ᠡᠬᠡ ᠤᠯᠤᠰ ᠬᠦᠴᠦᠷᠬᠡᠭ ᠪᠤᠯᠬᠤ ᠲᠤᠰᠤᠮ ᠵᠢᠡᠨ ᠲᠠ ᠨᠠᠷ᠎ᠢ ᠳᠤᠷᠠᠰᠤᠨ ᠰᠠᠨᠠᠭᠠᠯᠵᠠᠨ᠎ᠠ !
2021-11-03 10:47:18
ᠵᠣᠬᠢᠶᠠᠭ᠍ᠴᠢ᠄
ᠶᠤᠸᠠᠨ ᠰᠢᠤ ᠴᠢᠨ
ᠣᠩᠱᠢᠭ᠍ᠰᠠᠨ ᠣᠳᠠᠭ᠎ᠠ᠄
★★★☆☆

— ᠺᠢᠨᠤ᠋ 《 ᠽᠠᠩᠵᠢᠨ ᠨᠠᠭᠤᠷ 》 ᠢ᠋ ᠦᠵᠡᠭᠡᠳ

                      

ᠵᠢᠶᠠᠩᠨᠠᠨ ᠨᠤᠳᠤᠭ᠎ᠤᠨ ᠨᠠᠭᠤᠷ᠎ᠤᠨ ᠬᠦᠪᠡᠭᠡᠨ᠎ᠳᠤ ᠳᠤᠷ᠎ᠠ ᠳᠠᠪᠠ ᠪᠡᠷ᠎ᠢᠶᠡᠨ ᠨᠠᠭᠠᠳᠤᠨ ᠲᠤᠭᠯᠠᠵᠤ ᠪᠠᠢᠭᠰᠠᠨ ᠬᠦᠳᠡᠭᠡ᠎ᠶᠢᠨ ᠨᠢᠭᠡᠨ ᠬᠡᠦᠬᠡᠳ ᠬᠠᠷᠢ ᠭᠦᠷᠦᠨ᠎ᠤ ᠨᠠᠭᠤᠷ᠎ᠤᠨ ᠬᠦᠪᠡᠭᠡᠨ᠎ᠳᠤ ᠬᠦᠷᠴᠤ ᠳᠠᠢᠰᠤᠨ᠎ᠤ ᠫᠤᠤ᠎ᠶ᠋ᠢᠨ ᠭᠠᠯ᠎ᠢ ᠰᠦᠷᠦᠨ ᠡᠷᠡᠯᠬᠡᠭᠯᠡᠨ ᠪᠠᠢᠯᠳᠤᠪᠠ᠃

ᠭᠠᠳᠠᠨ᠎ᠠ ᠪᠡᠨ ᠬᠠᠳᠠᠭᠤ ᠲᠤᠳᠤᠷ᠎ᠠ ᠪᠡᠨ ᠤᠶᠠᠨ ᠵᠦᠭᠡᠯᠡᠨ ᠨᠢᠭᠡᠨ ᠡᠷ᠎ᠠ ᠤᠯᠠᠨ ᠤᠳᠠᠭ᠎ᠠ ᠵᠢᠨ ᠦᠬᠦᠵᠦ ᠰᠡᠭᠡᠬᠦ ᠲᠡᠮᠡᠴᠡᠭᠡᠨ ᠳ᠋ᠤ ᠲᠤᠭ᠎ᠠ ᠦᠭᠡᠢ ᠤᠯᠠᠨ ᠳᠠᠢᠰᠦᠨ᠎ᠢ ᠤᠰᠠᠳᠬᠠᠨ᠂ ᠬᠡᠷᠴᠡᠭᠡᠢ ᠳᠠᠢᠰᠤᠨ ᠳ᠋ᠤ ᠬᠦᠴᠦᠲᠡᠢ ᠴᠣᠬᠢᠯᠲᠠ ᠥᠭ᠌ᠴᠦ᠂ ᠢᠮᠧᠩᠱᠠᠨ᠎ᠤ ᠠᠷᠠᠳ᠎ᠤᠨ ᠳᠠᠭᠤᠤ᠎ᠶ᠋ᠢᠨ ᠠᠶᠠᠰ ᠳᠤᠮᠳᠠ ᠪᠠᠭᠠᠲᠤᠷᠯᠢᠭ᠎ᠢᠶᠠᠷ ᠪᠡᠶ᠎ᠡ ᠦᠷᠡᠭ᠌ᠳᠡᠪᠡ᠃

ᠰᠠᠨᠠᠵᠤ ᠲᠡᠮᠡᠤᠯᠬᠦ ᠰᠡᠳᠬᠢᠯ᠎ᠢᠶᠡᠨ ᠭᠦᠨ᠎ᠠ ᠨᠢᠭᠤᠭᠰᠠᠨ ᠨᠢᠭᠡᠨ ᠠᠪᠤ ᠬᠦᠮᠦᠨ ᠬᠠᠳᠠᠭᠤ ᠪᠡᠷᠬᠡ ᠳᠠᠢᠨ᠎ᠤ ᠤᠷᠴᠢᠨ ᠳ᠋ᠤ ᠦᠬᠢᠨ᠎ᠤ ᠪᠡᠨ ᠵᠢᠷᠤᠭ᠎ᠢ ᠬᠠᠷᠮᠠᠨ᠎ᠳᠠᠭᠠᠨ ᠠᠪᠴᠤ ᠶᠠᠪᠤᠨ᠂ ᠭᠡᠷ᠎ᠤᠨ ᠬᠦᠮᠦᠰ ᠵᠢᠡᠨ ᠭᠡᠰᠡᠨ ᠵᠦᠭᠡᠯᠡᠨ ᠰᠡᠳᠬᠢᠯ ᠨᠢ ᠳᠠᠢᠰᠦᠨ᠎ᠢ ᠤᠰᠠᠳᠬᠠᠬᠤ ᠦᠶ᠎ᠠ᠎ᠶᠢᠨ ᠡᠷᠡᠯᠬᠡᠭ ᠵᠤᠷᠢᠭ ᠪᠤᠯᠵᠤ ᠬᠤᠪᠢᠷᠠᠨ᠎ᠠ ᠁

ᠳᠤᠮᠳᠠᠳᠤ ᠤᠯᠤᠰ᠎ᠤᠨ ᠺᠢᠨᠤ᠋᠎ᠶᠢᠨ ᠲᠡᠦᠬᠡᠨ ᠲᠡᠮᠳᠡᠭᠯᠡᠯ᠎ᠢ ᠲᠠᠰᠤᠷᠠᠯᠳᠠ ᠦᠭᠡᠢ ᠰᠢᠨᠡᠳᠭᠡᠭᠰᠡᠨ 《ᠽᠠᠩᠵᠢᠨ ᠨᠠᠭᠤᠷ》ᠠᠮᠧᠷᠢᠺᠠ᠎ᠶᠢ ᠡᠰᠡᠷᠭᠦᠴᠡᠵᠤ ᠰᠤᠯᠤᠩᠭᠤᠰ᠎ᠢ ᠲᠤᠰᠠᠯᠠᠬᠤ ᠳᠠᠢᠨ᠎ᠤ ᠦᠶᠡᠰ᠎ᠤᠨ ᠳᠤᠮᠳᠠᠳᠤ᠎ᠶᠢᠨ ᠴᠡᠷᠢᠭ᠎ᠤᠨ ᠦᠪᠡᠷ ᠦᠪᠡᠷ᠎ᠤᠨ ᠵᠢᠡᠨ ᠢᠯᠠ ᠲᠤᠳᠤ ᠵᠠᠩ ᠴᠢᠨᠠᠷ ᠪᠦᠬᠦᠢ ᠪᠠᠭᠠᠳᠤᠷᠴᠤᠳ᠎ᠢ ᠡᠢᠨ ᠬᠦ᠌ ᠠᠮᠢᠳᠤ ᠳᠦᠷᠰᠦᠯᠢᠭ ᠱᠤᠭᠤᠵᠠᠢ᠃ ᠦᠪᠦᠷ ᠮᠤᠩᠭᠤᠯ᠎ᠤᠨ ᠺᠢᠨᠤ᠋᠎ᠶᠢᠨ ᠪᠦᠯᠦᠭᠯᠡᠯ ᠵᠡᠷᠭᠡ ᠡᠯ᠎ᠠ ᠲᠠᠯ᠎ᠠ ᠵᠢᠨ ᠬᠦᠴᠦᠨ ᠤᠷᠤᠯᠴᠠᠭᠰᠠᠨ ᠲᠤᠰ ᠺᠢᠨᠤ᠋ ᠰᠢᠯᠢᠳᠡᠭ ᠠᠮᠵᠢᠯᠳᠠ᠎ᠶᠢ ᠵᠠᠯᠭᠠᠭ᠎ᠠ ᠪᠡᠷ ᠡᠭᠦᠳᠦᠭᠰᠡᠨ ᠨᠢ ᠭᠠᠷᠮᠠᠭᠠᠢ ᠦᠢᠯᠡᠳᠬᠦ ᠮᠡᠷᠭᠡᠵᠢᠯ ᠳ᠋ᠤ ᠪᠠᠢᠬᠤ ᠡᠴᠡ ᠭᠠᠳᠠᠨ᠎ᠠ᠂ ᠳᠤᠮᠳᠠᠳᠤᠴᠤᠳ᠎ᠤᠨ ᠰᠡᠳᠬᠢᠯ ᠳ᠋ᠤ ᠭᠦᠨ ᠬᠠᠳᠠᠩᠰᠢᠭᠰᠠᠨ ᠠᠮᠧᠷᠢᠺᠠ᠎ᠶᠢ ᠡᠰᠡᠷᠭᠦᠴᠡᠵᠤ ᠰᠤᠯᠤᠩᠭᠤᠰ᠎ᠢ ᠲᠤᠰᠠᠯᠠᠬᠤ ᠳᠠᠢᠨ᠎ᠤ ᠲᠡᠦᠬᠡ᠎ᠶᠢᠨ ᠰᠡᠳᠦᠪᠯᠡᠭᠦᠨ ᠳ᠋ᠤ ᠪᠤᠢ᠃

71 ᠵᠢᠯ᠎ᠦᠨ ᠡᠮᠦᠨ᠎ᠡ᠂ ᠡᠩᠬᠡ ᠲᠠᠢᠪᠤᠩ᠎ᠢ ᠬᠠᠮᠠᠭᠠᠯᠠᠨ ᠲᠦᠷᠢᠮᠡᠬᠡᠢᠯᠡᠯ᠎ᠢ ᠡᠰᠡᠷᠭᠦᠴᠡᠬᠦ ᠵᠢᠨ ᠲᠥᠯᠥᠭᠡ᠂ ᠳᠤᠮᠳᠠᠳᠤ ᠤᠯᠤᠰ᠎ᠤᠨ ᠡᠷᠡᠯᠬᠡᠭ ᠪᠠᠭᠠᠳᠤᠷᠯᠢᠭ ᠠᠷᠠᠳ᠎ᠤᠨ ᠰᠠᠢᠨ ᠳᠤᠷ᠎ᠠ᠎ᠶ᠋ᠢᠨ ᠴᠡᠷᠢᠭ ᠱᠢᠳᠤᠷᠭᠤ ᠶᠣᠰᠣᠨ᠎ᠤ ᠲᠣᠭ᠎ᠢ ᠥᠨᠳᠥᠷ ᠮᠠᠨᠳᠤᠭᠤᠯᠵᠤ᠂ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠣᠰ᠎ᠢ ᠲᠤᠰᠠᠯᠠᠬᠤ᠂ ᠤᠯᠤᠰ ᠣᠷᠣᠨ᠎ᠢᠶᠠᠨ ᠬᠠᠮᠠᠭᠠᠯᠠᠬᠤ ᠳᠠᠷᠬᠠᠨ ᠡᠭᠦᠷᠭᠡ᠎ᠶ᠋ᠢ ᠡᠭᠦᠷᠭᠡᠯᠡᠨ᠂ ᠰᠣᠯᠣᠩᠭᠣᠰ᠎ᠤᠨ ᠠᠷᠠᠳ ᠲᠦᠮᠡᠨ ᠪᠠ ᠴᠡᠷᠢᠭ ᠠᠩᠭᠢ᠎ᠲᠠᠶ ᠬᠠᠮᠲᠤ᠎ᠪᠠᠷ ᠥᠭᠦᠵᠦ᠍ ᠰᠡᠭᠡᠬᠦ᠌᠎ᠪᠡᠨ ᠤᠮᠠᠷᠲᠠᠨ ᠴᠢᠰᠤᠳᠤ ᠪᠠᠢᠯᠳᠤᠭᠠᠨ ᠬᠢᠵᠦ᠂ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠣᠰ᠎ᠢ ᠲᠤᠰᠠᠯᠠᠬᠤ ᠲᠡᠢᠨ᠎ᠦ ᠠᠭᠤᠤ ᠶᠡᠬᠡ ᠢᠯᠠᠯᠲᠠ᠎ᠶ᠋ᠢ ᠣᠯᠵᠤ᠂ ᠳᠡᠯᠡᠬᠡᠶ᠎ᠶ᠋ᠢᠨ ᠡᠩᠬᠡ ᠲᠠᠢᠪᠤᠩ ᠪᠠ ᠬᠥᠮᠦᠨ ᠲᠥᠷᠥᠯᠬᠢᠲᠡᠨ᠎ᠦ ᠳᠠᠪᠱᠢᠯᠲᠠ᠎ᠶ᠋ᠢᠨ ᠦᠶ᠋ᠯᠡᠰ ᠲᠦ᠍ ᠯᠤᠲᠤ ᠶᠡᠬᠡ ᠬᠤᠪᠢ ᠨᠡᠮᠡᠷᠢ ᠦᠵᠡᠭᠦᠯᠪᠡ᠃ ᠲᠤᠰ ᠺᠢᠨᠣ᠋ ᠽᠠᠩᠵᠢᠨ ᠨᠠᠭᠤᠷ᠎ᠤᠨ ᠳᠠᠢᠯᠠᠯᠳᠤᠭᠠᠨ ᠵᠢᠡᠷ ᠭᠣᠣᠯ ᠰᠡᠳᠦᠪ ᠪᠣᠯᠭᠠᠨ᠂ ᠲᠡᠷᠡ ᠦᠶᠡᠰ᠎ᠤᠨ ᠳᠤᠷᠠᠳᠬᠠᠯᠳᠠᠢ ᠲᠡᠦᠬᠡᠨ ᠬᠤᠷᠤᠮ᠎ᠤᠳ᠎ᠢ ᠰᠤᠩᠭᠤᠯᠳᠠ ᠲᠠᠢ ᠪᠡᠷ ᠳᠠᠬᠢᠨ ᠢᠯᠡᠷᠡᠭᠦᠯᠵᠦ᠍᠂ ᠬᠦᠮᠦᠰ᠎ᠤᠨ ᠰᠡᠳᠭᠢᠯ᠎ᠢ ᠲᠤᠩᠰᠤᠯᠭᠠᠮ᠎ᠠ ᠪᠠᠶᠠᠯᠢᠭ ᠰᠠᠨᠠᠭ᠎ᠠ ᠠᠬᠤᠢ  ᠪᠦᠬᠦᠢ ᠺᠢᠨᠣ᠋᠎ᠶ᠋ᠢᠨ ᠦᠵᠡᠭᠳᠡᠯ ᠵᠢᠡᠷ ᠪᠠᠭᠠᠳᠤᠷᠴᠤᠤᠨ᠎ᠤᠨ ᠰᠡᠳᠬᠢᠯ᠎ᠤᠨ ᠬᠦᠳᠡᠯᠭᠡᠭᠡᠨ᠎ᠢ ᠤᠷᠠᠨ ᠨᠠᠷᠢᠨ ᠢᠯᠡᠷᠡᠭᠦᠯᠵᠦ ᠦᠵᠡᠭ᠌ᠴᠢᠳ᠎ᠤᠨ ᠰᠡᠳᠬᠢᠯ᠎ᠢ ᠬᠦᠨᠳᠡᠭᠰᠡᠨ ᠶᠤᠮ᠃ ᠺᠢᠨᠤ᠋᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭᠰᠠᠨ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠣᠰ᠎ᠢ ᠲᠤᠰᠠᠯᠠᠬᠤ ᠳᠠᠢᠨ᠎ᠤ ᠭᠡᠷᠡᠯ ᠰᠠᠴᠤᠷᠠᠩᠭᠤᠶ ᠲᠡᠦᠬᠡᠨ ᠶᠠᠪᠤᠴᠠ᠎ᠶ᠋ᠢ ᠰᠢᠭᠤᠳ ᠲᠤᠰᠭᠠᠵᠤ᠂ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠣᠰ᠎ᠢ ᠲᠤᠰᠠᠯᠠᠭᠰᠠᠨ ᠠᠭᠤᠤ ᠶᠡᠬᠡ ᠵᠣᠷᠢᠭ ᠰᠠᠨᠠᠭᠠᠨ᠎ᠤ ᠪᠠᠶᠠᠯᠢᠭ ᠠᠭᠤᠯᠤᠭ᠍ᠳᠠᠬᠤᠨ᠎ᠢ ᠭᠦᠨᠵᠡᠭᠡᠶ ᠲᠤᠰᠭᠠᠭ᠍ᠰᠠᠨ ᠪᠠᠢᠨ᠎ᠠ᠃

ᠠᠬ᠎ᠠ ᠳᠡᠭᠦᠦ᠍᠎ᠶ᠋ᠢᠨ ᠨᠠᠢᠷ᠂ ᠳᠠᠢᠴᠢᠨ ᠠᠨᠳᠠ᠎ᠶᠢᠨ ᠨᠦᠬᠦᠷᠯᠡᠯ᠂ ᠡᠬᠡ ᠤᠷᠤᠨᠴᠢ ᠰᠡᠳᠬᠢᠯᠭᠡ — 《ᠽᠠᠩᠵᠢᠨ ᠨᠠᠭᠤᠷ》ᠺᠢᠨᠣ᠋ ᠵᠢᠨ ᠪᠦᠲᠦᠭᠡᠭ᠌ᠰᠡᠨ ᠬᠦᠮᠦᠰ᠎ᠤᠨ ᠰᠡᠳᠬᠢᠯ᠎ᠳᠤ ᠭᠦᠨ ᠰᠠᠭᠤᠭᠳᠠᠬᠤ ᠪᠠᠭᠠᠳᠤᠷᠴᠤᠳ᠎ᠤᠨ ᠳᠦᠷᠢ ᠨᠤᠭᠦᠳ ᠡᠴᠡ ᠪᠢᠳᠡ ᠰᠠᠢᠨ ᠳᠤᠷ᠎ᠠ ᠵᠢᠨ ᠴᠡᠷᠢᠭ᠎ᠦᠨ ᠳᠠᠷᠤᠭ᠎ᠠ ᠪᠠᠢᠯᠳᠤᠭ᠍ᠴᠢᠳ᠎ᠤᠨ ᠪᠠᠭᠠᠲᠤᠷᠯᠢᠭ ᠴᠣᠭ ᠵᠢᠪᠬᠤᠭ᠎ᠠ ᠪᠠ ᠲᠡᠳᠡᠨ᠎ᠦ ᠬᠦᠴᠦᠷᠬᠡᠭ ᠳᠠᠢᠰᠤᠨ ᠡᠴᠡ ᠰᠦᠷᠳᠡᠬᠦ ᠦᠭᠡᠶ᠂ ᠬᠦᠴᠦᠷᠬᠡᠭ ᠳᠠᠢᠰᠤᠨ᠎ᠢ ᠢᠯᠠᠬᠤ ᠵᠣᠷᠢᠭ ᠰᠠᠨᠠᠭ᠎ᠠ᠎ᠶ᠋ᠢ ᠣᠢᠯᠠᠭᠠᠬᠤ ᠶᠤᠮ᠃

《ᠽᠠᠩᠵᠢᠨ ᠨᠠᠭᠤᠷ》 ᠺᠢᠨᠣ᠋᠎ᠳᠤ ᠳᠤᠮᠳᠠᠳᠤ᠎ᠶ᠋ᠢᠨ ᠦᠨᠳᠦᠰᠦᠲᠡᠨ᠎ᠦ ᠬᠦᠴᠦᠷᠬᠡᠭ ᠳᠠᠢᠰᠤᠨ ᠡᠴᠡ ᠠᠶᠤᠬᠤ ᠦᠭᠡᠶ᠂ ᠡᠩᠬᠡ ᠲᠠᠢᠪᠤᠩ᠎ᠢ ᠬᠠᠮᠠᠭᠠᠯᠠᠬᠤ ᠡᠷᠴᠢ ᠵᠣᠷᠢᠭ ᠪᠤᠯᠤᠨ ᠠᠷᠠᠳ ᠣᠯᠠᠨ᠎ᠤ ᠭᠦᠨ ᠵᠤᠵᠠᠭᠠᠨ ᠡᠬᠡ ᠣᠷᠣᠨᠴᠢ ᠰᠡᠳᠬᠢᠯᠭᠡ᠎ᠶᠢ ᠭᠦᠢᠴᠡᠳ ᠬᠠᠷᠠᠭᠤᠯᠤᠭ᠍ᠰᠠᠨ ᠪᠠᠢᠨ᠎ᠠ᠃ ᠺᠢᠨᠤ᠋᠎ᠳᠡᠬᠢ ᠠᠯᠢ ᠤᠯᠠᠨ ᠨᠠᠷᠢᠨ ᠵᠦᠢᠯᠡᠰ᠎ᠦᠨ ᠵᠢᠷᠤᠭ᠍ᠯᠠᠯ ᠨᠢ ᠬᠦᠮᠦᠰ᠎ᠢ ᠦᠪᠡᠷ᠎ᠤᠨ ᠡᠷᠬᠡ ᠦᠭᠡᠢ ᠨᠢᠯᠪᠤᠰᠤ ᠤᠨᠠᠭᠠᠨ᠎ᠠ᠃ ᠬᠦᠮᠦᠰ ᠲᠦ᠍ ᠭᠦᠨ ᠰᠠᠭᠤᠭᠳᠠᠯ ᠦᠭᠭᠦᠭᠰᠡᠨ ᠨᠢᠭᠡᠨ ᠦᠵᠡᠭᠳᠡᠯ ᠭᠡᠪᠡᠯ᠄ ᠳᠠᠢᠰᠤᠨ ᠬᠠᠯᠠᠭᠤᠨ ᠠᠭᠤᠷ ᠰᠠᠪᠰᠠᠯᠠᠭ᠍ᠰᠠᠨ ᠡᠯ᠎ᠡ ᠵᠦᠢᠯ᠎ᠦᠨ ᠠᠮᠳᠠᠳᠤ ᠢᠳᠡᠭᠡᠨ ᠢᠳᠡᠵᠦ᠍᠂ ᠠᠩᠬᠢᠯᠤᠮ᠎ᠠ ᠦᠨᠦᠷ ᠬᠠᠩᠬᠤᠯᠤᠭ᠍ᠰᠠᠨ ᠺᠣᠹᠧ ᠤᠤᠭᠤᠵᠤ ᠪᠠᠢᠬᠤ ᠳ᠋ᠤ᠂ ᠮᠠᠨ᠎ᠤ ᠳᠠᠷᠤᠭ᠎ᠠ ᠪᠠᠢᠯᠳᠤᠭ᠍ᠴᠢᠳ ᠬᠠᠷᠢᠨ ᠮᠥᠰᠥ᠍ ᠴᠠᠰᠤᠨ᠎ᠳᠤ ᠬᠤᠴᠢᠭ᠍ᠳᠠᠭᠰᠠᠨ ᠭᠡᠭᠡᠷ᠎ᠠ ᠭᠠᠳᠠᠭ᠎ᠠ ᠬᠡᠪᠳᠡᠵᠦ᠂ ᠱᠢᠷᠠᠭ᠍ᠰᠠᠨ ᠬᠦᠯᠳᠡᠭᠦᠦ ᠲᠥᠮᠥᠰᠥ᠍᠎ᠶᠢ ᠴᠦ᠍ ᠴᠠᠳᠳᠠᠯ᠎ᠠ ᠪᠡᠨ ᠤᠯᠵᠤ ᠢᠳᠡᠬᠦ ᠦᠭᠡᠢ ᠪᠠᠢᠪᠠ᠃ ᠭᠡᠲᠡᠯ᠎ᠡ ᠶᠠᠭ ᠡᠨᠡ᠎ᠬᠦ ᠲᠤᠯᠠᠭᠠᠬᠠᠨ ᠬᠤᠪᠴᠠᠰᠤ ᠦᠭᠡᠢ᠂ ᠭᠡᠳᠡᠰᠦ ᠦᠯᠦᠰᠭᠦᠯᠡᠩ᠂ ᠵᠡᠪᠰᠡᠭ ᠲᠣᠨᠣᠭ᠍ᠯᠠᠯ ᠬᠣᠴᠣᠷᠤᠩᠭᠤᠢ ᠴᠡᠷᠢᠭ ᠠᠩᠭᠢ ᠨᠢ ᠥᠪᠡᠷ᠎ᠢ᠎ᠪᠡᠨ 《ᠳᠡᠯᠡᠬᠡᠢ ᠳᠡᠭᠡᠷ᠎ᠠ ᠬᠠᠮᠤᠭ᠎ᠤᠨ ᠬᠦᠴᠦᠷᠬᠡᠭ》 ᠭᠡᠵᠦ᠍ ᠮᠠᠭ᠍ᠲᠠᠵᠤ ᠪᠠᠢᠭ᠍ᠰᠠᠨ᠂ 《ᠰᠢᠳᠦᠨ᠎ᠳᠡᠭᠡᠨ ᠬᠦᠷᠳᠡᠯ᠎ᠠ ᠵᠡᠪᠰᠡᠭᠯᠡᠭᠰᠡᠨ》 ᠠᠮᠧᠷᠢᠺᠠ᠎ᠶ᠋ᠢᠨ ᠴᠡᠷᠢᠭ᠎ᠢ ᠢᠯᠠᠭᠠᠳ ᠳᠡᠯᠡᠬᠡᠢ᠎ᠶ᠋ᠢᠨ ᠲᠠᠢ᠌ᠨ᠎ᠦ ᠲᠡᠦᠬᠡᠨ ᠳᠡᠭᠡᠷᠡᠬᠢ ᠭᠠᠢᠬᠠᠮᠱᠢᠭ᠎ᠢ ᠡᠭᠦᠳᠴᠦ᠍᠂ ᠱᠢᠳᠤᠷᠭᠤ ᠶᠣᠰᠣᠨ᠎ᠤ ᠢᠯᠠᠯᠲᠠ᠂ ᠡᠩᠬᠡ ᠲᠠᠢᠪᠤᠩ᠎ᠤᠨ ᠢᠯᠠᠯᠲᠠ᠂ ᠠᠷᠠᠳ ᠲᠦᠮᠡᠨ᠎ᠦ ᠢᠯᠠᠯᠲᠠ᠎ᠶ᠋ᠢ ᠤᠭᠳᠤᠭᠰᠠᠨ ᠪᠢᠯᠡ᠃

ᠺᠢᠨᠣ᠋᠎ᠳᠤ ᠽᠠᠩᠵᠢᠨ ᠨᠠᠭᠤᠷ᠎ᠤᠨ ᠲᠠᠢᠯᠠᠯᠳᠤᠭᠠᠨ᠎ᠢ ᠭᠣᠣᠯᠳᠠᠯᠭ᠎ᠠ᠎ᠲᠠᠶ ᠢᠯᠡᠷᠡᠭᠦᠯᠬᠦ᠎ᠶ᠋ᠢᠨ ᠬᠠᠮᠲᠤ ᠣᠯᠠᠨ ᠵᠦᠢᠯ᠎ᠦᠨ ᠢᠯᠡᠷᠡᠭᠦᠯᠬᠦ᠌ ᠠᠷᠭ᠎ᠠ ᠪᠠᠷᠢᠯ᠎ᠢᠶᠡᠷ ᠠᠮᠧᠷᠢᠺᠠ᠎ᠶᠢ ᠡᠰᠡᠷᠭᠦᠴᠡᠵᠦ ᠰᠣᠯᠣᠩᠭᠣᠰ᠎ᠢ ᠲᠤᠰᠠᠯᠠᠬᠤ ᠳᠠᠢᠨ᠎ᠢ ᠬᠤᠷᠢᠶᠠᠩᠭᠤᠢ ᠪᠡᠷ ᠪᠦᠬᠦᠯᠢ ᠴᠣᠭ᠍ᠴᠠ ᠪᠠᠷ ᠨᠢ ᠢᠯᠡᠷᠡᠭᠦᠯᠵᠤ᠂ ᠱᠢᠳᠤᠷᠭᠤ ᠶᠣᠰᠣᠨ᠎ᠤ ᠬᠠᠷᠢᠭᠤᠴᠠᠯᠭ᠎ᠠ ᠵᠢ ᠡᠭᠦᠷᠭᠡᠯᠡᠭᠰᠡᠨ᠂ ᠴᠡᠷᠢᠭ ᠬᠦᠳᠡᠯᠭᠡᠬᠦ ᠪᠡᠷ ᠳᠤᠭᠳᠠᠭᠰᠠᠨ᠂ ᠫᠠᠷᠲ᠋ᠢᠽᠠᠨ ᠳᠠᠢᠨ ᠬᠢᠵᠦ ᠳᠠᠢᠰᠤᠨ᠎ᠢ ᠰᠥᠨᠥᠭᠡᠭᠰᠡᠨ᠂ ᠳᠠᠢᠨ᠎ᠤ ᠹᠷᠣᠨᠲ᠎ᠢ ᠲᠣᠭ᠍ᠲᠠᠪᠤᠷᠢᠵᠢᠭᠤᠯᠤᠭᠰᠠᠨ᠂ ᠪᠠᠢᠯᠳᠤᠬᠤ᠎ᠶᠢᠨ ᠵᠡᠷᠭᠡ ᠪᠡᠷ ᠬᠡᠯᠡᠯᠴᠡᠭᠡ ᠬᠢᠬᠦ᠎ᠶ᠋ᠢ ᠠᠬᠢᠭᠤᠯᠤᠭᠰᠠᠨ᠂ ᠪᠠᠢᠯᠳᠤᠬᠤ ᠲᠤᠲᠤᠮ ᠴᠢᠩᠭᠠᠷᠠᠭᠰᠠᠨ ᠡᠴᠡ ᠳᠠᠢᠨ ᠵᠣᠭ᠍ᠰᠣᠭᠰᠠᠨ᠂ ᠢᠯᠠᠯᠲᠠ ᠲᠠᠶ ᠪᠠᠷ ᠤᠯᠤᠰ ᠲᠠᠭᠠᠨ ᠪᠤᠴᠠᠵᠤ ᠢᠷᠡᠭᠰᠡᠨ ᠬᠦᠷᠲᠡᠯᠡᠬᠢ ᠰᠦᠷ ᠵᠢᠪᠬᠤᠯᠠᠩᠲᠤ ᠪᠠᠭᠠᠲᠤᠷᠯᠢᠭ ᠲᠤᠤᠯᠢᠰ᠎ᠤᠨ ᠭᠣᠢᠳᠠ ᠰᠠᠢᠬᠠᠨ ᠬᠠᠭᠤᠳᠠᠰᠤ᠎ᠶ᠋ᠢ ᠰᠡᠭᠦᠵᠠᠢ᠃ ᠺᠢᠨᠣ᠋᠎ᠶ᠋ᠢᠨ ᠲᠣᠰ ᠪᠡᠶ᠎ᠡ᠎ᠶ᠋ᠢᠨ ᠠᠮᠵᠢᠯᠲᠠ ᠡᠴᠡ ᠨᠡᠩ ᠢᠯᠡᠭᠦᠦ ᠠᠴᠢ ᠬᠤᠯᠪᠤᠭᠳᠠᠯ ᠲᠠᠢ ᠵᠦᠢᠯ ᠭᠡᠪᠡᠯ᠂ 《ᠽᠠᠩᠵᠢᠨ ᠨᠠᠭᠤᠷ》 ᠢ᠋ ᠦᠵᠡᠭᠡᠳ ᠠᠯᠢ ᠣᠯᠠᠨ ᠬᠥᠮᠤᠨ ᠲᠡᠷᠡ ᠦᠶ᠎ᠠ᠎ᠶᠢᠨ ᠲᠡᠦᠬᠡ᠎ᠶ᠋ᠢ ᠡᠷᠬᠢᠴᠡᠭᠦᠯᠦᠨ ᠰᠤᠷᠤᠯᠴᠠᠵᠤ᠂ ᠲᠡᠷᠡᠴᠢᠯᠡᠨ ᠲᠡᠭᠦᠨ᠎ᠦ ᠳᠤᠮᠳᠠ ᠡᠴᠡ ᠡᠬᠡ ᠣᠷᠣᠨᠴᠢ ᠰᠡᠳᠭᠢᠯᠭᠡ᠎ᠶ᠋ᠢ ᠣᠢᠯᠠᠭᠠᠨ᠂ ᠡᠷᠡᠮᠡᠬᠡᠢᠯᠡᠨ ᠤᠷᠤᠭ᠍ᠰᠢᠯᠠᠬᠤ ᠬᠦᠴᠦᠨ ᠤᠯᠪᠠ᠃

10 ᠰᠠᠷ᠎ᠠ᠎ᠶᠢᠨ 25 ᠎ᠤ᠋ ᠡᠳᠦᠷ ᠪᠤᠯ ᠠᠮᠧᠷᠢᠺᠠ᠎ᠶᠢ ᠡᠰᠡᠷᠭᠦᠴᠡᠵᠦ ᠰᠤᠯᠤᠩᠭᠤᠰ᠎ᠢ ᠲᠤᠰᠠᠯᠠᠭᠰᠠᠨ ᠳᠤᠷᠠᠰᠬᠠᠯ᠎ᠤᠨ ᠡᠳᠦᠷ ᠮᠦᠨ᠂ ᠲᠤᠰ ᠡᠳᠦᠷ 《 ᠽᠠᠩᠵᠢᠨ ᠨᠠᠭᠤᠷ 》 ᠺᠢᠨᠤ᠋᠎ᠶᠢ ᠦᠢᠯᠡᠳᠦᠭᠴᠢ ᠪᠦᠯᠬᠦᠮ᠎ᠤᠨ ᠬᠢᠨ《ᠳᠤᠮᠳᠠᠳᠤ ᠤᠯᠤᠰ᠎ᠤᠨ ᠠᠷᠠᠳ᠎ᠤᠨ ᠰᠠᠢᠨ ᠳᠤᠷ᠎ᠠ᠎ᠶᠢᠨ ᠴᠡᠷᠢᠭ ᠠᠮᠧᠷᠢᠺᠠ᠎ᠶᠢ ᠡᠰᠡᠷᠭᠦᠴᠡᠵᠦ ᠰᠤᠯᠤᠩᠭᠤᠰ᠎ᠢ ᠲᠤᠰᠠᠯᠠᠬᠤ ᠪᠡᠷ ᠭᠠᠳᠠᠭᠠᠳᠤ᠎ᠳᠤ ᠭᠠᠷᠴᠤ ᠳᠠᠢᠨ ᠬᠢᠭᠰᠡᠨ 71 ᠵᠢᠯ᠎ᠤᠨ ᠤᠢ᠎ᠶᠢ ᠳᠤᠷᠠᠰᠬᠠᠬᠤ ᠤᠨᠴᠠᠭᠠᠢ ᠹᠢᠯᠢᠮ》 ᠵᠢᠨᠨ ᠨᠡᠢᠳᠡᠯᠡᠪᠡ᠃ ᠹᠢᠯᠢᠮ᠎ᠢ ᠦᠵᠡᠬᠦ ᠪᠡᠷ᠂ ᠰᠠᠢᠨ ᠳᠤᠷ᠎ᠠ᠎ᠶᠢᠨ ᠴᠡᠷᠢᠭ᠎ᠤᠨ ᠦᠷᠡᠭᠳᠡᠭᠰᠡᠨ ᠪᠠᠭᠠᠳᠤᠷᠴᠤᠳ᠎ᠤᠨ ᠴᠢᠨᠳᠠᠷ᠎ᠤᠨ ᠡᠬᠡ ᠤᠯᠤᠰ ᠲᠠᠭᠠᠨ ᠪᠤᠴᠠᠬᠤ ᠶᠤᠰᠤᠯᠠᠯ᠎ᠤᠨ ᠦᠵᠡᠭᠳᠡᠯ ᠡᠷᠬᠡ ᠦᠭᠡᠢ ᠰᠠᠨᠠᠭᠳᠠᠨ᠎ᠠ᠃

 《ᠡᠬᠡ ᠤᠯᠤᠰ ᠬᠦᠴᠦᠷᠬᠡᠭ ᠪᠤᠯᠬᠤ ᠲᠤᠰᠤᠮ ᠵᠢᠡᠨ ᠲᠠ ᠨᠠᠷ᠎ᠢ ᠳᠤᠷᠠᠰᠤᠨ ᠰᠠᠨᠠᠭᠠᠯᠵᠠᠨ᠎ᠠ !》 ᠭᠡᠵᠦ ᠠᠮᠧᠷᠢᠺᠠ᠎ᠶᠢ ᠡᠰᠡᠷᠭᠦᠴᠡᠵᠦ ᠰᠤᠯᠤᠩᠭᠤᠰ᠎ᠢ ᠲᠤᠰᠠᠯᠠᠬᠤ ᠳᠠᠢᠨ ᠳ᠋ᠤ ᠤᠷᠤᠯᠴᠠᠭᠰᠠᠨ ᠨᠢᠭᠡᠨ ᠪᠤᠭᠤᠷᠤᠯ ᠨᠠᠰᠤᠳᠠᠨ ᠰᠡᠳᠬᠢᠯ ᠳᠤᠭᠳᠤᠯᠤᠨ ᠶᠠᠷᠢᠭᠰᠠᠨ ᠪᠠᠢᠳᠠᠭ᠃ ᠡᠩᠬᠡ ᠲᠠᠢᠪᠤᠩ ᠬᠢᠭᠡᠳ ᠬᠦᠭᠵᠢᠯᠳᠠ ᠮᠠᠨᠳᠤᠯᠳᠠ ᠵᠢᠨ ᠴᠠᠭ ᠦᠶ᠎ᠠ ᠳ᠋ᠤ ᠠᠮᠢᠳᠤᠷᠠᠵᠤ ᠪᠠᠢᠭ᠎ᠠ ᠪᠢᠳᠡᠨᠤᠰ ᠦᠨᠦᠳᠦᠷ᠎ᠤᠨ ᠵᠤᠯ ᠵᠢᠷᠭᠠᠯᠳᠦ ᠠᠮᠢᠳᠤᠷᠠᠯ ᠬᠡᠷᠬᠢᠨ ᠢᠷᠡᠭᠰᠡᠨ᠎ᠢ ᠬᠡᠷᠬᠢᠪᠡᠴᠤ ᠮᠠᠷᠳᠠᠵᠤ ᠪᠤᠯᠬᠤ ᠦᠭᠡᠢ᠂ ᠠᠮᠢ ᠨᠠᠰᠤ ᠪᠡᠷ᠎ᠢᠶᠡᠨ ᠡᠬᠡ ᠤᠯᠤᠰ᠎ᠢᠶᠠᠨ ᠪᠠᠳᠤᠯᠠᠨ ᠬᠠᠮᠠᠭᠠᠯᠠᠭᠰᠠᠨ ᠪᠠᠭᠠᠳᠤᠷᠴᠤᠳ ᠵᠢᠡᠨ ᠬᠡᠷᠬᠢᠪᠡᠴᠤ ᠮᠠᠷᠳᠠᠵᠤ ᠪᠤᠯᠬᠤ ᠦᠭᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号