ᠭᠠᠵᠠᠷ᠄
ᠪᠠᠶᠠᠨᠨᠠᠭᠤᠷ ᠬᠣᠲᠠ᠎ᠶ᠋ᠢᠨ ᠤᠷᠠᠳ᠎ᠤᠨ ᠡᠮᠦᠨᠡᠲᠦ ᠬᠣᠱᠢᠭᠤ
ᠬᠥᠮᠦᠨ᠄
ᠤᠷᠠᠳ᠎ᠤᠨ ᠡᠮᠦᠨᠡᠲᠦ ᠬᠣᠱᠢᠭᠤᠨ᠎ᠤ ᠠᠷᠠᠳ᠎ᠤᠨ ᠡᠮᠨᠡᠯᠭᠡ᠎ᠶ᠋ᠢᠨ ᠬᠣᠷᠢᠶᠠᠨ᠎ᠤ ᠨᠠᠮ᠎ᠤᠨ ᠠᠵᠢᠯ ᠤᠨ ᠠᠯᠪᠠᠨ ᠬᠡᠷ᠎ᠦᠨ
ᠳᠡᠳ᠋ ᠡᠷᠬᠢᠯᠡᠭ᠌ᠴᠢ ᠾᠧ ᡁᠢ ᠶᠢᠨ
ᠤᠢ᠍ᠢᠷ᠎ᠠ᠎ᠶ᠋ᠢᠨ ᠡᠳᠦᠷ᠂ ᠤᠷᠠᠳ᠎ᠤᠨ ᠡᠮᠦᠨᠡᠲᠦ ᠬᠣᠱᠢᠭᠤᠨ᠎ᠤ ᠠᠷᠠᠳ᠎ᠤᠨ ᠡᠮᠨᠡᠯᠭᠡ᠎ᠶ᠋ᠢᠨ ᠬᠣᠷᠢᠶᠠᠨ᠎ᠤ ᠨᠠᠮ᠎ᠤᠨ ᠭᠡᠱᠢᠭᠦᠳ ᠥᠪᠡᠷᠲᠡᠭᠡᠨ
ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ
ᠢᠯᠡᠳᠭᠡᠯ ᠢ᠋ ᠰᠣᠨᠣᠰᠴᠤ᠌᠂ ᠱ᠌ᠢ᠎ᠲᠡᠶ ᠹᠸᠩ ᠨᠥᠬᠥᠷ᠎ᠦᠨ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ
ᠬᠤᠭᠤᠴᠠᠭᠠᠨ᠎ᠤ ᠬᠣᠷᠢᠶᠠᠨ᠎ᠤ ᠡᠮᠦᠨ᠎ᠡ᠎ᠡᠴᠡ ᠬᠢᠭ᠌ᠰᠡᠨ ᠠᠵᠢᠯ᠎ᠤᠨ ᠢᠯᠡᠳᠭᠡᠯ᠎ᠢ ᠰᠡᠳᠭᠢᠯ ᠲᠠᠯᠪᠢᠨ ᠣᠢᠯᠠᠭᠠᠪᠠ᠃
ᠣᠯᠠᠨ᠎ᠢᠶᠠᠷ᠎ᠢᠶᠠᠨ᠂ ᠬᠠᠷᠢᠭᠤᠴᠠᠯᠭ᠎ᠠ ᠡᠭᠦᠷᠭᠡᠯᠡᠯ᠎ᠢᠶᠡᠨ ᠦᠨᠡᠨ ᠬᠦ᠌ ᠡᠭᠦᠷᠭᠡᠯᠡᠵᠦ᠍᠂ ᠬᠤᠷᠠᠯ᠎ᠤᠨ ᠵᠣᠷᠢᠭ
ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠰᠠᠢᠲᠤᠷ ᠣᠢᠯᠠᠭᠠᠨ᠂ ᠠᠷᠠᠳ ᠣᠯᠠᠨ᠎ᠳᠤ ᠦᠶ᠋ᠯᠡᠴᠢᠯᠡᠬᠦ᠌ ᠴᠢᠳᠠᠪᠤᠷᠢ᠎ᠪᠠᠨ
ᠴᠢᠷᠮᠠᠢᠨ ᠳᠡᠭᠡᠭ᠌ᠰᠢᠯᠡᠭᠦᠯᠵᠦ᠍᠂ ᠡᠮᠨᠡᠯᠭᠡ᠎ᠶ᠋ᠢᠨ ᠬᠣᠷᠢᠶᠠᠨ᠎ᠤ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠴᠢᠨᠠᠷ
ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌᠎ᠶ᠋ᠢ ᠪᠥᠬᠥ᠌ ᠲᠠᠯ᠎ᠠ᠎ᠪᠠᠷ ᠠᠬᠢᠭᠤᠯᠵᠤ᠂ ᠠᠷᠠᠳ ᠣᠯᠠᠨ᠎ᠤ ᠡᠪᠡᠳᠴᠢᠨ
ᠦᠵᠡᠭᠦᠯᠬᠦ᠌ ᠬᠡᠷᠡᠭ᠌ᠴᠡᠭᠡ᠎ᠶ᠋ᠢ ᠬᠠᠩᠭᠠᠵᠤ᠂ ᠡᠷᠡᠭᠦᠯ ᠡᠩᠬᠡ ᠤᠷᠠᠳ᠎ᠤᠨ ᠡᠮᠦᠨᠡᠲᠦ ᠬᠣᠱᠢᠭᠤ᠎ᠶ᠋ᠢ ᠪᠥᠲᠥᠭᠡᠨ
ᠪᠠᠢᠭᠤᠯᠬᠤ᠎ᠳᠤ ᠨᠠᠩ ᠶᠡᠬᠡ ᠱᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ᠍ ᠢᠯᠡᠳᠭᠡᠵᠡᠭᠡᠪᠡ᠃
ᠾᠧ ᡁᠢ ᠶᠢᠨ᠄《ᠥᠪᠡᠷᠲᠡᠭᠡᠨ ᠵᠠᠰᠠᠬᠤ
ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ
ᠢᠯᠡᠳᠭᠡᠯ ᠨᠢ ᠪᠢᠳᠡᠨ᠎ᠢ ᠶᠡᠬᠡ ᠪᠡᠷ ᠵᠣᠷᠢᠭ᠍ᠵᠢᠭᠤᠯᠵᠤ᠂ ᠢᠲᠡᠭᠡᠯ ᠵᠣᠷᠢᠭ᠎ᠢ ᠤᠯᠠᠮ ᠬᠦᠪᠴᠢᠯᠡᠪᠡ᠃ ᠡᠮᠴᠢᠯᠡᠭᠡᠨ᠎ᠦ
ᠠᠵᠢᠯᠲᠠᠨ ᠪᠣᠯᠤᠭ᠍ᠰᠠᠨ᠎ᠤ ᠬᠤᠪᠢ᠎ᠳᠤ᠂ ᠪᠢᠳᠡ ᠡᠮᠴᠢ᠎ᠶ᠋ᠢᠨ ᠣᠭ ᠰᠠᠨᠠᠭ᠎ᠠ᠎ᠪᠠᠨ ᠴᠠᠭ ᠢᠮᠠᠭ᠍ᠲᠠ ᠪᠠᠲᠤ ᠴᠡᠭᠡᠵᠢᠯᠡᠵᠦ᠍᠂ 〈ᠠᠷᠠᠳ ᠲᠦᠮᠡᠨ᠎ᠢ ᠳᠡᠭᠡᠳᠦᠯᠡᠬᠦ᠌᠂
ᠠᠮᠢ ᠨᠠᠰᠤ᠎ᠶ᠋ᠢ ᠳᠡᠭᠡᠳᠦᠯᠡᠬᠦ᠌〉 ᠡᠷᠬᠢᠮ ᠳᠡᠭᠡᠳᠦ ᠦᠶ᠋ᠯᠡᠴᠢᠯᠡᠭᠡᠨ᠎ᠦ
ᠣᠢᠯᠠᠭᠠᠭ᠍ᠳᠠᠬᠤᠨ᠎ᠢ ᠪᠠᠷᠢᠮᠲᠠᠯᠠᠵᠤ᠂ ᠠᠷᠠᠳ ᠣᠯᠠᠨ᠎ᠤ ᠡᠷᠡᠭᠦᠯ ᠮᠡᠨᠳᠦ᠍᠎ᠶ᠋ᠢ ᠬᠠᠮᠠᠭᠠᠯᠠᠨ᠎ᠠ᠃ ᠲᠠᠷᠠᠭᠠᠴᠢ᠎ᠪᠡᠷ᠂
ᠪᠢᠳᠠ ᠪᠦᠬᠦ᠌ ᠡᠮᠨᠡᠯᠭᠡ ᠵᠢᠨ ᠬᠤᠷᠢᠶᠠᠨ ᠤ ᠺᠠᠳ᠋ᠷ ᠠᠵᠢᠯᠳᠠᠨ ᠠᠵᠢᠯᠴᠢᠨ᠎ᠳᠤ ᠥᠪᠡᠷᠲᠡᠭᠡᠨ ᠵᠠᠰᠠᠬᠤ ᠣᠷᠣᠨ᠎ᠤ
ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ
ᠰᠠᠢᠲᠤᠷ ᠤᠬᠠᠭᠤᠯᠵᠤ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠤᠭᠤᠳᠤᠯᠭ᠎ᠠ
ᠪᠣᠯᠭᠠᠨ᠂ ᠮᠠᠨ᠎ᠤ ᠡᠮᠴᠢᠯᠡᠭᠡᠨ᠎ᠦ ᠦᠢᠯᠡᠴᠢᠯᠡᠭᠡ᠎ᠶ᠋ᠢᠨ ᠲᠦᠪᠱᠢᠨ᠎ᠢᠶᠡᠨ ᠲᠠᠬᠢᠨ ᠱᠢᠨ᠎ᠡ ᠳᠡᠭ᠌ᠲᠡᠷ᠎ᠲᠦ ᠭᠠᠷᠭᠠᠬᠤ᠎ᠪᠠᠷ
ᠴᠢᠷᠮᠠᠢᠵᠤ᠂ ᠤᠯᠠᠨ ᠲᠦᠮᠡᠨ᠎ᠳᠦ ᠨᠡᠩ ᠱᠢᠯᠢᠳᠡᠭ ᠡᠮᠴᠢᠯᠡᠭᠡᠨ᠎ᠦ ᠦᠢᠯᠡᠴᠢᠯᠡᠭᠡ ᠬᠦᠷᠲᠡᠭᠡᠨ᠂ ᠠᠷᠠᠳ ᠤᠯᠠᠨ᠎ᠤ
ᠠᠮᠢ ᠨᠠᠰᠤ ᠡᠷᠡᠭᠦᠯ ᠮᠡᠨᠳᠤ᠎ᠶ᠋ᠢ ᠰᠠᠢᠲᠤᠷ ᠰᠠᠬᠢᠨ ᠬᠠᠮᠠᠭᠠᠯᠠᠨ᠎ᠠ》 ᠭᠡᠵᠦ ᠶᠠᠷᠢᠪᠠ᠃