ᠣᠢᠷ᠎ᠠ᠎ᠳᠤ ᠵᠠᠷᠢᠮ ᠤᠯᠤᠰ᠎ᠲᠤ ᠢᠯᠡᠷᠡᠭ᠌ᠰᠡᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠤᠨᠳᠤᠤᠱᠢᠭ᠍ᠰᠠᠨ ᠸᠢᠷᠦ᠋ᠰ ᠪᠤᠯᠬᠤ ᠤᠮᠢᠬ᠌ᠷᠤᠨ ᠸᠢᠷᠦ᠋ᠰ᠎ᠦᠨ ᠰᠠᠭᠤᠷᠢ ᠵᠢᠨ ᠲᠤᠬᠠᠢ᠂ ᠳᠡᠯᠡᠬᠡᠶ᠎ᠶ᠋ᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ 26᠎ᠤ᠋ ᠡᠳᠦᠷ ᠲᠤᠰᠭᠠᠶ ᠦᠨᠡᠯᠡᠨ ᠵᠢᠱ᠌ᠢᠬᠦ᠌ ᠬᠤᠷᠠᠯ᠎ᠢ ᠪᠠᠴᠢᠮ ᠬᠤᠷᠠᠯᠳᠤᠭᠤᠯᠵᠤ᠂ ᠲᠡᠭᠦᠨ᠎ᠢ《ᠠᠩᠬᠠᠷᠬᠤ ᠴᠢᠬᠤᠯᠠᠲᠠᠶ》ᠤᠨᠳᠤᠤᠱᠢᠭ᠍ᠰᠠᠨ ᠸᠢᠷᠦ᠋ᠰ᠎ᠦᠨ ᠰᠠᠭᠤᠷᠢ᠎ᠳᠤ ᠵᠢᠭ᠍ᠰᠠᠭᠠᠵᠤ᠂ ᠡᠯ᠎ᠡ ᠤᠯᠤᠰ᠎ᠤᠨ ᠬᠢᠨᠢ ᠬᠢᠨᠠᠨ ᠬᠡᠮᠵᠢᠬᠦ᠌ ᠪᠠ ᠲᠠᠰ ᠳᠠᠷᠠᠭᠠᠯᠠᠯ᠎ᠢ ᠬᠡᠮᠵᠢᠬᠦ᠌ ᠠᠵᠢᠯ᠎ᠢᠶᠠᠨ ᠴᠢᠩᠭᠠᠳᠭᠠᠬᠤ ᠬᠡᠷᠡᠭ᠌ᠲᠡᠶ ᠭᠡᠵᠦ᠍ ᠱᠠᠭᠠᠷᠳᠠᠪᠠ᠃
ᠲᠣᠰ ᠤᠳᠠᠭᠠᠨ᠎ᠤ ᠸᠢᠷᠦ᠋ᠰ᠎ᠦᠨ ᠭᠡᠨᠡᠳᠲᠡ᠎ᠶ᠋ᠢᠨ ᠣᠨᠳᠣᠣᠱᠢᠯᠤᠨ ᠠᠴᠢ ᠬᠣᠯᠪᠣᠭ᠍ᠳᠠᠯ ᠨᠢ ᠶᠠᠭᠤ ᠪᠣᠶ? ᠣᠳᠣ ᠪᠠᠢᠭ᠎ᠠ ᠬᠢᠵᠢᠭ᠎ᠢ ᠰᠡᠷᠭᠡᠢᠯᠡᠬᠦ᠌ ᠪᠠᠭᠠᠵᠢ ᠪᠠᠰᠠ ᠬᠦᠴᠦᠨ᠎ᠲᠡᠶ ᠦᠦ?
ᠣᠨᠳᠣᠣᠱᠢᠯᠨᠢ ᠠᠩᠬᠠᠷᠤᠭᠤᠱᠢᠲᠠᠢ
ᠱᠢᠨ᠎ᠡ ᠲᠢᠲᠢᠮᠯᠢᠭ ᠸᠢᠷᠦ᠋ᠰ᠎ᠢ ᠪᠠᠭ᠍ᠲᠠᠭᠠᠭ᠍ᠰᠠᠨ ᠪᠤᠢ ᠪᠦᠬᠦᠢ ᠸᠢᠷᠦ᠋ᠰ᠎ᠨᠢ ᠴᠥᠮ ᠥᠪᠡᠷ᠎ᠢ᠎ᠪᠡᠨ ᠬᠠᠭᠤᠯᠪᠤᠷᠢᠯᠠᠬᠤ ᠶᠠᠪᠤᠴᠠ᠎ᠳᠤ ᠪᠠᠭ᠎ᠠ ᠰᠠᠭ᠎ᠠ 《ᠠᠯᠳᠠᠭ᠎ᠠ》 ᠭᠠᠷᠭᠠᠵᠤ ᠮᠡᠳᠡᠨ᠎ᠡ᠂ ᠳᠠᠷᠤᠢ ᠬᠥᠮᠦᠰ᠎ᠦᠨ ᠦᠷᠭᠦᠯᠵᠢ ᠬᠡᠯᠡᠳᠡᠭ ᠣᠨᠳᠣᠣᠱᠢᠯ ᠪᠣᠯᠤᠨ᠎ᠠ᠃ ᠣᠯᠠᠩᠬᠢ ᠣᠨᠳᠣᠣᠱᠢᠯ ᠨᠢ ᠸᠢᠷᠦ᠋ᠰ᠎ᠦᠨ 《ᠶᠡᠬᠡ ᠬᠤᠪᠢᠰᠤᠯᠲᠠ》᠎ᠶ᠋ᠢ ᠡᠭᠦᠰᠭᠡᠬᠦ᠌ ᠥᠬᠡᠶ ᠪᠣᠯᠪᠠᠴᠤ᠌ ᠪᠠᠰᠠ ᠵᠠᠷᠢᠮ ᠣᠨᠳᠣᠣᠱᠢᠯᠨᠢᠸᠢᠷᠦ᠋ᠰᠲᠤ᠌ᠠᠩᠬᠠᠷᠤᠭᠤᠱᠢᠲᠠᠶᠱᠢᠨᠵᠢ ᠪᠠᠢᠳᠠᠯ᠎ᠤᠨ ᠬᠤᠪᠢᠷᠠᠯᠲᠠ ᠭᠠᠷᠭᠠᠳᠠᠭ᠃
ᠠᠨᠭ᠌ᠭ᠌ᠯᠢ᠎ᠶ᠋ᠢᠨ ᠬᠠᠭᠠᠨᠲᠤ ᠤᠯᠤᠰ᠎ᠤᠨ ᠪᠠᠢᠭᠠᠯᠢ ᠲᠧᠭ᠌ᠨᠢᠭ᠎ᠦᠨ ᠤᠬᠠᠭᠠᠨ᠎ᠤ ᠳᠡᠭᠡᠳᠦ ᠰᠤᠷᠭᠠᠭᠤᠯᠢ᠎ᠶ᠋ᠢᠨ ᠸᠢᠷᠦ᠋ᠰ᠎ᠦᠨ ᠤᠬᠠᠭᠠᠨ᠎ᠤ ᠲᠤᠰᠭᠠᠶ ᠮᠡᠷᠭᠡᠵᠢᠯᠲᠡᠨ ᠲᠤᠮᠠᠰ· ᠫᠢᠺᠤᠺᠤᠨ ᠲᠠᠨᠢᠯᠴᠠᠭᠤᠯᠤᠭ᠍ᠰᠠᠨ᠎ᠢᠶᠠᠷ᠂ 11 ᠰᠠᠷ᠎ᠠ᠎ᠳᠤ ᠱᠢᠨ᠎ᠡ᠎ᠪᠡᠷ ᠢᠯᠡᠷᠡᠭᠦᠯᠦᠭ᠌ᠰᠡᠨ ᠤᠮᠢᠬ᠌ᠷᠤᠨ ᠸᠢᠷᠦ᠋ᠰ ᠦᠨ ᠰᠠᠭᠤᠷᠢᠨ᠎ᠢ ᠮᠠᠰᠢ ᠣᠯᠠᠨ ᠤᠨᠳᠤᠤᠱᠢᠯ ᠡᠭᠦᠰᠴᠦ᠍᠂ ᠵᠥᠪᠬᠡᠨ ᠲᠡᠭᠦᠨ᠎ᠦ ᠥᠩᠭᠡᠨ ᠲᠠᠯ᠎ᠠ᠎ᠶ᠋ᠢᠨ ᠥᠷᠭᠡᠰᠦᠲᠦ ᠲᠣᠪᠣᠭᠣᠷ ᠤᠭᠤᠷᠠᠭ ᠳᠡᠭᠡᠷᠡᠬᠢ ᠤᠨᠳᠤᠤᠱᠢᠯᠨᠢ 32 ᠭᠠᠵᠠᠷ ᠪᠠᠢᠵᠤ᠂ ᠱᠢᠨ᠎ᠡ ᠲᠢᠲᠢᠮᠯᠢᠭ ᠸᠢᠷᠦ᠋ᠰ᠎ᠨᠢ ᠶᠠᠭ ᠥᠷᠭᠡᠰᠦᠲᠦ ᠲᠣᠪᠣᠭᠣᠷ ᠤᠭᠤᠷᠠᠭ ᠪᠣᠯᠤᠨ ᠬᠥᠮᠦᠨ ᠲᠥᠷᠥᠯᠬᠢᠲᠡᠨ᠎ᠦ ᠡᠰ᠎ᠦᠨ ᠬᠦᠯᠢᠶᠡᠭ᠌ᠴᠢᠲᠡᠶ ᠤᠶᠠᠯᠳᠤᠬᠤ᠎ᠪᠠᠷ ᠳᠡᠮᠵᠢᠨ ᠬᠥᠮᠦᠨ᠎ᠦ ᠪᠡᠶᠡᠳᠦ ᠬᠠᠯᠳᠠᠪᠤᠷᠢᠯᠠᠭ᠍ᠳᠠᠳᠠᠭ ᠪᠠᠢᠨ᠎ᠠ᠃ ᠡᠨᠡ ᠬᠦ᠌ ᠱᠢᠨ᠎ᠡ ᠸᠢᠷᠦ᠋ᠰ᠎ᠦᠨ ᠰᠠᠭᠤᠷᠢ ᠨᠢ 《ᠪᠣᠶ ᠪᠥᠬᠥᠶ ᠨᠢᠭᠡᠨᠲᠡ ᠢᠯᠭᠠᠨ ᠲᠠᠨᠢᠭ᠍ᠰᠠᠨ ᠥᠳᠥᠭᠡᠭ᠌ᠴᠢᠶ᠋ᠢᠨ ᠴᠡᠭ᠎ᠲᠦ ᠴᠥᠮ ᠭᠡᠨᠡᠳᠲᠡ᠎ᠶ᠋ᠢᠨ ᠤᠨᠳᠤᠤᠱᠢᠯ ᠭᠠᠷᠤᠭ᠍ᠰᠠᠨ ᠱᠢᠭ᠋》᠂ ᠡᠨᠡ ᠨᠢ ᠣᠯᠠᠩᠬᠢ ᠡᠰᠡᠷᠭᠦᠴᠡᠭ᠌ᠴᠢᠶ᠋ᠢᠨ ᠥᠷᠭᠡᠰᠦᠲᠦ ᠲᠣᠪᠣᠭᠣᠷ ᠤᠭᠤᠷᠠᠭ᠎ᠢ ᠢᠯᠭᠠᠨ ᠲᠠᠨᠢᠬᠤ᠎ᠶ᠋ᠢ ᠨᠥᠯᠥᠭᠡᠯᠡᠬᠦ᠌ ᠪᠤᠯᠤᠮᠵᠢ ᠲᠠᠢ᠃
ᠠᠨᠭ᠌ᠭ᠌ᠯᠢ᠎ᠶ᠋ᠢᠨ ᠸᠤᠷᠢᠺ ᠶᠡᠬᠡ ᠰᠤᠷᠭᠠᠭᠤᠯᠢ᠎ᠶ᠋ᠢᠨ ᠸᠢᠷᠦ᠋ᠰ᠎ᠦᠨ ᠤᠬᠠᠭᠠᠨᠲᠠᠨ ᠯᠤᠷᠸ᠋ᠨ᠋ᠰ· ᠶᠠᠩ᠎ᠤᠨ ᠬᠡᠯᠡᠬᠦ᠌᠎ᠪᠡᠷ᠂ ᠱᠢᠨ᠎ᠡ ᠸᠢᠷᠦ᠋ᠰ᠎ᠦᠨ ᠰᠠᠭᠤᠷᠢᠨ᠎ᠢ ᠠᠩᠬ᠎ᠠ ᠤᠳᠠᠭ᠎ᠠ ᠪᠤᠰᠤᠳ ᠸᠢᠷᠦ᠋ᠰ᠎ᠦᠨ ᠰᠠᠭᠤᠷᠢ ᠵᠢᠨ ᠳᠣᠲᠣᠷᠠᠬᠢ ᠵᠠᠷᠢᠮ ᠤᠨᠳᠤᠤᠱᠢᠯᠢ ᠲᠥᠪᠯᠡᠷᠡᠭᠦᠯᠦᠭ᠌ᠰᠡᠨ᠎ᠢᠶᠡᠷ ᠪᠠᠷᠠᠬᠤ ᠥᠬᠡᠶ᠂ ᠪᠠᠰᠠ ᠱᠢᠨ᠎ᠡ ᠤᠨᠳᠤᠤᠱᠢᠯᠢ ᠪᠣᠶ ᠪᠣᠯᠭᠠᠪᠠ᠃
ᠳᠡᠯᠡᠬᠡᠶ᠎ᠶ᠋ᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ 26᠎ᠤ᠋ ᠡᠳᠦᠷ ᠲᠤᠰᠭᠠᠶ ᠦᠨᠡᠯᠡᠨ ᠵᠢᠱ᠌ᠢᠬᠦ᠌ ᠬᠤᠷᠠᠯ᠎ᠢ ᠪᠠᠴᠢᠮ ᠬᠤᠷᠠᠯᠳᠤᠭᠤᠯᠵᠤ᠂ ᠤᠮᠢᠬ᠌ᠷᠤᠨ ᠸᠢᠷᠦ᠋ᠰ᠎ᠦᠨ ᠰᠠᠭᠤᠷᠢ᠎ᠶ᠋ᠢᠨ ᠵᠠᠷᠢᠮ ᠭᠡᠨᠡᠳᠲᠡ᠎ᠶ᠋ᠢᠨ ᠤᠨᠳᠤᠤᠱᠢᠯ ᠨᠢ《ᠬᠥᠮᠦᠰ᠎ᠢ ᠰᠠᠨᠠᠭᠠᠱᠢᠷᠠᠭᠤᠯᠵᠤ ᠪᠠᠢᠨ᠎ᠠ》 ᠭᠡᠵᠦ᠍ ᠦᠵᠡᠭ᠌ᠰᠡᠨ ᠪᠥᠭᠡᠳ ᠲᠡᠭᠦᠨ᠎ᠢ 《ᠠᠩᠬᠠᠷᠬᠤ ᠴᠢᠬᠤᠯᠠᠲᠠᠶ》ᠤᠨᠳᠤᠤᠱᠢᠭ᠍ᠰᠠᠨ ᠸᠢᠷᠦ᠋ᠰ᠎ᠦᠨ ᠰᠠᠭᠤᠷᠢ᠎ᠳᠤ ᠵᠢᠭ᠍ᠰᠠᠭᠠᠵᠤ᠂ ᠡᠯ᠎ᠡ ᠤᠯᠤᠰᠤᠨᠬᠢᠨᠢ ᠬᠢᠨᠠᠨ ᠬᠡᠮᠵᠢᠬᠦ᠌ ᠪᠠ ᠲᠠᠰ ᠳᠠᠷᠠᠭᠠᠯᠠᠯ᠎ᠢ ᠬᠡᠮᠵᠢᠬᠦ᠌ ᠠᠵᠢᠯ᠎ᠢᠶᠠᠨ ᠴᠢᠩᠭᠠᠳᠭᠠᠬᠤ ᠬᠡᠷᠡᠭ᠌ᠲᠡᠶ ᠭᠡᠵᠦ᠍ ᠱᠠᠭᠠᠷᠳᠠᠪᠠ᠃
ᠭᠡᠨᠡᠳᠲᠡᠶ᠋ᠢᠨᠣᠨᠳᠣᠣᠱᠢᠯᠤᠨᠠᠴᠢᠬᠣᠯᠪᠣᠭ᠍ᠳᠠᠯᠢᠬᠠᠷᠠᠬᠠᠨ ᠮᠡᠳᠡᠭᠡᠳᠦᠢ ᠪᠠᠢᠭ᠍ᠰᠠᠭᠠᠷ
ᠳᠡᠯᠡᠬᠡᠶ᠎ᠶ᠋ᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ᠎ᠶ᠋ᠢᠨ 26 ᠤ᠋ ᠡᠳᠦᠷ ᠲᠠᠨᠢᠯᠴᠠᠭᠤᠯᠤᠭ᠍ᠰᠠᠨ᠎ᠢᠶᠠᠷ ᠂ ᠡᠨᠡ ᠬᠦ᠌ ᠱᠢᠨ᠎ᠡ ᠸᠢᠷᠦ᠋ᠰ᠎ᠦᠨ ᠰᠠᠭᠤᠷᠢ ᠵᠢ 9 ᠤ᠋ ᠡᠳᠦᠷ ᠡᠮᠦᠨᠡᠲᠦ ᠠᠹᠷᠢᠺᠠ᠎ᠳᠤ ᠠᠩᠬ᠎ᠠ ᠤᠳᠠᠭ᠎ᠠ ᠨᠤᠲᠠᠯᠠᠵᠤ᠂ 24 ᠤ᠋ ᠡᠳᠦᠷ ᠠᠩᠬ᠎ᠠ ᠤᠳᠠᠭ᠎ᠠ ᠳᠡᠯᠡᠬᠡᠶ᠎ᠶ᠋ᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ᠎ᠳᠤ ᠮᠡᠳᠡᠭᠦᠯᠪᠡ᠃ ᠲᠠᠬᠤᠯ ᠡᠪᠡᠳᠴᠢᠨ᠎ᠦ ᠰᠤᠳᠤᠯᠤᠯ᠎ᠠᠴᠠ ᠦᠵᠡᠪᠡᠯ ᠂ ᠣᠢᠷ᠎ᠠ᠎ᠶ᠋ᠢᠨ ᠬᠡᠳᠦᠨ ᠭᠠᠷᠠᠭ᠎ᠲᠤ ᠡᠮᠦᠨᠡᠲᠦ ᠠᠹᠷᠢᠺᠠ᠎ᠶ᠋ᠢᠨ ᠱᠢᠨ᠎ᠡ ᠲᠢᠲᠢᠮᠯᠢᠭ ᠸᠢᠷᠦ᠋ᠰ᠎ᠦᠨ ᠬᠠᠯᠳᠠᠪᠤᠷᠢᠯᠠᠯ᠎ᠤᠨ ᠨᠣᠷᠮ᠎ᠠ ᠦᠳᠲᠡᠷ ᠲᠦᠷᠭᠡᠨ ᠳᠡᠭᠡᠭ᠌ᠰᠢᠯᠡᠵᠦ᠍᠂ ᠱᠢᠯᠭᠠᠨ ᠪᠠᠢᠴᠠᠭᠠᠵᠤ ᠢᠯᠡᠷᠡᠭᠦᠯᠦᠭᠰᠡᠨ ᠤᠮᠢᠬ᠌ᠷᠤᠨ ᠸᠢᠷᠦ᠋ᠰ᠎ᠦᠨ ᠰᠠᠭᠤᠷᠢ᠎ᠵᠢᠨ ᠪᠠᠢᠳᠠᠯ᠎ᠲᠠᠶ ᠨᠡᠢᠴᠡᠵᠦ᠍ ᠪᠠᠢᠨ᠎ᠠ᠃
ᠠᠩᠬ᠎ᠠ ᠠᠯᠬᠤᠮ᠎ᠤᠨ ᠭᠡᠷᠡᠴᠢ ᠪᠠᠷᠢᠮᠲᠠ᠎ᠳᠤ ᠢᠯᠡᠷᠡᠭᠦᠯᠦᠭ᠌ᠰᠡᠨ᠎ᠢᠶᠡᠷ᠂ ᠤᠮᠢᠬ᠌ᠷᠤᠨ ᠸᠢᠷᠦ᠋ᠰ᠎ᠦᠨ ᠰᠠᠭᠤᠷᠢ᠎ᠶ᠋ᠢ ᠱᠢᠯᠭᠠᠨ ᠪᠠᠢᠴᠠᠭᠠᠵᠤ ᠭᠠᠷᠭᠠᠭ᠍ᠰᠠᠨ ᠬᠤᠷᠳᠤᠴᠠ᠎ᠨᠢ ᠥᠩᠭᠡᠷᠡᠭ᠌ᠰᠡᠨ᠎ᠦ ᠬᠠᠯᠳᠠᠪᠤᠷᠢᠯᠠᠯ ᠲᠦᠷᠭᠡᠨ ᠨᠡᠮᠡᠭ᠌ᠳᠡᠭ᠌ᠰᠡᠨ ᠪᠤᠰᠤᠳ ᠤᠨᠳᠤᠤᠱᠢᠭ᠍ᠰᠠᠨ ᠸᠢᠷᠦ᠋ᠰ᠎ᠦᠨ ᠰᠠᠭᠤᠷᠢ ᠡᠴᠡ ᠴᠥᠮ ᠲᠦᠷᠭᠡᠨ ᠪᠠᠢᠵᠤ᠂ ᠡᠨᠡ ᠬᠦ᠌ ᠬᠠᠮᠤᠭ᠎ᠤᠨ ᠱᠢᠨ᠎ᠡ ᠤᠨᠳᠤᠤᠱᠢᠭ᠍ᠰᠠᠨ ᠸᠢᠷᠦ᠋ᠰ᠎ᠦᠨ ᠰᠠᠭᠤᠷᠢᠨᠢᠥᠰᠥᠯᠲᠡᠶ᠋ᠢᠨᠳᠠᠪᠠᠭᠤᠯᠢᠭ ᠲᠠᠯ᠎ᠠ᠎ᠲᠠᠶ ᠪᠠᠢᠵᠤ ᠮᠡᠳᠡᠨ᠎ᠡ ᠭᠡᠳᠡᠭ᠎ᠢ ᠬᠠᠷᠠᠭᠤᠯᠵᠠᠢ᠃ ᠡᠭᠦᠨ᠎ᠡᠴᠡ ᠭᠠᠳᠠᠨ᠎ᠠ᠂ ᠡᠭᠦᠨ᠎ᠡᠴᠡ ᠡᠮᠦᠨᠡᠬᠢ ᠪᠤᠰᠤᠳ 《ᠠᠩᠬᠠᠷᠬᠤ ᠴᠢᠬᠤᠯᠠᠲᠠᠶ》 ᠤᠨᠳᠤᠤᠱᠢᠭ᠍ᠰᠠᠨ ᠸᠢᠷᠦ᠋ᠰ᠎ᠦᠨ ᠰᠠᠭᠤᠷᠢ᠎ᠲᠡᠶ ᠬᠠᠷᠢᠴᠠᠭᠤᠯᠪᠠᠯ᠂ ᠤᠮᠢᠬ᠌ᠷᠤᠨ ᠸᠢᠷᠦ᠋ᠰ᠎ᠦᠨ ᠰᠠᠭᠤᠷᠢ ᠨᠢ ᠬᠥᠮᠦᠰ᠎ᠦᠨ ᠱᠢᠨ᠎ᠡ ᠲᠢᠲᠢᠮᠯᠢᠭ ᠠᠭᠤᠰᠭᠢᠨ ᠦᠷᠪᠢᠰᠦᠯᠳᠦ ᠬᠣᠶᠠᠳᠠᠬᠢ ᠤᠳᠠᠭ᠎ᠠ ᠬᠠᠯᠳᠠᠪᠤᠷᠢᠯᠠᠬᠤ ᠠᠶᠤᠯ ᠲᠦᠭ᠌ᠰᠢᠭᠦᠷᠢ᠎ᠶ᠋ᠢ ᠨᠡᠮᠡᠭ᠌ᠳᠡᠭᠦᠯᠵᠦ᠍ ᠮᠡᠳᠡᠨ᠎ᠡ᠃
ᠭᠡᠪᠡᠴᠦ᠍᠂ ᠣᠳᠣᠬᠠᠨ᠎ᠳᠤ ᠰᠤᠳᠤᠯᠭᠠᠲᠠᠳ ᠤᠮᠢᠬ᠌ᠷᠤᠨ ᠸᠢᠷᠦ᠋ᠰ᠎ᠦᠨ ᠰᠠᠭᠤᠷᠢ ᠵᠢᠨ ᠠᠶᠤᠯ ᠲᠦᠭ᠌ᠰᠢᠭᠦᠷᠢ᠎ᠶ᠋ᠢᠨ ᠬᠡᠮᠵᠢᠶ᠎ᠡ᠎ᠶ᠋ᠢ ᠬᠠᠷᠠᠬᠠᠨ ᠲᠣᠳᠣᠷᠬᠠᠶ ᠮᠡᠳᠡᠭᠡ ᠥᠬᠡᠶ ᠪᠠᠢᠭ᠍ᠰᠠᠭᠠᠷ᠃ ᠠᠳᠠᠯᠢᠬᠠᠨ 《ᠠᠩᠬᠠᠷᠬᠤ ᠴᠢᠬᠤᠯᠠᠲᠠᠶ》ᠤᠨᠳᠤᠤᠱᠢᠭ᠍ᠰᠠᠨ ᠸᠢᠷᠦ᠋ᠰ᠎ᠦᠨ ᠰᠠᠭᠤᠷᠢ᠎ᠳᠤ ᠬᠠᠷᠢᠶᠠᠯᠠᠭ᠍ᠳᠠᠬᠤ ᠪᠸᠢᠢᠲ᠋ᠠ ᠸᠢᠷᠦ᠋ᠰ᠎ᠦᠨ ᠰᠠᠭᠤᠷᠢ ᠨᠢ ᠠᠩᠬ᠎ᠠ ᠢᠯᠡᠷᠡᠬᠦ᠌ ᠦᠶ᠎ᠡ᠎ᠳᠦ ᠱᠢᠨᠵᠢᠯᠡᠬᠦ᠌ ᠤᠬᠠᠭᠠᠨ᠎ᠤ ᠰᠤᠳᠤᠯᠭᠠᠲᠠᠳᠢ ᠭᠠᠢᠬᠠᠰᠢ ᠠᠯᠳᠠᠭᠤᠯᠤᠭ᠍ᠰᠠᠨ ᠪᠣᠯᠪᠠᠴᠤ᠌ ᠡᠴᠦᠰ᠎ᠲᠡᠬᠡᠨ ᠲᠡᠢᠮᠦ᠍ ᠠᠶᠤᠯ ᠲᠦᠭ᠌ᠰᠢᠭᠦᠷᠢ ᠥᠬᠡᠶ ᠭᠡᠳᠡᠭ ᠨᠢ ᠭᠡᠷᠡᠴᠢᠯᠡᠭ᠌ᠳᠡᠭ᠌ᠰᠡᠨ ᠪᠥᠭᠡᠳ ᠠᠭᠠᠵᠢᠮ᠎ᠢᠶᠠᠷ ᠳ᠋ᠸᠯᠲ᠋ᠠ ᠸᠢᠷᠦ᠋ᠰ᠎ᠦᠨ ᠰᠠᠭᠤᠷᠢ ᠪᠡᠷ ᠣᠷᠣᠯᠠᠭ᠍ᠳᠠᠭ᠍ᠰᠠᠨ ᠪᠠᠢᠨ᠎ᠠ᠃
ᠠᠨᠭ᠌ᠭ᠌ᠯᠢ᠎ᠶ᠋ᠢᠨ ᠺᠠᠮᠪᠷᠢᠵ ᠶᠡᠬᠡ ᠰᠤᠷᠭᠠᠭᠤᠯᠢ᠎ᠶ᠋ᠢᠨ ᠱᠢᠨ᠎ᠡ ᠲᠢᠲᠢᠮᠯᠢᠭ ᠸᠢᠷᠦ᠋ᠰ᠎ᠦᠨ ᠭᠧᠨ᠎ᠦ ᠲᠠᠰ ᠳᠠᠷᠠᠭᠠᠯᠠᠯ᠎ᠢ ᠬᠡᠮᠵᠢᠬᠦ᠌ ᠲᠦᠷᠦᠯ ᠵᠦᠢᠯ᠎ᠢ ᠤᠳᠤᠷᠢᠳᠴᠤ᠌ ᠪᠠᠢᠭ᠎ᠠ ᠱᠠᠯ᠎ᠦᠨ· ᠫᠢᠺᠤᠺ᠂ ᠣᠲᠣ᠎ᠶ᠋ᠢᠨ ᠲᠣᠭ᠎ᠠ ᠪᠠᠷᠢᠮᠲᠠ᠎ᠳᠤ ᠢᠯᠡᠷᠡᠭᠦᠯᠦᠭ᠌ᠰᠡᠨ᠎ᠢᠶᠡᠷ᠂ ᠱᠢᠨ᠎ᠡ ᠸᠢᠷᠦ᠋ᠰ᠎ᠦᠨ ᠰᠠᠭᠤᠷᠢᠨ᠎ᠢ ᠬᠠᠯᠳᠠᠪᠤᠷᠢᠲᠤ ᠴᠢᠨᠠᠷ᠎ᠢ ᠴᠢᠩᠭᠠᠷᠠᠭᠤᠯᠵᠤ ᠮᠡᠳᠡᠬᠦ ᠭᠡᠨᠡᠳᠲᠡ᠎ᠶ᠋ᠢᠨ ᠤᠨᠳᠤᠤᠱᠢᠯᠲᠠᠢ ᠪᠣᠯᠪᠠᠴᠤ᠌ ᠮᠠᠰᠢ ᠣᠯᠠᠨ ᠭᠡᠨᠡᠳᠲᠡ᠎ᠶ᠋ᠢᠨ ᠤᠨᠳᠤᠤᠱᠢᠯᠤᠨ ᠠᠴᠢ ᠬᠣᠯᠪᠣᠭ᠍ᠳᠠᠯ᠎ᠢ ᠬᠠᠷᠠᠬᠠᠨ ᠮᠡᠳᠡᠭᠡᠳᠦᠢ ᠪᠠᠢᠭ᠍ᠰᠠᠭᠠᠷ ᠭᠡᠵᠦ ᠬᠡᠯᠡᠪᠡ᠃
ᠬᠠᠭᠠᠨᠲᠤ ᠤᠯᠤᠰ᠎ᠤᠨ ᠪᠠᠢᠭᠠᠯᠢ ᠲᠧᠭ᠌ᠨᠢᠭ᠎ᠦᠨ ᠤᠬᠠᠭᠠᠨ᠎ᠤ ᠳᠡᠭᠡᠳᠦ ᠰᠤᠷᠭᠠᠭᠤᠯᠢ ᠶ᠋ᠢᠨ ᠲᠤᠷᠱᠢᠯᠲᠠ᠎ᠶ᠋ᠢᠨ ᠠᠨᠠᠭᠠᠬᠤ ᠤᠬᠠᠭᠠᠨ᠎ᠤ ᠫᠷᠤᠹᠸᠰᠰᠤᠷ ᠫᠸᠲ᠋ᠸᠷ· ᠤᠫᠸᠩ᠊ — ᠱᠢᠶᠤᠤ᠂ ᠬᠡᠳᠦᠢᠪᠡᠷ ᠤᠮᠢᠬ᠌ᠷᠤᠨ ᠸᠢᠷᠦ᠋ᠰ᠎ᠦᠨ ᠰᠠᠭᠤᠷᠢ ᠨᠠᠩ ᠲᠦᠷᠭᠡᠨ ᠲᠠᠷᠬᠠᠵᠤ ᠮᠡᠳᠡᠬᠦ᠌ ᠪᠣᠯᠪᠠᠴᠤ᠌ ᠡᠮᠦᠨᠡᠲᠦ ᠠᠹᠷᠢᠺᠠ᠎ᠶ᠋ᠢᠨ ᠣᠢᠷ᠎ᠠ᠎ᠳᠤ ᠬᠠᠯᠳᠠᠪᠤᠷᠢᠯᠠᠭ᠍ᠰᠠᠨ ᠬᠥᠮᠦᠨ᠎ᠦ ᠲᠣᠭ᠎ᠠ ᠲᠦᠷᠭᠡᠨ ᠨᠡᠮᠡᠭ᠌ᠳᠡᠭᠰᠡᠨ ᠨᠢ ᠪᠠᠰᠠ ᠬᠢᠨᠠᠨ ᠬᠡᠮᠵᠢᠯᠲᠡ᠎ᠲᠡᠶ ᠨᠢᠭ᠍ᠲᠠ ᠬᠣᠯᠪᠣᠭ᠎ᠠ᠎ᠲᠠᠶ ᠪᠠᠢᠵᠤ ᠮᠡᠳᠡᠨ᠎ᠡ᠂ ᠱᠢᠨ᠎ᠡ ᠸᠢᠷᠦ᠋ᠰ᠎ᠦᠨ ᠰᠠᠭᠤᠷᠢ ᠨᠢ ᠡᠮᠦᠨᠡᠲᠦ ᠠᠹᠷᠢᠺᠠ᠎ᠳᠤ ᠳ᠋ᠸᠯᠲ᠋ᠠ ᠸᠢᠷᠦ᠋ᠰ᠎ᠦᠨ ᠰᠠᠭᠤᠷᠢ ᠵᠢ ᠣᠷᠣᠯᠠᠵᠤ ᠭᠤᠤᠯ ᠲᠠᠬᠤᠯᠲᠤ ᠸᠢᠷᠦ᠋ᠰ᠎ᠦᠨ ᠰᠠᠭᠤᠷᠢ ᠪᠣᠯᠬᠤ ᠡᠰᠡᠬᠦ᠌᠎ᠶ᠋ᠢ ᠬᠡᠯᠡᠬᠦ᠌᠎ᠳᠦ ᠪᠡᠷᠬᠡ ᠶᠤᠮ ᠭᠡᠵᠦ ᠵᠢᠭᠠᠵᠤ ᠭᠠᠷᠭᠠᠪᠠ᠃
ᠬᠢᠵᠢᠭ᠎ᠢ ᠰᠡᠷᠭᠡᠢᠯᠡᠬᠦ᠌ ᠪᠠᠭᠠᠵᠢ ᠮᠥᠨ ᠬᠦ᠌ ᠬᠦᠴᠦᠨ ᠲᠠᠢ
ᠤᠮᠢᠬ᠌ᠷᠤᠨ ᠸᠢᠷᠦ᠋ᠰ᠎ᠦᠨ ᠰᠠᠭᠤᠷᠢ ᠨᠢ ᠣᠳᠣ᠎ᠶ᠋ᠢᠨ ᠣᠨᠣᠱᠢᠯᠠᠨ ᠡᠮᠨᠡᠬᠦ᠌ ᠠᠷᠭ᠎ᠠ ᠪᠠ ᠸᠠᠺᠼᠢᠨ᠎ᠢ ᠬᠦᠴᠦᠨ ᠦᠭᠡᠢ ᠪᠣᠯᠭᠠᠨ᠎ᠠ ᠦᠦ? ᠳᠡᠯᠡᠬᠡᠶ᠎ᠶ᠋ᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ᠎ᠶ᠋ᠢᠨ ᠲᠠᠨᠢᠯᠴᠠᠭᠤᠯᠤᠭ᠍ᠰᠠᠨ᠎ᠢᠶᠠᠷ᠂ ᠣᠳᠣᠬᠠᠨ᠎ᠳᠤ ᠦᠷᠭᠦᠯᠵᠢ ᠬᠡᠷᠡᠭ᠌ᠯᠡᠳᠡᠭ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ᠎ᠪᠡᠷ ᠤᠮᠢᠬ᠌ᠷᠤᠨ ᠸᠢᠷᠦ᠋ᠰ᠎ᠦᠨ ᠰᠠᠭᠤᠷᠢ᠎ᠶ᠋ᠢ ᠲᠡᠮᠳᠡᠭ᠌ᠯᠡᠬᠦ᠌᠎ᠳᠦ ᠮᠦᠨ ᠬᠦ᠌ ᠬᠡᠷᠡᠭ᠌ᠯᠡᠵᠦ᠍ ᠪᠣᠯᠤᠨ᠎ᠠ᠃
ᠸᠠᠺᠼᠢᠨ᠎ᠤ ᠪᠦᠳᠤᠮᠵᠢᠳᠤ ᠴᠢᠨᠠᠷ᠎ᠤᠨ ᠲᠠᠯ᠎ᠠ᠎ᠪᠠᠷ᠂ ᠬᠠᠭᠠᠨᠲᠤ ᠤᠯᠤᠰ᠎ᠤᠨ ᠪᠠᠢᠭᠠᠯᠢ ᠲᠧᠭ᠌ᠨᠢᠭ᠎ᠦᠨ ᠤᠬᠠᠭᠠᠨ᠎ᠤ ᠳᠡᠭᠡᠳᠦ ᠰᠤᠷᠭᠠᠭᠤᠯᠢ᠎ᠶ᠋ᠢᠨ ᠬᠠᠯᠳᠠᠪᠤᠷᠢᠲᠤ ᠡᠪᠡᠳᠴᠢᠨ᠎ᠦ ᠤᠬᠠᠭᠠᠨ᠎ᠤ ᠲᠤᠰᠭᠠᠶ ᠮᠡᠷᠭᠡᠵᠢᠯᠲᠡᠨ ᠨᠢᠷ· ᠹᠸᠷᠭᠧᠰᠤᠨ᠂ ᠣᠳᠣᠬᠠᠨ᠎ᠳᠤ ᠪᠠᠰᠠ ᠤᠮᠢᠬ᠌ᠷᠤᠨ ᠸᠢᠷᠦ᠋ᠰ᠎ᠦᠨ ᠰᠠᠭᠤᠷᠢᠨ᠎ᠢ ᠸᠠᠺᠼᠢᠨ᠎ᠤ ᠦᠶ᠋ᠯᠡᠳᠦᠯ᠎ᠢ ᠪᠠᠭᠤᠷᠠᠭᠤᠯᠵᠤ ᠮᠡᠳᠡᠬᠦ᠌ ᠲᠤᠬᠠᠢ ᠨᠠᠢᠳᠠᠪᠤᠷᠢᠲᠠᠶ ᠦᠨᠡᠯᠡᠨ ᠵᠢᠱ᠌ᠢᠯᠲᠡ ᠬᠢᠭᠡᠳᠦᠶ ᠪᠠᠢᠭ᠍ᠰᠠᠭᠠᠷ᠂ ᠡᠢᠮᠦ᠍᠎ᠡᠴᠡ ᠣᠲᠣ ᠲᠡᠭᠦᠨ᠎ᠦ ᠠᠶᠤᠯ ᠲᠦᠭ᠌ᠰᠢᠭᠦᠷᠢ᠎ᠵᠢ ᠦᠨᠡᠯᠡᠨ ᠵᠢᠱ᠌ᠢᠬᠦ᠎ᠳᠤ ᠳᠡᠩᠳᠡᠭᠦᠦ ᠡᠷᠲᠡ ᠪᠠᠢᠨ᠎ᠠ ᠭᠡᠵᠦ᠍ ᠢᠯᠡᠳᠭᠡᠪᠡ᠃ ᠤᠫᠸᠩ᠊ — ᠱᠢᠶᠤᠤ᠂ ᠱᠢᠨ᠎ᠡ ᠸᠢᠷᠦ᠋ᠰ᠎ᠦᠨ ᠰᠠᠭᠤᠷᠢ᠎ᠳᠤ᠂ ᠣᠳᠣᠬᠠᠨ᠎ᠤ᠋ ᠸᠠᠺᠼᠢᠨ᠎ᠤ ᠦᠢᠯᠡᠳᠦᠯ ᠣᠭ᠍ᠲᠣ ᠭᠠᠷᠬᠤ ᠥᠬᠡᠶ ᠪᠣᠯᠤᠯᠴᠠᠭ᠎ᠠ ᠲᠦᠢᠯ᠎ᠤᠨ ᠪᠠᠭ᠎ᠠ ᠪᠣᠯᠪᠠᠴᠤ᠌ ᠨᠠᠩ ᠣᠯᠠᠨ ᠲᠣᠭ᠎ᠠ ᠪᠠᠷᠢᠮᠲᠠ᠎ᠪᠠᠷ ᠸᠠᠺᠼᠢᠨ᠎ᠤ ᠬᠠᠮᠠᠭᠠᠯᠠᠯᠲᠠ᠎ᠶ᠋ᠢᠨ ᠬᠦᠴᠦᠨ᠎ᠢ ᠲᠣᠭ᠍ᠲᠠᠭᠠᠬᠤ ᠴᠢᠬᠤᠯᠠᠲᠠᠶ ᠪᠠᠢᠨ᠎ᠠ ᠭᠡᠵᠡᠢ᠃
ᠬᠠᠯᠳᠠᠪᠤᠷᠢᠲᠤ ᠡᠪᠡᠳᠴᠢᠨ᠎ᠢ ᠰᠡᠷᠭᠡᠢᠯᠡᠬᠦ᠌ ᠱᠢᠨ᠎ᠡ᠎ᠶ᠋ᠢ ᠡᠭᠦᠳᠬᠦ᠌ ᠬᠣᠯᠪᠣᠭ᠎ᠠ᠎ᠶ᠋ᠢᠨ ᠲᠡᠷᠢᠭᠦᠨ ᠭᠦᠢᠴᠡᠳᠭᠡᠭ᠌ᠴᠢ ᠲᠤᠱᠢᠶᠠᠯᠲᠠᠨ ᠷᠢᠴᠠᠷᠳ᠋· ᠬᠠᠴᠢᠶ᠍ᠸᠲ᠋ᠸ᠂ ᠱᠢᠨ᠎ᠡ ᠸᠢᠷᠦ᠋ᠰ᠎ᠦᠨ ᠰᠠᠭᠤᠷᠢ ᠢᠯᠡᠷᠡᠭ᠌ᠰᠡᠨ ᠨᠢ ᠨᠡᠩ ᠪᠦᠲᠦᠮᠵᠢᠲᠡᠢ ᠱᠢᠨ᠎ᠡ ᠲᠢᠲᠢᠮᠯᠢᠭ ᠸᠢᠷᠦ᠋ᠰ᠎ᠦᠨ ᠸᠠᠺᠼᠢᠨ᠎ᠢ ᠨᠡᠭᠡᠭᠡᠨ ᠬᠥᠭ᠌ᠵᠢᠭᠦᠯᠬᠦ᠌᠎ᠶ᠋ᠢ ᠨᠡᠩ ᠲᠤᠯᠭᠠᠮ ᠪᠣᠯᠭᠠᠪᠠ᠂ ᠡᠭᠦᠨ᠎ᠡᠴᠡ ᠭᠠᠳᠠᠨ᠎ᠠ ᠪᠠᠰᠠ ᠪᠦᠬᠦ᠌ ᠳᠡᠯᠡᠬᠡᠢ᠎ᠶ᠋ᠢᠨ ᠬᠡᠪᠴᠢᠶᠡᠨ᠎ᠳᠦ ᠸᠠᠺᠼᠢᠨ᠎ᠤ ᠲᠠᠷᠢᠯᠭ᠎ᠠ᠎ᠶ᠋ᠢ ᠦᠷᠭᠦᠯᠵᠢᠯᠡᠨ ᠥᠷᠭᠡᠳᠭᠡᠵᠦ᠍ ᠪᠠᠢᠭᠠᠳ ᠸᠢᠷᠦ᠋ᠰ᠎ᠦᠨ ᠲᠠᠷᠬᠠᠯᠲᠠ᠎ᠶ᠋ᠢ ᠪᠠᠭᠠᠰᠭᠠᠬᠤ ᠴᠢᠬᠤᠯᠠᠲᠠᠢ ᠪᠠᠢᠨ᠎ᠠ ᠭᠡᠵᠦ ᠵᠢᠭᠠᠵᠤ ᠭᠠᠷᠭᠠᠪᠠ᠃
ᠵᠠᠷᠢᠮ ᠲᠤᠰᠭᠠᠶ ᠮᠡᠷᠭᠡᠵᠢᠯᠲᠡᠨ᠂ ᠬᠡᠳᠦᠢᠪᠡᠷ ᠤᠮᠢᠬ᠌ᠷᠤᠨ ᠸᠢᠷᠦ᠋ᠰ᠎ᠦᠨ ᠰᠠᠭᠤᠷᠢ ᠨᠢ ᠣᠯᠠᠨ ᠨᠡᠢᠲᠡ᠎ᠶ᠋ᠢᠨ ᠡᠷᠡᠭᠦᠯ ᠮᠡᠨᠳᠦ᠍᠎ᠳᠦ ᠬᠡᠳᠦᠶ ᠶᠡᠬᠡ ᠰᠦᠷᠳᠡᠭᠦᠯᠦᠯ ᠪᠣᠯᠬᠤ᠎ᠶ᠋ᠢ ᠬᠠᠷᠠᠬᠠᠨ ᠲᠣᠳᠣᠷᠬᠠᠶ ᠮᠡᠳᠡᠬᠦ᠌ ᠥᠬᠡᠶ ᠪᠣᠯᠪᠠᠴᠤ᠌ ᠠᠵᠢᠯᠯᠠᠭ᠎ᠠ ᠠᠪᠬᠤ ᠥᠬᠡᠶ ᠪᠠᠢᠬᠤ᠎ᠶ᠋ᠢᠨ ᠳᠠᠯᠳᠠ ᠦᠷ᠎ᠡ ᠳ᠋ᠦᠩ ᠨᠢ ᠮᠠᠰᠢ ᠬᠦᠨᠳᠦ ᠨᠣᠴᠢᠲᠠᠶ ᠪᠠᠢᠵᠤ ᠮᠡᠳᠡᠨ᠎ᠡ᠃ ᠳ᠋ᠸᠯᠲ᠋ᠠ ᠸᠢᠷᠦ᠋ᠰ᠎ᠦᠨ ᠰᠠᠭᠤᠷᠢ᠎ᠲᠠᠶ ᠠᠳᠠᠯᠢ ᠦᠭᠡᠢ ᠨᠢ᠂ ᠤᠮᠢᠬ᠌ᠷᠤᠨ ᠸᠢᠷᠦ᠋ᠰ᠎ᠦᠨ ᠰᠠᠭᠤᠷᠢ ᠢᠯᠡᠷᠡᠮᠡᠭ᠌ᠴᠡ ᠪᠦᠬᠦ᠌ ᠪᠥᠮᠪᠥᠷᠴᠡᠭ᠎ᠦᠨ ᠥᠷᠭᠡᠨ ᠳᠡᠯᠭᠡᠷ ᠠᠩᠬᠠᠷᠤᠯ᠎ᠢ ᠲᠠᠲᠠᠪᠠ᠂ ᠡᠨᠡ ᠨᠢ ᠬᠥᠮᠦᠰ᠎ᠦᠨ ᠡᠷᠲᠡᠬᠡᠨ ᠠᠷᠭ᠎ᠠ ᠬᠡᠮᠵᠢᠢ᠎ᠡ ᠠᠪᠴᠤ᠌᠂ ᠬᠢᠵᠢᠭ᠎ᠦᠨ ᠪᠠᠢᠳᠠᠯ᠎ᠤᠨ ᠦᠷᠪᠢᠰᠦᠨ ᠳᠡᠯᠭᠡᠷᠡᠬᠦ᠌᠎ᠶ᠋ᠢ ᠬᠣᠷᠢᠭ᠍ᠯᠠᠬᠤ᠎ᠳᠤ ᠲᠤᠰᠠ ᠪᠣᠯᠬᠤ ᠮᠠᠭᠠᠳ ᠭᠡᠵᠦ ᠢᠯᠡᠳᠭᠡᠪᠡ᠃ (ᠱᠢᠨᠬᠤᠸᠠ ᠬᠣᠷᠢᠶᠠᠨ ᠤ ᠯᠣᠨᠳᠣᠨᠤ 11 ᠰᠠᠷ᠎ᠠ ᠶ᠋ᠢᠨ 27᠎ᠤ᠋ ᠴᠠᠬᠢᠯᠭᠠᠨ ᠮᠡᠳᠡᠭᠡ)