ᠭᠠᠵᠠᠷ᠄
ᠬᠥᠬᠡᠬᠣᠲᠠ
ᠬᠥᠮᠦᠨ᠄
ᠥᠪᠥᠷ ᠮᠣᠩᠭᠣᠯ ᠤ᠋ᠨ ᠶᠡᠬᠡ ᠰᠤᠷᠭᠠᠭᠤᠯᠢ ᠳᠤᠮᠳᠠᠳᠤ ᠪᠠᠭᠠ ᠰᠤᠷᠭᠠᠭᠤᠯᠢ ᠵᠢᠨ ᠦᠵᠡᠯ ᠰᠠᠨᠠᠭᠠ ᠤᠯᠤᠰ ᠲᠥᠷᠥ
ᠵᠢᠨ ᠬᠢᠴᠢᠶᠡᠯᠢ ᠨᠢᠭᠡ ᠴᠣᠭ᠍ᠴᠠᠵᠢᠭᠤᠯᠬᠤ ᠪᠥᠲᠥᠭᠡᠨ ᠪᠠᠢᠭᠤᠯᠤᠯᠲᠠ ᠵᠢᠨ ᠵᠢᠯᠣᠭᠣᠳᠭᠤ ᠵᠥᠪᠯᠡᠯᠦᠨ ᠲᠤᠰᠭᠠᠶ
ᠮᠡᠷᠭᠡᠵᠢᠯᠲᠡᠨᠦ ᠵᠢᠯᠣᠭᠣᠳᠭᠤ ᠳᠤᠭᠤᠢᠯᠠᠩ ᠤ᠋ᠨ ᠳᠠᠷᠤᠭᠠ ᠯᠢ ᠴᠦᠨ ᠬᠣᠶ
《 〈 ᠢᠯᠡᠳᠭᠡᠯ 〉ᠳ᠋ᠤ 〈ᠳᠤᠮᠳᠠᠳᠤ ᠵᠢᠨ ᠦᠨᠳᠦᠰᠦᠲᠡᠨ
ᠦ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠪᠡᠷ ᠭᠣᠣᠯ ᠱᠤᠭᠤᠮ ᠪᠣᠯᠭᠠᠬᠤ ᠵᠢ ᠪᠠᠷᠢᠮᠲᠠᠯᠠᠵᠤ᠂
ᠱᠢᠨᠡ ᠴᠠᠭ ᠦᠶᠡ ᠵᠢᠨ ᠨᠠᠮ ᠤ᠋ᠨ ᠦᠨᠳᠦᠰᠦᠲᠡᠨᠦ ᠠᠵᠢᠯ ᠤ᠋ᠨ ᠴᠢᠨᠠᠷ ᠰᠠᠢᠲᠠᠢ ᠬᠥᠭ᠌ᠵᠢᠯᠲᠡ ᠵᠢ ᠠᠬᠢᠭᠤᠯᠬᠤ
ᠬᠡᠷᠡᠭ᠌ᠲᠡᠢ〉ᠭᠡᠰᠡᠨ ᠪᠦᠭᠡᠳ ᠪᠠᠰᠠ 〈ᠶᠡᠬᠡ ᠰᠤᠷᠭᠠᠭᠤᠯᠢ ᠳᠤᠮᠳᠠᠳᠤ
ᠪᠠᠭᠠ ᠰᠤᠷᠭᠠᠭᠤᠯᠢ ᠵᠢᠨ ᠦᠵᠡᠯ ᠰᠠᠨᠠᠭᠠ ᠤᠯᠤᠰ ᠲᠥᠷᠥ ᠵᠢᠨ ᠬᠢᠴᠢᠶᠡᠯᠢ ᠨᠢᠭᠡ ᠴᠣᠭ᠍ᠴᠠᠵᠢᠭᠤᠯᠬᠤ ᠪᠦᠲᠦᠭᠡᠨ
ᠪᠠᠢᠭᠤᠯᠤᠯᠲᠠ ᠵᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ ᠪᠡᠶᠡᠯᠡᠭᠦᠯᠦᠨᠠ 〉 ᠭᠡᠵᠦ᠍ ᠣᠨᠴᠠᠭᠠᠢᠯᠠᠨ
ᠳᠤᠷᠠᠳᠪᠠ ᠃ ᠦᠵᠡᠯ ᠰᠠᠨᠠᠭᠠ ᠤᠯᠤᠰ ᠲᠥᠷᠥ ᠵᠢᠨ ᠬᠢᠴᠢᠶᠡᠯᠦᠨ ᠪᠠᠭ᠍ᠰᠢ ᠪᠣᠯᠤᠭ᠍ᠰᠠᠨ ᠤ᠋ ᠬᠤᠪᠢᠳᠤ᠂ ᠵᠠᠯᠠᠭᠤᠴᠤᠳ
ᠪᠠᠭᠠᠴᠤᠳᠢ ᠬᠡᠷᠬᠢᠨ ᠬᠥᠲᠥᠯᠥᠨ ᠵᠢᠯᠣᠭᠣᠳᠴᠤ᠌ ᠪᠠᠢᠭᠠᠳ ᠬᠥᠮᠦᠨ ᠦ ᠠᠮᠢᠳᠤᠷᠠᠯ ᠤ᠋ᠨ ᠠᠩᠬᠠᠨ ᠤ᠋ ᠲᠣᠪᠴᠢ
ᠵᠢ ᠨᠢ ᠰᠠᠢᠲᠤᠷ ᠲᠣᠪᠴᠢᠯᠠᠭᠤᠯᠬᠤ᠂ 〈ᠵᠢᠱ᠌ᠢᠶᠡᠴᠢ ᠥᠪᠡᠷᠲᠡᠭᠡᠨ
ᠵᠠᠰᠠᠬᠤ ᠣᠷᠣᠨ〉 ᠤ᠋ ᠢᠷᠠᠭᠤ ᠠᠯᠳᠠᠷᠢ ᠬᠡᠷᠬᠢᠨ ᠰᠠᠢᠲᠤᠷ ᠬᠠᠮᠠᠭᠠᠯᠠᠬᠤ
ᠭᠡᠬᠦ ᠵᠡᠷᠭᠡ ᠪᠡᠷ᠂ 〈ᠢᠯᠡᠳᠭᠡᠯ〉ᠢ᠋ ᠰᠣᠨᠣᠰᠤᠭ᠍ᠰᠠᠨ ᠤ᠋ ᠳᠠᠷᠠᠭᠠ ᠪᠢ ᠭᠦᠨ ᠰᠡᠩᠭᠡᠷᠡᠵᠦ᠂ ᠲᠡᠮᠡᠴᠡᠬᠦ ᠴᠢᠭ᠌ᠯᠡᠯᠢᠶᠡᠨ ᠤᠯᠵᠠᠢ》 ᠭᠡᠵᠦ ᠯᠢ ᠴᠦᠨ ᠬᠤᠢ
ᠬᠡᠯᠡᠪᠡ ᠃
ᠦᠵᠡᠯ ᠰᠠᠨᠠᠭᠠ ᠤᠯᠤᠰ
ᠲᠦᠷᠦ᠍ ᠵᠢᠨ ᠬᠢᠴᠢᠶᠡᠯᠦᠨ ᠪᠠᠭ᠍ᠰᠢ ᠪᠣᠯᠤᠭ᠍ᠰᠠᠨ ᠤ᠋ ᠬᠤᠪᠢᠳᠤ᠂ ᠥᠪᠡᠷᠲᠡᠭᠡᠨ ᠵᠠᠰᠠᠬᠤ ᠣᠷᠣᠨ ᠤ᠋ ᠠᠷᠪᠠᠨ
ᠨᠢᠭᠡᠳᠦᠭᠡᠷ ᠤᠳᠠᠭᠠ ᠵᠢᠨ ᠨᠠᠮ ᠤ᠋ᠨ ᠲᠥᠯᠥᠭᠡᠯᠡᠭ᠌ᠴᠢᠳᠦᠨ ᠶᠡᠬᠡ ᠬᠤᠷᠠᠯ ᠤ᠋ᠨ ᠵᠣᠷᠢᠭ ᠰᠠᠨᠠᠭᠠ ᠵᠢ ᠬᠢᠴᠢᠶᠡᠯᠦᠨ
ᠲᠠᠩᠬᠢᠮᠳᠤ ᠳᠠᠮᠵᠢᠭᠤᠯᠵᠤ᠂ ᠵᠢᠭᠠᠨ ᠰᠤᠷᠭᠠᠯᠲᠠᠳ᠋ᠠᠭᠠᠨ ᠠᠭᠤᠰᠤᠯᠴᠠᠭᠤᠯᠵᠤ᠂ ᠳᠤᠮᠳᠠᠳᠤ ᠵᠢᠨ ᠦᠨᠳᠦᠰᠦᠲᠡᠨᠦ
ᠬᠠᠮᠲᠤ ᠵᠢᠨ ᠴᠣᠭ᠍ᠴᠠ ᠵᠢᠨ ᠤᠬᠠᠮᠰᠠᠷᠢ ᠪᠠᠲᠤ ᠴᠣᠭ᠍ᠴᠠᠯᠠᠬᠤ ᠪᠡᠷ ᠭᠣᠣᠯ ᠱᠤᠭᠤᠮ ᠪᠣᠯᠭᠠᠭ᠍ᠰᠠᠨ ᠦᠵᠡᠯ ᠰᠠᠨᠠᠭᠠ
ᠤᠯᠤᠰ ᠲᠦᠷᠦ᠍ ᠵᠢᠨ ᠬᠢᠴᠢᠶᠡᠯ ᠵᠢᠴᠢ ᠨᠢᠭᠡ ᠴᠤᠭ᠍ᠴᠠᠵᠢᠭᠤᠯᠤᠭ᠍ᠰᠠᠨ ᠰᠤᠷᠭᠠᠨ ᠬᠥᠮᠦᠵᠢᠯ ᠵᠢᠭᠠᠨ ᠰᠤᠷᠭᠠᠯᠲᠠ
ᠵᠢᠨ ᠬᠥᠮᠦᠨ ᠬᠥᠮᠦᠵᠢᠭᠦᠯᠬᠦ᠌ ᠱᠢᠰᠲ᠋ᠧᠮᠢ ᠭᠠᠷ ᠬᠣᠯᠪᠣᠨ ᠪᠠᠢᠭᠤᠯᠤᠨᠠ》 ᠭᠡᠵᠦ ᠲᠡᠷᠡ ᠬᠡᠯᠡᠪᠡ
᠃