ᠠᠷᠠᠳ ᠲᠦᠮᠡᠨ᠎ᠦ ᠠᠮᠤᠷ ᠠᠮᠤᠭᠤᠯᠠᠩ᠎ᠢ ᠬᠠᠮᠠᠭᠠᠯᠠᠬᠤ᠎ᠳᠤ ᠬᠦᠴᠦᠨ ᠴᠢᠳᠠᠯ᠎ᠢᠶᠠᠨ ᠡᠷᠭᠦᠨ᠎ᠡ
2021-11-29 09:55:24
ᠵᠣᠬᠢᠶᠠᠭ᠍ᠴᠢ᠄
ᠰᠥᠩ ᠠ ᠨᠠᠨ
ᠣᠩᠱᠢᠭ᠍ᠰᠠᠨ ᠣᠳᠠᠭ᠎ᠠ᠄
★★★☆☆

ᠭᠠᠵᠠᠷ᠄ ᠪᠤᠭᠤᠲᠤ ᠬᠣᠲᠠ

ᠬᠥᠮᠦᠨ᠄ ᠪᠤᠭᠤᠲᠤ ᠬᠣᠲᠠ ᠵᠢᠨ ᠳᠣᠲᠣᠭᠠᠳᠤ ᠵᠢ ᠬᠠᠮᠠᠭᠠᠯᠠᠬᠤ ᠲᠣᠪᠴᠢᠶ᠎ᠠ ᠵᠢᠨ ᠬᠢᠯᠢ᠎ᠪᠡᠷ ᠣᠷᠣᠵᠤ ᠭᠠᠷᠬᠤ ᠵᠢ ᠬᠠᠮᠢᠶᠠᠷᠬᠤ ᠰᠠᠯᠪᠤᠷᠢ ᠠᠩᠭᠢ ᠵᠢᠨ ᠺᠣᠮᠢᠰᠰᠠᠷ ᠱᠤᠤ ᠽᠦᠩ ᠸᠧᠶ


ᠱᠤᠤ ᠽᠦᠩ ᠸᠧᠢ᠄ 《ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠵᠢᠨ ᠨᠠᠮ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠢᠯᠡᠳᠭᠡᠯ ᠪᠣᠯ ᠲᠥᠪ ᠎ᠦᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠪᠡᠷ ᠭᠣᠣᠯ ᠪᠣᠯᠭᠠᠭ᠍ᠰᠠᠨ᠂ ᠣᠷᠣᠨ ᠤ᠋ ᠪᠠᠢᠳᠠᠯ ᠣᠨᠴᠠᠯᠢᠭ᠎ᠲᠤ ᠰᠠᠭᠤᠷᠢᠯᠠᠭ᠍ᠰᠠᠨ ᠴᠢᠨᠠᠷ ᠰᠠᠢᠲᠠᠢ ᠢᠯᠡᠳᠭᠡᠯ᠂ ᠲᠤᠭ᠎ᠢ ᠮᠠᠨᠳᠤᠭᠤᠯᠵᠤ᠂ ᠪᠠᠢᠯᠳᠤᠬᠤ ᠪᠤᠳᠤᠯᠭ᠎ᠠ ᠵᠢ ᠲᠣᠳᠣᠷᠬᠠᠢᠯᠠᠨ᠂ ᠴᠢᠭ᠌ᠯᠡᠯ᠎ᠢ ᠵᠢᠭᠠᠵᠤ᠂ ᠠᠤᠭ᠎ᠠ ᠲᠥᠰᠦᠪ᠎ᠢ ᠵᠢᠷᠤᠭ᠍ᠯᠠᠭ᠍ᠰᠠᠨ ᠢᠯᠡᠳᠭᠡᠯ ᠪᠣᠯᠤᠨ᠎ᠠ᠃ 〈ᠢᠯᠡᠳᠭᠡᠯ〉 ᠳ᠋ᠤ᠂ ᠥᠪᠥᠷ ᠮᠣᠩᠭᠣᠯ ᠪᠤᠯ ᠶᠡᠬᠡ ᠲᠠᠯ᠎ᠠ ᠵᠢ ᠡᠷᠬᠢᠮᠯᠡᠵᠦ᠍᠂ ᠬᠠᠷᠢᠭᠤᠴᠠᠯᠭ᠎ᠠ ᠡᠭᠦᠷᠭᠡᠯᠡᠳᠡᠭ᠂ ᠡᠷᠬᠡᠪᠰᠢ ᠡᠭᠡ ᠤᠯᠤᠰ ᠤ᠋ᠨ ᠤᠮᠠᠷᠠᠲᠤ ᠬᠢᠯᠢ ᠵᠢ ᠰᠠᠬᠢᠨ ᠬᠠᠮᠠᠭᠠᠯᠠᠬᠤ ᠴᠢᠬᠤᠯᠠ ᠶᠡᠬᠡ ᠤᠯᠤᠰ ᠲᠦᠷᠦ᠍ ᠵᠢᠨ ᠬᠠᠷᠢᠭᠤᠴᠠᠯᠭ᠎ᠠ ᠵᠢ ᠡᠭᠦᠷᠭᠡᠯᠡᠨ ᠰᠠᠢᠲᠤᠷ ᠭᠦᠢᠴᠡᠳᠭᠡᠬᠦ᠌ ᠬᠡᠷᠡᠭ᠌ᠲᠡᠢ᠃ ᠳᠣᠲᠣᠭᠠᠳᠤ ᠵᠢ ᠬᠠᠮᠠᠭᠠᠯᠠᠬᠤ ᠺᠠᠳ᠋ᠷ ᠴᠠᠭ᠍ᠳᠠᠭ᠎ᠠ ᠪᠣᠯᠤᠭ᠍ᠰᠠᠨ ᠤ᠋ ᠬᠤᠪᠢ᠎ᠳᠤ᠂ ᠪᠢ ᠥᠪᠡᠷ᠎ᠦᠨ ᠡᠭᠦᠷᠭᠡᠯᠡᠵᠦ᠍ ᠪᠠᠢᠭ᠎ᠠ ᠲᠡᠦᠬᠡᠲᠦ ᠡᠭᠦᠷᠭᠡ᠎ᠪᠡᠨ ᠭᠦᠨᠵᠡᠭᠡᠶ ᠤᠢᠯᠠᠭᠠᠵᠤ ᠪᠠᠢᠨ᠎ᠠ 》 ᠭᠡᠵᠦ ᠬᠡᠯᠡᠪᠡ᠃

《 ᠳᠣᠲᠣᠭᠠᠳᠤ ᠵᠢ ᠬᠠᠮᠠᠭᠠᠯᠠᠬᠤ ᠠᠵᠢᠯ ᠬᠡᠳᠦᠢᠪᠡᠷ ᠮᠠᠰᠢ ᠤᠯᠠᠨ ᠬᠦᠴᠢᠷᠳᠡᠯ ᠪᠠ ᠥᠷᠢᠰᠥᠯᠳᠦᠭᠡᠨ᠎ᠳᠦ ᠲᠤᠯᠭᠠᠷᠠᠳᠠᠭ ᠴᠦ᠍᠂ ᠭᠣᠣᠯ ᠰᠡᠳᠦᠪ᠎ᠨᠢ ᠪᠤᠯ ᠪᠢᠳᠡᠨ ᠤ᠋ ᠢᠮᠠᠭ᠍ᠲᠠ ᠪᠠᠲᠤ ᠰᠠᠬᠢᠵᠤ ᠪᠠᠢᠭ᠎ᠠ᠂ ᠦᠨᠡᠨᠴᠢ ᠱᠢᠳᠤᠷᠭᠤ ᠪᠡᠷ ᠬᠤᠪᠢ ᠪᠡᠨ ᠵᠤᠷᠢᠭᠤᠯᠬᠤ᠂ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠬᠦ ᠪᠤᠯᠤᠨ᠎ᠠ᠃ ᠡᠳᠦᠷ ᠲᠤᠳᠤᠮ ᠤ᠋ᠨ ᠠᠵᠢᠯ ᠤ᠋ᠨ ᠡᠯ᠎ᠡ ᠲᠠᠯ᠎ᠠ ᠳ᠋ᠤ᠂ ᠨᠢᠭᠡ ᠢᠷᠭᠡᠨ᠎ᠦ ᠬᠡᠷᠡᠭ᠎ᠦᠨ ᠵᠢᠭᠤᠷᠠᠯᠳᠤᠭᠠᠨ᠂ ᠨᠢᠭᠡ ᠡᠷᠡᠭᠦᠦ᠍ ᠵᠢᠨ ᠬᠡᠷᠡᠭ᠂ ᠡᠰᠡᠬᠦᠯ᠎ᠡ ᠨᠢᠭᠡ ᠤᠳᠠᠭᠠᠨ ᠤ᠋ ᠵᠠᠮ ᠬᠠᠷᠢᠯᠴᠠᠭᠠᠨ ᠤ᠋ ᠡᠨᠳᠡᠯ ᠭᠡᠬᠦ ᠵᠡᠷᠭᠡ ᠪᠡᠷ ᠴᠠᠭ ᠢᠮᠠᠭ᠍ᠲᠠ ᠦᠨᠡᠨᠴᠢ ᠱᠢᠳᠤᠷᠭᠤ ᠪᠡᠷ ᠬᠤᠪᠢ ᠪᠡᠶ᠎ᠠ ᠪᠡᠨ ᠵᠤᠷᠢᠭᠤᠯᠬᠤ ᠵᠣᠷᠢᠭ ᠰᠠᠨᠠᠭ᠎ᠠ ᠱᠠᠭᠠᠷᠳᠠᠭ᠍ᠳᠠᠵᠤ᠂ ᠴᠠᠭ ᠢᠮᠠᠭ᠍ᠲᠠ ᠨᠡᠢᠭᠡᠮ᠎ᠦᠨ ᠠᠮᠤᠷ ᠲᠦᠪᠱᠢᠨ ᠪᠠ ᠲᠣᠭ᠍ᠲᠠᠭᠤᠨ ᠪᠠᠢᠳᠠᠯ᠎ᠢ ᠬᠠᠮᠠᠭᠠᠯᠠᠵᠤ ᠪᠠᠢᠳᠠᠭ᠃ ᠳᠣᠲᠣᠭᠠᠳᠤ ᠵᠢ ᠬᠠᠮᠠᠭᠠᠯᠠᠬᠤ ᠺᠠᠳ᠋ᠷ ᠴᠠᠭ᠍ᠳᠠᠭ᠎ᠠ ᠪᠣᠯᠤᠭ᠍ᠰᠠᠨ ᠤ᠋ ᠬᠤᠪᠢ᠎ᠳᠤ᠂ ᠪᠢᠳᠡᠨ ᠤ᠋ ᠠᠮᠢ ᠨᠠᠰᠤ ᠭᠠᠭ᠍ᠴᠠ ᠬᠦ᠌ ᠨᠠᠮ ᠤ᠋ᠨ ᠲᠥᠯᠥᠭᠡ᠂ ᠠᠷᠠᠳ ᠲᠦᠮᠡᠨ᠎ᠦ ᠲᠥᠯᠥᠭᠡ᠂ ᠳᠣᠲᠣᠭᠠᠳᠤ ᠵᠢ ᠬᠠᠮᠠᠭᠠᠯᠠᠬᠤ ᠦᠢᠯᠡᠰ᠎ᠦᠨ ᠲᠥᠯᠥᠭᠡ ᠴᠢᠩ ᠦᠨᠡᠨᠴᠢ ᠪᠡᠷ ᠵᠤᠷᠢᠭᠤᠯᠬᠤ ᠳᠤᠮᠳᠠ ᠰᠠᠶᠢ ᠨᠠᠩ ᠲᠡᠭᠦᠰ ᠲᠡᠭᠦᠯᠳᠡᠷ ᠦᠨ᠎ᠠ ᠴᠠᠨ᠎ᠠ ᠲᠠᠢ ᠪᠠᠢᠵᠤ ᠴᠢᠳᠠᠨ᠎ᠠ》᠃ ᠱᠢᠨ᠎ᠡ ᠴᠠᠭ ᠦᠶ᠎ᠡ᠎ᠳᠦ᠂ ᠲᠡᠷᠡ ᠪᠡᠷ ᠴᠠᠭ᠍ᠳᠠᠭ᠎ᠠ ᠪᠣᠯᠬᠤ ᠦᠶ᠎ᠠ᠎ᠶᠢᠨ ᠤᠭ ᠰᠠᠨᠠᠭ᠎ᠠ᠎ᠪᠠᠨ ᠦᠷᠭᠦᠯᠵᠢᠯᠡᠨ ᠪᠠᠲᠤ ᠰᠠᠬᠢᠵᠤ᠂ ᠤᠯᠤᠰ ᠲᠦᠷᠦ᠍ ᠵᠢᠨ ᠠᠮᠤᠷ ᠲᠦᠪᠱᠢᠨ᠂ ᠨᠡᠢᠭᠡᠮ᠎ᠦᠨ ᠠᠮᠤᠷ ᠲᠣᠭ᠍ᠲᠠᠭᠤᠨ᠂ ᠠᠷᠠᠳ ᠲᠦᠮᠡᠨ᠎ᠦ ᠠᠮᠤᠷ ᠠᠮᠤᠭᠤᠯᠠᠩ᠎ᠢ ᠬᠠᠮᠠᠭᠠᠯᠠᠬᠤ᠎ᠳᠤ ᠥᠪᠡᠷ᠎ᠦᠨ ᠬᠤᠪᠢ ᠨᠡᠮᠡᠷᠢ᠎ᠪᠡᠨ ᠦᠵᠡᠭᠦᠯᠦᠨ᠎ᠡ ᠭᠡᠵᠦ᠍ ᠭᠡᠵᠦ ᠱᠤᠤ ᠽᠦᠩ ᠸᠧᠢ ᠢᠯᠡᠷᠬᠡᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号