᠭᠦᠯᠬᠦ᠌᠂ ᠤᠯᠤᠰ ᠤᠨ ᠲᠥᠯᠥᠭᠡ ᠴᠢᠳᠠᠪᠤᠷᠢᠲᠠᠨ ᠢ ᠬᠥᠮᠦᠵᠢᠭᠦᠯᠬᠦ᠌ ᠶ᠋ᠢ ᠪᠠᠷᠢᠮᠲᠠᠯᠠᠵᠤ᠂ ᠶᠣᠰᠣ ᠰᠤᠷᠲᠠᠬᠤᠨ ᠵᠢᠡᠷ ᠬᠥᠮᠦᠨ ᠢ ᠬᠥᠮᠦᠵᠢᠭᠦᠯᠬᠦ᠌ ᠦᠨᠳᠦᠰᠦᠨ ᠡᠭᠦᠷᠭᠡ ᠶ᠋ᠢ ᠨᠠᠢᠳᠠᠪᠤᠷᠢᠵᠢᠭᠤᠯᠤᠨ᠎ᠠ
ᠰᠤᠷᠭᠠᠨ ᠬᠥᠮᠦᠵᠢᠯ ᠦᠨ ᠪᠡᠯᠡ ᠣᠷᠣᠭᠤᠯᠤᠯᠲᠠ᠎ᠶ᠋ᠢ ᠨᠡᠮᠡᠭ᠌ᠳᠡᠭᠦᠯᠵᠦ᠍᠂ ᠰᠤᠷᠭᠠᠨ ᠬᠥᠮᠦᠵᠢᠯ ᠦᠨ ᠦᠭᠡᠷᠡᠴᠢᠯᠡᠯᠲᠡ ᠵᠢ ᠬᠦᠨᠵᠡᠭᠡᠢᠷᠡᠭᠦᠯᠦᠨᠡ
ᠣᠨᠴᠠᠭᠠᠢ ᠰᠤᠷᠭᠠᠨ ᠬᠥᠮᠦᠵᠢᠯ ᠦᠨ ᠪᠠᠲᠤᠯᠠᠭ᠎ᠠ ᠶ᠋ᠢᠨ ᠬᠢᠷᠢ ᠲᠦᠪᠰᠢᠨ ᠢ ᠳᠡᠭᠡᠭ᠌ᠰᠢᠯᠡᠭᠦᠯᠵᠦ᠍᠂ ᠠᠷᠠᠳ ᠡᠴᠡ ᠡᠷᠭᠢᠯᠡᠭ᠌ᠰᠡᠨ ᠰᠤᠷᠭᠠᠨ ᠬᠥᠮᠦᠵᠢᠯ ᠦᠨ ᠬᠦᠭᠵᠢᠯᠲᠡ ᠵᠢ ᠲᠦᠷᠢᠮᠵᠢᠭᠦᠯᠦᠨ᠎ᠡ
3᠂ ᠤᠯᠠᠨ ᠲᠡᠰ ᠳᠠᠪᠬᠤᠷᠭ᠎ᠠ ᠶ᠋ᠢᠨ ᠨᠡᠢᠭᠡᠮ ᠦᠨ ᠪᠠᠲᠤᠯᠠᠭ᠎ᠠ ᠶ᠋ᠢᠨ ᠰᠢᠰᠲᠧᠮ ᠢ ᠪᠦᠷᠢᠨᠰᠢᠭᠦᠯᠦᠨ᠎ᠡ
ᠪᠥᠬᠥ᠌ ᠠᠷᠠᠳ ᠢᠶᠠᠷ᠎ᠢᠶᠠᠨ ᠳᠠᠭᠠᠳᠭᠠᠯ ᠳᠤ ᠣᠷᠣᠯᠴᠠᠬᠤ ᠲᠥᠯᠥᠪᠯᠡᠭᠡ ᠶ᠋ᠢ ᠭᠦᠨᠵᠡᠭᠡᠶ ᠬᠡᠷᠡᠭ᠌ᠵᠢᠭᠦᠯᠵᠦ᠍᠂ ᠬᠠᠸ᠋ᠯᠢ ᠪᠠᠷ ᠲᠣᠭ᠍ᠲᠠᠭᠠᠭ᠍ᠰᠠᠨ ᠠᠵᠢᠯᠲᠠᠨ᠎ᠢ ᠪᠦᠬᠦᠨ᠎ᠢ ᠬᠠᠮᠤᠷᠬᠤ ᠶ᠋ᠢ ᠠᠬᠢᠭᠤᠯᠤᠨ᠎ᠠ
ᠦᠨᠳᠦᠰᠦᠨ ᠨᠠᠰᠤᠵᠢᠯ᠎ᠤᠨ ᠲᠠᠭᠠᠳᠬᠠᠯ᠂ ᠦᠨᠳᠦᠰᠦᠨ ᠡᠮ ᠡᠮᠨᠡᠯᠭᠡ ᠵᠡᠷᠭᠡ ᠶ᠋ᠢᠨ ᠳᠠᠭᠠᠳᠭᠠᠯ ᠤᠨ ᠲᠦᠷᠢᠮ ᠢ ᠪᠦᠷᠢᠨᠱᠢᠬᠦᠯᠦᠨ ᠲᠡᠭᠦᠯᠳᠡᠷᠵᠢᠭᠦᠯᠦᠨ᠎ᠡ
ᠱᠠᠲᠤ ᠬᠤᠪᠢᠶᠠᠨ ᠲᠥᠷᠥᠯ ᠬᠤᠪᠢᠶᠠᠵᠦ᠂ ᠬᠣᠲᠠ ᠬᠥᠳᠡᠭᠡ᠎ᠶ᠋ᠢ ᠨᠢᠭᠡᠳᠦᠯᠲᠡᠶ ᠲᠥᠯᠥᠪᠵᠢᠭᠦᠯᠦᠭ᠌ᠰᠡᠨ ᠨᠡᠢᠭᠡᠮ ᠦᠨ ᠠᠪᠤᠷᠠᠨ ᠲᠤᠰᠠᠯᠠᠬᠤ ᠱᠢᠰᠲ᠋ᠧᠮ ᠢ ᠪᠦᠷᠢᠨᠱᠢᠬᠦᠯᠵᠦ᠍᠂ ᠶᠡᠷᠦᠩᠬᠡᠢᠯᠡᠭ᠌ᠰᠡᠨ ᠠᠪᠤᠷᠠᠨ ᠲᠤᠰᠠᠯᠠᠬᠤ ᠪᠠᠢᠷᠢᠱᠢᠯ ᠢ ᠪᠠᠢᠭᠤᠯᠤᠨ᠎ᠠ
ᠬᠥᠮᠦᠨ ᠠᠮᠠ ᠶ᠋ᠢᠨ ᠨᠠᠰᠤᠵᠢᠯᠲᠠ ᠶ᠋ᠢ ᠢᠳᠡᠪᠬᠢᠲᠡᠶ ᠠᠷᠭᠠᠴᠠᠭᠠᠨ᠎ᠠ
ᠣᠯᠠᠨ ᠭᠤᠤᠯ ᠴᠣᠭ᠍ᠴᠠ᠎ᠠᠴᠠ ᠬᠠᠩᠭᠠᠬᠤ᠂ ᠣᠯᠠᠨ ᠠᠷᠭ᠎ᠠ ᠵᠠᠮ᠎ᠢᠶᠠᠷ ᠪᠠᠲᠤᠯᠠᠬᠤ᠂ ᠲᠦᠷᠢᠶᠡᠰᠦᠯᠡᠬᠦ᠌ ᠪᠠ ᠬᠤᠳᠠᠯᠳᠤᠨ ᠠᠪᠬᠤ ᠶ᠋ᠢ ᠵᠡᠷᠭᠡ᠎ᠪᠡᠷ ᠴᠢᠬᠤᠯᠠᠴᠢᠯᠠᠬᠤ ᠣᠷᠣᠨ ᠰᠠᠭᠤᠴᠠ ᠶ᠋ᠢᠨ ᠲᠦᠷᠢᠮ ᠢ ᠲᠦᠷᠭᠡᠳᠭᠡᠨ ᠪᠠᠢᠭᠤᠯᠤᠨ᠎ᠠ
ᠴᠡᠷᠢᠭ ᠡᠴᠡ ᠬᠠᠯᠠᠭ᠍ᠳᠠᠭ᠍ᠰᠠᠳ ᠤᠨ ᠠᠵᠢᠯ ᠤᠨ ᠱᠢᠰᠲ᠋ᠧᠮ ᠪᠠ ᠪᠠᠲᠤᠯᠠᠭ᠎ᠠ ᠶ᠋ᠢᠨ ᠲᠦᠷᠢᠮ ᠢ ᠪᠦᠷᠢᠨᠰᠢᠭᠦᠯᠦᠨ᠎ᠡ
4᠂ ᠡᠷᠡᠭᠦᠯ ᠡᠩᠬᠡ ᠥᠪᠥᠷ ᠮᠣᠩᠭᠣᠯ ᠤᠨ ᠪᠥᠲᠥᠭᠡᠨ ᠪᠠᠢᠭᠤᠯᠤᠯᠲᠠ ᠶ᠋ᠢ ᠠᠬᠢᠭᠤᠯᠤᠨ᠎ᠠ
ᠠᠷᠠᠳ ᠣᠯᠠᠨ ᠳᠤ ᠪᠥᠬᠥ᠌ ᠲᠠᠯ᠎ᠠ ᠶ᠋ᠢᠨ ᠪᠥᠬᠥ᠌ ᠦᠶᠡᠯᠡᠯ ᠦᠨ ᠡᠷᠡᠭᠦᠯ ᠮᠡᠨᠳᠦ᠍ ᠶ᠋ᠢᠨ ᠦᠶ᠋ᠯᠡᠴᠢᠯᠡᠭᠡ ᠬᠠᠩᠭᠠᠬᠤ ᠪᠠᠷ ᠴᠢᠷᠮᠠᠢᠨ᠎ᠠ
ᠱᠢᠨ᠎ᠡ ᠲᠢᠲᠢᠮᠯᠢᠭᠠᠭᠤᠰᠭᠢᠨ ᠦᠷᠪᠢᠰᠦᠯ᠎ᠦᠨ ᠬᠢᠵᠢᠭ ᠦᠨ ᠪᠠᠢᠳᠠᠯ ᠢ ᠰᠡᠷᠭᠡᠢᠯᠡᠨ ᠡᠵᠡᠮᠳᠡᠬᠦ᠌ ᠠᠵᠢᠯ᠎ᠢ ᠪᠠᠢᠩᠭᠤᠵᠢᠭᠤᠯᠤᠨᠠ
ᠡᠮᠨᠡᠬᠦ᠌ ᠪᠠ ᠰᠡᠷᠭᠡᠢᠯᠡᠬᠦ᠌ ᠵᠢᠨ ᠬᠠᠮᠵᠢᠯᠴᠠᠬᠤ ᠲᠣᠭ᠍ᠲᠠᠴᠠ ᠪᠠ ᠰᠡᠷᠭᠡᠢᠯᠡᠨ ᠡᠵᠡᠮᠳᠡᠬᠦ᠌ ᠱᠢᠰᠲ᠋ᠧᠮ ᠢ ᠲᠡᠭᠦᠯᠳᠡᠷᠵᠢᠭᠦᠯᠦᠨ᠎ᠡ
ᠴᠢᠨᠠᠷ ᠰᠠᠢᠲᠠᠶ ᠡᠮᠴᠢᠯᠡᠭᠡᠨ ᠦ ᠡᠬᠢ ᠪᠠᠶᠠᠯᠢᠭ ᠤᠨ ᠪᠠᠭ᠍ᠲᠠᠭᠠᠮᠵᠢ ᠶ᠋ᠢ ᠥᠷᠭᠡᠳᠭᠡᠬᠦ᠌ ᠪᠠ ᠣᠷᠣᠨ ᠪᠦᠰᠡ ᠶ᠋ᠢᠨ ᠲᠡᠩᠴᠡᠭᠦᠷᠢᠲᠡᠶ ᠪᠠᠢᠷᠢᠯᠠᠭᠤᠯᠤᠯᠲᠠ ᠶ᠋ᠢ ᠲᠦᠷᠭᠡᠳᠭᠡᠨ᠎ᠡ
ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠶ᠋ᠢ ᠤᠯᠠᠮᠵᠢᠯᠠᠨ ᠵᠠᠯᠭᠠᠮᠵᠢᠯᠠᠵᠤ ᠱᠢᠨ᠎ᠡ ᠶ᠋ᠢ ᠡᠭᠦᠳᠦᠨ ᠬᠥᠭ᠌ᠵᠢᠭᠦᠯᠬᠦ᠌ ᠶ᠋ᠢ ᠠᠬᠢᠭᠤᠯᠤᠨ᠎ᠠ
ᠡᠷᠡᠭᠦᠯ ᠮᠡᠨᠳᠦ᠍ ᠶ᠋ᠢᠨ ᠠᠵᠤ ᠦᠶ᠋ᠯᠡᠰ ᠢ ᠲᠦᠷᠭᠡᠳᠭᠡᠨ ᠬᠥᠭ᠌ᠵᠢᠭᠦᠯᠦᠨ᠎ᠡ
ᠤᠯᠤᠰ ᠢᠶᠠᠨ ᠬᠠᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠦᠨ᠎ᠠ
ᠣᠯᠠᠨ ᠲᠦᠮᠡᠨᠴᠢ ᠪᠡᠶ᠎ᠡ ᠶ᠋ᠢᠨ ᠲᠠᠮᠢᠷ᠂ ᠵᠠᠯᠠᠭᠤᠴᠤᠳ ᠪᠠᠭᠠᠴᠤᠳ ᠤᠨ ᠪᠡᠶ᠎ᠡ ᠶ᠋ᠢᠨ ᠲᠠᠮᠢᠷ᠂ ᠤᠷᠤᠯᠳᠤᠭᠠᠨ ᠤ ᠪᠡᠶ᠎ᠡ ᠶ᠋ᠢᠨ ᠲᠠᠮᠢᠷ ᠪᠠ ᠪᠡᠶ᠎ᠡ ᠶ᠋ᠢᠨ ᠲᠠᠮᠢᠷ ᠤᠨ ᠠᠵᠤ ᠦᠢᠯᠡᠰ ᠤᠨ ᠪᠦᠬᠦ ᠲᠠᠯ᠎ᠠ ᠵᠢᠨ ᠬᠦᠭᠵᠢᠯᠲᠡ ᠵᠢ ᠠᠬᠢᠭᠤᠯᠤᠨ᠎ᠠ
ᠦᠷᠡᠵᠢᠯ᠎ᠦᠨ ᠢᠵᠢ ᠪᠦᠷᠢᠳᠦᠭᠦᠯᠬᠦ᠌ ᠲᠥᠷᠥ ᠶ᠋ᠢᠨ ᠪᠤᠳᠤᠯᠭ᠎ᠠ ᠵᠢ ᠲᠡᠭᠦᠯᠳᠡᠷᠵᠢᠭᠦᠯᠦᠨ᠎ᠡ
5᠂ ᠨᠡᠢᠭᠡᠮ ᠦᠨ ᠵᠠᠰᠠᠯᠲᠠ ᠶ᠋ᠢ ᠴᠢᠩᠭᠠᠳᠬᠠᠠ ᠰᠢᠨ᠎ᠡ ᠵᠢ ᠡᠭᠦᠳᠦᠨ᠎ᠡ
ᠨᠡᠢᠭᠡᠮ ᠦᠨ ᠬᠠᠮᠲᠤ ᠪᠠᠷ ᠪᠠᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ᠌ ᠶ᠋ᠢ ᠪᠠᠷᠢᠮᠲᠠᠯᠠᠵᠤ᠂ ᠬᠥᠮᠦᠨ ᠪᠦᠬᠦᠨ ᠬᠠᠷᠢᠭᠤᠴᠠᠯᠭ᠎ᠠ᠎ᠲᠠᠶ᠂ ᠬᠥᠮᠦᠨ ᠪᠦᠬᠦᠨ ᠬᠠᠷᠢᠭᠤᠴᠠᠯᠭ᠎ᠠ ᠪᠠᠨ ᠭᠦᠢᠴᠡᠳᠭᠡᠵᠦ᠍᠂ ᠬᠥᠮᠦᠨ ᠪᠦᠬᠦᠨ ᠡᠳ᠋ᠯᠡᠬᠦ᠌ ᠨᠡᠢᠭᠡᠮ ᠦᠨ ᠵᠠᠰᠠᠯᠲᠠ ᠶ᠋ᠢᠨ ᠬᠠᠮᠲᠤ ᠶ᠋ᠢᠨ ᠴᠣᠭ᠍ᠴᠠ᠎ᠶ᠋ᠢ ᠪᠠᠢᠭᠤᠯᠤᠨ᠎ᠠ
ᠬᠣᠲᠠ᠎ᠶ᠋ᠢᠨ ᠬᠡᠪᠴᠢᠶᠡᠨ᠎ᠦ ᠨᠡᠢᠭᠡᠮ ᠦᠨ ᠵᠠᠰᠠᠯᠲᠠ ᠶ᠋ᠢᠨ ᠣᠳᠣᠬᠢᠴᠢᠯᠠᠯᠲᠠ᠎ᠶ᠋ᠢ ᠠᠬᠢᠭᠤᠯᠵᠤ᠂ ᠨᠡᠢᠭᠡᠮ ᠦᠨ ᠵᠠᠰᠠᠯᠲᠠ ᠶ᠋ᠢᠨ ᠭᠣᠸ᠋ᠯᠳᠠᠯᠭᠠ ᠶ᠋ᠢ ᠦᠨᠳᠦᠰᠦᠨ ᠱᠠᠲᠤ ᠳᠠᠢᠰᠢ ᠱᠢᠯᠵᠢᠭᠦᠯᠬᠦ᠌ ᠶ᠋ᠢ ᠠᠬᠢᠭᠤᠯᠤᠨ᠎ᠠ
ᠨᠡᠢᠭᠡᠮ ᠲᠣᠭᠣᠷᠢᠭ ᠬᠢᠭᠡᠳ ᠨᠡᠢᠭᠡᠮ ᠦᠨ ᠵᠣᠬᠢᠶᠠᠨ ᠪᠠᠢᠭᠤᠯᠤᠯᠲᠠ᠂ ᠨᠡᠢᠭᠡᠮ ᠦᠨ ᠠᠵᠢᠯᠳᠠᠨ᠂ ᠨᠡᠢᠭᠡᠮ ᠲᠣᠭᠣᠷᠢᠭ ᠤᠨ ᠰᠠᠢ᠌ᠨ ᠳᠤᠷᠠᠴᠤᠤᠯ᠂ ᠨᠡᠢᠭᠡᠮ ᠦᠨ ᠨᠢᠭᠦᠯᠡᠰᠦᠩᠭᠦᠶ ᠶ᠋ᠢᠨ ᠡᠬᠢ ᠪᠠᠶᠠᠯᠢᠭ ᠤᠨ ᠬᠠᠮᠲᠤᠷᠠᠨ ᠬᠥᠳᠡᠯᠦᠯᠴᠡᠬᠦ᠌ ᠲᠣᠭ᠍ᠲᠠᠴᠠ ᠶ᠋ᠢ ᠪᠦᠷᠢᠨᠱᠢᠬᠦᠯᠦᠨ᠎ᠠ
ᠨᠠᠢ᠍ᠮᠠ᠂ ᠨᠡᠢᠭᠡᠮ ᠵᠢᠷᠤᠮ᠎ᠤᠨ ᠠᠷᠠᠳᠴᠢᠯᠠᠭ᠍ᠰᠠᠨ ᠤᠯᠤᠰ ᠲᠦᠷᠦ᠍᠎ᠶ᠋ᠢᠨ ᠪᠠᠢᠭᠤᠯᠤᠯᠲᠠ ᠶ᠋ᠢ ᠠᠬᠢᠭᠤᠯᠵᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠲᠠᠰᠤᠷᠠᠯᠲᠠ ᠦᠭᠡᠢ ᠬᠥᠭ᠌ᠵᠢᠭᠦᠯᠦᠨ᠎ᠡ
1᠂ ᠠᠷᠠᠳ ᠤᠨ ᠠᠷᠠᠳᠴᠢᠯᠠᠯ ᠢ ᠴᠢᠨᠠᠬᠰᠢᠲᠠ ᠥᠷᠭᠡᠳᠭᠡᠨ᠎ᠡ
ᠱᠢᠨ᠎ᠡ ᠴᠠᠭ ᠦᠶ᠎ᠡ ᠶ᠋ᠢᠨ ᠠᠷᠠᠳ ᠤᠨ ᠲᠥᠯᠥᠭᠡᠯᠡᠭ᠌ᠴᠢᠳ ᠦᠨ ᠶᠡᠬᠡ ᠬᠤᠷᠠᠯ ᠤᠨ ᠠᠵᠢᠯ ᠢ ᠴᠢᠩᠭᠠᠳᠬᠠᠨ ᠰᠠᠢᠵᠢᠷᠠᠭᠤᠯᠤᠨ᠎ᠠ
ᠠᠷᠠᠳ ᠤᠨ ᠤᠯᠤᠰ ᠲᠦᠷᠦ᠍ ᠶ᠋ᠢᠨ ᠵᠥᠪᠯᠡᠯᠭᠡᠨ ᠤ ᠤᠯᠤᠰ ᠲᠦᠷᠦ᠍ ᠶ᠋ᠢᠨ ᠵᠣᠬᠢᠶᠠᠨ ᠪᠠᠢᠭᠤᠯᠤᠯᠲᠠ ᠪᠠ ᠠᠷᠠᠳᠴᠢᠯᠠᠯ ᠤᠨ ᠬᠡᠯᠪᠡᠷᠢ ᠵᠢᠨ ᠴᠢᠳᠠᠪᠤᠷᠢ ᠵᠢ ᠪᠠᠳᠠᠷᠠᠭᠤᠯᠤᠨ᠎ᠠ
ᠠᠮᠢᠵᠢᠷᠠᠯ ᠤᠨ ᠬᠦᠴᠦᠨ ᠢᠶᠡᠷ ᠪᠢᠯᠬᠠᠮ᠎ᠠ ᠦᠨᠳᠦᠰᠦᠨ ᠱᠠᠲᠤᠨ ᠤ ᠤᠯᠠᠨ ᠲᠦᠮᠡᠨ ᠦ ᠥᠪᠡᠷᠲᠡᠭᠡᠨ ᠵᠠᠰᠠᠬᠤ ᠲᠦᠷᠢᠮ ᠢ ᠪᠦᠷᠢᠨᠰᠢᠭᠦᠯᠦᠨ᠎ᠡ
ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭ᠌ᠲᠡᠢᠴᠦᠳ ᠦᠨ ᠬᠣᠯᠪᠣᠭ᠎ᠠ ᠵᠡᠷᠭᠡ ᠣᠯᠠᠨ ᠲᠦᠮᠡᠨ ᠦ ᠪᠦᠯᠬᠦᠮ ᠦᠨ ᠵᠣᠬᠢᠶᠠᠨ ᠪᠠᠢᠭᠤᠯᠤᠯᠲᠠ ᠶ᠋ᠢᠨ ᠤᠯᠤᠰ ᠲᠥᠷᠥᠴᠢ ᠴᠢᠨᠠᠷ᠂ ᠲᠡᠷᠢᠭᠦᠨ ᠦ ᠴᠢᠨᠠᠷ᠂ ᠣᠯᠠᠨ ᠲᠦᠮᠡᠨᠴᠢ ᠴᠢᠨᠠᠷ ᠢᠶᠠᠨ ᠴᠢᠩᠭᠠᠳᠭᠠᠬᠤ ᠶ᠋ᠢ ᠠᠬᠢᠭᠤᠯᠤᠨ᠎ᠠ
2᠂ ᠬᠠᠸ᠋ᠯᠢᠵᠢᠯᠤᠨ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠶ ᠠᠬᠢᠭᠤᠯᠤᠨ᠎ᠠ
ᠨᠠᠮ ᠠᠴᠠ ᠪᠦᠬᠦ᠌ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠶ᠋ᠢ ᠤᠳᠤᠷᠢᠳᠭᠤ ᠳᠦᠷᠢᠮ ᠪᠣᠯᠤᠨ ᠠᠵᠢᠯ ᠤᠨ ᠲᠣᠭ᠍ᠲᠠᠴᠠ ᠶ᠋ᠢ ᠪᠦᠷᠢᠨᠱᠢᠬᠦᠯᠦᠨᠡ
ᠦᠨᠳᠦᠰᠦᠨ ᠬᠠᠤᠯᠢ ᠶ᠋ᠢ ᠪᠦᠬᠦ᠌ ᠲᠠᠯ᠎ᠠ ᠪᠠᠷ ᠲᠤᠭᠤᠰᠢᠯᠠᠭᠤᠯᠤᠨ ᠬᠡᠷᠡᠭ᠌ᠵᠢᠭᠦᠯᠦᠨ᠎ᠡ
ᠱᠢᠨᠵᠢᠯᠡᠬᠦ᠌ ᠤᠬᠠᠭᠠᠨᠴᠢ ᠪᠠᠷ ᠬᠠᠤᠯᠢ ᠲᠣᠭ᠍ᠲᠠᠭᠠᠬᠤ᠂ ᠠᠷᠠᠳᠴᠢᠯᠠᠯ᠎ᠢᠶᠠᠷ ᠬᠠᠤᠯᠢ ᠲᠣᠭ᠍ᠲᠠᠭᠠᠬᠤ᠂ ᠬᠠᠤᠯᠢ ᠶᠣᠰᠣᠭᠠᠷ ᠬᠠᠤᠯᠢ ᠲᠣᠭ᠍ᠲᠠᠭᠠᠬᠤ ᠶ᠋ᠢ ᠭᠦᠨᠵᠡᠭᠡᠶ ᠠᠬᠢᠭᠤᠯᠤᠨ᠎ᠠ
ᠬᠠᠤᠯᠢ ᠴᠠᠭᠠᠵᠠ ᠵᠢᠨ ᠪᠠᠢᠭᠤᠯᠤᠮᠵᠢ ᠵᠢᠨ ᠶᠡᠷᠦᠩᠬᠡᠢᠯᠡᠭ᠌ᠰᠡᠨ ᠢᠵᠢ ᠪᠦᠷᠢᠳᠦᠭᠦᠯᠬᠦ᠌ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠎ᠡ
ᠪᠦᠬᠦ ᠠᠷᠠᠳ ᠤ᠋ᠨ ᠬᠠᠤᠯᠢ ᠲᠦᠭᠡᠮᠡᠯᠵᠢᠭᠦᠯᠬᠦ᠌ ᠡᠷᠴᠢᠮ ᠢ ᠴᠢᠩᠭᠠᠷᠠᠭᠤᠯᠤᠨ᠎ᠠ
3᠂ ᠬᠠᠮᠤᠭ᠎ᠤᠨ ᠥᠷᠭᠡᠨ ᠳᠡᠯᠭᠡᠷ ᠡᠭᠡ ᠣᠷᠣᠨᠴᠢ ᠨᠢᠭᠡᠳᠦᠮᠡᠯ ᠹᠷᠣᠨᠲ ᠢ ᠪᠡᠬᠢᠵᠢᠭᠦᠯᠦᠨ ᠬᠥᠭ᠌ᠵᠢᠭᠦᠯᠦᠨ᠎ᠡ
ᠶᠡᠬᠡ ᠪᠦᠯᠬᠦᠮᠳᠡᠯ ᠶᠡᠬᠡ ᠬᠣᠯᠪᠣᠭᠠᠯᠠᠯ ᠢ ᠪᠠᠷᠢᠮᠲᠠᠯᠠᠵᠤ᠂ ᠨᠢᠭᠡᠳᠦᠯᠲᠦ ᠴᠢᠨᠠᠷ ᠪᠠ ᠤᠯᠠᠨ ᠶᠠᠩᠵᠤᠲᠤ ᠴᠢᠨᠠᠷ ᠤᠨ ᠨᠢᠭᠡᠳᠦᠯ ᠢ ᠪᠠᠷᠢᠮᠲᠠᠯᠠᠨ᠎ᠠ
ᠡᠯ᠎ᠡ ᠠᠷᠠᠳᠴᠢᠯᠠᠭ᠍ᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ ᠪᠣᠯᠤᠨ ᠨᠠᠮ ᠪᠦᠯᠦᠭ᠎ᠦᠨ ᠪᠤᠰᠤ ᠬᠥᠮᠦᠰ᠎ᠯᠦᠭᠡ᠎ᠶ᠋ᠢᠨ ᠪᠦᠯᠬᠦᠮᠳᠡᠯ ᠬᠠᠮᠲᠤᠷᠠᠯᠴᠠᠭ᠎ᠠ᠎ᠵᠢ ᠴᠢᠩᠭᠠᠳᠭᠠᠨ᠎ᠠ
ᠮᠠᠨ᠎ᠤ ᠤᠯᠤᠰ ᠤᠨ ᠱᠠᠱᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠴᠢᠭ᠌ᠯᠡᠯ ᠢ ᠪᠠᠷᠢᠮᠲᠠᠯᠠᠵᠤ᠂ ᠱᠠᠱᠢᠨ ᠰᠤᠷᠲᠠᠬᠤᠨ᠎ᠤ ᠬᠡᠷᠡᠭ ᠶᠠᠪᠤᠳᠠᠯ᠎ᠢ ᠬᠠᠤᠯᠢ ᠶᠣᠰᠣᠭᠠᠷ ᠬᠠᠮᠢᠶᠠᠷᠤᠨ᠎ᠠ
ᠨᠠᠮ᠎ᠤᠨ ᠭᠠᠳᠠᠨᠠᠬᠢ ᠲᠥᠯᠥᠭᠡᠯᠡᠭ᠌ᠴᠢ ᠬᠥᠮᠦᠰ᠎ᠦᠨ ᠡᠩᠨᠡᠭᠡᠨ᠎ᠦ ᠪᠠᠢᠭᠤᠯᠤᠯᠲᠠ᠎ᠶ᠋ᠢ ᠠᠬᠢᠭᠤᠯᠤᠨ᠎ᠠ
ᠶᠢᠰᠦ᠂ ᠨᠡᠢᠭᠡᠮ ᠵᠢᠷᠤᠮ᠎ᠤᠨ ᠰᠣᠶᠣᠯ᠎ᠤᠨ ᠪᠠᠢᠭᠤᠯᠤᠯᠲᠠ᠎ᠶ᠋ᠢ ᠶᠡᠬᠡ ᠪᠡᠷ ᠴᠢᠩᠭᠠᠳᠭᠠᠵᠤ᠂ ᠦᠨᠳᠦᠰᠦᠲᠡᠨ᠎ᠨᠦᠭᠦᠳ ᠦᠨ ᠠᠷᠠᠳ ᠲᠦᠮᠡᠨ ᠦ ᠪᠦᠯᠬᠦᠮᠳᠡᠨ ᠲᠡᠮᠡᠴᠡᠬᠦ᠌ ᠬᠦᠴᠦᠷᠬᠡᠭ ᠶᠡᠬᠡ ᠤᠶᠤᠨ ᠰᠠᠨᠠᠭᠠᠨ ᠤ ᠬᠦᠴᠦᠨ ᠴᠢᠲᠠᠯ ᠢ ᠨᠢᠭ᠍ᠲᠠᠷᠠᠭᠤᠯᠤᠨ᠎ᠠ
1᠂ ᠦᠵᠡᠯ ᠤᠬᠠᠮᠰᠠᠷ ᠤᠨ ᠬᠡᠯᠪᠡᠷᠢ ᠶ᠋ᠢᠨ ᠠᠵᠢᠯ ᠤᠨ ᠤᠳᠤᠷᠢᠳᠭᠤ ᠡᠷᠬᠡ ᠶ᠋ᠢ ᠪᠠᠲᠤ ᠡᠵᠡᠮᠱᠢᠨ᠎ᠡ
ᠰᠢ᠎ᠶ᠋ᠢᠨ ᠫᠢᠩ ᠦᠨ ᠱᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤᠨ ᠣᠨᠴᠠᠯᠢᠭ ᠲᠠᠢ ᠨᠡᠢᠭᠡᠮ ᠵᠢᠷᠤᠮ ᠤᠨ ᠦᠵᠡᠯ ᠰᠠᠨᠠᠭ᠎ᠠ ᠶ᠋ᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶ ᠦᠷᠨᠢᠭᠦᠯᠦᠨ᠎ᠡ
ᠦᠵᠡᠯ ᠤᠬᠠᠮᠰᠠᠷ ᠤᠨ ᠬᠡᠯᠪᠡᠷᠢ ᠶ᠋ᠢᠨ ᠬᠦᠷᠢᠶᠠᠨ ᠳᠡᠬᠢ ᠮᠠᠷᠺᠰ ᠤᠨ ᠦᠵᠡᠯ ᠦᠨ ᠵᠢᠯᠣᠭᠣᠳᠭᠤ ᠪᠠᠢᠷᠢ ᠰᠠᠭᠤᠷᠢ ᠶ᠋ᠢ ᠲᠠᠰᠤᠷᠠᠯᠲᠠ ᠦᠭᠡᠢ ᠪᠡᠬᠢᠵᠢᠭᠦᠯᠦᠨ᠎ᠡ
ᠨᠠᠮ ᠠᠴᠠ ᠰᠤᠷᠲᠠᠯ ᠤᠬᠠᠭᠤᠯᠭ᠎ᠠ ᠶ᠋ᠢ ᠬᠠᠮᠢᠶᠠᠷᠬᠤ᠂ ᠨᠠᠮ ᠠᠴᠠ ᠦᠵᠡᠯ ᠤᠬᠠᠮᠰᠠᠷ ᠤᠨ ᠬᠡᠯᠪᠡᠷᠢ ᠶ᠋ᠢ ᠬᠠᠮᠢᠶᠠᠷᠬᠤ᠂ ᠨᠠᠮ ᠠᠴᠠ ᠵᠠᠭᠤᠴᠢᠯᠠᠭᠤᠷ ᠢ ᠬᠠᠮᠢᠶᠠᠷᠬᠤ᠎ᠶ᠋ᠢ ᠪᠠᠷᠢᠮᠲᠠᠯᠠᠨ᠎ᠠ
ᠡᠯ᠎ᠡ ᠵᠦᠶ᠋ᠯ᠎ᠦᠨ ᠪᠤᠷᠤᠭᠤ ᠦᠵᠡᠯᠲᠡ᠎ᠶ᠋ᠢ ᠲᠤᠭ ᠲᠡᠮᠳᠡᠭ ᠲᠣᠳᠣᠷᠬᠠᠶ᠎ᠪᠠᠷ ᠡᠰᠡᠷᠭᠦᠴᠡᠨ ᠬᠣᠷᠢᠭ᠍ᠯᠠᠨ᠎ᠠ
ᠭᠤᠤᠯ ᠪᠤᠯᠬᠤ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶ᠋ᠢ ᠪᠡᠬᠢᠵᠢᠭᠦᠯᠦᠨ ᠪᠤᠵᠠᠭᠠᠢᠷᠠᠭᠤᠯᠤᠨ᠎ᠠ
ᠰᠦᠯᠵᠢᠶᠡᠨ᠎ᠦ ᠪᠠᠢᠭᠤᠯᠤᠯᠲᠠ᠂ ᠬᠡᠷᠡᠭ᠌ᠯᠡᠯᠲᠡ᠂ ᠬᠠᠮᠢᠶᠠᠷᠤᠯᠲᠠ ᠶ᠋ᠢᠨ ᠲᠦᠪᠱᠢᠨ ᠢ ᠳᠡᠭᠡᠭ᠌ᠰᠢᠯᠡᠭᠦᠯᠵᠦ᠍᠂ ᠰᠦᠯᠵᠢᠶᠡᠨ ᠦ ᠦᠵᠡᠯ ᠤᠬᠠᠮᠰᠠᠷ ᠤᠨ ᠬᠡᠯᠪᠡᠷᠢ ᠶ᠋ᠢᠨ ᠠᠮᠤᠷ ᠲᠦᠪᠱᠢᠨ ᠢ ᠡᠷᠡᠰ ᠬᠠᠮᠠᠭᠠᠯᠠᠨ᠎ᠠ
2᠂ ᠨᠡᠢᠭᠡᠮ ᠦᠨ ᠪᠣᠯᠪᠠᠰᠤᠨ ᠤ ᠬᠡᠮᠵᠢᠶ᠎ᠡ ᠶ᠋ᠢ ᠳᠡᠭᠡᠭ᠌ᠰᠢᠯᠡᠭᠦᠯᠦᠨ᠎ᠡ
ᠨᠡᠢᠭᠡᠮ ᠵᠢᠷᠤᠮ ᠤᠨ ᠭᠤᠤᠯᠯᠠᠬᠴᠢ ᠥᠷᠲᠡᠭ᠎ᠦᠨ ᠦᠵᠡᠯᠲᠡ᠎ᠶ᠋ᠢ ᠢᠳᠡᠪᠬᠢᠲᠡᠶ ᠪᠣᠢᠵᠢᠭᠤᠯᠤᠨ ᠦᠢᠯᠡᠳᠦᠯᠭᠡᠵᠢᠭᠦᠯᠦᠨ᠎ᠡ
ᠨᠠᠮ᠎ᠤᠨ ᠲᠡᠦᠬᠡ᠂ ᠱᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶ᠋ᠢᠨ ᠲᠡᠦᠬᠡ᠂ ᠨᠡᠢᠭᠡᠮ ᠵᠢᠷᠤᠮ ᠤᠨ ᠬᠥᠭ᠌ᠵᠢᠯᠲᠡ ᠶ᠋ᠢᠨ ᠲᠡᠦᠬᠡ ᠶ᠋ᠢᠨ ᠤᠬᠠᠭᠤᠯᠭ᠎ᠠ ᠬᠥᠮᠦᠵᠢᠯ ᠢ ᠴᠢᠩᠭᠠᠳᠭᠠᠨ᠎ᠠ
ᠤᠯᠤᠰ ᠵᠢᠡᠨ ᠬᠠᠢᠷᠠᠯᠠᠬᠤ ᠦᠵᠡᠯ᠂ ᠬᠠᠮᠲᠤᠴᠢ ᠦᠵᠡᠯ᠂ ᠨᠡᠢᠭᠡᠮ ᠵᠢᠷᠤᠮ ᠤᠨ ᠬᠥᠮᠦᠵᠢᠯ ᠢ ᠴᠢᠩᠭᠠᠳᠭᠠᠨ᠎ᠠ
ᠨᠠᠮ ᠪᠠ ᠠᠷᠠᠳ ᠲᠦᠮᠡᠨ ᠦ ᠡᠯ᠎ᠡ ᠲᠡᠦᠬᠡᠨ ᠴᠠᠭ ᠦᠶ᠎ᠡ ᠶ᠋ᠢᠨ ᠲᠡᠮᠡᠴᠡᠯ ᠦᠨ ᠳᠤᠮᠳᠠ ᠪᠦᠷᠢᠯᠳᠦᠭ᠌ᠰᠡᠨ ᠠᠭᠤᠤ ᠶᠡᠬᠡ ᠵᠣᠷᠢᠭ ᠰᠠᠨᠠᠭ᠎ᠠ᠎ᠶ᠋ᠢ ᠪᠠᠳᠠᠷᠠᠭᠤᠯᠤᠨ᠎ᠠ
ᠱᠢᠨ᠎ᠡ ᠴᠠᠭ ᠦᠶ᠎ᠡ᠎ᠶ᠋ᠢᠨ ᠠᠷᠠᠳ ᠢᠷᠭᠡᠳ᠎ᠦᠨ ᠶᠣᠰᠣ ᠰᠤᠷᠲᠠᠬᠤᠨ᠎ᠤ ᠪᠠᠢᠭᠤᠯᠤᠯᠲᠠ ᠶ᠋ᠢᠨ 《ᠠᠷᠪᠠᠨ ᠶᠡᠬᠡ ᠠᠵᠢᠯᠯᠠᠭ᠎ᠠ》 ᠶ᠋ᠢ ᠬᠡᠷᠡᠭ᠌ᠵᠢᠭᠦᠯᠦᠨ᠎ᠡ
3᠂ ᠰᠣᠶᠣᠯ ᠤᠨ ᠦᠢᠯᠡᠰ ᠦᠨ ᠴᠡᠴᠡᠭ᠌ᠯᠡᠨ ᠬᠥᠭ᠌ᠵᠢᠬᠦ᠌ ᠶ᠋ᠢ ᠠᠬᠢᠭᠤᠯᠤᠨ᠎ᠠ
ᠬᠤᠳᠠ ᠬᠥᠳᠡᠭᠡ᠎ᠶ᠋ᠢᠨ ᠤᠯᠠᠨ ᠨᠡᠢᠲᠡ ᠶ᠋ᠢᠨ ᠰᠣᠶᠣᠯ᠎ᠤᠨ ᠦᠢᠯᠡᠴᠢᠯᠡᠭᠡᠨ᠎ᠦ ᠱᠢᠰᠲ᠋ᠧᠮ ᠢ ᠨᠢᠭᠡ ᠴᠤᠬ᠍ᠴᠠᠵᠢᠭᠤᠯᠬᠤ ᠪᠠᠢᠭᠤᠯᠤᠯᠲᠠ ᠶ᠋ᠢ ᠴᠢᠩᠭᠠᠳᠭᠠᠨ᠎ᠠ
ᠰᠣᠨᠢᠨ ᠮᠡᠳᠡᠭᠡᠯᠡᠯ ᠬᠡᠪᠯᠡᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ᠂ ᠤᠳᠭ᠎ᠠ ᠵᠣᠬᠢᠶᠠᠯ ᠤᠷᠠᠯᠢᠭ᠂ ᠭᠦᠨ ᠤᠬᠠᠭᠠᠨ ᠨᠡᠢᠭᠡᠮ ᠦᠨ ᠱᠢᠨᠵᠢᠯᠡᠬᠦ᠌ ᠤᠬᠠᠭᠠᠨ ᠤ ᠦᠢᠯᠡᠰ ᠢ ᠪᠦᠬᠦ᠌ ᠲᠠᠯ᠎ᠠ ᠪᠠᠷ ᠴᠡᠴᠡᠭ᠌ᠯᠡᠭᠦᠯᠦᠨ ᠬᠥᠭ᠌ᠵᠢᠭᠦᠯᠦᠨ᠎ᠡ
ᠳᠤᠮᠳᠠᠳᠤ ᠶ᠋ᠢᠨ ᠱᠢᠯᠢᠳᠡᠭ ᠤᠯᠠᠮᠵᠢᠯᠠᠯᠲᠤ ᠰᠣᠶᠣᠯ ᠢ ᠵᠠᠯᠭᠠᠮᠵᠢᠯᠠᠨ ᠬᠥᠭ᠌ᠵᠢᠭᠦᠯᠬᠦ᠌ ᠢᠨᠵᠧᠨᠧᠷᠢᠩ ᠢ ᠭᠦᠨᠵᠡᠭᠡᠢ ᠬᠡᠷᠡᠭ᠌ᠵᠢᠭᠦᠯᠦᠨ᠎ᠡ
4᠂ ᠰᠣᠶᠣᠯ᠎ᠤᠨ ᠠᠵᠤ ᠦᠢᠯᠡᠰ ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠤᠨ᠎ᠠ
ᠱᠢᠯᠢᠳᠡᠭ ᠰᠣᠶᠣᠯ ᠤᠨ ᠪᠦᠲᠦᠭᠡᠭ᠌ᠳᠡᠬᠦᠨ᠎ᠦ ᠬᠠᠩᠭᠠᠯᠭ᠎ᠠ᠎ᠶ᠋ᠢ ᠥᠷᠭᠡᠳᠭᠡᠨ᠎ᠡ
ᠰᠣᠶᠣᠯ᠎ᠤᠨ ᠠᠵᠤ ᠦᠢᠯᠡᠰ᠎ᠦᠨ ᠪᠦᠬᠦ᠌ ᠲᠠᠯ᠎ᠠ᠎ᠪᠠᠷ ᠬᠡᠯᠪᠡᠷᠢ ᠪᠡᠨ ᠬᠤᠪᠢᠷᠠᠭᠤᠯᠤᠨ ᠳᠡᠰ ᠳᠡᠪᠱᠢᠬᠦ᠌ ᠶ᠋ᠢ ᠠᠬᠢᠭᠤᠯᠤᠨ᠎ᠠ
ᠳᠤᠮᠳᠠᠳᠤ ᠤᠯᠤᠰ ᠤᠨ ᠦᠯᠢᠭᠡᠷ᠎ᠢ ᠰᠠᠢᠲᠤᠷ ᠶᠠᠷᠢᠬᠤ᠎ᠪᠠᠷ ᠬᠦᠴᠦᠯᠡᠬᠦ᠌ ᠴᠡᠭ ᠪᠣᠯᠭᠠᠵᠤ᠂ ᠤᠯᠠᠨ ᠤᠯᠤᠰ ᠤᠨ ᠳᠠᠮᠵᠢᠭᠤᠯᠭ᠎ᠠ ᠶ᠋ᠢᠨ ᠴᠢᠳᠠᠪᠤᠷᠢ ᠶ᠋ᠢᠨ ᠪᠠᠢᠭᠤᠯᠤᠯᠲᠠ ᠪᠣᠯᠤᠨ ᠭᠠᠳᠠᠭᠠᠳᠤᠯᠤᠭᠠ ᠶ᠋ᠢᠨ ᠰᠣᠶᠣᠯ ᠤᠨ ᠰᠣᠯᠢᠯᠴᠠᠭ᠎ᠠ ᠶ᠋ᠢ ᠴᠢᠩᠭᠠᠳᠭᠠᠨ᠎ᠠ
ᠠᠷᠪᠠ᠂ ᠳᠤᠮᠳᠠᠳᠤ ᠶ᠋ᠢᠨ ᠦᠨᠳᠦᠰᠦᠲᠡᠨ ᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ ᠪᠠᠲᠤ ᠴᠣᠭ᠍ᠴᠠᠯᠠᠬᠤ ᠪᠠᠷ ᠭᠣᠣᠯ ᠱᠤᠭᠤᠮ ᠪᠣᠯᠭᠠᠬᠤ ᠶ᠋ᠢ ᠪᠠᠷᠢᠮᠲᠠᠯᠠᠵᠤ᠂ ᠱᠢᠨ᠎ᠡ ᠴᠠᠭ ᠦᠶ᠎ᠡ ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠤᠨ᠎ᠠ
1᠂ ᠳᠤᠮᠳᠠᠳᠤ ᠶ᠋ᠢᠨ ᠦᠨᠳᠦᠰᠦᠲᠡᠨ᠎ᠦ ᠬᠠᠮᠲᠤ ᠶ᠋ᠢᠨ ᠤᠶᠤᠨ ᠰᠠᠨᠠᠭᠠᠨ᠎ᠤ ᠭᠡᠷ ᠣᠷᠣᠨ ᠤ ᠪᠠᠢᠭᠤᠯᠤᠯᠲᠠ ᠶ᠋ᠢ ᠠᠬᠢᠭᠤᠯᠤᠨ᠎ᠠ
ᠳᠤᠮᠳᠠᠳᠤ ᠶ᠋ᠢᠨ ᠦᠨᠳᠦᠰᠦᠲᠡᠨ ᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ ᠪᠠᠲᠤ ᠴᠣᠭ᠍ᠴᠠᠯᠠᠬᠤ ᠤᠨᠤᠯ᠎ᠤᠨ ᠰᠤᠳᠤᠯᠭᠠᠨ ᠤ ᠱᠢᠰᠲ᠋ᠧᠮ ᠪᠠ ᠤᠬᠠᠭᠤᠯᠭ᠎ᠠ ᠬᠥᠮᠦᠵᠢᠯ᠎ᠦᠨ ᠱᠢᠰᠲ᠋ᠧᠮ ᠢ ᠪᠠᠢᠭᠤᠯᠤᠨ ᠲᠡᠭᠦᠯᠳᠡᠷᠵᠢᠭᠦᠯᠦᠨ᠎ᠡ
ᠳᠤᠮᠳᠠᠳᠤ ᠶ᠋ᠢᠨ ᠰᠣᠶᠣᠯ ᠢᠶᠠᠷ ᠦᠨᠳᠦᠰᠦᠲᠡᠨ ᠦ ᠪᠦᠯᠬᠦᠮᠳᠡᠯ ᠢ ᠤᠮᠳᠠᠯᠠᠬᠤ ᠶ᠋ᠢ ᠪᠠᠷᠢᠮᠲᠠᠯᠠᠵᠤ᠂ ᠳᠤᠮᠳᠠᠳᠤ ᠶ᠋ᠢᠨ ᠦᠨᠳᠦᠰᠦᠲᠡᠨ ᠦ ᠠᠭᠤᠤ ᠶᠡᠬᠡ ᠵᠣᠷᠢᠭ ᠰᠠᠨᠠᠭ᠎ᠠ ᠶ᠋ᠢ ᠶᠡᠬᠡᠪᠡᠷ ᠪᠠᠳᠠᠷᠠᠭᠤᠯᠤᠨ᠎ᠠ
ᠳᠤᠮᠳᠠᠳᠤ ᠶ᠋ᠢᠨ ᠦᠨᠳᠦᠰᠦᠲᠡᠨ ᠦ ᠲᠡᠦᠬᠡ ᠶ᠋ᠢᠨ ᠦᠵᠡᠯᠲᠡ ᠶ᠋ᠢᠨ ᠬᠥᠮᠦᠵᠢᠯ ᠢ ᠴᠢᠩᠭᠠᠳᠭᠠᠨ᠎ᠠ
ᠤᠯᠤᠰ ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ ᠪᠦᠬᠦ᠌ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠦᠨ᠎ᠡ
ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠡᠷᠡᠰ ᠭᠤᠢᠪᠢᠰᠢ ᠦᠭᠡᠢ ᠳᠡᠯᠭᠡᠷᠡᠭᠦᠯᠦᠨ ᠬᠡᠷᠡᠭ᠌ᠯᠡᠨ᠎ᠡ
ᠴᠥᠭᠡᠨ ᠲᠣᠭᠠᠲᠤ ᠦᠨᠳᠦᠰᠦᠲᠡᠨ᠎ᠦ ᠦᠭᠡ ᠬᠡᠯᠡ ᠦᠰᠦᠭ ᠪᠢᠴᠢᠭ᠎ᠦᠨ ᠰᠤᠷᠤᠯᠴᠠᠯᠭ᠎ᠠ ᠪᠠ ᠬᠡᠷᠡᠭ᠌ᠯᠡᠯᠲᠡ ᠶ᠋ᠢ ᠬᠦᠨᠳᠦᠳᠭᠡᠨ ᠪᠠᠲᠤᠯᠠᠨ᠎ᠠ
2᠂ ᠦᠨᠳᠦᠰᠦᠲᠡᠨ᠎ᠨᠦᠭᠦᠳ᠎ᠦᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠤᠨ᠎ᠠ
ᠬᠤᠳᠠ ᠬᠥᠳᠡᠭᠡ ᠶ᠋ᠢᠨ ᠪᠦᠳᠦᠭᠡᠨ ᠪᠠᠢᠭᠤᠯᠤᠯᠲᠠ ᠶ᠋ᠢᠨ ᠪᠠᠢᠷᠢᠱᠢᠭᠤᠯᠤᠯ ᠤᠨ ᠲᠥᠯᠥᠪᠵᠢᠭᠦᠯᠭᠡ ᠪᠠ ᠤᠯᠠᠨ ᠨᠡᠢᠲᠡ ᠶ᠋ᠢᠨ ᠦᠢᠯᠡᠴᠢᠯᠡᠭᠡᠨ ᠦ ᠡᠬᠢ ᠪᠠᠶᠠᠯᠢᠭ ᠤᠨ ᠲᠤᠬᠢᠷᠠᠭᠤᠯᠤᠯᠳᠠ ᠶ᠋ᠢ ᠨᠢᠭᠡᠳᠦᠯᠲᠡᠢ ᠲᠥᠯᠥᠪᠵᠢᠬᠥᠯᠥᠨᠠ
ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠡᠭᠦᠳᠦᠨ ᠪᠠᠢᠭᠤᠯᠤᠯᠲᠠ᠎ᠶ᠋ᠢ ᠭᠦᠨᠵᠡᠭᠡᠶ ᠪᠥᠭᠡᠳ ᠤᠳᠠᠭᠠᠨ ᠳᠠᠭᠠᠭᠠᠮᠠᠭᠠᠶ ᠥᠷᠨᠢᠭᠦᠯᠦᠨ᠎ᠡ
ᠬᠤᠳᠠ ᠶ᠋ᠢᠨ ᠦᠨᠳᠦᠰᠦᠲᠡᠨ ᠦ ᠠᠵᠢᠯ ᠢ ᠴᠢᠩᠭᠠᠳᠭᠠᠨ ᠰᠠᠢᠵᠢᠷᠠᠭᠤᠯᠤᠨ᠎ᠠ
3᠂ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠱᠢᠰᠲ᠋ᠧᠮ ᠪᠠ ᠵᠠᠰᠠᠯᠲᠠ ᠵᠢᠨ ᠴᠢᠳᠠᠪᠤᠷᠢ ᠶ᠋ᠢᠨ ᠣᠳᠣᠬᠢᠴᠢᠯᠠᠯᠲᠠ ᠶ᠋ᠢᠨ ᠬᠢᠷᠢ ᠬᠡᠮᠵᠢᠶ᠎ᠡ ᠶ᠋ᠢ ᠳᠡᠭᠡᠭ᠌ᠰᠢᠯᠡᠭᠦᠯᠦᠨ᠎ᠡ
ᠦᠨᠳᠦᠰᠦᠲᠡᠨ ᠦ ᠣᠷᠣᠨ ᠤ ᠥᠪᠡᠷᠲᠡᠭᠡᠨ ᠵᠠᠰᠠᠬᠤ ᠪᠠᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠦᠨ᠎ᠡ
ᠬᠡᠯᠪᠡᠢᠭᠦᠦ ᠦᠵᠡᠯ᠎ᠢ ᠵᠠᠯᠠᠷᠠᠭᠤᠯᠬᠤ ᠠᠵᠢᠯ᠎ᠢ ᠦᠷᠭᠦᠯᠵᠢᠯᠡᠨ ᠭᠦᠨᠵᠡᠭᠡᠶ ᠦᠷᠨᠢᠭᠦᠯᠦᠨ᠎ᠡ
ᠵᠥᠪ ᠣᠨᠣᠪᠴᠢᠲᠠᠶ ᠶ᠋ᠢ ᠪᠠᠷᠢᠮᠲᠠᠯᠠᠬᠤ᠂ ᠴᠠᠭ᠎ᠠᠴᠠ ᠬᠣᠴᠣᠷᠤᠭ᠍ᠰᠠᠨ ᠢ ᠲᠣᠬᠢᠷᠠᠭᠤᠯᠬᠤ ᠵᠠᠷᠴᠢᠮ ᠶᠣᠰᠣᠭᠠᠷ᠂ ᠦᠨᠳᠦᠰᠦᠲᠡᠨ ᠦ ᠬᠦᠷᠢᠶᠡᠨ ᠳ᠋ᠡᠬᠢ ᠬᠣᠯᠪᠣᠭ᠍ᠳᠠᠯ ᠪᠦᠬᠦᠢ ᠬᠠᠤᠯᠢ ᠲᠣᠭ᠍ᠲᠠᠭᠠᠯ ᠲᠥᠷᠥ ᠶ᠋ᠢᠨ ᠪᠣᠳᠣᠯᠭ᠎ᠠ ᠶ᠋ᠢ ᠯᠠᠪᠳᠠᠭᠤᠨ ᠪᠣᠯᠭᠣᠮᠵᠢᠲᠠᠶ ᠲᠣᠬᠢᠷᠠᠭᠤᠯᠤᠨ ᠲᠡᠭᠦᠯᠳᠡᠷᠵᠢᠭᠦᠯᠦᠨ᠎ᠡ
ᠦᠨᠳᠦᠰᠦᠲᠡᠨ ᠦ ᠬᠡᠷᠡᠭ ᠶᠠᠪᠤᠳᠠᠯ ᠢ ᠬᠠᠤᠯᠢ ᠪᠡᠷ ᠵᠠᠰᠠᠬᠤ ᠶ᠋ᠢ ᠪᠠᠷᠢᠮᠲᠠᠯᠠᠵᠤ᠂ ᠦᠨᠳᠦᠰᠦᠲᠡᠨ᠎ᠨᠦᠭᠦᠳ ᠦᠨ ᠣᠯᠠᠨ ᠲᠦᠮᠡᠨ ᠦ ᠬᠠᠤᠯᠢ ᠶᠣᠰᠣᠨ ᠤ ᠡᠷᠬᠡ ᠠᠱᠢᠭ ᠢ ᠬᠠᠤᠯᠢ ᠶᠣᠰᠣᠭᠠᠷ ᠪᠠᠲᠤᠯᠠᠨ᠎ᠠ
ᠦᠨᠳᠦᠰᠦᠲᠡᠨ᠎ᠦ ᠪᠦᠯᠬᠦᠮᠳᠡᠯ ᠢ ᠨᠥᠯᠥᠭᠡᠯᠡᠬᠦ᠌ ᠠᠯᠢᠪᠠ ᠴᠤᠬᠤᠢᠯᠲᠠ᠎ᠶ᠋ᠢᠨ ᠴᠢᠨᠠᠷᠲᠠᠢ ᠠᠰᠠᠭᠤᠳᠠᠯ ᠢ ᠳᠡᠭᠡᠳᠦ ᠬᠡᠮᠵᠢᠶ᠎ᠡ ᠪᠡᠷ ᠰᠡᠷᠡᠮᠵᠢᠯᠡᠨ᠎ᠡ
ᠠᠷᠪᠠᠨ ᠨᠢᠭᠡ᠂ ᠨᠡᠩ ᠥᠨᠳᠥᠷ ᠲᠦᠪᠱᠢᠨ ᠪᠦᠬᠦᠢ ᠠᠮᠤᠭᠤᠯᠠᠨᠭᠲᠤ ᠥᠪᠥᠷ ᠮᠣᠩᠭᠣᠯ ᠢ ᠪᠦᠲᠦᠭᠡᠨ ᠪᠠᠢᠭᠤᠯᠵᠤ᠂ ᠡᠬᠡ ᠤᠯᠤᠰ᠎ᠤᠨ ᠤᠮᠠᠷᠠᠲᠤ ᠶ᠋ᠢᠨ ᠠᠮᠤᠷ ᠲᠦᠪᠱᠢᠨ ᠲᠣᠭ᠍ᠲᠠᠭᠤᠨ ᠤ ᠬᠠᠯᠬᠠᠪᠴᠢ ᠶ᠋ᠢ ᠪᠠᠲᠤ ᠴᠣᠭ᠍ᠴᠠᠯᠠᠨ᠎ᠠ
1᠂ ᠤᠯᠤᠰ᠎ᠤᠨ ᠠᠮᠤᠷ ᠲᠦᠪᠱᠢᠨ ᠦ ᠴᠢᠳᠠᠪᠤᠷᠢ ᠶ᠋ᠢᠨ ᠪᠠᠢᠭᠤᠯᠤᠯᠲᠠ ᠶ᠋ᠢ ᠪᠦᠬᠦ᠌ ᠲᠠᠯ᠎ᠠ᠎ᠪᠠᠷ ᠴᠢᠩᠭᠠᠳᠭᠠᠨ᠎ᠠ
ᠨᠠᠮ᠎ᠤᠨ ᠬᠣᠷᠢᠶ᠎ᠠ(ᠨᠠᠮ᠎ᠤᠨ ᠤᠳᠤᠷᠢᠳᠭᠤ ᠳᠤᠭᠤᠢᠯᠠᠩ) ᠵᠢᠨ ᠤᠯᠤᠰ ᠤᠨ ᠠᠮᠤᠷ ᠲᠦᠪᠱᠢᠨ ᠦ ᠬᠠᠷᠢᠭᠤᠴᠠᠯᠭ᠎ᠠ ᠶ᠋ᠢᠨ ᠲᠦᠷᠢᠮ ᠢ ᠴᠢᠩᠭ᠎ᠠ ᠨᠠᠢᠳᠠᠪᠤᠷᠢᠵᠢᠭᠤᠯᠤᠨ᠎ᠠ
ᠳᠠᠢᠰᠤᠩᠨᠠᠭ᠍ᠴᠢ ᠬᠦᠴᠦᠨ ᠦ ᠨᠡᠪᠴᠢᠯᠲᠡ ᠡᠪᠳᠡᠯᠡᠭᠡ ᠨᠤᠷᠠᠭᠠᠯᠲᠠ ᠶ᠋ᠢᠨ ᠠᠵᠢᠯᠯᠠᠭ᠎ᠠ ᠶ᠋ᠢ ᠴᠢᠩᠭ᠎ᠠ ᠰᠡᠷᠭᠡᠢᠯᠡᠨ ᠴᠢᠩᠭ᠎ᠠ ᠴᠣᠬᠢᠯᠲᠠ ᠥᠭ᠌ᠭᠦᠨ᠎ᠡ
ᠤᠯᠤᠰ ᠤᠨ ᠠᠮᠤᠷ ᠲᠦᠪᠱᠢᠨ ᠦ ᠤᠬᠠᠭᠤᠯᠭ᠎ᠠ ᠬᠥᠮᠦᠵᠢᠯ ᠢ ᠴᠢᠩᠭᠠᠳᠭᠠᠨ᠎ᠠ
ᠨᠠᠮ ᠵᠠᠰᠠᠭ ᠴᠡᠷᠢᠭ ᠴᠠᠭ᠍ᠳᠠᠭ᠎ᠠ ᠠᠷᠠᠳ ᠬᠦᠴᠦᠨ ᠢᠶᠡᠨ ᠬᠠᠮᠲᠤᠳᠭᠠᠨ ᠬᠢᠯᠢ ᠶ᠋ᠢ ᠬᠦᠴᠦᠷᠬᠡᠭ᠌ᠵᠢᠭᠦᠯᠵᠦ᠍ ᠰᠡᠷᠭᠡᠢᠯᠡᠯᠲᠡ᠎ᠶ᠋ᠢ ᠪᠡᠬᠢᠵᠢᠭᠦᠯᠬᠦ᠌ ᠶ᠋ᠢ ᠴᠢᠩᠭᠠᠳᠭᠠᠨ᠎ᠠ
ᠪᠦᠬᠦ ᠠᠷᠠᠳ᠎ᠤᠨ ᠤᠯᠤᠰ ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ᠎ᠢ ᠴᠢᠩᠭᠠᠳᠭᠠᠨ᠎ᠠ
2᠂ ᠣᠯᠠᠨ ᠨᠡᠢᠲᠡ ᠶ᠋ᠢᠨ ᠠᠮᠤᠷ ᠲᠦᠪᠱᠢᠨ᠎ᠦ ᠪᠠᠲᠤᠯᠠᠭ᠎ᠠ ᠶ᠋ᠢᠨ ᠴᠢᠳᠠᠪᠤᠷᠢ ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠎ᠡ
ᠣᠯᠠᠨ ᠨᠡᠢᠲᠡ ᠶ᠋ᠢᠨ ᠠᠮᠤᠷ ᠲᠦᠪᠱᠢᠨ ᠦ ᠱᠢᠰᠲ᠋ᠧᠮ ᠢ ᠲᠡᠭᠦᠯᠳᠡᠷᠵᠢᠭᠦᠯᠦᠨ᠎ᠡ
ᠠᠶᠤᠯᠭᠦᠶ ᠦᠢᠯᠡᠳᠪᠦᠷᠢᠯᠡᠯ ᠦᠨ ᠬᠠᠷᠢᠭᠤᠴᠠᠯᠭ᠎ᠠ ᠪᠣᠯᠤᠨ ᠬᠠᠮᠢᠶᠠᠷᠤᠯᠲᠠ ᠶ᠋ᠢᠨ ᠳᠦᠷᠢᠮ ᠦᠨ ᠱᠢᠰᠲᠧᠮ᠂ ᠳᠠᠯᠳᠠ ᠭᠡᠮ ᠢ ᠰᠢᠭᠰᠢᠨ ᠪᠠᠢᠴᠠᠭᠠᠵᠤ ᠵᠠᠰᠠᠬᠤ ᠪᠠ ᠲᠦᠭ᠌ᠰᠢᠭᠦᠷᠢ ᠶ᠋ᠢ ᠰᠡᠷᠭᠡᠢᠯᠡᠨ ᠡᠵᠡᠮᠳᠡᠬᠦ᠌ ᠱᠢᠰᠲᠧᠮ ᠢ ᠲᠡᠭᠦᠯᠳᠡᠷᠵᠢᠭᠦᠯᠦᠨ᠎ᠡ
ᠢᠳᠡᠭᠡᠨ ᠦ ᠪᠦᠬᠦ᠌ ᠬᠡᠯᠬᠢᠶᠡᠨ ᠦ ᠶᠠᠰᠤ ᠴᠢᠨᠠᠷ ᠤᠨ ᠠᠮᠤᠷ ᠲᠦᠪᠱᠢᠨ ᠦ ᠬᠢᠨᠠᠯᠲᠠ ᠬᠠᠮᠢᠶᠠᠷᠤᠯᠲᠠ ᠶ᠋ᠢ ᠴᠢᠩᠭᠠᠳᠭᠠᠨ᠎ᠠ
ᠣᠯᠠᠨ ᠨᠡᠢᠲᠡ᠎ᠶ᠋ᠢᠨ ᠰᠠᠭᠤᠷᠢ ᠲᠥᠬᠥᠭᠡᠷᠦᠮᠵᠢ᠎ᠶ᠋ᠢᠨ ᠠᠮᠤᠷ ᠲᠦᠪᠱᠢᠨ᠎ᠢ ᠪᠡᠬᠢᠵᠢᠭᠦᠯᠬᠦ᠌ ᠪᠠ ᠪᠠᠢᠭᠠᠯᠢ ᠶ᠋ᠢᠨ ᠭᠠᠮᠱᠢᠭ᠎ᠢ ᠰᠡᠷᠭᠡᠢᠯᠡᠨ ᠵᠠᠰᠠᠬᠤ ᠴᠢᠳᠠᠪᠤᠷᠢ ᠶ᠋ᠢ ᠳᠡᠭᠡᠭ᠌ᠰᠢᠯᠡᠭᠦᠯᠬᠦ᠌ ᠢᠨᠵᠧᠨᠧᠷᠢᠩ ᠢ ᠬᠡᠷᠡᠭ᠌ᠵᠢᠭᠦᠯᠦᠨ᠎ᠡ
ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠴᠢᠳᠠᠪᠤᠷᠢ᠎ᠶ᠋ᠢᠨ ᠪᠠᠢᠭᠤᠯᠤᠯᠲᠠ ᠶ᠋ᠢ ᠴᠢᠩᠭᠠᠳᠭᠠᠵᠤ᠂ ᠭᠠᠮᠱᠢᠭ᠎ᠢ ᠰᠡᠷᠭᠡᠢᠯᠡᠬᠦ᠌ ᠭᠠᠮᠱᠢᠭ᠎ᠢ ᠪᠠᠭᠠᠰᠭᠠᠬᠤ ᠭᠠᠮᠱᠢᠭ᠎ᠲᠠᠶ ᠲᠡᠮᠡᠴᠡᠬᠦ᠌ ᠭᠠᠮᠱᠢᠭ ᠠᠴᠠ ᠠᠪᠤᠷᠠᠬᠤ ᠴᠢᠳᠠᠪᠤᠷᠢ ᠶ᠋ᠢ ᠳᠡᠭᠡᠭ᠌ᠰᠢᠯᠡᠭᠦᠯᠦᠨ᠎ᠡ
3᠂ ᠨᠡᠢᠭᠡᠮ ᠦᠨ ᠲᠣᠭ᠍ᠲᠠᠭᠤᠨ ᠪᠠ ᠠᠮᠤᠷ ᠲᠦᠪᠱᠢᠨ᠎ᠢ ᠪᠦᠬᠦ᠌ ᠬᠦᠴᠦᠨ᠎ᠢᠶᠡᠷ ᠢᠶᠡᠨ ᠬᠠᠮᠠᠭᠠᠯᠠᠨ᠎ᠠ
ᠱᠢᠨ᠎ᠡ ᠴᠠᠭ ᠦᠶ᠎ᠡ ᠶ᠋ᠢᠨ《ᠹᠸᠩ ᠴᠢᠶᠣᠤ᠎ᠶ᠋ᠢᠨ ᠲᠤᠷᠱᠢᠯᠭ᠎ᠠ》 ᠵᠢ ᠪᠠᠷᠢᠮᠲᠠᠯᠠᠨ ᠬᠥᠭ᠌ᠵᠢᠭᠦᠯᠦᠨ᠎ᠡ
ᠤᠯᠠᠨ ᠲᠦᠮᠡᠨ ᠦ ᠬᠦᠰᠡᠯ ᠱᠠᠭᠠᠷᠳᠠᠯᠭ᠎ᠠ ᠪᠠᠨ ᠢᠯᠡᠳᠭᠡᠬᠦ᠌᠂ ᠠᠱᠢᠭ ᠲᠤᠰᠠ᠎ᠶ᠋ᠢ ᠵᠣᠬᠢᠴᠠᠭᠤᠯᠬᠤ᠂ ᠡᠷᠬᠡ ᠠᠱᠢᠭ ᠢ ᠪᠠᠲᠤᠯᠠᠬᠤ ᠵᠠᠮ ᠢ ᠰᠠᠭᠠᠳ ᠦᠭᠡᠢ ᠨᠡᠪᠲᠡᠷᠡᠭᠦᠯᠬᠦ᠌ ᠪᠠ ᠵᠢᠷᠤᠮᠵᠢᠭᠤᠯᠤᠨ᠎ᠠ
ᠨᠡᠢᠭᠡᠮ᠎ᠦᠨ ᠲᠠᠯ᠎ᠠ᠎ᠶ᠋ᠢᠨ ᠤᠶᠤᠨᠴᠢ ᠠᠮᠤᠷ ᠲᠦᠪᠱᠢᠨ ᠦ ᠰᠡᠷᠭᠡᠢᠯᠡᠯᠲᠡ᠎ᠶ᠋ᠢᠨ ᠪᠠᠢᠭᠤᠯᠤᠯᠲᠠ ᠶ᠋ᠢ ᠴᠢᠩᠭᠠᠳᠭᠠᠵᠤ᠂ ᠬᠠᠷ᠎ᠠ ᠪᠦᠯᠦᠭ᠌ᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠢᠩᠭᠤ ᠥᠷᠨᠢᠭᠦᠯᠦᠨ᠎ᠡ
ᠠᠷᠪᠠᠨ ᠬᠣᠶᠠᠷ᠂ ᠪᠦᠬᠦ᠌ ᠲᠠᠯ᠎ᠠ᠎ᠪᠠᠷ ᠨᠠᠮ ᠢ ᠴᠢᠩᠭ᠎ᠠ ᠵᠠᠰᠠᠬᠤ ᠶ᠋ᠢ ᠭᠦᠨᠵᠡᠭᠡᠢᠷᠡᠭᠦᠯᠵᠦ᠍ ᠂ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠦᠬᠦ᠌ ᠲᠠᠯ᠎ᠠ ᠪᠠᠷ ᠲᠠᠬᠢᠨ ᠴᠣᠭ᠍ᠴᠠᠯᠠᠵᠤ ᠂ ᠦᠨᠳᠦᠰᠦᠨ ᠡᠴᠡ ᠨᠢ ᠰᠠᠢᠵᠢᠷᠠᠭᠤᠯᠬᠤ ᠶ᠋ᠢ ᠠᠬᠢᠭᠤᠯᠤᠨ᠎ᠠ
1᠂ ᠦᠵᠡᠯ ᠰᠠᠨᠠᠭ᠎ᠠ ᠤᠯᠤᠰ ᠲᠥᠷᠥ ᠶ᠋ᠢᠨ ᠪᠠᠢᠭᠤᠯᠤᠯᠲᠠ ᠶ᠋ᠢ ᠭᠦᠨᠵᠡᠭᠡᠢᠷᠡᠭᠦᠯᠦᠨ᠎ᠡ
ᠰᠢ᠎ᠶ᠋ᠢᠨ ᠫᠢᠩ ᠦᠨ ᠱᠢᠨ᠎ᠡ ᠴᠠᠭ ᠦᠶ᠎ᠡ ᠶ᠋ᠢᠨ ᠳᠤᠮᠳᠠᠳᠤ ᠤᠯᠤᠰ᠎ᠤᠨ ᠣᠨᠴᠠᠯᠢᠭ ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠦᠷᠭᠦᠯᠵᠢᠯᠡᠨ ᠭᠦᠨᠵᠡᠭᠡᠶ ᠰᠤᠷᠤᠯᠴᠠᠨ ᠲᠤᠭᠤᠱᠢᠯᠠᠭᠤᠯᠤᠨ᠎ᠠ
《ᠨᠠᠮ᠎ᠤᠨ ᠵᠠᠭᠤᠨ ᠵᠢᠯ ᠦᠨ ᠲᠡᠮᠡᠴᠡᠯ ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ ᠶ᠋ᠢᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠣᠷᠢᠶᠠᠨ ᠤ ᠱᠢᠶ᠋ᠳᠪᠦᠷᠢ》 ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠠᠵᠢᠯ ᠢ ᠰᠠᠢᠲᠤᠷ ᠠᠳᠭᠤᠨ᠎ᠠ
ᠨᠠᠮ᠎ᠤᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠢ ᠴᠢᠩᠳᠠᠯᠠᠨ᠎ᠠ
2᠂ ᠨᠠᠮ ᠤᠨ ᠤᠳᠤᠷᠢᠳᠤᠯᠭ᠎ᠠ ᠶ᠋ᠢ ᠴᠢᠩᠭᠠᠳᠭᠠᠨ ᠰᠠᠢᠵᠢᠷᠠᠭᠤᠯᠤᠨ᠎ᠠ
ᠨᠠᠮ᠎ᠤᠨ ᠪᠦᠬᠦ᠌ ᠲᠠᠯ᠎ᠠ᠎ᠶ᠋ᠢ ᠶᠡᠷᠦᠩᠬᠡᠢᠯᠡᠨ ᠡᠵᠡᠮᠳᠡᠬᠦ᠌᠂ ᠡᠯ᠎ᠡ ᠲᠠᠯ᠎ᠠ ᠶ᠋ᠢ ᠵᠣᠬᠢᠴᠠᠭᠤᠯᠬᠤ ᠦᠨᠳᠦᠰᠦᠨ ᠱᠠᠭᠠᠷᠳᠠᠯᠭ᠎ᠠ᠎ᠶ᠋ᠢ ᠡᠷᠡᠰ ᠲᠤᠭᠤᠱᠢᠯᠠᠭᠤᠯᠤᠨ᠎ᠠ
ᠡᠯ᠎ᠡ ᠱᠠᠲᠤᠨ ᠤ ᠨᠠᠮ ᠤᠨ ᠬᠣᠷᠢᠶ᠎ᠠ (ᠨᠠᠮ ᠤᠨ ᠤᠳᠤᠷᠢᠳᠭᠤ ᠳᠤᠭᠤᠢᠯᠠᠩ) ᠵᠢᠨ ᠤᠳᠤᠷᠢᠳᠭᠤ ᠠᠷᠭ᠎ᠠ ᠮᠠᠶᠢᠭ ᠪᠠ ᠠᠵᠢᠯᠯᠠᠬᠤ ᠠᠷᠭ᠎ᠠ᠎ᠶ᠋ᠢ ᠰᠠᠢᠵᠢᠷᠠᠭᠤᠯᠤᠨ ᠲᠡᠭᠦᠯᠳᠡᠷᠵᠢᠭᠦᠯᠦᠨ᠎ᠡ
ᠡᠯ᠎ᠡ ᠱᠠᠲᠤᠨ ᠤ ᠨᠠᠮ ᠤᠨ ᠬᠣᠷᠢᠶᠠᠨ ᠤ ᠬᠡᠷᠡᠭ ᠵᠥᠪᠯᠡᠵᠦ᠍ ᠵᠣᠬᠢᠴᠠᠭᠤᠯᠬᠤ ᠪᠠᠢᠭᠤᠯᠤᠮᠵᠢ ᠶ᠋ᠢᠨ ᠶᠡᠬᠡ ᠶᠠᠪᠤᠳᠠᠯ ᠢ ᠪᠣᠳᠣᠯᠬᠢᠯᠠᠬᠤ᠂ ᠶᠡᠬᠡ ᠶᠠᠪᠤᠳᠠᠯ ᠢ ᠵᠥᠪᠯᠡᠬᠦ᠌᠂ ᠶᠡᠬᠡ ᠶᠠᠪᠤᠳᠠᠯ ᠢ ᠠᠳᠭᠤᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ
3᠂ ᠥᠨᠳᠥᠷ ᠬᠡᠪ ᠪᠣᠯᠪᠠᠰᠤᠷᠠᠯ᠎ᠲᠠᠶ ᠺᠠᠳ᠋ᠷ ᠪᠠ ᠴᠢᠳᠠᠪᠤᠷᠢᠲᠠᠨ᠎ᠤ ᠡᠩᠨᠡᠭᠡ ᠶ᠋ᠢ ᠪᠠᠢᠭᠤᠯᠤᠨ᠎ᠠ
ᠱᠢᠨ᠎ᠡ ᠴᠠᠭ ᠦᠶ᠎ᠡ ᠶ᠋ᠢᠨ ᠰᠠᠢᠨ ᠺᠠᠳ᠋ᠷ ᠤᠨ ᠪᠠᠷᠢᠮᠵᠢᠶ᠎ᠠ ᠶ᠋ᠢ ᠪᠠᠷᠢᠮᠲᠠᠯᠠᠵᠤ᠂ ᠤᠯᠤᠰ ᠲᠥᠷᠥ᠎ᠶ᠋ᠢᠨ ᠪᠠᠷᠢᠮᠵᠢᠶ᠎ᠠ ᠶ᠋ᠢ ᠳᠣᠪᠣᠢᠯᠭᠠᠵᠤ᠂ ᠣᠨᠣᠪᠴᠢᠲᠠᠶ ᠱᠢᠨᠵᠢᠯᠡᠬᠦ᠌ ᠤᠬᠠᠭᠠᠨᠴᠢ ᠪᠠᠷ ᠬᠥᠮᠦᠨ ᠰᠣᠩᠭᠣᠨ ᠬᠡᠷᠡᠭ᠌ᠯᠡᠨ᠎ᠡ
ᠦᠨᠳᠦᠰᠦᠨ ᠱᠠᠲᠤᠨ ᠤ ᠨᠢᠭᠡᠳᠦᠭᠡᠷ ᠹᠷᠣᠨᠲ ᠪᠠ ᠬᠦᠴᠢᠷ ᠪᠡᠷᠬᠡᠱᠢᠶᠡᠯ ᠲᠡᠶ ᠭᠠᠵᠠᠷ ᠣᠷᠣᠨ ᠳᠤ ᠴᠢᠬᠤᠯᠠ ᠶᠡᠬᠡ ᠠᠵᠢᠯ ᠪᠠ ᠴᠢᠬᠤᠯᠠ ᠶᠡᠬᠡ ᠲᠡᠮᠡᠴᠡᠯ᠎ᠦᠨ ᠳᠤᠮᠳᠠ ᠺᠠᠳ᠋ᠷ ᠢ ᠬᠥᠮᠦᠵᠢᠭᠦᠯᠦᠨ ᠪᠣᠯᠪᠠᠰᠤᠷᠠᠭᠤᠯᠬᠤ ᠶ᠋ᠢ ᠴᠢᠬᠤᠯᠠᠴᠢᠯᠠᠨ᠎ᠠ
ᠴᠢᠩᠭ᠎ᠠ ᠬᠠᠮᠢᠶᠠᠷᠬᠤ ᠪᠠ ᠬᠠᠢᠷᠠᠯᠠᠨ ᠬᠠᠯᠠᠮᠵᠢᠯᠠᠬᠤ᠎ᠶ᠋ᠢ ᠤᠶᠠᠯᠳᠤᠭᠤᠯᠬᠤ᠂ ᠤᠷᠮᠠᠱᠢᠭᠤᠯᠬᠤ ᠪᠠ ᠬᠢᠵᠠᠭᠠᠷᠯᠠᠬᠤ ᠶ᠋ᠢ ᠵᠡᠷᠭᠡ ᠪᠡᠷ ᠴᠢᠬᠤᠯᠠᠴᠢᠯᠠᠬᠤ ᠶ᠋ᠢ ᠪᠠᠷᠢᠮᠲᠠᠯᠠᠨ᠎ᠠ
ᠵᠠᠯᠠᠭᠤ ᠺᠠᠳ᠋ᠷ ᠢ ᠱᠢᠯᠢᠨ ᠰᠣᠩᠭᠣᠬᠤ ᠠᠷᠭ᠎ᠠ ᠬᠡᠯᠪᠡᠷᠢ ᠪᠠ ᠪᠤᠢᠵᠢᠭᠤᠯᠬᠤ ᠠᠷᠭ᠎ᠠ ᠵᠠᠮ ᠢ ᠱᠢᠯᠢᠳᠡᠭ᠌ᠵᠢᠭᠦᠯᠦᠨ᠎ᠡ
ᠴᠢᠳᠠᠪᠤᠷᠢᠲᠠᠨ᠎ᠢ ᠬᠥᠮᠦᠵᠢᠭᠦᠯᠬᠦ᠌ ᠴᠢᠳᠠᠪᠤᠷᠢᠲᠠᠨ ᠢ ᠲᠠᠨᠢᠬᠤ ᠴᠢᠳᠠᠪᠤᠷᠢᠲᠠᠨ ᠢ ᠬᠠᠢᠷᠠᠯᠠᠬᠤ ᠴᠢᠳᠠᠪᠤᠷᠢᠲᠠᠨ᠎ᠢ ᠬᠡᠷᠡᠭ᠌ᠯᠡᠬᠦ᠌ ᠰᠠᠢ᠌ᠨ ᠰᠠᠢᠬᠠᠨ ᠣᠷᠴᠢᠨ ᠲᠤᠭᠤᠷᠢᠨ᠎ᠢ ᠪᠤᠢ ᠪᠣᠯᠭᠠᠨ᠎ᠠ
4᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠢᠭᠤᠯᠤᠯᠲᠠ ᠶ᠋ᠢᠨ ᠪᠦᠬᠦ᠌ ᠲᠠᠯ᠎ᠠ ᠪᠠᠷ ᠳᠠᠪᠱᠢᠬᠤ ᠪᠦᠬᠦ᠌ ᠲᠠᠯ᠎ᠠ ᠪᠠᠷ ᠬᠠᠲᠠᠭᠤᠵᠢᠬᠤ ᠶ᠋ᠢ ᠠᠬᠢᠭᠤᠯᠤᠨ᠎ᠠ
《ᠲᠠᠪᠤᠨ ᠲᠠᠯ᠎ᠠ ᠵᠢ ᠵᠤᠬᠢᠴᠠᠭᠤᠯᠬᠤ᠂ ᠦᠨᠳᠦᠰᠦᠨ ᠱᠠᠲᠤ᠎ᠶ᠋ᠢ ᠶᠡᠬᠡ ᠪᠡᠷ ᠠᠳᠭᠤᠬᠤ》 ᠶ᠋ᠢ ᠪᠠᠷᠢᠮᠲᠠᠯᠠᠨ᠎ᠠ
ᠵᠣᠬᠢᠶᠠᠨ ᠪᠠᠢᠭᠤᠯᠤᠯᠲᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠵᠣᠬᠢᠶᠠᠨ ᠪᠠᠢᠭᠤᠯᠤᠯᠲᠠ ᠶ᠋ᠢᠨ ᠪᠠᠢᠷᠢᠯᠠᠭᠤᠯᠤᠯᠲᠠ ᠶ᠋ᠢ ᠱᠢᠯᠢᠳᠡᠭ᠌ᠵᠢᠭᠦᠯᠦᠨ᠎ᠡ
《ᠬᠠᠮᠤᠭ᠎ᠤᠨ ᠬᠦᠴᠦᠷᠭᠡᠭ ᠨᠠᠮ᠎ᠤᠨ ᠡᠭᠦᠷ》᠎ᠤ᠋ᠨ ᠪᠠᠢᠭᠤᠯᠤᠯᠲᠠ ᠶ᠋ᠢᠨ ᠶᠠᠰᠤ ᠴᠢᠨᠠᠷ ᠢ ᠳᠡᠭᠡᠭ᠌ᠰᠢᠯᠡᠭᠦᠯᠦᠨ ᠲᠠᠰ ᠳᠡᠪᠱᠢᠭᠦᠯᠬᠦ᠌ ᠪᠡᠷ ᠭᠠᠷᠳᠠᠴᠠ ᠪᠣᠯᠭᠠᠵᠤ᠂ ᠨᠠᠮ ᠤᠨ ᠡᠭᠦᠷ ᠦᠨ ᠪᠠᠷᠢᠮᠵᠢᠶᠠᠵᠢᠭᠤᠯᠤᠨ ᠵᠢᠷᠤᠮᠵᠢᠭᠤᠯᠬᠤ ᠪᠠᠢᠭᠤᠯᠤᠯᠲᠠ ᠶ᠋ᠢ ᠠᠬᠢᠭᠤᠯᠤᠨ᠎ᠠ
ᠲᠤᠷᠤᠢ ᠪᠠᠭᠤᠷᠠᠢ ᠰᠤᠯᠠ ᠵᠠᠳᠠᠭᠠᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠢᠭᠤᠯᠤᠯᠲᠠ᠎ᠶ᠋ᠢ ᠦᠷᠭᠦᠯᠵᠢᠯᠡᠨ ᠴᠡᠭ᠌ᠴᠡᠯᠡᠬᠦ᠌ ᠤᠷᠳᠤ ᠬᠤᠭᠤᠴᠠᠭᠠᠨ ᠤ ᠪᠦᠲᠦᠮᠵᠢᠲᠡᠢ ᠲᠣᠭ᠍ᠲᠠᠴᠠ ᠶ᠋ᠢ ᠪᠦᠷᠢᠨᠱᠢᠬᠦᠯᠦᠨᠡ
5᠂ ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠵᠤ ᠢᠯᠵᠠᠷᠠᠯ᠎ᠢ ᠡᠰᠡᠷᠭᠦᠴᠡᠬᠦ᠌ ᠠᠵᠢᠯ ᠢ ᠬᠦᠴᠦᠲᠡᠶ ᠠᠬᠢᠭᠤᠯᠤᠨ᠎ᠠ
ᠲᠦᠪ ᠬᠤᠷᠢᠶᠠᠨ᠎ᠤ ᠨᠢ᠋ᠮᠠᠨ ᠲᠤᠭᠲᠠᠭᠠᠯ᠎ᠤᠨ ᠵᠤᠷᠢᠭ ᠰᠠᠨᠠᠭ᠎ᠠ᠎ᠵᠢ ᠴᠢᠨᠭᠭ᠎ᠠ ᠨᠠᠢᠳᠠᠪᠤᠷᠢᠵᠢᠭᠤᠯᠵᠦ᠂《ᠲᠦᠷᠪᠡᠨ ᠰᠤᠷᠲᠠᠯ》᠎ᠢ᠋ ᠦᠴᠦᠭᠡᠨᠴᠦ ᠰᠤᠯᠠᠷᠠᠭᠤᠯᠤᠯ ᠦᠭᠡᠢ ᠵᠠᠯᠠᠷᠠᠭᠤᠯᠤᠨ ᠵᠠᠰᠠᠨ᠎ᠠ
ᠰᠠᠬᠢᠯᠭ᠎ᠠ ᠪᠠᠳᠤ ᠪᠠ ᠶᠤᠰᠤ ᠲᠦᠷᠢᠮ᠎ᠢ ᠲᠡᠷᠢᠭᠦᠨ᠎ᠳᠦ ᠲᠠᠯᠪᠢᠵᠦ᠂ ᠬᠢᠨᠠᠯᠲᠠ ᠲᠠᠯᠪᠢᠬᠤ ᠰᠠᠬᠢᠯᠭ᠎ᠠ ᠪᠠᠳᠤ᠎ᠵᠢ ᠭᠡᠷᠡᠭᠵᠢᠭᠦᠯᠬᠦ《ᠲᠦᠷᠪᠡᠨ ᠵᠦᠢᠯ᠎ᠤᠨ ᠬᠡᠯᠪᠡᠷᠢ》ᠵᠢ ᠤᠨᠤᠪᠴᠢᠲᠠᠢ ᠭᠡᠷᠡᠭᠯᠡᠬᠦ᠎ᠵᠢ ᠪᠠᠷᠢᠮᠲᠠᠯᠠᠨ᠎ᠠ
ᠰᠠᠬᠢᠯᠭ᠎ᠠ ᠪᠠᠳᠤ ᠬᠢᠨᠠᠯᠲᠠ ᠲᠠᠯᠪᠢᠬᠤ᠂ ᠬᠢᠨᠠᠨ ᠪᠠᠢᠴᠠᠭᠠᠬᠤ ᠬᠢᠨᠠᠯᠳᠠ ᠳᠠᠯᠪᠢᠬᠤ᠂ ᠲᠤᠮᠢᠯᠠᠨ ᠰᠠᠭᠤᠯᠭᠠᠬᠤ ᠬᠢᠨᠠᠯᠲᠠ ᠲᠠᠯᠪᠢᠬᠤ ᠪᠠ ᠳᠤᠭᠤᠷᠢᠨ ᠪᠠᠢᠴᠠᠭᠠᠬᠤ ᠬᠢᠨᠠᠯᠳᠠ ᠳᠠᠯᠪᠢᠬᠤ ᠵᠢ ᠨᠢᠭᠡᠳᠦᠯᠲᠠᠢ ᠲᠦᠯᠦᠪᠵᠢᠭᠦᠯᠦᠨ ᠵᠤᠯᠭᠠᠭᠤᠯᠬᠤ᠎ᠵᠢ ᠠᠬᠢᠭᠤᠯᠤᠨ᠎ᠠ
《ᠬᠣᠶᠠᠷ᠎ᠢ ᠤᠭᠲᠤ ᠠᠭᠤᠴᠢᠯᠠᠬᠤ ᠦᠭᠡᠢ》 ᠣᠪᠣᠷ ᠢᠶᠠᠷ ᠢᠯᠵᠠᠷᠠᠯ ᠢ ᠡᠰᠡᠷᠭᠦᠴᠡᠬᠦ᠌ ᠲᠡᠮᠡᠴᠡᠯ ᠢ ᠭᠦᠨᠵᠡᠭᠡᠢᠷᠡᠭᠦᠯᠦᠨ᠎ᠡ
ᠨᠡᠭᠦᠷᠡᠰᠦᠨ᠎ᠤ ᠡᠬᠢ ᠪᠠᠶᠠᠯᠢᠭ᠎ᠤᠨ ᠬᠦᠷᠢᠶ᠎ᠡ ᠴᠠᠷᠠᠭᠠᠨ᠎ᠳᠡᠬᠢ ᠲᠦᠷᠢᠮ ᠳᠤᠬᠳᠠᠭᠠᠯ ᠬᠠᠤᠯᠢ ᠴᠠᠭᠠᠵᠠ ᠡᠴᠡ ᠵᠦᠷᠢᠴᠡᠭᠰᠡᠨ ᠠᠰᠠᠭᠤᠳᠠᠯ᠎ᠢ ᠪᠠᠢᠨᠭᠭᠤᠵᠢᠭᠤᠯᠤᠨ ᠵᠠᠰᠠᠨ᠎ᠠ
ᠮᠦᠨᠭᠭᠦᠨ ᠬᠦᠢᠯᠭᠡᠭᠡᠨ ᠤ ᠬᠦᠷᠢᠶ᠎ᠡ ᠴᠠᠷᠠᠭᠠᠨ ᠳᠡᠬᠢ ᠢᠯᠵᠠᠷᠠᠯ᠎ᠤᠨ ᠠᠰᠠᠭᠤᠳᠠᠯ ᠪᠤᠯᠤᠨ ᠠᠶᠤᠯ ᠲᠦᠭᠰᠢᠬᠦᠷᠢ᠎ᠶᠢᠨ ᠳᠠᠯᠲᠠ ᠭᠡᠮ᠎ᠢ ᠲᠤᠰᠬᠠᠢ ᠵᠠᠰᠠᠵᠦ ᠴᠡᠭᠴᠡᠯᠡᠨ᠎ᠡ
ᠠᠮᠤ ᠪᠤᠳᠠᠭ᠎ᠠ ᠬᠤᠳᠠᠯᠳᠤᠨ ᠠᠪᠬᠤ ᠪᠠ ᠪᠤᠷᠤᠯᠠᠭᠤᠯᠬᠤ᠂ ᠤᠯᠤᠰ ᠲᠦᠷᠦ ᠬᠠᠤᠯᠢ ᠴᠠᠭᠠᠵᠠ᠂ ᠨᠡᠭᠡᠭᠡᠯᠳᠡ ᠵᠢᠨ ᠤᠷᠤᠨ ᠪᠠ ᠤᠯᠤᠰ᠎ᠤᠨ ᠦᠮᠴᠢᠯᠡᠯ᠎ᠤᠨ ᠠᠵᠦ ᠠᠬᠤᠢᠯᠠᠯ᠂ ᠶᠡᠭᠡ ᠳᠡᠭᠡᠳᠦ ᠰᠤᠷᠭᠠᠭᠤᠯᠢ ᠵᠡᠷᠭᠡ ᠬᠦᠷᠢᠶᠡᠨ᠎ᠳᠡᠬᠢ ᠢᠯᠵᠠᠷᠠᠯ᠎ᠢ ᠡᠰᠡᠷᠭᠦᠴᠡᠬᠦ ᠠᠵᠢᠯ᠎ᠢ ᠰᠠᠢᠳᠤᠷ ᠠᠳᠬᠤᠨ᠎ᠠ