ᠦᠨᠳᠦᠰᠦᠲᠡᠨ᠎ᠦ ᠪᠦᠯᠬᠦᠮᠳᠡᠯ᠎ᠦᠨ ᠬᠠᠮᠤᠭ ᠤ᠋ᠨ ᠶᠡᠬᠡ 《 ᠢᠵᠢᠯᠢ ᠲᠥᠪᠲᠦ ᠲᠣᠭᠣᠷᠢᠭ 》 ᠢ᠋ ᠵᠢᠷᠤᠭ᠍ᠯᠠᠨ᠎ᠠ
2021-11-29 09:53:11
ᠵᠣᠬᠢᠶᠠᠭ᠍ᠴᠢ᠄
ᠯᠢ ᠢᠦᠶ ᠵᠦᠧᠧ
ᠣᠩᠱᠢᠭ᠍ᠰᠠᠨ ᠣᠳᠠᠭ᠎ᠠ᠄
★★★☆☆

ᠭᠠᠵᠠᠷ᠄ ᠬᠥᠯᠥᠨ ᠪᠣᠢᠷ ᠬᠣᠲᠠ ᠵᠢᠨ ᠡᠸᠡᠩᠬᠢ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤ

ᠬᠥᠮᠦᠨ᠄ ᠬᠥᠯᠥᠨ ᠪᠤᠢ᠌ᠷ ᠬᠤᠳᠠ ᠵᠢᠨ ᠡᠸᠡᠩᠬᠢ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤᠨ ᠤ᠋ ᠡᠸᠡᠩᠬᠢ ᠳᠤᠮᠳᠠᠳᠤ ᠰᠤᠷᠭᠠᠭᠤᠯᠢ ᠵᠢᠨ ᠵᠠᠬᠢᠷᠤᠯ ᠵᠠᠩ ᠱᠢᠨ ᠢᠦᠢ


ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠵᠢᠨ ᠨᠠᠮ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠢᠯᠡᠳᠭᠡᠯ᠎ᠢ ᠰᠣᠨᠣᠰᠴᠤ᠌ ᠰᠤᠷᠤᠯᠴᠠᠭ᠍ᠰᠠᠨ ᠤ᠋ ᠳᠠᠷᠠᠭ᠎ᠠ᠂  ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠵᠢᠨ ᠨᠠᠮ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠠᠵᠢᠯ ᠤ᠋ᠨ ᠢᠯᠡᠳᠭᠡᠯ᠎ᠨᠢ ᠥᠩᠭᠡᠷᠡᠭ᠌ᠰᠡᠨ 5 ᠵᠢᠯ᠎ᠦᠨ ᠪᠦᠬᠦ᠌ ᠣᠷᠣᠨ ᠤ᠋ ᠣᠯᠤᠭ᠍ᠰᠠᠨ ᠭᠡᠷᠡᠯ ᠰᠠᠴᠤᠷᠠᠩᠭᠤᠢ ᠠᠮᠵᠢᠯᠲᠠ ᠵᠢ ᠪᠦᠬᠦ᠌ ᠲᠠᠯ᠎ᠠ ᠪᠡᠷ ᠳ᠋ᠦᠩᠨᠡᠵᠦ᠍᠂ ᠬᠣᠢᠱᠢᠳᠠ ᠵᠢᠨ 5 ᠵᠢᠯ᠎ᠦᠨ ᠬᠠᠷᠠᠯᠲᠠ ᠱᠠᠭᠠᠷᠳᠠᠯᠭ᠎ᠠ ᠵᠢ ᠳᠤᠷᠠᠳᠴᠠᠢ ᠃ ᠠᠮᠵᠢᠯᠲᠠ ᠪᠦᠲᠦᠮᠵᠢ ᠬᠥᠮᠦᠰ ᠤ᠋ᠨ ᠤᠷᠮ᠎ᠠ ᠢ᠋ᠢ ᠬᠦᠭᠵᠢᠭᠡᠵᠦ᠂ ᠬᠠᠷᠠᠯᠲᠠ ᠨᠢ ᠬᠥᠮᠦᠰ ᠤ᠋ᠨ ᠡᠷᠴᠢ ᠵᠤᠷᠢᠭ ᠢ᠋ ᠬᠦᠪᠴᠢᠯᠡᠨ᠎ᠠ᠃ ᠪᠢᠳᠡ ᠵᠠᠯᠠᠭᠤᠴᠤᠳ ᠪᠠᠭᠠᠴᠤᠳ ᠤ᠋ᠨ ᠳᠤᠮᠳᠠᠳᠤ ᠵᠢᠨ ᠦᠨᠳᠦᠰᠦᠲᠡᠨ᠎ᠦ ᠬᠠᠮᠲᠤ ᠵᠢᠨ ᠴᠣᠭ᠍ᠴᠠ ᠵᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠢ ᠭᠦᠨᠵᠡᠭᠡᠢ ᠥᠷᠨᠢᠭᠦᠯᠵᠦ᠍᠂ 《ᠳᠤᠮᠳᠠᠳᠤ ᠵᠢᠨ ᠦᠨᠳᠦᠰᠦᠲᠡᠨ ᠨᠢᠭᠡ ᠭᠡᠷ᠎ᠦᠨ ᠬᠥᠮᠦᠨ ᠮᠡᠲᠦ ᠳᠣᠲᠣᠨᠣ᠂ ᠰᠡᠳᠭᠢᠯ ᠨᠢᠭᠡᠳᠦᠨ ᠳᠤᠮᠳᠠᠳᠤ ᠵᠢᠨ ᠵᠡᠭᠦᠳᠦ᠍ ᠵᠢ ᠬᠠᠮᠲᠤ ᠪᠡᠷ ᠲᠡᠷᠭᠡᠯᠱᠢᠭᠦᠯᠬᠦ᠌ 》 ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠵᠤ᠂ ᠦᠨᠳᠦᠰᠦᠲᠡᠨ᠎ᠦ ᠰᠡᠷᠭᠦᠨ ᠮᠠᠨᠳᠤᠯᠲᠠ ᠵᠢᠨ ᠬᠦᠨᠳᠤ ᠡᠭᠦᠷᠭᠡ ᠵᠢ ᠡᠭᠦᠷᠭᠡᠯᠡᠬᠦ᠌ ᠴᠠᠭ ᠦᠶ᠎ᠡ ᠵᠢᠨ ᠱᠢᠨ᠎ᠡ ᠬᠥᠮᠦᠨ᠎ᠢ ᠴᠢᠷᠮᠠᠢᠨ ᠬᠥᠮᠦᠵᠢᠭᠦᠯᠵᠦ᠍᠂ ᠳᠤᠮᠳᠠᠳᠤ ᠤᠯᠤᠰ᠎ᠢᠶᠠᠨ ᠬᠠᠢᠷᠠᠯᠠᠬᠤ ᠦᠵᠡᠯ ᠢ᠋ ᠬᠡᠦᠬᠡᠳ ᠪᠤᠯᠭᠠᠨ  ᠤ᠋ ᠰᠡᠳᠭᠢᠯ᠎ᠳᠦ ᠭᠦᠨ ᠬᠠᠳᠠᠩᠱᠢᠭᠤᠯᠤᠨ᠎ᠠ ᠃ ᠪᠢᠳᠡ ᠳᠤᠮᠳᠠᠳᠤ ᠵᠢᠨ ᠦᠨᠳᠦᠰᠦᠲᠡᠨ᠎ᠦ ᠬᠠᠮᠲᠤ ᠵᠢᠨ ᠴᠣᠭ᠍ᠴᠠ ᠵᠢᠨ ᠤᠬᠠᠮᠰᠠᠷ᠎ᠢ ᠪᠠᠲᠤ ᠴᠣᠭ᠍ᠴᠠᠯᠠᠬᠤ ᠪᠡᠷ ᠭᠣᠣᠯ ᠱᠢᠵᠢᠮ ᠪᠣᠯᠭᠠᠵᠤ᠂ ᠬᠢᠴᠢᠶᠡᠯ᠎ᠦᠨ ᠲᠠᠩᠬᠢᠮ ᠤ᠋ᠨ ᠭᠣᠣᠯ ᠠᠷᠭ᠎ᠠ ᠵᠠᠮ ᠤ᠋ᠨ ᠦᠢᠯᠡᠳᠦᠯ᠎ᠢ ᠢᠳᠡᠪᠬᠢᠲᠡᠢ ᠪᠠᠳᠠᠷᠠᠭᠤᠯᠵᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ ᠵᠢᠨ ᠬᠥᠮᠦᠵᠢᠯ᠎ᠢ ᠴᠢᠳᠠᠪᠤᠷᠢᠲᠠᠨ ᠬᠥᠮᠦᠵᠢᠭᠦᠯᠬᠦ᠌ ᠪᠦᠬᠦ᠌ ᠶᠠᠪᠤᠴᠠ᠎ᠳᠤ ᠲᠤᠭᠤᠱᠢᠯᠠᠭᠤᠯᠤᠨ᠎ᠠ ᠭᠡᠵᠦ ᠵᠠᠩ ᠱᠢᠨ ᠢᠦᠢ ᠬᠡᠯᠡᠪᠡ ᠃

ᠵᠠᠩ ᠱᠢᠨ ᠢᠦᠶ᠄ 《ᠳᠠᠷᠠᠭᠠᠴᠢ ᠪᠡᠷ ᠪᠢᠳᠡ ᠣᠷᠴᠢᠨ ᠲᠣᠭᠣᠷᠢᠨ ᠤ᠋ ᠬᠥᠮᠦᠨ ᠬᠥᠮᠦᠵᠢᠭᠦᠯᠬᠦ᠌ ᠦᠶ᠋ᠯᠡᠳᠦᠯ᠎ᠢ ᠤᠯᠠᠮ ᠴᠢᠨᠠᠭ᠍ᠰᠢᠳᠠ ᠪᠠᠳᠠᠷᠠᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ ᠵᠢᠨ ᠬᠥᠮᠦᠵᠢᠯ᠎ᠢ ᠰᠤᠷᠭᠠᠭᠤᠯᠢ ᠵᠢᠨ ᠬᠦᠷᠢᠶᠡᠨ᠎ᠦ ᠰᠣᠶᠣᠯ᠎ᠳᠤ ᠠᠭᠤᠰᠤᠯᠴᠠᠭᠤᠯᠬᠤ ᠵᠢ ᠠᠬᠢᠭᠤᠯᠵᠤ᠂ ᠰᠤᠷᠭᠠᠭᠤᠯᠢ ᠵᠢᠨ ᠬᠦᠷᠢᠶᠡᠨ᠎ᠦ ᠰᠣᠶᠣᠯ ᠤ᠋ᠨ ᠲᠥᠷᠥᠯ ᠵᠦᠶ᠋ᠯ᠎ᠢ ᠨᠠᠷᠢᠨ ᠨᠢᠮᠪᠠᠶ ᠴᠤᠭᠴᠠᠯᠠᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ ᠵᠢᠨ ᠬᠥᠮᠦᠵᠢᠯ᠎ᠦᠨ ᠠᠴᠢᠶᠠᠯᠠᠪᠤᠷᠢ ᠵᠢ ᠲᠠᠰᠤᠷᠠᠯᠲᠠ ᠥᠬᠡᠶ ᠪᠠᠶᠠᠯᠢᠭ᠍ᠵᠢᠭᠤᠯᠵᠤ᠂ ᠳᠤᠮᠳᠠᠳᠤ ᠵᠢᠨ ᠦᠨᠳᠦᠰᠦᠲᠡᠨ᠎ᠦ ᠶᠡᠬᠡ ᠬᠡᠷ ᠪᠦᠯᠢ ᠵᠢᠨ ᠤᠬᠠᠮᠰᠠᠷ ᠎ᠢ ᠵᠠᠯᠠᠭᠤᠴᠤᠳ ᠪᠠᠭᠠᠴᠤᠳ ᠤ᠋ᠨ ᠰᠡᠳᠭᠢᠯ᠎ᠳᠦ ᠦᠨᠳᠦᠰᠦᠯᠡᠭᠦᠯᠦᠨ ᠰᠣᠶᠣᠭᠠᠯᠠᠭᠤᠯᠵᠤ᠂ ᠥᠷᠭᠡᠨ ᠣᠯᠠᠨ ᠵᠠᠯᠠᠭᠤᠴᠤᠳ ᠪᠠᠭᠠᠴᠤᠳ ᠤ᠋ᠨ ᠠᠨᠠᠷ ᠤ᠋ᠨ ᠦᠷ᠎ᠡ ᠱᠢᠭ ᠨᠢᠭ᠍ᠲᠠᠷᠠᠨ ᠪᠦᠯᠬᠦᠮᠳᠡᠵᠤ᠂ ᠦᠨᠳᠦᠰᠦᠲᠡᠨ᠎ᠦ ᠪᠦᠯᠬᠦᠮᠳᠡᠯ᠎ᠦᠨ ᠬᠠᠮᠤᠭ ᠤ᠋ᠨ ᠶᠡᠬᠡ 〈ᠢᠵᠢᠯ ᠲᠥᠪᠲᠦ ᠲᠣᠭᠣᠷᠢᠭ〉 ᠎ᠢ᠋ ᠵᠢᠷᠤᠭ᠍ᠯᠠᠬᠤ ᠢ᠋ᠢ ᠬᠥᠲᠥᠯᠥᠨ ᠵᠢᠯᠣᠭᠣᠳᠤᠨ᠎ᠠ》 ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号