《ᠲᠣᠭᠠᠴᠢᠯᠠᠭ᠍ᠰᠠᠨ ᠠᠵᠤ ᠦᠢᠯᠡᠰᠵᠢᠯᠲᠡ ᠪᠠ ᠠᠵᠤ ᠦᠶ᠋ᠯᠡᠰ᠎ᠦᠨ ᠲᠣᠭᠠᠴᠢᠯᠠᠯᠲᠠ᠎ᠶ᠋ᠢᠨ ᠠᠯᠬᠤᠴᠠ᠎ᠶ᠋ᠢ
ᠲᠦᠷᠭᠡᠳᠭᠡᠵᠦ᠍᠂ ᠲᠣᠮᠣ ᠳ᠋ᠠᠢᠲ᠋ᠠ᠂ ᠡᠭᠦᠯᠡᠨ ᠪᠤᠳᠤᠯᠲᠠ᠂ ᠴᠦᠷᠬᠦᠯᠡᠭᠡ ᠳ᠋ᠠᠢᠲ᠋ᠠ᠂ ᠵᠣᠬᠢᠶᠠᠮᠠᠯ ᠣᠶᠤᠨ ᠴᠢᠳᠠᠪᠤᠷᠢ
ᠵᠡᠷᠭᠡ ᠱᠢᠨ᠎ᠡ᠎ᠪᠡᠷ ᠮᠠᠨᠳᠤᠭ᠍ᠰᠠᠨ ᠲᠣᠭᠠᠴᠢᠯᠠᠭ᠍ᠰᠠᠨ ᠠᠵᠤ ᠦᠶ᠋ᠯᠡᠰ᠎ᠢ ᠪᠣᠢᠵᠢᠭᠤᠯᠤᠨ ᠬᠥᠭ᠌ᠵᠢᠭᠦᠯᠵᠦ᠍᠂ 〈ᠲᠣᠭᠠᠴᠢᠯᠠᠯᠲᠠ᠎ᠪᠠᠷ ᠬᠦᠳᠡᠯᠭᠡᠬᠦ ᠡᠨᠧᠷᠭᠢ ᠨᠡᠮᠡᠷᠢᠯᠡᠬᠦ〉 ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠤᠯᠤᠰ᠎ᠤᠨ ᠲᠣᠭᠠᠴᠢᠯᠠᠭ᠍ᠰᠠᠨ ᠠᠵᠤ
ᠠᠬᠤᠶ᠎ᠶ᠋ᠢᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠵᠢᠱ᠌ᠢᠶ᠎ᠡ ᠦᠵᠡᠭᠦᠯᠬᠦ᠌ ᠣᠷᠣᠨ᠎ᠢ ᠢᠳᠡᠪᠬᠢᠲᠡᠶ ᠡᠭᠦᠳᠦᠨ
ᠪᠠᠢᠭᠤᠯᠵᠤ᠂ ᠲᠣᠭᠠᠴᠢᠯᠠᠭ᠍ᠰᠠᠨ ᠠᠵᠤ ᠠᠬᠤᠶ᠎ᠶ᠋ᠢ ᠬᠦᠴᠦᠷᠬᠡᠭ᠌ᠵᠢᠭᠦᠯᠦᠨ ᠱᠢᠯᠢᠳᠡᠭ᠌ᠵᠢᠭᠦᠯᠵᠦ᠍ ᠪᠤᠵᠠᠭᠠᠢᠷᠠᠭᠤᠯᠤᠨ᠎ᠠ》᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ
ᠶᠡᠬᠡ ᠬᠤᠷᠠᠯ᠎ᠤᠨ ᠢᠯᠡᠳᠭᠡᠯ᠎ᠳᠦ᠂ ᠢᠷᠡᠭᠡᠳᠦᠢ᠎ᠶ᠋ᠢᠨ 5 ᠵᠢᠯ᠎ᠦᠨ ᠥᠪᠥᠷ ᠮᠣᠩᠭᠣᠯ᠎ᠤᠨ ᠲᠣᠭᠠᠴᠢᠯᠠᠭ᠍ᠰᠠᠨ ᠠᠵᠤ
ᠠᠬᠤᠢ᠎ᠶ᠋ᠢᠨ ᠬᠥᠭ᠌ᠵᠢᠯᠲᠡ᠎ᠶ᠋ᠢᠨ ᠵᠢᠷᠤᠭ ᠲᠦᠰᠦᠪ᠎ᠢ ᠲᠥᠯᠥᠪᠵᠢᠭᠦᠯᠪᠡ᠃
ᠬᠥᠬᠡᠬᠣᠲᠠ ᠳ᠋ᠦ ᠪᠠᠢᠷᠢᠯᠠᠵᠦ ᠪᠠᠢᠭ᠎ᠠ ᠢᠯᠢ ᠪᠦᠯᠦᠭᠯᠡᠯ ᠤ᠋ᠨ ᠱᠢᠨ᠎ᠡ ᠠᠵᠤ
ᠦᠢᠯᠡᠳᠪᠦᠷᠢ᠎ᠶ᠋ᠢᠨ ᠲᠣᠭᠣᠷᠢᠬ ᠲᠦ᠍ ᠠᠯᠬᠣᠨ ᠣᠷᠣᠪᠠᠯ᠂ ᠲᠥᠪ ᠡᠵᠡᠮᠲᠡᠯ ᠲᠠᠰᠣᠬ ᠤ᠋ᠨ 5 ᠠᠵᠢᠯᠲᠠᠨ᠂ ᠰᠢᠷᠡᠭᠡᠨ ᠲᠡᠭᠡᠷᠡᠬᠢ ᠺᠣᠮᠫᠢᠦ᠋ᠲ᠋ᠧᠷ᠎ᠢᠶᠡᠷ ᠳᠠᠮᠵᠢᠭᠤᠯᠣᠨ18 ᠦᠢᠯᠡᠳᠪᠦᠷᠢᠯᠡᠯ᠎ᠦᠨ ᠱᠤᠭᠤᠮ ᠳᠡᠭᠡᠷᠡᠬᠢ ᠬᠡᠳᠦᠨ ᠵᠠᠭᠤᠨ
ᠲᠣᠨᠣᠭ ᠲᠥᠬᠥᠭᠡᠷᠦᠮᠵᠢ ᠪᠣᠯᠤᠨ 8000 ᠭᠠᠷᠤᠢ ᠮᠸᠲᠷ᠎ᠦᠨ ᠠᠵᠢᠯᠯᠠᠬᠣ ᠱᠣᠭᠣᠮ᠎ᠢ ᠬᠠᠮᠢᠶᠠᠷᠤᠨ ᠠᠵᠢᠯᠯᠠᠨ᠎ᠠ᠃
ᠢᠯᠢ ᠪᠦᠯᠦᠭ᠌ᠯᠡᠯ᠎ᠦᠨ ᠡᠨᠡ ᠬᠦ᠌ ᠤᠶᠤᠨᠲᠤ ᠦᠢᠯᠡᠳᠪᠦᠷᠢ ᠨᠢ ᠬᠠᠢᠷᠴᠠᠭᠯᠠᠨ
ᠰᠠᠪᠠᠯᠠᠬᠤ ᠮᠠᠱᠢᠨ ᠬᠥᠮᠦᠨ ᠵᠡᠷᠭᠡ ᠡᠯ᠎ᠡ ᠵᠦᠢᠯ᠎ᠦᠨ ᠮᠠᠱᠢᠨ ᠬᠥᠮᠦᠨ᠎ᠦ ᠬᠠᠪᠰᠤᠷᠤᠯᠭ᠎ᠠ ᠳᠣᠣᠷ᠎ᠠ᠂ ᠡᠳᠦᠷ ᠪᠦᠷᠢ
1200 ᠲᠣᠨ᠎ᠤ ᠦᠢᠯᠡᠳᠬᠦᠨ ᠦᠢᠯᠡᠳᠪᠦᠷᠢᠯᠡᠳᠡᠭ᠃
ᠢᠨᠲ᠋ᠧᠷ ᠰᠦᠯᠵᠢᠶ᠎ᠡ ᠪᠣᠯᠣᠨ ᠪᠠᠷᠠᠭᠠᠨ ᠤ᠋ ᠬᠣᠯᠪᠣᠭᠠᠲᠤ ᠰᠦᠯᠵᠢᠶ᠎ᠡ᠎ᠳᠦ ᠲᠦᠱᠢᠭ᠌ᠯᠡᠨ᠂
ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠶ ᠲᠣᠭᠠᠴᠢᠯᠠᠯᠳᠠ ᠲᠠᠢᠰᠢ ᠭᠡᠯᠪᠠᠷᠢ ᠪᠠᠨ ᠬᠤᠪᠢᠷᠠᠭᠤᠯᠬᠤ᠎ᠵᠢ
ᠲᠦᠷᠭᠡᠳᠭᠡᠪᠡ᠃ ᠤᠯᠠᠭᠠᠨᠬᠠᠳᠠ ᠬᠣᠲᠠ᠎ᠳᠤ ᠵᠢᠯᠣᠭᠣᠴᠢ ᠥᠬᠡᠶ
ᠲᠷᠠᠺᠲ᠋ᠣᠷ ᠲᠠᠷᠢᠶᠠᠨ ᠠᠵᠢᠯ ᠬᠢᠵᠦ᠍᠂ ᠮᠧᠬᠠᠨᠢᠭ᠎ᠢᠶᠠᠷ ᠠᠵᠢᠯᠯᠠᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠪᠡ; ᠲᠦᠩᠯᠢᠶᠣᠤ ᠬᠣᠲᠠ᠎ᠳᠤ ᠴᠦᠷᠬᠦᠯᠡᠭᠡ
ᠳ᠋ᠠᠢᠲ᠋ᠠ᠎ᠶ᠋ᠢᠨ ᠮᠡᠷᠭᠡᠵᠢᠯ᠎ᠢ ᠠᠰᠢᠬᠯᠠᠨ ᠮᠢᠬᠠᠨ᠎ᠤ ᠦᠬᠡᠷ᠎ᠦᠨ ᠠᠮᠢ ᠨᠠᠰᠤᠨ᠎ᠤ ᠦᠶᠡᠯᠡᠯ᠎ᠦᠨ ᠬᠤᠭᠤᠴᠠᠭᠠᠨ᠎ᠤ
ᠬᠠᠮᠢᠶᠠᠷᠤᠯᠲᠠ᠎ᠶ᠋ᠢ ᠪᠡᠶᠡᠯᠡᠭᠦᠯᠵᠦ᠍᠂ ᠮᠢᠬᠠᠨ᠎ᠤ ᠦᠬᠡᠷ᠎ᠦᠨ ᠠᠵᠤ ᠦᠶ᠋ᠯᠡᠰ᠎ᠦᠨ ᠬᠡᠯᠬᠢᠶ᠎ᠡ᠎ᠳᠦ ᠠᠷᠠᠯᠵᠢᠶ᠎ᠠ᠂
ᠮᠥᠩᠭᠥᠨ ᠭᠦᠶ᠋ᠯᠭᠡᠭᠡ ᠪᠠ ᠦᠶ᠋ᠯᠡᠴᠢᠯᠡᠭᠡᠨ᠎ᠦ ᠲᠤᠯᠭᠠᠭᠤᠷᠢᠯᠠᠯ ᠬᠠᠩᠭᠠᠪᠠ; ᠬᠢᠩᠭᠠᠨ ᠠᠢᠮᠠᠭ᠎ᠲᠤ ᠲᠣᠭᠠᠴᠢᠯᠠᠭᠰᠠᠨ
ᠮᠡᠷᠭᠡᠵᠢᠯ ᠨᠢ ᠬᠠᠮᠠᠷ ᠬᠠᠳᠭᠤᠬᠤ ᠡᠪᠡᠰᠦ ᠦᠭᠡᠢ ᠬᠤᠵᠢᠷᠯᠢᠭ ᠭᠠᠵᠠᠷ᠎ᠢ ᠣᠳᠣᠬᠢᠴᠢᠯᠠᠭ᠍ᠰᠠᠨ ᠱᠢᠨᠵᠢᠯᠡᠬᠦ᠌
ᠤᠬᠠᠭᠠᠨ ᠲᠧᠭ᠌ᠨᠢᠭ ᠮᠡᠷᠭᠡᠵᠢᠯ᠎ᠦᠨ ᠲᠠᠷᠢᠶᠠᠯᠠᠩ᠎ᠤᠨ ᠲᠠᠯᠠᠪᠠᠢ ᠪᠣᠯᠭᠠᠪᠠ᠃
ᠥᠪᠥᠷ ᠮᠣᠩᠭᠣᠯ᠎ᠤᠨ ᠬᠣᠷᠸ᠎ᠠ ᠠᠵᠤ ᠠᠬᠤᠢ᠎ᠶ᠋ᠢᠨ ᠰᠤᠳᠤᠯᠭᠠᠨ᠎ᠤ ᠲᠥᠪ᠎ᠦᠨ ᠳᠡᠭᠡᠳᠦ
ᠲᠡᠰ᠎ᠤᠨ ᠠᠵᠤ ᠠᠬᠤᠢᠴᠢ ᠼᠤᠤ ᠶᠦᠩ ᠫᠢᠩ᠄ 《ᠲᠣᠭᠠᠴᠢᠯᠠᠭ᠍ᠰᠠᠨ ᠠᠵᠤ ᠦᠢᠯᠡᠰᠵᠢᠯᠲᠡ᠂ ᠠᠵᠤ
ᠦᠢᠯᠡᠰ᠎ᠦᠨ ᠲᠣᠭᠠᠴᠢᠯᠠᠯᠳᠠ ᠪᠣᠯᠣᠨ ᠲᠣᠭᠠᠴᠢᠯᠠᠭ᠍ᠰᠠᠨ ᠵᠠᠰᠠᠯᠲᠠ᠎ᠪᠠᠷ ᠭᠣᠣᠯ ᠱᠢᠪᠲᠤᠯᠬᠤ ᠴᠢᠭ᠌ᠯᠡᠯ ᠪᠣᠯᠭᠠᠵᠤ᠂
ᠲᠣᠭᠠᠴᠢᠯᠠᠭ᠍ᠰᠠᠨ ᠮᠡᠷᠭᠡᠵᠢᠯ᠎ᠦᠨ ᠰᠢᠨ᠎ᠡ ᠶ᠋ᠢ ᠡᠬᠦᠳᠬᠦ᠎ᠪᠡᠷ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ
ᠬᠤᠪᠢᠰᠤᠯᠲᠠ᠂ ᠠᠵᠤ ᠦᠢᠯᠡᠰ᠎ᠦᠨ ᠬᠤᠪᠢᠰᠤᠯᠲᠠ ᠪᠣᠯᠤᠨ ᠨᠡᠢᠭᠡᠮ᠎ᠦᠨ ᠵᠠᠰᠠᠯᠲᠠ᠎ᠶ᠋ᠢᠨ ᠠᠷᠭ᠎ᠠ ᠬᠡᠯᠪᠡᠷᠢ᠎ᠶ᠋ᠢᠨ
ᠬᠤᠪᠢᠰᠤᠯᠲᠠ᠎ᠶ᠋ᠢ ᠳᠠᠢᠴᠢᠯᠠᠬᠤ ᠪᠣᠯ ᠥᠪᠥᠷ ᠮᠣᠩᠭᠣᠯ᠎ᠤᠨ ᠲᠣᠭᠠᠴᠢᠯᠠᠭ᠍ᠰᠠᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ
ᠴᠢᠭ᠌ᠯᠡᠯ ᠪᠣᠯᠤᠨ᠎ᠠ》 ᠭᠡᠪᠡ᠃
ᠲᠣᠭᠠᠴᠢᠯᠠᠭ᠍ᠰᠠᠨ ᠠᠵᠤ ᠦᠢᠯᠡᠰᠵᠢᠯᠲᠡ᠎ᠶ᠋ᠢᠨ ᠲᠠᠯ᠎ᠠ᠎ᠪᠠᠷ᠂ ᠬᠥᠬᠡᠬᠣᠲᠠ᠂ ᠤᠯᠠᠭᠠᠨᠴᠠᠪ᠂
ᠣᠷᠳᠣᠰ᠂ ᠤᠯᠠᠭᠠᠨᠬᠠᠳᠠ ᠵᠡᠷᠭᠡ ᠭᠠᠵᠠᠷ ᠣᠷᠣᠨ ᠤ᠋ ᠲᠣᠮᠣ ᠳ᠋ᠠᠢᠲ᠋ᠠ᠎ᠶ᠋ᠢᠨ ᠠᠵᠤ ᠦᠶ᠋ᠯᠡᠰ ᠲᠥᠪᠯᠡᠷᠡᠭᠰᠡᠨ ᠣᠷᠣᠨ
ᠨᠢᠭᠡᠨᠲᠡ ᠠᠩᠬ᠎ᠠ ᠠᠯᠬᠤᠮ ᠬᠡᠪᠴᠢᠶᠡᠵᠢᠵᠦ᠍᠂ ᠮᠠᠱᠢᠨ ᠴᠣᠭ᠍ᠴᠠᠯᠠᠪᠤᠷᠢ᠎ᠶ᠋ᠢᠨ ᠴᠢᠳᠠᠪᠤᠷᠢ᠎ᠶ᠋ᠢᠨ ᠰᠠᠭᠤᠷᠢ ᠳᠠᠪᠠᠭᠤᠯᠢᠭ
ᠪᠤᠯᠪᠠ᠃
ᠬᠥᠬᠡᠬᠣᠲᠠ ᠡᠨᠡ ᠵᠢᠯ ᠤᠯᠤᠰ ᠤᠨ ᠲᠠᠰ ᠤᠨ ᠢᠨᠲ᠋ᠸᠷ ᠰᠦᠯᠵᠢᠶᠡᠨ ᠦ ᠱᠢᠭᠤᠳ
ᠬᠠᠷᠢᠯᠴᠠᠬᠤ ᠭᠤᠤᠯᠯᠠᠭ᠍ᠤ ᠴᠡᠭ᠎ᠢ ᠪᠠᠢᠭᠤᠯᠤᠨ ᠨᠡᠪᠲᠡᠷᠡᠭᠦᠯᠵᠦ᠍᠂ 4G ᠰᠦᠯᠵᠢᠶᠡᠨ
ᠦ ᠪᠦᠷᠬᠦᠴᠡ ᠶ᠋ᠢᠨ ᠨᠣᠷᠮ᠎ᠠ ᠶ᠋ᠢ 98% ᠳ᠋ᠤ ᠬᠦᠷᠭᠡᠵᠦ᠍᠂
5G
ᠰᠠᠭᠤᠷᠢ
ᠥᠷᠲᠡᠭᠡ 3214 ᠵᠢ ᠪᠠᠢᠭᠤᠯᠵᠤ᠂ ᠬᠣᠲᠠ ᠲᠣᠭᠣᠷᠢᠭ ᠤᠨ ᠭᠤᠤᠯᠳᠠᠯᠭ᠎ᠠ ᠲᠠᠶ ᠴᠢᠳᠠᠮᠵᠢᠳᠤ ᠣᠷᠣᠨ ᠳ᠋ᠦ ᠦᠨᠳᠦᠰᠦᠨ᠎ᠳᠡᠭᠡᠨ
ᠪᠦᠬᠦᠨ ᠢ ᠪᠦᠷᠬᠦᠬᠦᠯᠪᠡ᠃ ᠠᠵᠤ ᠦᠢᠯᠡᠰ ᠦᠨ ᠲᠤᠭᠠᠴᠢᠯᠠᠯᠳᠡ ᠪᠣᠯ ᠲᠣᠭᠠᠴᠢᠯᠠᠭ᠍ᠰᠠᠨ ᠱᠢᠨᠵᠢᠯᠡᠬᠦ᠌ ᠤᠬᠠᠭᠠᠨ
ᠲᠧᠭ᠌ᠨᠢᠭ ᠮᠡᠷᠭᠡᠵᠢᠯ ᠦᠨ ᠲᠤᠯᠭᠠᠭᠤᠷᠢᠯᠠᠯ ᠪᠣᠯᠤᠨ ᠲᠠᠭᠠᠭᠤᠯᠭᠡ ᠳᠣᠣᠷ᠎ᠠ᠂ ᠲᠣᠭ᠎ᠠ ᠪᠠᠷᠢᠮᠲᠠ᠎ᠪᠠᠷ ᠵᠠᠩᠭᠢᠯᠠᠭ᠎ᠠ
ᠶ᠋ᠢᠨ ᠡᠯᠧᠮᠧᠨ᠋ᠲ ᠪᠣᠯᠭᠠᠵᠤ᠂ ᠦᠷᠳᠡᠭ ᠦᠨ ᠭᠠᠷᠭᠠᠯᠲᠠ᠎ᠪᠠᠷ ᠭᠣᠣᠯ ᠪᠣᠯᠭᠠᠵᠤ᠂ ᠲᠣᠭ᠎ᠠ ᠪᠠᠷᠢᠮᠲᠠ ᠳᠤ ᠡᠨᠧᠷᠭᠢ
ᠣᠯᠭᠣᠬᠤ ᠪᠠᠷ ᠭᠣᠣᠯ ᠱᠢᠵᠢᠮ ᠪᠣᠯᠭᠠᠵᠤ᠂ ᠠᠵᠤ ᠦᠢᠯᠡᠰ ᠦᠨ ᠬᠡᠯᠬᠢᠶ᠎ᠡ ᠶ᠋ᠢᠨ ᠳᠡᠭᠡᠳᠦ ᠲᠤᠤᠷᠠᠳᠤ ᠤᠷᠤᠰᠭᠠᠯ
ᠤᠨ ᠪᠦᠬᠦ᠌ ᠡᠯᠧᠮᠧᠨ᠋ᠲ ᠢ ᠲᠣᠭᠠᠴᠢᠯᠠᠨ ᠲᠡᠰ ᠳᠡᠪᠱᠢᠭᠦᠯᠵᠦ᠍᠂ ᠬᠡᠯᠪᠡᠷᠢ᠎ᠶ᠋ᠢ ᠬᠤᠪᠢᠷᠠᠭᠤᠯᠬᠤ ᠪᠠ ᠲᠠᠬᠢᠨ
ᠡᠭᠦᠳᠬᠦ᠌ ᠶᠠᠪᠤᠳᠠᠯ ᠪᠣᠯᠤᠨ᠎ᠠ᠃
ᠮᠠᠨ᠎ᠤ ᠣᠷᠣᠨ ᠦᠢᠯᠡᠳᠬᠦ᠌ ᠦᠢᠯᠡᠰ ᠵᠡᠷᠭᠡ ᠤᠯᠠᠮᠵᠢᠯᠠᠯᠲᠤ ᠠᠵᠤ ᠦᠢᠯᠡᠰ ᠦᠨ
ᠲᠣᠭᠠᠴᠢᠯᠠᠭ᠍ᠰᠠᠨ ᠬᠥᠭ᠌ᠵᠢᠯᠲᠡ᠎ᠶ᠋ᠢᠨ ᠲᠠᠯ᠎ᠠ᠎ᠪᠠᠷ ᠬᠡᠯᠪᠡᠷᠢ᠎ᠪᠡᠨ ᠬᠤᠪᠢᠷᠠᠭᠤᠯᠬᠤ᠎ᠶ᠋ᠢ ᠲᠦᠷᠭᠡᠳᠭᠡᠪᠡ᠃
ᠲᠤᠰ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠳᠡᠭᠡᠷ᠎ᠡ᠂ ᠪᠤᠭᠤᠲᠤ᠎ᠶ᠋ᠢᠨ ᠲᠥᠯᠥᠭᠡᠯᠡᠭ᠌ᠴᠢᠳ᠎ᠦᠨ ᠪᠦᠯᠬᠦᠮ ᠦᠨ ᠲᠥᠯᠥᠭᠡᠯᠡᠭ᠌ᠴᠢ᠂ ᠳᠤᠮᠳᠠᠳᠤ ᠤᠯᠤᠰ᠎ᠤᠨ ᠬᠤᠶᠠᠳᠤᠭᠠᠷ ᠲᠡᠮᠦᠷᠯᠢᠭ ᠬᠠᠢᠯᠤᠭᠤᠯᠬᠤ ᠪᠦᠯᠦᠭ᠌ᠯᠡᠯ᠎ᠦᠨ ᠬᠢᠵᠠᠭᠠᠷᠲᠤ ᠺᠣᠮᠫᠠᠨᠢ᠎ᠶ᠋ᠢᠨ ᠨᠠᠮ᠎ᠤᠨ
ᠬᠣᠷᠢᠶᠠᠨ᠎ᠤ ᠱᠦᠵᠢ᠂ ᠬᠡᠷᠡᠭ ᠮᠡᠳᠡᠭ᠌ᠴᠢᠳ᠎ᠦᠨ ᠳᠠᠷᠤᠭ᠎ᠠ ᠱᠢᠤᠢ ᠶᠦᠩ ᠹᠸᠩ᠄ 《ᠪᠢᠳᠡ ᠬᠤᠳᠠᠯᠳᠤᠨ ᠠᠪᠬᠤ᠂
ᠢᠨᠵᠧᠨᠧᠷᠢᠩ᠎ᠦᠨ ᠬᠠᠮᠢᠶᠠᠷᠤᠯᠲᠠ᠂ ᠠᠯᠪᠠᠨ ᠠᠵᠢᠯ᠂ ᠡᠳ᠋᠎ᠦᠨ ᠶᠠᠪᠤᠳᠠᠯ᠂ ᠬᠥᠮᠦᠨ᠎ᠦ ᠬᠦᠴᠦᠨ᠎ᠦ ᠡᠬᠢ ᠪᠠᠶᠠᠯᠢᠭ
ᠵᠡᠷᠭᠡ ᠡᠯ᠎ᠡ ᠭᠣᠭ᠍ᠴᠣᠭ᠎ᠠ ᠳᠤ ᠪᠦᠬᠦ᠌ ᠤᠯᠤᠰ᠎ᠤᠨ ᠲᠡᠷᠢᠭᠦᠨ᠎ᠦ ᠱᠢᠰᠲᠸᠮᠵᠢᠭ᠌ᠰᠡᠨ ᠠᠵᠢᠯ ᠤᠨ ᠲᠠᠪᠴᠠᠩ᠎ᠢ ᠣᠷᠣᠭᠤᠯᠤᠨ ᠠᠪᠴᠢᠷᠠᠵᠤ᠂ ᠦᠢᠯᠡᠳᠪᠦᠷᠢᠯᠡᠯ᠎ᠦᠨ ᠳᠤᠮᠳᠠ ᠪᠠᠰᠠ ᠮᠧᠬᠠᠨᠢᠭ ᠭᠠᠷᠢ᠋ ᠣᠷᠣᠭᠤᠯᠤᠨ ᠠᠪᠴᠢᠷᠠᠵᠤ᠂
ᠬᠥᠮᠦᠨ᠎ᠦ ᠬᠦᠴᠦᠨ᠎ᠦ ᠥᠪᠡᠷ᠎ᠦᠨ ᠦᠷᠳᠡᠭ᠎ᠢ ᠪᠠᠭᠤᠷᠠᠭᠤᠯᠵᠤ᠂ ᠲᠤᠭᠠᠴᠢᠯᠠᠯᠳᠡ ᠨᠢ ᠪᠦᠯᠦᠭ᠌ᠯᠡᠯ᠎ᠦᠨ ᠨᠡᠩ
ᠲᠦᠷᠭᠡᠨ ᠬᠥᠭ᠌ᠵᠢᠯᠲᠡ᠎ᠶ᠋ᠢ ᠪᠡᠶᠡᠯᠡᠭᠦᠯᠪᠡ》 ᠬᠡᠵᠤ ᠬᠡᠯᠡᠨ᠎ᠠ᠃
ᠪᠤᠭᠤᠲᠤ᠎ᠳᠤ ᠳᠤᠮᠳᠠᠳᠤ ᠤᠯᠤᠰ᠎ᠤᠨ ᠬᠤᠶᠠᠳᠤᠭᠠᠷ ᠲᠡᠮᠦᠷᠯᠢᠭ ᠬᠠᠢᠯᠤᠭᠤᠯᠬᠤ ᠠᠵᠤ ᠦᠢᠯᠡᠳᠪᠦᠷᠢ᠎ᠲᠡᠶ ᠠᠳᠠᠯᠢ ᠮᠠᠰᠢ ᠤᠯᠠᠨ ᠤᠯᠠᠮᠵᠢᠯᠠᠯᠲᠤ ᠦᠢᠯᠡᠳᠬᠦ᠌ ᠦᠢᠯᠡᠰ ᠪᠤᠢ᠂ ᠲᠡᠳᠡ
ᠬᠡᠳᠦᠢ ᠪᠡᠷ ᠢᠨᠲᠸᠷ ᠰᠦᠯᠵᠢᠶᠡᠨ᠎ᠦ ᠠᠵᠤ ᠠᠬᠤᠢᠯᠠᠯ ᠱᠢᠭ᠋
《ᠡᠭᠦᠯᠡᠨ 》 ᠪᠤᠳᠤᠬᠤ ᠴᠢᠳᠠᠪᠤᠷᠢ ᠪᠠ ᠬᠠᠳᠠᠭᠠᠯᠠᠬᠤ
ᠴᠢᠳᠠᠪᠤᠷᠢ ᠶ᠋ᠢ ᠱᠠᠭᠠᠷᠳᠠᠬᠤ ᠦᠭᠡᠢ ᠪᠣᠯᠪᠠᠴᠤ᠌᠂ ᠲᠣᠭᠠᠴᠢᠯᠠᠭ᠍ᠰᠠᠨ ᠮᠡᠷᠭᠡᠵᠢᠯ᠎ᠦᠨ ᠦᠢᠯᠡᠳᠪᠦᠷᠢᠯᠡᠯ ᠪᠠ ᠬᠠᠮᠢᠶᠠᠷᠤᠯᠲᠠ ᠵᠡᠷᠭᠡ ᠲᠠᠯ᠎ᠠ᠎ᠪᠠᠷ ᠠᠪᠴᠢᠷᠠᠭ᠍ᠰᠠᠨ ᠥᠨᠳᠥᠷ
ᠪᠦᠲᠦᠮᠵᠢᠲᠡᠢ ᠳᠥᠭᠥᠮ ᠳᠥᠲᠡ ᠪᠠᠢᠳᠠᠯ ᠨᠢ ᠠᠵᠤ ᠠᠬᠤᠢᠯᠠᠯ᠎ᠳᠤ ᠲᠣᠭᠠᠴᠢᠯᠠᠭ᠍ᠰᠠᠨ ᠠᠵᠤ ᠠᠬᠤᠢ᠎ᠶ᠋ᠢᠨ ᠠᠱᠢᠭ ᠲᠤᠰᠠ᠎ᠶ᠋ᠢ ᠦᠨᠡᠨ ᠬᠦ᠌ ᠮᠡᠳᠡᠷᠡᠭᠦᠯᠪᠡ᠃ ᠨᠢᠭᠡᠳᠦᠭᠡᠷ ᠮᠠᠱᠢᠨ
ᠮᠧᠬᠠᠨᠢᠭ᠎ᠤᠨ ᠪᠦᠯᠦᠭ᠌ᠯᠡᠯ ᠭᠤᠷᠪᠠᠨ ᠬᠡᠮᠵᠢᠯᠳᠦ ᠭᠠᠷ ᠤᠷᠠᠯᠠᠯ ᠤᠨ ᠵᠢᠷᠤᠭ ᠲᠥᠯᠥᠪᠯᠡᠭᠡ ᠪᠣᠯᠤᠨ ᠬᠡᠢᠰᠪᠦᠷᠢ
ᠠᠬᠤᠢ ᠳᠠᠭᠤᠷᠢᠶᠠᠮᠠᠯ ᠵᠡᠷᠭᠡ ᠤᠯᠠᠨ ᠵᠦᠢᠯ᠎ᠦᠨ ᠵᠠᠩᠭᠢᠯᠠᠭ᠎ᠠ ᠶ᠋ᠢᠨ ᠮᠡᠷᠭᠡᠵᠢᠯ᠎ᠢ ᠱᠢᠪᠲᠤᠯᠵᠤ᠂ ᠣᠶᠤᠨᠴᠢ
ᠦᠢᠯᠡᠳᠭᠡᠯ᠎ᠦᠨ ᠤᠯᠤᠰ᠎ᠤᠨ ᠭᠣᠣᠯᠳᠠᠯᠭ᠎ᠠ ᠲᠠᠶ ᠲᠤᠷᠱᠢᠯᠲᠠ ᠶ᠋ᠢᠨ ᠲᠠᠰᠤᠭ᠎ᠢᠶᠠᠷ ᠵᠥᠪᠱᠢᠶᠡᠷᠡᠭ᠌ᠳᠡᠪᠡ;ᠪᠤᠭᠤᠲᠤ ᠶ᠋ᠢᠨ ᠬᠥᠩᠭᠡᠨᠴᠠᠭᠠᠨ᠎ᠤ ᠦᠶ᠋ᠯᠡᠰ᠎ᠦᠨ 5G+ ᠠᠵᠤ ᠦᠶ᠋ᠯᠡᠳᠪᠦᠷᠢ᠎ᠶ᠋ᠢᠨ ᠢᠨᠲ᠋ᠧᠷ ᠰᠦᠯᠵᠢᠶ᠎ᠡ
ᠨᠢᠭᠡᠨᠲᠡ ᠭᠤᠷᠪᠠᠳᠤᠭᠠᠷ ᠦᠶ᠎ᠡ ᠪᠣᠯᠵᠣ ᠬᠥᠭ᠌ᠵᠢᠭᠡᠳ᠂
ᠮᠡᠷᠭᠡᠵᠢᠯ᠎ᠦᠨ ᠲᠦᠪᠱᠢᠨ᠎ᠨᠢ ᠠᠵᠢᠯ ᠲᠥᠷᠥᠯ᠎ᠦᠨ ᠡᠮᠤᠨ᠎ᠠ ᠡᠩᠨᠡᠭᠡᠨ᠎ᠳᠦ ᠣᠷᠣᠪᠠ; ᠤᠮᠠᠷᠠᠲᠤ᠎ᠶ᠋ᠢᠨ ᠬᠦᠨᠳᠦ ᠠᠵᠤ ᠦᠶ᠋ᠯᠡᠳᠪᠦᠷᠢ᠎ᠶ᠋ᠢᠨ ᠰᠦᠯᠵᠢᠶᠡᠨ᠎ᠦ ᠠᠮᠤᠷ ᠲᠦᠪᠱᠢᠨ᠎ᠦ ᠲᠥᠷᠥᠯ ᠵᠦᠶ᠋ᠯ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ ᠶ᠋ᠢᠨ ᠶᠠᠮᠤᠨ᠎ᠤ ᠠᠵᠤ ᠦᠶ᠋ᠯᠡᠳᠪᠦᠷᠢ᠎ᠶ᠋ᠢᠨ ᠢᠨᠲ᠋ᠧᠷ ᠰᠦᠯᠵᠢᠶᠡᠨ᠎ᠦ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠢᠨᠵᠧᠨᠧᠷᠢᠩ᠎ᠦᠨ ᠳᠠᠭᠠᠭᠠᠴᠢᠯᠠᠯᠲᠠ᠎ᠵᠢ
ᠤᠯᠪᠠ; ᠪᠠᠶᠠᠠᠠᠤᠪᠤᠭ᠎ᠠ ᠲᠡᠮᠦᠷ ᠦᠨ ᠠᠭᠤᠷᠬᠠᠶ ᠨᠢ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ ᠠᠱᠢᠭ᠍ᠯᠠᠯᠲᠠ
ᠳᠤ ᠤᠷᠤᠭ᠍ᠰᠠᠨ ᠤᠶᠤᠨᠴᠢ ᠠᠭᠤᠷᠬᠠᠶ ᠪᠣᠯᠵᠠᠶ᠃ ᠬᠠᠭᠤᠴᠢᠨ ᠤᠯᠠᠮᠵᠢᠯᠠᠯᠲᠤ ᠠᠵᠤ ᠦᠢᠯᠡᠳᠪᠦᠷᠢ᠎ᠶ᠋ᠢᠨ ᠰᠠᠭᠤᠷᠢᠨ
ᠪᠣᠯᠤᠭ᠍ᠰᠠᠨ ᠪᠤᠭᠤᠳᠤ ᠬᠤᠳᠠ ᠡᠨᠡ ᠬᠦ᠌ ᠬᠤᠪᠢᠰᠤᠯᠲᠠ᠎ᠶ᠋ᠢᠨ
ᠳᠤᠮᠳᠠ ᠠᠵᠤ ᠦᠢᠯᠡᠰ᠎ᠦᠨ ᠲᠣᠭᠠᠴᠢᠯᠠᠯᠲᠠ ᠲᠡᠢᠰᠢ ᠲᠦᠷᠭᠡᠨ ᠤᠷᠤᠭ᠍ᠰᠢᠯᠠᠵᠤ᠂ ᠠᠵᠤ ᠦᠢᠯᠡᠰ ᠪᠣᠯᠤᠨ ᠲᠣᠭ᠎ᠠ
ᠪᠠᠷᠢᠮᠲᠠ ᠶ᠋ᠢᠨ ᠭᠦᠨᠵᠡᠭᠡᠢ ᠠᠭᠤᠰᠤᠯᠴᠠᠯ ᠢᠶᠠᠷ ᠳᠠᠮᠵᠢᠨ᠂ 《ᠥᠪᠥᠷ
ᠮᠣᠩᠭᠣᠯ ᠤᠨ ᠦᠢᠯᠡᠳᠭᠡᠯ 》 ᠡᠴᠡ 《ᠥᠪᠥᠷ ᠮᠣᠩᠭᠣᠯ ᠤᠨ ᠣᠶᠤᠨᠴᠢ ᠦᠢᠯᠡᠳᠭᠡᠯ》 ᠲᠡᠢᠰᠢ
ᠬᠤᠪᠢᠷᠠᠬᠤ ᠶ᠋ᠢ ᠠᠬᠢᠭᠤᠯᠪᠠ᠃
ᠮᠠᠨ᠎ᠤ ᠣᠷᠣᠨ ᠴᠤ᠌ ᠲᠣᠭᠠᠴᠢᠯᠠᠭ᠍ᠰᠠᠨ ᠵᠠᠰᠠᠯᠲᠠ ᠶ᠋ᠢᠨ ᠲᠦᠪᠱᠢᠨ ᠢᠶᠡᠨ
ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠬᠥᠬᠡᠬᠣᠲᠠ ᠪᠤᠭᠤᠲᠤ ᠣᠷᠳᠣᠰ ᠤᠯᠠᠭᠠᠨᠴᠠᠪ ᠤᠨ ᠤᠶᠤᠨᠲᠤ ᠬᠣᠲᠠ
ᠶ᠋ᠢᠨ ᠪᠥᠭᠡᠮᠨᠡᠷᠡᠯ᠎ᠢ ᠨᠢᠭᠡ ᠴᠣᠭ᠍ᠴᠠᠵᠢᠭᠤᠯᠬᠤ ᠠᠵᠢᠯ ᠶᠠᠭ ᠶᠠᠭᠠᠷᠠᠯᠲᠠᠶ ᠶᠠᠪᠤᠭ᠍ᠳᠠᠵᠤ᠂ ᠲᠣᠭ᠎ᠠ ᠪᠠᠷᠢᠮᠲᠠ
ᠶ᠋ᠢ ᠬᠠᠮᠲᠤ ᠪᠠᠷ ᠡᠳ᠋ᠯᠡᠬᠦ᠌ ᠲᠠᠪᠴᠠᠩ᠂ ᠠᠷᠠᠳ᠎ᠲᠤ ᠲᠥᠬᠥᠮ ᠦᠵᠡᠭᠦᠯᠬᠦ᠌ ᠱᠢᠰᠲ᠋ᠧᠮ᠂ ᠣᠶᠤᠨᠴᠢ ᠠᠮᠢ ᠠᠬᠤᠶ᠂
ᠣᠶᠤᠨᠴᠢ ᠵᠢᠭᠤᠯᠴᠢᠯᠠᠯ ᠵᠡᠷᠭᠡ ᠲᠦᠷᠦᠭᠦᠦ ᠪᠦᠯᠦᠭ ᠦᠨ ᠪᠥᠲᠥᠭᠡᠨ ᠪᠠᠢᠭᠤᠯᠤᠯᠲᠠ ᠶ᠋ᠢᠨ ᠡᠭᠦᠷᠭᠡ ᠨᠢᠭᠡᠨᠲᠡ
ᠡᠬᠢᠯᠡᠪᠡ᠃ ᠪᠥᠬᠥ᠌ ᠣᠷᠣᠨ ᠤ ᠣᠯᠠᠨ ᠠᠢᠮᠠᠭ ᠬᠣᠲᠠ ᠨᠢ ᠵᠠᠰᠠᠭ ᠤᠨ ᠶᠠᠪᠤᠳᠠᠯ ᠤᠨ ᠡᠭᠦᠯᠡᠨ ᠲᠠᠪᠴᠠᠩ ᠳᠤ
ᠲᠦᠱᠢᠭ᠌ᠯᠡᠨ᠂ ᠨᠠᠩ ᠣᠯᠠᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ ᠶ᠋ᠢ 《ᠠᠯᠠᠭᠠᠨ ᠳᠡᠭᠡᠷ᠎ᠡ ᠭᠦᠶ᠋ᠴᠡᠳᠭᠡᠬᠦ᠌ 》᠂ 《ᠬᠤᠷᠤᠭᠤᠨ ᠦᠵᠦᠭᠦᠷ ᠭᠦᠶ᠋ᠴᠡᠳᠭᠡᠬᠦ᠌ 》 ᠶ᠋ᠢ ᠪᠡᠶᠡᠯᠡᠭᠦᠯᠪᠡ᠃ 《 ᠮᠥᠩᠬᠡ ᠰᠤᠪᠠᠭ》 APP ᠨᠢ 2020 ᠣᠨ ᠳᠤ ᠵᠢᠩᠬᠢᠨᠢ ᠪᠡᠷ ᠠᠰᠢᠬᠯᠠᠯᠳᠡ ᠳᠤ ᠤᠷᠤᠭᠰᠠᠨ ᠤ ᠳᠠᠷᠠᠭ᠎ᠠ᠂ ᠠᠰᠠᠭᠤᠨ
ᠯᠠᠪᠯᠠᠭᠰᠠᠨ ᠬᠡᠮᠵᠢᠶ᠎ᠡ ᠨᠡᠢᠲᠡ 6232 ᠲᠦᠮᠡᠨ ᠤᠳᠠᠭ᠎ᠠ
ᠶ᠋ᠢ ᠳᠠᠪᠠᠵᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠶ᠋ᠢᠨ
ᠵᠦᠶ᠋ᠯᠡᠰ ᠢ ᠰᠦᠯᠵᠢᠶ᠎ᠡ ᠪᠡᠷ ᠭᠦᠶ᠋ᠴᠡᠳᠭᠡᠭ᠌ᠰᠡᠨ ᠨᠣᠷᠮ᠎ᠠ 91% ᠳ᠋ᠤ ᠬᠥᠷᠪᠡ᠃
ᠲᠣᠭᠠᠴᠢᠯᠠᠭ᠍ᠰᠠᠨ ᠠᠵᠤ ᠠᠬᠤᠶ ᠶ᠋ᠢ ᠬᠥᠭ᠌ᠵᠢᠭᠦᠯᠬᠦ᠌ ᠳᠦ ᠲᠣᠭᠠᠴᠢᠯᠠᠭ᠍ᠰᠠᠨ
ᠦᠨᠳᠦᠰᠦᠨ ᠪᠥᠲᠥᠭᠡᠨ ᠪᠠᠢᠭᠤᠯᠤᠯᠲᠠ ᠠᠴᠠ ᠰᠠᠯᠵᠤ ᠴᠢᠳᠠᠬᠤ ᠥᠬᠡᠶ᠂ 2021 ᠣᠨ᠎ᠤ 6 ᠰᠠᠷ᠎ᠠ ᠶ᠋ᠢᠨ ᠰᠡᠭᠦᠯᠴᠢ
ᠪᠣᠯᠲᠠᠯ᠎ᠠ᠂ ᠪᠥᠬᠥ᠌ ᠣᠷᠣᠨ᠎ᠤ ᠬᠡᠷᠡᠯᠴᠢ ᠴᠡᠨᠡᠭ ᠤᠨ ᠱᠤᠭᠤᠮ᠎ᠤᠨ ᠣᠷᠳᠣ ᠨᠢ 185.3 ᠲᠦᠮᠡᠨ ᠺᠢᠯᠣᠮᠧᠲ᠋ᠷ᠎ᠲᠦ ᠬᠦᠷᠴᠦ᠍᠂ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ ᠣᠯᠠᠨ ᠤᠯᠤᠰ᠎ᠤᠨ ᠢᠨᠲ᠋ᠧᠷ ᠰᠦᠯᠵᠢᠶᠡᠨ᠎ᠦ
ᠳ᠋ᠠᠢᠲ᠋ᠠ᠎ᠶ᠋ᠢᠨ ᠲᠤᠰᠭᠠᠶ ᠬᠡᠷᠡᠭ᠌ᠯᠡᠬᠦ᠌ ᠵᠠᠮ ᠵᠥᠪᠱᠢᠶᠡᠷᠡᠭ᠌ᠳᠡᠨ ᠪᠠᠢᠭᠤᠯᠤᠭ᠍ᠳᠠᠵᠤ᠂ ᠵᠢᠯ᠎ᠦᠨ ᠰᠡᠭᠦᠯᠴᠢ ᠡᠴᠡ ᠡᠮᠦᠨ᠎ᠡ ᠠᠱᠢᠭ᠍ᠯᠠᠯᠲᠠ᠎ᠳᠤ ᠣᠷᠣᠭᠤᠯᠬᠤ ᠪᠠᠷ ᠲᠥᠯᠥᠪᠯᠡᠵᠦ᠍᠂ ᠪᠠᠢᠭᠤᠯᠵᠤ ᠳᠠᠭᠤᠰᠤᠭ᠍ᠰᠠᠨ᠎ᠤ ᠳᠠᠷᠠᠭ᠎ᠠ
ᠲᠣᠰ ᠭᠠᠵᠠᠷ᠎ᠤᠨ ᠰᠦᠯᠵᠢᠶ᠎ᠡ᠎ᠶ᠋ᠢ ᠣᠯᠠᠨ ᠤᠯᠤᠰ᠎ᠤᠨ ᠢᠨᠲ᠋ᠧᠷ ᠰᠦᠯᠵᠢᠶᠡᠨ᠎ᠦ ᠣᠷᠣᠵᠤ ᠭᠠᠷᠬᠤ ᠭᠠᠵᠠᠷ᠎ᠲᠠᠶ
ᠱᠢᠭᠤᠳ ᠬᠣᠯᠪᠣᠵᠤ ᠪᠣᠯᠤᠨ᠎ᠠ᠃ ᠪᠥᠬᠥ᠌ ᠣᠷᠣᠨ᠎ᠳᠤ 5G ᠰᠠᠭᠤᠷᠢ ᠥᠷᠲᠡᠭᠡ᠎ᠶ᠋ᠢ ᠨᠡᠢᠲᠡ
1.45 ᠲᠦᠮᠡ᠂ 4G
ᠰᠠᠭᠤᠷᠢ
ᠥᠷᠲᠡᠭᠡ᠎ᠶ᠋ᠢ 11.42 ᠲᠦᠮᠡ᠎ᠵᠢ ᠪᠠᠢᠭᠤᠯᠪᠠ᠃ ᠪᠠᠲᠤ ᠪᠡᠬᠢ ᠰᠠᠭᠤᠷᠢ᠎ᠲᠠᠶ ᠪᠣᠯᠪᠠᠯ ᠬᠤᠷᠳᠤᠴᠠ ᠯᠠᠪᠲᠠᠶ ᠶᠡᠬᠡ
ᠪᠡᠷ ᠳᠡᠭᠡᠭ᠌ᠰᠢᠯᠡᠬᠦ᠌ ᠶᠤᠮ᠃
ᠼᠤᠤ ᠶᠦᠩ ᠫᠢᠩ ᠄ 《 ᠣᠳᠣᠬᠠᠨ᠎ᠳᠤ ᠥᠪᠥᠷ ᠮᠣᠩᠭᠣᠯ ᠶᠠᠭ
ᠬᠡᠯᠪᠡᠷᠢ ᠪᠡᠨ ᠬᠤᠪᠢᠷᠠᠭᠤᠯᠤᠨ ᠬᠥᠭ᠌ᠵᠢᠬᠦ᠌ ᠵᠠᠩᠭᠢᠯᠠᠭ᠎ᠠ ᠶ᠋ᠢᠨ ᠬᠤᠭᠤᠴᠠᠭᠠᠨ᠎ᠳᠤ ᠣᠷᠣᠱᠢᠵᠤ ᠪᠠᠢᠨ᠎ᠠ᠂
ᠤᠯᠠᠮᠵᠢᠯᠠᠯᠲᠤ ᠠᠵᠤ ᠦᠢᠯᠡᠰ᠎ᠢ ᠥᠭᠡᠷᠡᠴᠢᠯᠡᠨ ᠳᠡᠭᠡᠭ᠌ᠰᠢᠯᠡᠭᠦᠯᠬᠦ᠌ ᠳᠦ ᠴᠦ᠍ ᠲᠡᠷᠡ᠂ ᠠᠵᠤ ᠠᠬᠤᠢ᠎ᠶ᠋ᠢᠨ ᠱᠢᠨ᠎ᠡ ᠨᠡᠮᠡᠭ᠌ᠳᠡᠯ᠎ᠦᠨ ᠴᠡᠭ᠎ᠢ ᠪᠣᠢᠵᠢᠭᠤᠯᠬᠤ᠎ᠳᠤ ᠴᠤ᠌ ᠬᠡᠰᠡᠨ᠂ ᠴᠥᠮ ᠲᠣᠭᠠᠴᠢᠯᠠᠯᠲᠠ ᠪᠠᠷ ᠬᠥᠳᠡᠯᠭᠡᠭᠦᠷ ᠪᠤᠯᠭᠠᠵᠤ᠂ ᠭᠦᠨᠵᠡᠭᠡᠢ ᠰᠤᠳᠤᠯᠵᠤ᠂
ᠨᠠᠷᠢᠨ ᠪᠤᠳᠤᠯᠬᠢᠯᠠᠨ᠂ ᠡᠬᠦᠯᠡᠨ ᠪᠤᠳᠤᠯᠳᠡ᠎ᠵᠢ ᠬᠦᠭᠵᠢᠬᠦᠯᠬᠦ᠎ᠳᠤ ᠪᠦᠳᠦᠮᠵᠢᠳᠡᠢ ᠠᠷᠭ᠎ᠠ ᠠᠪᠴᠤ᠌᠂ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠬᠤ ᠪᠣᠬᠢᠷᠲᠤᠯ ᠦᠭᠡᠢ ᠬᠦᠭᠵᠢᠬᠦᠯᠬᠦ ᠪᠡᠷ ᠤᠳᠤᠷᠢᠳᠤᠮᠵᠢ ᠪᠣᠯᠭᠠᠭ᠍ᠰᠠᠨ ᠴᠢᠨᠠᠷ
ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ ᠢᠶᠠᠷ ᠰᠠᠢᠲᠤᠷ ᠵᠠᠮᠨᠠᠬᠤ᠎ᠳᠤ ᠬᠦᠴᠦᠷᠬᠡᠭ ᠶᠡᠬᠡ ᠬᠥᠳᠡᠯᠭᠡᠬᠦ᠌
ᠬᠦᠴᠦᠨ ᠬᠠᠨᠭᠭᠠᠨ᠎ᠠ》 ᠬᠡᠵᠡᠢ᠃