《ᠵᠠᠩᠬᠢᠯᠠᠭ᠎ᠠ ᠵᠢ ᠠᠳᠬᠤᠪᠠᠯ ᠲᠦᠮᠡᠨ ᠶᠠᠪᠤᠳᠠᠯ᠎ᠢ ᠰᠢᠢᠳᠪᠦᠷᠢᠯᠡᠬᠦ ᠳ᠋ᠤ ᠬᠢᠯᠪᠠᠷ》᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ
ᠪᠣᠯ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ《ᠬᠥᠲᠥᠯᠪᠦᠷᠢ》ᠮᠥᠨ᠃ ᠭᠠᠭ᠍ᠴᠠ ᠬᠦ᠌ ᠳᠤᠮᠳᠠᠳᠤ᠎ᠶ᠋ᠢᠨ
ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠵᠤ᠂ ᠦᠨᠳᠦᠰᠦᠲᠡᠨ᠎ᠨᠦᠭᠦᠳ᠎ᠦᠨ ᠠᠷᠠᠳ
ᠲᠦᠮᠡᠨ᠎ᠢ ᠬᠦᠲᠦᠯᠦᠨ ᠵᠢᠯᠣᠭᠣᠳᠴᠤ᠌ ᠪᠠᠢᠭᠠᠳ ᠵᠢᠷᠭᠠᠯ ᠵᠣᠪᠠᠯ᠎ᠢᠶᠠᠨ ᠬᠠᠮᠲᠤᠳᠭᠠᠬᠤ᠂ ᠠᠯᠳᠠᠷ ᠭᠤᠳᠤᠮᠰᠢᠭ ᠵᠢᠡᠨ
ᠬᠠᠮᠳᠤᠳᠬᠠᠬᠤ᠂ ᠦᠬᠦᠵᠦ᠍ ᠰᠡᠭᠡᠬᠦ᠌᠎ᠪᠡᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠠᠮᠲᠤ ᠴᠣᠭ᠍ᠴᠠ᠎ᠶ᠋ᠢᠨ
ᠣᠢᠯᠠᠭᠠᠭ᠍ᠳᠠᠬᠤᠨ᠎ᠢ ᠪᠠᠲᠤ ᠪᠡᠬᠢ ᠴᠤᠭᠴᠠᠯᠠᠪᠠᠯ ᠰᠠᠶᠢ ᠤᠯᠤᠰ ᠣᠷᠣᠨ᠎ᠤ ᠨᠢᠭᠡᠳᠦᠯ ᠪᠠ ᠥᠨᠢ ᠤᠳᠠᠭᠠᠨ ᠠᠮᠤᠷ
ᠲᠦᠪᠱᠢᠨ ᠪᠠᠢᠬᠤ᠎ᠶ᠋ᠢ ᠪᠠᠲᠤᠯᠠᠵᠤ᠂ ᠦᠨᠳᠦᠰᠦᠲᠡᠨ᠎ᠦ ᠪᠦᠯᠬᠦᠮᠳᠡᠯ ᠪᠠ ᠨᠡᠢᠭᠡᠮ᠎ᠦᠨ ᠲᠣᠭ᠍ᠲᠠᠭᠤᠨ ᠪᠠᠢᠳᠠᠯ᠎ᠢ
ᠬᠠᠮᠠᠭᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ ᠵᠢᠨ
ᠵᠡᠭᠦᠳᠦ᠍᠎ᠶ᠋ᠢ ᠳᠡᠷᠬᠡᠯᠰᠢᠬᠦᠯᠵᠦ ᠴᠢᠳᠠᠨ᠎ᠠ᠃
ᠦᠵᠡᠯ ᠰᠠᠨᠠᠭᠠᠨ᠎ᠤ ᠲᠠᠯ᠎ᠠ᠎ᠪᠠᠷ ᠨᠢᠭᠡᠳᠦᠯ ᠦᠭᠡᠢ ᠪᠤᠯ ᠠᠵᠢᠯ᠎ᠤᠨ ᠴᠢᠭᠯᠡᠯ
ᠲᠤᠳᠤ ᠦᠬᠡᠢ ᠪᠤᠯᠬᠤ ᠨᠢ ᠵᠠᠢᠯᠠᠰᠢ ᠦᠭᠡᠢ᠂ ᠨᠡᠩ ᠴᠤ᠌ ᠡᠯ᠎ᠡ ᠲᠦᠷᠦᠯ᠎ᠦᠨ ᠠᠶᠤᠯ ᠲᠦᠭ᠌ᠰᠢᠭᠦᠷᠢ ᠥᠷᠢᠰᠥᠯᠳᠦᠭᠡᠨ᠎ᠢ
ᠠᠷᠭᠠᠴᠠᠭᠠᠬᠤ᠎ᠳᠤ ᠪᠡᠷᠬᠡ ᠲᠤᠯᠭᠠᠷᠠᠨ᠎ᠠ᠃ ᠦᠨᠳᠦᠰᠦᠲᠡᠨ᠎ᠦ ᠠᠵᠢᠯ᠎ᠤᠨ ᠬᠦᠷᠢᠶᠡᠨ᠎ᠳᠦ ᠶᠡᠷᠦ᠍᠎ᠨᠢ ᠨᠠᠮ ᠲᠣᠭ᠍ᠲᠠᠭᠤᠨ
ᠪᠢᠰᠢ ᠪᠠᠢᠵᠤ᠂ ᠵᠦᠢᠯ ᠵᠢᠰᠦᠮ᠎ᠦᠨ ᠶᠠᠷᠢᠶ᠎ᠠ ᠬᠡᠯᠡᠯᠴᠡᠬᠡ ᠢᠮᠠᠭ᠍ᠲᠠ ᠣᠷᠣᠱᠢᠭ᠍ᠰᠠᠭᠠᠷ ᠢᠷᠡᠭ᠌ᠰᠡᠨ ᠪᠥᠭᠡᠳ
ᠡᠯᠳᠡᠪ ᠵᠦᠢᠯ᠎ᠤᠨ ᠪᠤᠷᠤᠭᠤ ᠦᠵᠡᠯ ᠰᠠᠨᠠᠭ᠎ᠠ ᠴᠤ᠌ ᠬᠥᠮᠦᠰ᠎ᠦᠨ ᠲᠠᠷᠢᠬᠢ ᠲᠣᠯᠣᠭᠠᠢ᠎ᠶ᠋ᠢ ᠨᠥᠯᠥᠭᠡᠯᠡᠭ᠌ᠰᠡᠭᠡᠷ
ᠢᠷᠡᠭᠰᠡᠨ ᠶᠤᠮ᠃ ᠡᠨᠡ ᠨᠢ ᠪᠢᠳᠡ ᠡᠷᠬᠡᠪᠰᠢ ᠤᠯᠤᠰ ᠲᠦᠷᠦ᠍᠎ᠶ᠋ᠢᠨ ᠲᠠᠯ᠎ᠠ᠎ᠪᠠᠷ ᠢᠮᠠᠭ᠍ᠲᠠ ᠬᠤᠷᠴᠠ ᠰᠡᠷᠭᠡᠭ
ᠡᠷᠡᠰ ᠪᠠᠲᠤ ᠪᠠᠢᠬᠤ᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ ᠤᠬᠠᠮᠰᠠᠷ᠎ᠢ
ᠪᠠᠲᠤ ᠴᠣᠭ᠍ᠴᠠᠯᠠᠬᠤ᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ ᠪᠠ ᠭᠦᠨ ᠭᠦᠨᠵᠡᠭᠡᠢ ᠠᠭᠤᠯᠤᠭ᠍ᠳᠠᠬᠤᠨ᠎ᠢ ᠤᠢ᠍ᠢᠯᠠᠭᠠᠨ ᠡᠵᠡᠮᠳᠡᠬᠦ᠌ ᠪᠠᠨ ᠭᠦᠨᠵᠡᠭᠡᠢᠷᠡᠭᠦᠯᠵᠦ᠍᠂ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ
ᠪᠠᠲᠤ ᠴᠣᠭ᠍ᠴᠠᠯᠠᠬᠤ᠎ᠶ᠋ᠢᠨ ᠲᠡᠦᠬᠡ᠎ᠶ᠋ᠢᠨ ᠵᠠᠢᠯᠠᠰᠢ ᠦᠭᠡᠢ ᠴᠢᠨᠠᠷ᠂ ᠲᠤᠢᠯ᠎ᠤᠨ ᠴᠢᠬᠤᠯᠠ ᠴᠢᠨᠠᠷ᠂ ᠪᠣᠳᠠᠲᠤ
ᠠᠬᠤᠢ᠎ᠶ᠋ᠢᠨ ᠬᠠᠨᠳᠤᠯᠭᠠᠲᠤ ᠴᠢᠨᠠᠷ ᠂ ᠣᠨᠴᠠᠭᠠᠢ ᠲᠤᠯᠭᠠᠮ ᠴᠢᠨᠠᠷ᠎ᠢ ᠭᠦᠨᠵᠡᠭᠡᠢ ᠲᠠᠨᠢᠵᠤ ᠂ ᠡᠨᠡ ᠬᠦ᠌ ᠭᠣᠣᠯ
ᠱᠢᠵᠢᠮ᠎ᠢ ᠦᠨᠡᠨ ᠬᠦ᠌ ᠦᠨᠳᠦᠰᠦᠲᠡᠨ᠎ᠦ ᠠᠵᠢᠯ᠎ᠤᠨ ᠪᠦᠬᠦ᠌ ᠶᠠᠪᠤᠴᠠ ᠡᠯ᠎ᠡ ᠲᠠᠯ᠎ᠠ᠎ᠳᠤ ᠲᠤᠭᠤᠱᠢᠯᠠᠭᠤᠯᠵᠤ᠂ ᠪᠤᠢ
ᠪᠦᠬᠦᠢ ᠠᠵᠢᠯ᠎ᠢ ᠴᠥᠮ ᠡᠭᠦᠨ᠎ᠳᠦ ᠲᠥᠪᠯᠡᠷᠡᠭᠦᠯᠵᠦ᠍ ᠂ ᠦᠷᠭᠦᠯᠵᠢᠯᠡᠨ ᠬᠦᠴᠦᠯᠡᠵᠦ᠍ ᠂ ᠤᠳᠠᠭᠠᠨ ᠳᠠᠭᠠᠭᠠᠮᠠᠭᠠᠢ
ᠪᠠᠷᠢᠮᠲᠠᠯᠠᠬᠤ᠎ᠶ᠋ᠢ ᠱᠠᠭᠠᠷᠳᠠᠵᠤ ᠪᠠᠢᠭ᠎ᠠ ᠶᠤᠮ᠃
ᠬᠡᠷᠬᠢᠨ ᠲᠥᠪᠯᠡᠷᠡᠭᠦᠯᠪᠡᠯ ᠵᠤᠬᠢᠬᠤ ᠪᠤᠢ? ᠶᠡᠷᠦᠩᠬᠡᠢ ᠱᠦᠵᠢ ᠰᠢ᠎ᠶ᠋ᠢᠨ ᠫᠢᠩ᠎ᠦᠨ 《ᠲᠦᠷᠪᠡᠨ
ᠬᠠᠷᠢᠴᠠᠭ᠎ᠠ》 ᠶ᠋ᠢᠨ ᠲᠤᠬᠠᠢ ᠴᠢᠬᠤᠯᠠ ᠥᠭᠦᠯᠡᠯᠲᠡ ᠮᠠᠨ᠎ᠤ ᠤᠯᠤᠰ᠎ᠤᠨ
ᠦᠨᠳᠦᠰᠦᠨ ᠤᠯᠤᠰ᠎ᠤᠨ ᠪᠠᠢᠳᠠᠯ ᠪᠠ ᠲᠡᠦᠬᠡ᠎ᠶ᠋ᠢᠨ ᠤᠯᠠᠮᠵᠢᠯᠠᠯ᠎ᠢ ᠣᠨᠣᠪᠴᠢᠲᠠᠢ ᠡᠵᠡᠮᠳᠡᠵᠦ᠂ ᠳᠤᠮᠳᠠᠳᠤ᠎ᠶ᠋ᠢᠨ
ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠵᠢᠮ᠎ᠡ ᠶᠣᠰᠣ᠎ᠶ᠋ᠢ ᠭᠦᠨᠵᠡᠭᠡᠢ ᠢᠯᠡᠷᠡᠭᠦᠯᠵᠦ᠂ ᠨᠠᠮ᠎ᠤᠨ ᠦᠨᠳᠦᠰᠦᠲᠡᠨ᠎ᠦ
ᠠᠵᠢᠯ᠎ᠢ ᠤᠯᠠᠮ ᠨᠢᠭᠡ ᠠᠯᠬᠤᠮ ᠰᠠᠢᠲᠤᠷ ᠬᠢᠬᠦ᠌᠎ᠳᠦ ᠱᠢᠨᠵᠢᠯᠡᠬᠦ᠌ ᠤᠬᠠᠭᠠᠨᠴᠢ ᠠᠷᠭ᠎ᠠ ᠪᠠ ᠵᠢᠯᠣᠭᠣᠳᠭᠤ ᠵᠠᠷᠴᠢᠮ᠎ᠢ
ᠬᠠᠩᠭᠠᠭ᠍ᠰᠠᠨ ᠪᠠᠢᠨ᠎ᠠ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ
ᠨᠡᠢᠲᠡᠯᠢᠭ ᠴᠢᠨᠠᠷ ᠪᠠ ᠵᠥᠷᠢᠶᠡᠲᠦ ᠴᠢᠨᠠᠷ᠎ᠤᠨ ᠬᠠᠷᠢᠴᠠᠭ᠎ᠠ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ
ᠤᠬᠠᠮᠰᠠᠷ ᠪᠠ ᠦᠨᠳᠦᠰᠦᠲᠡᠨ᠎ᠤ ᠤᠬᠠᠮᠰᠠᠷ᠎ᠤᠨ ᠬᠠᠷᠢᠴᠠᠭ᠎ᠠ᠂ ᠳᠤᠮᠳᠠᠳᠤ᠎ᠶ᠋ᠢᠨ ᠰᠣᠶᠣᠯ ᠪᠠ ᠦᠨᠳᠦᠰᠦᠲᠡᠨ᠎ᠨᠦᠭᠦᠳ᠎ᠦᠨ
ᠰᠣᠶᠣᠯ᠎ᠤᠨ ᠬᠠᠷᠢᠴᠠᠭ᠎ᠠ᠂ ᠪᠣᠳᠠᠰ᠎ᠤᠨ ᠪᠠ ᠤᠶᠤᠨ ᠤ ᠬᠠᠷᠢᠴᠠᠭ᠎ᠠ᠎ᠶ᠋ᠢ ᠵᠥᠪ ᠡᠵᠡᠮᠳᠡᠬᠦ᠌ ᠬᠡᠷᠡᠭ᠌ᠲᠡᠢ᠃ ᠡᠨᠡ
ᠪᠣᠯ ᠮᠠᠨ᠎ᠤ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠶ᠋ᠢᠨ ᠴᠢᠬᠤᠯᠠ ᠤᠷᠢᠲᠠᠯ ᠮᠥᠨ᠃ ᠭᠠᠭ᠍ᠴᠠ ᠬᠦ᠌ ᠡᠨᠡ
《ᠲᠦᠷᠪᠡᠨ ᠬᠠᠷᠢᠴᠠᠭ᠎ᠠ》᠎ᠶ᠋ᠢ
ᠡᠵᠡᠮᠳᠡᠨ ᠰᠠᠢᠳᠤᠷ ᠱᠢᠢᠳᠪᠦᠷᠢᠯᠡᠵᠦ᠍᠂ ᠠᠵᠢᠯ᠎ᠢᠶᠠᠨ ᠲᠥᠰᠦᠪᠯᠡᠨ ᠥᠷᠨᠢᠭᠦᠯᠪᠡᠯ ᠰᠠᠶᠢ ᠶᠡᠬᠡ ᠬᠠᠨᠳᠤᠰᠢ᠎ᠶ᠋ᠢ
ᠲᠣᠳᠣᠷᠬᠠᠢ ᠰᠢᠨᠵᠢᠵᠦ᠂ ᠴᠢᠭ᠌ᠯᠡᠯ᠎ᠢᠶᠡᠨ ᠣᠨᠣᠪᠴᠢᠲᠠᠢ ᠡᠵᠡᠮᠳᠡᠵᠦ᠂ ᠵᠥᠪ ᠪᠤᠷᠤᠭᠤ᠎ᠶ᠋ᠢ ᠲᠣᠳᠣᠷᠬᠠᠢ ᠲᠠᠨᠢᠵᠤ᠂
ᠦᠨᠳᠦᠰᠦᠲᠡᠨ᠎ᠦ ᠠᠰᠠᠭᠤᠳᠠᠯ᠎ᠢ ᠱᠢᠢᠳᠪᠦᠷᠢᠯᠡᠬᠦ᠌ ᠳᠦ ᠪᠤᠷᠤᠭᠤ ᠭᠠᠷᠭᠠᠬᠤ ᠦᠭᠡᠢ᠂ ᠦᠨᠳᠦᠰᠦᠲᠡᠨ᠎ᠦ ᠬᠠᠷᠢᠴᠠᠭ᠎ᠠ᠎ᠶ᠋ᠢ
ᠵᠣᠬᠢᠴᠠᠭᠤᠯᠬᠤ᠎ᠳᠤ ᠬᠡᠯᠪᠡᠷᠢ᠎ᠶ᠋ᠢ ᠬᠦᠬᠡᠬᠡᠴᠡᠯᠳᠦᠬᠦ ᠦᠭᠡᠢ᠂ ᠦᠨᠳᠦᠰᠦᠳᠡᠨ᠎ᠤ ᠠᠵᠢᠯ᠎ᠢ ᠠᠬᠢᠭᠤᠯᠬᠤ ᠳ᠋ᠤ
ᠨᠠᠵᠠᠭᠠᠢᠷᠠᠬᠤ ᠦᠬᠡᠢ ᠪᠠᠢᠬᠤ ᠵᠢ ᠪᠠᠳᠤᠯᠠᠵᠤ ᠴᠢᠳᠠᠨ᠎ᠠ᠃
ᠣᠳᠣᠬᠠᠨ᠎ᠳᠤ᠂ ᠦᠨᠳᠦᠰᠦᠲᠡᠨ᠎ᠦ ᠠᠵᠢᠯ᠎ᠤᠨ ᠲᠤᠯᠭᠠᠷᠠᠵᠤ ᠪᠦᠬᠦᠢ ᠤᠯᠤᠰ᠎ᠤᠨ ᠳᠣᠲᠣᠭᠠᠳᠤ
ᠭᠠᠳᠠᠭᠠᠳᠤ᠎ᠶ᠋ᠢᠨ ᠣᠷᠴᠢᠨ ᠨᠥᠬᠥᠴᠡᠯ᠎ᠳᠦ ᠴᠥᠮ ᠴᠢᠬᠤᠯᠠ ᠶᠡᠬᠡ ᠬᠤᠪᠢᠷᠠᠯᠲᠠ ᠭᠠᠷᠴᠤ᠌᠂ ᠦᠨᠳᠦᠰᠦᠲᠡᠨ᠎ᠦ ᠪᠦᠯᠬᠦᠮᠳᠡᠯ᠎ᠢ
ᠨᠥᠯᠥᠭᠡᠯᠡᠬᠦ᠌ ᠬᠦᠴᠦᠨ ᠵᠦᠢᠯ ᠨᠡᠩ ᠪᠤᠳᠤᠯᠢᠶᠠᠨᠲᠠᠢ ᠪᠤᠯᠪᠠ᠃ ᠡᠢᠮᠦ ᠡᠴᠡ ᠪᠢᠳᠡ ᠪᠤᠳᠠᠳᠠᠢᠶᠠᠪᠤᠳᠠᠯ ᠳ᠋ᠤ
ᠳᠤᠬᠢᠷᠠᠭᠤᠯᠤᠨ ᠬᠤᠪᠢᠷᠠᠭᠤᠯᠵᠤ᠂ ᠴᠠᠭ ᠦᠶ᠎ᠡ᠎ᠲᠠᠢ ᠵᠤᠬᠢᠴᠠᠨ ᠤᠷᠤᠭ᠍ᠰᠢᠯᠠᠵᠤ᠂ ᠪᠠᠢᠳᠠᠯ᠎ᠳᠤᠨᠢ ᠲᠤᠬᠢᠷᠠᠭᠤᠯᠤᠨ
ᠰᠢᠨ᠎ᠡ ᠵᠢ ᠡᠬᠦᠳᠬᠦ ᠴᠢᠬᠤᠯᠠᠳᠠᠢ ᠪᠠᠢᠨ᠎ᠠ᠃ ᠦᠨᠳᠦᠰᠦᠲᠡᠨ᠎ᠦ ᠭᠠᠵᠠᠷ ᠣᠷᠣᠨ᠎ᠳᠤ ᠠᠵᠢᠯᠯᠠᠵᠤ ᠪᠠᠢᠭ᠎ᠠ ᠨᠠᠮ᠎ᠤᠨ
ᠭᠡᠱᠢᠭᠦᠨ ᠺᠠᠳ᠋ᠷ ᠪᠣᠯᠤᠭ᠍ᠰᠠᠨ᠎ᠤ ᠬᠤᠪᠢ᠎ᠳᠤ᠂ ᠪᠠᠰᠠ ᠮᠠᠨ᠎ᠤ ᠣᠷᠣᠨ᠎ᠤ ᠦᠨᠳᠦᠰᠦᠲᠡᠨ᠎ᠦ ᠠᠵᠢᠯ᠎ᠤᠨ ᠪᠣᠳᠠᠲᠤ
ᠪᠠᠢᠳᠠᠯ᠎ᠲᠠᠶ ᠤᠶᠠᠯᠳᠤᠭᠤᠯᠵᠤ᠂ ᠠᠷᠭ᠎ᠠ ᠵᠠᠮ᠎ᠵᠢᠡᠨ ᠰᠠᠢᠲᠤᠷ ᠲᠥᠯᠥᠪᠵᠢᠭᠦᠯᠵᠦ᠍᠂ ᠪᠠᠷᠢᠮᠵᠢᠶ᠎ᠠ ᠪᠣᠯᠤᠨ ᠭᠡᠮ
ᠬᠡᠮᠵᠢᠢ᠎ᠡ᠎ᠶ᠋ᠢ ᠰᠠᠢᠲᠤᠷ ᠡᠵᠡᠮᠱᠢᠵᠦ᠍᠂ ᠦᠨᠳᠦᠰᠦᠲᠡᠨ᠎ᠦ ᠠᠵᠢᠯ᠂ ᠦᠨᠳᠦᠰᠦᠲᠡᠨ᠎ᠦ ᠠᠰᠠᠭᠤᠳᠠᠯ᠎ᠢ ᠱᠢᠢᠳᠪᠦᠷᠢᠯᠡᠬᠦ
ᠵᠢ ᠨᠡᠩ ᠪᠦᠳᠦᠮᠵᠢᠳᠡᠢ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ
ᠪᠠᠲᠤ ᠴᠣᠭ᠍ᠴᠠᠯᠠᠬᠤ ᠠᠵᠢᠯ᠎ᠢ ᠨᠡᠩ ᠪᠦᠲᠦᠮᠵᠢᠲᠡᠢ ᠥᠷᠨᠢᠭᠦᠯᠵᠦ᠍᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ
ᠠᠭᠤᠤ ᠶᠡᠬᠡ ᠡᠭᠡ ᠤᠯᠤᠰ᠂ ᠳᠤᠮᠳᠠᠳᠤ᠎ᠶ᠋ᠢᠨ ᠦᠨᠳᠦᠰᠦᠲᠡᠨ᠂ ᠳᠤᠮᠳᠠᠳᠤ᠎ᠶ᠋ᠢᠨ ᠰᠣᠶᠣᠯ᠂ ᠳᠤᠮᠳᠠᠳᠤ ᠤᠯᠤᠰ᠎ᠤᠨ
ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠲᠤᠬᠠᠢ ᠳᠡᠭᠡᠳᠦ ᠬᠡᠮᠵᠢᠶᠡᠨ᠎ᠦ
ᠬᠠᠮᠲᠤ᠎ᠶ᠋ᠢᠨ ᠲᠠᠨᠢᠯᠲᠠ᠎ᠶ᠋ᠢ ᠲᠠᠰᠤᠷᠠᠯᠳᠠ ᠦᠭᠡᠢ ᠴᠢᠩᠭᠠᠳᠭᠠᠬᠤ ᠬᠡᠷᠡᠭ᠌ᠲᠡᠢ᠃ 《ᠲᠠᠪᠢᠨ ᠵᠢᠷᠭᠤᠭᠠᠨ ᠪᠠᠭᠴᠠ ᠴᠡᠴᠡᠭ᠂ ᠲᠠᠪᠢᠨ ᠵᠢᠷᠭᠤᠭᠠᠨ ᠦᠨᠳᠦᠰᠦᠳᠡᠨ᠎ᠤ ᠠᠬ᠎ᠠ ᠳᠡᠭᠦᠦ
ᠡᠭᠡᠴᠢ ᠥᠬᠢᠨ ᠳᠡᠭᠦᠦ ᠨᠠᠷ ᠪᠣᠯ ᠨᠢᠭᠡ ᠭᠡᠷ ᠪᠦᠯᠢ ᠪᠣᠯᠤᠨ᠎ᠠ》᠃ ᠳᠤᠮᠳᠠᠳᠤ᠎ᠶ᠋ᠢᠨ
ᠦᠨᠳᠦᠰᠦᠲᠡᠨ ᠨᠢᠭᠡ ᠭᠡᠷ᠎ᠪᠦᠯᠢ ᠵᠢᠨ ᠮᠡᠲᠦ ᠳᠣᠲᠣᠨᠣ ᠬᠡᠳᠡᠭ᠎ᠤᠨ 《ᠳᠣᠲᠣᠨᠣ
》 ᠨᠢ ᠬᠡᠨ ᠠᠯᠢᠨ᠎ᠠᠴᠠ᠎ᠪᠠᠨ ᠰᠠᠯᠵᠤ ᠴᠢᠳᠠᠬᠤ ᠦᠭᠡᠢ ᠪᠠᠢᠬᠤ᠂ ᠰᠠᠬᠢᠨ
ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠠᠬ᠎ᠠ ᠳᠡᠭᠦᠦ᠍᠎ᠶ᠋ᠢᠨ ᠬᠠᠢᠷ᠎ᠠ ᠰᠡᠳᠭᠢᠯᠭᠡ ᠭᠦᠨ ᠪᠠᠢᠬᠤ᠂ ᠬᠠᠮᠲᠤ᠎ᠪᠠᠷ
ᠪᠦᠯᠬᠦᠮᠳᠡᠨ ᠲᠡᠮᠡᠴᠡᠵᠦ᠍᠂ ᠬᠠᠮᠲᠤ᠎ᠪᠠᠷ ᠴᠡᠴᠡᠭ᠌ᠯᠡᠨ ᠬᠦᠭᠵᠢᠬᠦ ᠵᠢ ᠬᠡᠯᠡᠵᠦ ᠪᠤᠢ᠃ ᠳᠤᠮᠳᠠᠳᠤ᠎ᠶ᠋ᠢᠨ ᠦᠨᠳᠦᠰᠦᠲᠡᠨ᠎ᠦ
ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ ᠦᠨᠳᠦᠰᠦᠲᠡᠨ᠎ᠦ ᠠᠵᠢᠯ᠎ᠢ
ᠰᠠᠢᠲᠤᠷ ᠬᠢᠬᠦ᠌᠎ᠶ᠋ᠢ ᠪᠠᠷᠢᠮᠲᠠᠯᠠᠵᠤ᠂ ᠦᠨᠳᠦᠰᠦᠲᠡᠨ᠎ᠨᠦᠭᠦᠳ᠎ᠤᠨ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠬᠦ᠌᠎ᠶ᠋ᠢ
ᠠᠬᠢᠭᠤᠯᠪᠠᠯ ᠰᠠᠶᠢ ᠪᠢᠳᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤᠴᠣᠭ᠍ᠴᠠᠶ᠋ᠢ ᠪᠠᠲᠤ ᠴᠤᠭᠴᠠᠯᠠᠵᠤ ᠂ ᠪᠦᠬᠦ᠌
ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠨᠡᠩ ᠵᠣᠯ ᠵᠢᠷᠭᠠᠯᠲᠤ
ᠰᠠᠢ᠌ᠨ ᠰᠠᠢᠬᠠᠨ ᠠᠮᠢᠳᠤᠷᠠᠯ᠎ᠢ ᠴᠣᠭ᠍ᠴᠠᠯᠠᠵᠤ ᠴᠢᠳᠠᠨ᠎ᠠ᠃