ᠡᠬᠡ ᠤᠯᠤᠰ᠎ᠤᠨ ᠤᠮᠠᠷᠠᠲᠤ ᠬᠢᠯᠢ᠎ᠶ᠋ᠢ ᠰᠠᠬᠢᠨ ᠬᠠᠮᠠᠭᠠᠯᠠᠬᠤ ᠴᠢᠬᠤᠯᠠ ᠶᠡᠬᠡ ᠡᠭᠦᠷᠭᠡ ᠬᠠᠷᠢᠭᠤᠴᠠᠯᠭ᠎ᠠ᠎ᠪᠠᠨ ᠰᠠᠢᠲᠤᠷ ᠭᠦᠢᠴᠡᠳᠭᠡᠨ᠎ᠡ
2021-11-29 09:57:36
ᠵᠣᠬᠢᠶᠠᠭ᠍ᠴᠢ᠄
ᠪᠠᠶᠠᠰᠭᠤᠯᠠᠩ
ᠣᠩᠱᠢᠭ᠍ᠰᠠᠨ ᠣᠳᠠᠭ᠎ᠠ᠄
★★★☆☆

ᠭᠠᠵᠠᠷ᠄ ᠡᠷᠢᠶᠡᠨ ᠬᠣᠲᠠ

ᠬᠥᠮᠦᠨ᠄ ᠡᠷᠢᠶᠡᠨ ᠬᠣᠲᠠ᠎ᠶ᠋ᠢᠨ ᠬᠢᠯᠢ᠎ᠶ᠋ᠢᠨ ᠬᠠᠮᠢᠶᠠᠷᠤᠯᠲᠠ᠎ᠶ᠋ᠢᠨ ᠶᠡᠬᠡ ᠠᠩᠭᠢ ᠵᠢᠨ ᠠᠷᠠᠳ᠎ᠤᠨ ᠴᠠᠭ᠍ᠳᠠᠭ᠎ᠠ ᠨᠠᠷᠠᠨᠪᠢᠯᠢᠭ᠌


《ᠢᠯᠡᠳᠭᠡᠯ ᠥᠪᠥᠷ ᠮᠣᠩᠭᠣᠯ᠎ᠤᠨ ᠪᠣᠳᠠᠲᠤ ᠪᠠᠢᠳᠠᠯ᠎ᠳᠤ ᠰᠠᠭᠤᠷᠢᠯᠠᠨ᠂ ᠥᠪᠥᠷ ᠮᠣᠩᠭᠣᠯ᠎ᠤᠨ ᠬᠣᠢᠱᠢᠳᠠ᠎ᠶ᠋ᠢᠨ ᠬᠥᠭ᠌ᠵᠢᠯᠲᠡ᠎ᠶ᠋ᠢᠨ ᠬᠠᠷᠠᠯᠲᠠ ᠪᠠ ᠡᠭᠦᠷᠭᠡ᠎ᠶ᠋ᠢ ᠲᠣᠳᠣᠷᠬᠠᠢᠯᠠᠨ ᠥᠭᠦᠯᠡᠪᠡ ᠁ 》 ᠡᠷᠢᠶᠡᠨ ᠬᠣᠲᠠ᠎ᠶ᠋ᠢᠨ ᠬᠢᠯᠢ᠎ᠶ᠋ᠢᠨ ᠬᠠᠮᠢᠶᠠᠷᠤᠯᠲᠠ᠎ᠶ᠋ᠢᠨ ᠶᠡᠬᠡ ᠠᠩᠭᠢ᠎ᠶ᠋ᠢᠨ ᠰᠤᠷᠤᠯᠴᠠᠯᠭ᠎ᠠ᠎ᠶ᠋ᠢᠨ ᠲᠠᠰᠤᠭ᠎ᠲᠤ᠂ ᠣᠯᠠᠨ᠎ᠢᠶᠠᠷ᠎ᠢᠶᠠᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠳᠡᠭᠡᠷ᠎ᠡ ᠱ᠌ᠢ᠎ᠲᠡᠶ ᠹᠸᠩ ᠱᠦᠵᠢ᠎ᠶ᠋ᠢᠨ ᠬᠢᠭ᠌ᠰᠡᠨ ᠢᠯᠡᠳᠭᠡᠯ᠎ᠢ ᠬᠥᠭ᠌ᠵᠢᠶᠡᠨᠲᠡᠶ ᠶᠠᠷᠢᠯᠴᠠᠵᠤ ᠪᠠᠢᠯ᠎ᠠ᠃

《ᠢᠯᠡᠳᠭᠡᠯ᠎ᠳᠦ 〈ᠥᠪᠥᠷ ᠮᠣᠩᠭᠣᠯ᠎ᠤᠨ ᠤᠯᠤᠰ᠎ᠤᠨ ᠠᠮᠤᠷ ᠲᠦᠪᠱᠢᠨ ᠲᠣᠭ᠍ᠲᠠᠭᠤᠨ᠎ᠤ ᠶᠡᠬᠡ ᠲᠠᠯ᠎ᠠ᠎ᠳᠠᠬᠢ ᠪᠠᠢᠷᠢ ᠰᠠᠭᠤᠷᠢ ᠴᠢᠬᠤᠯᠠ᠂ ᠬᠠᠷᠢᠭᠤᠴᠠᠯᠭ᠎ᠠ ᠬᠦᠨᠳᠦ᠂ ᠡᠷᠬᠡᠪᠰᠢ ᠬᠣᠷᠢᠭ᠎ᠠ ᠱᠤᠭᠤᠮ᠎ᠤᠨ ᠰᠡᠳᠭᠢᠬᠦᠢ ᠪᠣᠯᠤᠨ ᠠᠶᠤᠯ ᠲᠦᠭ᠌ᠰᠢᠭᠦᠷᠢ᠎ᠶ᠋ᠢᠨ ᠤᠬᠠᠮᠰᠠᠷ᠎ᠢᠶᠠᠨ ᠴᠢᠩᠭᠠᠳᠭᠠᠵᠤ᠂ ᠶᠡᠬᠡ ᠠᠮᠤᠷ ᠲᠦᠪᠱᠢᠨ᠎ᠦ ᠪᠠᠢᠷᠢᠱᠢᠯ᠎ᠢ ᠲᠦᠷᠭᠡᠳᠭᠡᠨ ᠪᠠᠢᠭᠤᠯᠵᠤ᠂ ᠶᠡᠬᠡ ᠠᠮᠤᠷ ᠲᠦᠪᠱᠢᠨ᠎ᠦ ᠱᠢᠰᠲᠸᠮ᠎ᠢ ᠲᠡᠭᠦᠯᠳᠡᠷᠵᠢᠭᠦᠯᠵᠦ᠍᠂ ᠴᠢᠨᠠᠷ ᠰᠠᠢᠲᠠᠢ ᠬᠥᠭ᠌ᠵᠢᠯᠲᠡ ᠪᠣᠯᠤᠨ ᠥᠨᠳᠥᠷ ᠲᠦᠪᠱᠢᠨ ᠪᠦᠬᠦᠢ ᠠᠮᠤᠷ ᠲᠦᠪᠱᠢᠨ᠎ᠦ ᠰᠠᠢ᠌ᠨ ᠬᠤᠷᠱᠢᠯ᠎ᠢ ᠠᠬᠢᠭᠤᠯᠵᠤ᠂ ᠤᠯᠤᠰ᠎ᠤᠨ ᠠᠮᠤᠷ ᠲᠦᠪᠱᠢᠨ᠎ᠦ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠨ᠂ ᠤᠯᠠᠨ ᠨᠡᠢᠲᠡ᠎ᠶ᠋ᠢᠨ ᠠᠮᠤᠷ ᠲᠦᠪᠱᠢᠨ᠎ᠢ ᠪᠠᠲᠤᠯᠠᠬᠤ ᠴᠢᠳᠠᠪᠤᠷᠢ᠎ᠪᠠᠨ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠨᠡᠢᠭᠡᠮ᠎ᠦᠨ ᠲᠣᠭ᠍ᠲᠠᠭᠤᠨ ᠪᠣᠯᠤᠨ ᠠᠮᠤᠷ ᠲᠦᠪᠱᠢᠨ᠎ᠢ ᠪᠦᠬᠦ᠌ ᠬᠦᠴᠦᠨ᠎ᠢᠶᠡᠷ᠎ᠢᠶᠡᠨ ᠬᠠᠮᠠᠭᠠᠯᠠᠵᠤ᠂ ᠥᠪᠥᠷ ᠮᠣᠩᠭᠣᠯ᠎ᠤᠨ ᠲᠣᠭ᠍ᠲᠠᠭᠤᠨ ᠪᠠᠢᠳᠠᠯ᠎ᠢᠶᠠᠷ ᠬᠢᠯᠢ ᠬᠢᠵᠠᠭᠠᠷ᠎ᠤᠨ ᠠᠮᠤᠷ ᠲᠦᠪᠱᠢᠨ᠎ᠢ ᠬᠠᠮᠠᠭᠠᠯᠠᠵᠤ᠂ ᠨᠡᠢᠰᠯᠡᠯ᠎ᠦᠨ ᠠᠮᠤᠷ ᠲᠦᠪᠱᠢᠨ᠎ᠢ ᠬᠠᠮᠠᠭᠠᠯᠠᠬᠤ ᠬᠡᠷᠡᠭ᠌ᠲᠡᠢ〉 ᠭᠡᠵᠦ᠍ ᠵᠢᠭᠠᠵᠦ ᠭᠠᠷᠭᠠᠪᠠ᠃ ᠬᠢᠯᠢ᠎ᠶ᠋ᠢᠨ ᠬᠠᠮᠢᠶᠠᠷᠤᠯᠲᠠ᠎ᠶ᠋ᠢᠨ ᠴᠠᠭ᠍ᠳᠠᠭ᠎ᠠ ᠪᠣᠯᠤᠭ᠍ᠰᠠᠨ᠎ᠤ ᠬᠤᠪᠢ᠎ᠳᠤ᠂ ᠪᠢ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠢᠵᠠᠭᠠᠯᠠᠰᠢ ᠦᠭᠡᠢ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂ ᠲᠤᠬᠠᠢᠯᠠᠭ᠍ᠰᠠᠨ ᠠᠵᠢᠯ᠎ᠢᠶᠠᠨ ᠯᠠᠪᠳᠠᠭᠤᠨ ᠪᠠᠲᠤᠲᠠᠢ ᠰᠠᠢᠲᠤᠷ ᠬᠢᠵᠦ᠍᠂ ᠡᠬᠡ ᠤᠯᠤᠰ᠎ᠤᠨ ᠤᠮᠠᠷᠠᠲᠤ ᠬᠢᠯᠢ᠎ᠶ᠋ᠢ ᠰᠠᠬᠢᠨ ᠬᠠᠮᠠᠭᠠᠯᠠᠬᠤ ᠴᠢᠬᠤᠯᠠ ᠶᠡᠬᠡ ᠡᠭᠦᠷᠭᠡ ᠬᠠᠷᠢᠭᠤᠴᠠᠯᠭ᠎ᠠ᠎ᠪᠠᠨ ᠰᠠᠢᠲᠤᠷ ᠭᠦᠢᠴᠡᠳᠭᠡᠨ᠎ᠡ》 ᠭᠡᠵᠦ᠍ ᠨᠠᠷᠠᠨᠪᠢᠯᠢᠭ᠌ ᠵᠤᠷᠢᠭ᠎ᠢ᠋ᠢᠡᠨ ᠢᠯᠡᠳᠬᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号