(2021
ᠣᠨ᠎ᠤ 11 ᠰᠠᠷ᠎ᠠ᠎ᠶ᠋ᠢᠨ 30᠎ᠤ᠋ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠶ᠋ᠢᠨ ᠲᠥᠯᠥᠭᠡᠯᠡᠭ᠌ᠴᠢᠳ᠎ᠦᠨ ᠶᠡᠬᠡ
ᠬᠤᠷᠠᠯ᠎ᠠᠴᠠ ᠪᠠᠲᠤᠯᠠᠪᠠ)
ᠳᠤᠮᠳᠠᠳᠤ ᠤᠯᠤᠰ᠎ᠤᠨ
ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤᠣᠷᠣᠨᠤ ᠠᠷᠪᠠᠨ
ᠨᠢᠭᠡᠳᠦᠭᠡᠷ ᠤᠳᠠᠭ᠎ᠠ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ ᠱ᠌ᠢ᠎ᠲᠡᠶ
ᠹᠸᠩ ᠨᠥᠬᠥᠷ᠎ᠦᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠠᠷᠪᠠᠳᠤᠭᠠᠷ ᠬᠤᠭᠤᠴᠠᠭᠠᠨ᠎ᠤ ᠬᠣᠷᠢᠶ᠎ᠠ ᠵᠢ ᠲᠦᠯᠦᠬᠡᠯᠡᠨ ᠬᠢᠭ᠌ᠰᠡᠨ ᠢᠯᠡᠳᠭᠡᠯ᠎ᠢ ᠵᠥᠪᠱᠢᠶᠡᠷᠡᠪᠡ᠃ ᠶᠡᠬᠡ ᠬᠤᠷᠠᠯ᠎ᠨᠢ
ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠵᠤ᠂ ᠰᠢ᠎ᠶ᠋ᠢᠨ
ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ
ᠵᠢᠯᠤᠭᠤᠳᠤᠭᠤᠯᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ᠎ᠤ ᠲᠥᠪ
ᠬᠣᠷᠢᠶᠠᠨ᠎ᠤ ᠬᠣᠶᠠᠳᠤᠭᠠᠷ᠂ ᠭᠤᠷᠪᠠᠳᠤᠭᠠᠷ᠂ ᠲᠦᠷᠪᠡᠳᠦᠬᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ᠎ᠤᠨ
ᠵᠤᠷᠢᠭ ᠰᠠᠨᠠᠭ᠎ᠠ ᠵᠢ ᠭᠦᠨᠵᠡᠭᠡᠶ ᠲᠤᠭᠤᠱᠢᠯᠠᠭᠤᠯᠵᠤ᠂
ᠶᠡᠷᠦᠩᠬᠡᠢ ᠱᠦᠵᠢ ᠰᠢ᠎ᠶ᠋ᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ
ᠴᠣᠬᠣᠯᠠᠪᠤᠷᠢ᠎ᠶ᠋ᠢᠨ ᠵᠣᠷᠢᠭ ᠰᠠᠨᠠᠭ᠎ᠠ ᠶ᠋ᠢ ᠪᠦᠬᠦ᠌ ᠲᠠᠯ᠎ᠠ ᠪᠠᠷ ᠨᠠᠢᠳᠠᠪᠤᠷᠢᠵᠢᠭᠤᠯᠵᠤ᠂ ᠥᠩᠭᠡᠷᠡᠭ᠌ᠰᠡᠨ
ᠲᠠᠪᠤᠨ ᠵᠢᠯ᠎ᠦᠨ ᠠᠵᠢᠯ᠎ᠢᠶᠠᠨ ᠡᠷᠭᠢᠴᠡᠭᠦᠯᠦᠨ ᠳ᠋ᠦᠩᠨᠡᠬᠡᠳ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ
ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠱᠢᠨ᠎ᠡ ᠠᠶᠠᠨ ᠳ᠋ᠡᠬᠢ ᠥᠪᠥᠷ ᠮᠣᠩᠭᠣᠯ᠎ᠤᠨ ᠴᠢᠬᠤᠯᠠ ᠶᠡᠬᠡ ᠬᠠᠷᠢᠭᠤᠴᠠᠯᠭ᠎ᠠ
ᠪᠣᠯᠤᠨᠢᠷᠠᠭᠤᠠᠯᠳᠠᠷᠲᠤᠡᠭᠦᠷᠭᠡᠶ᠋ᠢᠭᠦᠨᠵᠡᠭᠡᠢ ᠲᠣᠳᠣᠷᠬᠠᠢᠯᠠᠨ ᠥᠭᠦᠯᠡᠵᠤ᠂ ᠬᠣᠢᠱᠢᠳᠠ᠎ᠶ᠋ᠢᠨ ᠲᠠᠪᠤᠨ
ᠵᠢᠯ᠎ᠦᠨ ᠠᠵᠢᠯ᠎ᠤᠨ ᠬᠠᠷᠠᠯᠲᠠ ᠱᠠᠭᠠᠷᠳᠠᠯᠭ᠎ᠠ᠎ᠶ᠋ᠢ ᠲᠣᠳᠣᠷᠬᠠᠢ ᠳᠤᠷᠠᠳᠤᠨ ᠭᠠᠷᠭᠠᠵᠤ᠂ ᠥᠪᠡᠷᠲᠡᠭᠡᠨ ᠵᠠᠰᠠᠬᠤ
ᠣᠷᠣᠨ᠎ᠤ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠬᠥᠭ᠌ᠵᠢᠯᠲᠡ᠎ᠶ᠋ᠢ ᠠᠬᠢᠭᠤᠯᠬᠤ ᠲᠤᠬᠠᠢ ᠪᠥᠬᠥ᠌ ᠲᠠᠯ᠎ᠠ᠎ᠶ᠋ᠢᠨ
ᠪᠠᠢᠷᠢᠯᠠᠭᠤᠯᠤᠯᠲᠠ ᠬᠢᠵᠡᠶ᠃ ᠶᠡᠬᠡ ᠬᠤᠷᠠᠯ᠎ᠠᠴᠠ ᠪᠠᠲᠤᠯᠠᠭ᠍ᠰᠠᠨ ᠢᠯᠡᠳᠭᠡᠯ᠎ᠳᠦ᠂ ᠨᠡᠢᠭᠡᠮ ᠵᠢᠷᠤᠮᠳᠤ ᠣᠳᠣᠬᠢᠴᠢᠯᠠᠭ᠍ᠰᠠᠨ
ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ
ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠰᠠᠢ᠌ᠨ ᠰᠠᠢᠬᠠᠨ ᠵᠢᠷᠤᠭ ᠲᠥᠰᠦᠪ᠎ᠢ ᠵᠢᠷᠤᠭ᠍ᠯᠠᠵᠤ᠂ ᠨᠠᠮ᠎ᠤᠨ ᠲᠥᠪ
ᠬᠣᠷᠢᠶᠠᠨ᠎ᠤ ᠵᠣᠷᠢᠭ ᠰᠠᠨᠠᠭ᠎ᠠ᠎ᠲᠠᠶ ᠨᠡᠢᠴᠡᠵᠦ᠍᠂ ᠥᠪᠥᠷ ᠮᠣᠩᠭᠣᠯ᠎ᠤᠨ ᠪᠣᠳᠠᠲᠤ ᠪᠠᠢᠳᠠᠯ᠎ᠲᠠᠶ ᠨᠡᠢᠴᠡᠵᠦ᠍᠂
ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠦᠰᠡᠯ ᠡᠷᠡᠮᠡᠯᠵᠡᠯ᠎ᠲᠡᠶ ᠨᠡᠢᠴᠡᠵᠦ᠍᠂ ᠪᠦᠬᠦ᠌
ᠣᠷᠣᠨ ᠳᠠᠶᠠᠭᠠᠷ᠎ᠢ ᠬᠦᠳᠦᠯᠦᠨ ᠲᠠᠭᠠᠭᠤᠯᠵᠤ ᠶᠡᠷᠦᠩᠬᠡᠢ ᠱᠦᠵᠢ ᠰᠢ᠎ᠶ᠋ᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠠᠴᠠ
ᠥᠪᠥᠷ ᠮᠣᠩᠭᠣᠯ᠎ᠳᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ
ᠠᠵᠢᠯᠯᠠᠭᠠᠨ᠎ᠤ ᠬᠥᠲᠥᠯᠪᠦᠷᠢ᠎ᠶ᠋ᠢ ᠨᠠᠢᠳᠠᠪᠤᠷᠢᠵᠢᠭᠤᠯᠵᠤ᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ
ᠠᠵᠢᠯ᠎ᠢ ᠰᠠᠢᠲᠤᠷ ᠬᠢᠵᠦ᠍᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠱᠢᠯᠭᠠᠯᠲᠠᠳ᠋ᠤ
ᠤᠷᠤᠯᠴᠠᠬᠤ ᠰᠢᠨ᠎ᠠ ᠵᠠᠮ᠎ᠢᠶᠠᠷ ᠰᠠᠢᠲᠤᠷ ᠵᠠᠮᠨᠠᠬᠤ ᠴᠢᠬᠤᠯᠠ ᠪᠢᠴᠢᠭ ᠮᠠᠲᠧᠷᠢᠶᠠᠯ ᠪᠣᠯᠵᠠᠢ᠃
ᠶᠡᠬᠡ ᠬᠤᠷᠠᠯ᠎ᠠᠴᠠ᠂ ᠢᠯᠡᠳᠭᠡᠯ᠎ᠳᠦ
ᠲᠣᠳᠣᠷᠬᠠᠢᠯᠠᠨ ᠥᠭᠦᠯᠡᠭ᠌ᠰᠡᠨ ᠶᠡᠬᠡ ᠬᠤᠷᠠᠯ᠎ᠤᠨ ᠭᠣᠣᠯ ᠰᠡᠳᠦᠪ ᠨᠢ ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ
ᠵᠣᠬᠢᠶᠠᠨ ᠪᠠᠢᠭᠤᠯᠤᠯᠲᠠ ᠪᠣᠯᠤᠨ ᠥᠷᠭᠡᠨ ᠤᠯᠠᠨ ᠨᠠᠮ᠎ᠤᠨ ᠭᠡᠱᠢᠭᠦᠨ᠎ᠦ ᠠᠭᠤᠤ ᠶᠡᠬᠡ ᠨᠠᠮ ᠪᠠᠢᠭᠤᠯᠬᠤ ᠵᠣᠷᠢᠭ
ᠰᠠᠨᠠᠭ᠎ᠠ᠎ᠶ᠋ᠢ ᠶᠡᠬᠡᠪᠡᠷ ᠪᠠᠳᠠᠷᠠᠭᠤᠯᠵᠤ᠂ ᠨᠠᠮ᠎ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠶ᠋ᠢ ᠤᠬᠠᠮᠰᠠᠷ ᠠᠴᠠ ᠪᠠᠨ
ᠦᠢᠯᠡᠳᠦᠯᠭᠡᠵᠢᠭᠦᠯᠬᠦ᠌᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ
ᠱᠢᠨ᠎ᠡ ᠴᠠᠭ ᠦᠶ᠎ᠡ᠎ᠳᠦ ᠡᠷᠡᠯᠬᠡᠭ᠌ᠯᠡᠨ ᠲᠡᠮᠡᠴᠡᠬᠦ᠌᠂ ᠱᠢᠨ᠎ᠡ ᠠᠶᠠᠨ᠎ᠳᠤ ᠡᠷᠡᠯᠬᠡᠭ᠌ᠯᠡᠨ ᠤᠷᠤᠭ᠍ᠰᠢᠯᠠᠬᠤ᠎ᠳᠤ
ᠲᠤᠢᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠶᠤᠮ᠃ ᠪᠦᠬᠦ ᠣᠷᠣᠨ ᠳᠠᠶᠠᠭᠠᠷ᠎ᠢᠶᠠᠨ ᠳᠤᠮᠳᠠᠳᠤ ᠤᠯᠤᠰ᠎ᠤᠨ
ᠣᠨᠴᠠᠯᠢᠭ᠎ᠲᠠᠶ ᠨᠡᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠵᠤ᠂ ᠰᠢ᠎ᠶ᠋ᠢᠨ ᠫᠢᠩ᠎ᠦᠨ
ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ ᠤᠨ
ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠭᠤᠯᠵᠤ᠂ ᠨᠠᠮ᠎ᠤᠨ ᠵᠠᠭᠤᠨ ᠵᠢᠯ᠎ᠦᠨ
ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠠᠴᠠ ᠣᠶᠤᠨ ᠤᠬᠠᠭᠠᠨ ᠪᠠ ᠬᠦᠴᠦᠨ
ᠴᠢᠳᠠᠯ᠎ᠢ ᠰᠢᠩᠬᠡᠬᠡᠨ ᠠᠪᠴᠤ᠂ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠤ᠂ ᠡᠭᠦᠷᠭᠡ᠎ᠬᠠᠷᠢᠭᠤᠴᠠᠯᠭ᠎ᠠ
ᠵᠢ ᠵᠣᠷᠢᠭ᠍ᠲᠠᠶ ᠡᠭᠦᠷᠭᠡᠯᠡᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ
ᠴᠥᠬᠥᠷᠡᠰᠢ ᠦᠭᠡᠢ ᠪᠠᠲᠤ ᠴᠣᠭ᠍ᠴᠠᠯᠠᠨ᠂ ᠠᠮᠢ ᠠᠬᠤᠶ᠎ᠶ᠋ᠢ ᠤᠷᠢᠳ᠎ᠢᠶᠡᠷ ᠪᠤᠳᠤᠯᠬᠢᠯᠠᠬᠤ᠂ ᠪᠣᠬᠢᠷᠲᠤᠯ ᠦᠭᠡᠢ
ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠡᠷ
ᠡᠷᠡᠰ ᠭᠤᠢᠪᠢᠰᠢ ᠦᠭᠡᠢ ᠵᠠᠮᠨᠠᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢ ᠲᠦᠷᠭᠡᠳᠭᠡᠨ ᠪᠠᠢᠭᠤᠯᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌
ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ
ᠪᠢᠴᠢᠭ᠌ᠯᠡᠬᠦ ᠬᠡᠷᠡᠭᠳᠡᠢ ᠭᠡᠵᠦ᠍ ᠦᠵᠡᠪᠡ᠃
ᠶᠡᠬᠡ ᠬᠤᠷᠠᠯ᠎ᠠᠴᠠ ᠠᠷᠪᠠᠳᠤᠭᠠᠷ
ᠬᠤᠭᠤᠴᠠᠭᠠᠨ᠎ᠤ ᠨᠠᠮ᠎ᠤᠨ ᠬᠣᠷᠢᠶᠠᠨ᠎ᠤ ᠠᠵᠢᠯ᠎ᠢ ᠳᠡᠭᠡᠳᠦ ᠬᠡᠮᠵᠢᠶ᠎ᠡ᠎ᠪᠡᠷ ᠦᠨᠡᠯᠡᠪᠡ᠃ ᠶᠡᠬᠡ ᠬᠤᠷᠠᠯ᠎ᠠᠴᠠ᠂
ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ
ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ《ᠲᠦᠷᠪᠡᠨ ᠤᠬᠠᠮᠰᠠᠷ》
ᠵᠢᠡᠨ ᠴᠢᠩᠭᠠᠳᠭᠠᠵᠤ ᠂ 《ᠲᠦᠷᠪᠡᠨ ᠢᠲᠡᠭᠡᠯ》 ᠵᠢᠡᠨ ᠪᠠᠲᠤᠳᠭᠠᠵᠤ ᠂ 《ᠬᠣᠶᠠᠷ᠎ᠢ
ᠬᠠᠮᠠᠭᠠᠯᠠᠬᠤ》 ᠵᠢ ᠪᠡᠶᠡᠯᠡᠭᠦᠯᠵᠦ᠍᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ
ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠡᠯ᠎ᠡ ᠲᠠᠯ᠎ᠠ᠎ᠶ᠋ᠢᠨ ᠠᠵᠢᠯ᠎ᠢ
ᠯᠠᠪᠳᠠᠭᠤᠨ ᠪᠠᠲᠤᠲᠠᠢ ᠰᠠᠢᠲᠤᠷ ᠬᠢᠵᠦ᠍᠂ ᠡᠭᠡ ᠤᠯᠤᠰ᠎ᠤᠨ ᠤᠮᠠᠷᠠᠲᠤ᠎ᠶ᠋ᠢᠨ ᠦᠵᠡᠰᠭᠦᠯᠡᠩᠲᠦ ᠰᠠᠢᠬᠠᠨ ᠦᠵᠡᠮᠵᠢ᠎ᠶ᠋ᠢᠨ
ᠣᠷᠣᠨ᠎ᠢ ᠪᠦᠳᠦᠭᠡᠨ ᠪᠠᠢᠭᠤᠯᠬᠤ ᠯᠠᠪᠳᠠᠭᠤᠨ ᠪᠠᠲᠤᠲᠠᠢ ᠠᠯᠬᠤᠮ᠎ᠢ ᠠᠯᠬᠤᠪᠠ᠃ ᠭᠤᠷᠪᠠᠨ ᠶᠡᠬᠡ ᠪᠣᠭᠣᠮᠲᠠ ᠱᠢᠪᠲᠤᠯᠬᠤ
ᠳᠠᠢᠯᠠᠯᠳᠤᠭᠠᠨ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠠᠷᠭ᠎ᠠ ᠬᠡᠯᠪᠡᠷᠢ᠎ᠪᠡᠨ ᠬᠤᠪᠢᠷᠠᠭᠤᠯᠬᠤ᠂
ᠪᠦᠲᠦᠴᠡ ᠳ᠋ᠤ ᠲᠣᠬᠢᠷᠠᠭᠤᠯᠤᠯᠳᠠ ᠬᠢᠬᠦ᠎ᠶ᠋ᠢ ᠲᠦᠷᠭᠡᠳᠭᠡᠵᠦ᠍᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ
ᠪᠠ ᠵᠠᠰᠠᠯᠲᠠ᠎ᠶ᠋ᠢ ᠪᠥᠬᠥ᠌ ᠲᠠᠯ᠎ᠠ᠎ᠪᠠᠷ ᠴᠢᠩᠭᠠᠳᠭᠠᠵᠤ᠂ ᠨᠡᠢᠭᠡᠮ ᠵᠢᠷᠤᠮ᠎ᠤᠨ ᠠᠷᠠᠳᠴᠢᠯᠠᠭ᠍ᠰᠠᠨ ᠤᠯᠤᠰ ᠲᠥᠷᠥ᠎ᠶ᠋ᠢᠨ
ᠪᠠᠢᠭᠤᠯᠤᠯᠲᠠ᠎ᠶ᠋ᠢ ᠭᠦᠨᠵᠡᠭᠡᠶ ᠠᠬᠢᠭᠤᠯᠵᠤ᠂ ᠦᠨᠳᠦᠰᠦᠲᠡᠨ ᠦ ᠠᠵᠢᠯ᠎ᠢ ᠦᠨᠡᠨ
ᠬᠦ᠌ ᠴᠢᠩᠭᠠᠳᠭᠠᠨ ᠰᠠᠢᠵᠢᠷᠠᠭᠤᠯᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠢ ᠯᠠᠪᠳᠠᠭᠤᠨ
ᠪᠠᠲᠤᠲᠠᠶ ᠰᠠᠢᠲᠤᠷ ᠬᠢᠵᠦ᠍᠂ ᠠᠷᠠᠳ᠎ᠤᠨ ᠠᠮᠢᠳᠤᠷᠠᠯ᠎ᠢ ᠰᠡᠳᠬᠢᠯ ᠲᠠᠯᠪᠢᠨ ᠬᠠᠢᠷ᠎ᠠ ᠰᠡᠳᠬᠢᠯᠬᠡ ᠲᠠᠢ ᠪᠡᠷ ᠪᠥᠬᠥ᠌
ᠬᠦᠴᠦᠨᠢᠶᠡᠷᠢᠶᠡᠨᠪᠠᠲᠤᠯᠠᠨᠰᠠᠢᠵᠢᠷᠠᠭᠤᠯᠵᠤ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ
ᠪᠠᠢᠳᠠᠯ᠎ᠤᠨ ᠨᠥᠯᠥᠭᠡ ᠪᠠ ᠲᠠᠭᠠᠷᠢᠯᠲᠠ᠎ᠶ᠋ᠢ ᠢᠳᠡᠪᠬᠢᠲᠡᠶ ᠠᠷᠭᠠᠴᠠᠭᠠᠵᠤ᠂ ᠥᠪᠥᠷ ᠮᠣᠩᠭᠣᠯ ᠴᠢᠨᠡᠭᠡᠯᠢᠭ ᠨᠡᠢᠭᠡᠮ᠎ᠢ
ᠪᠥᠬᠥ᠌ ᠲᠠᠯ᠎ᠠ᠎ᠪᠠᠷ ᠪᠡᠶᠡᠯᠡᠭᠦᠯᠬᠦ᠌ ᠬᠠᠷᠠᠯᠲᠠ᠎ᠶ᠋ᠢ ᠲᠣᠭ᠍ᠲᠠᠭ᠍ᠰᠠᠨ ᠬᠤᠭᠤᠴᠠᠭᠠᠨ᠎ᠳᠤ ᠪᠡᠶᠡᠯᠡᠭᠦᠯᠵᠦ᠍᠂
ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ
ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠵᠠᠮᠨᠠᠬᠤ ᠳ᠋ᠤ ᠲᠠᠰᠤᠷᠠᠯᠲᠠ ᠥᠬᠡᠶ ᠬᠦᠴᠢᠷ ᠠᠰᠠᠭᠤᠳᠠᠯ᠎ᠢ
ᠱᠢᠶ᠋ᠳᠪᠦᠷᠢᠯᠡᠨ ᠪᠣᠳᠠᠲᠠᠶ ᠦᠷ᠎ᠡ ᠪᠦᠲᠦᠮᠵᠢ ᠤᠯᠪᠠ᠃ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ
ᠭᠦᠨᠵᠡᠭᠡᠢᠷᠠᠬᠦᠯᠦᠨ ᠠᠬᠢᠭᠤᠯᠵᠤ᠂ ᠤᠷᠢᠳ ᠡᠮᠦᠨ᠎ᠡ ᠪᠠᠢᠭ᠎ᠠ ᠦᠭᠡᠢ ᠡᠷᠴᠢᠮ᠎ᠢᠶᠡᠷ ᠢᠯᠵᠠᠷᠡᠯ᠎ᠢ ᠡᠰᠡᠷᠭᠦᠴᠡᠬᠦ᠌
ᠲᠡᠮᠡᠴᠡᠯ᠎ᠢ ᠠᠬᠢᠭᠤᠯᠵᠤ᠂ ᠵᠤᠷᠱᠢᠯ᠎ᠠᠴᠠ ᠳᠠᠪᠠᠭ᠍ᠰᠠᠨ ᠠᠷᠭ᠎ᠠ ᠬᠡᠮᠵᠢᠶ᠎ᠡ ᠪᠠ ᠵᠣᠷᠢᠭ᠍ᠲᠠᠢ ᠪᠠᠢᠯᠳᠤᠵᠤ ᠢᠯᠠᠯᠲᠠ
ᠤᠯᠬᠤ ᠲᠡᠮᠡᠴᠡᠯ᠎ᠦᠨ ᠵᠣᠷᠢᠭ ᠰᠠᠨᠠᠭ᠎ᠠ᠎ᠪᠠᠷ ᠨᠡᠭᠦᠷᠡᠰᠦᠨ᠎ᠦ ᠡᠬᠢ ᠪᠠᠶᠠᠯᠢᠭ᠎ᠤᠨ ᠬᠦᠷᠢᠶᠡᠨ᠎ᠳᠡᠬᠢ ᠲᠦᠷᠢᠮ
ᠲᠣᠭ᠍ᠲᠠᠭᠠᠯ᠎ᠠᠴᠠ ᠵᠥᠷᠢᠴᠡᠵᠦ᠍ ᠬᠠᠤᠯᠢ᠎ᠠᠴᠠ ᠵᠥᠷᠢᠴᠡᠭ᠌ᠰᠡᠨ ᠠᠰᠠᠭᠤᠳᠠᠯ᠎ᠢ ᠲᠤᠰᠭᠠᠢ ᠴᠡᠭ᠌ᠴᠡᠯᠡᠨ ᠵᠠᠰᠠᠬᠤ᠎ᠶ᠋ᠢ
ᠠᠬᠢᠭᠤᠯᠵᠤ᠂ ᠥᠴᠦᠬᠡᠨ ᠴᠦ᠍ ᠲᠠᠲᠠᠭᠠᠯᠵᠠᠯ ᠦᠭᠡᠢ᠎ᠪᠡᠷ ᠠᠷᠬᠠᠭ ᠭᠡᠮ᠎ᠢ ᠵᠤᠷᠢᠬᠳᠠᠢ ᠪᠡᠷ ᠴᠡᠭᠴᠡᠯᠡᠨ ᠵᠠᠰᠠᠵᠤ᠂
ᠥᠴᠦᠬᠡᠨ ᠴᠦ᠍ ᠢᠯᠳᠠᠷ ᠬᠠᠶᠠᠬᠤ ᠦᠭᠡᠢ᠎ᠪᠡᠷ ᠬᠣᠣᠷᠲᠤ ᠬᠠᠪᠤᠳᠠᠷ᠎ᠲᠤ ᠮᠡᠰᠡ ᠵᠠᠰᠠᠯ ᠬᠢᠵᠦ᠍᠂ ᠥᠪᠥᠷ ᠮᠣᠩᠭᠣᠯ᠎ᠤᠨ
ᠤᠷᠳᠤ ᠬᠤᠭᠤᠴᠠᠭ᠎ᠠ᠎ᠪᠠᠷ ᠪᠣᠬᠢᠷᠲᠤᠭ᠍ᠰᠠᠨ ᠪᠠ ᠡᠪᠳᠡᠭ᠌ᠳᠡᠭ᠌ᠰᠡᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠬᠦᠴᠦᠲᠡᠢ
ᠰᠡᠷᠭᠦᠭᠡᠵᠦ᠍᠂ ᠤᠳᠤ ᠶᠠᠭ ᠲᠦᠷᠭᠡᠨ ᠴᠡᠪᠡᠷᠱᠢᠨ ᠱᠢᠯᠢᠳᠡᠭ᠌ᠵᠢᠭᠦᠯᠵᠦ᠍ ᠪᠠᠢᠨ᠎ᠠ᠃ ᠲᠠᠪᠤᠨ ᠵᠢᠯ᠎ᠦᠨ ᠲᠤᠷᠰᠢ᠂
ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢᠯ᠎ᠦᠨ ᠠᠵᠢᠯ ᠦᠢᠯᠡᠰ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠪᠡᠶᠡᠯᠡᠭᠦᠯᠵᠦ᠍
ᠴᠢᠳᠠᠭ᠍ᠰᠠᠨ᠎ᠤ ᠬᠠᠮᠤᠭ᠎ᠤᠨ ᠦᠨᠳᠦᠰᠦᠨ ᠰᠢᠯᠳᠠᠭᠠᠨ ᠪᠤᠯ ᠰᠢ᠎ᠶ᠋ᠢᠨ ᠫᠢᠩ ᠨᠥᠬᠥᠷ᠎ᠢᠶᠡᠷ
ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ᠎ᠳᠤ ᠪᠠᠢᠨ᠎ᠠ᠂ ᠰᠢ᠎ᠶ᠋ᠢᠨ
ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ
ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠠᠢᠨ᠎ᠠ᠂ ᠶᠡᠷᠦᠩᠬᠡᠢ ᠱᠦᠵᠢ ᠰᠢ᠎ᠶ᠋ᠢᠨ ᠫᠢᠩ ᠪᠡᠶ᠎ᠡ᠎ᠪᠡᠷ᠎ᠢᠶᠡᠨ
ᠥᠪᠥᠷ ᠮᠣᠩᠭᠣᠯ᠎ᠤᠨ ᠪᠠᠢᠳᠠᠯ᠎ᠳ᠋ᠤ ᠵᠠᠳᠠᠯᠤᠯᠳᠠ ᠬᠢᠵᠤ ᠴᠢᠭ᠌ᠯᠡᠯ᠎ᠢ ᠲᠣᠭ᠍ᠲᠠᠭᠠᠵᠤ᠂ ᠵᠠᠮ᠎ᠢ ᠵᠢᠭᠠᠵᠤ ᠠᠶᠠᠯᠠᠯ᠎ᠢ
ᠵᠢᠯᠣᠭᠣᠳᠤᠭ᠍ᠰᠠᠨ᠎ᠳᠤ ᠪᠠᠢᠨ᠎ᠠ ᠬᠡᠵᠤ ᠦᠵᠡᠪᠡ᠃
ᠶᠡᠬᠡ ᠬᠤᠷᠠᠯ᠎ᠠᠴᠠ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ
ᠪᠦᠳᠦᠭᠡᠨ ᠪᠠᠢᠭᠤᠯᠬᠤ ᠶᠠᠪᠤᠴᠠ᠎ᠳᠠᠬᠢ ᠥᠪᠥᠷ ᠮᠣᠩᠭᠣᠯ᠎ᠤᠨ ᠴᠢᠬᠤᠯᠠ ᠶᠡᠬᠡ ᠬᠠᠷᠢᠭᠤᠴᠠᠯᠭ᠎ᠠ ᠪᠠ ᠢᠷᠠᠭᠤ ᠠᠯᠳᠠᠷᠲᠤ
ᠡᠭᠦᠷᠭᠡ ᠪᠣᠯ ᠳᠠᠷᠤᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ
ᠴᠣᠭ᠍ᠴᠠᠯᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢᠶᠡᠨ ᠰᠠᠢᠳᠤᠷ
ᠬᠠᠮᠠᠭᠠᠯᠠᠵᠤ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠬᠦᠯᠬᠦ ᠪᠡᠷ
ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠵᠤ᠂
ᠶᠡᠷᠦᠩᠬᠡᠢ ᠱᠦᠵᠢ ᠰᠢ᠎ᠶ᠋ᠢᠨ ᠫᠢᠩ ᠪᠣᠯᠤᠨ ᠨᠠᠮ᠎ᠤᠨ
ᠲᠥᠪ ᠬᠣᠷᠢᠶᠠᠨ᠎ᠤ ᠥᠪᠥᠷ ᠮᠣᠩᠭᠣᠯ᠎ᠳᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠤᠳᠤᠯᠭ᠎ᠠ᠎ᠶ᠋ᠢᠨ ᠪᠠᠢᠷᠢ
ᠲᠣᠭ᠍ᠲᠠᠭᠠᠯᠲᠠ ᠶᠣᠰᠣᠭᠠᠷ᠂ 《ᠬᠣᠶᠠᠷ ᠬᠠᠯᠬᠠᠪᠴᠢ 》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢ ᠲᠦᠷᠭᠡᠳᠭᠡᠨ ᠪᠦᠳᠦᠭᠡᠨ ᠪᠠᠢᠭᠤᠯᠬᠤ ᠶᠠᠪᠤᠳᠠᠯ ᠪᠣᠯᠤᠨ᠎ᠠ᠃ ᠶᠡᠬᠡ ᠬᠤᠷᠠᠯ᠎ᠠᠴᠠ᠂ ᠥᠪᠥᠷ
ᠮᠣᠩᠭᠣᠯ ᠶᠡᠬᠡ ᠲᠠᠯ᠎ᠠ᠎ᠶ᠋ᠢ ᠡᠷᠬᠢᠮᠯᠡᠵᠦ᠍᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ᠌᠎ᠳᠦ᠂ ᠡᠷᠬᠡᠪᠰᠢ ᠤᠯᠤᠰ᠎ᠤᠨ
ᠠᠮᠢ ᠠᠬᠤᠢ᠎ᠶ᠋ᠢᠨ ᠠᠮᠤᠷ ᠲᠦᠪᠱᠢᠨ᠎ᠢ ᠬᠠᠮᠠᠭᠠᠯᠠᠬᠤ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ
ᠡᠭᠦᠷᠭᠡᠯᠡᠵᠦ᠍᠂ ᠰᠠᠢᠲᠤᠷ ᠭᠦᠢᠴᠡᠳᠭᠡᠬᠦ᠌ ᠬᠡᠷᠡᠭ᠌ᠲᠡᠢ᠂ ᠡᠷᠬᠡᠪᠰᠢ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠂ ᠠᠵᠤ ᠦᠢᠯᠡᠰ᠎ᠦᠨ ᠠᠮᠤᠷ ᠲᠦᠪᠱᠢᠨ᠎ᠢ ᠪᠠᠲᠤᠯᠠᠬᠤ ᠴᠢᠬᠤᠯᠠ ᠶᠡᠬᠡ ᠤᠯᠤᠰ
ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠰᠠᠢᠲᠤᠷ ᠭᠦᠢᠴᠡᠳᠭᠡᠬᠦ᠌ ᠬᠡᠷᠡᠭ᠌ᠲᠡᠢ᠂ ᠡᠷᠬᠡᠪᠰᠢ ᠤᠯᠤᠰ᠎ᠤᠨ
ᠡᠷᠬᠢᠨ ᠲᠣᠭᠣᠷᠢᠨ᠎ᠢ ᠲᠦᠰᠦᠪᠯᠡᠨ ᠰᠢᠢᠳᠪᠦᠷᠢᠯᠡᠬᠦᠪᠠ ᠭᠠᠳᠠᠭᠠᠳᠤ ᠨᠡᠭᠡᠭᠡᠯᠳᠠ᠎ᠶ᠋ᠢᠨ ᠪᠠᠢᠯᠳᠤᠬᠤ ᠪᠤᠳᠤᠯᠭ᠎ᠠ᠎ᠳᠤ
ᠦᠢᠯᠡᠴᠢᠯᠡᠬᠦ᠌ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠰᠠᠢᠳᠤᠷ ᠬᠦᠢᠴᠡᠳᠬᠡᠬᠦ
ᠬᠡᠷᠡᠭᠳᠡᠢ᠂ ᠤᠯᠤᠰ᠎ᠤᠨ ᠨᠢᠭᠡᠳᠦᠯ᠂ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ ᠴᠢᠬᠤᠯᠠ ᠶᠡᠬᠡ ᠤᠯᠤᠰ ᠲᠦᠷᠦ᠍᠎ᠶ᠋ᠢᠨ
ᠬᠠᠷᠢᠭᠤᠴᠠᠯᠭ᠎ᠠ᠎ᠶ᠋ᠢ ᠡᠬᠦᠷᠬᠡᠯᠡᠵᠤ᠂ ᠰᠠᠢᠲᠤᠷ ᠭᠦᠢᠴᠡᠳᠭᠡᠬᠦ᠌ ᠬᠡᠷᠡᠭ᠌ᠲᠡᠢ᠂ ᠡᠷᠬᠡᠪᠰᠢ ᠡᠭᠡ ᠤᠯᠤᠰ᠎ᠤᠨ
ᠤᠮᠠᠷᠠᠲᠤ᠎ᠶ᠋ᠢᠨ ᠬᠢᠯᠢ ᠬᠢᠵᠠᠭᠠᠷ᠎ᠢ ᠰᠠᠬᠢᠨ ᠬᠠᠮᠠᠭᠠᠯᠠᠬᠤ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ
ᠡᠭᠦᠷᠭᠡᠯᠡᠵᠦ᠍᠂ ᠰᠠᠢᠲᠤᠷ ᠭᠦᠢᠴᠡᠳᠭᠡᠬᠦ᠌ ᠬᠡᠷᠡᠭ᠌ᠲᠡᠢ ᠬᠡᠵᠤ ᠵᠢᠭᠠᠵᠤ ᠭᠠᠷᠭᠠᠪᠠ᠃
ᠶᠡᠬᠡ ᠬᠤᠷᠠᠯ᠎ᠠᠴᠠ ᠢᠯᠡᠳᠭᠡᠯ᠎ᠳᠦ
ᠳᠤᠷᠠᠳᠤᠭ᠍ᠰᠠᠨ ᠬᠣᠢᠱᠢᠳᠠ᠎ᠶ᠋ᠢᠨ ᠲᠠᠪᠤᠨ ᠵᠢᠯ᠎ᠦᠨ ᠠᠵᠢᠯ᠎ᠤᠨ ᠬᠠᠷᠠᠯᠲᠠ ᠱᠠᠭᠠᠷᠳᠠᠯᠭ᠎ᠠ᠎ᠶ᠋ᠢ ᠵᠥᠪᠱᠢᠶᠡᠷᠡᠪᠡ᠃
ᠶᠡᠬᠡ ᠬᠤᠷᠠᠯ᠎ᠠᠴᠠ᠂ ᠠᠮᠢ ᠠᠬᠤᠶ᠎ᠶ᠋ᠢ ᠤᠷᠢᠳ᠎ᠢᠶᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ᠎ᠪᠡᠷ
ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠡᠷ ᠵᠠᠮᠨᠠᠬᠤ ᠪᠤᠯ᠂ ᠬᠥᠭ᠌ᠵᠢᠯᠲᠡ᠎ᠶ᠋ᠢᠨ
ᠣᠢᠯᠠᠭᠠᠭ᠍ᠳᠠᠬᠤᠨ᠂ ᠬᠥᠭ᠌ᠵᠢᠯᠲᠡ᠎ᠶ᠋ᠢᠨ ᠵᠠᠮ᠂ ᠬᠥᠭ᠌ᠵᠢᠯᠲᠡ᠎ᠶ᠋ᠢᠨ ᠬᠡᠯᠪᠡᠷᠢ᠂ ᠬᠥᠭ᠌ᠵᠢᠯᠲᠡ᠎ᠶ᠋ᠢᠨ ᠬᠠᠷᠠᠯᠲᠠ᠎ᠶ᠋ᠢᠨ
ᠪᠦᠬᠦ᠌ ᠲᠠᠯ᠎ᠠ᠎ᠶ᠋ᠢᠨ ᠬᠤᠪᠢᠷᠠᠯᠲᠠ ᠮᠦᠨ᠂ ᠪᠦᠬᠦ᠌ ᠲᠠᠯ᠎ᠠ᠎ᠶ᠋ᠢᠨ ᠴᠢᠨᠠᠷᠲᠠᠶ᠂ ᠪᠠᠢᠯᠳᠤᠬᠤ ᠪᠤᠳᠤᠯᠭ᠎ᠠ᠎ᠶ᠋ᠢᠨ
ᠴᠢᠨᠠᠷᠲᠠᠢ᠂ ᠤᠷᠲᠤ ᠬᠤᠭᠤᠴᠠᠭᠠᠨ᠎ᠤ ᠱᠠᠭᠠᠷᠳᠠᠯᠭ᠎ᠠ ᠮᠦᠨ᠂ ᠪᠤᠢ ᠪᠦᠬᠦᠢ ᠬᠦᠷᠢᠶ᠎ᠡ ᠴᠠᠷᠠᠭ᠎ᠠ᠂ ᠪᠤᠢ ᠪᠦᠬᠦᠢ
ᠣᠷᠣᠨ ᠪᠦᠰᠡ᠂ ᠪᠤᠢ ᠪᠦᠬᠦᠢ ᠠᠵᠤ ᠦᠢᠯᠡᠰ᠂ ᠪᠤᠢ ᠪᠦᠬᠦᠢ ᠠᠵᠢᠯ ᠲᠥᠷᠥᠯ ᠴᠥᠮ ᠡᠭᠦᠨ᠎ᠳᠦ ᠠᠩᠬᠠᠷᠤᠯ᠎ᠢᠶᠠᠨ ᠲᠥᠪᠯᠡᠷᠡᠭᠦᠯᠦᠨ
ᠬᠦᠴᠦᠯᠡᠬᠦ᠌ ᠬᠡᠷᠡᠭ᠌ᠲᠡᠶ᠂ ᠡᠯ᠎ᠡ ᠵᠦᠶ᠋ᠯ᠎ᠦᠨ ᠴᠢᠬᠤᠯᠠ ᠶᠡᠬᠡ ᠬᠠᠷᠠᠯᠲᠠ ᠡᠭᠦᠷᠭᠡ᠂ ᠴᠢᠬᠤᠯᠠ ᠶᠡᠬᠡ ᠲᠥᠷᠥ᠎ᠶ᠋ᠢᠨ
ᠪᠣᠳᠣᠯᠭ᠎ᠠ ᠠᠷᠭ᠎ᠠ ᠬᠡᠮᠵᠢᠶ᠎ᠡ᠂ ᠴᠢᠬᠤᠯᠠ ᠶᠡᠬᠡ ᠢᠨᠵᠧᠨᠧᠷᠢᠩᠲᠦᠷᠦᠯ ᠵᠦᠢᠯ ᠴᠥᠮ ᠡᠭᠦᠨ ᠳᠤ
ᠦᠨᠳᠦᠰᠦᠯᠡᠵᠤ ᠪᠠᠢᠷᠢᠯᠠᠭᠤᠯᠤᠨ ᠥᠷᠨᠢᠭᠦᠯᠬᠦ᠌ ᠬᠡᠷᠡᠭ᠌ᠲᠡᠢ᠂ ᠡᠷᠬᠡᠪᠰᠢ ᠱᠢᠨ᠎ᠡ ᠵᠠᠮ᠎ᠢᠶᠠᠷ ᠵᠠᠮᠨᠠᠬᠤ ᠤᠯᠤᠰᠲᠦᠷᠦ᠍ᠶ᠋ᠢᠨᠤᠬᠠᠮᠰᠠᠷᠲᠤᠴᠢᠨᠠᠷᠪᠠ ᠪᠣᠳᠠᠲᠤ ᠲᠤᠯᠭᠠᠮ ᠰᠡᠳᠭᠢᠯᠭᠡ᠎ᠪᠡᠨ ᠴᠢᠩᠭᠠᠳᠭᠠᠬᠤ ᠬᠡᠷᠡᠭ᠌ᠲᠡᠢ᠂ ᠠᠮᠢ
ᠠᠬᠤᠶ᠎ᠶ᠋ᠢ ᠤᠷᠢᠳ᠎ᠢᠶᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ ᠱᠠᠭᠠᠷᠳᠠᠯᠭ᠎ᠠ ᠲᠠᠢ ᠲᠤᠬᠢᠷᠠᠯᠴᠠᠬᠤ
ᠦᠭᠡᠢ᠂ ᠨᠡᠢᠴᠡᠬᠦ ᠦᠭᠡᠢ᠂ ᠴᠢᠨᠠᠭᠰᠢᠯᠠᠨ ᠡᠰᠡᠷᠭᠦᠴᠡᠯᠳᠦᠬᠦ ᠦᠵᠡᠯ ᠰᠠᠨᠠᠭ᠎ᠠ ᠦᠵᠡᠯᠲᠡ᠂ ᠠᠵᠢᠯᠯᠠᠭᠠᠨ᠎ᠤ ᠬᠡᠯᠪᠡᠷᠢ᠂
ᠬᠦᠭᠵᠢᠯᠲᠡ ᠵᠢᠨ ᠵᠠᠭᠪᠤᠷ᠎ᠢ ᠡᠷᠡᠰ ᠲᠤᠬᠢᠷᠠᠭᠤᠯᠵᠤ᠂ ᠵᠠᠯᠠᠷᠠᠭᠤᠯᠬᠤ ᠪᠠ ᠲᠠᠶᠠᠭᠳᠠᠵᠤ᠂ ᠰᠢᠨ᠎ᠡ ᠵᠠᠮ᠎ᠢᠶᠡᠷ
ᠨᠢᠬᠡ ᠨᠢᠬᠡ ᠠᠯᠬᠤᠮ᠎ᠢᠶᠡᠷ ᠯᠠᠪᠳᠠᠭᠤᠨ ᠪᠠᠲᠤᠲᠠᠢ ᠰᠠᠢᠳᠤᠷ ᠵᠠᠮᠨᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠶᠡᠬᠡ ᠬᠤᠷᠠᠯ᠎ᠠᠴᠠ᠂ ᠪᠦᠬᠦ᠌ ᠣᠷᠣᠨ᠎ᠢᠶᠠᠷ᠎ᠢᠶᠠᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ
ᠠᠭᠤᠤ ᠶᠡᠬᠡ ᠲᠤᠭ᠎ᠢ ᠥᠨᠳᠥᠷ ᠮᠠᠨᠳᠤᠭᠤᠯᠵᠤ᠂ ᠰᠢ᠎ᠶ᠋ᠢᠨ
ᠫᠢᠩ
ᠦᠨ ᠱᠢᠨ᠎ᠡ ᠴᠠᠭ ᠦᠶ᠎ᠡ ᠶ᠋ᠢᠨ ᠳᠤᠮᠳᠠᠳᠤ ᠤᠯᠤᠰ᠎ᠤᠨ
ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠭᠤᠯᠵᠤ᠂ ᠨᠠᠮ᠎ᠤᠨ ᠠᠷᠪᠠ ᠶᠢᠰᠦᠳᠦᠭᠡᠷ
ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨᠤᠲᠥᠪᠬᠣᠷᠢᠶᠠᠨᠤ ᠬᠣᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂
ᠲᠠᠪᠤᠳᠤᠭᠠᠷ᠂ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ
ᠱᠦᠵᠢ ᠰᠢ᠎ᠶ᠋ᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ
ᠵᠣᠷᠢᠭ ᠰᠠᠨᠠᠭ᠎ᠠ ᠶ᠋ᠢ ᠪᠦᠬᠦ᠌ ᠲᠠᠯ᠎ᠠ ᠪᠠᠷ
ᠨᠠᠢᠳᠠᠪᠤᠷᠢᠵᠢᠭᠤᠯᠵᠤ᠂ 《ᠲᠠᠪᠤ ᠶ᠋ᠢ
ᠨᠢᠭᠡ ᠴᠤᠭ᠍ᠴᠠᠵᠢᠭᠤᠯᠤᠬᠰᠠᠨ》ᠶᠡᠷᠦᠩᠬᠡᠢ ᠪᠠᠢᠷᠢᠱᠢᠭᠤᠯᠤᠯᠲᠠ᠎ᠶ᠋ᠢ
ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠎ᠶ᠋ᠢ ᠪᠠᠷᠢᠮᠲᠠᠯᠠᠵᠤ᠂ 《ᠳᠥᠷᠪᠡᠨ ᠪᠦᠬᠦ᠌ ᠲᠠᠯ᠎ᠠ》 ᠶ᠋ᠢᠨ ᠪᠠᠢᠯᠳᠤᠬᠤ ᠪᠣᠳᠣᠯᠭ᠎ᠠ᠎ᠶ᠋ᠢᠨ
ᠪᠠᠢᠷᠢᠱᠢᠭᠤᠯᠤᠯᠲᠠ᠎ᠶ᠋ᠢ ᠵᠣᠬᠢᠴᠠᠭᠤᠯᠤᠨ ᠠᠬᠢᠭᠤᠯᠵᠤ᠂ ᠲᠣᠭ᠍ᠲᠠᠭᠤᠨ᠎ᠤ ᠳᠤᠮᠳᠠ ᠠᠬᠢᠯᠳᠠ ᠲᠠᠢ ᠪᠠᠢᠬᠤ ᠠᠵᠢᠯ᠎ᠤᠨ
ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ
ᠰᠠᠨᠠᠭ᠎ᠠ᠎ᠶ᠋ᠢ ᠪᠠᠷᠢᠮᠲᠠᠯᠠᠵᠤ᠂ ᠬᠥᠭ᠌ᠵᠢᠯᠲᠡ ᠪᠠ ᠠᠮᠤᠷ ᠲᠦᠪᠱᠢᠨ᠎ᠢ ᠵᠡᠷᠭᠡᠪᠡᠷᠴᠢᠬᠤᠯᠠᠴᠢᠯᠠᠬᠤᠶ᠋ᠢᠪᠠᠷᠢᠮᠲᠠᠯᠠᠵᠤ᠂ᠱᠢᠨᠡᠬᠥᠭ᠌ᠵᠢᠯᠲᠡᠶ᠋ᠢᠨᠱᠠᠲᠤᠨᠳᠤ ᠰᠠᠭᠤᠷᠢᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ᠂
ᠵᠦᠪ ᠣᠨᠣᠪᠴᠢᠲᠠᠶ᠂ ᠪᠦᠬᠦ᠌ ᠲᠠᠯᠠᠪᠠᠷᠲᠤᠭᠤᠱᠢᠯᠠᠭᠤᠯᠵᠤ᠂ᠱᠢᠨᠡᠬᠥᠭ᠌ᠵᠢᠯᠲᠡᠶ᠋ᠢᠨ ᠪᠠᠢᠷᠢᠱᠢᠯ᠎ᠳᠤ
ᠬᠦᠴᠦᠯᠡᠨ ᠦᠢᠯᠡᠴᠢᠯᠡᠬᠦ᠌ ᠪᠠ ᠠᠭᠤᠰᠤᠯᠴᠠᠵᠤ᠂ ᠠᠮᠢ ᠠᠬᠤᠶ᠎ᠶ᠋ᠢ ᠤᠷᠢᠳ᠎ᠢᠶᠡᠷ ᠪᠤᠳᠤᠯᠬᠢᠯᠠᠬᠤ᠂ ᠪᠣᠬᠢᠷᠲᠤᠯ
ᠦᠭᠡᠢ ᠬᠥᠭ᠌ᠵᠢᠭᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠡᠷ
ᠯᠠᠪᠳᠠᠭᠤᠨ ᠪᠠᠲᠤᠲᠠᠢ ᠰᠠᠢᠳᠤᠷ ᠵᠠᠮᠨᠠᠵᠤ᠂《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢ ᠲᠦᠷᠭᠡᠳᠭᠡᠨ ᠪᠠᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ
ᠤᠬᠠᠮᠰᠠᠷ᠎ᠢ ᠲᠠᠰᠤᠷᠠᠯᠲᠠ ᠦᠭᠡᠢ ᠪᠠᠲᠤ ᠴᠣᠭ᠍ᠴᠠᠯᠠᠵᠤ᠂ ᠡᠷᠡᠰ ᠭᠤᠢᠪᠢᠰᠢ ᠦᠭᠡᠢ᠎ᠪᠡᠷ ᠨᠠᠮ᠎ᠢ ᠴᠢᠩᠭ᠎ᠠ ᠬᠠᠮᠢᠶᠠᠷᠴᠤ᠌
ᠴᠢᠩᠭ᠎ᠠ ᠵᠠᠰᠠᠵᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ
ᠱᠢᠨ᠎ᠡ ᠠᠶᠠᠨ᠎ᠳᠤ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠵᠦ᠂ ᠡᠬᠡ ᠤᠯᠤᠰ᠎ᠤᠨ
ᠤᠮᠠᠷᠠᠲᠤ᠎ᠶ᠋ᠢᠨ ᠦᠵᠡᠮᠵᠢ᠎ᠶ᠋ᠢᠨ ᠣᠷᠣᠨ᠎ᠢᠶᠠᠨ ᠨᠠᠩ ᠦᠵᠡᠰᠭᠦᠯᠡᠩᠲᠦ ᠰᠠᠢᠬᠠᠨ ᠪᠣᠯᠭᠠᠨ ᠪᠥᠲᠥᠭᠡᠨ ᠪᠠᠢᠭᠤᠯᠬᠤ
ᠬᠡᠷᠡᠭᠲᠡᠢ᠃ ᠣᠷᠣᠨ ᠳᠠᠶᠠᠭᠠᠷ᠎ᠤᠨ ᠴᠥᠬᠥᠷᠡᠰᠢ ᠥᠬᠡᠶ ᠴᠢᠷᠮᠠᠢᠯᠭ᠎ᠠ᠎ᠪᠠᠷ ᠳᠡᠮᠵᠢᠨ᠂ ᠠᠵᠤ ᠠᠬᠤᠶ᠎ᠶ᠋ᠢᠨ ᠴᠢᠨᠠᠷ
ᠰᠠᠢᠲᠠᠶ ᠬᠥᠭ᠌ᠵᠢᠯᠲᠡ ᠨᠠᠩ ᠶᠡᠬᠡ ᠦᠷ᠎ᠡ ᠪᠦᠲᠦᠭᠡᠯ᠎ᠢ ᠣᠯᠵᠤ᠂ ᠠᠮᠢ ᠠᠬᠤᠶ ᠣᠷᠴᠢᠨ ᠲᠣᠭᠣᠷᠢᠨ᠎ᠤ ᠥᠨᠳᠥᠷ ᠲᠦᠪᠱᠢᠨ
ᠪᠥᠬᠥᠶ ᠬᠠᠮᠠᠭᠠᠯᠠᠯᠲᠠ ᠨᠠᠩ ᠶᠡᠬᠡ ᠦᠷ᠎ᠡ ᠪᠦᠲᠦᠮᠵᠢ ᠣᠯᠵᠤ᠂ ᠠᠷᠠᠳ ᠣᠯᠠᠨ᠎ᠤ ᠴᠢᠨᠠᠷ ᠰᠠᠢᠲᠠᠶ ᠠᠮᠢᠳᠤᠷᠠᠯ᠎ᠢ
ᠴᠣᠭ᠍ᠴᠠᠯᠠᠬᠤ ᠠᠵᠢᠯ ᠨᠠᠩ ᠶᠡᠬᠡ ᠠᠬᠢᠴᠠ᠎ᠲᠠᠶ ᠪᠣᠯᠵᠣ᠂ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ
ᠥᠨᠳᠥᠷ ᠪᠦᠲᠦᠮᠵᠢᠲᠡᠶ ᠵᠠᠰᠠᠯᠲᠠ ᠨᠠᠩ ᠶᠡᠬᠡ ᠱᠢᠪᠲᠤᠯᠤᠯᠲᠠ᠎ᠲᠠᠶ ᠪᠣᠯᠵᠣ᠂ 《ᠬᠣᠶᠠᠷ ᠬᠠᠯᠬᠠᠪᠴᠢ》 ᠨᠠᠩ ᠪᠠᠲᠤ ᠪᠠᠬᠢ ᠪᠣᠯᠵᠣ᠂ 《ᠬᠣᠶᠠᠷ ᠰᠠᠭᠤᠷᠢᠨ》᠎ᠤ᠋ ᠲᠤᠭ᠎ᠠ ᠪᠠ ᠶᠠᠰᠤ ᠴᠢᠨᠠᠷ
ᠵᠡᠷᠭᠡ᠎ᠪᠡᠷ ᠳᠡᠭᠡᠭ᠌ᠰᠢᠯᠡᠵᠦ᠍᠂ 《ᠨᠢᠭᠡ ᠪᠡᠬᠢᠯᠡᠯᠲᠡ》 ᠶ᠋ᠢᠨ ᠦᠢᠯᠡᠳᠦᠯ ᠢᠯᠡᠷᠬᠡᠶ ᠪᠣᠯᠵᠣ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂
ᠪᠣᠬᠢᠷᠲᠤᠯ ᠥᠬᠡᠶ ᠬᠥᠭ᠌ᠵᠢᠭᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ ᠴᠢᠬᠤᠯᠠ
ᠶᠡᠬᠡ ᠠᠯᠬᠤᠮ᠎ᠢ ᠠᠯᠬᠤᠬᠤ ᠬᠡᠷᠡᠭᠳᠡᠢ ᠭᠡᠵᠦ ᠴᠢᠬᠤᠯᠠᠴᠢᠯᠠᠪᠠ᠃
ᠶᠡᠬᠡ ᠬᠤᠷᠠᠯ᠎ᠠᠴᠠ᠂ 《ᠬᠣᠶᠠᠷ᠎ᠢ ᠬᠠᠮᠠᠭᠠᠯᠠᠬᠤ》 ᠪᠣᠯ ᠱᠢᠨ᠎ᠡ ᠴᠠᠭ ᠦᠶ᠎ᠡ᠎ᠶ᠋ᠢᠨ
ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠲᠠᠰᠤᠷᠠᠯᠲᠠ ᠥᠬᠡᠶ ᠬᠥᠭ᠌ᠵᠢᠨ ᠤᠷᠤᠭ᠍ᠰᠢᠯᠠᠬᠤ᠎ᠶ᠋ᠢ
ᠠᠬᠢᠭᠤᠯᠬᠤ ᠦᠨᠳᠦᠰᠦᠨ ᠤᠯᠤᠰ ᠲᠥᠷᠥ᠎ᠶ᠋ᠢᠨ ᠪᠠᠲᠤᠯᠠᠭ᠎ᠠ ᠮᠥᠨ᠂ ᠥᠪᠥᠷ ᠮᠣᠩᠭᠣᠯ᠎ᠤᠨ ᠡᠯ᠎ᠡ ᠵᠦᠶ᠋ᠯ᠎ᠦᠨ ᠠᠵᠢᠯ᠎ᠢ
ᠰᠠᠢᠲᠤᠷ ᠬᠢᠬᠦ᠌᠎ᠶ᠋ᠢᠨ ᠦᠨᠳᠦᠰᠦᠨ ᠤᠯᠤᠰ ᠲᠥᠷᠥ᠎ᠶ᠋ᠢᠨ ᠤᠷᠢᠲᠠᠯ ᠮᠥᠨ᠂ ᠡᠷᠬᠡᠪᠰᠢ 《ᠬᠣᠶᠠᠷ ᠢ ᠬᠠᠮᠠᠭᠠᠯᠠᠬᠤ》᠎ᠶ᠋ᠢ ᠡᠷᠡᠰ ᠦᠶ᠋ᠯᠡᠳᠦᠯᠭᠡᠵᠢᠭᠦᠯᠵᠦ᠍᠂ ᠭᠤᠤᠯᠯᠠᠭ᠍ᠴᠢ ᠳᠠᠭᠠᠨ ᠦᠨᠡᠨᠴᠢ ᠱᠢᠳᠤᠷᠭᠤ ᠪᠠᠢᠬᠤ᠂ ᠭᠤᠤᠯᠯᠠᠭ᠍ᠴᠢ ᠪᠠᠨ ᠬᠦᠷᠢᠶᠡᠯᠡᠬᠦ᠌᠂ ᠭᠤᠤᠯᠯᠠᠭ᠍ᠴᠢ᠎ᠲᠠᠢ ᠪᠠᠨ ᠨᠢᠭᠡᠲᠦᠯᠲᠡᠢ
ᠪᠠᠢᠬᠤ᠂ ᠭᠤᠤᠯᠯᠠᠭ᠍ᠴᠢ᠎ᠪᠠᠨ ᠬᠠᠮᠠᠭᠠᠯᠠᠬᠤ ᠤᠯᠤᠰ ᠲᠥᠷᠥ᠎ᠶ᠋ᠢᠨ ᠤᠬᠠᠮᠰᠠᠷ ᠦᠵᠡᠯ ᠰᠠᠨᠠᠭ᠎ᠠ ᠵᠢᠨ ᠤᠬᠠᠮᠰᠠᠷ
ᠠᠵᠢᠯᠯᠠᠭᠠᠨ᠎ᠤ ᠤᠬᠠᠮᠰᠠᠷ᠎ᠢᠶᠠᠨ ᠦᠨᠡᠨ ᠬᠦ᠌ ᠴᠢᠩᠭᠠᠳᠭᠠᠬᠤ ᠬᠡᠷᠡᠭ᠌ᠲᠡᠶ᠃ ᠤᠯᠤᠰ ᠲᠥᠷᠥ᠎ᠶ᠋ᠢᠨ ᠮᠠᠭᠠᠳᠯᠠᠬᠤ
ᠴᠢᠳᠠᠪᠤᠷᠢ᠂ ᠤᠯᠤᠰ ᠲᠥᠷᠥ᠎ᠶ᠋ᠢᠨ ᠣᠢᠯᠠᠭᠠᠬᠤ ᠴᠢᠳᠠᠪᠤᠷᠢ᠂ ᠤᠯᠤᠰ ᠲᠥᠷᠥ᠎ᠶ᠋ᠢᠨ ᠬᠦᠢᠴᠡᠳᠬᠡᠬᠦ᠌ ᠴᠢᠳᠠᠪᠤᠷᠢ᠎ᠪᠠᠨ
ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠨᠠᠮ᠎ᠤᠨ ᠪᠦᠯᠬᠦᠮᠳᠡᠯ ᠨᠢᠭᠡᠳᠦᠯ᠎ᠢ ᠤᠬᠠᠮᠰᠠᠷ᠎ᠠᠴᠠ᠎ᠪᠠᠨ ᠡᠷᠡᠰ
ᠬᠠᠮᠠᠭᠠᠯᠠᠵᠤ᠂ 《ᠤᠯᠤᠰ᠎ᠤᠨ ᠶᠡᠬᠡ ᠶᠠᠪᠤᠳᠠᠯ》᠎ᠢ᠋ ᠢᠮᠠᠭ᠍ᠲᠠ ᠪᠠᠲᠤ ᠴᠡᠭᠡᠵᠢᠯᠡᠵᠦ᠍᠂ ᠨᠠᠮ᠎ᠤᠨ ᠲᠥᠪ ᠬᠣᠷᠢᠶᠠᠨ᠎ᠤ ᠱᠢᠶ᠋ᠳᠪᠦᠷᠢᠲᠦ ᠪᠣᠳᠣᠯᠭ᠎ᠠ
ᠪᠠᠢᠷᠢᠯᠠᠭᠤᠯᠤᠯᠲᠠ᠎ᠶ᠋ᠢ ᠲᠡᠷᠡ ᠶᠣᠰᠣᠭᠠᠷ᠎ᠨᠢ ᠲᠤᠭᠤᠱᠢᠯᠠᠭᠤᠯᠤᠨ ᠬᠡᠷᠡᠭ᠌ᠵᠢᠭᠦᠯᠵᠦ᠍᠂ ᠥᠪᠡᠷᠲᠡᠭᠡᠨ ᠵᠠᠰᠠᠬᠤ
ᠣᠷᠣᠨ᠎ᠤ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠢᠮᠠᠭ᠍ᠲᠠ ᠵᠥᠪ ᠤᠯᠤᠰ ᠲᠥᠷᠥ᠎ᠶ᠋ᠢᠨ ᠴᠢᠭ᠌ᠯᠡᠯ᠎ᠢᠶᠡᠷ ᠤᠷᠤᠭ᠍ᠰᠢᠯᠠᠬᠤ᠎ᠶ᠋ᠢ
ᠪᠠᠲᠤᠯᠠᠬᠤ ᠬᠡᠷᠡᠭ᠌ᠲᠡᠶ ᠭᠡᠵᠦ ᠴᠢᠬᠤᠯᠠᠴᠢᠯᠠᠪᠠ᠃
ᠶᠡᠬᠡ ᠬᠤᠷᠠᠯ᠎ᠠᠴᠠ᠂ ᠥᠪᠥᠷ
ᠮᠣᠩᠭᠣᠯ᠎ᠤᠨ ᠠᠮᠢ ᠠᠬᠤᠢ᠎ᠶ᠋ᠢᠨ ᠪᠠᠢᠳᠠᠯ ᠬᠢᠷᠢ ᠵᠡᠷᠭᠡ ᠪᠠᠢᠬᠤ ᠨᠢ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ
ᠤᠯᠠᠨ ᠲᠦᠮᠡᠨ᠎ᠦ ᠣᠷᠣᠱᠢᠨ ᠲᠣᠭ᠍ᠲᠠᠨᠢᠯ ᠪᠠ ᠬᠥᠭ᠌ᠵᠢᠯᠲᠡ᠎ᠲᠡᠶ ᠬᠣᠯᠪᠣᠭ᠍ᠳᠠᠬᠤ᠎ᠪᠠᠷ ᠪᠠᠷᠠᠬᠤ ᠦᠭᠡᠢ ᠤᠮᠠᠷᠠᠲᠤ
ᠣᠷᠣᠨ᠂ ᠵᠡᠭᠦᠨ ᠬᠣᠢᠲᠤ ᠣᠷᠣᠨ᠂ ᠪᠠᠷᠠᠭᠤᠨ ᠬᠣᠢᠲᠤ ᠣᠷᠣᠨ ᠴᠢᠨᠠᠭ᠍ᠰᠢᠯᠠᠪᠠᠯ ᠪᠦᠬᠦ᠌ ᠤᠯᠤᠰ᠎ᠤᠨ ᠠᠮᠢ ᠠᠬᠤᠢ᠎ᠶ᠋ᠢᠨ
ᠠᠮᠤᠷ ᠲᠦᠪᠱᠢᠨ᠎ᠲᠡᠶ ᠬᠣᠯᠪᠣᠭ᠍ᠳᠠᠨ᠎ᠠ᠂ ᠡᠷᠬᠡᠪᠰᠢ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ ᠤᠯᠤᠰ ᠲᠦᠷᠦ᠍᠎ᠶ᠋ᠢᠨ
ᠤᠳᠤᠷᠢᠳᠤᠮᠵᠢ ᠪᠠ ᠦᠷᠳᠡᠭ᠎ᠦᠨ ᠬᠥᠭᠡᠭᠡᠴᠡᠯᠳᠦᠯ᠎ᠢᠶᠡᠨ ᠪᠠᠲᠤᠳᠭᠠᠵᠤ᠂ ᠠᠮᠢ ᠠᠬᠤᠢ᠎ᠪᠠᠷ ᠠᠷᠠᠳ᠎ᠲᠤ ᠠᠱᠢᠭ ᠬᠦᠷᠲᠡᠭᠡᠬᠦ᠌᠂
ᠠᠮᠢ ᠠᠬᠤᠢ᠎ᠪᠠᠷ ᠠᠷᠠᠳ᠎ᠲᠤ ᠲᠤᠰᠠ ᠬᠢᠬᠦ ᠂ ᠠᠮᠢ ᠠᠬᠤᠢ᠎ᠪᠠᠷ ᠠᠷᠠᠳ ᠲᠦᠮᠡᠨ᠎ᠳᠤ ᠦᠢᠯᠡᠴᠢᠯᠡᠬᠦ᠌᠎ᠶ᠋ᠢ ᠪᠠᠷᠢᠮᠲᠠᠯᠠᠵᠤ᠂
ᠵᠥᠪ ᠠᠮᠢ ᠠᠬᠤᠢ᠎ᠶ᠋ᠢᠨ ᠦᠵᠡᠯᠲᠡ᠂ ᠬᠥᠭ᠌ᠵᠢᠯᠲᠡ᠎ᠶ᠋ᠢᠨ ᠦᠵᠡᠯᠲᠡ᠎ᠶ᠋ᠢ ᠪᠠᠲᠤ ᠪᠤᠢ ᠪᠣᠯᠭᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠪᠦᠬᠦ᠌
ᠣᠷᠣᠨ ᠪᠦᠰᠡ᠂ ᠪᠦᠬᠦ᠌ ᠲᠠᠯ᠎ᠠ᠎ᠪᠠᠷ ᠴᠢᠩᠭᠠᠳᠭᠠᠵᠤ᠂ ᠬᠥᠭ᠌ᠵᠢᠯᠲᠡ᠎ᠶ᠋ᠢᠨ
ᠪᠣᠬᠢᠷᠲᠤᠯ ᠦᠭᠡᠢ ᠲᠠᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠪᠦᠬᠦ᠌ ᠬᠦᠷᠢᠶ᠎ᠡ ᠪᠦᠬᠦ᠌ ᠶᠠᠪᠤᠴᠠ᠎ᠳᠤ ᠠᠬᠢᠭᠤᠯᠬᠤ ᠬᠡᠷᠡᠭ᠌ᠲᠡᠢ᠃ ᠠᠮᠢ ᠠᠬᠤᠢ ᠣᠷᠴᠢᠨ ᠲᠣᠭᠣᠷᠢᠨ᠎ᠢ
ᠬᠠᠮᠠᠭᠠᠯᠠᠬᠤᠶ᠋ᠢᠢᠮᠠᠭ᠍ᠲᠠ ᠳᠡᠢᠯᠦᠩᠭᠦᠢ ᠪᠠᠢᠷᠢᠨ᠎ᠳᠤ ᠲᠠᠯᠪᠢᠵᠤ᠂ ᠠᠮᠢ ᠠᠬᠤᠢ᠎ᠶ᠋ᠢᠨ ᠱᠢᠰᠲᠸᠮ᠎ᠢ ᠬᠠᠮᠠᠭᠠᠯᠠᠬᠤ
ᠡᠷᠴᠢᠮ᠎ᠢᠶᠡᠨ ᠴᠢᠩᠭᠠᠷᠠᠭᠤᠯᠵᠤ᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠢ
ᠭᠦᠨᠵᠡᠭᠡᠢ ᠰᠠᠢᠲᠤᠷ ᠬᠢᠵᠦ᠍᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠤ ᠬᠥᠭ᠌ᠵᠢᠯᠲᠡ᠎ᠶ᠋ᠢ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ
ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠬᠡᠷᠡᠭ᠌ᠲᠡᠢ ᠭᠡᠵᠦ᠍
ᠴᠢᠬᠤᠯᠠᠴᠢᠯᠠᠪᠠ᠃
ᠶᠡᠬᠡ ᠬᠤᠷᠠᠯ᠎ᠠᠴᠠ᠂ ᠥᠪᠥᠷ
ᠮᠣᠩᠭᠣᠯ᠎ᠤᠨ ᠠᠵᠤ ᠠᠬᠤᠢ ᠶᠠᠭ ᠲᠤᠢᠯ᠎ᠤᠨ ᠬᠦᠴᠢᠷ ᠪᠡᠷᠬᠡᠱᠢᠶᠡᠯ᠎ᠲᠡᠶ ᠪᠥᠭᠡᠳ ᠬᠡᠯᠪᠡᠷᠢ᠎ᠪᠡᠨ ᠬᠤᠪᠢᠷᠠᠭᠤᠯᠬᠤ
ᠲᠤᠢᠯ᠎ᠤᠨ ᠴᠢᠬᠤᠯᠠ ᠬᠤᠭᠤᠴᠠᠭᠠᠨ᠎ᠳᠤ ᠣᠷᠣᠱᠢᠵᠤᠪᠠᠢᠨᠠ᠂ᠡᠷᠬᠡᠪᠰᠢ ᠪᠣᠬᠢᠷᠲᠤᠯ ᠦᠭᠡᠢ ᠬᠥᠭ᠌ᠵᠢᠯᠲᠡ᠂ ᠴᠢᠨᠠᠷ
ᠰᠠᠢᠲᠠᠢ ᠬᠥᠭ᠌ᠵᠢᠯᠲᠡ᠎ᠶ᠋ᠢ ᠭᠤᠢᠪᠢᠰᠢ ᠦᠭᠡᠢ ᠪᠠᠷᠢᠮᠲᠠᠯᠠᠵᠤ᠂ ᠠᠵᠤ ᠠᠬᠤᠢ᠎ᠶ᠋ᠢᠨ ᠬᠥᠭ᠌ᠵᠢᠯᠲᠡ᠎ᠶ᠋ᠢ ᠡᠬᠢ ᠪᠠᠶᠠᠯᠢᠭ᠎ᠲᠤ
ᠲᠦᠱᠢᠭ᠌ᠯᠡᠬᠦ᠌ ᠬᠡᠯᠪᠡᠷᠢ᠎ᠡᠴᠡ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠡᠯᠪᠡᠷᠢ ᠲᠡᠢᠰᠢ ᠬᠤᠪᠢᠷᠠᠭᠤᠯᠬᠤ᠂
ᠪᠦᠳᠦᠭᠦᠯᠢᠭ ᠦᠨᠳᠦᠷ ᠨᠡᠭᠦᠷᠡᠰᠦᠲᠥ᠋ᠷᠥᠭ᠌ᠴᠢᠲᠦ ᠬᠡᠯᠪᠡᠷᠢ᠎ᠡᠴᠡ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠤ
ᠬᠡᠯᠪᠡᠷᠢ ᠲᠡᠢᠰᠢ ᠬᠤᠪᠢᠷᠠᠭᠤᠯᠬᠤ᠂ ᠲᠠᠷᠠᠬᠠᠢ ᠪᠤᠲᠠᠷᠬᠠᠢ ᠦᠷ᠎ᠡ ᠠᠱᠢᠭ ᠳᠣᠣᠷ᠎ᠠ ᠬᠡᠯᠪᠡᠷᠢ᠎ᠡᠴᠡ ᠡᠷᠴᠢᠮᠯᠢᠭ
ᠥᠨᠳᠥᠷ ᠪᠦᠲᠦᠮᠵᠢᠲᠡᠢ ᠬᠡᠯᠪᠡᠷᠢ ᠲᠡᠢᠰᠢ ᠬᠤᠪᠢᠷᠠᠭᠤᠯᠬᠤ᠎ᠶ᠋ᠢ ᠬᠦᠴᠦᠯᠡᠨ ᠠᠬᠢᠭᠤᠯᠵᠤ᠂ ᠣᠳᠣᠬᠢᠴᠢᠯᠠᠭ᠍ᠰᠠᠨ
ᠠᠵᠤ ᠠᠬᠤᠢ᠎ᠶ᠋ᠢᠨ ᠱᠢᠰᠲᠸᠮ᠎ᠢ ᠲᠦᠷᠭᠡᠳᠭᠡᠨ ᠪᠠᠢᠭᠤᠯᠬᠤ ᠬᠡᠷᠡᠭ᠌ᠲᠡᠢ᠃ ᠪᠦᠲᠦᠴᠡ᠎ᠶ᠋ᠢ ᠲᠣᠬᠢᠷᠠᠭᠤᠯᠬᠤ᠂ ᠴᠢᠳᠠᠮᠵᠢ᠎ᠶ᠋ᠢ
ᠬᠤᠪᠢᠷᠠᠭᠤᠯᠬᠤ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢᠨ ᠲᠣᠭᠣᠷᠢᠨ᠎ᠳᠤ᠂ ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ
ᠥᠪᠥᠷ ᠮᠣᠩᠭᠣᠯ᠎ᠢ ᠲᠦᠷᠭᠡᠳᠭᠡᠨ ᠪᠠᠢᠭᠤᠯᠵᠤ᠂ ᠡᠨᠧᠷᠭᠢ ᠪᠠ ᠪᠠᠢᠯᠳᠤᠬᠤ ᠪᠣᠳᠣᠯᠭᠠᠶ᠋ᠢᠨᠡᠬᠢ ᠪᠠᠶᠠᠯᠢᠭ᠎ᠤᠨ
ᠰᠠᠭᠤᠷᠢᠨ᠎ᠤ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠤ ᠲᠠᠢᠰᠢᠬᠡᠯᠪᠡᠷᠢᠪᠡᠨ ᠬᠤᠪᠢᠷᠠᠭᠤᠯᠬᠤ᠎ᠶ᠋ᠢ
ᠠᠬᠢᠭᠤᠯᠵᠤ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠤ
ᠴᠢᠨᠠᠷ ᠰᠠᠢᠲᠠᠶ ᠥᠨᠳᠥᠷ ᠪᠦᠲᠦᠮᠵᠢᠲᠡᠶ ᠲᠠᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠵᠤ᠂ ᠪᠠᠢᠯᠳᠤᠬᠤ
ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠂ ᠲᠡᠷᠢᠭᠦᠨ᠎ᠦ ᠦᠶ᠋ᠯᠡᠳᠬᠦ᠌ ᠦᠶ᠋ᠯᠡᠰ
ᠪᠠ ᠣᠲᠣ ᠦᠶ᠎ᠡ᠎ᠶ᠋ᠢᠨ ᠦᠶ᠋ᠯᠡᠴᠢᠯᠡᠭᠡᠨ᠎ᠦ ᠦᠶ᠋ᠯᠡᠰ᠎ᠢ ᠶᠡᠬᠡᠪᠡᠷ ᠬᠥᠭ᠌ᠵᠢᠭᠦᠯᠵᠦ᠍᠂ ᠳᠣᠲᠣᠭᠠᠳᠤ ᠬᠡᠷᠡᠭ᠌ᠴᠡᠭᠡ᠎ᠶ᠋ᠢ
ᠥᠷᠭᠡᠳᠭᠡᠬᠦ᠌ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠨᠠᠢᠳᠠᠪᠤᠷᠢᠵᠢᠭᠤᠯᠵᠤ᠂ ᠣᠷᠣᠨ ᠪᠦᠰᠡ ᠬᠣᠲᠠ ᠬᠥᠳᠡᠭᠡ᠎ᠶ᠋ᠢᠨ
ᠬᠥᠭ᠌ᠵᠢᠯᠲᠡ᠎ᠶ᠋ᠢᠨ ᠱᠢᠨ᠎ᠡ ᠪᠠᠢᠷᠢᠱᠢᠯ᠎ᠢ ᠪᠠᠢᠭᠤᠯᠵᠤ᠂ ᠵᠠᠬ᠎ᠠ ᠳᠡᠯᠭᠡᠭᠦᠷ᠎ᠦᠨ ᠠᠵᠤ ᠠᠬᠤᠶ᠎ᠶ᠋ᠢᠨ ᠪᠠᠢᠭᠤᠯᠤᠮᠵᠢ
ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠤᠮᠠᠷᠠᠰᠢ ᠨᠡᠭᠡᠭᠡᠯᠳᠠ ᠬᠢᠬᠦ ᠴᠢᠬᠤᠯᠠ ᠪᠡᠬᠢᠯᠡᠯᠲᠡ᠎ᠶ᠋ᠢᠨ ᠪᠥᠲᠥᠭᠡᠨ
ᠪᠠᠢᠭᠤᠯᠤᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌ ᠬᠡᠷᠡᠭ᠌ᠲᠡᠶ ᠭᠡᠵᠦ ᠴᠢᠬᠤᠯᠠᠴᠢᠯᠠᠪᠠ᠃
ᠶᠡᠬᠡ ᠬᠤᠷᠠᠯ᠎ᠡᠴᠡ᠂ ᠠᠷᠠᠳ
ᠲᠦᠮᠡᠨ᠎ᠢ ᠳᠡᠭᠡᠳᠦᠯᠡᠬᠦ᠌᠂ ᠠᠷᠠᠳ ᠲᠦᠮᠡᠨ᠎ᠳᠦ ᠨᠢᠭ᠍ᠲᠠ ᠲᠦᠱᠢᠭ᠌ᠯᠡᠬᠦ᠌᠂ ᠠᠷᠠᠳ ᠲᠦᠮᠡᠨ᠎ᠳᠦ ᠲᠠᠰᠤᠷᠠᠯᠳᠠ ᠦᠭᠡᠢ
ᠪᠤᠶᠠᠨ ᠦᠢᠯᠡᠳᠬᠦ᠌᠂ ᠠᠷᠠᠳ ᠲᠦᠮᠡᠨ᠎ᠦ ᠳᠤᠮᠳᠠ ᠪᠠᠲᠤ ᠦᠨᠳᠦᠰᠦᠯᠡᠬᠦ᠌᠎ᠶ᠋ᠢ ᠪᠠᠷᠢᠮᠲᠠᠯᠠᠵᠤ᠂ ᠠᠷᠠᠳ᠎ᠤᠨ ᠠᠮᠢᠳᠤᠷᠠᠯ
ᠢ᠋ ᠪᠠᠲᠤᠯᠠᠬᠤ ᠣᠨᠣᠪᠴᠢᠲᠤ ᠴᠢᠨᠠᠷ᠂ ᠤᠯᠠᠨ ᠨᠡᠢᠲᠡ᠎ᠶ᠋ᠢᠨ ᠦᠢᠯᠡᠴᠢᠯᠡᠭᠡ ᠵᠢᠨ ᠲᠡᠩᠴᠡᠭᠦᠷᠢᠳᠦ ᠴᠢᠨᠠᠷ᠂ ᠨᠡᠢᠭᠡᠮ᠎ᠦᠨ
ᠵᠠᠰᠠᠯᠲᠠ ᠵᠢᠨ ᠤᠳᠤᠬᠢᠴᠢᠯᠠᠯᠳᠠ ᠵᠢᠨ ᠲᠦᠪᠱᠢᠨ ᠢ ᠬᠦᠴᠦᠯᠡᠨ ᠳᠡᠭᠡᠭ᠌ᠰᠢᠯᠡᠭᠦᠯᠵᠦ᠍᠂ᠠᠷᠠᠳ᠎ᠤᠨ ᠠᠮᠢᠳᠤᠷᠠᠯ᠎ᠤᠨ
ᠪᠤᠶᠠᠨ ᠵᠢᠷᠭᠠᠯ᠎ᠢ ᠦᠷᠭᠦᠯᠵᠢᠯᠡᠨ ᠨᠡᠮᠡᠭ᠌ᠳᠡᠭᠦᠯᠵᠦ᠍᠂ ᠬᠠᠮᠲᠤ ᠪᠡᠷ ᠪᠠᠶᠠᠵᠢᠬᠤ ᠵᠢ ᠯᠠᠪᠳᠠᠭᠤᠨ ᠪᠠᠲᠤᠲᠠᠢ
ᠠᠬᠢᠭᠤᠯᠬᠤ ᠬᠡᠷᠡᠭ᠌ᠲᠡᠢ᠃ ᠠᠵᠢᠯ ᠣᠯᠭᠣᠯᠲᠠ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠴᠢᠨᠠᠷ
ᠰᠠᠢᠲᠠᠶ ᠰᠤᠷᠭᠠᠨ ᠬᠥᠮᠦᠵᠢᠯ᠎ᠦᠨ ᠱᠢᠰᠲ᠋ᠧᠮ᠎ᠢ ᠪᠠᠢᠭᠤᠯᠵᠤ᠂ ᠣᠯᠠᠨ ᠲᠠᠰ ᠳᠠᠪᠬᠤᠷᠭ᠎ᠠ᠎ᠶ᠋ᠢᠨ ᠨᠡᠢᠭᠡᠮ᠎ᠦᠨ ᠪᠠᠲᠤᠯᠠᠭ᠎ᠠ᠎ᠶ᠋ᠢᠨ
ᠱᠢᠰᠲ᠋ᠧᠮᠢᠪᠦᠷᠢᠨᠱᠢᠬᠦᠯᠤᠨ᠂ᠡᠷᠡᠭᠦᠯᠡᠩᠬᠡᠥᠪᠥᠷᠮᠣᠩᠭᠣᠯᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂
ᠨᠡᠢᠭᠡᠮ᠎ᠦᠨ ᠵᠠᠰᠠᠯᠲᠠ᠎ᠶ᠋ᠢ ᠴᠢᠩᠭᠠᠳᠭᠠᠨ ᠱᠢᠨᠡᠴᠢᠯᠡᠵᠦ᠍᠂ ᠠᠷᠠᠳ ᠣᠯᠠᠨ᠎ᠤ ᠬᠦᠷᠲᠡᠮᠵᠢ᠎ᠶ᠋ᠢᠨ ᠲᠥᠷᠥᠭ᠌ᠳᠡᠯ᠂
ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠲᠠᠰᠤᠷᠠᠯᠲᠠ ᠥᠬᠡᠶ ᠨᠡᠮᠡᠭ᠌ᠳᠡᠭᠦᠯᠬᠦ᠌ ᠬᠡᠷᠡᠭ᠌ᠲᠡᠶ
ᠭᠡᠵᠤ ᠴᠢᠬᠤᠯᠠᠴᠢᠯᠠᠵᠠᠢ᠃
ᠶᠡᠬᠡ ᠬᠤᠷᠠᠯ ᠡᠴᠡ᠂ ᠨᠠᠮ᠎ᠤᠨ
ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌᠂ ᠬᠠᠤᠯᠢ ᠪᠡᠷ ᠤᠯᠤᠰ᠎ᠢᠶᠠᠨ ᠵᠠᠰᠠᠬᠤ᠎ᠶ᠋ᠢ
ᠣᠷᠭᠠᠨᠢᠭ᠎ᠢᠶᠠᠷ ᠨᠢᠭᠡᠳᠭᠡᠬᠦ᠌᠎ᠶ᠋ᠢ ᠪᠠᠷᠢᠮᠲᠠᠯᠠᠵᠤ᠂ ᠨᠡᠢᠭᠡᠮ ᠵᠢᠷᠤᠮ᠎ᠤᠨ ᠠᠷᠠᠳᠴᠢᠯᠠᠭ᠍ᠰᠠᠨ ᠤᠯᠤᠰ ᠲᠦᠷᠦ᠍᠎ᠶ᠋ᠢᠨ
ᠪᠠᠢᠭᠤᠯᠤᠯᠲᠠ᠎ᠶ᠋ᠢ ᠠᠬᠢᠭᠤᠯᠵᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠲᠠᠰᠤᠷᠠᠯᠲᠠ ᠦᠭᠡᠢ ᠬᠥᠭ᠌ᠵᠢᠭᠦᠯᠵᠦ᠍᠂
ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌᠎ᠶ᠋ᠢ ᠠᠵᠢᠯ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠬᠤ ᠲᠦᠷᠦ᠍᠎ᠶ᠋ᠢᠨ
ᠪᠤᠳᠤᠯᠭ᠎ᠠ ᠠᠷᠭ᠎ᠠ ᠬᠡᠮᠵᠢᠶ᠎ᠡ ᠳᠡᠭᠡᠷ᠎ᠡ ᠦᠨᠡᠨ ᠪᠣᠳᠠᠲᠠᠢ ᠪᠡᠷ ᠢᠯᠡᠷᠡᠭᠦᠯᠵᠦ᠍᠂ ᠨᠠᠮ ᠪᠠ ᠲᠦᠷᠦ᠍᠎ᠶ᠋ᠢᠨ
ᠪᠠᠢᠭᠤᠯᠭ᠎ᠠ᠎ᠶ᠋ᠢᠨ ᠡᠯ᠎ᠡ ᠲᠠᠯ᠎ᠠ ᠡᠯ᠎ᠡ ᠱᠠᠲᠤ ᠳᠠᠪᠬᠤᠷᠭ᠎ᠠ᠎ᠶ᠋ᠢᠨ ᠠᠵᠢᠯ ᠳᠡᠭᠡᠷ᠎ᠡ ᠢᠯᠡᠷᠡᠭᠦᠯᠵᠦ᠍᠂ ᠠᠷᠠᠳ
ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠪᠡᠶᠡᠯᠡᠭᠦᠯᠬᠦ᠌ ᠠᠵᠢᠯ ᠳᠡᠭᠡᠷ᠎ᠡ ᠢᠯᠡᠷᠡᠭᠦᠯᠬᠦ᠌
ᠬᠡᠷᠡᠭ᠌ᠲᠡᠢ᠃ ᠠᠷᠠᠳ᠎ᠤᠨ ᠠᠷᠠᠳᠴᠢᠯᠠᠯ᠎ᠢ ᠤᠯᠠᠮ ᠴᠢᠨᠠᠭ᠍ᠰᠢᠳᠠ ᠥᠷᠭᠡᠳᠭᠡᠵᠦ᠍᠂ ᠬᠠᠤᠯᠢᠵᠢᠯ᠎ᠤᠨ ᠥᠪᠥᠷ ᠮᠣᠩᠭᠣᠯ᠎ᠤᠨ
ᠪᠠᠢᠭᠤᠯᠤᠯᠲᠠ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠬᠠᠮᠤᠭ᠎ᠤᠨ ᠥᠷᠭᠡᠨ ᠳᠡᠯᠭᠡᠷ ᠤᠯᠤᠰ᠎ᠢᠶᠠᠨ ᠬᠠᠢᠷᠠᠯᠠᠬᠤ
ᠨᠢᠭᠡᠳᠦᠮᠡᠯ ᠹᠷᠣᠨᠲ ᠢ᠋ ᠪᠡᠬᠢᠵᠢᠭᠦᠯᠦᠨ ᠬᠥᠭ᠌ᠵᠢᠭᠦᠯᠬᠦ᠌ ᠬᠡᠷᠡᠭ᠌ᠲᠡᠶ ᠭᠡᠵᠤ ᠴᠢᠬᠤᠯᠠᠴᠢᠯᠠᠪᠠ᠃
ᠶᠡᠬᠡ ᠬᠤᠷᠠᠯ᠎ᠡᠴᠡ᠂ ᠲᠤᠭ᠎ᠢ
ᠮᠠᠨᠳᠤᠭᠤᠯᠬᠤ᠂ ᠠᠷᠠᠳ᠎ᠤᠨ ᠰᠡᠳᠭᠢᠯ᠎ᠢ ᠨᠢᠭ᠍ᠲᠠᠷᠠᠭᠤᠯᠬᠤ᠂ ᠱᠢᠨ᠎ᠡ ᠬᠥᠮᠦᠨ᠎ᠢ ᠬᠥᠮᠦᠵᠢᠭᠦᠯᠬᠦ᠌᠂ ᠰᠣᠶᠣᠯ᠎ᠢ
ᠪᠠᠳᠠᠷᠠᠭᠤᠯᠬᠤ᠂ ᠲᠦᠷᠢ ᠲᠥᠷᠬᠦ᠌᠎ᠶ᠋ᠢ ᠢᠯᠡᠷᠡᠭᠦᠯᠬᠦ᠌ ᠡᠭᠦᠷᠭᠡ ᠬᠠᠷᠢᠭᠤᠴᠠᠯᠭ᠎ᠠ ᠵᠢᠨ ᠳᠤᠭᠤᠷᠢᠨ ᠳ᠋ᠤ᠂ ᠨᠡᠢᠭᠡᠮ
ᠵᠢᠷᠤᠮ᠎ᠤᠨ ᠰᠣᠶᠣᠯ᠎ᠤᠨ ᠪᠠᠢᠭᠤᠯᠤᠯᠲᠠ᠎ᠶ᠋ᠢ ᠶᠡᠬᠡᠪᠡᠷ ᠴᠢᠩᠭᠠᠳᠭᠠᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ
ᠪᠦᠯᠬᠦᠮᠳᠡᠨ ᠲᠡᠮᠡᠴᠡᠬᠦ᠌ ᠬᠦᠴᠦᠷᠬᠡᠭ ᠶᠡᠬᠡ ᠤᠶᠤᠨ ᠰᠠᠨᠠᠭᠠᠨ᠎ᠤ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ᠃
ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠵᠢᠯ᠎ᠤᠨ ᠤᠳᠤᠷᠢᠳᠭᠤ ᠡᠷᠬᠡ᠎ᠶ᠋ᠢ ᠪᠠᠲᠤ ᠡᠵᠡᠮᠳᠡᠵᠤ᠂ ᠨᠡᠢᠭᠡᠮ᠎ᠦᠨ
ᠪᠣᠯᠪᠠᠰᠤᠨ᠎ᠤ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠰᠣᠶᠣᠯ᠎ᠤᠨ ᠦᠶ᠋ᠯᠡᠰ᠎ᠦᠨ ᠴᠡᠴᠡᠭ᠌ᠯᠡᠯ ᠬᠥᠭ᠌ᠵᠢᠯ᠎ᠢ
ᠠᠬᠢᠭᠤᠯᠵᠤ᠂ ᠰᠣᠶᠣᠯ᠎ᠤᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠱᠢᠨ᠎ᠡ ᠴᠠᠭ
ᠦᠶ᠎ᠡ᠎ᠶ᠋ᠢᠨ ᠥᠪᠥᠷ ᠮᠣᠩᠭᠣᠯ᠎ᠤᠨ ᠬᠥᠭ᠌ᠵᠢᠯᠲᠡ᠎ᠳᠦ ᠦᠵᠡᠯ ᠰᠠᠨᠠᠭᠠᠨ᠎ᠤ ᠪᠠᠲᠤᠯᠠᠭ᠎ᠠ᠂ ᠶᠠᠷᠢᠶ᠎ᠠ ᠬᠡᠯᠡᠯᠴᠡᠭᠡᠨ᠎ᠦ
ᠳᠡᠮᠵᠢᠯᠭᠡ᠂ ᠣᠶᠤᠨ ᠰᠠᠨᠠᠭᠠᠨ᠎ᠤ ᠬᠥᠳᠡᠯᠭᠡᠬᠦ᠌ ᠬᠦᠴᠦᠨ᠂ ᠰᠣᠶᠣᠯ᠎ᠤᠨ ᠨᠥᠬᠥᠴᠡᠯ ᠬᠠᠩᠭᠠᠬᠤ ᠬᠡᠷᠡᠭ᠌ᠲᠡᠶ ᠭᠡᠵᠤ
ᠴᠢᠬᠤᠯᠠᠴᠢᠯᠠᠵᠠᠢ᠃
ᠶᠡᠬᠡ ᠬᠤᠷᠠᠯ᠎ᠡᠴᠡ᠂ ᠦᠨᠳᠦᠰᠦᠲᠡᠨ᠎ᠦ
ᠠᠵᠢᠯ᠎ᠢ ᠰᠠᠢᠲᠤᠷ ᠬᠢᠬᠦ᠌᠎ᠨᠢ ᠡᠬᠡ ᠤᠯᠤᠰ᠎ᠤᠨ ᠨᠢᠭᠡᠳᠦᠯ ᠪᠣᠯᠤᠨ ᠬᠢᠯᠢ ᠬᠢᠵᠠᠭᠠᠷ ᠢ᠋ ᠪᠡᠬᠢᠵᠢᠭᠦᠯᠬᠦ ᠲᠠᠢ
ᠬᠣᠯᠪᠣᠭ᠍ᠳᠠᠵᠤ᠂ ᠦᠨᠳᠦᠰᠦᠲᠡᠨ᠎ᠦ ᠪᠦᠯᠬᠦᠮᠳᠡᠯ ᠪᠣᠯᠤᠨ ᠨᠡᠢᠭᠡᠮ᠎ᠦᠨ ᠲᠣᠭ᠍ᠲᠠᠭᠤᠨ ᠲᠠᠢ ᠬᠣᠯᠪᠣᠭ᠍ᠳᠠᠵᠤ᠂
ᠤᠯᠤᠰ᠎ᠤᠨ ᠥᠨᠢ ᠤᠳᠠᠭᠠᠨ᠎ᠤ ᠠᠮᠤᠷ ᠲᠣᠭ᠍ᠲᠠᠭᠤᠨ ᠪᠣᠯᠤᠨ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ
ᠮᠠᠨᠳᠤᠯᠲᠠ ᠲᠠᠢ ᠬᠣᠯᠪᠣᠭ᠍ᠳᠠᠨ᠎ᠠ᠂ ᠡᠷᠬᠡᠪᠰᠢ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ
ᠲᠡᠦᠬᠡᠨ ᠣᠷᠣᠨ ᠪᠠᠢᠷᠢ᠎ᠶ᠋ᠢ ᠪᠠᠲᠤ ᠡᠵᠡᠮᠳᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ
ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠱᠢᠨ᠎ᠡ ᠴᠠᠭ ᠦᠶ᠎ᠡ᠎ᠶ᠋ᠢᠨ
ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠶ᠃ ᠨᠠᠮ᠎ᠤᠨ
ᠦᠨᠳᠦᠰᠦᠲᠡᠨ᠎ᠦ ᠤᠨᠤᠯᠪᠣᠯᠤᠨ ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ᠎ᠶ᠋ᠢ ᠪᠦᠬᠦ᠌ᠲᠠᠯᠠᠪᠠᠷ ᠲᠤᠭᠤᠱᠢᠯᠠᠭᠤᠯᠵᠤ᠂
ᠦᠨᠳᠦᠰᠦᠲᠡᠨ᠎ᠦ ᠪᠦᠯᠬᠦᠮᠳᠡᠯ᠎ᠦᠨ ᠢᠷᠠᠭᠤ ᠠᠯᠳᠠᠷᠲᠤ ᠤᠯᠠᠮᠵᠢᠯᠠᠯ᠎ᠢ ᠶᠡᠬᠡᠪᠡᠷ ᠪᠠᠳᠠᠷᠠᠭᠤᠯᠤᠨ᠂ ᠪᠦᠬᠦ᠌ ᠣᠷᠣᠨ᠎ᠤ
ᠦᠨᠳᠦᠰᠦᠲᠡᠨ᠎ᠦ ᠠᠵᠢᠯ᠎ᠤᠨ ᠵᠢᠯᠣᠭᠣᠳᠭᠤ ᠦᠵᠡᠯ ᠰᠠᠨᠠᠭᠠᠨ᠎ᠤ ᠬᠡᠯᠪᠡᠷᠢᠯ ᠢ ᠲᠤᠢᠯᠪᠤᠷᠢᠲᠠᠢ ᠵᠠᠯᠠᠷᠠᠭᠤᠯᠵᠤ᠂
ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨᠤᠭᠡᠷᠣᠷᠣᠨᠤᠪᠦᠳᠦᠭᠡᠨᠪᠠᠢᠭᠤᠯᠤᠯᠲᠠᠶ᠋ᠢᠠᠬᠢᠭᠤᠯᠬᠤ᠂ ᠦᠨᠳᠦᠰᠦᠲᠡᠨ᠎ᠨᠦᠭᠦᠳ᠎ᠦᠨ ᠨᠡᠢᠭᠡᠮ ᠵᠢᠷᠤᠮᠳᠤ ᠣᠳᠣᠬᠢᠴᠢᠯᠠᠯᠲᠠ ᠲᠡᠢᠰᠢ ᠬᠠᠮᠲᠤ᠎ᠪᠠᠷ ᠵᠠᠮᠨᠠᠬᠤᠶ᠋ᠢᠠᠬᠢᠭᠤᠯᠬᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ᠂ ᠦᠨᠳᠦᠰᠦᠲᠡᠨ᠎ᠦ
ᠬᠡᠷᠡᠭ ᠶᠠᠪᠤᠳᠠᠯ᠎ᠤᠨ ᠵᠠᠰᠠᠯᠲᠠ ᠶ᠋ᠢᠨ ᠱᠢᠰᠲ᠋ᠧᠮ ᠪᠣᠯᠤᠨ ᠵᠠᠰᠠᠯᠲᠠ ᠶ᠋ᠢᠨ
ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌ ᠲᠠᠯ᠎ᠠ᠎ᠪᠠᠷ ᠡᠮᠦᠨ᠎ᠠ ᠨᠢ ᠬᠤᠰᠢᠭᠤᠷᠡᠨ
ᠳᠠᠭᠤᠷᠢᠶᠠᠯ ᠪᠣᠯᠬᠤ ᠪᠠᠷ ᠴᠢᠷᠮᠠᠢᠬᠤ ᠬᠡᠷᠡᠭ᠌ᠲᠡᠢ ᠭᠡᠵᠤ ᠴᠢᠬᠤᠯᠠᠴᠢᠯᠠᠪᠠ᠃
ᠶᠡᠬᠡ ᠬᠤᠷᠠᠯ᠎ᠡᠴᠡ᠂ ᠨᠠᠩ
ᠥᠨᠳᠥᠷ ᠲᠦᠪᠱᠢᠨ ᠪᠥᠬᠥᠶ ᠠᠮᠤᠭᠤᠯᠠᠩᠳᠤ ᠥᠪᠥᠷ ᠮᠣᠩᠭᠣᠯ᠎ᠢ ᠪᠥᠲᠥᠭᠡᠨ ᠪᠠᠢᠭᠤᠯᠵᠤ᠂ ᠶᠡᠬᠡ ᠠᠮᠤᠷ ᠲᠦᠪᠱᠢᠨ᠎ᠦ
ᠪᠠᠢᠷᠢᠱᠢᠯ᠎ᠢ ᠲᠦᠷᠭᠡᠳᠭᠡᠨ ᠪᠠᠢᠭᠤᠯᠵᠤ᠂ ᠶᠡᠬᠡ ᠠᠮᠤᠷ ᠲᠦᠪᠱᠢᠨ᠎ᠦ ᠱᠢᠰᠲ᠋ᠧᠮ᠎ᠢ ᠲᠡᠭᠦᠯᠳᠡᠷᠵᠢᠭᠦᠯᠦᠨ᠂ ᠴᠢᠨᠠᠷ
ᠰᠠᠢᠲᠠᠶ ᠬᠥᠭ᠌ᠵᠢᠯᠲᠡ ᠪᠣᠯᠤᠨ ᠥᠨᠳᠥᠷ ᠲᠦᠪᠱᠢᠨ ᠪᠥᠬᠥᠶ ᠠᠮᠤᠷ ᠲᠦᠪᠱᠢᠨ᠎ᠦ ᠰᠠᠢᠨ ᠰᠠᠢᠬᠠᠨ ᠬᠤᠷᠱᠢᠯᠴᠠᠯᠢ
ᠠᠬᠢᠭᠤᠯᠵᠤ᠂ ᠨᠡᠢᠭᠡᠮ᠎ᠦᠨ ᠨᠠᠩ ᠠᠮᠤᠷ ᠲᠣᠭ᠍ᠲᠠᠭᠤᠨ᠂ ᠠᠷᠠᠳ ᠲᠦᠮᠡᠨ᠎ᠦ ᠨᠠᠩ ᠠᠮᠤᠷ ᠠᠮᠤᠭᠤᠯᠠᠩ ᠪᠠᠢᠬᠤ᠎ᠶ᠋ᠢ
ᠪᠠᠲᠤᠯᠠᠬᠤ ᠬᠡᠷᠡᠭ᠌ᠲᠡᠶ᠃ ᠤᠯᠤᠰ᠎ᠤᠨ ᠶᠡᠷᠦᠩᠬᠡᠶ ᠠᠮᠤᠷ ᠲᠦᠪᠱᠢᠨ᠎ᠦ ᠦᠵᠡᠯᠲᠡ᠎ᠶ᠋ᠢ ᠭᠦᠨᠵᠡᠭᠡᠶ ᠲᠤᠭᠤᠱᠢᠯᠠᠭᠤᠯᠵᠤ᠂
ᠤᠯᠤᠰ᠎ᠤᠨ ᠠᠮᠤᠷ ᠲᠦᠪᠱᠢᠨ᠎ᠢ ᠪᠠᠳᠤᠯᠠᠬᠤ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠪᠥᠬᠥ᠌ ᠲᠠᠯ᠎ᠠ᠎ᠪᠠᠷ ᠴᠢᠩᠭᠠᠳᠭᠠᠵᠤ᠂
ᠣᠯᠠᠨ ᠨᠡᠢᠲᠡ᠎ᠶ᠋ᠢᠨ ᠠᠮᠤᠷ ᠲᠦᠪᠱᠢᠨ᠎ᠢ ᠪᠠᠲᠤᠯᠠᠬᠤ ᠴᠢᠳᠠᠪᠤᠷᠢ ᠵᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂
ᠨᠡᠢᠭᠡᠮ᠎ᠦᠨ ᠲᠣᠭ᠍ᠲᠠᠭᠤᠨ ᠪᠠ ᠠᠮᠤᠷ ᠲᠦᠪᠱᠢᠨ᠎ᠢ ᠪᠥᠬᠥ᠌ ᠬᠦᠴᠦᠨ᠎ᠢᠶᠡᠷ᠎ᠢᠶᠡᠨ ᠬᠠᠮᠠᠭᠠᠯᠠᠵᠤ᠂ᠡᠬᠡ ᠤᠯᠤᠰ᠎ᠤᠨ
ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠬᠡᠷᠡᠭ᠌ᠲᠡᠶ ᠭᠡᠵᠤ
ᠴᠢᠬᠤᠯᠠᠴᠢᠯᠠᠵᠠᠢ᠃
ᠶᠡᠬᠡ ᠬᠤᠷᠠᠯ᠎ᠡᠴᠡ᠂ ᠨᠠᠮ᠎ᠢ
ᠴᠢᠩᠭ᠎ᠠ ᠬᠠᠮᠢᠶᠠᠷᠴᠤ᠌ ᠴᠢᠩᠭ᠎ᠠ ᠵᠠᠰᠠᠵᠤ᠂ ᠤᠯᠤᠰ ᠲᠦᠷᠦ᠍᠎ᠶ᠋ᠢᠨ ᠠᠮᠢ ᠠᠬᠤᠢ᠎ᠶ᠋ᠢ ᠴᠡᠪᠡᠷᠱᠢᠭᠦᠯᠬᠦ᠌ ᠨᠢ ᠬᠥᠮᠦᠰ᠎ᠤᠨ
ᠰᠡᠳᠭᠢᠯ᠎ᠦᠨ ᠬᠠᠨᠳᠤᠰᠢ ᠲᠠᠢ ᠬᠣᠯᠪᠣᠭ᠍ᠳᠠᠵᠤ᠂ ᠨᠠᠮ᠎ᠤᠨ ᠲᠦᠷᠦ᠍ ᠪᠠᠷᠢᠬᠤ ᠪᠠᠢᠷᠢ ᠰᠠᠭᠤᠷᠢ ᠲᠠᠢ ᠬᠣᠯᠪᠣᠭ᠍ᠳᠠᠨ᠎ᠠ᠂
ᠡᠷᠬᠡᠪᠰᠢ ᠪᠦᠬᠦ᠌ ᠲᠠᠯ᠎ᠠ ᠪᠠᠷ ᠨᠠᠮ ᠢ ᠴᠢᠩᠭ᠎ᠠ ᠵᠠᠰᠠᠬᠤ ᠶ᠋ᠢ ᠭᠦᠨᠵᠡᠭᠡᠢᠷᠡᠭᠦᠯᠵᠦ᠍᠂ ᠴᠢᠩᠭ᠎ᠠ ᠪᠠᠢᠬᠤ
ᠱᠠᠭᠠᠷᠳᠠᠯᠭ᠎ᠠ᠎ᠶ᠋ᠢ ᠨᠠᠮ᠎ᠢ ᠬᠠᠮᠢᠶᠠᠷᠴᠤ᠌ ᠨᠠᠮ᠎ᠢ ᠵᠠᠰᠠᠬᠤ ᠪᠦᠬᠦ᠌ ᠶᠠᠪᠤᠴᠠ᠎ᠳᠤ ᠲᠤᠭᠤᠱᠢᠯᠠᠭᠤᠯᠵᠤ᠂ ᠤᠯᠤᠰᠲᠦᠷᠦ᠍ᠶ᠋ᠢᠨᠠᠮᠢᠠᠬᠤᠢᠶ᠋ᠢ ᠪᠦᠬᠦ᠌ ᠲᠠᠯ᠎ᠠ ᠪᠠᠷ ᠲᠠᠬᠢᠨ ᠴᠣᠭ᠍ᠴᠠᠯᠠᠵᠤ᠂ ᠦᠨᠳᠦᠰᠦᠨ᠎ᠡᠴᠡ ᠨᠢ ᠰᠠᠢᠵᠢᠷᠠᠭᠤᠯᠬᠤ᠎ᠶ᠋ᠢ
ᠠᠬᠢᠭᠤᠯᠬᠤ ᠬᠡᠷᠡᠭ᠌ᠲᠡᠢ᠃ ᠱᠢᠨ᠎ᠡ ᠴᠠᠭ ᠦᠶ᠎ᠡ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠶᠡᠷᠦᠩᠬᠡᠢ ᠱᠠᠭᠠᠷᠳᠠᠯᠭ᠎ᠠ
ᠪᠣᠯᠤᠨ ᠱᠢᠨ᠎ᠡ ᠴᠠᠭ ᠦᠶ᠎ᠡ ᠶ᠋ᠢᠨ ᠨᠠᠮ ᠤᠨ ᠵᠣᠬᠢᠶᠠᠨ ᠪᠠᠢᠭᠤᠯᠤᠯᠲᠠ᠎ᠶ᠋ᠢᠨ ᠱᠤᠭᠤᠮ᠎ᠢ ᠭᠦᠨᠵᠡᠭᠡᠢ ᠲᠤᠭᠤᠱᠢᠯᠠᠭᠤᠯᠵᠤ᠂
ᠦᠵᠡᠯ ᠰᠠᠨᠠᠭ᠎ᠠ ᠤᠯᠤᠰ ᠲᠦᠷᠦ᠍᠎ᠶ᠋ᠢᠨ ᠪᠠᠢᠭᠤᠯᠤᠯᠲᠠ᠎ᠶ᠋ᠢ ᠭᠦᠨᠵᠡᠭᠡᠢᠷᠡᠭᠦᠯᠵᠦ᠍᠂ ᠨᠠᠮ᠎ᠤᠨ ᠤᠳᠤᠷᠢᠳᠤᠯᠭ᠎ᠠ᠎ᠶ᠋ᠢ
ᠴᠢᠩᠭᠠᠳᠭᠠᠨᠰᠠᠢᠵᠢᠷᠠᠭᠤᠯᠵᠤ᠂ᠥᠨᠳᠥᠷ ᠬᠡᠪ ᠪᠣᠯᠪᠠᠰᠤᠷᠠᠯ᠎ᠲᠠᠶ ᠺᠠᠳ᠋ᠷ ᠪᠣᠯᠤᠨ ᠴᠢᠳᠠᠪᠤᠷᠢᠲᠠᠨ᠎ᠤ ᠡᠩᠨᠡᠭᠡ᠎ᠶ᠋ᠢ
ᠪᠠᠢᠭᠤᠯᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠪᠦᠬᠦ᠌ ᠲᠠᠯ᠎ᠠ᠎ᠪᠠᠷ ᠲᠠᠪᠱᠢᠵᠤ
ᠪᠦᠬᠦ᠌ ᠲᠠᠯ᠎ᠠ ᠪᠠᠷ ᠪᠠᠳᠤ ᠴᠢᠨᠭᠭ᠎ᠠ ᠪᠤᠯᠬᠤ᠎ᠶ᠋ᠢ ᠠᠬᠢᠭᠤᠯᠵᠤ᠂ ᠰᠤᠷᠲᠠᠯ᠎ᠢ ᠴᠡᠭ᠌ᠴᠡᠯᠡᠨᠰᠠᠬᠢᠯᠭᠠ ᠪᠠᠲᠤ᠎ᠶ᠋ᠢ
ᠴᠢᠩᠳᠠᠯᠠᠵᠤ ᠢᠯᠵᠠᠷᠡᠯ᠎ᠢ ᠡᠰᠡᠷᠭᠦᠴᠡᠬᠦ᠌᠎ᠶ᠋ᠢ ᠬᠦᠴᠦᠲᠡᠢ ᠠᠬᠢᠭᠤᠯᠵᠤ᠂ ᠥᠪᠥᠷ ᠮᠣᠩᠭᠣᠯ᠎ᠤᠨ ᠤᠯᠤᠰ ᠲᠦᠷᠦ᠍᠎ᠶ᠋ᠢᠨ
ᠠᠮᠢ ᠠᠬᠤᠢ᠎ᠶ᠋ᠢ ᠨᠡᠩ ᠴᠡᠪᠡᠷ ᠰᠠᠢᠬᠠᠨ ᠪᠣᠯᠭᠠᠬᠤ ᠬᠡᠷᠡᠭ᠌ᠲᠡᠢ ᠭᠡᠵᠤ ᠴᠢᠬᠤᠯᠠᠴᠢᠯᠠᠪᠠ᠃
ᠶᠡᠬᠡ ᠬᠤᠷᠠᠯ᠎ᠡᠴᠡ᠂ ᠪᠦᠬᠦ᠌
ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠤᠯᠠᠨ ᠨᠠᠮ᠎ᠤᠨ ᠭᠡᠱᠢᠭᠦᠨ ᠡᠷᠬᠡᠪᠰᠢ
ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭ᠍ᠲᠠᠷᠠᠨ
ᠪᠦᠯᠬᠦᠮᠳᠡᠵᠦ᠍᠂ ᠬᠦᠰᠡᠯ ᠨᠠᠢᠳᠠᠯᠭ᠎ᠠ᠎ᠶ᠋ᠢ ᠨᠢ ᠪᠠᠲᠤ ᠴᠡᠭᠡᠵᠢᠯᠡᠵᠦ᠍᠂ ᠵᠣᠷᠢᠭ᠍ᠲᠠᠢ᠎ᠪᠠᠷ ᠬᠠᠷᠢᠭᠤᠴᠠᠯᠭ᠎ᠠ
ᠡᠭᠦᠷᠭᠡᠯᠡᠵᠦ᠍᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠵᠠᠮ ᠨᠡᠭᠡᠭᠡᠨ ᠤᠷᠤᠭ᠍ᠰᠢᠯᠠᠵᠤ᠂ ᠦᠵᠡᠰᠭᠦᠯᠡᠩᠲᠦ
ᠰᠠᠢᠬᠠᠨ ᠥᠪᠥᠷ ᠮᠣᠩᠭᠣᠯ᠎ᠢᠶᠠᠨ ᠪᠦᠲᠦᠭᠡᠨ ᠪᠠᠢᠭᠤᠯᠵᠤ᠂ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ᠎ᠪᠠᠷ
ᠲᠡᠷᠭᠡᠯᠱᠢᠭᠦᠯᠬᠦ᠌᠎ᠶ᠋ᠢᠨ ᠲᠥᠯᠥᠭᠡ ᠡᠷᠡᠰ ᠭᠤᠢᠪᠢᠰᠢ ᠦᠭᠡᠢ ᠲᠡᠮᠡᠴᠡᠵᠦ᠍᠂ ᠱᠢᠯᠢᠳᠡᠭ ᠠᠮᠵᠢᠯᠲᠠ᠎ᠪᠠᠷ ᠢᠶᠠᠨ
ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠵᠤ᠂
ᠨᠠᠮ ᠪᠣᠯᠤᠨ ᠠᠷᠠᠳ ᠲᠦᠮᠡᠨ ᠳ᠋ᠤ ᠨᠡᠩ ᠶᠡᠬᠡ ᠢᠷᠠᠭᠤ ᠠᠯᠳᠠᠷ ᠢ ᠲᠡᠮᠡᠴᠡᠨ ᠤᠯᠰᠤᠭᠠᠢ ᠭᠡᠵᠦ᠍ ᠤᠷᠢᠶᠠᠯᠠᠪᠠ!