ᠱᠢᠨ᠎ᠡ ᠠᠶᠠᠨ᠎ᠳᠠᠭᠠᠨ ᠨᠣᠮᠢᠨ ᠨᠣᠭᠣᠭᠠᠨ ᠨᠤᠳᠤᠭ ᠵᠢᠡᠨ ᠬᠦᠴᠦᠯᠡᠨ ᠪᠠᠢᠭᠤᠯᠤᠨ᠎ᠠ
2021-11-29 09:46:21
ᠵᠣᠬᠢᠶᠠᠭ᠍ᠴᠢ᠄
ᠸᠠᠩ ᠢᠦᠶ ᠵᠦᠸᠸ
ᠣᠩᠱᠢᠭ᠍ᠰᠠᠨ ᠣᠳᠠᠭ᠎ᠠ᠄
★★★☆☆

ᠭᠠᠵᠠᠷ᠄ ᠣᠷᠳᠣᠰ ᠬᠣᠲᠠ᠎ᠶ᠋ᠢᠨ ᠦᠦᠱᠢᠨ ᠬᠣᠱᠢᠭᠤ

ᠬᠥᠮᠦᠨ᠄ ᠦᠦᠱᠢᠨ ᠬᠣᠱᠢᠭᠤᠨ᠎ᠤ ᠨᠠᠮ᠎ᠤᠨ ᠬᠣᠷᠢᠶᠠᠨ᠎ᠤ ᠳᠡᠳ᠋ ᠱᠦᠵᠢ᠂ ᠣᠷᠣᠯᠠᠭ᠍ᠴᠢ ᠬᠣᠱᠢᠭᠤᠨ ᠳᠠᠷᠤᠭ᠎ᠠ ᠰᠢᠨ᠎ᠠ


《ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ ᠨᠢ ᠬᠣᠢᠱᠢᠳᠠ᠎ᠶ᠋ᠢᠨ ᠲᠠᠪᠤᠨ ᠵᠢᠯ᠎ᠦᠨ ᠪᠦᠬᠦ᠌ ᠣᠷᠣᠨ᠎ᠤ ᠬᠥᠭ᠌ᠵᠢᠯᠲᠡ᠎ᠶ᠋ᠢᠨ ᠴᠢᠭ᠌ᠯᠡᠯ᠎ᠢ ᠲᠣᠳᠣᠷᠬᠠᠢ ᠵᠢᠭᠠᠵᠤ᠂ ᠠᠤᠭ᠎ᠠ ᠲᠥᠰᠦᠪ᠎ᠢ ᠵᠢᠷᠤᠭ᠍ᠯᠠᠪᠠ᠃ ᠦᠦᠱᠢᠨ ᠬᠣᠱᠢᠭᠤ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠢᠲᠡᠭᠡᠯ ᠵᠣᠷᠢᠭ᠎ᠢᠶᠠᠨ ᠪᠠᠲᠤᠳᠭᠠᠵᠤ᠂ ᠢᠯᠠᠯᠲᠠ᠎ᠶ᠋ᠢᠨ ᠡᠷᠴᠢᠨ ᠳᠡᠭᠡᠷ᠎ᠡ᠎ᠪᠡᠨ ᠤᠷᠤᠭ᠍ᠰᠢᠯᠠᠵᠤ᠂ ᠱᠢᠨ᠎ᠡ ᠠᠶᠠᠨ᠎ᠳᠠᠭᠠᠨ ᠨᠣᠮᠢᠨ ᠨᠣᠭᠣᠭᠠᠨ ᠦᠦᠱᠢᠨ᠎ᠢ ᠬᠦᠴᠦᠯᠡᠨ ᠪᠠᠢᠭᠤᠯᠤᠨ᠎ᠠ》 ᠭᠡᠵᠦ᠍ ᠱᠢᠨ᠎ᠡ ᠬᠡᠯᠡᠨ᠎ᠠ᠃ ᠲᠡᠷᠡ᠂ ᠦᠦᠱᠢᠨ ᠬᠣᠱᠢᠭᠤ ᠠᠮᠢ ᠠᠬᠤᠢ ᠎ᠶ᠋ᠢᠨ ᠪᠦᠳᠦᠭᠡᠨ ᠪᠠᠢᠭᠤᠯᠤᠯᠲᠠ ᠪᠣᠯᠤᠨ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠴᠢᠩᠭᠠᠳᠭᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠱᠢᠰᠲ᠋ᠧᠮ᠎ᠲᠡᠶ᠎ᠪᠡᠷ ᠵᠠᠰᠠᠬᠤ᠎ᠶ᠋ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠨ᠎ᠠ᠃ ᠡᠨᠧᠷᠭᠢ ᠎ᠶ᠋ᠢᠨ ᠬᠣᠷᠣᠭ᠍ᠳᠠᠯ᠎ᠤᠨ 《ᠬᠣᠶᠠᠷ᠎ᠢ ᠬᠢᠵᠠᠭᠠᠷᠯᠠᠬᠤ》 ᠱᠠᠭᠠᠷᠳᠠᠯᠭ᠎ᠠ᠎ᠶ᠋ᠢ ᠪᠥᠬᠥ᠌ ᠲᠠᠯ᠎ᠠ ᠎ᠪᠠᠷ ᠨᠠᠢᠳᠠᠪᠤᠷᠢᠵᠢᠭᠤᠯᠵᠤ᠂ ᠪᠣᠬᠢᠷᠲᠤᠯ ᠥᠬᠡᠶ ᠬᠥᠭ᠌ᠵᠢᠯᠲᠡ᠎ᠶ᠋ᠢᠨ ᠠᠯᠬᠤᠴᠠ᠎ᠶ᠋ᠢ ᠲᠦᠷᠭᠡᠳᠭᠡᠨ᠂ ᠬᠠᠲᠤᠨ ᠭᠤᠤᠯ᠎ᠤᠨ ᠰᠠᠪᠠ ᠭᠠᠵᠠᠷ᠎ᠤᠨ ᠱᠢᠶᠠᠨ᠎ᠤ ᠬᠡᠪᠴᠢᠶᠡᠨ ᠎ᠦ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢᠨ ᠵᠢᠱ᠌ᠢᠶ᠎ᠡ ᠦᠵᠡᠭᠦᠯᠬᠦ᠌ ᠣᠷᠣᠨ᠎ᠢ ᠪᠠᠢᠭᠤᠯᠤᠨ᠎ᠠ᠃ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠎ᠶ᠋ᠢ ᠱᠢᠨ᠎ᠡ ᠮᠠᠲ᠋ᠧᠷᠢᠶᠠᠯ᠂ ᠳᠡᠭᠡᠳᠦ ᠲᠠᠰ᠎ᠤᠨ ᠬᠢᠮᠢ᠎ᠶ᠋ᠢᠨ ᠦᠶ᠋ᠯᠡᠳᠬᠦᠨ ᠲᠡᠢᠰᠢ ᠤᠷᠲᠤᠳᠭᠠᠬᠤ᠎ᠶ᠋ᠢ ᠲᠦᠷᠭᠡᠳᠭᠡᠨ ᠠᠬᠢᠭᠤᠯᠵᠤ᠂ ᠱᠢᠨ᠎ᠡ ᠡᠨᠧᠷᠭᠢ ᠎ᠶ᠋ᠢ ᠶᠡᠬᠡ ᠪᠡᠷ ᠬᠥᠭ᠌ᠵᠢᠭᠦᠯᠦᠨ᠂ ᠥᠪᠥᠷ ᠮᠣᠩᠭᠣᠯ ᠱᠠᠨᠰᠢ ᠨᠢᠩᠱᠢᠶᠠ᠎ᠶ᠋ᠢᠨ 《ᠠᠯᠲᠠᠨ ᠭᠤᠷᠪᠠᠯᠵᠢᠨ》 ᠶᠡᠷᠦᠩᠬᠡᠢᠯᠡᠭ᠌ᠰᠡᠨ ᠡᠨᠧᠷᠭᠢ᠎ᠶ᠋ᠢᠨ ᠠᠵᠤ ᠠᠬᠤᠶ᠎ᠶ᠋ᠢᠨ ᠱᠢᠨ᠎ᠡ ᠥᠨᠳᠥᠷᠯᠢᠭ ᠭᠠᠵᠠᠷ ᠎ᠢ ᠪᠥᠲᠥᠭᠡᠨ ᠪᠠᠢᠭᠤᠯᠤᠨ᠎ᠠ᠃ ᠡᠦ ᠳ᠋ᠢᠨᠭ ᠡᡁᠧ ᠭᠤᠤᠯ᠎ᠤᠨ ᠰᠠᠪᠠ ᠭᠠᠵᠠᠷ᠎ᠤᠨ ᠠᠮᠢ ᠠᠬᠤᠶ ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢᠨ ᠭᠤᠷᠪᠠᠨ ᠵᠢᠯ᠎ᠦᠨ ᠠᠵᠢᠯᠯᠠᠭ᠎ᠠ ᠎ᠶ᠋ᠢ ᠡᠬᠢᠯᠡᠬᠦᠯᠦᠨ᠂ ᠣᠨᠴᠠᠯᠢᠭ᠍ᠲᠤ ᠳᠠᠪᠠᠭᠤᠯᠢᠭ ᠠᠵᠤ ᠦᠶ᠋ᠯᠡᠰ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠤᠯᠤᠰ᠎ᠤᠨ ᠪᠠᠷᠠᠭᠤᠨ ᠬᠡᠰᠡᠭ᠎ᠦᠨ ᠡᠯᠡᠰᠦᠷᠬᠡᠭ ᠭᠠᠵᠠᠷ᠎ᠤᠨ ᠠᠮᠢ ᠠᠬᠤᠶ᠎ᠶ᠋ᠢᠨ ᠬᠡᠯᠪᠡᠷᠢ᠎ᠶ᠋ᠢᠨ ᠣᠲᠣ ᠦᠶ᠎ᠡ ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢᠨ ᠵᠢᠱ᠌ᠢᠶ᠎ᠡ ᠦᠵᠡᠭᠦᠯᠬᠦ᠌ ᠣᠷᠣᠨ᠎ᠢ ᠪᠥᠲᠥᠭᠡᠨ ᠪᠠᠢᠭᠤᠯᠤᠨ᠎ᠠ᠃ ᠨᠢᠭᠡ ᠪᠦᠯᠦᠭ 《ᠬᠤᠪᠢᠰᠭᠠᠯᠲᠤ ᠵᠢᠭᠤᠯᠴᠢᠯᠠᠯ + ᠬᠥᠳᠡᠭᠡ ᠲᠣᠰᠭᠣᠨ᠎ᠤ ᠵᠢᠭᠤᠯᠴᠢᠯᠠᠯ》᠎ᠤ᠋ᠨ ᠰᠣᠳᠣᠨ ᠱᠤᠭᠤᠮ᠎ᠢ ᠴᠤᠭᠴᠠᠯᠠᠵᠤ᠂ ᠤᠯᠤᠰ᠎ᠤᠨ ᠪᠥᠬᠥ᠌ ᠣᠷᠣᠨ ᠪᠦᠰᠡ ᠎ᠶ᠋ᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ᠌ ᠣᠷᠣᠨ᠎ᠢ ᠡᠭᠦᠳᠦᠨ ᠪᠠᠢᠭᠤᠯᠤᠨ᠎ᠠ᠃ ᠬᠤᠯᠪᠤᠭᠠᠯᠵᠢ᠎ᠡᠴᠡ ᠵᠢᠢ ᠠᠨ ᠬᠦᠷᠬᠦ ᠲᠡᠮᠦᠷ ᠵᠠᠮ ᠳᠠᠭᠠᠤ᠎ᠶ᠋ᠢᠨ ᠭᠠᠵᠠᠷ ᠣᠷᠣᠨ᠎ᠯᠤᠭ᠎ᠠ᠎ᠶ᠋ᠢᠨ ᠠᠵᠤ ᠠᠬᠤᠶ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍᠂ ᠬᠥᠬᠡᠬᠣᠲᠠ ᠪᠤᠭᠤᠲᠤ ᠣᠷᠳᠣᠰ ᠲᠡᠮᠡᠭᠡᠲᠦ ᠬᠣᠲᠠ᠎ᠶ᠋ᠢᠨ ᠪᠦᠯᠦᠭ᠌ᠵᠢᠯ ᠪᠠ ᠬᠥᠬᠡᠬᠣᠲᠠ ᠪᠤᠭᠤᠲᠤ ᠣᠷᠳᠣᠰ ᠦᠬᠠᠶ᠎ᠶ᠋ᠢ᠎ᠨᠢᠭᠡ᠎ᠴᠣᠭ᠍ᠴᠠᠵᠢᠭᠤᠯᠤᠨ᠎ᠬᠥᠭ᠌ᠵᠢᠭᠦᠯᠬᠦ᠌᠎ᠳᠦ᠎ᠰᠠᠨᠠᠭᠠᠴᠢᠯᠠᠭ᠎ᠠ᠎ᠠᠴᠠ ᠎ᠪᠠᠨ ᠠᠭᠤᠰᠤᠯᠴᠠᠵᠤ᠂ ᠥᠪᠡᠷᠲᠡᠭᠡᠨ ᠵᠠᠰᠠᠬᠤ ᠣᠷᠣᠨ ᠎ᠤ 《ᠡᠮᠦᠨ᠎ᠡ ᠡᠭᠦᠳᠡ》 ᠎ᠶ᠋ᠢᠨ ᠣᠷᠣᠨ ᠪᠦᠰᠡ ᠎ᠶ᠋ᠢᠨ ᠨᠡᠭᠡᠭᠡᠯᠲᠡ ᠬᠢᠵᠦ᠍ ᠬᠠᠮᠲᠤᠷᠠᠯᠴᠠᠬᠤ ᠬᠦᠶ᠋ᠰᠦ ᠭᠠᠵᠠᠷ ᠪᠤᠯᠭᠠᠨ ᠪᠥᠲᠥᠭᠡᠨ ᠪᠠᠢᠭᠤᠯᠤᠨ᠎ᠠ ᠬᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号