ᠤᠮᠠᠷᠠᠲᠤ ᠬᠢᠯᠢ᠎ᠶ᠋ᠢᠨ ᠡᠬᠡ ᠭᠠᠵᠠᠷ ᠳᠦ᠍ ᠦᠵᠡᠰᠭᠦᠯᠡᠩ ᠲᠡᠭᠦᠰ ᠪᠦᠷᠢᠳᠴᠦ᠂
ᠠᠭᠤᠯᠠ ᠨᠢ ᠬᠦᠬᠡᠮᠳᠦᠭ᠂ ᠤᠰᠤ ᠨᠢ ᠲᠤᠩᠭᠠᠯᠠᠭ᠂ ᠣᠢ ᠨᠢ ᠢᠭᠴᠤ᠂ ᠲᠠᠯ᠎ᠠ ᠨᠢ ᠠᠭᠤᠳᠠᠮ᠂ ᠦᠵᠡᠮᠵᠢ ᠪᠤᠯᠭᠠᠨ ᠳ᠋ᠤᠨᠢ ᠰᠢᠯᠦᠭ᠎ᠤᠨ ᠰᠠᠨᠠᠭ᠎ᠠ ᠵᠢᠷᠤᠭ᠎ᠤᠨ ᠠᠬᠤᠢ ᠠᠭᠤᠯᠤᠭᠳᠠᠨ᠎ᠠ᠃
ᠳᠤᠮᠳᠠᠳᠤ ᠤᠯᠤᠰ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠨᠤᠲᠤᠭ ᠳᠡᠪᠢᠰᠭᠡᠷ
ᠳᠡᠭᠡᠷ᠎ᠡ ᠥᠪᠥᠷ ᠮᠣᠩᠭᠣᠯ᠎ᠤᠨ ᠪᠠᠢᠷᠢᠯᠠᠯ ᠮᠠᠰᠢ ᠣᠨᠴᠠᠭᠠᠶ ᠪᠠᠢᠳᠠᠭ — 《ᠤᠮᠠᠷᠠᠲᠤ᠎ᠶ᠋ᠢᠨ ᠭᠤᠷᠪᠠᠨ ᠣᠷᠣᠨ》 ᠢ᠋ ᠰᠤᠨᠳᠠᠯᠠᠵᠤ᠂ ᠨᠠᠶ᠋ᠮᠠᠨ ᠮᠤᠵᠢ᠎ᠲᠠᠶ ᠬᠥᠷᠱᠢᠯᠡᠵᠦ᠍᠂ ᠮᠠᠨ᠎ᠤ ᠤᠯᠤᠰ᠎ᠤᠨ ᠤᠮᠠᠷᠠᠲᠤ
ᠵᠢᠨ ᠲᠠᠯᠠᠪᠠᠶ᠎ᠪᠠᠷ ᠬᠠᠮᠤᠭ᠎ᠤᠨ ᠶᠡᠬᠡ᠂ ᠲᠥᠷᠥᠯ ᠵᠦᠶ᠋ᠯ᠎ᠢᠶᠡᠷ ᠬᠠᠮᠤᠭ᠎ᠤᠨ ᠪᠦᠷᠢᠨ ᠠᠮᠢ ᠠᠬᠤᠶ᠎ᠶ᠋ᠢᠨ ᠴᠢᠳᠠᠮᠵᠢᠳᠤ
ᠣᠷᠣᠨ ᠪᠢᠯᠡ᠃
ᠤᠯᠤᠰ᠎ᠤᠨ 《ᠬᠣᠶᠠᠷ ᠬᠠᠯᠬᠠᠪᠴᠢ ᠭᠤᠷᠪᠠᠨ
ᠪᠦᠰᠡ》 ᠶ᠋ᠢᠨ ᠠᠮᠢ ᠠᠬᠤᠶ᠎ᠶ᠋ᠢᠨ ᠠᠮᠤᠷ
ᠲᠦᠪᠱᠢᠨ᠎ᠦ ᠬᠠᠯᠬᠠᠪᠴᠢ᠎ᠶ᠋ᠢᠨ ᠪᠠᠢᠷᠢᠱᠢᠯ᠎ᠳᠤ ᠥᠪᠥᠷ ᠮᠣᠩᠭᠣᠯ ᠮᠠᠰᠢ ᠴᠢᠬᠤᠯᠠ ᠲᠦᠷᠢ ᠪᠡᠷ ᠤᠷᠤᠰᠢᠳᠠᠭ — 《ᠵᠡᠭᠦᠨ ᠬᠣᠢᠲᠤ᠎ᠶ᠋ᠢᠨ ᠣᠶ ᠱᠢᠭᠤᠶ᠎ᠶ᠋ᠢᠨ ᠬᠠᠯᠬᠠᠪᠴᠢ
ᠪᠦᠰᠡ》 ᠪᠤᠯᠤᠨ 《ᠤᠮᠠᠷᠠᠲᠤ᠎ᠶ᠋ᠢᠨ
ᠡᠯᠡᠰᠦ᠎ᠶ᠋ᠢ ᠰᠡᠷᠭᠡᠢᠯᠡᠬᠦ᠌ ᠬᠠᠯᠬᠠᠪᠴᠢ ᠪᠦᠰᠡ》 ᠶ᠋ᠢᠨ ᠭᠤᠤᠯ ᠪᠦᠷᠢᠯᠳᠦᠬᠦᠨ ᠬᠡᠰᠡᠭ᠂ ᠤᠮᠠᠷᠠᠲᠤ ᠣᠷᠣᠨ᠎ᠤ 《ᠤᠰᠤᠨ ᠰᠤᠪᠤᠷᠭ᠎ᠠ》 ᠪᠠ 《ᠣᠶ᠎ᠶ᠋ᠢᠨ ᠲᠤᠤᠷ》 ᠮᠥᠨ᠂ 《ᠤᠮᠠᠷᠠᠲᠤ ᠵᠢᠨ ᠭᠤᠷᠪᠠᠨ ᠤᠷᠤᠨ》 ᠴᠢᠨᠠᠭ᠍ᠰᠢᠯᠠᠪᠠᠯ
ᠪᠥᠬᠥ᠌ ᠤᠯᠤᠰ᠎ᠤᠨ 《ᠡᠯᠡᠰᠤᠨ ᠬᠠᠯᠬᠠᠪᠴᠢ》 ᠪᠠ 《ᠨᠡᠭᠦᠷᠡᠰᠦᠲᠥ᠋ᠷᠥᠭ᠌ᠴᠢ ᠬᠤᠷᠠᠮᠳᠤᠭᠤᠯᠬᠤ
ᠬᠥᠮᠥᠷᠭᠡ》 ᠪᠢᠯᠡ᠃
ᠡᠨᠡ ᠪᠤᠯ ᠤᠮᠠᠷᠠᠲᠤ᠎ᠶ᠋ᠢᠨ ᠬᠥᠪᠡᠭᠦᠳ ᠥᠬᠢᠳ᠎ᠦᠨ ᠨᠤᠲᠤᠭ᠎ᠤᠨ ᠮᠥᠷᠥᠭᠡᠳᠦᠯ᠎ᠢ
ᠠᠴᠢᠶᠠᠯᠠᠭᠴᠢ;
ᠡᠨᠡ ᠪᠤᠯ ᠲᠦᠷᠪᠡᠨ ᠵᠦᠭ ᠨᠠᠶ᠋ᠮᠠᠨ ᠵᠤᠪᠬᠢᠰ᠎ᠤᠨ ᠵᠢᠭᠤᠯᠴᠢᠯᠠᠭᠰᠠᠳ᠎ᠤᠨ ᠪᠠᠬᠠᠷᠠᠯᠢ
ᠲᠠᠳᠠᠭᠰᠠᠨ ᠤᠷᠤᠨ; ᠡᠨᠡ ᠪᠣᠯ ᠲᠤᠢᠯ᠎ᠤᠨ ᠴᠢᠬᠤᠯᠠ ᠠᠮᠢ ᠠᠬᠤᠢ᠎ᠶ᠋ᠢᠨ
ᠠᠮᠤᠷ ᠲᠦᠪᠱᠢᠨ᠎ᠦ ᠬᠠᠯᠬᠠᠪᠴᠢ; ᠡᠨᠡ ᠪᠣᠯ ᠶᠡᠷᠦᠩᠬᠡᠢ ᠱᠦᠵᠢ ᠰᠢ᠎ᠶ᠋ᠢᠨ
ᠫᠢᠩ᠎ᠦᠨ ᠰᠠᠨᠠᠵᠥ ᠮᠦᠷᠦᠬᠡᠤᠨᠳᠡᠭ ᠭᠠᠵᠠᠷ᠃ ᠬᠡᠷᠪᠡ ᠨᠢᠭᠡ ᠵᠦᠶ᠋ᠯ᠎ᠦᠨ ᠥᠩᠭᠡ᠎ᠪᠡᠷ ᠥᠪᠥᠷ ᠮᠣᠩᠭᠣᠯ᠎ᠢ ᠳᠦᠷᠰᠦᠯᠡᠪᠡᠯ
ᠲᠡᠷᠡ ᠨᠢ ᠯᠠᠪᠲᠠᠶ ᠨᠣᠭᠣᠭᠠᠨ ᠥᠩᠭᠡ ᠪᠢᠯᠡ!
ᠶᠡᠷᠦᠩᠬᠡᠢ ᠱᠦᠵᠢ ᠰᠢ᠎ᠶ᠋ᠢᠨ ᠫᠢᠩ ᠥᠪᠥᠷ ᠮᠣᠩᠭᠣᠯ᠎ᠤᠨ ᠠᠮᠢ ᠠᠬᠤᠢ᠎ᠶ᠋ᠢᠨ ᠪᠠᠢᠳᠠᠯ
ᠶᠠᠮᠠᠷ ᠪᠠᠢᠬᠤ ᠨᠢ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠣᠷᠣᠱᠢᠯ ᠲᠣᠭ᠍ᠲᠠᠨᠢᠯ ᠪᠠ
ᠬᠥᠭ᠌ᠵᠢᠯᠲᠡ᠎ᠲᠡᠶ ᠬᠣᠯᠪᠣᠭ᠍ᠳᠠᠬᠤ᠎ᠪᠠᠷ ᠪᠠᠷᠠᠬᠤ ᠦᠭᠡᠢ ᠤᠮᠠᠷᠠᠲᠤ ᠣᠷᠣᠨ᠂ ᠵᠡᠭᠦᠨ ᠬᠣᠢᠲᠤ ᠣᠷᠣᠨ᠂ ᠪᠠᠷᠠᠭᠤᠨ
ᠬᠣᠢᠲᠤ ᠣᠷᠣᠨ ᠴᠢᠨᠠᠭ᠍ᠰᠢᠯᠠᠪᠠᠯ ᠪᠦᠬᠦ᠌ ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ᠎ᠲᠡᠶ ᠬᠣᠯᠪᠣᠭ᠍ᠳᠠᠨ᠎ᠠ᠃
ᠥᠪᠥᠷ ᠮᠣᠩᠭᠣᠯ᠎ᠢ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ
ᠪᠣᠯᠭᠠᠨ ᠪᠥᠲᠥᠭᠡᠨ ᠪᠠᠢᠭᠤᠯᠬᠤ ᠪᠣᠯ ᠪᠥᠬᠥ᠌ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠰᠠᠭᠤᠷᠢᠯᠠᠵᠤ
ᠲᠣᠭ᠍ᠲᠠᠭᠠᠭ᠍ᠰᠠᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠮᠥᠨ᠂ ᠮᠦᠨ ᠴᠤ᠌ ᠥᠪᠥᠷ ᠮᠣᠩᠭᠣᠯ᠎ᠤᠨ ᠡᠷᠬᠡᠪᠰᠢ ᠤᠬᠠᠮᠰᠠᠷ ᠡᠴᠡ᠎ᠪᠠᠨ ᠡᠭᠦᠷᠭᠡᠯᠡᠬᠦ᠌
ᠴᠢᠬᠤᠯᠠ ᠶᠡᠬᠡ ᠬᠠᠷᠢᠭᠤᠴᠠᠯᠭ᠎ᠠ ᠮᠥᠨ ᠭᠡᠵᠦ᠍ ᠵᠢᠭᠠᠵᠤ ᠭᠠᠷᠭᠠᠪᠠ᠃
ᠮᠠᠨ᠎ᠤ ᠣᠷᠣᠨ᠎ᠤ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ ᠶᠡᠷᠦᠩᠬᠡᠢ
ᠱᠦᠵᠢ ᠰᠢ᠎ᠶ᠋ᠢᠨ ᠫᠢᠩ᠎ᠦᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠰᠢ᠎ᠶ᠋ᠢᠨ ᠫᠢᠩ᠎ᠦᠨ ᠠᠮᠢ ᠠᠬᠤᠢ᠎ᠶ᠋ᠢᠨ
ᠪᠣᠯᠪᠠᠰᠤᠨ᠎ᠤ ᠦᠵᠡᠯ ᠰᠠᠨᠠᠭ᠎ᠠ᠎ᠶ᠋ᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠍᠂ ᠮᠠᠨ᠎ᠤ ᠤᠯᠤᠰ᠎ᠤᠨ ᠤᠮᠠᠷᠠᠲᠤ᠎ᠶ᠋ᠢᠨ
ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠪᠠᠢᠯᠳᠤᠬᠤ ᠪᠤᠳᠤᠯᠭ᠎ᠠ᠎ᠶ᠋ᠢᠨ
ᠪᠠᠢᠷᠢ ᠲᠣᠭ᠍ᠲᠠᠭᠠᠯᠲᠠ᠎ᠶ᠋ᠢᠨ ᠲᠣᠭᠣᠷᠢᠨ᠎ᠳᠤ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ
ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠭᠤᠢᠪᠢᠰᠢ ᠦᠭᠡᠢ ᠵᠠᠮᠨᠠᠵᠤ᠂ ᠰᠡᠳᠬᠢᠯ ᠬᠠᠨᠤᠮᠵᠢᠳᠠᠢ《ᠪᠣᠬᠢᠷᠲᠤᠯ ᠦᠭᠡᠢ ᠬᠠᠷᠢᠭᠤᠯᠲᠠ᠎ᠶ᠋ᠢᠨ ᠬᠠᠭᠤᠳᠠᠰᠤ》 ᠶ᠋ᠢ ᠲᠤᠱᠢᠶᠠᠵᠠᠢ —
ᠥᠩᠭᠡᠷᠡᠭ᠌ᠰᠡᠨ ᠲᠠᠪᠤᠨ ᠵᠢᠯ᠎ᠢ ᠡᠷᠭᠢᠴᠡᠭᠦᠯᠬᠦᠶ᠎ᠡ ᠂ ᠮᠠᠨ᠎ᠤ ᠣᠷᠣᠨ ᠠᠮᠢ
ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ ᠪᠣᠯᠤᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠬᠠᠷᠢᠴᠠᠭ᠎ᠠ᠎ᠶ᠋ᠢ
ᠵᠥᠪ ᠱᠢᠶ᠋ᠳᠪᠦᠷᠢᠯᠡᠵᠦ᠍᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ
ᠡᠯᠡᠰᠦ ᠮᠠᠩᠬ᠎ᠠ᠎ᠶ᠋ᠢ ᠱᠢᠰᠲ᠋ᠧᠮ᠎ᠲᠡᠶ ᠵᠠᠰᠠᠬᠤ᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠠᠮᠢ ᠠᠬᠤᠶ ᠣᠷᠴᠢᠨ
ᠲᠣᠭᠣᠷᠢᠨ᠎ᠢ ᠱᠢᠰᠲ᠋ᠧᠮ᠎ᠲᠡᠶ ᠬᠠᠮᠠᠭᠠᠯᠠᠬᠤ ᠬᠠᠤᠯᠢ ᠲᠣᠭ᠍ᠲᠠᠭᠠᠯ ᠲᠦᠷᠢᠮ᠎ᠦᠨ ᠱᠢᠰᠲ᠋ᠧᠮ᠎ᠢ ᠢᠳᠡᠪᠬᠢᠲᠡᠶ ᠪᠠᠢᠭᠤᠯᠵᠤ᠂
ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ ᠪᠣᠯᠤᠨ ᠪᠣᠬᠢᠷᠲᠤᠯ ᠥᠬᠡᠶ ᠪᠠᠷ ᠬᠡᠯᠪᠡᠷᠢ᠎ᠶᠢ ᠬᠤᠪᠢᠷᠠᠭᠤᠯᠤᠨ
ᠬᠥᠭ᠌ᠵᠢᠬᠦᠯᠬᠦ᠎ᠶ᠋ᠢ ᠠᠬᠢᠭᠤᠯᠬᠤ᠎ᠳᠤ ᠦᠵᠡᠯ ᠰᠠᠨᠠᠭ᠎ᠠ ᠲᠠᠨᠢᠯᠲᠠ ᠡᠴᠡ ᠠᠵᠢᠯ᠎ᠤᠨ ᠦᠶ᠋ᠯᠡᠳᠦᠯᠭᠡᠬᠦᠷᠳᠡᠯᠠ
ᠴᠥᠮ ᠪᠥᠬᠥ᠌ ᠲᠠᠯ᠎ᠠ᠎ᠶ᠋ᠢᠨ ᠴᠢᠨᠠᠷᠲᠠᠶ ᠴᠢᠬᠤᠯᠠ ᠶᠡᠬᠡ ᠬᠤᠪᠢᠷᠠᠯᠲᠠ ᠭᠠᠷᠴᠠᠶ᠃
《
ᠭᠤᠷᠪᠠᠨ ᠣᠷᠣᠨ ᠭᠤᠷᠪᠠᠨ ᠱᠤᠭᠤᠮ 》 ᠢ ᠵᠢᠷᠤᠵᠤ ᠲᠣᠭ᠍ᠲᠠᠭᠠᠬᠤ ᠠᠵᠢᠯ᠎ᠢ ᠪᠥᠬᠥ᠌ ᠲᠠᠯ᠎ᠠ᠎ᠪᠠᠷ ᠪᠡᠶᠡᠯᠡᠭᠦᠯᠵᠦ᠍᠂ ᠪᠥᠬᠥ᠌ ᠣᠷᠣᠨ᠎ᠤ
ᠬᠠᠭᠠᠰ᠎ᠡᠴᠡ ᠳᠡᠭᠡᠭ᠌ᠰᠢᠬᠢ ᠤᠯᠤᠰ᠎ᠤᠨ ᠨᠤᠳᠤᠭ ᠲᠡᠪᠢᠰᠭᠡᠷ᠎ᠤᠨ ᠲᠠᠯᠠᠪᠠᠶ᠎ᠶ᠋ᠢ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ
ᠤᠯᠠᠭᠠᠨ ᠱᠤᠭᠤᠮ᠎ᠳᠤ ᠵᠢᠷᠤᠵᠤ ᠣᠷᠣᠭᠤᠯᠪᠠ᠃ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ
ᠪᠠ ᠴᠢᠨᠠᠷ ᠰᠠᠢᠲᠠᠶ ᠬᠥᠭ᠌ᠵᠢᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠵᠤ ᠂ ᠶᠡᠬᠡ ᠬᠠᠮᠠᠭᠠᠯᠠᠯᠲᠠ ᠶᠡᠬᠡ
ᠵᠠᠰᠠᠯᠲᠠ ᠠᠩᠬ᠎ᠠ ᠠᠯᠬᠤᠮ᠎ᠤᠨ ᠦᠷ᠎ᠡ ᠪᠦᠲᠦᠮᠵᠢ ᠤᠯᠵᠠᠢ᠃ 《 ᠬᠦᠯᠤᠨ ᠨᠠᠭᠤᠷ
ᠲᠠᠭ᠎ᠠ ᠵᠢᠨ ᠨᠠᠭᠤᠷ ᠤᠯᠠᠭᠠᠨᠰᠤᠬᠠᠢ》 ᠵᠢᠨ ᠶᠡᠷᠦᠩᠬᠡᠢᠯᠡᠭ᠌ᠰᠡᠨ ᠵᠠᠰᠠᠯᠲᠠ᠎ᠶ᠋ᠢ
ᠢᠳᠡᠪᠬᠢᠲᠡᠢ ᠠᠬᠢᠭᠤᠯᠵᠤ ᠂ ᠴᠠᠭᠠᠨᠨᠠᠭᠤᠷ᠎ᠤᠨ ᠵᠠᠰᠠᠯᠲᠠ᠎ᠶ᠋ᠢᠨ ᠠᠵᠢᠯ᠎ᠢ ᠪᠦᠬᠦ᠌ ᠲᠠᠯ᠎ᠠ᠎ᠪᠠᠷ ᠠᠬᠢᠭᠤᠯᠪᠠ᠃
ᠭᠣᠣᠯᠳᠠᠯᠭ᠎ᠠ᠎ᠲᠠᠶ ᠠᠵᠢᠯ ᠲᠦᠷᠦᠯ᠎ᠦᠨ ᠬᠦᠷᠢᠶᠡᠨ᠎ᠳᠡᠬᠢ ᠪᠣᠬᠢᠷᠲᠤᠯ ᠦᠭᠡᠢ
ᠬᠦᠭᠵᠢᠯᠳᠡ ᠵᠢᠨ ᠥᠭᠡᠷᠡᠴᠢᠯᠡᠯᠲᠡ᠎ᠶ᠋ᠢ ᠡᠮᠬᠢ ᠵᠢᠷᠤᠮ᠎ᠲᠠᠶ
ᠠᠬᠢᠭᠤᠯᠵᠤ᠂ ᠡᠨᠧᠷᠭᠢ᠎ᠶ᠋ᠢᠨ ᠬᠣᠷᠣᠭ᠍ᠳᠠᠯ᠎ᠤᠨ ᠬᠣᠣᠰ ᠡᠵᠡᠮᠳᠡᠯ᠎ᠦᠨ ᠬᠠᠲᠠᠭᠤ ᠬᠢᠵᠠᠭᠠᠷᠯᠠᠯ᠎ᠢ ᠬᠦᠴᠦᠲᠡᠢ ᠨᠠᠢᠳᠠᠪᠤᠷᠢᠵᠢᠭᠤᠯᠤᠨ᠂
ᠡᠨᠧᠷᠭᠢ᠎ᠶ᠋ᠢᠨ ᠬᠣᠷᠣᠭ᠍ᠳᠠᠯ ᠶᠡᠬᠡᠲᠡᠢ᠂ ᠪᠣᠬᠢᠷᠲᠤᠯ ᠶᠡᠬᠡᠲᠡᠢ ᠵᠦᠢᠯᠡᠰ᠎ᠢ ᠰᠣᠬᠣᠷ ᠪᠠᠯᠠᠢ᠎ᠪᠠᠷ ᠬᠦᠭᠵᠢᠭᠦᠯᠬᠦ᠎ᠶ᠋ᠢ
ᠬᠣᠷᠢᠭ᠍ᠯᠠᠵᠤ᠂ ᠡᠬᠢ ᠪᠠᠶᠠᠯᠢᠭ ᠣᠷᠴᠢᠨ ᠲᠤᠭᠤᠷᠢᠨ᠎ᠤ ᠬᠢᠵᠠᠭᠠᠷᠯᠠᠬᠤ ᠴᠢᠨᠠᠷᠲᠠᠢ ᠭᠦᠢᠴᠡᠳᠭᠡᠯ ᠲᠣᠭ᠎ᠠ᠎ᠶ᠋ᠢᠨ
ᠡᠵᠡᠮᠳᠡᠯ᠎ᠢᠶᠡᠨ ᠠᠯᠳᠠᠭ᠍ᠰᠠᠨ ᠪᠠᠢᠳᠠᠯ᠎ᠢ ᠬᠤᠪᠢᠷᠠᠭᠤᠯᠪᠠ᠃
᠁
ᠬᠠᠮᠠᠭᠠᠯᠠᠬᠤ᠎ᠡᠴᠡ ᠵᠠᠰᠠᠨ ᠰᠡᠷᠭᠦᠭᠡᠬᠦ᠌ ᠬᠦᠷᠲᠡᠯ᠎ᠡ᠂ ᠲᠦᠷᠢᠮ᠎ᠡᠴᠡ ᠦᠢᠯᠡᠳᠦᠯᠭᠡ
ᠬᠦᠷᠲᠡᠯ᠎ᠡ᠂ ᠲᠠᠪᠤᠨ ᠵᠢᠯ᠎ᠦᠨ ᠲᠤᠷᠰᠢ᠂ ᠥᠪᠥᠷ ᠮᠣᠩᠭᠣᠯ᠎ᠤᠨ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ
ᠡᠷᠴᠢᠮ ᠴᠢᠩᠭ᠎ᠠ᠂ ᠠᠷᠭ᠎ᠠ ᠬᠡᠮᠵᠢᠶ᠎ᠡ ᠪᠣᠳᠠᠲᠠᠢ᠂ ᠠᠬᠢᠭᠤᠯᠤᠯᠲᠠ ᠲᠦᠷᠭᠡᠨ ᠪᠠᠢᠨ᠎ᠠ᠃
《ᠠᠮᠢ ᠠᠬᠤᠢ᠎ᠶ᠋ᠢᠨ ᠪᠦᠳᠦᠬᠡᠨ ᠪᠠᠢᠭᠤᠯᠤᠯᠲᠠ᠎ᠶ᠋ᠢ ᠪᠡᠶ᠎ᠡ᠎ᠪᠡᠷ᠎ᠢᠶᠡᠨ ᠥᠩᠭᠡᠷᠡᠭᠦᠯᠦᠭ᠌ᠴᠢ
ᠪᠣᠯᠤᠭ᠍ᠰᠠᠨ᠎ᠤ ᠬᠤᠪᠢ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠬᠤᠭᠤᠴᠠᠭᠠᠨ᠎ᠤ ᠨᠠᠮ᠎ᠤᠨ ᠲᠥᠯᠥᠭᠡᠯᠡᠭ᠌ᠴᠢᠳ᠎ᠦᠨ
ᠶᠡᠬᠡ ᠬᠤᠷᠠᠯ᠎ᠡᠴᠡ ᠨᠠᠭᠠᠰᠢ᠂ ᠥᠪᠥᠷ ᠮᠣᠩᠭᠣᠯ᠎ᠤᠨ ᠠᠮᠢ ᠠᠬᠤᠢ᠎ᠶ᠋ᠢᠨ ᠪᠦᠳᠦᠬᠡᠨ ᠪᠠᠢᠭᠤᠯᠤᠯᠲᠠ᠎ᠳᠤ ᠯᠤᠲᠤ ᠶᠡᠬᠡ
ᠬᠤᠪᠢᠷᠠᠯᠲᠠ ᠭᠠᠷᠤᠭ᠍ᠰᠠᠨᠢ ᠪᠢ ᠭᠦᠨ ᠮᠡᠳᠡᠷᠡᠵᠡᠢ》 ᠭᠡᠵᠤ ᠥᠪᠡᠷᠲᠡᠭᠡᠨ
ᠵᠠᠰᠠᠬᠤ ᠣᠷᠣᠨ᠎ᠤ ᠱᠢᠭᠤᠳ ᠬᠠᠷᠢᠶ᠎ᠠ ᠪᠠ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠲᠥᠪ᠎ᠦᠨ ᠨᠢᠭᠡᠴᠢ᠎ᠶ᠋ᠢᠨ
ᠲᠥᠯᠥᠭᠡᠯᠡᠭ᠌ᠴᠢᠳ᠎ᠦᠨ ᠪᠦᠯᠬᠦᠮ᠎ᠦᠨ ᠬᠤᠤ ᠶᠢᠩ ᠲᠥᠯᠥᠭᠡᠯᠡᠭ᠌ᠴᠢ ᠬᠡᠯᠡᠪᠡ᠃ ᠡᠨᠡ ᠲᠠᠪᠤᠨ ᠵᠢᠯ᠎ᠳᠦ᠂ ᠥᠪᠥᠷ ᠮᠣᠩᠭᠣᠯ᠎ᠤᠨ
ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ ᠯᠠᠪᠳᠠᠭᠤᠨ ᠪᠠᠲᠤᠲᠠᠶ ᠠᠯᠬᠤᠮ᠎ᠢ ᠠᠯᠬᠤᠵᠤ᠂ ᠠᠮᠢ ᠠᠬᠤᠶ ᠣᠷᠴᠢᠨ
ᠲᠣᠭᠣᠷᠢᠨ᠎ᠤ ᠬᠠᠮᠠᠭᠠᠯᠠᠯᠲᠠ᠎ᠳᠤ ᠲᠡᠦᠬᠡᠲᠦ ᠴᠢᠨᠠᠷᠲᠠᠶ᠂ ᠡᠷᠭᠢᠯᠲᠡ᠎ᠶ᠋ᠢᠨ ᠴᠢᠨᠠᠷᠲᠠᠶ᠂ ᠪᠥᠬᠥ᠌ ᠲᠠᠯ᠎ᠠ᠎ᠶ᠋ᠢᠨ
ᠴᠢᠨᠠᠷᠲᠠᠶ ᠬᠤᠪᠢᠷᠠᠯᠲᠠ ᠭᠠᠷᠴᠤ᠌᠂ ᠬᠥᠬᠡᠮᠳᠦᠭ ᠨᠣᠭᠣᠭᠠᠨ ᠠᠭᠤᠯᠠ ᠪᠣᠯ ᠠᠯᠲᠠ ᠮᠥᠩᠭᠥᠨ ᠠᠭᠤᠯᠠ ᠮᠥᠨ ᠭᠡᠬᠦ᠌
ᠣᠢᠯᠠᠭᠠᠭ᠍ᠳᠠᠬᠤᠨ ᠨᠢᠭᠡᠨᠲᠡ ᠬᠥᠮᠦᠰ᠎ᠦᠨ ᠰᠡᠳᠭᠢᠯ᠎ᠳᠦ ᠬᠠᠳᠠᠩᠱᠢᠵᠤ᠂ ᠠᠮᠢ ᠠᠬᠤᠶ᠎ᠶ᠋ᠢᠨ ᠪᠠᠢᠳᠠᠯ᠎ᠳᠤ 《ᠪᠦᠬᠦᠯᠢ ᠴᠣᠭ᠍ᠴᠠ᠎ᠵᠢᠨ ᠬᠤᠪᠢ ᠳᠤ ᠬᠣᠷᠢᠭ᠍ᠯᠠᠵᠤ᠂ ᠬᠡᠰᠡᠭ ᠲᠠᠯ᠎ᠠ᠎ᠪᠠᠷ ᠰᠠᠢᠵᠢᠷᠠᠭᠰᠠᠨ》
ᠴᠢᠬᠤᠯᠠ ᠶᠡᠬᠡ ᠬᠤᠪᠢᠷᠠᠯᠲᠠ᠎ᠶ᠋ᠢ ᠪᠡᠶᠡᠯᠡᠭᠦᠯᠵᠦ᠍᠂ ᠤᠮᠠᠷᠠᠲᠤ᠎ᠶ᠋ᠢᠨ ᠴᠢᠬᠤᠯᠠ
ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢᠨ ᠪᠥᠲᠥᠭᠡᠨ ᠪᠠᠢᠭᠤᠯᠤᠯᠲᠠ ᠵᠢ ᠯᠠᠪᠳᠠᠭᠤᠨ ᠪᠠᠲᠤᠲᠠᠶ
ᠠᠭᠢᠭᠤᠯᠪᠠ᠃
《ᠨᠡᠢᠭᠡᠮ ᠵᠢᠷᠤᠮᠳᠤ ᠣᠳᠣᠬᠢᠴᠢᠯᠠᠯᠲᠠ᠎ᠶ᠋ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ
ᠱᠢᠨ᠎ᠡ ᠠᠶᠠᠨ᠎ᠳᠤ ᠮᠣᠷᠳᠠᠬᠤ᠎ᠳᠤ᠂ ᠥᠪᠥᠷ ᠮᠣᠩᠭᠣᠯ ᠡᠭᠦᠷᠭᠡᠯᠡᠵᠦ᠍ ᠪᠠᠢᠭ᠎ᠠ ᠴᠢᠬᠤᠯᠠ ᠶᠡᠬᠡ ᠬᠠᠷᠢᠭᠤᠴᠠᠯᠭ᠎ᠠ
ᠪᠣᠯᠤᠨ ᠢᠷᠠᠭᠤ ᠠᠯᠳᠠᠷᠲᠤ ᠡᠭᠦᠷᠭᠡ᠎ᠪᠡᠨ ᠰᠠᠢᠲᠤᠷ ᠭᠦᠢᠴᠡᠳᠭᠡᠨ᠂ ᠡᠷᠬᠡᠪᠰᠢ ᠠᠮᠢ ᠠᠬᠤᠢ᠎ᠶ᠋ᠢ ᠤᠷᠢᠳ᠎ᠢᠶᠠᠷ
ᠪᠣᠳᠣᠯᠬᠢᠯᠠᠬᠤ ᠪᠣᠬᠢᠷᠲᠤᠯ ᠦᠭᠡᠢ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ
ᠱᠢᠨ᠎ᠡ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠬᠡᠷᠡᠭ᠌ᠲᠡᠢ》᠃
《ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠬᠦᠯᠬᠦ᠎ᠪᠡᠷ
ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠵᠠᠮᠨᠠᠬᠤ ᠪᠣᠯ ᠬᠥᠭ᠌ᠵᠢᠯᠲᠡ᠎ᠶ᠋ᠢᠨ
ᠣᠢᠯᠠᠭᠠᠭ᠍ᠳᠠᠬᠤᠨ᠂ ᠬᠥᠭ᠌ᠵᠢᠯᠲᠡ᠎ᠶ᠋ᠢᠨ ᠠᠷᠭ᠎ᠠ ᠵᠠᠮ᠂ ᠬᠥᠭ᠌ᠵᠢᠯᠲᠡ᠎ᠶ᠋ᠢᠨ ᠬᠡᠯᠪᠡᠷᠢ᠂ ᠬᠥᠭ᠌ᠵᠢᠯᠲᠡ᠎ᠶ᠋ᠢᠨ
ᠬᠠᠷᠠᠯᠲᠠ᠎ᠶ᠋ᠢᠨ ᠪᠥᠬᠥ᠌ ᠲᠠᠯ᠎ᠠ᠎ᠶ᠋ᠢᠨ ᠬᠤᠪᠢᠷᠠᠯᠲᠠ ᠮᠥᠨ᠂ ᠪᠥᠬᠥ᠌ ᠲᠠᠯ᠎ᠠ᠎ᠶ᠋ᠢᠨ ᠴᠢᠨᠠᠷᠲᠠᠶ᠂ ᠪᠠᠢᠯᠳᠤᠬᠤ
ᠪᠣᠳᠣᠯᠭ᠎ᠠ᠎ᠶ᠋ᠢᠨ ᠴᠢᠨᠠᠷᠲᠠᠶ᠂ ᠣᠷᠳᠣ ᠬᠤᠭᠤᠴᠠᠭᠠᠨ᠎ᠤ ᠱᠠᠭᠠᠷᠳᠠᠯᠭ᠎ᠠ ᠮᠥᠨ ᠁》
ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ
ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠢ ᠤᠷᠪᠠᠭᠤᠯᠵᠤ ᠦᠵᠡᠪᠡᠯ᠂ 《ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠦᠭᠡᠢ ᠬᠦᠭᠵᠢᠬᠦᠯᠬᠦ᠎ᠪᠡᠷ
ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠵᠠᠮᠨᠠᠬᠤ》ᠪᠣᠯ ᠢᠯᠡᠳᠭᠡᠯ᠎ᠳᠡᠬᠢ ᠬᠠᠮᠤᠭ᠎ᠤᠨ ᠶᠡᠬᠡ ᠬᠢᠯᠠᠰ ᠴᠡᠭ᠂ ᠨᠡᠩ ᠴᠤ᠌ ᠲᠥᠯᠥᠭᠡᠯᠡᠭ᠌ᠴᠢᠳ᠎ᠦᠨ
ᠬᠠᠯᠠᠭᠤᠨ ᠶᠠᠷᠢᠯᠴᠠᠭ᠎ᠠ᠎ᠶ᠋ᠢᠨ ᠬᠠᠯᠠᠮᠰᠢᠯ ᠠᠰᠠᠭᠤᠳᠠᠯ ᠪᠤᠯᠤᠬᠰᠠᠨ᠎ᠢ ᠠᠮᠠᠷᠬᠠᠨ ᠮᠡᠳᠡᠵᠤ ᠪᠤᠯᠤᠨ᠎ᠠ᠃
ᠤᠷᠳᠤᠰ ᠬᠤᠳᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠯᠢ ᠱᠢᠶᠠ ᠲᠥᠯᠥᠭᠡᠯᠡᠭ᠌ᠴᠢ
ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠦᠭᠡᠢ ᠬᠦᠭᠵᠢᠬᠦᠯᠬᠦ ᠪᠡᠷ ᠤᠳᠤᠷᠢᠳᠤᠮᠵᠢ ᠪᠣᠯᠭᠠᠭ᠍ᠰᠠᠨ
ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠨᠢ ᠢᠯᠡᠳᠭᠡᠯ
ᠤ᠋ᠨ ᠪᠦᠬᠦ᠌ ᠠᠭᠤᠯᠭ᠎ᠠ᠎ᠳᠤ ᠲᠤᠭᠤᠱᠢᠯᠠᠭ᠍ᠳᠠᠵᠤ᠂ ᠢᠯᠡ ᠲᠣᠳᠣ ᠵᠢᠯᠣᠭᠣᠳᠭᠤ ᠴᠢᠨᠠᠷᠲᠠᠢ ᠪᠤᠯᠵᠠᠢ ᠭᠡᠵᠦ ᠦᠵᠡᠪᠡ᠃
ᠬᠥᠯᠥᠨ ᠪᠤᠢ᠌ᠷ ᠬᠤᠳᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬ᠍ᠤ᠌ ᠵᠤᠤ
ᠮᠢᠨ ᠲᠥᠯᠥᠭᠡᠯᠡᠭ᠌ᠴᠢ ᠶ᠋ᠢᠨ ᠢᠯᠡᠳᠭᠡᠯ ᠨᠢ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠦᠭᠡᠢ
ᠬᠦᠭᠵᠢᠬᠦᠯᠬᠦ ᠵᠢᠨ ᠢᠯᠡ ᠲᠣᠳᠣ ᠤᠳᠤᠷᠢᠳᠤᠮᠵᠢ᠎ᠶ᠋ᠢ ᠲᠤᠪᠤᠢ᠌ᠯᠭᠠᠵᠥ᠍᠂ ᠮᠠᠰᠢ ᠴᠢᠩᠭ᠎ᠠ ᠪᠠᠷᠠᠯᠠᠯᠳᠤ ᠴᠢᠨᠠᠷ
ᠪᠠ ᠬᠡᠷᠡᠭ᠌ᠵᠢᠭᠦᠯᠬᠦᠢᠴᠡ ᠴᠢᠨᠠᠷᠲᠠᠶ ᠪᠤᠯᠵᠠᠢ ᠭᠡᠵᠦ
ᠢᠯᠡᠳᠭᠡᠪᠡ᠃
《ᠬᠣᠣᠰ ᠵᠠᠭᠤᠨ ᠵᠢᠯ》 ᠤ᠋ᠨ ᠲᠡᠮᠡᠴᠡᠬᠦ᠌ ᠬᠠᠷᠠᠯᠲᠠ᠎ᠶ᠋ᠢᠨ ᠲᠡᠦᠬᠡᠨ ᠠᠭᠤᠯᠵᠠᠷ᠎ᠲᠤ ᠵᠣᠭ᠍ᠰᠣᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠱᠢᠨ᠎ᠡ ᠠᠶᠠᠨ᠎ᠢ ᠪᠦᠬᠦ᠌ ᠲᠠᠯ᠎ᠠ᠎ᠪᠠᠷ ᠡᠬᠢᠯᠡᠭᠦᠯᠬᠦ᠌ ᠵᠠᠩᠭᠢᠯᠠᠭ᠎ᠠ᠎ᠶ᠋ᠢᠨ ᠴᠡᠭ᠎ᠲᠦ᠂
ᠮᠠᠨ᠎ᠤ ᠣᠷᠣᠨ ᠬᠡᠷᠬᠢᠨ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠦᠭᠡᠢ ᠬᠦᠭᠵᠢᠬᠦᠯᠬᠦ ᠪᠡᠷ
ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠬᠤ
ᠪᠤᠢ? ᠲᠥᠯᠥᠭᠡᠯᠡᠭ᠌ᠴᠢᠳ ᠬᠠᠯᠠᠭᠤᠨ᠎ᠢᠶᠠᠷ ᠶᠠᠷᠢᠯᠴᠠᠵᠠᠭᠠᠪᠠ᠃
《ᠠᠮᠢ ᠠᠬᠤᠢ᠎ᠶ᠋ᠢᠨ ᠬᠣᠷᠢᠭ᠎ᠠ ᠱᠤᠭᠤᠮ᠎ᠢ ᠴᠢᠩᠭ᠎ᠠ ᠰᠠᠬᠢᠵᠤ᠂ ᠬᠢᠯᠪᠠᠷ ᠪᠤᠰᠤ᠎ᠪᠠᠷ ᠢᠷᠡᠭ᠌ᠰᠡᠨ 〈
ᠬᠥᠬᠡᠮᠳᠦᠭ ᠨᠣᠭᠣᠭᠠᠨ ᠠᠭᠤᠯᠠ ᠤᠰᠤ 〉 ᠪᠡᠨ
ᠪᠠᠲᠤ ᠰᠠᠬᠢᠨ ᠬᠠᠮᠠᠭᠠᠯᠠᠶ᠎ᠠ》᠃
《ᠪᠣᠬᠢᠷᠲᠤᠯ ᠦᠭᠡᠢ ᠬᠥᠭ᠌ᠵᠢᠯᠲᠡ᠎ᠶ᠋ᠢᠨ ᠤᠬᠠᠮᠰᠠᠷ᠎ᠢ ᠪᠠᠲᠤ ᠪᠤᠢ ᠪᠣᠯᠭᠠᠵᠤ᠂ ᠬᠠᠷᠢᠭᠤᠴᠠᠯᠭ᠎ᠠ
ᠡᠭᠦᠷᠭᠡᠯᠡᠯ᠎ᠢᠶᠡᠨ ᠦᠨᠡᠨ ᠬᠦ᠌ ᠴᠢᠩᠭᠠᠳᠭᠠᠶ᠎ᠠ》᠃
《ᠡᠷᠬᠡᠪᠰᠢ ᠠᠮᠢ ᠠᠬᠤᠢ᠎ᠶ᠋ᠢᠨ ᠬᠣᠷᠢᠭ᠎ᠠ ᠱᠤᠭᠤᠮ᠎ᠢ ᠪᠠᠲᠤ ᠡᠵᠡᠮᠳᠡᠵᠦ᠍᠂ ᠡᠷᠡᠰ ᠰᠠᠬᠢᠨ᠎ᠠ》 ᠁
《
ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠳᠦ ᠵᠢᠷᠤᠭ᠍ᠯᠠᠭ᠍ᠰᠠᠨ
ᠢᠷᠡᠭᠡᠳᠦᠢ᠎ᠶ᠋ᠢᠨ ᠲᠠᠪᠤᠨ ᠵᠢᠯ᠎ᠦᠨ ᠬᠥᠭ᠌ᠵᠢᠯᠲᠡ᠎ᠶ᠋ᠢᠨ ᠵᠢᠷᠤᠭ ᠲᠦᠰᠦᠪ ᠨᠢ ᠠᠮᠢ ᠠᠬᠤᠢ᠎ᠶ᠋ᠢᠨ ᠪᠦᠳᠦᠭᠡᠨ ᠪᠠᠢᠭᠤᠯᠤᠯᠲᠠ᠎ᠶ᠋ᠢᠨ
ᠲᠠᠯ᠎ᠠ᠎ᠪᠠᠷ 〈ᠠᠮᠢ ᠠᠬᠤᠢ ᠣᠷᠴᠢᠨ ᠲᠣᠭᠣᠷᠢᠨ᠎ᠤ ᠥᠨᠳᠥᠷ ᠲᠦᠪᠱᠢᠨ ᠪᠦᠬᠦᠢ
ᠬᠠᠮᠠᠭᠠᠯᠠᠯᠲᠠ ᠨᠡᠩ ᠶᠡᠬᠡ ᠦᠷ᠎ᠡ ᠪᠦᠲᠦᠮᠵᠢ ᠤᠯᠬᠤ〉ᠲᠡᠮᠡᠴᠡᠬᠦ᠌ ᠬᠠᠷᠠᠯᠲᠠ᠎ᠶ᠋ᠢ
ᠳᠤᠷᠠᠳᠴᠠᠢ᠂ ᠡᠨᠡ ᠪᠣᠯ ᠮᠠᠨ᠎ᠤ ᠣᠷᠣᠨ ᠱᠢᠨ᠎ᠡ ᠬᠥᠭ᠌ᠵᠢᠯᠲᠡ᠎ᠶ᠋ᠢᠨ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ
ᠵᠠᠰᠠᠯᠲᠠ᠎ᠶ᠋ᠢᠨ ᠭᠣᠣᠯ ᠵᠥᠷᠢᠴᠡᠯ᠎ᠳᠦ ᠭᠦᠨᠵᠡᠭᠡᠢ ᠬᠤᠪᠢᠷᠠᠯᠲᠠ ᠭᠠᠷᠤᠭᠰᠠᠨ ᠪᠠᠢᠳᠠᠯ ᠳ᠋ᠤ ᠰᠠᠭᠤᠷᠢᠯᠠᠵᠤ᠂
ᠨᠠᠮ᠎ᠤᠨ ᠲᠥᠪ ᠬᠣᠷᠢᠶ᠎ᠠ᠎ᠡᠴᠡ ᠥᠪᠥᠷ ᠮᠣᠩᠭᠣᠯ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ
ᠲᠤᠬᠠᠢ ᠴᠢᠬᠤᠯᠠ ᠶᠡᠬᠡ ᠤᠯᠤᠰ ᠲᠦᠷᠦ᠍᠎ᠶ᠋ᠢᠨ ᠱᠠᠭᠠᠷᠳᠠᠯᠭ᠎ᠠ ᠵᠢ ᠪᠤᠳᠤᠯᠬᠢᠯᠠᠵᠤ ᠳᠤᠷᠠᠳᠤᠨ ᠭᠠᠷᠭᠠᠭᠰᠠᠨ ᠶᠠᠪᠤᠳᠠᠯ
ᠪᠤᠯᠤᠨ᠎ᠠ》 ᠭᠡᠵᠦ᠍ ᠬᠤᠤ ᠶᠢᠩ ᠬᠡᠯᠡᠪᠡ᠃
ᠴᠢᠨᠠᠷ ᠰᠠᠢᠲᠠᠢ ᠪᠠᠢᠬᠤ᠎ᠳᠦ ᠰᠠᠭᠤᠷᠢᠯᠠᠵᠤ᠂ ᠪᠣᠬᠢᠷᠲᠤᠯ ᠦᠭᠡᠢ ᠬᠥᠭ᠌ᠵᠢᠯᠲᠡ᠎ᠶ᠋ᠢᠨ
ᠵᠢᠷᠤᠭ ᠲᠥᠰᠦᠪ᠎ᠢ ᠵᠢᠷᠤᠭ᠍ᠯᠠᠪᠠ᠃ ᠢᠯᠡᠳᠭᠡᠯ᠎ᠢ ᠤᠷᠪᠠᠭᠤᠯᠵᠤ ᠦᠵᠡᠪᠡᠯ᠂《ᠠᠮᠢ ᠠᠬᠤᠶ᠎ᠣᠷᠴᠢᠨ ᠲᠤᠭᠤᠷᠢᠨ ᠤ᠋ ᠥᠨᠳᠥᠷ ᠲᠦᠪᠱᠢᠨ ᠤ᠋ ᠬᠠᠮᠠᠭᠠᠯᠠᠯᠲᠠ ᠨᠠᠩ ᠶᠡᠬᠡ ᠦᠷ᠎ᠡ
ᠪᠦᠲᠦᠮᠵᠢ ᠤᠯᠬᠤ》 ᠦᠨᠳᠦᠰᠦᠨ ᠱᠠᠭᠠᠷᠳᠠᠯᠭ᠎ᠠ ᠨᠢ ᠪᠣᠳᠠᠲᠠᠶ᠎ᠶ᠋ᠢ ᠡᠷᠬᠢᠮᠯᠡᠭ᠌ᠰᠡᠨ
ᠮᠥᠷᠲᠡᠭᠡᠨ ᠯᠠᠪᠳᠠᠭᠤᠨ ᠪᠠᠳᠤᠳᠠᠢ ᠶᠤᠮ᠃
—
ᠤᠯᠤᠰ᠎ᠤᠨ ᠨᠤᠲᠤᠭ ᠳᠡᠪᠢᠰᠭᠡᠷ᠎ᠦᠨ ᠣᠷᠣᠨ ᠵᠠᠢ ᠵᠢᠨ ᠨᠡᠭᠡᠭᠡᠨ ᠬᠥᠭ᠌ᠵᠢᠭᠦᠯᠤᠯᠳᠠ
ᠬᠠᠮᠠᠭᠠᠯᠠᠯᠳᠠ ᠵᠢᠨ ᠪᠠᠢᠷᠢᠱᠢᠯ ᠪᠦᠬᠦ᠌ ᠲᠠᠯ᠎ᠠ᠎ᠪᠠᠷ ᠱᠢᠯᠢᠳᠡᠭ᠌ᠵᠢᠵᠦ᠂ ᠪᠦᠬᠦ᠌ ᠣᠷᠣᠨ ᠪᠦᠰᠡ᠎ᠶ᠋ᠢᠨ ᠠᠮᠢ
ᠠᠬᠤᠢ᠎ᠶ᠋ᠢᠨ ᠠᠮᠤᠷ ᠲᠦᠪᠱᠢᠨ᠎ᠦ ᠪᠠᠢᠷᠢᠱᠢᠯ ᠦᠨᠳᠦᠰᠦᠨ᠎ᠳᠡᠭᠡᠨ ᠪᠦᠷᠢᠯᠳᠦᠵᠦ᠍᠂ ᠭᠣᠣᠯᠳᠠᠯᠭ᠎ᠠ᠎ᠲᠠᠶ ᠰᠠᠪᠠ ᠭᠠᠵᠠᠷ
ᠤᠨ ᠣᠷᠣᠨ ᠪᠦᠰᠡ᠎ᠶ᠋ᠢᠨ ᠠᠮᠢ ᠠᠬᠤᠢᠤᠷᠴᠢᠨ ᠲᠤᠭᠤᠷᠢᠨ ᠪᠦᠲᠦᠮᠵᠢᠲᠡᠢ ᠬᠠᠮᠠᠭᠠᠯᠠᠭᠳᠠᠵᠤ᠂ ᠴᠢᠨᠠᠷ ᠰᠠᠢᠲᠠᠢ
ᠠᠮᠢ ᠠᠬᠤᠢ᠎ᠶ᠋ᠢᠨ ᠦᠢᠯᠡᠳᠬᠦᠨ᠎ᠦ ᠬᠠᠩᠭᠠᠯᠭ᠎ᠠ᠎ᠶ᠋ᠢ ᠨᠡᠮᠡᠭ᠌ᠳᠡᠭᠦᠯᠵᠤ ᠪᠠᠭ᠍ᠲᠠᠭᠠᠮᠵᠢ᠎ᠶ᠋ᠢ ᠥᠷᠭᠡᠳᠭᠡᠪᠡ᠃
—
ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠥᠬᠥ᠌ ᠲᠠᠯ᠎ᠠ᠎ᠪᠠᠷ ᠪᠣᠬᠢᠷᠲᠤᠯ
ᠥᠬᠡᠶ ᠲᠡᠢᠰᠢ ᠪᠠᠨ ᠬᠡᠯᠪᠡᠷᠢ᠎ᠪᠡᠨ ᠬᠤᠪᠢᠷᠠᠭᠤᠯᠬᠤ ᠦᠷ᠎ᠡ ᠪᠦᠲᠦᠮᠵᠢ ᠢᠯᠡᠳᠲᠡ ᠪᠣᠯᠵᠣ᠂ ᠭᠤᠤᠯ ᠪᠣᠯᠬᠤ ᠪᠣᠬᠢᠷᠲᠤᠯ
ᠪᠣᠳᠠᠰ ᠤ᠋ᠨ ᠭᠠᠳᠠᠭᠰᠢᠯᠠᠭᠤᠯᠤᠯᠳᠠ ᠵᠢᠨ ᠶᠡᠷᠦᠩᠬᠡᠶ ᠬᠡᠮᠵᠢᠶ᠎ᠡ ᠦᠷᠭᠦᠯᠵᠢᠯᠡᠨ ᠪᠠᠭᠠᠰᠴᠤ᠌᠂ ᠨᠡᠭᠦᠷᠡᠰᠦᠲᠥ᠋ᠷᠥᠭ᠌ᠴᠢ
ᠵᠢᠨ ᠭᠠᠳᠠᠭ᠍ᠰᠢᠯᠠᠭᠤᠯᠤᠯᠳᠠ ᠵᠢᠨ ᠬᠡᠮᠵᠢᠶ᠎ᠡ ᠪᠦᠲᠦᠮᠵᠢᠲᠡᠶ ᠪᠠᠭᠤᠷᠠᠪᠠ᠃
—
ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠠᠤᠯᠢ ᠲᠣᠭ᠍ᠲᠠᠭᠠᠯ
ᠲᠦᠷᠢᠮ᠎ᠦᠨ ᠱᠢᠰᠲ᠋ᠧᠮ ᠲᠠᠰᠤᠷᠠᠯᠲᠠ ᠥᠬᠡᠶ ᠲᠡᠭᠦᠯᠳᠡᠷᠵᠢᠵᠦ᠍᠂ ᠠᠮᠢ ᠠᠬᠤᠶ ᠣᠷᠴᠢᠨ ᠲᠣᠭᠣᠷᠢᠨ᠎ᠤ ᠵᠠᠰᠠᠯᠲᠠ᠎ᠶ᠋ᠢᠨ
ᠣᠳᠣᠬᠢᠴᠢᠯᠠᠯᠲᠠ᠎ᠶ᠋ᠢᠨ ᠲᠦᠪᠱᠢᠨ ᠦᠷᠭᠦᠯᠵᠢᠯᠡᠨ ᠳᠡᠭᠡᠭ᠌ᠰᠢᠯᠡᠵᠦ᠍᠂ ᠠᠮᠢ ᠠᠬᠤᠶ ᠣᠷᠴᠢᠨ ᠲᠣᠭᠣᠷᠢᠨ᠎ᠤ ᠪᠦᠬᠦᠯᠢ
ᠴᠣᠭ᠍ᠴᠠ ᠵᠢᠨ ᠬᠤᠪᠢ᠎ᠳᠤ ᠰᠠᠢᠵᠢᠷᠠᠬᠰᠠᠨ ᠬᠠᠨᠳᠤᠰᠢ ᠪᠡᠬᠢᠵᠢᠨ ᠥᠷᠭᠡᠵᠢᠪᠡ᠃
ᠠᠤᠭ᠎ᠠ ᠶᠡᠬᠡ ᠱᠢᠨ᠎ᠡ ᠵᠢᠷᠤᠭ ᠲᠥᠰᠦᠪ᠂ ᠳᠡᠭᠡᠳᠦ ᠲᠡᠰ᠎ᠤᠨ ᠲᠥᠯᠥᠪᠵᠢᠭᠦᠯᠭᠡ
ᠪᠣᠯᠤᠨ ᠥᠨᠳᠥᠷ ᠭᠠᠷᠤᠭ᠎ᠠ᠎ᠶ᠋ᠢᠨ ᠪᠠᠢᠷᠢᠱᠢᠭᠤᠯᠤᠯᠲᠠ ᠨᠢ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ
ᠲᠦᠮᠡᠨ᠎ᠦ ᠨᠢᠭᠡ ᠰᠡᠳᠭᠢᠯ ᠵᠢᠡᠷ ᠱᠢᠨ᠎ᠡ ᠴᠠᠭ ᠦᠶ᠎ᠡ᠎ᠶ᠋ᠢᠨ ᠨᠣᠮᠢᠨ ᠨᠣᠭᠣᠭᠠᠨ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠶ᠋ᠢ ᠤᠷᠢᠶᠠᠯᠠᠵᠤ ᠪᠠᠢᠨ᠎ᠠ᠃
ᠬᠥᠯᠥᠨ ᠪᠤᠢ᠌ᠷ ᠬᠤᠳᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠢᠦᠢ ᠯᠢ
ᠱᠢᠨ ᠲᠥᠯᠥᠭᠡᠯᠡᠭ᠌ᠴᠢ ᠬᠥᠯᠥᠨ ᠪᠤᠢ᠌ᠷ ᠪᠣᠯ ᠠᠮᠢ ᠠᠬᠤᠢ᠎ᠶ᠋ᠢᠨ ᠨᠡᠢᠳᠡᠯᠢᠭ ᠶᠡᠬᠡ ᠬᠤᠳᠠ ᠪᠣᠯᠤᠨ᠎ᠠ᠂ ᠡᠷᠬᠡᠪᠰᠢ ᠤᠯᠤᠰ᠎ᠤᠨ ᠠᠮᠢ ᠠᠬᠤᠢ᠎ᠶ᠋ᠢᠨ
ᠠᠮᠤᠷ ᠲᠦᠪᠱᠢᠨ᠎ᠢ ᠬᠠᠮᠠᠭᠠᠯᠠᠬᠤ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂
ᠪᠦᠬᠦ᠌ ᠬᠤᠳᠠ᠎ᠶ᠋ᠢᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠣᠷᠣᠱᠢᠨ ᠲᠣᠭ᠍ᠲᠠᠨᠢᠬᠤ ᠪᠠ ᠬᠥᠭ᠌ᠵᠢᠬᠦ᠂ ᠴᠢᠩ
ᠰᠡᠳᠭᠢᠯ ᠡᠴᠡ ᠪᠠᠨ ᠬᠠᠢᠷᠠᠯᠠᠵᠤ ᠪᠠᠢᠭ᠎ᠠ ᠰᠠᠢ᠌ᠨ ᠰᠠᠢᠬᠠᠨ ᠭᠡᠷ ᠣᠷᠣᠨ ᠢ᠋ ᠰᠠᠢᠲᠤᠷ ᠰᠠᠬᠢᠨ ᠬᠠᠮᠠᠭᠠᠯᠠᠬᠤ
ᠬᠡᠷᠡᠭ᠌ᠲᠡᠢ ᠬᠡᠵᠤ ᠢᠯᠡᠷᠬᠡᠢᠯᠡᠪᠡ᠃
《ᠲᠠᠷᠠᠭᠠᠴᠢ᠎ᠶ᠋ᠢᠨ ᠠᠯᠬᠤᠮ᠎ᠳᠤ᠂ ᠤᠯᠠᠭᠠᠨᠬᠠᠳᠠ ᠬᠣᠲᠠ ᠦᠯᠡᠳᠡᠭᠳᠡᠯ ᠠᠰᠠᠭᠤᠳᠠᠯ᠎ᠢ ᠪᠥᠬᠥ᠌
ᠲᠠᠯ᠎ᠠ᠎ᠪᠠᠷ ᠠᠷᠢᠯᠭᠠᠬᠤ᠎ᠶ᠋ᠢᠨ ᠬᠠᠮᠲᠤ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠪᠠᠢᠭᠤᠯᠤᠮᠵᠢ
ᠲᠣᠭ᠍ᠲᠠᠴᠠ᠎ᠶ᠋ᠢ ᠲᠦᠷᠭᠡᠳᠭᠡᠨ ᠲᠡᠭᠦᠯᠳᠡᠷᠵᠢᠭᠦᠯᠵᠦ᠍᠂ ᠨᠡᠮᠡᠭ᠌ᠳᠡᠯ ᠠᠰᠠᠭᠤᠳᠠᠯ ᠡᠭᠦᠰᠭᠦ᠎ᠶ᠋ᠢ ᠴᠢᠩᠭ᠎ᠠ ᠰᠡᠷᠭᠡᠢᠯᠡᠨ᠎ᠡ》 ᠭᠡᠵᠤ ᠤᠯᠠᠭᠠᠨᠬᠠᠳᠠ ᠬᠣᠲᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠸᠠᠩ ᠸᠠᠩ ᠱᠧᠩ
ᠲᠥᠯᠥᠭᠡᠯᠡᠭ᠌ᠴᠢ ᠬᠡᠯᠡᠪᠡ᠃
《ᠣᠷᠳᠣᠰ ᠬᠣᠲᠠ 〈 ᠤᠰᠤ ᠪᠡᠷ ᠲᠦᠷᠪᠡ ᠵᠢ ᠲᠤᠭᠳᠠᠭᠠᠬᠤ
(ᠤᠰᠤ ᠪᠡᠷ ᠬᠤᠳᠠ ᠵᠢ ᠲᠤᠭᠳᠠᠭᠠᠬᠤ᠂ ᠤᠰᠤ ᠪᠡᠷ ᠭᠠᠵᠠᠷ ᠢ᠋ ᠲᠤᠭᠳᠠᠭᠠᠬᠤ᠂
ᠤᠰᠤ ᠪᠡᠷ ᠬᠦᠮᠦᠨ ᠢ᠋ ᠲᠤᠭᠳᠠᠭᠠᠬᠤ᠂ ᠤᠰᠤ ᠪᠡᠷ ᠠᠵᠤ ᠦᠢᠯᠡᠰ ᠢ᠋ ᠲᠤᠭᠳᠠᠭᠠᠬᠤ ) 〉 ᠂ ᠡᠯᠡᠰᠦᠷᠬᠡᠭᠵᠢᠯ ᠢ᠋ ᠪᠠᠭᠠᠰᠭᠠᠵᠤ ᠴᠦᠯᠯᠡᠷᠬᠡᠭᠵᠢᠯ
ᠢ᠋ ᠵᠠᠰᠠᠬᠤ᠂ ᠬᠠᠲᠤᠨ ᠭᠤᠤᠯ᠎ᠳᠤ ᠤᠷᠤᠰ᠎ᠤᠨ ᠣᠷᠣᠬᠤ ᠡᠯᠡᠰᠦ ᠱᠢᠪᠠᠷ᠎ᠤᠨ ᠬᠡᠮᠵᠢᠶ᠎ᠡ᠎ᠶ᠋ᠢ ᠪᠠᠭᠠᠰᠭᠠᠬᠤ᠂ ᠤᠯᠤᠰ᠎ᠤᠨ
ᠨᠤᠲᠤᠭ ᠳᠡᠪᠢᠰᠭᠡᠷ᠎ᠢ ᠨᠣᠭᠣᠭᠠᠷᠠᠭᠤᠯᠬᠤ᠂ ᠬᠣᠷᠣᠭ᠍ᠳᠠᠯ᠎ᠢ ᠪᠠᠭᠠᠰᠭᠠᠵᠤ ᠨᠡᠭᠦᠷᠡᠰᠦᠲᠥ᠋ᠷᠥᠭ᠌ᠴᠢ᠎ᠶ᠋ᠢ ᠪᠠᠭᠠᠰᠭᠠᠬᠤ᠂
ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ ᠵᠡᠷᠭᠡ ᠵᠢᠷᠭᠤᠭᠠᠨ ᠶᠡᠬᠡ ᠠᠵᠢᠯᠯᠠᠭ᠎ᠠ᠎ᠶ᠋ᠢ
ᠬᠡᠷᠡᠭ᠌ᠵᠢᠭᠦᠯᠵᠦ᠍ ᠠᠮᠢ ᠠᠬᠤᠶ᠎ᠣᠷᠴᠢᠨ ᠲᠣᠭᠣᠷᠢᠨ᠎ᠢ ᠱᠢᠯᠢᠳᠡᠭ᠌ᠵᠢᠭᠦᠯᠦᠨ᠎ᠡ》 ᠭᠡᠵᠦ᠍ ᠣᠷᠳᠣᠰ ᠬᠣᠲᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠯᠢ ᠯᠢ ᠲᠥᠯᠥᠭᠡᠯᠡᠭ᠌ᠴᠢ
ᠬᠡᠯᠡᠪᠡ᠃
ᠱᠢᠯᠢ᠎ᠶ᠋ᠢᠨ ᠭᠤᠤᠯ ᠠᠢᠮᠠᠭ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠸᠠᠩ ᠶᠦᠩ
ᠵᠢᠶᠦ᠋ᠨ ᠲᠥᠯᠥᠭᠡᠯᠡᠭ᠌ᠴᠢ ᠤᠯᠤᠰ᠎ᠤᠨ ᠶᠡᠬᠡ ᠲᠠᠯ᠎ᠠ᠂ ᠤᠯᠤᠰ᠎ᠤᠨ ᠴᠢᠬᠤᠯᠠ ᠶᠠᠪᠤᠳᠠᠯ ᠂ ᠤᠯᠤᠰ᠎ᠤᠨ ᠶᠡᠬᠡ ᠶᠠᠪᠤᠳᠠᠯ᠂
ᠤᠯᠤᠰ᠎ᠤᠨ ᠶᠡᠬᠡ ᠪᠣᠳᠣᠯᠭ᠎ᠠ᠎ᠶ᠋ᠢ ᠭᠦᠨᠵᠡᠭᠡᠶ ᠣᠢᠯᠠᠭᠠᠨ ᠪᠠᠳᠤ ᠡᠵᠡᠮᠳᠡᠵᠤ᠂ ᠠᠮᠢ ᠠᠬᠤᠶ ᠣᠷᠴᠢᠨ ᠲᠣᠭᠣᠷᠢᠨ᠎ᠤ
ᠬᠠᠮᠠᠭᠠᠯᠠᠯᠲᠠ᠎ᠶ᠋ᠢ ᠲᠣᠪᠣᠢᠮ᠎ᠠ ᠰᠠᠢᠲᠤᠷ ᠠᠳᠭᠤᠵᠤ᠂ ᠦᠨᠡᠨ ᠬᠦ᠌ ᠨᠢᠳᠦᠨ ᠴᠡᠴᠡᠭᠡᠶ᠎ᠪᠡᠨ ᠬᠠᠮᠠᠭᠠᠯᠠᠬᠤ᠎ᠲᠠᠶ ᠠᠳᠠᠯᠢ᠎ᠪᠠᠷ ᠠᠮᠢ ᠠᠬᠤᠶ ᠣᠷᠴᠢᠨ ᠲᠣᠭᠣᠷᠢᠨ᠎ᠢ ᠬᠠᠮᠠᠭᠠᠯᠠᠵᠤ᠂
ᠠᠮᠢ ᠨᠠᠰᠤ ᠪᠠᠨ ᠨᠠᠨᠳᠢᠩᠨᠠᠬᠤ᠎ᠲᠠᠶ ᠠᠳᠠᠯᠢ᠎ᠪᠠᠷ ᠠᠮᠢ ᠠᠬᠤᠶ ᠣᠷᠴᠢᠨ ᠲᠣᠭᠣᠷᠢᠨ᠎ᠳᠤ ᠬᠠᠨᠳᠤᠵᠤ᠂ ᠠᠵᠤ ᠠᠬᠤᠶ᠎ᠶ᠋ᠢᠨ
ᠪᠥᠲᠥᠭᠡᠨ ᠪᠠᠢᠭᠤᠯᠤᠯᠲᠠ ᠪᠣᠯᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ ᠵᠢᠨ ᠬᠤᠭᠤᠷᠤᠨᠳᠤ ᠵᠥᠷᠢᠴᠡᠯ ᠭᠠᠷᠬᠤ ᠳ᠋ᠤ ᠯᠡ ᠭᠦᠷᠪᠡᠯ ᠦᠴᠦᠬᠡᠨ ᠴᠤ᠌ ᠳᠠᠳᠠᠭᠠᠯᠵᠠᠯ
ᠦᠭᠡᠢ ᠪᠡᠷ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠲᠡᠷᠢᠭᠦᠨ᠎ᠳᠦ ᠲᠠᠯᠪᠢᠨ᠎ᠠ ᠭᠡᠪᠡ᠃
ᠥᠪᠥᠷ ᠮᠣᠩᠭᠣᠯ᠎ᠳᠤ ᠠᠪᠴᠤ᠌ ᠬᠡᠯᠡᠪᠡᠯ᠂ ᠠᠮᠢ ᠠᠬᠤᠢ᠎ᠶ᠋ᠢ ᠬᠠᠮᠠᠭᠠᠯᠠᠬᠤ ᠪᠣᠯ
ᠨᠢᠭᠡ ᠵᠦᠢᠯ᠎ᠦᠨ ᠬᠠᠷᠢᠭᠤᠴᠠᠯᠭ᠎ᠠ᠂ ᠨᠡᠩ ᠴᠤ᠌ ᠨᠢᠭᠡ ᠵᠦᠢᠯ᠎ᠦᠨ ᠡᠭᠦᠷᠭᠡᠯᠡᠯ ᠮᠦᠨ᠃ ᠲᠡᠷᠢᠬᠦᠨ᠎ᠤ ᠲᠡᠪᠰᠢᠩᠭᠤᠢ
ᠲᠠᠨᠢᠯᠲᠠ ᠪᠠ ᠰᠡᠷᠭᠡᠭ ᠬᠢᠷᠠᠬᠠᠢ ᠮᠠᠭᠠᠳᠯᠠᠯ᠎ᠳᠤ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ
ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠠᠬᠢᠭᠤᠯᠬᠤ ᠯᠤᠲᠤ ᠶᠡᠬᠡ ᠬᠦᠴᠦᠨ ᠪᠠ ᠡᠷᠡᠰ ᠪᠠᠳᠤ ᠢᠳᠡᠬᠡᠯ
ᠵᠣᠷᠢᠭ ᠠᠭᠤᠯᠤᠭ᠍ᠳᠠᠵᠤ ᠪᠠᠢᠨ᠎ᠠ᠃
ᠪᠣᠬᠢᠷᠲᠤᠯ ᠦᠭᠡᠢ ᠬᠥᠭ᠌ᠵᠢᠯᠲᠡ ᠥᠨᠢᠳᠡ ᠦᠷᠬᠦᠯᠵᠢᠯᠡᠨ᠎ᠡ᠃ ᠱᠢᠨ᠎ᠡ ᠠᠶᠠᠨ᠎ᠳᠤ᠂
ᠥᠪᠥᠷ ᠮᠣᠩᠭᠣᠯ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭ᠌ᠵᠢᠭᠦᠯᠬᠦ᠌᠎ᠪᠡᠷ ᠤᠳᠤᠷᠢᠳᠤᠮᠵᠢ
ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠭᠤᠢᠪᠢᠰᠢ ᠦᠭᠡᠢ ᠵᠠᠮᠨᠠᠵᠤ᠂ ᠦᠷ᠎ᠡ ᠬᠣᠢᠴᠢᠰ᠎ᠤᠨ ᠵᠢᠡᠨ ᠲᠦᠯᠦᠭᠡ
ᠲᠩᠷᠢ ᠨᠢ ᠴᠡᠯᠮᠡᠭ᠂ ᠭᠠᠵᠠᠷ ᠨᠢ ᠨᠣᠭᠣᠭᠠᠨ᠂ ᠤᠰᠤ ᠨᠢ
ᠲᠤᠩᠭᠠᠯᠠᠭ ᠰᠠᠢ᠌ᠨ ᠰᠠᠢᠬᠠᠨ ᠭᠡᠷ ᠣᠷᠣᠨ ᠵᠢᠡᠨ ᠬᠠᠮᠠᠭᠠᠯᠠᠵᠤ᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ
ᠪᠦᠲᠦᠭᠡᠨ ᠪᠠᠢᠭᠤᠯᠵᠤ᠂ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ᠎ᠪᠠᠷ ᠲᠡᠷᠭᠡᠯᠱᠢᠭᠦᠯᠬᠦ᠌᠎ᠶ᠋ᠢᠨ
ᠲᠥᠯᠥᠭᠡ ᠴᠥᠬᠥᠷᠡᠰᠢ ᠦᠭᠡᠢ ᠲᠡᠮᠡᠴᠡᠨ᠎ᠠ᠃