ᠪᠦᠯᠬᠦᠮᠳᠡᠨ ᠲᠡᠮᠡᠴᠡᠵᠦ᠍ ᠵᠣᠯ ᠵᠢᠷᠭᠠᠯᠲᠤ ᠠᠮᠢᠳᠤᠷᠠᠯ ᠎ᠢ ᠵᠢᠷᠤᠭ᠍ᠯᠠᠵᠤ ᠰᠡᠳᠭᠢᠯ ᠨᠢᠭᠡᠳᠦᠨ ᠰᠠᠢ᠌ᠨ ᠰᠠᠢᠬᠠᠨ ᠤᠶᠤᠨ ᠰᠠᠨᠠᠭᠠᠨ᠎ᠤ ᠭᠡᠷ ᠣᠷᠣᠨ ᠵᠢᠨᠨ ᠬᠠᠮᠲᠤ ᠪᠠᠷ ᠴᠣᠭ᠍ᠴᠠᠯᠠᠶ᠎ᠠ
2021-11-30 09:19:56
ᠵᠣᠬᠢᠶᠠᠭ᠍ᠴᠢ᠄
ᠴᠠᠢ ᠰᠸ ᠶᠤᠸᠠᠨ
ᠣᠩᠱᠢᠭ᠍ᠰᠠᠨ ᠣᠳᠠᠭ᠎ᠠ᠄
★★★☆☆

ᠦᠷᠬᠡᠨ ᠠᠭᠤᠲᠠᠮ ᠤᠮᠠᠷᠠᠲᠤ ᠬᠢᠯᠢ᠂ ᠰᠦᠷᠯᠢᠭ ᠰᠠᠢᠬᠠᠨ; ᠡᠯᠪᠡᠭ ᠪᠠᠶᠠᠯᠢᠭ ᠦᠷ᠎ᠡ ᠪᠦᠲᠦᠭᠡᠯ ᠎ᠢ ᠠᠷᠠᠳ ᠲᠦᠮᠡᠨ ᠬᠠᠮᠲᠤ ᠎ᠪᠠᠷ ᠡᠳ᠋ᠯᠠᠨᠠᠮ᠃

ᠶᠡᠬᠡ ᠬᠢᠩᠭᠠᠨ ᠳᠠᠪᠠᠭᠠᠨ ᠎ᠤ ᠪᠠᠷᠠᠭᠤᠨ ᠬᠣᠢᠲᠤ ᠬᠣᠷᠮᠣᠢ ᠎ᠳᠤ ᠪᠠᠢᠷᠢᠯᠠᠵᠤ ᠪᠠᠢᠭ᠎ᠠ ᠮᠤᠡᠭᠭᠤᠯ ᠰᠢᠪᠡᠭᠡ ᠰᠤᠮᠤ᠂ ᠦᠨᠳᠦᠰᠦᠲᠡᠨ᠎ᠦ ᠪᠦᠯᠬᠦᠮᠳᠡᠯ᠎ᠦᠨ ᠠᠭᠤᠳᠠᠮ ᠲᠠᠯᠠᠪᠠᠢ᠂ ᠦᠨᠳᠦᠰᠦᠲᠡᠨ ᠎ᠦ ᠰᠣᠶᠣᠯ᠎ᠤᠨ ᠬᠦᠷᠢᠶᠡᠯᠡᠩ ᠵᠡᠷᠭᠡ ᠦᠨᠳᠦᠰᠦᠲᠡᠨ ᠎ᠦ ᠠᠭᠤᠰᠤᠯᠴᠠᠯ ᠎ᠤᠨ ᠤᠨᠴᠠᠯᠢᠬ᠍ᠳᠤ ᠦᠵᠡᠮᠵᠢ ᠎ᠶ᠋ᠢᠨ ᠭᠠᠵᠠᠷ ᠬᠤᠯᠠ ᠤᠢ᠍ᠢᠷ᠎ᠠ᠎ᠳᠠᠭᠠᠨ ᠠᠯᠳᠠᠷᠱᠢᠵᠤ᠂ 400 ᠭᠠᠷᠤᠢ ᠡᠷᠦᠬᠡ ᠵᠢᠭᠤᠯᠴᠢᠯᠠᠯ᠎ᠤᠨ ᠬᠣᠯᠪᠣᠭ᠍ᠳᠠᠯ ᠪᠦᠬᠦᠢ ᠠᠵᠤ ᠦᠢᠯᠡᠰ᠎ᠢ ᠡᠷᠬᠢᠯᠡᠵᠦ᠍᠂ ᠦᠨᠳᠦᠰᠦᠲᠡᠨ᠎ᠨᠦᠭᠦᠳ ᠎ᠦᠨ ᠤᠯᠠᠨ ᠲᠦᠮᠡᠨ ᠎ᠦ ᠠᠮᠢᠳᠤᠷᠠᠯ ᠡᠳᠦᠷ ᠎ᠡᠴᠡ ᠡᠳᠦᠷ ᠦᠬᠡᠲᠠᠯᠠᠨ ᠰᠠᠢᠵᠢᠷᠠᠨ᠎ᠠ ᠃

ᠡᠨᠡ ᠵᠢᠯ ᠎ᠦᠨ 9 ᠰᠠᠷ᠎ᠠ ᠎ᠳᠤ᠂ ᠪᠤᠭᠤᠲᠤ ᠬᠣᠲᠠ ᠎ᠶ᠋ᠢᠨ ᠲᠦᠷᠦᠭᠦᠦ ᠪᠦᠯᠦᠭ ᠎ᠦᠨ 30 《ᠤᠯᠠᠭᠠᠨ ᠠᠨᠠᠷ᠎ᠤᠨ ᠬᠡᠷ ᠣᠷᠣᠨ》 ᠎ᠤ᠋ ᠲᠤᠷᠱᠢᠯᠲᠠ ᠎ᠶ᠋ᠢᠨ ᠴᠡᠭ ᠎ᠦᠨ ᠨᠡᠢᠭᠡᠮ ᠲᠣᠭᠣᠷᠢᠭ ᠵᠢᠩᠬᠢᠨᠢ ᠎ᠪᠡᠷ ᠎ᠲᠣᠭ᠍ᠲᠠᠭᠠᠭ᠍ᠳᠠᠵᠤ᠂ ᠨᠠᠮ᠎ᠤᠨ ᠭᠡᠱᠢᠭᠦᠨ ᠲᠦᠷᠦᠭᠦᠯᠡᠨ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠬᠠᠮᠲᠤ ᠎ᠪᠠᠷ ᠣᠷᠣᠯᠴᠠᠭ᠍ᠰᠠᠨ 《ᠤᠯᠠᠭᠠᠨ ᠠᠨᠠᠷ》 ᠤ᠋ᠨ ᠰᠠᠢᠨ ᠳᠤᠷ᠎ᠠ ᠎ᠶ᠋ᠢᠨ ᠦᠶ᠋ᠯᠡᠴᠢᠯᠡᠭᠡᠨ ᠎ᠦ ᠠᠩᠭᠢ᠂ ᠨᠡᠢᠭᠡᠮ ᠲᠣᠭᠣᠷᠢᠭ᠎ᠢ ᠵᠣᠬᠢᠶᠠᠨ ᠪᠠᠢᠭᠤᠯᠬᠤ ᠎ᠪᠠᠷ ᠳᠡᠮᠵᠢᠨ ᠦᠨᠳᠦᠰᠦᠲᠡᠨ᠎ᠨᠦᠭᠦᠳ᠎ᠦᠨ ᠰᠠᠭᠤᠭᠠᠯᠢ ᠠᠷᠠᠳ᠎ᠲᠤ ᠬᠠᠤᠯᠢ ᠴᠠᠭᠠᠵᠠ᠎ᠶ᠋ᠢᠨ ᠯᠠᠪᠯᠠᠭ᠎ᠠ᠂ ᠰᠡᠳᠭᠢᠴᠡ᠎ᠶ᠋ᠢᠨ ᠯᠠᠪᠯᠠᠭ᠎ᠠ᠂ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢᠨ ᠯᠠᠪᠯᠠᠭ᠎ᠠ ᠵᠡᠷᠭᠡ ᠬᠡᠪᠱᠢᠭ᠌ᠰᠡᠨ ᠦᠶ᠋ᠯᠡᠴᠢᠯᠡᠭᠡ ᠬᠠᠩᠭᠠᠪᠠ᠃

ᠣᠷᠳᠣᠰ ᠬᠣᠲᠠ᠎ᠶ᠋ᠢᠨ ᠬᠢᠶ᠎ᠠ ᠪᠠᠭ᠍ᠰᠢ ᠲᠣᠭᠣᠷᠢᠭ᠎ᠤᠨ ᠴᠥᠭᠡᠨ ᠲᠣᠭᠠᠲᠤ ᠦᠨᠳᠦᠰᠦᠲᠡᠨ ᠎ᠦ ᠬᠠᠤᠯᠢ ᠴᠠᠭᠠᠵᠠ ᠎ᠶ᠋ᠢᠨ ᠦᠶ᠋ᠯᠡᠴᠢᠯᠡᠭᠡᠨ ᠎ᠦ ᠠᠵᠢᠯ ᠎ᠤᠨ ᠥᠷᠲᠡᠭᠡ᠂ ᠬᠠᠤᠯᠢ ᠴᠠᠭᠠᠵᠠ᠎ᠶ᠋ᠢᠨ ᠲᠤᠰᠠᠯᠠᠮᠵᠢ ᠎ᠶ᠋ᠢᠨ ᠰᠠᠭᠠᠳ ᠥᠬᠡᠶ ᠨᠡᠪᠲᠡᠷᠡᠬᠦ᠌ ᠵᠠᠮ ᠪᠠ 《ᠡᠭᠦᠯᠡᠨ ᠯᠠᠪᠯᠠᠯᠲᠠ》 ᠎ᠶ᠋ᠢᠨ ᠲᠠᠪᠴᠠᠩ ᠎ᠳᠤ ᠭᠣᠮᠣᠳᠠᠯ ᠲᠣᠭᠠᠴᠢᠬᠤ ᠠᠷᠭ᠎ᠠ ᠵᠠᠮ ᠎ᠢ ᠰᠠᠭᠠᠳ ᠥᠬᠡᠶ ᠨᠡᠪᠲᠡᠷᠡᠭᠦᠯᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠎ᠦ ᠬᠠᠤᠯᠢ ᠶᠣᠰᠣᠨ ᠎ᠤ ᠡᠷᠬᠡ ᠠᠱᠢᠭ᠎ᠢ ᠪᠠᠲᠤᠯᠠᠨ᠎ᠠ ᠁

ᠵᠡᠭᠦᠨ ᠬᠡᠰᠡᠭ ᠎ᠦᠨ ᠣᠶ ᠱᠢᠭᠤᠶ ᠎ᠠᠴᠠ ᠶᠡᠬᠡ ᠡᠯᠡᠰᠦᠨ ᠭᠣᠪᠢ ᠬᠦᠷᠲᠡᠯ᠎ᠡ᠂ ᠲᠠᠯ᠎ᠠ ᠨᠤᠲᠤᠭ ᠎ᠤᠨ ᠭᠦᠨ ᠎ᠡᠴᠡ ᠬᠥᠳᠡᠭᠡ ᠲᠣᠰᠭᠣᠨ ᠨᠡᠢᠭᠡᠮ ᠲᠣᠭᠣᠷᠢᠭ ᠎ᠲᠤ ᠬᠦᠷᠲᠡᠯ᠎ᠡ᠂ ᠪᠦᠯᠬᠦᠮᠳᠡᠯ  ᠪᠠ ᠵᠤᠭ᠎ᠠ ᠴᠡᠩᠭᠡᠯ ᠎ᠦᠨ ᠪᠠᠢᠳᠠᠯ ᠭᠠᠵᠠᠷ ᠰᠠᠶ ᠥᠬᠡᠶ ᠬᠠᠷᠠᠭ᠍ᠳᠠᠨ᠎ᠠ᠃

《ᠥᠪᠥᠷ ᠮᠣᠩᠭᠣᠯ ᠶᠡᠬᠡ ᠲᠠᠯ᠎ᠠ᠎ᠶ᠋ᠢ ᠡᠷᠬᠢᠮᠯᠡᠵᠦ᠍᠂ ᠡᠭᠦᠷᠭᠡ ᠬᠠᠷᠢᠭᠤᠴᠠᠯᠭ᠎ᠠ ᠎ᠶ᠋ᠢ ᠡᠭᠦᠷᠭᠡᠯᠡᠬᠦ᠌ ᠎ᠳᠦ ᠡᠷᠬᠡᠪᠰᠢ ᠤᠯᠤᠰ ᠣᠷᠣᠨ ᠎ᠤ ᠨᠢᠭᠡᠳᠦᠯ᠂ ᠦᠨᠳᠦᠰᠦᠲᠡᠨ ᠎ᠦ ᠪᠦᠯᠬᠦᠮᠳᠡᠯ ᠎ᠢ ᠬᠠᠮᠠᠭᠠᠯᠠᠬᠤ ᠴᠢᠬᠤᠯᠠ ᠶᠡᠬᠡ ᠤᠯᠤᠰ ᠲᠥᠷᠥ ᠎ᠶ᠋ᠢᠨ ᠬᠠᠷᠢᠭᠤᠴᠠᠯᠭ᠎ᠠ ᠎ᠶ᠋ᠢ ᠡᠭᠦᠷᠭᠡᠯᠡᠵᠦ᠍᠂ ᠰᠠᠢᠲᠤᠷ ᠭᠦᠶ᠋ᠴᠡᠳᠭᠡᠬᠦ᠌ ᠬᠡᠷᠡᠭ᠌ᠲᠡᠶ》 ᠃ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ ᠎ᠢ ᠪᠦᠬᠦ᠌ ᠲᠠᠯ᠎ᠠ ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ ᠎ᠳᠤ᠂ ᠮᠠᠨ ᠎ᠤ ᠣᠷᠣᠨ ᠬᠢᠯᠢ ᠬᠢᠵᠠᠭᠠᠷ ᠎ᠤᠨ ᠦᠨᠳᠦᠰᠦᠲᠡᠨ ᠎ᠦ ᠭᠠᠵᠠᠷ ᠣᠷᠣᠨ ᠪᠣᠯᠤᠭ᠍ᠰᠠᠨ ᠎ᠤ ᠬᠤᠪᠢ ᠎ᠳᠤ ᠴᠢᠬᠤᠯᠠ ᠶᠡᠬᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠎ᠶ᠋ᠢ ᠪᠠᠲᠤ ᠡᠭᠦᠷᠭᠡᠯᠡᠬᠦ᠌ ᠪᠣᠯᠤᠨ᠎ᠠ᠃

ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠎ᠶ᠋ᠢᠨ ᠨᠠᠮ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠢᠯᠡᠳᠭᠡᠯ ᠎ᠳᠦ᠂ ᠦᠨᠳᠦᠰᠦᠲᠡᠨ ᠎ᠦ ᠪᠦᠯᠬᠦᠮᠳᠡᠯ ᠎ᠦᠨ ᠢᠷᠠᠭᠤ ᠠᠯᠳᠠᠷᠲᠤ ᠤᠯᠠᠮᠵᠢᠯᠠᠯ ᠎ᠢ ᠶᠡᠬᠡ ᠎ᠪᠡᠷ ᠪᠠᠳᠠᠷᠠᠭᠤᠯᠤᠨ᠂ ᠨᠠᠮ ᠎ᠤᠨ ᠦᠨᠳᠦᠰᠦᠲᠡᠨ ᠎ᠦ ᠤᠨᠤᠯ ᠪᠣᠯᠤᠨ ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ᠎ᠶ᠋ᠢ ᠪᠦᠬᠦ᠌ ᠲᠠᠯ᠎ᠠ ᠎ᠪᠠᠷ ᠲᠤᠭᠤᠱᠢᠯᠠᠭᠤᠯᠵᠤ᠂ ᠳᠤᠮᠳᠠᠳᠤ ᠎ᠶ᠋ᠢᠨ ᠦᠨᠳᠦᠰᠦᠲᠡᠨ ᠎ᠦ ᠬᠠᠮᠲᠤ ᠎ᠶ᠋ᠢᠨ ᠴᠣᠭ᠍ᠴᠠ ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ ᠎ᠢ ᠴᠢᠩᠭ᠎ᠠ ᠠᠳᠭᠤᠨ ᠦᠨᠳᠦᠰᠦᠲᠡᠨ ᠎ᠦ ᠠᠵᠢᠯ ᠎ᠢ ᠴᠢᠩᠭᠠᠳᠭᠠᠨ ᠰᠠᠢᠵᠢᠷᠠᠭᠤᠯᠵᠤ᠂ ᠦᠨᠳᠦᠰᠦᠲᠡᠨ ᠎ᠦ ᠠᠵᠢᠯ ᠎ᠤᠨ ᠵᠢᠯᠣᠭᠣᠳᠭᠤ ᠦᠵᠡᠯ ᠰᠠᠨᠠᠭᠠᠨ ᠎ᠤ ᠵᠥᠷᠢᠶ᠎ᠡ᠎ᠶ᠋ᠢ ᠲᠤᠢᠯᠪᠤᠷᠢᠲᠠᠢ ᠵᠠᠯᠠᠷᠠᠭᠤᠯᠵᠤ᠂ ᠳᠤᠮᠳᠠᠳᠤ ᠎ᠶ᠋ᠢᠨ ᠦᠨᠳᠦᠰᠦᠲᠡᠨ ᠎ᠦ ᠬᠠᠮᠲᠤ ᠎ᠶ᠋ᠢᠨ ᠴᠣᠭ᠍ᠴᠠ ᠎ᠶ᠋ᠢᠨ ᠪᠠᠢᠭᠤᠯᠤᠯᠲᠠ ᠎ᠶ᠋ᠢ ᠪᠦᠬᠦ᠌ ᠲᠠᠯ᠎ᠠ ᠎ᠪᠠᠷ ᠠᠬᠢᠭᠤᠯᠤᠨ᠂ ᠦᠨᠳᠦᠰᠦᠲᠡᠨ ᠎ᠦ ᠪᠦᠯᠬᠦᠮᠳᠡᠯ ᠎ᠦᠨ ᠴᠡᠴᠡᠬᠡᠰ ᠎ᠢ ᠡᠭᠦᠷᠢᠳᠡ ᠳᠡᠯᠭᠡᠷᠡᠭᠦᠯᠵᠦ᠍᠂ ᠳᠤᠮᠳᠠᠳᠤ ᠤᠯᠤᠰ ᠎ᠤᠨ ᠣᠨᠴᠠᠯᠢᠭ ᠎ᠲᠠᠶ ᠦᠨᠳᠦᠰᠦᠲᠡᠨ ᠎ᠦ ᠠᠰᠠᠭᠤᠳᠠᠯ ᠎ᠢ ᠱᠢᠢᠳᠪᠦᠷᠢᠯᠡᠬᠦ᠌ ᠵᠥᠪ ᠵᠠᠮ ᠎ᠢ ᠨᠡᠩ ᠶᠡᠬᠡ ᠳᠠᠪᠠᠭᠤᠯᠢᠭ ᠴᠢᠨᠠᠷ ᠪᠣᠯᠤᠨ ᠨᠡᠩ ᠬᠦᠴᠦᠷᠬᠡᠭ ᠶᠡᠬᠡ ᠠᠮᠢᠵᠢᠷᠠᠯ ᠎ᠤᠨ ᠬᠦᠴᠦᠨ ᠎ᠲᠡᠶ ᠪᠣᠯᠭᠠᠬᠤ ᠬᠡᠷᠡᠭ᠌ᠲᠡᠢ ᠭᠡᠵᠦ᠍ ᠲᠣᠳᠣᠷᠬᠠᠢ ᠳᠤᠷᠠᠳᠴᠠᠢ᠃

ᠲᠣᠪ ᠲᠣᠳᠣᠷᠬᠠᠶ ᠥᠭᠦᠯᠡᠯᠲᠡ ᠨᠢ ᠲᠥᠯᠥᠭᠡᠯᠡᠭ᠌ᠴᠢᠳ᠎ᠦᠨ ᠬᠠᠯᠠᠭᠤᠨ ᠶᠠᠷᠢᠯᠴᠠᠭ᠎ᠠ ᠎ᠶ᠋ᠢ ᠦᠷᠨᠢᠭᠦᠯᠪᠡ᠃ 《ᠢᠯᠡᠳᠭᠡᠯ ᠎ᠳᠦ ᠦᠨᠳᠦᠰᠦᠲᠡᠨ ᠎ᠦ ᠠᠵᠢᠯ ᠎ᠢ ᠠᠰ᠎ᠲᠤᠨᠢ ᠨᠢᠭᠡ ᠪᠦᠯᠦᠭ ᠪᠣᠯᠭᠠᠨ ᠵᠢᠭ᠍ᠰᠠᠭᠠᠵᠤ᠂ ᠥᠪᠡᠷᠲᠡᠭᠡᠨ ᠵᠠᠰᠠᠬᠤ ᠣᠷᠣᠨ ᠎ᠤ ᠦᠨᠳᠦᠰᠦᠲᠡᠨ᠎ᠦ ᠠᠵᠢᠯ ᠎ᠢ ᠰᠠᠢᠲᠤᠷ ᠬᠢᠬᠦ᠌ ᠢᠲᠡᠭᠡᠯ ᠵᠣᠷᠢᠭ᠎ᠢ ᠢᠯᠡᠷᠡᠭᠦᠯᠪᠡ᠃ ᠬᠥᠯᠥᠨ ᠪᠣᠢᠷ ᠬᠣᠲᠠ ᠦᠨᠳᠦᠰᠦᠲᠡᠨ ᠎ᠦ ᠪᠦᠯᠬᠦᠮᠳᠡᠯ ᠪᠠ ᠬᠢᠯᠢ ᠬᠢᠵᠠᠭᠠᠷ ᠎ᠤᠨ ᠠᠮᠤᠷ ᠲᠣᠭ᠍ᠲᠠᠭᠤᠨ ᠎ᠢ ᠠᠬᠢᠭᠤᠯᠬᠤ ᠴᠢᠬᠤᠯᠠ ᠶᠡᠬᠡ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠱᠢᠨ᠎ᠡ ᠲᠡᠦᠬᠡᠨ ᠭᠠᠷᠤᠭ᠎ᠠ ᠳᠡᠭᠡᠷ᠎ᠡ ᠱᠢᠨ᠎ᠡ ᠴᠠᠭ ᠦᠶ᠎ᠡ ᠎ᠶ᠋ᠢᠨ ᠨᠠᠮ ᠎ᠤᠨ ᠦᠨᠳᠦᠰᠦᠲᠡᠨ ᠎ᠦ ᠠᠵᠢᠯ ᠎ᠤᠨ ᠴᠢᠨᠠᠷ ᠰᠠᠢᠲᠠᠶ ᠬᠥᠭ᠌ᠵᠢᠯᠲᠡ ᠎ᠶ᠋ᠢ ᠴᠢᠷᠮᠠᠢᠨ ᠠᠬᠢᠭᠤᠯᠬᠤ ᠪᠣᠯᠤᠨ᠎ᠠ 》 ᠃ ᠬᠥᠯᠥᠨ ᠪᠣᠢᠷ ᠬᠣᠲᠠ ᠎ᠶ᠋ᠢᠨ ᠲᠥᠯᠥᠭᠡᠯᠡᠭ᠌ᠴᠢᠳ ᠎ᠦᠨ ᠪᠦᠯᠬᠦᠮ ᠎ᠦᠨ ᠢᠦᠶ ᠯᠢ ᠱᠢᠨ ᠲᠥᠯᠥᠭᠡᠯᠡᠭ᠌ᠴᠢ ᠭᠦᠨ ᠲᠥᠷᠥᠭ᠌ᠳᠡᠯ ᠎ᠲᠡᠶ ᠪᠠᠢᠯ᠎ᠠ᠃ 《ᠲᠠᠢᠪᠤᠰᠧ ᠬᠣᠱᠢᠭᠤ ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠦᠷ᠎ᠡ ᠪᠦᠲᠦᠭᠡᠯ ᠎ᠢ ᠬᠥᠳᠡᠭᠡ ᠲᠣᠰᠭᠣᠨ ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠎ᠤᠨ ᠳᠤᠮᠳᠠ᠂ ᠪᠢᠳᠡ ᠬᠥᠳᠡᠭᠡ ᠲᠣᠰᠭᠣᠨ ᠎ᠤ ᠠᠵᠢᠯ ᠎ᠢ᠋ ᠬᠢᠬᠦ᠌ ᠎ᠪᠡᠷ ᠪᠠᠷᠠᠬᠤ ᠦᠭᠡᠢ ᠪᠠᠰᠠ ᠮᠠᠯᠵᠢᠬᠤ ᠣᠷᠣᠨ ᠎ᠤ ᠲᠤᠷᠱᠢᠯᠲᠠ ᠎ᠶ᠋ᠢᠨ ᠴᠡᠭ ᠎ᠦᠨ ᠠᠵᠢᠯ  ᠢ᠋ ᠰᠠᠢᠲᠤᠷ ᠬᠢᠵᠦ᠍᠂ ᠬᠥᠳᠡᠭᠡ ᠲᠣᠰᠭᠣᠨ ᠎ᠢ ᠬᠥᠭ᠌ᠵᠢᠭᠦᠯᠦᠨ ᠮᠠᠨᠳᠤᠭᠤᠯᠬᠤ ᠦᠷ᠎ᠡ ᠪᠦᠲᠦᠭᠡᠯ ᠎ᠢ ᠲᠠᠢᠪᠤᠰᠧ ᠬᠣᠱᠢᠭᠤᠨ ᠎ᠤ ᠦᠨᠳᠦᠰᠦᠲᠡᠨ᠎ᠨᠦᠭᠦᠳ ᠎ᠦᠨ ᠤᠯᠠᠨ ᠲᠦᠮᠡᠨ ᠎ᠳᠦ ᠬᠦᠷᠲᠡᠭᠡᠬᠦ᠌ ᠬᠡᠷᠡᠭ᠌ᠲᠡᠢ 》  ! ᠳᠠᠷᠠᠭᠠᠴᠢ ᠎ᠶ᠋ᠢᠨ ᠠᠯᠬᠤᠮ ᠎ᠳᠤ ᠶᠠᠭᠠᠬᠢᠵᠤ ᠠᠵᠢᠯᠯᠠᠬᠤ ᠲᠤᠬᠠᠢ ᠱᠢᠯᠢ ᠎ᠶ᠋ᠢᠨ ᠭᠣᠣᠯ ᠠᠢᠮᠠᠭ ᠎ᠤᠨ ᠲᠥᠯᠥᠭᠡᠯᠡᠭ᠌ᠴᠢᠳ ᠎ᠦᠨ ᠪᠦᠯᠬᠦᠮ ᠎ᠦᠨ ᠵᠤᠤ ᠹᠸᠢ ᠫᠸᠩ ᠲᠥᠯᠥᠭᠡᠯᠡᠭ᠌ᠴᠢ ᠬᠠᠷᠢᠭᠤᠯᠲᠠ ᠥᠭ᠌ᠴᠡᠢ᠃

ᠰᠣᠶᠣᠯ ᠎ᠤᠨ ᠬᠠᠮᠲᠤ ᠎ᠶ᠋ᠢᠨ ᠲᠠᠨᠢᠯᠲᠠ ᠪᠣᠯ ᠬᠠᠮᠤᠭ ᠎ᠤᠨ ᠭᠦᠨ ᠳᠠᠪᠬᠤᠷᠭ᠎ᠠ ᠎ᠶ᠋ᠢᠨ ᠬᠠᠮᠲᠤ ᠎ᠶ᠋ᠢᠨ ᠲᠠᠨᠢᠯᠲᠠ ᠮᠥᠨ᠃ ᠥᠪᠥᠷ ᠮᠣᠩᠭᠣᠯ ᠎ᠳᠤ  ᠦᠨᠳᠦᠰᠦᠲᠡᠨ᠎ᠨᠦᠭᠦᠳ ᠬᠠᠷᠢᠯᠴᠠᠨ ᠬᠦᠨᠳᠦᠳᠭᠡᠵᠦ᠍᠂ ᠵᠥᠷᠢᠶ᠎ᠡ ᠎ᠪᠡᠨ ᠪᠠᠭ᠍ᠲᠠᠭᠠᠵᠤ᠂ ᠥᠷᠭᠡᠨ ᠳᠡᠯᠭᠡᠷ ᠭᠦᠨ ᠭᠦᠨᠵᠡᠭᠡᠢ ᠳᠤᠮᠳᠠᠳᠤ ᠎ᠶ᠋ᠢᠨ ᠰᠣᠶᠣᠯ ᠨᠢ ᠦᠨᠳᠦᠰᠦᠲᠡᠨ᠎ᠨᠦᠭᠦᠳ᠎ᠢ ᠬᠦᠰᠡᠯᠡᠩ᠂ ᠢᠲᠡᠭᠡᠯ ᠪᠢᠱᠢᠷᠡᠯ᠂ ᠬᠠᠢᠷ᠎ᠠ ᠰᠡᠳᠭᠢᠯᠭᠡ᠂ ᠰᠣᠶᠣᠯ ᠎ᠤᠨ ᠲᠠᠯ᠎ᠠ ᠎ᠪᠠᠷ ᠬᠠᠮᠲᠤ ᠎ᠶ᠋ᠢᠨ ᠲᠠᠨᠢᠯᠲᠠ ᠎ᠲᠠᠶ ᠪᠣᠯᠭᠠᠪᠠ᠃ ᠠᠯᠠᠱᠠ ᠠᠢᠮᠠᠭ ᠎ᠤᠨ ᠲᠥᠯᠥᠭᠡᠯᠡᠭ᠌ᠴᠢᠳ ᠎ᠦᠨ ᠪᠦᠯᠬᠦᠮ ᠎ᠦᠨ ᠶᠠᠩ ᠯᠢᠩ ᠶᠤᠸᠠᠨ ᠲᠥᠯᠥᠭᠡᠯᠡᠭ᠌ᠴᠢ  ᠪᠣᠯ ᠦᠨᠳᠦᠰᠦᠨ ᠱᠠᠲᠤᠨ ᠎ᠤ ᠪᠠᠭ᠍ᠰᠢ ᠪᠣᠯᠤᠨ᠎ᠠ᠂ ᠲᠡᠷᠡ ᠥᠪᠡᠷᠲᠡᠭᠡᠨ ᠵᠠᠰᠠᠬᠤ ᠣᠷᠣᠨ ᠎ᠤ ᠠᠷᠪᠠᠨ ᠨᠢᠭᠡᠳᠦᠭᠡᠷ ᠤᠳᠠᠭ᠎ᠠ ᠎ᠶ᠋ᠢᠨ ᠨᠠᠮ ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ᠎ᠤᠨ ᠢᠯᠡᠳᠭᠡᠯ᠎ᠳᠡᠬᠢ ᠳᠤᠮᠳᠠᠳᠤ ᠎ᠶ᠋ᠢᠨ ᠦᠨᠳᠦᠰᠦᠲᠡᠨ ᠎ᠦ ᠬᠠᠮᠲᠤ ᠎ᠶ᠋ᠢᠨ ᠤᠶᠤᠨ ᠰᠠᠨᠠᠭᠠᠨ ᠎ᠤ ᠭᠡᠷ ᠣᠷᠣᠨ ᠎ᠤ  ᠪᠠᠢᠭᠤᠯᠤᠯᠲᠠ ᠎ᠶ᠋ᠢ ᠠᠬᠢᠭᠤᠯᠬᠤ ᠲᠤᠬᠠᠢ ᠥᠭᠦᠯᠡᠯᠲᠡ ᠎ᠶ᠋ᠢ ᠣᠨᠴᠠᠭᠠᠢ ᠠᠩᠬᠠᠷᠴᠤ᠌ ᠪᠠᠢᠯ᠎ᠠ᠃ ᠲᠡᠷᠡ᠂ ᠰᠤᠷᠭᠠᠨ ᠬᠥᠮᠦᠵᠢᠯ ᠎ᠦᠨ ᠠᠵᠢᠯᠲᠠᠳ ᠦᠨᠳᠦᠰᠦ ᠎ᠶ᠋ᠢ ᠪᠣᠢᠵᠢᠭᠤᠯᠵᠤ ᠰᠦᠭ ᠰᠦᠨᠡᠰᠦ ᠎ᠶ᠋ᠢ ᠴᠣᠭ᠍ᠴᠠᠯᠠᠬᠤ ᠢᠷᠠᠭᠤ ᠠᠯᠳᠠᠷᠲᠤ ᠡᠭᠦᠷᠭᠡ  ᠶ᠋ᠢ ᠡᠭᠦᠷᠭᠡᠯᠡᠵᠦ᠍ ᠪᠠᠢᠨ᠎ᠠ᠂ ᠬᠣᠢᠱᠢᠳᠠ ᠎ᠶ᠋ᠢᠨ ᠠᠵᠢᠯ ᠎ᠤᠨ ᠳᠤᠮᠳᠠ᠂ ᠪᠢ ᠨᠠᠮ ᠎ᠤᠨ ᠲᠥᠯᠥᠭᠡ ᠬᠥᠮᠦᠨ ᠢ᠋ ᠬᠥᠮᠦᠵᠢᠭᠦᠯᠬᠦ᠌᠂ ᠤᠯᠤᠰ ᠎ᠤᠨ ᠲᠥᠯᠥᠭᠡ ᠴᠢᠳᠠᠪᠤᠷᠢᠲᠠᠨ ᠢ᠋ ᠬᠥᠮᠦᠵᠢᠭᠦᠯᠬᠦ᠌ ᠎ᠶ᠋ᠢ ᠪᠠᠷᠢᠮᠲᠠᠯᠠᠵᠤ᠂ ᠳᠤᠮᠳᠠᠳᠤ ᠎ᠶ᠋ᠢᠨ ᠦᠨᠳᠦᠰᠦᠲᠡᠨ ᠎ᠦ ᠬᠠᠮᠲᠤ ᠎ᠶ᠋ᠢᠨ ᠴᠣᠭ᠍ᠴᠠ ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ ᠤᠬᠠᠭᠤᠯᠭ᠎ᠠ ᠬᠥᠮᠦᠵᠢᠯ ᠎ᠢ ᠡᠳᠦᠷ ᠲᠤᠳᠤᠮ ᠎ᠤᠨ ᠵᠢᠭᠠᠨ ᠰᠤᠷᠭᠠᠯᠲᠠ ᠎ᠳᠤ ᠠᠭᠤᠰᠤᠯᠴᠠᠭᠤᠯᠵᠦ᠍᠂ ᠤᠯᠤᠰ ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠎ᠦᠨ ᠬᠠᠮᠢᠶ᠎ᠠ ᠪᠦᠬᠦᠢ ᠠᠭᠤᠯᠭ᠎ᠠ ᠎ᠶ᠋ᠢ ᠰᠤᠷᠭᠠᠭᠤᠯᠢ ᠎ᠶ᠋ᠢᠨ ᠦᠨᠳᠦᠰᠦᠨ ᠪᠣᠯᠪᠠᠰᠤᠷᠠᠯ ᠎ᠳᠠᠭᠠᠨ ᠣᠷᠣᠭᠤᠯᠤᠨ᠂ ᠳᠤᠮᠳᠠᠳᠤ᠎ᠶ᠋ᠢᠨ ᠤᠯᠠᠮᠵᠢᠯᠠᠯᠲᠤ ᠰᠣᠶᠣᠯ᠎ᠤᠨ ᠬᠥᠮᠦᠵᠢᠯ᠎ᠢ ᠲᠠᠰᠤᠷᠠᠯᠳᠠ ᠦᠭᠡᠢ ᠴᠢᠩᠭᠠᠳᠭᠠᠵᠤ᠂ ᠲᠤᠬᠠᠢᠯᠠᠭ᠍ᠰᠠᠨ ᠠᠵᠢᠯ ᠎ᠤᠨ ᠳᠤᠮᠳᠠ ᠎ᠪᠠᠨ ᠱᠢᠨ᠎ᠡ ᠬᠠᠷᠢᠭᠤᠴᠠᠯᠭ᠎ᠠ ᠡᠭᠦᠷᠭᠡᠯᠡᠯ ᠎ᠢᠶᠡᠨ ᠢᠯᠡᠷᠡᠭᠦᠯᠵᠦ᠍᠂ ᠱᠢᠨ᠎ᠡ ᠵᠢᠳᠬᠦᠯ ᠴᠢᠷᠮᠠᠢᠯᠭ᠎ᠠ ᠎ᠪᠠᠨ ᠢᠯᠡᠷᠡᠭᠦᠯᠬᠦ᠌ ᠎ᠪᠡᠷ ᠴᠢᠷᠮᠠᠢᠨ᠎ᠠ ᠬᠡᠵᠠᠢ᠃

ᠳᠤᠮᠳᠠᠳᠤ ᠎ᠶ᠋ᠢᠨ ᠦᠨᠳᠦᠰᠦᠲᠡᠨ ᠎ᠦ ᠬᠠᠮᠲᠤ ᠎ᠶ᠋ᠢᠨ ᠤᠶᠤᠨ ᠰᠠᠨᠠᠭᠠᠨ ᠎ᠤ ᠭᠡᠷ ᠣᠷᠣᠨ᠎ᠤ ᠪᠠᠢᠭᠤᠯᠤᠯᠲᠠ ᠎ᠶ᠋ᠢ ᠠᠬᠢᠭᠤᠯᠵᠤ᠂ ᠳᠤᠮᠳᠠᠳᠤ ᠎ᠶ᠋ᠢᠨ ᠦᠨᠳᠦᠰᠦᠲᠡᠨ ᠎ᠦ ᠬᠠᠮᠲᠤ ᠎ᠶ᠋ᠢᠨ ᠴᠣᠭ᠍ᠴᠠ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ ᠎ᠳᠤ ᠲᠦᠷᠦ᠍ ᠎ᠶ᠋ᠢᠨ ᠪᠤᠳᠤᠯᠭ᠎ᠠ  ᠪᠠ ᠬᠠᠤᠯᠢ ᠴᠠᠭᠠᠵᠠ ᠎ᠶ᠋ᠢᠨ ᠪᠠᠲᠤᠯᠠᠭ᠎ᠠ᠎ᠠᠴᠠ ᠰᠠᠯᠵᠤ ᠴᠢᠳᠠᠬᠤ ᠦᠭᠡᠢ ᠶᠤᠮ᠃ ᠣᠢᠷ᠎ᠠ ᠎ᠶ᠋ᠢᠨ ᠵᠢᠯ᠎ᠦᠳ᠎ᠲᠦ᠂ ᠥᠪᠡᠷᠲᠡᠭᠡᠨ ᠵᠠᠰᠠᠬᠤ ᠣᠷᠣᠨ ᠤᠷᠢᠳ ᠬᠣᠵᠢᠳ 《ᠦᠨᠳᠦᠰᠦᠲᠡᠨ᠎ᠦ ᠪᠦᠯᠬᠦᠮᠳᠡᠯ ᠳᠠᠪᠱᠢᠯᠲᠠ ᠎ᠶ᠋ᠢ ᠡᠭᠦᠳᠦᠨ ᠪᠠᠢᠭᠤᠯᠬᠤ ᠠᠵᠢᠯ ᠎ᠢ ᠪᠥᠬᠥ᠌ ᠲᠠᠯ᠎ᠠ ᠎ᠪᠠᠷ ᠭᠦᠨᠵᠡᠭᠡᠶ ᠤᠳᠠᠭᠠᠨ ᠳᠠᠭᠠᠭᠠᠮᠠᠭᠠᠶ ᠥᠷᠨᠢᠭᠦᠯᠵᠦ᠍ ᠳᠤᠮᠳᠠᠳᠤ ᠎ᠶ᠋ᠢᠨ ᠦᠨᠳᠦᠰᠦᠲᠡᠨ ᠎ᠦ ᠬᠠᠮᠲᠤ ᠎ᠶ᠋ᠢᠨ ᠴᠣᠭ᠍ᠴᠠ ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ ᠲᠤᠬᠠᠶ ᠬᠡᠷᠡᠭ᠌ᠵᠢᠭᠦᠯᠬᠦ᠌ ᠰᠠᠨᠠᠯ》 ᠵᠡᠷᠭᠡ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ ᠎ᠢ ᠲᠣᠭ᠍ᠲᠠᠭᠠᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠦᠨᠳᠦᠰᠦᠲᠡᠨ ᠎ᠦ ᠪᠦᠯᠬᠦᠮᠳᠡᠯ ᠳᠠᠪᠱᠢᠯᠲᠠ ᠎ᠶ᠋ᠢ ᠠᠬᠢᠭᠤᠯᠬᠤ ᠲᠦᠷᠢᠮ》 ᠎ᠢ᠋ ᠵᠢᠩᠬᠢᠨᠢ ᠎ᠪᠡᠷ ᠬᠡᠷᠡᠭ᠌ᠵᠢᠭᠦᠯᠵᠦ᠍᠂ ᠪᠥᠬᠥ᠌ ᠣᠷᠣᠨ ᠎ᠤ ᠡᠯ᠎ᠡ ᠱᠠᠲᠤ ᠡᠯ᠎ᠡ ᠬᠣᠯᠪᠣᠭ᠍ᠳᠠᠯ ᠪᠥᠬᠥᠶ ᠰᠠᠯᠠᠭ᠎ᠠ ᠮᠥᠴᠢᠷ ᠎ᠦᠨ ᠎ᠬᠢᠨ ᠬᠠᠤᠯᠢᠵᠢᠯ ᠎ᠤᠨ ᠰᠡᠳᠭᠢᠬᠦᠶ  ᠪᠠ ᠬᠠᠤᠯᠢᠵᠢᠯ᠎ᠤᠨ ᠠᠷᠭ᠎ᠠ ᠬᠡᠯᠪᠡᠷᠢ᠎ᠪᠡᠷ ᠦᠨᠳᠦᠰᠦᠲᠡᠨ ᠎ᠦ ᠠᠵᠢᠯ ᠎ᠢ ᠲᠥᠯᠥᠪᠵᠢᠭᠦᠯᠦᠨ ᠠᠬᠢᠭᠤᠯᠬᠤ᠎ᠶ᠋ᠢ ᠪᠠᠷᠢᠮᠲᠠᠯᠠᠵᠤ᠂ ᠲᠣᠭ᠍ᠲᠠᠮᠠᠯ ᠬᠤᠭᠤᠴᠠᠭ᠎ᠠ ᠎ᠲᠠᠶ ᠎ᠪᠠᠷ ᠦᠨᠳᠦᠰᠦᠲᠡᠨ ᠎ᠦ ᠲᠥᠷᠥ ᠎ᠶ᠋ᠢᠨ ᠪᠣᠳᠣᠯᠭ᠎ᠠ ᠎ᠶ᠋ᠢ ᠨᠠᠢᠳᠠᠪᠤᠷᠢᠵᠢᠭᠤᠯᠤᠭ᠍ᠰᠠᠨ ᠪᠠᠢᠳᠠᠯ ᠎ᠳᠤ ᠪᠠᠢᠴᠠᠭᠠᠯᠲᠠ ᠬᠢᠵᠦ᠍᠂ ᠦᠨᠳᠦᠰᠦᠲᠡᠨ ᠎ᠦ ᠬᠡᠷᠡᠭ ᠶᠠᠪᠤᠳᠠᠯ ᠎ᠢ ᠬᠠᠤᠯᠢ ᠪᠠᠷ ᠵᠠᠰᠠᠬᠤ ᠬᠢᠷᠢ ᠲᠦᠪᠱᠢᠨ ᠪᠠ ᠴᠢᠳᠠᠪᠤᠷᠢ ᠲᠠᠰᠤᠷᠠᠯᠲᠠ ᠥᠬᠡᠶ ᠳᠡᠭᠡᠭ᠌ᠰᠢᠯᠡᠪᠡ᠃

ᠲᠥᠯᠥᠭᠡᠯᠡᠭ᠌ᠴᠢᠳ ᠪᠠᠰᠠ ᠭᠠᠭ᠍ᠴᠠ ᠬᠦ᠌ ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ ᠎ᠶ᠋ᠢᠨ ᠴᠢᠳᠠᠪᠤᠷᠢ ᠎ᠶ᠋ᠢᠨ ᠣᠳᠣᠬᠢᠴᠢᠯᠠᠯᠲᠠ ᠎ᠶ᠋ᠢᠨ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠪᠣᠳᠠᠲᠠᠶ ᠲᠥᠷᠥ ᠎ᠶ᠋ᠢᠨ ᠪᠣᠳᠣᠯᠭ᠎ᠠ ᠠᠷᠭ᠎ᠠ ᠬᠡᠮᠵᠢᠶ᠎ᠡ ᠎ᠶ᠋ᠢᠨ ᠴᠠᠭ ᠦᠶ᠎ᠡ ᠎ᠲᠡᠶ ᠵᠡᠷᠭᠡ ᠎ᠪᠡᠷ ᠤᠷᠤᠭ᠍ᠰᠢᠯᠠᠬᠤ ᠎ᠶ᠋ᠢ ᠠᠬᠢᠭᠤᠯᠪᠠᠯ ᠰᠠᠶᠢ ᠱᠢᠨ᠎ᠡ ᠴᠠᠭ ᠦᠶ᠎ᠡ ᠎ᠳᠦ 《 ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠎ᠤ᠋ ᠡᠷᠬᠢᠮ ᠳᠡᠭᠡᠳᠦ ᠢᠷᠠᠭᠤ ᠠᠯᠳᠠᠷ ᠎ᠢ ᠦᠷᠭᠦᠯᠵᠢᠯᠡᠨ ᠪᠠᠲᠤᠯᠠᠬᠤ ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠤ ᠴᠢᠳᠠᠨ᠎ᠠ ᠭᠡᠳᠡᠭ ᠎ᠢ ᠲᠣᠳᠣᠷᠬᠠᠶ ᠲᠠᠨᠢᠵᠤ ᠤᠯᠪᠠ᠃

ᠥᠪᠡᠷᠲᠡᠭᠡᠨ ᠵᠠᠰᠠᠬᠤ ᠣᠷᠣᠨ ᠎ᠤ ᠱᠢᠭᠤᠳ ᠬᠠᠷᠢᠶ᠎ᠠ  ᠪᠠ ᠲᠦᠪ  ᠤ᠋ᠨ ᠥᠪᠡᠷᠲᠡᠭᠡᠨ ᠵᠠᠰᠠᠬᠤ ᠣᠷᠣᠨ ᠎ᠳᠤ ᠰᠠᠭᠤᠭ᠎ᠠ ᠨᠢᠭᠡᠴᠢ ᠎ᠶ᠋ᠢᠨ ᠲᠥᠯᠥᠭᠡᠯᠡᠭ᠌ᠴᠢᠳ᠎ᠦᠨ ᠪᠦᠯᠬᠦᠮ ᠎ᠦᠨ ᠸᠠᠩ ᠵᠢᠶᠦ᠋ᠨ ᠲᠥᠯᠥᠭᠡᠯᠡᠭ᠌ᠴᠢ᠂ ᠥᠪᠡᠷᠲᠡᠭᠡᠨ ᠵᠠᠰᠠᠬᠤ ᠣᠷᠣᠨ ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ ᠎ᠤᠨ ᠢᠯᠡᠳᠭᠡᠯ ᠎ᠦᠨ ᠨᠢᠭᠡᠨ ᠢᠯᠡ ᠲᠣᠳᠣ ᠣᠨᠴᠠᠯᠢᠭ ᠪᠣᠯ ᠳᠠᠷᠤᠢ ᠨᠠᠮ ᠎ᠤᠨ ᠦᠨᠳᠦᠰᠦᠲᠡᠨ ᠎ᠦ ᠠᠵᠢᠯ ᠎ᠢ ᠲᠤᠪᠤᠢ᠌ᠮ᠎ᠠ ᠪᠠᠢᠷᠢᠨ ᠎ᠳᠤ ᠲᠠᠯᠪᠢᠵᠠᠢ᠂  ᠦᠨᠳᠦᠰᠦᠲᠡᠨ ᠎ᠦ ᠠᠵᠢᠯ ᠎ᠢ ᠬᠢᠵᠦ᠍ ᠪᠠᠢᠭ᠎ᠠ ᠺᠠᠳ᠋ᠷ ᠪᠣᠯᠤᠭ᠍ᠰᠠᠨ ᠎ᠤ ᠬᠤᠪᠢ ᠎ᠳᠤ᠂ ᠲᠤᠢᠯ ᠎ᠢᠶᠠᠷ ᠤᠷᠮᠠᠱᠢᠨ ᠵᠣᠷᠢᠭ᠍ᠵᠢᠵᠤ᠂ ᠡᠭᠦᠷᠭᠡ ᠬᠠᠷᠢᠭᠤᠴᠠᠯᠭ᠎ᠠ ᠦᠩᠭᠡ ᠭᠡᠷᠡᠯᠳᠠᠢ ᠭᠡᠵᠦ᠍ ᠬᠡᠯᠡᠪᠡ᠃ ᠳᠠᠷᠠᠭᠠᠴᠢ ᠎ᠶ᠋ᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠠᠴᠠ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ ᠎ᠦᠨ ᠡᠯ᠎ᠡ ᠵᠦᠢᠯ ᠎ᠦᠨ ᠠᠵᠢᠯ ᠎ᠢ ᠪᠦᠬᠦ᠌ ᠲᠠᠯ᠎ᠠ ᠎ᠪᠠᠷ ᠴᠢᠩᠭᠠᠳᠭᠠᠨ ᠰᠠᠢᠵᠢᠷᠠᠭᠤᠯᠵᠤ᠂ 《ᠡᠭᠦᠷᠭᠡ ᠴᠢᠳᠠᠪᠬᠢ ᠎ᠪᠠᠨ ᠬᠤᠪᠢᠷᠠᠭᠤᠯᠬᠤ᠂ ᠠᠷᠭ᠎ᠠ ᠬᠡᠯᠪᠡᠷᠢ᠎ᠪᠡᠨ ᠬᠤᠪᠢᠷᠠᠭᠤᠯᠬᠤ ᠰᠤᠷᠲᠠᠯ ᠎ᠢᠶᠠᠨ ᠬᠤᠪᠢᠷᠠᠭᠤᠯᠬᠤ》 ᠵᠢ ᠲᠦᠷᠭᠡᠳᠭᠡᠨ᠎ᠡ᠃ 《ᠠᠷᠪᠠ᠎ᠶ᠋ᠢ ᠪᠡᠶᠡᠯᠡᠭᠦᠯᠬᠦ᠌》 ᠠᠵᠢᠯ ᠎ᠤᠨ ᠵᠠᠭ᠍ᠪᠤᠷ ᠎ᠢᠶᠠᠷ ᠳᠤᠮᠳᠠᠳᠤ ᠎ᠶ᠋ᠢᠨ ᠦᠨᠳᠦᠰᠦᠲᠡᠨ ᠎ᠦ ᠬᠠᠮᠲᠤ ᠎ᠶ᠋ᠢᠨ ᠴᠣᠭ᠍ᠴᠠ ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ 《ᠲᠠᠪᠤᠨ ᠵᠦᠶ᠋ᠯ ᠎ᠦᠨ ᠭᠤᠤᠯᠳᠠᠯᠭ᠎ᠠ ᠎ᠲᠠᠶ ᠠᠵᠢᠯ》᠎ᠢ᠋ ᠴᠢᠩᠭ᠎ᠠ ᠠᠳᠭᠤᠨ ᠪᠣᠳᠠᠲᠠᠶ ᠠᠳᠭᠤᠬᠤ ᠪᠤᠯᠤᠨ᠎ᠠ ᠃ ᠡᠭᠦᠨ ᠎ᠦ ᠬᠠᠮᠲᠤ᠂ ᠪᠥᠬᠥ᠌ ᠣᠷᠣᠨ ᠎ᠤ ᠦᠨᠳᠦᠰᠦᠲᠡᠨ ᠎ᠦ ᠬᠡᠷᠡᠭ ᠡᠷᠭᠢᠯᠡᠬᠦ᠌ ᠵᠥᠪᠯᠡᠯ ᠎ᠳᠦ 《ᠳᠡᠭᠡᠳᠦ ᠵᠡᠷᠭᠡ   ᠶ᠋ᠢᠨ ᠲᠤᠰᠭᠠᠶ ᠰᠤᠷᠪᠤᠯᠵᠢᠯᠠᠭ᠎ᠠ ᠬᠢᠬᠦ᠌᠂ ᠶᠡᠬᠡ ᠪᠠᠢᠴᠠᠭᠠᠨ ᠰᠤᠳᠤᠯᠤᠯᠲᠠ ᠬᠢᠬᠦ᠌᠂ ᠲᠥᠷᠥ ᠎ᠶ᠋ᠢᠨ ᠪᠣᠳᠣᠯᠭ᠎ᠠ ᠬᠦᠷᠭᠡᠬᠦ᠌᠂ ᠬᠠᠢᠷ᠎ᠠ ᠬᠠᠯᠠᠮᠵᠢ ᠬᠦᠷᠭᠡᠬᠦ᠌᠂ ᠪᠦᠯᠬᠦᠮᠳᠡᠯ᠎ᠢ ᠠᠬᠢᠭᠤᠯᠬᠤ᠂ ᠬᠥᠭ᠌ᠵᠢᠯᠲᠡ᠎ᠶ᠋ᠢ ᠠᠬᠢᠭᠤᠯᠬᠤ》ᠲᠤᠰᠭᠠᠶ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍᠂ ᠦᠨᠳᠦᠰᠦᠲᠡᠨ ᠎ᠦ ᠪᠦᠯᠬᠦᠮᠳᠡᠯ ᠳᠠᠪᠱᠢᠯᠲᠠ ᠎ᠶ᠋ᠢᠨ ᠡᠯ᠎ᠡ ᠵᠦᠶ᠋ᠯ ᠎ᠦᠨ ᠠᠷᠭ᠎ᠠ ᠬᠡᠮᠵᠢᠶ᠎ᠡ ᠎ᠶ᠋ᠢ ᠪᠣᠳᠠᠲᠠᠶ ᠨᠠᠢᠳᠠᠪᠤᠷᠢᠵᠢᠭᠤᠯᠬᠤ ᠎ᠶ᠋ᠢ ᠪᠥᠬᠥ᠌ ᠬᠦᠴᠦᠨ ᠎ᠢᠶᠡᠷ ᠎ᠢᠶᠡᠨ ᠠᠬᠢᠭᠤᠯᠬᠤ  ᠪᠤᠯᠤᠨ᠎ᠠ ᠃

ᠣᠩᠭᠣᠴᠠᠨ ᠎ᠤ ᠬᠦᠴᠦᠨ ᠳᠠᠷᠪᠠᠭᠤᠯ᠎ᠳᠤ ᠪᠤᠢ᠂ ᠬᠥᠮᠦᠨ ᠎ᠦ ᠬᠦᠴᠦᠨ ᠰᠡᠳᠭᠢᠯ ᠎ᠳᠤ ᠪᠤᠢ᠃ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠮᠣᠷᠳᠠᠵᠤ᠂ ᠥᠪᠥᠷ ᠮᠣᠩᠭᠣᠯ ᠎ᠤᠨ 2400 ᠭᠠᠷᠤᠢ ᠲᠦᠮᠡᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ ᠦᠷᠭᠦᠯᠵᠢᠯᠡᠨ ᠡᠷᠡᠮᠡᠬᠡᠢᠯᠡᠨ ᠲᠡᠮᠡᠴᠡᠬᠦ᠌ ᠶᠠᠪᠤᠴᠠ᠎ᠳᠠᠭᠠᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ᠎ᠤᠨ ᠬᠠᠭᠤᠳᠠᠰᠤ᠎ᠶ᠋ᠢ ᠵᠢᠷᠤᠭ᠍ᠯᠠᠵᠤ᠂ ᠡᠷᠡᠮᠡᠬᠡᠢᠯᠡᠨ ᠤᠷᠤᠭ᠍ᠰᠢᠯᠠᠬᠤ ᠶᠠᠪᠤᠴᠠ᠎ᠳᠠᠭᠠᠨ ᠰᠡᠳᠭᠢᠯ ᠨᠢᠭᠡᠳᠦᠨ ᠬᠦᠰᠡᠯ ᠵᠡᠭᠦᠳᠦ᠍ ᠎ᠪᠡᠨ ᠲᠡᠷᠭᠡᠯᠱᠢᠭᠦᠯᠬᠦ᠌ ᠰᠡᠳᠭᠢᠯ ᠬᠥᠳᠡᠯᠭᠡᠮ᠎ᠡ ᠬᠠᠭᠤᠳᠠᠰᠤ ᠵᠢ ᠪᠢᠴᠢᠭ᠌ᠯᠡᠵᠦ᠍᠂ ᠳᠤᠮᠳᠠᠳᠤ ᠎ᠶ᠋ᠢᠨ ᠦᠨᠳᠦᠰᠦᠲᠡᠨ ᠎ᠦ ᠬᠠᠮᠲᠤ ᠎ᠶ᠋ᠢᠨ ᠴᠣᠭ᠍ᠴᠠ ᠎ᠶ᠋ᠢᠨ ᠤᠬᠠᠮᠰᠠᠷ ᠎ᠢ ᠬᠥᠮᠦᠰ᠎ᠦᠨ ᠰᠡᠳᠭᠢᠯ ᠎ᠳᠦ ᠨᠡᠩ ᠭᠦᠨ ᠬᠠᠳᠠᠩᠱᠢᠭᠤᠯᠵᠤ᠂ ᠦᠨᠳᠦᠰᠦᠲᠡᠨ ᠎ᠦ ᠪᠦᠯᠬᠦᠮᠳᠡᠯ ᠎ᠦᠨ ᠴᠡᠴᠡᠬᠡᠰ ᠎ᠢ ᠦᠷᠨᠢᠩᠭᠦᠢ ᠳᠡᠯᠭᠡᠷᠡᠭᠦᠯᠦᠨ᠎ᠡ!

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号