ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠵᠦ᠍ ᠦᠨᠳᠦᠰᠦᠲᠡᠨ᠎ᠨᠤᠬᠦᠳ ᠪᠦᠯᠬᠦᠮᠳᠡᠯ ᠳᠠᠢ ᠬᠢᠯᠢ ᠬᠢᠵᠠᠭᠠᠷ ᠠᠮᠤᠷ ᠲᠣᠭ᠍ᠲᠠᠭᠤᠨ ᠵᠣᠯ ᠵᠢᠷᠭᠠᠯᠲᠤ ᠬᠡᠷ ᠣᠷᠣᠨ᠎ᠢ ᠪᠥᠲᠥᠭᠡᠨ ᠪᠠᠢᠭᠤᠯᠤᠨ᠎ᠠ
2021-11-03 09:33:08
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠬᠥᠯᠥᠨ ᠪᠣᠢᠷ ᠬᠣᠲᠠ᠎ᠶ᠋ᠢᠨ ᠨᠠᠮ᠎ᠤᠨ ᠬᠣᠷᠢᠶᠠᠨ᠎ᠤ ᠱᠦᠵᠢ   ᠢᠦᠶ ᠯᠢ ᠱᠢᠨ

 

ᠬᠥᠯᠥᠨ ᠪᠤᠢ᠌ᠷ ᠬᠤᠳᠠ ᠦᠨᠳᠦᠰᠦᠲᠡᠨ᠎ᠦ ᠬᠢᠯᠢ ᠬᠢᠵᠠᠭᠠᠷ ᠣᠷᠣᠨ ᠪᠣᠯᠤᠭ᠍ᠰᠠᠨ᠎ᠤ ᠬᠤᠪᠢ᠎ᠳᠤ᠂ 48 ᠦᠨᠳᠦᠰᠦᠲᠡᠨ ᠡᠨᠳᠡ ᠬᠠᠮᠲᠤ ᠪᠡᠷ ᠠᠵᠦ ᠲᠦᠷᠤᠵᠦ᠂ ᠦᠨᠳᠦᠰᠦᠲᠡᠨ᠎ᠦ ᠪᠦᠯᠬᠦᠮᠳᠡᠯ᠎ᠢ ᠠᠬᠢᠭᠤᠯᠬᠤ ᠬᠢᠯᠢ ᠬᠢᠵᠠᠭᠠᠷ᠎ᠤᠨ ᠲᠣᠭ᠍ᠲᠠᠭᠤᠨ᠎ᠢ ᠬᠠᠮᠠᠭᠠᠯᠠᠬᠤ ᠵᠡᠷᠭᠡ ᠲᠠᠯ᠎ᠠ᠎ᠪᠠᠷ ᠮᠠᠰᠢ ᠴᠢᠬᠤᠯᠠ ᠦᠢᠯᠡᠳᠦᠯ ᠦᠵᠡᠭᠦᠯᠵᠦ᠍ ᠪᠠᠢᠳᠠᠭ᠃ ᠪᠢᠳᠡ ᠡᠷᠬᠡᠪᠰᠢ ᠬᠡᠬᠦᠳᠡᠭ ᠴᠡᠭᠡᠵᠢᠨ᠎ᠳᠡᠭᠡᠨ 《ᠬᠣᠶᠠᠷ ᠶᠡᠬᠡ ᠲᠠᠯ᠎ᠠ》 ᠵᠢ ᠪᠠᠭ᠍ᠲᠠᠭᠠᠵᠤ᠂ 《ᠤᠯᠤᠰ᠎ᠤᠨ ᠶᠡᠬᠡ ᠲᠠᠯ᠎ᠠ》 ᠵᠢ ᠪᠠᠲᠤ ᠴᠡᠭᠡᠵᠢᠯᠡᠨ᠂ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠮᠠᠨ᠎ᠤ ᠤᠯᠤᠰ᠎ᠤᠨ ᠤᠮᠠᠷᠠᠲᠤ ᠎ᠬᠢᠯᠢ ᠶ᠋ᠢᠨ ᠦᠨᠳᠦᠰᠦᠲᠡᠨ ᠨᠤᠬᠦᠳ ᠪᠦᠯᠬᠦᠮᠳᠡᠯ ᠳᠠᠢ ᠬᠢᠯᠢ ᠬᠢᠵᠠᠭᠠᠷ᠎ᠠᠮᠤᠷ ᠲᠣᠭ᠍ᠲᠠᠭᠤᠨ ᠵᠣᠯ ᠵᠢᠷᠭᠠᠯᠲᠤ ᠬᠡᠷ ᠣᠷᠣᠨ᠎ᠢ ᠰᠠᠢᠲᠤᠷ ᠪᠥᠲᠥᠭᠡᠨ ᠪᠠᠢᠭᠤᠯᠬᠤ ᠬᠡᠷᠡᠭ᠌ᠲᠡᠶ᠃

ᠨᠢᠭᠡ᠂ ᠭᠦᠨᠵᠡᠭᠡᠢ ᠰᠤᠷᠤᠯᠴᠠᠨ ᠪᠠᠲᠤᠲᠠᠢ ᠬᠡᠷᠡᠭ᠌ᠯᠡᠬᠦ᠌᠎ᠶ᠋ᠢ ᠪᠠᠷᠢᠮᠲᠠᠯᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠦᠵᠡᠯ ᠰᠠᠨᠠᠭᠠᠨ᠎ᠤ ᠰᠠᠭᠤᠷᠢ᠎ᠶ᠋ᠢ ᠪᠠᠲᠤᠳᠬᠠᠬᠤ  ᠬᠡᠷᠡᠭᠲᠡᠢ

ᠶᠡᠷᠦᠩᠬᠡᠶ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠣᠯ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠣᠨᠣᠯ ᠪᠠ ᠦᠶ᠋ᠯᠡᠳᠦᠯᠭᠡ᠎ᠶ᠋ᠢᠨ ᠣᠶᠤᠨ ᠤᠬᠠᠭᠠᠨ᠎ᠤ ᠣᠬᠢ ᠪᠦᠲᠦᠭᠡᠯ ᠮᠥᠨ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠦᠨᠳᠦᠰᠦᠨ ᠵᠢᠷᠤᠮᠯᠠᠯ ᠮᠥᠨ᠃ ᠬᠥᠯᠥᠨ ᠪᠣᠢᠷ ᠬᠣᠲᠠ ᠬᠤᠳᠠ᠎ᠶ᠋ᠢᠨ ᠨᠠᠮ᠎ᠤᠨ ᠬᠣᠷᠢᠶ᠎ᠠ᠎ᠠᠴᠠ ᠡᠬᠢᠯᠡᠨ ᠬᠢᠵᠦ᠍᠂ ᠡᠨᠡ ᠬᠦ᠌ ᠦᠵᠡᠯ ᠰᠠᠨᠠᠭ᠎ᠠ᠎ᠶ᠋ᠢ ᠰᠠᠢᠲᠤᠷ ᠰᠤᠷᠤᠯᠴᠠᠵᠤ ᠰᠠᠢᠲᠤᠷ ᠬᠡᠷᠡᠭ᠌ᠯᠡᠬᠦ᠌᠎ᠶ᠋ᠢ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠶ᠋ᠢᠨ ᠤᠯᠤᠰ ᠲᠥᠷᠥ᠎ᠶ᠋ᠢᠨ ᠱᠠᠭᠠᠷᠳᠠᠯᠭ᠎ᠠ ᠪᠠ ᠣᠷᠳᠣ ᠬᠤᠭᠤᠴᠠᠭᠠᠨ᠎ᠤ ᠤᠯᠤᠰ ᠲᠥᠷᠥ᠎ᠶ᠋ᠢᠨ ᠡᠭᠦᠷᠭᠡ ᠪᠤᠯᠭᠠᠨ᠂ ᠪᠥᠬᠥ᠌ ᠬᠣᠲᠠ᠎ᠶ᠋ᠢᠨ ᠨᠠᠮ᠎ᠤᠨ ᠭᠡᠱᠢᠭᠦᠨ ᠺᠠᠳ᠋ᠷ ᠪᠠ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠰᠤᠷᠤᠯᠴᠠᠯᠭ᠎ᠠ ᠪᠣᠯᠪᠠᠰᠤᠷᠠᠯ᠎ᠢ ᠴᠢᠩᠭᠠᠳᠭᠠᠵᠤ᠂ ᠪᠦᠷᠢᠨ ᠪᠦᠲᠦᠨ ᠵᠥᠪ ᠣᠨᠣᠪᠴᠢᠲᠠᠶ ᠪᠥᠬᠥ᠌ ᠲᠠᠯ᠎ᠠ᠎ᠪᠠᠷ ᠡᠵᠡᠮᠳᠡᠨ ᠲᠤᠭᠤᠱᠢᠯᠠᠭᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭᠲᠡᠢ᠃ ᠪᠠᠢᠩᠭᠤ ᠰᠤᠷᠤᠯᠴᠠᠵᠤ ᠪᠠᠢᠩᠭᠤ ᠱᠢᠨᠡᠳᠭᠡᠬᠦ᠌᠎ᠶ᠋ᠢ ᠪᠠᠷᠢᠮᠲᠠᠯᠠᠨ᠎ᠠ᠃ ᠶᠡᠷᠦᠩᠬᠡᠢ᠎ᠱᠦᠵᠢ ᠰᠢ ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠵᠢᠯ ᠪᠦᠷᠢ᠎ᠶ᠋ᠢᠨ ᠡᠯ᠎ᠡ ᠱᠠᠲᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠵᠢᠨ ᠤᠨᠤᠯ ᠰᠤᠷᠤᠯᠴᠠᠬᠤ ᠭᠣᠣᠯ ᠳᠤᠭᠤᠢᠯᠠᠩ᠎ᠤᠨ ᠰᠤᠷᠤᠯᠴᠠᠬᠤ ᠠᠭᠤᠯᠭ᠎ᠠ᠎ᠳᠤ ᠣᠷᠣᠭᠤᠯᠵᠤ᠂ ᠡᠯ᠎ᠡ ᠱᠠᠲᠤᠨ᠎ᠤ ᠨᠠᠮ᠎ᠤᠨ ᠰᠤᠷᠭᠠᠭᠤᠯᠢ᠎ᠶ᠋ᠢᠨ ᠺᠠᠳ᠋ᠷ᠎ᠢ ᠪᠣᠯᠪᠠᠰᠤᠷᠠᠭᠤᠯᠬᠤ ᠬᠢᠴᠢᠶᠡᠯ᠎ᠳᠦ ᠣᠷᠣᠭᠤᠯᠤᠨ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠢ ᠵᠣᠬᠢᠶᠠᠨ ᠪᠠᠢᠭᠤᠯᠵᠤ ᠦᠷᠭᠦᠯᠵᠢ᠎ᠶ᠋ᠢᠨ ᠴᠢᠨᠠᠷᠲᠠᠢ᠎ᠪᠠᠷ ᠰᠣᠯᠢᠯᠴᠠᠭ᠎ᠠ ᠬᠢᠵᠦ᠍ ᠰᠤᠳᠤᠯᠤᠨ ᠶᠠᠷᠢᠯᠴᠠᠬᠤ᠂ ᠤᠷᠳᠤ ᠬᠤᠭᠤᠴᠠᠭ᠎ᠠ᠎ᠪᠠᠷ ᠰᠤᠷᠤᠯᠴᠠᠬᠤ᠂ ᠲᠠᠬᠢᠨ ᠳᠠᠪᠲᠠᠨ ᠰᠤᠷᠤᠯᠴᠠᠬᠤ᠎ᠶ᠋ᠢ ᠥᠷᠨᠢᠭᠦᠯᠵᠦ᠍᠂ ᠲᠠᠷᠢᠬᠢᠨ ᠎ᠳᠤᠨᠢ ᠬᠠᠳᠠᠩᠱᠢᠭᠤᠯᠵᠤ ᠰᠡᠳᠭᠢᠯ ᠎ᠳᠦᠨᠢ ᠬᠠᠳᠠᠩᠱᠢᠭᠤᠯᠵᠤ᠂ ᠨᠡᠪᠳᠡᠷᠡᠳᠡᠯ᠎ᠠ ᠣᠢᠯᠠᠭᠠᠬᠤ᠎ᠶ᠋ᠢ ᠪᠡᠶᠡᠯᠡᠭᠦᠯᠬᠦ ᠬᠡᠷᠡᠭᠳᠡᠢ᠃ ᠤᠬᠠᠭᠤᠯᠤᠨ ᠲᠠᠢᠯᠪᠤᠷᠢᠯᠠᠬᠤ᠎ᠶ᠋ᠢ ᠴᠢᠩᠭᠠᠳᠭᠠᠨ᠎ᠠ᠃ ᠪᠦᠬᠦ᠌ ᠬᠤᠳᠠ᠎ᠶ᠋ᠢᠨ ᠨᠠᠮ᠎ᠤᠨ ᠭᠡᠱᠢᠭᠦᠨ᠎ᠳᠦ ᠬᠠᠨᠳᠤᠵᠤ᠂ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠬᠠᠨᠳᠤᠵᠤ᠂ ᠨᠠᠮ᠎ᠤᠨ ᠦᠨᠳᠦᠰᠦᠲᠡᠨ᠎ᠦ ᠤᠨᠤᠯ ᠪᠣᠯᠤᠨ ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ᠎ᠶ᠋ᠢ ᠰᠠᠢᠲᠤᠷ ᠲᠠᠢᠯᠪᠤᠷᠢᠯᠠᠨ᠂ ᠰᠠᠢᠲᠤᠷ ᠤᠬᠠᠭᠤᠯᠵᠤ᠂ ᠤᠨᠤᠯ ᠲᠦᠷᠦ᠍᠎ᠶ᠋ᠢᠨ ᠪᠤᠳᠤᠯᠭ᠎ᠠ᠎ᠶ᠋ᠢ ᠬᠥᠯᠥᠨ ᠪᠤᠢ᠌ᠷ᠎ᠤᠨ ᠡᠬᠡ ᠭᠠᠵᠠᠷ᠎ᠲᠤ ᠳᠠᠮᠵᠢᠭᠤᠯᠤᠨ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠰᠡᠳᠭᠢᠯ᠎ᠳᠦ ᠬᠦᠷᠭᠡᠬᠦ ᠬᠡᠷᠡᠭᠳᠡᠢ᠃ ᠰᠠᠢᠳᠤᠷ ᠰᠤᠷᠤᠯᠴᠠᠵᠤ ᠰᠠᠢᠲᠤᠷ ᠬᠡᠷᠡᠭ᠌ᠯᠡᠬᠦ᠌᠎ᠶ᠋ᠢ ᠪᠡᠶᠡᠯᠡᠭᠦᠯᠤᠨ᠎ᠠ᠃ ᠶᠡᠷᠦᠩᠬᠡᠶ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠪᠠᠷ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠵᠢᠱ᠌ᠢᠶ᠎ᠡ ᠦᠵᠡᠭᠦᠯᠬᠦ᠌ ᠬᠣᠲᠠ᠎ᠶ᠋ᠢᠨ ᠦᠷ᠎ᠡ ᠪᠦᠲᠦᠭᠡᠯ᠎ᠢ ᠵᠢᠯᠣᠭᠣᠳᠤᠨ ᠪᠡᠬᠢᠵᠢᠭᠦᠯᠬᠦ᠌᠂ ᠨᠡᠢᠲᠡᠯᠢᠭ ᠴᠢᠨᠠᠷ ᠪᠠ ᠵᠥᠷᠢᠶᠡᠲᠦ ᠴᠢᠨᠠᠷ᠎ᠤᠨ ᠬᠠᠷᠢᠴᠠᠭ᠎ᠠ᠎ᠶ᠋ᠢ ᠵᠥᠪ᠎ᠢᠶᠡᠷ ᠱᠢᠶ᠋ᠳᠪᠦᠷᠢᠯᠡᠬᠦ᠌᠂ ᠦᠨᠳᠦᠰᠦᠲᠡᠨ᠎ᠦ ᠬᠦᠷᠢᠶᠡᠨ᠎ᠳᠡᠬᠢ ᠠᠶᠤᠯ ᠲᠦᠭ᠌ᠰᠢᠭᠦᠷᠢ᠎ᠶ᠋ᠢᠨ ᠳᠠᠯᠳᠠ ᠬᠡᠮ᠎ᠢ ᠰᠡᠷᠭᠡᠢᠯᠡᠬᠦ᠌ ᠵᠡᠷᠭᠡ ᠠᠵᠢᠯ᠎ᠢ ᠪᠠᠷᠢᠮᠲᠠᠯᠠᠵᠤ᠂ ᠡᠨᠡ ᠬᠦ᠌ ᠦᠵᠡᠯ ᠰᠠᠨᠠᠭ᠎ᠠ᠎ᠶ᠋ᠢ ᠨᠠᠩ ᠦᠵᠡᠰᠭᠦᠯᠡᠩᠲᠦ ᠰᠠᠢᠬᠠᠨ ᠪᠠᠶᠠᠨ ᠲᠠᠩᠰᠤᠭ ᠡᠶ᠎ᠡ ᠵᠣᠬᠢᠴᠠᠩᠭᠤᠶ ᠠᠮᠤᠷ ᠠᠮᠤᠭᠤᠯᠠᠩ ᠬᠥᠯᠥᠨ ᠪᠣᠢᠷ᠎ᠢ ᠪᠥᠲᠥᠭᠡᠨ ᠪᠠᠢᠭᠤᠯᠬᠤ ᠡᠯ᠎ᠡ ᠬᠦᠷᠢᠶ᠎ᠡ ᠡᠯ᠎ᠡ ᠭᠣᠭ᠍ᠴᠣᠭ᠎ᠠ᠎ᠳᠤ ᠨᠠᠢᠳᠠᠪᠤᠷᠢᠵᠢᠭᠤᠯᠬᠤ ᠬᠡᠷᠡᠭᠳᠡᠢ᠃

ᠬᠣᠶᠠᠷ᠂ ᠬᠥᠲᠥᠯᠪᠦᠷᠢ᠎ᠶ᠋ᠢ ᠠᠳᠭᠤᠨ ᠠᠯᠢᠪᠠ ᠪᠦᠬᠦᠨ᠎ᠢ ᠠᠳᠭᠤᠬᠤ᠎ᠶ᠋ᠢ ᠪᠠᠷᠢᠮᠲᠠᠯᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠵᠥᠪ ᠴᠢᠭ᠌ᠯᠡᠯ᠎ᠢ ᠡᠵᠡᠮᠳᠡᠬᠥ  ᠬᠡᠷᠡᠭᠲᠡᠢ

ᠶᠡᠷᠦᠩᠬᠡᠢ ᠱᠦᠵᠢ ᠰᠢ᠎ᠶ᠋ᠢᠨ ᠫᠢᠩ《ᠳᠤᠮᠳᠠᠳᠤ ᠎ᠶ᠋ᠢᠨ ᠦᠨᠳᠦᠰᠦᠲᠡᠨ ᠎ᠦ ᠬᠠᠮᠲᠤ᠎ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ〈ᠬᠥᠲᠥᠯᠪᠦᠷᠢ〉 ᠪᠣᠯᠤᠨ᠎ᠠ᠂ ᠪᠤᠢ ᠪᠦᠬᠦᠢ ᠠᠵᠢᠯ᠎ᠢ ᠡᠭᠦᠨ᠎ᠳᠦ ᠲᠥᠪᠯᠡᠷᠡᠭᠦᠯᠬᠦ᠌ ᠬᠡᠷᠡᠭ᠌ᠲᠡᠢ》 ᠬᠡᠵᠤ ᠵᠢᠭᠠᠵᠤ ᠭᠠᠷᠭᠠᠪᠠ᠃ ᠬᠥᠯᠥᠨ ᠪᠣᠢᠷ ᠬᠣᠲᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ ᠪᠠ ᠦᠶ᠋ᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠤᠢᠯᠠᠭᠠᠨ ᠡᠵᠡᠮᠱᠢᠬᠦ᠌᠎ᠪᠡᠨ ᠲᠠᠰᠤᠷᠠᠯᠲᠠ ᠥᠬᠡᠶ ᠭᠦᠨᠵᠡᠭᠡᠢᠷᠡᠭᠦᠯᠵᠦ᠍᠂ ᠦᠨᠳᠦᠰᠦᠲᠡᠨ᠎ᠦ ᠠᠵᠢᠯ᠎ᠤᠨ ᠵᠥᠪ ᠴᠢᠭ᠌ᠯᠡᠯ᠎ᠢ ᠢᠮᠠᠭ᠍ᠲᠠ ᠪᠠᠷᠢᠮᠲᠠᠯᠠᠨ᠂ ᠪᠥᠬᠥ᠌ ᠬᠣᠲᠠ᠎ᠶ᠋ᠢᠨ ᠪᠣᠶ ᠪᠥᠬᠥᠶ ᠠᠵᠢᠯ᠎ᠢ ᠴᠥᠮ ᠡᠨᠡ ᠬᠦ᠌ 《ᠬᠥᠲᠥᠯᠪᠦᠷᠢ》 ᠳ᠋ᠤ ᠲᠥᠪᠯᠡᠷᠡᠭᠦᠯᠬᠦ᠌᠎ᠶ᠋ᠢ ᠠᠬᠢᠭᠤᠯᠬᠤ ᠬᠡᠷᠡᠭᠲᠡᠢ᠃ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠤ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠤᠨ᠎ᠠ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠪᠠ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠬᠠᠭᠤᠯᠭ᠎ᠠ ᠬᠥᠮᠦᠵᠢᠯ᠎ᠢ ᠪᠠᠢᠩᠭᠤᠵᠢᠭᠤᠯᠤᠨ ᠪᠦᠬᠦ᠌ ᠎ᠠᠵᠢᠯᠲᠠᠨ ᠎ᠤ᠋ ᠬᠡᠪᠴᠢᠶᠡᠨ ᠎ᠳ᠋ᠤ ᠥᠷᠨᠢᠭᠦᠯᠵᠦ᠍᠂ ᠪᠦᠬᠦ᠌ ᠬᠣᠲᠠ ᠎ᠶ᠋ᠢᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠬᠥᠲᠥᠯᠥᠨ ᠵᠢᠯᠣᠭᠣᠳᠴᠤ᠌ ᠪᠠᠢᠭᠠᠳ ᠵᠢᠷᠭᠠᠯ ᠵᠣᠪᠠᠯᠠᠩ᠎ᠢᠶᠠᠨ ᠬᠠᠮᠲᠤᠳᠭᠠᠬᠤ᠂  ᠠᠯᠳᠠᠷ ᠭᠤᠳᠤᠮᠰᠢᠭ ᠵᠢᠡᠨ ᠬᠠᠮᠳᠤᠳᠬᠠᠬᠤ᠂ ᠦᠬᠦᠵᠦ᠍ ᠰᠡᠭᠡᠬᠦ᠌᠎ᠪᠡᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠠᠮᠲᠤ᠎ᠴᠣᠭ᠍ᠴᠠ᠎ᠶ᠋ᠢᠨ ᠣᠢᠯᠠᠭᠠᠭ᠍ᠳᠠᠬᠤᠨ᠎ᠢ ᠪᠠᠲᠤ ᠪᠡᠬᠢ ᠪᠤᠢ ᠪᠣᠯᠭᠠᠬᠤ ᠬᠡᠷᠡᠭᠳᠡᠢ᠃ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌᠎ᠶ᠋ᠢ ᠪᠦᠬᠦ᠌ ᠬᠦᠴᠦᠨ᠎ᠢᠶᠡᠷ᠎ᠢᠶᠡᠨ ᠠᠬᠢᠭᠤᠯᠤᠨ᠎ᠠ᠃ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠬᠤ  ᠪᠣᠬᠢᠷᠲᠤᠯ ᠦᠭᠡᠢ ᠬᠥᠭ᠌ᠵᠢᠭᠦᠯᠬᠦ᠌ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠨ᠂ ᠬᠢᠯᠢ ᠬᠢᠵᠠᠭᠠᠷ ᠣᠷᠣᠨ᠎ᠢ ᠬᠥᠭ᠌ᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶ᠋ᠢ ᠯᠠᠪᠳᠠᠭᠤᠨ ᠪᠠᠲᠤᠲᠠᠢ ᠥᠷᠨᠢᠭᠦᠯᠵᠦ᠍᠂ ᠦᠨᠳᠦᠰᠦᠲᠡᠨ᠎ᠨᠦᠭᠦᠳ᠎ᠦᠨ ᠣᠨᠴᠠᠯᠢᠭ᠍ᠲᠤ ᠠᠵᠤ ᠠᠬᠤᠢ᠎ᠪᠠᠨ ᠬᠥᠭ᠌ᠵᠢᠭᠦᠯᠬᠦ᠌᠂ ᠠᠷᠠᠳ᠎ᠤᠨ ᠠᠮᠢᠳᠤᠷᠠᠯ᠎ᠢᠶᠠᠨ ᠰᠠᠢᠵᠢᠷᠠᠭᠤᠯᠬᠤ᠎ᠶ᠋ᠢ ᠳᠠᠮᠵᠢᠵᠤ᠂ ᠥᠪᠡᠷ᠎ᠢ᠎ᠪᠡᠨ ᠬᠥᠭ᠌ᠵᠢᠭᠦᠯᠬᠦ᠌ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠬᠠᠮᠲᠤ᠎ᠪᠠᠷ ᠬᠥᠭ᠌ᠵᠢᠵᠤ ᠬᠠᠮᠲᠤ᠎ᠪᠠᠷ ᠴᠢᠨᠡᠭᠡᠯᠢᠭ᠌ᠵᠢᠬᠦ᠌᠎ᠶ᠋ᠢ ᠪᠡᠶᠡᠯᠡᠭᠦᠯᠬᠦ ᠬᠡᠷᠡᠭᠳᠡᠢ᠃ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠎ᠶ᠋ᠢ ᠢᠳᠡᠪᠬᠢᠲᠡᠢ ᠠᠬᠢᠭᠤᠯᠤᠨ᠎ᠠ᠃ ᠬᠠᠮᠢᠶ᠎ᠠ ᠪᠦᠬᠦᠢ ᠲᠥᠷᠥ᠎ᠶ᠋ᠢᠨ ᠪᠣᠳᠣᠯᠭ᠎ᠠ᠎ᠶ᠋ᠢᠨ ᠠᠷᠭ᠎ᠠ ᠬᠡᠮᠵᠢᠶ᠎ᠡ᠂ ᠳᠦᠷᠢᠮ᠎ᠦᠨ ᠪᠠᠲᠤᠯᠠᠭ᠎ᠠ ᠪᠣᠯᠤᠨ ᠤᠷᠮᠠᠱᠢᠭᠤᠯᠬᠤ ᠲᠣᠭ᠍ᠲᠠᠴᠠ᠎ᠶ᠋ᠢ ᠲᠠᠰᠤᠷᠠᠯᠲᠠ ᠤᠢ᠍ᠭᠡᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠬᠠᠷᠢᠯᠴᠠᠨ ᠱᠢᠭᠢᠳᠭᠡᠯ ᠬᠡᠯᠪᠡᠷᠢ ᠵᠢᠨ ᠨᠡᠢᠭᠡᠮ᠎ᠦᠨ ᠪᠦᠲᠦᠴᠡ ᠪᠣᠯᠤᠨ ᠨᠡᠢᠭᠡᠮ ᠲᠣᠭᠣᠷᠢᠭ᠎ᠤᠨ ᠣᠷᠴᠢᠨ ᠲᠣᠭᠣᠷᠢᠨ᠎ᠢ ᠪᠠᠢᠭᠤᠯᠤᠨ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ 《ᠬᠣᠣᠰ ᠵᠠᠭᠤᠨ ᠵᠢᠱ᠌ᠢᠶ᠎ᠡ ᠦᠵᠡᠭᠦᠯᠬᠦ᠌ 》᠎ᠶ᠋ᠢ ᠡᠭᠦᠳᠦᠨ ᠪᠠᠢᠭᠤᠯᠬᠤ ᠢᠨᠵᠧᠨᠧᠷᠢᠩ᠎ᠢ ᠬᠡᠷᠡᠭ᠌ᠵᠢᠭᠦᠯᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠡᠶ᠎ᠡ ᠨᠠᠢᠷᠲᠠᠶ᠎ᠪᠠᠷ ᠬᠠᠮᠲᠤ ᠣᠷᠣᠱᠢᠬᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠬᠤ᠂ ᠡᠶ᠎ᠡ ᠵᠣᠬᠢᠴᠠᠯ᠎ᠲᠠᠶ ᠬᠥᠭ᠌ᠵᠢᠬᠦ᠌᠎ᠶ᠋ᠢ ᠨᠡᠩ ᠰᠠᠢᠲᠤᠷ ᠠᠬᠢᠭᠤᠯᠬᠤ ᠬᠡᠷᠡᠭᠳᠡᠢ᠃

ᠭᠤᠷᠪᠠ᠂ ᠬᠠᠷᠢᠭᠤᠴᠠᠯᠭ᠎ᠠ ᠡᠭᠦᠷᠭᠡᠯᠡᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌   ᠤᠯᠤᠰ ᠲᠦᠷᠦ᠍᠎ᠶ᠋ᠢᠨ ᠵᠢᠯᠣᠭᠣᠳᠤᠮᠵᠢ᠎ᠶ᠋ᠢ ᠴᠢᠩᠭᠠᠳᠬᠠᠬᠤ ᠬᠡᠷᠡᠭᠲᠡᠢ

ᠶᠡᠷᠦᠩᠬᠡᠢ ᠱᠦᠵᠢ ᠰᠢ᠎ᠶ᠋ᠢᠨ ᠫᠢᠩ 《ᠡᠷᠬᠡᠪᠰᠢ ᠨᠠᠮ᠎ᠤᠨ ᠦᠨᠳᠦᠰᠦᠲᠡᠨ᠎ᠦ ᠠᠵᠢᠯ ᠳ᠋ᠠᠬᠢ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠦᠨᠳᠦᠰᠦᠲᠡᠨ᠎ᠦ ᠠᠰᠠᠭᠤᠳᠠᠯ᠎ᠢ ᠱᠢᠢᠳᠪᠦᠷᠢᠯᠡᠬᠦ᠌᠂ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠴᠢᠳᠠᠪᠤᠷᠢ ᠪᠣᠯᠤᠨ ᠲᠦᠪᠱᠢᠨ᠎ᠢ ᠳᠡᠭᠡᠭ᠌ᠰᠢᠯᠡᠭᠦᠯᠬᠦ᠌ ᠬᠡᠷᠡᠭ᠌ᠲᠡᠢ 》 ᠬᠡᠵᠤ ᠵᠢᠭᠠᠵᠤ ᠭᠠᠷᠭᠠᠪᠠ ᠃ ᠬᠥᠯᠥᠨ ᠪᠤᠢ᠌ᠷ ᠬᠤᠳᠠ ᠨᠠᠮ᠎ᠤᠨ ᠲᠦᠷᠦ᠍ ᠪᠠᠷᠢᠬᠤ ᠪᠠᠢᠷᠢ  ᠰᠠᠭᠤᠷᠢ ᠎ᠶ᠋ᠢ  ᠪᠡᠬᠢᠵᠢᠭᠦᠯᠬᠦ᠌ ᠎ᠤᠯᠤᠰ ᠎ᠲᠦᠷᠦ᠍ ᠎ᠶ᠋ᠢᠨ  ᠎ᠦᠨᠳᠦᠷᠴᠡ  ᠡᠴᠡ ᠨᠠᠮ᠎ᠤᠨ ᠤᠳᠤᠷᠢᠳᠤᠯᠭ᠎ᠠ᠎ᠶ᠋ᠢ ᠦᠨᠳᠦᠰᠦᠲᠡᠨ᠎ᠦ ᠠᠵᠢᠯ᠎ᠤᠨ ᠪᠦᠬᠦ᠌ ᠶᠠᠪᠤᠴᠠ᠎ᠳᠤ ᠲᠤᠭᠤᠱᠢᠯᠠᠭᠤᠯᠵᠤ᠂ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ᠂ ᠬᠢᠯᠢ ᠬᠢᠵᠠᠭᠠᠷ᠎ᠤᠨ ᠲᠣᠭ᠍ᠲᠠᠭᠤᠨ᠎ᠢ ᠪᠠᠲᠤᠯᠠᠬᠤ ᠴᠢᠬᠤᠯᠠ ᠶᠡᠬᠡ ᠬᠠᠷᠢᠭᠤᠴᠠᠯᠭ᠎ᠠ᠎ᠶ᠋ᠢ ᠦᠨᠡᠨ ᠬᠦ᠌ ᠡᠭᠦᠷᠭᠡᠯᠡᠬᠥ ᠬᠡᠷᠡᠭᠲᠡᠢ᠃ ᠬᠠᠷᠢᠭᠤᠴᠠᠯᠭᠠᠲᠤ ᠤᠬᠠᠮᠰᠠᠷ᠎ᠢᠶᠠᠨ ᠴᠢᠩᠭᠠᠳᠭᠠᠨ᠎ᠠ᠃ ᠦᠨᠳᠦᠰᠦᠲᠡᠨ᠎ᠦ ᠠᠵᠢᠯ᠎ᠢ ᠪᠦᠬᠦ᠌ ᠬᠣᠲᠠ᠎ᠶ᠋ᠢᠨ ᠠᠵᠢᠯ᠎ᠤᠨ ᠳᠣᠪᠣᠢᠮ᠎ᠠ ᠪᠠᠢᠷᠢᠨ᠎ᠳ᠋ᠤ ᠲᠠᠯᠪᠢᠵᠤ᠂ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ ) ᠎ᠶ᠋ᠢᠨ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠨᠠᠷᠢᠨ ᠬᠢᠨᠠᠮᠠᠭᠠᠢ ᠭᠦᠢᠴᠡᠳᠭᠡᠵᠦ᠍᠂ ᠪᠠᠢᠭᠤᠯᠤᠮᠵᠢ ᠲᠣᠭ᠍ᠲᠠᠴᠠ ᠎ᠶ᠋ᠢ ᠪᠠᠢᠭᠤᠯᠤᠨ ᠲᠡᠭᠦᠯᠳᠡᠷᠵᠢᠭᠦᠯᠵᠦ᠂ ᠨᠠᠮ᠎ᠤᠨ ᠬᠣᠷᠢᠶ᠎ᠠ ᠨᠢᠭᠡᠳᠦᠯᠲᠡᠢ ᠤᠳᠤᠷᠢᠳᠤᠭ᠍ᠰᠠᠨ᠂ ᠵᠠᠰᠠᠭ᠎ᠤᠨ ᠣᠷᠳᠣᠨ ᠬᠠᠤᠯᠢ ᠶᠣᠰᠣᠭᠠᠷ ᠬᠠᠮᠢᠶᠠᠷᠤᠭ᠍ᠰᠠᠨ᠂ ᠨᠢᠭᠡᠳᠦᠮᠡᠯ ᠹᠷᠤᠨᠲ᠎ᠤᠨ ᠰᠠᠯᠠᠭ᠎ᠠ ᠮᠥᠴᠢᠷ ᠲᠦᠷᠦᠭᠦᠯᠡᠵᠤ ᠵᠣᠬᠢᠴᠠᠭᠤᠯᠤᠭ᠍ᠰᠠᠨ᠂ ᠦᠨᠳᠦᠰᠦᠲᠡᠨ ᠎ᠦ ᠠᠵᠢᠯ ᠎ᠤᠨ ᠎ᠰᠠᠯᠠᠭ᠎ᠠ ᠎ᠮᠥᠴᠢᠷ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ᠂ ᠡᠯ᠎ᠡ ᠰᠠᠯᠠᠭ᠎ᠠ ᠮᠥᠴᠢᠷ ᠬᠦᠴᠦ᠍᠎ᠪᠡᠨ ᠬᠠᠮᠲᠤᠳᠭᠠᠨ ᠬᠠᠮᠲᠤᠷᠠᠯᠴᠠᠭ᠍ᠰᠠᠨ᠂ ᠪᠦᠬᠦ᠌ ᠨᠡᠢᠭᠡᠮ᠎ᠢᠶᠡᠷ᠎ᠢᠶᠡᠨ ᠬᠠᠮᠲᠤ ᠪᠠᠷ ᠣᠷᠣᠯᠴᠠᠭ᠍ᠰᠠᠨ ᠱᠢᠨ᠎ᠡ ᠴᠠᠭ ᠦᠶ᠎ᠡ᠎ᠶ᠋ᠢᠨ᠎ᠨᠠᠮ᠎ᠤᠨ᠎ᠦᠨᠳᠦᠰᠦᠲᠡᠨ᠎ᠦ᠎ᠠᠵᠢᠯ᠎ᠤᠨ ᠪᠠᠢᠷᠢᠱᠢᠯ᠎ᠢ ᠪᠦᠷᠢᠯᠳᠦᠭᠦᠯᠬᠦ᠌᠎ᠶ᠋ᠢ ᠠᠬᠢᠭᠤᠯᠬᠤ ᠬᠡᠷᠡᠭᠳᠡᠢ᠃ ᠦᠨᠳᠦᠰᠦᠨ ᠱᠠᠲᠤᠨ᠎ᠤ ᠰᠠᠭᠤᠷᠢ᠎ᠶ᠋ᠢ ᠪᠡᠬᠢᠵᠢᠭᠦᠯᠦᠨ᠎ᠡ᠃ ᠨᠠᠮ᠎ᠤᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠴᠢᠳᠠᠪᠤᠷᠢ ᠪᠠ ᠬᠢᠷᠢ ᠲᠦᠪᠱᠢᠨ᠎ᠢ ᠢᠳᠡᠪᠬᠢᠲᠡᠢ ᠳᠡᠭᠡᠭ᠌ᠰᠢᠯᠡᠭᠦᠯᠵᠦ᠍᠂ ᠨᠠᠮ᠎ᠤᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢᠨ ᠨᠢᠭᠡ ᠭᠠᠵᠠᠷ ᠣᠷᠣᠨ᠎ᠢᠶᠠᠨ ᠪᠠᠶᠠᠵᠢᠭᠤᠯᠬᠤ᠂ ᠨᠢᠭᠡ ᠭᠠᠵᠠᠷ ᠣᠷᠣᠨ᠎ᠢᠶᠠᠨ ᠪᠦᠯᠬᠦᠮᠳᠡᠭᠦᠯᠬᠦ᠌᠂ ᠨᠢᠭᠡ ᠭᠠᠵᠠᠷ ᠣᠷᠣᠨ᠎ᠢᠶᠠᠨ ᠲᠦᠪᠱᠢᠷᠡᠭᠦᠯᠬᠦ᠌ ᠪᠠᠲᠤ ᠴᠢᠩᠭ᠎ᠠ ᠲᠠᠢ᠌ᠴᠢᠨ ᠪᠡᠬᠢᠯᠡᠯᠲᠡ ᠪᠣᠯᠬᠤ᠎ᠶ᠋ᠢ ᠠᠬᠢᠭᠤᠯᠵᠤ᠂ ᠨᠠᠮ᠎ᠤᠨ ᠭᠡᠱᠢᠭᠦᠨ ᠨᠢᠭᠡᠪᠦᠷᠢ᠎ᠶ᠋ᠢ ᠴᠥᠮ ᠪᠦᠯᠬᠦᠮᠳᠡᠯ ᠲᠣᠭ᠍ᠲᠠᠭᠤᠨ᠎ᠢ ᠬᠠᠮᠠᠭᠠᠯᠠᠬᠤ᠂ ᠬᠠᠮᠲᠤ᠎ᠪᠠᠷ ᠴᠢᠨᠡᠭᠡᠯᠢᠭ᠌ᠵᠢᠬᠦ᠌᠎ᠶ᠋ᠢ ᠠᠬᠢᠭᠤᠯᠬᠤ ᠨᠢᠭᠡᠨ ᠲᠤᠭ ᠪᠤᠯᠭᠠᠬᠤ ᠬᠡᠷᠡᠭᠳᠡᠢ᠃ ᠺᠠᠳ᠋ᠷ᠎ᠤᠨ ᠡᠩᠨᠡᠭᠡ᠎ᠶ᠋ᠢ ᠳᠠᠪᠲᠠᠨ ᠪᠣᠯᠪᠠᠰᠤᠷᠠᠭᠤᠯᠤᠨ᠎ᠠ᠃ ᠱᠢᠨ᠎ᠡ ᠴᠠᠭ ᠦᠶ᠎ᠡ᠎ᠶ᠋ᠢᠨ ᠰᠠᠢᠨ ᠺᠠᠳ᠋ᠷ᠎ᠤᠨ ᠪᠠᠷᠢᠮᠵᠢᠶ᠎ᠠ᠎ᠶ᠋ᠢ ᠪᠠᠷᠢᠮᠲᠠᠯᠠᠵᠤ᠂ ᠨᠠᠮ᠎ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠬᠠᠮᠠᠭᠠᠯᠠᠬᠤ ᠣᠪᠣᠷ ᠣᠨᠴᠠᠭᠠᠢ ᠡᠷᠡᠰ ᠪᠠᠲᠤ᠂ ᠵᠥᠪ ᠪᠤᠷᠤᠭᠤ᠎ᠶ᠋ᠢ ᠲᠣᠳᠣᠷᠬᠠᠢ ᠢᠯᠭᠠᠬᠤ ᠵᠣᠭ᠍ᠰᠣᠯᠲᠠ ᠣᠨᠴᠠᠭᠠᠢ ᠰᠡᠷᠭᠡᠭ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯᠯᠠᠭ᠎ᠠ ᠣᠨᠴᠠᠭᠠᠢ ᠡᠷᠡᠰ ᠪᠠᠲᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠬᠠᠢᠷᠠᠯᠠᠬᠤ ᠰᠡᠳᠭᠢᠯᠭᠡ ᠣᠨᠴᠠᠭᠠᠢ ᠴᠢᠩ ᠦᠨᠡᠨᠴᠢ ᠺᠠᠳ᠋ᠷ᠎ᠤᠨ ᠡᠩᠨᠡᠭᠡ᠎ᠶ᠋ᠢ ᠴᠢᠷᠮᠠᠢᠨ ᠪᠠᠢᠭᠤᠯᠵᠤ᠂ ᠪᠦᠬᠦ᠌ ᠬᠣᠲᠠ᠎ᠶ᠋ᠢᠨ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠬᠥᠲᠥᠯᠥᠨ ᠳᠠᠭᠠᠭᠤᠯᠵᠤ ᠬᠥᠯᠥᠨ ᠪᠤᠢᠷ  ᠬᠣᠲᠠ᠎ᠶ᠋ᠢ ᠦᠨᠳᠦᠰᠦᠲᠡᠨ᠎ᠦ ᠪᠦᠯᠬᠦᠮᠳᠡᠯ ᠬᠢᠯᠢ ᠬᠢᠵᠠᠭᠠᠷ᠎ᠤᠨ ᠠᠮᠤᠷ ᠲᠣᠭ᠍ᠲᠠᠭᠤᠨ ᠵᠣᠯ ᠵᠢᠷᠭᠠᠯᠲᠤ ᠭᠡᠷ ᠣᠷᠣᠨ ᠪᠣᠯᠭᠠᠨ ᠪᠦᠲᠦᠭᠡᠨ ᠪᠠᠢᠭᠤᠯᠬᠤ᠎ᠶ᠋ᠢᠨ ᠲᠥᠯᠥᠭᠡ ᠴᠥᠬᠥᠷᠡᠰᠢ ᠦᠭᠡᠢ ᠲᠡᠮᠡᠴᠡᠭᠦ ᠬᠡᠷᠡᠭᠳᠡᠢ!

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号