ᠰᠤᠷᠤᠭᠴᠢᠳ ᠤ᠋ᠨ ᠪᠠᠶᠠᠷ ᠪᠠᠶᠠᠰᠤᠯ ᠲᠠᠢ ᠡᠷᠡᠭᠦᠯ ᠴᠢᠬᠢᠷᠠᠭ ᠵᠢᠡᠷ ᠬᠦᠮᠦᠵᠢᠬᠦ᠎ᠳᠤ ᠬᠦᠴᠦᠯᠡᠨ᠎ᠡ
2021-11-29 10:08:29
ᠵᠣᠬᠢᠶᠠᠭ᠍ᠴᠢ᠄
ᠸᠠᠩ ᠲᠠᠨ᠎ᠠ ᠨᠢᠦ ᠱᠠᠩ
ᠣᠩᠱᠢᠭ᠍ᠰᠠᠨ ᠣᠳᠠᠭ᠎ᠠ᠄
★★★☆☆


ᠭᠠᠵᠠᠷ᠄ ᠣᠯᠠᠭᠠᠨᠬᠠᠲᠠ ᠬᠣᠲᠠ᠎ᠶᠢᠨ ᠬᠣᠩᠱᠠᠨ ᠲᠣᠭᠣᠷᠢᠬ

ᠬᠦᠮᠦᠨ᠄ ᠣᠯᠠᠭᠠᠨᠬᠠᠲᠠ ᠬᠣᠲᠠ᠎ᠶᠢᠨ ᠬᠣᠩᠱᠠᠨ ᠲᠣᠭᠣᠷᠢᠬ᠎ᠤᠨ ᠵᠢᠷᠭᠣᠲᠣᠭᠠᠷ ᠪᠠᠭ᠎ᠠ ᠰᠣᠷᠭᠠᠭᠣᠯᠢ᠎ᠶᠢᠨ ᠵᠢᠭᠠᠨ ᠰᠣᠷᠭᠠᠯᠲᠠ᠎ᠶᠢᠨ ᠲᠡᠳ᠋ ᠵᠠᠬᠢᠷᠣᠯ  ᠬᠦᠸᠸ ᠬᠠᠢ ᠫᠢᠩ


《ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠦᠨ ᠭᠣᠣᠯ ᠰᠡᠳᠦᠪ ᠲᠤᠪᠤᠢ᠌ᠮ᠎ᠠ᠂ ᠰᠡᠳᠭᠢᠴᠡ ᠲᠣᠳᠣᠷᠬᠠᠢ᠂ ᠪᠣᠳᠠᠲᠠᠢ᠎ᠲᠠᠶ ᠨᠢᠭ᠍ᠲᠠ ᠤᠶᠠᠯᠳᠤᠵᠤ᠂ ᠬᠥᠮᠦᠰ᠎ᠦᠨ ᠰᠡᠳᠭᠢᠯ᠎ᠢ ᠤᠷᠮᠠᠱᠢᠭᠤᠯᠤᠨ᠎ᠠ᠃ ᠢᠯᠡᠳᠭᠡᠯ᠎ᠳᠦ᠎ᠳᠤᠷᠠᠳᠤᠭ᠍ᠰᠠᠨ 〈ᠨᠠᠮ᠎ᠤᠨ ᠲᠥᠯᠥᠭᠡ ᠬᠥᠮᠦᠨ ᠬᠥᠮᠦᠵᠢᠭᠦᠯᠬᠦ᠌᠂ ᠤᠯᠤᠰ᠎ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ᠌᠎ᠶ᠋ᠢ ᠪᠠᠷᠢᠮᠲᠠᠯᠠᠵᠤ᠂ ᠶᠣᠰᠣ ᠰᠤᠷᠲᠠᠬᠤᠨ᠎ᠢᠶᠠᠷ ᠬᠥᠮᠦᠨ ᠬᠥᠮᠦᠵᠢᠭᠦᠯᠬᠦ᠌ ᠦᠨᠳᠦᠰᠦᠨ ᠡᠭᠦᠷᠭᠡ᠎ᠶ᠋ᠢ ᠨᠠᠢᠳᠠᠪᠤᠷᠢᠵᠢᠭᠤᠯᠬᠤ〉᠂ 〈ᠰᠤᠷᠭᠠᠨ ᠬᠥᠮᠦᠵᠢᠯ᠎ᠦᠨ ᠪᠡᠯᠡ ᠣᠷᠣᠭᠤᠯᠤᠯᠲᠠ᠎ᠶ᠋ᠢ ᠨᠡᠮᠡᠭ᠌ᠳᠡᠭᠦᠯᠵᠦ᠍᠂ ᠰᠤᠷᠭᠠᠨ ᠬᠥᠮᠦᠵᠢᠯ᠎ᠦᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌〉 ᠵᠡᠷᠭᠡ᠎ᠨᠢ ᠮᠠᠨ᠎ᠤ ᠰᠤᠷᠭᠠᠭᠤᠯᠢ᠎ᠶ᠋ᠢᠨ ᠬᠣᠢᠱᠢᠳᠠ᠎ᠶ᠋ᠢᠨ 〈ᠬᠣᠶᠠᠷ᠎ᠢ ᠬᠦᠩᠭᠡᠷᠡᠬᠦᠯᠬᠦ〉᠎ᠠᠵᠢᠯ᠎ᠳᠤ ᠮᠠᠰᠢ ᠰᠠᠢᠨ ᠬᠥᠲᠥᠯᠥᠨ ᠳᠠᠭᠠᠭᠤᠯᠵᠤ ᠵᠢᠱ᠌ᠢᠶ᠎ᠡ ᠦᠵᠡᠭᠦᠯᠬᠦ᠌ ᠦᠢᠯᠡᠳᠦᠯ ᠦᠵᠡᠭᠦᠯᠬᠦ᠌ ᠪᠣᠯᠤᠨ᠎ᠠ》ᠭᠡᠵᠦ ᠤᠯᠠᠭᠠᠨᠬᠠᠳᠠ ᠬᠣᠲᠠ᠎ᠶ᠋ᠢᠨ ᠬᠤᠩᠱᠠᠨ ᠲᠣᠭᠣᠷᠢᠭ᠎ᠤᠨ ᠵᠢᠷᠭᠤᠳᠤᠭᠠᠷ ᠪᠠᠭ᠎ᠠ ᠰᠤᠷᠭᠠᠭᠤᠯᠢ᠎ᠶ᠋ᠢᠨ ᠬᠡᠯᠡ ᠪᠢᠴᠢᠭ᠎ᠦᠨ ᠪᠠᠭ᠍ᠰᠢ᠂ ᠵᠢᠭᠠᠨ ᠰᠤᠷᠭᠠᠯᠲᠠ᠎ᠶ᠋ᠢᠨ ᠳᠡᠳ᠋ ᠵᠠᠬᠢᠷᠤᠯ ᠭᠦᠸᠧ ᠬᠠᠶ ᠫᠢᠩ ᠭᠦᠨ ᠲᠥᠷᠥᠭ᠌ᠳᠡᠯ᠎ᠲᠡᠶ᠎ᠪᠡᠷ ᠶᠠᠷᠢᠨ᠎ᠠ᠃

ᠭᠦᠸᠧ ᠬᠠᠢ ᠫᠢᠩ ᠢᠯᠡᠷᠭᠡᠢᠯᠡᠬᠦ ᠳ᠋ᠡᠭᠡᠨ᠂ ᠰᠤᠷᠭᠠᠭᠤᠯᠢ ᠨᠢ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠦᠷᠭᠦᠯᠵᠢᠯᠡᠨ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠵᠢᠭᠠᠨ ᠰᠤᠷᠭᠠᠯᠲᠠ᠎ᠶ᠋ᠢᠨ ᠥᠭᠡᠷᠡᠴᠢᠯᠡᠯᠲᠡ᠎ᠶ᠋ᠢ ᠶᠡᠬᠡ᠎ᠪᠡᠷ ᠠᠬᠢᠭᠤᠯᠵᠤ᠂ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠬᠢᠴᠢᠶᠡᠯ᠎ᠦᠨ ᠳᠠᠷᠠᠭᠠᠬᠢ ᠦᠢᠯᠡᠴᠢᠯᠡᠭᠡᠨ᠎ᠦ ᠬᠢᠴᠢᠶᠡᠯ ᠬᠡᠷᠡᠭ᠌ᠵᠢᠭᠦᠯᠬᠦ᠌ ᠠᠷᠭ᠎ᠠ ᠵᠠᠮ᠂ ᠠᠷᠭ᠎ᠠ ᠬᠡᠯᠪᠡᠷᠢ ᠵᠢᠴᠢ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠢᠳᠡᠪᠬᠢᠲᠡᠢ ᠰᠦᠪᠡᠭ᠌ᠴᠢᠯᠡᠵᠦ᠍᠂ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠤᠨ ᠬᠢᠴᠢᠶᠡᠯ ᠰᠤᠷᠤᠯᠭ᠎ᠠ᠎ᠶ᠋ᠢᠨ ᠳᠠᠷᠤᠭᠠᠰᠤ᠎ᠶ᠋ᠢ ᠦᠨᠡᠨ ᠬᠦ᠌ ᠬᠥᠩᠭᠡᠷᠡᠭᠦᠯᠵᠦ᠍᠂ ᠰᠤᠷᠭᠠᠭᠤᠯᠢ᠎ᠶ᠋ᠢᠨ ᠬᠢᠴᠢᠶᠡᠯ᠎ᠦᠨ ᠳᠠᠷᠠᠭᠠᠬᠢ ᠦᠢᠯᠡᠴᠢᠯᠡᠭᠡᠨ᠎ᠦ ᠭᠣᠣᠯ ᠠᠷᠭ᠎ᠠ ᠵᠠᠮ᠎ᠤᠨ ᠦᠢᠯᠡᠳᠦᠯ᠎ᠢ ᠪᠠᠳᠠᠷᠠᠭᠤᠯᠵᠤ᠂ ᠰᠤᠷᠭᠠᠨ ᠬᠥᠮᠦᠵᠢᠯ᠎ᠦᠨ ᠦᠢᠯᠡᠴᠢᠯᠡᠭᠡᠨ᠎ᠦ ᠴᠢᠳᠠᠪᠤᠷᠢ᠎ᠶ᠋ᠢ ᠴᠢᠩᠭᠠᠳᠭᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ 《ᠬᠣᠶᠠᠷ᠎ᠢ ᠬᠦᠩᠭᠡᠷᠡᠬᠦᠯᠬᠦ》 ᠠᠵᠢᠯ᠎ᠤᠨ ᠱᠠᠭᠠᠷᠳᠠᠯᠭ᠎ᠠ ᠶ᠋ᠢ ᠴᠣᠣᠷᠢᠶᠠᠲᠣᠨ᠂ ᠰᠤᠷᠤᠭ᠍ᠴᠢᠳ᠎ᠤᠨ ᠪᠠᠶᠠᠷ ᠪᠠᠶᠠᠰᠤᠯ᠎ᠲᠠᠶ᠂ ᠡᠷᠡᠭᠦᠯ᠎ᠢᠶᠡᠷ ᠦᠰᠦᠨ ᠪᠣᠢᠵᠢᠬᠤ᠎ᠳᠤ ᠬᠦᠴᠦᠨ ᠨᠡᠮᠡᠷᠢᠯᠡᠨ᠎ᠡ ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号