《 ᠳᠠᠯᠠᠢ ᠶ᠋ᠢᠨ ᠤᠰᠤᠨ ᠲᠤᠲᠤᠷᠭ᠎ᠠ 》 ᠵᠢ ᠳᠠᠷᠢᠭᠠᠳ ᠠᠮᠵᠢᠯᠳᠠ ᠤᠯᠪᠠ
2021-11-03 09:39:13
ᠵᠣᠬᠢᠶᠠᠭ᠍ᠴᠢ᠄
ᠰᠦ᠍ ᠰᠢᠩ
ᠣᠩᠱᠢᠭ᠍ᠰᠠᠨ ᠣᠳᠠᠭ᠎ᠠ᠄
★★★☆☆

ᠬᠠᠩᠭᠢᠨ ᠬᠣᠱᠢᠭᠤᠨ ᠳ᠋ᠤ ᠳᠠᠯᠠᠢ ᠶ᠋ᠢᠨ ᠤᠰᠤᠨ ᠲᠤᠲᠤᠷᠭ᠎ᠠ ᠵᠢ ᠳᠠᠷᠢᠭᠠᠳ ᠠᠮᠵᠢᠯᠳᠠ ᠤᠯᠪᠠ᠃ ᠡᠨᠡ ᠵᠢᠯ ᠬᠠᠩᠭᠢᠨ ᠬᠤᠱᠢᠭᠤᠨ ᠤ᠋ ᠳᠤᠭᠤᠢᠲᠠᠯ᠎ᠠ ᠪᠠᠯᠭᠠᠰᠤ ᠵᠢᠨ ᠬᠤᠵᠢᠷᠯᠢᠭ ᠭᠠᠵᠠᠷ ᠤ᠋ᠨ ᠲᠤᠲᠤᠷᠭᠠᠨ ᠳᠠᠷᠢᠶ᠎ᠠ ᠶ᠋ᠢ ᠰᠠᠢᠵᠢᠷᠠᠭᠤᠯᠬᠤ ᠰᠤᠳᠤᠯᠭᠠᠨ ᠤ᠋ ᠵᠢᠱ᠌ᠢᠶ᠎ᠠ ᠦᠵᠡᠭᠦᠯᠬᠦ ᠰᠠᠭᠤᠷᠢᠨ ᠳ᠋ᠦ᠍ ᠳᠠᠷᠢᠭᠰᠠᠨ ᠳᠠᠯᠠᠢ ᠵᠢᠨ ᠤᠰᠤᠨ ᠳᠤᠳᠤᠷᠭ᠎ᠠ ᠵᠢᠨ ᠮᠥ᠍ ᠳᠤᠮᠳᠠᠴᠢ ᠶ᠋ᠢᠨ ᠤᠨᠠᠯᠲᠠ 385 ᠺᠢᠯᠣᠭ᠌ᠷᠠᠮ ᠳᠦ᠍ ᠬᠦᠷᠴᠦ᠂ ᠨᠢᠳᠤᠨᠤᠨ ᠤ᠋ ᠮᠦ᠍ ᠳᠤᠮᠳᠠᠴᠢ ᠵᠢᠨ ᠤᠨᠠᠯᠲᠠ ᠠ᠋ᠴᠠ 129 ᠺᠢᠯᠣᠭ᠌ᠷᠠᠮ ᠨᠡᠮᠡᠭᠳᠡᠭᠰᠡᠨ ᠪᠠᠢᠨ᠎ᠠ᠃


QQ截图20211103093837.png


ᠳᠠᠯᠠᠢ ᠶ᠋ᠢᠨ ᠤᠰᠤᠨ ᠲᠤᠲᠤᠷᠭ᠎ᠠ ᠪᠣᠯ ᠬᠤᠵᠢᠷ ᠲᠤ᠌ ᠲᠡᠭᠠᠭᠠᠴᠠᠳᠠᠢ ᠤᠰᠤᠨ ᠲᠤᠲᠤᠷᠭ᠎ᠠ ᠪᠠᠢᠵᠤ᠂ ᠭᠠᠳᠠᠷ ᠪᠠᠢᠳᠠᠯ ᠨᠢ ᠡᠩ ᠦ᠋ᠨ ᠤᠰᠤᠨ ᠲᠤᠲᠤᠷᠭ᠎ᠠ ᠲᠠᠢ ᠳᠡᠮᠡᠢ ᠢᠯᠭᠠᠭ᠎ᠠ ᠥᠬᠡᠢ ᠪᠣᠯᠪᠠᠴᠤ ᠲᠤᠰ ᠪᠡᠶ᠎ᠡ ᠨᠢ ᠬᠤᠵᠢᠷ ᠲᠤ᠌ ᠲᠡᠭᠠᠭᠠᠴᠠᠳᠠᠢ ᠮᠦᠷᠳᠡᠬᠡᠨ ᠪᠠᠰᠠ ᠬᠤᠵᠢᠷᠯᠢᠭ ᠭᠠᠵᠠᠷ ᠢ᠋ ᠵᠠᠰᠠᠨ ᠰᠠᠢᠵᠢᠷᠠᠭᠤᠯᠬᠤ ᠠᠮᠢ ᠠᠬᠤᠢ ᠶ᠋ᠢᠨ ᠴᠢᠳᠠᠪᠤᠷᠢ ᠲᠠᠢ ᠪᠠᠢᠳᠠᠭ᠃ ᠬᠠᠩᠭᠢᠨ ᠬᠤᠱᠢᠭᠤ ᠬᠠᠲᠤᠨ ᠭᠣᠣᠯ ᠳᠠᠭᠠᠤ ᠶ᠋ᠢᠨ ᠤᠰᠤᠯᠠᠯᠲᠠ ᠶ᠋ᠢᠨ ᠣᠷᠣᠨ ᠳ᠋ᠦ᠍ ᠪᠠᠢᠷᠢᠯᠠᠨ ᠬᠤᠵᠢᠷᠯᠢᠭ ᠳᠠᠷᠢᠶᠠᠨ ᠭᠠᠵᠠᠷ ᠤᠯᠠᠨᠳᠠᠢ ᠶᠤᠮ᠃ ᠬᠥᠷᠥᠰᠥ ᠱᠢᠷᠣᠢ ᠶ᠋ᠢᠨ ᠬᠤᠵᠢᠷᠰᠢᠯ ᠤ᠋ᠨ ᠪᠠᠢᠳᠠᠯ ᠢ᠋ ᠰᠠᠢᠵᠢᠷᠠᠭᠤᠯᠵᠤ᠂ ᠮᠠᠯᠴᠢᠨ ᠲᠠᠷᠢᠶᠠᠴᠢᠨ ᠤ᠋ ᠣᠷᠣᠯᠭ᠎ᠠ ᠶ᠋ᠢ ᠨᠡᠮᠡᠭᠳᠡᠭᠦᠯᠬᠦ ᠶ᠋ᠢᠨ ᠲᠥᠯᠥᠭᠡ᠂ ᠬᠠᠩᠭᠢᠨ ᠬᠤᠱᠢᠭᠤᠨ᠎ᠦ ᠬᠢᠨ 2019 ᠣᠨ ᠡᠴᠡ ᠡᠬᠢᠯᠡᠨ ᠳᠤᠭᠤᠢᠲᠠᠯ᠎ᠠ ᠪᠠᠯᠭᠠᠰᠤ ᠶ᠋ᠢᠨ ᠬᠠᠩᠭᠢᠨ ᠨᠠᠭᠤᠷ ᠲᠣᠰᠭᠣᠨ᠎ᠦ 1000 ᠮᠥ᠍ ᠵᠢᠱ᠌ᠢᠢ᠎ᠡ ᠦᠵᠡᠭᠦᠯᠬᠦ ᠰᠠᠭᠤᠷᠢᠨ ᠳ᠋ᠦ᠍ ᠳᠠᠯᠠᠢ ᠵᠢᠨ ᠳᠤᠳᠤᠷᠭ᠎ᠠ ᠳᠠᠷᠢᠬᠤ ᠲᠦᠷᠦᠯ ᠵᠦᠢᠯ᠎ᠢ ᠬᠡᠷᠡᠭᠵᠢᠭᠦᠯᠵᠤ᠂ ᠳᠤᠬᠠᠢ ᠵᠢᠨ ᠭᠠᠵᠠᠷ᠎ᠦᠨ ᠠᠭᠤᠷ ᠠᠮᠢᠰᠭᠤᠯ ᠪᠠ ᠬᠥᠷᠥᠰᠥ ᠱᠢᠷᠣᠢ ᠶ᠋ᠢᠨ ᠣᠨᠴᠠᠯᠢᠭ ᠲᠤ᠌ ᠲᠣᠬᠢᠷᠠᠬᠤ ᠴᠢᠨᠠᠷ ᠰᠠᠢᠲᠠᠢ ᠬᠤᠵᠢᠷ ᠲᠤ᠌ ᠲᠠᠭᠠᠭᠠᠴᠠᠳᠠᠢ ᠤᠰᠤᠨ ᠲᠤᠲᠤᠷᠭ᠎ᠠ ᠶ᠋ᠢᠨ ᠡᠭᠦᠯᠳᠡᠷ ᠢ᠋ ᠪᠤᠢᠵᠢᠭᠤᠯᠤᠨ ᠭᠠᠷᠭᠠᠵᠠᠢ᠃ ᠡᠨᠡ ᠨᠢ ᠰᠡᠭᠦᠯᠴᠢ ᠵᠢᠨ ᠬᠤᠭᠤᠴᠠᠭᠠᠨ ᠳ᠋ᠡᠬᠢ ᠬᠠᠩᠬᠢᠨ ᠬᠤᠰᠢᠭᠤᠨ᠎ᠦ 40 ᠰᠢᠬᠠᠮ ᠲᠦᠮᠡᠨ ᠮᠦ᠍ ᠬᠤᠵᠢᠷᠯᠢᠭ ᠭᠠᠵᠠᠷ᠎ᠢ ᠪᠦᠬᠦ ᠳᠠᠯ᠎ᠠ ᠪᠡᠷ ᠵᠠᠰᠠᠬᠤ ᠳ᠋ᠤ ᠨᠠᠢᠳᠠᠪᠤᠷᠢᠳᠠᠢ ᠮᠡᠷᠭᠡᠵᠢᠯ ᠬᠠᠩᠭᠠᠵᠤ᠂ ᠤᠶᠤᠨᠳᠤ ᠳᠠᠷᠢᠶᠠᠯᠠᠩ᠎ᠦᠨ ᠰᠢᠨ᠎ᠡ ᠵᠠᠭᠪᠤᠷ᠎ᠢ ᠡᠭᠦᠳᠭᠦ ᠵᠢ ᠠᠬᠢᠭᠤᠯᠪᠠ᠃


QQ截图20211103093757.png

QQ截图20211103093808.png

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号