ᠯᠦᠸᠧ ᠴᠢᠩ ᠲᠥᠯᠥᠭᠡᠯᠡᠭ᠌ᠴᠢ᠄ ᠶᠡᠬᠡ ᠲᠠᠯ᠎ᠠ᠎ᠶ᠋ᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠵᠦ᠍ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠡᠷᠡᠰ ᠪᠠᠲᠤ ᠴᠣᠭ᠍ᠴᠠᠯᠠᠨ᠎ᠠ
2021-11-30 10:51:58
ᠵᠣᠬᠢᠶᠠᠭ᠍ᠴᠢ᠄
​ᠡᡁᠦ᠋ᠸᠸ ᠰᠢᠶᠤᠤ ᠴᠢᠩ
ᠣᠩᠱᠢᠭ᠍ᠰᠠᠨ ᠣᠳᠠᠭ᠎ᠠ᠄
★★★☆☆


QQ截图20211130110320.jpg


ᠰᠢᠯᠢ ᠵᠢᠨ ᠭᠤᠤᠯ ᠠᠢᠮᠠᠭ᠎ᠤᠨ ᠨᠤᠲᠤᠭ ᠪᠡᠯᠴᠢᠭᠡᠷ᠎ᠤᠨ ᠲᠠᠯᠠᠪᠠᠢ ᠪᠦᠬᠦ ᠤᠷᠤᠨ᠎ᠤ ᠨᠤᠲᠤᠭ ᠪᠡᠯᠴᠢᠭᠡᠷ᠎ᠤᠨ ᠲᠠᠯᠠᠪᠠᠢ ᠵᠢᠨ ᠪᠠᠷᠤᠭ ᠲᠦᠷᠪᠡᠡ᠎ᠤ ᠨᠢᠭᠡ ᠬᠤᠪᠢ ᠵᠢ ᠡᠵᠡᠯᠡᠵᠦ ᠪᠤᠢ᠂ ᠮᠠᠠ᠎ᠤ ᠤᠯᠤᠰ᠎ᠤᠨ ᠤᠮᠠᠷᠠᠲᠦ ᠵᠢᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠭᠤᠤᠯ ᠴᠢᠬᠤᠯᠠ ᠤᠷᠤᠨ ᠪᠤᠯᠤᠨ᠎ᠠ᠃ ᠦᠪᠡᠷᠳᠡᠭᠡᠨ ᠵᠠᠰᠠᠬᠤ ᠤᠷᠤᠨ ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ᠎ᠦᠭᠡᠢ᠎ᠬᠥᠭ᠌ᠵᠢᠭᠦᠯᠬᠦ᠌᠎ᠪᠡᠷ᠎ᠤᠳᠤᠷᠢᠳᠤᠮᠵᠢ᠎ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠬᠡᠷᠬᠢᠨ ᠡᠷᠡᠰ ᠭᠤᠢᠪᠢᠰᠢ ᠦᠭᠡᠢ ᠵᠠᠮᠨᠠᠬᠤ ᠪᠤᠢ? ᠰᠤᠷᠪᠤᠯᠵᠢᠯᠠᠭ᠍ᠴᠢ ᠱᠢᠯᠢ᠎ᠶ᠋ᠢᠨ ᠭᠣᠣᠯ ᠠᠢᠮᠠᠭ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠯᠦᠸᠧ ᠴᠢᠩ ᠲᠥᠯᠥᠭᠡᠯᠡᠭ᠌ᠴᠢ᠎ᠶ᠋ᠢ ᠲᠤᠰᠭᠠᠢᠯᠠᠨ ᠰᠤᠷᠪᠤᠯᠵᠢᠯᠠᠪᠠ᠃

ᠯᠦᠸᠧ ᠴᠢᠩ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠳᠦ ᠵᠡᠭᠦᠨ ᠬᠡᠰᠡᠭ᠎ᠦᠨ ᠠᠢᠮᠠᠭ ᠬᠤᠳᠠ ᠭᠣᠣᠯᠳᠠᠭᠤ ᠪᠣᠬᠢᠷᠲᠤᠯ ᠦᠭᠡᠢ ᠠᠮᠢ ᠠᠬᠤᠢ᠎ᠶ᠋ᠢᠨ ᠳᠠᠪᠠᠭᠤᠯᠢᠭ᠎ᠢ ᠶᠡᠭᠡᠰᠭᠡᠬᠥ ᠪᠠ ᠪᠠᠳᠠᠷᠠᠭᠤᠯᠵᠤ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠡᠷᠡᠭᠳᠡᠢ ᠭᠡᠵᠦ ᠲᠤᠲᠤᠷᠬᠠᠢᠯᠠᠵᠠᠢ᠂ ᠱᠢᠯᠢ᠎ᠶ᠋ᠢᠨ ᠭᠣᠣᠯ ᠠᠢᠮᠠᠭ ᠦᠷᠭᠦᠯᠵᠢᠯᠡᠨ ᠨᠤᠲᠤᠭ ᠪᠡᠯᠴᠢᠭᠡᠷ᠎ᠦᠨ ᠠᠮᠢ ᠠᠬᠤᠢ᠎ᠶ᠋ᠢ ᠬᠠᠮᠠᠭᠠᠯᠠᠬᠤ᠎ᠶ᠋ᠢ ᠲᠡᠷᠢᠭᠦᠨ ᠴᠢᠬᠤᠯᠠ᠂ ᠲᠠᠪᠠᠭᠤᠯᠢᠬ ᠴᠢᠨᠠᠷᠲᠠᠢ ᠡᠭᠦᠷᠭᠡ ᠪᠣᠯᠭᠠᠵᠤ᠂ ᠤᠯᠤᠰ᠎ᠤᠨ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠵᠢᠱ᠌ᠢᠢ᠎ᠡ ᠦᠵᠡᠭᠦᠯᠬᠦ᠌ ᠠᠢᠮᠠᠭ᠎ᠢ ᠪᠠᠢᠭᠤᠯᠬᠤ ᠪᠡᠷ ᠶᠡᠷᠦᠩᠬᠡᠢᠯᠡᠨ ᠵᠢᠯᠤᠭᠤᠳᠤᠭᠤᠯᠵᠤ᠂ ᠪᠦᠬᠦ᠌ ᠬᠦᠷᠢᠶᠡᠨ᠎ᠳᠦ ᠪᠣᠬᠢᠷᠲᠤᠯ ᠦᠭᠡᠢ ᠬᠥᠭ᠌ᠵᠢᠯᠲᠡ ᠲᠡᠢᠰᠢ ᠬᠡᠯᠪᠡᠷᠢ᠎ᠪᠠᠠ ᠬᠤᠪᠢᠷᠠᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠪᠦᠬᠦ᠌ ᠣᠷᠣᠨ ᠪᠦᠰᠡ ᠪᠦᠬᠦ᠌ ᠶᠠᠪᠤᠴᠠ᠎ᠳᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠴᠢᠩᠭᠠᠳᠭᠠᠵᠤ ᠂ ᠨᠤᠲᠤᠭ ᠪᠡᠯᠴᠢᠭᠡᠷ᠎ᠦᠨ ᠣᠷᠴᠢᠨ ᠲᠣᠭᠣᠷᠢᠨ᠎ᠢ ᠶᠠᠪᠤᠬᠤ ᠳᠤᠳᠤᠮ ᠭᠤᠶᠤᠵᠢᠭᠤᠯᠵᠤ᠂ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠨᠡᠩ ᠪᠠᠲᠤ ᠪᠡᠬᠢ ᠪᠣᠯᠭᠠᠨ᠎ᠠ ᠭᠡᠵᠦ᠍ ᠬᠡᠯᠡᠪᠡ᠃

ᠯᠦᠸᠧ ᠴᠢᠩ᠂ ᠨᠢᠭᠡ᠎ᠳᠦ᠂ ᠲᠦᠷᠢᠮ᠎ᠦᠨ ᠬᠠᠲᠠᠭᠤ ᠬᠢᠵᠠᠭᠠᠷᠯᠠᠯ᠎ᠢ ᠴᠢᠩᠭᠠᠳᠭᠠᠵᠤ᠂ ᠬᠠᠮᠤᠭ᠎ᠤᠨ ᠴᠢᠩᠭ᠎ᠠ ᠬᠠᠮᠢᠶᠠᠷᠤᠨ ᠡᠵᠡᠮᠳᠡᠬᠦ᠌ ᠲᠦᠷᠢᠮ᠎ᠢ ᠪᠠᠢᠭᠤᠯᠤᠨ ᠨᠠᠢᠳᠠᠪᠤᠷᠢᠵᠢᠭᠤᠯᠵᠤ᠂ ᠠᠮᠢ ᠠᠬᠤᠢ᠎ᠶ᠋ᠢᠨ ᠤᠯᠠᠭᠠᠨ ᠱᠤᠭᠤᠮ᠎ᠢ ᠦᠨᠡᠨ ᠬᠦ᠌ ᠬᠦᠨᠳᠡᠵᠦ᠍ ᠪᠣᠯᠤᠰᠢ ᠦᠭᠡᠢ 《ᠥᠨᠳᠥᠷ ᠬᠦᠴᠦᠳᠡᠯᠲᠦ ᠴᠠᠬᠢᠯᠭᠠᠨ ᠤᠲᠠᠰᠤ》 ᠪᠣᠯᠭᠠᠨ᠎ᠠ᠃ ᠬᠣᠶᠠᠷ᠎ᠲᠤ᠂ ᠲᠥᠷᠥ᠎ᠶ᠋ᠢᠨ ᠪᠣᠳᠣᠯᠭ᠎ᠠ᠎ᠪᠠᠷ ᠵᠣᠷᠢᠭ᠍ᠵᠢᠭᠤᠯᠵᠤ ᠬᠥᠲᠥᠯᠥᠨ ᠵᠢᠯᠣᠭᠣᠳᠭᠤ᠎ᠪᠠᠨ ᠴᠢᠩᠭᠠᠳᠭᠠᠵᠤ᠂ ᠮᠠᠯ ᠪᠡᠯᠴᠢᠭᠡᠷ᠎ᠦᠨ ᠲᠡᠩᠴᠡᠭᠦᠷᠢ᠎ᠶ᠋ᠢ ᠪᠠᠲᠤᠯᠠᠬᠤ ᠪᠠ ᠪᠡᠯᠴᠢᠭᠡᠷᠯᠡᠭᠦᠯᠬᠦ᠌᠎ᠶ᠋ᠢ ᠴᠠᠭᠠᠵᠠᠯᠠᠬᠤ᠂ ᠪᠡᠯᠴᠢᠭᠡᠷ᠎ᠢ ᠰᠡᠷᠭᠦᠭᠡᠬᠦ᠂ ᠰᠡᠯᠭᠦᠨ ᠮᠠᠯᠵᠢᠬᠤ ᠵᠡᠷᠭᠡ ᠲᠦᠷᠢᠮ᠎ᠢ ᠦᠷᠭᠦᠯᠵᠢᠯᠡᠨ ᠬᠡᠷᠡᠭ᠌ᠵᠢᠭᠦᠯᠵᠦ᠍ ᠂ ᠮᠠᠯ ᠠᠵᠤ ᠠᠬᠤᠶ᠎ᠶ᠋ᠢᠨ ᠦᠶ᠋ᠯᠡᠳᠪᠦᠷᠢᠯᠡᠯ᠎ᠦᠨ ᠠᠷᠭ᠎ᠠ ᠬᠡᠯᠪᠡᠷᠢ᠎ᠶ᠋ᠢ ᠰᠠᠢᠵᠢᠷᠠᠭᠤᠯᠬᠤ᠎ᠪᠠᠷ ᠳᠠᠮᠵᠢᠭᠤᠯᠤᠨ᠂ ᠨᠤᠲᠤᠭ ᠪᠡᠯᠴᠢᠭᠡᠷ᠎ᠦᠨ ᠬᠡᠷᠡᠭ᠌ᠯᠡᠯᠲᠡ᠎ᠶ᠋ᠢᠨ ᠡᠷᠴᠢᠮ᠎ᠢ ᠪᠠᠭᠤᠷᠠᠭᠤᠯᠵᠤ᠂ ᠨᠤᠲᠤᠭ ᠪᠡᠯᠴᠢᠭᠡᠷ ᠎ᠢ ᠰᠡᠯᠭᠦᠨ ᠰᠡᠷᠭᠦᠬᠡᠬᠦ᠌᠎ᠶ᠋ᠢ ᠠᠬᠢᠭᠤᠯᠤᠨ᠎ᠠ᠃ ᠭᠤᠷᠪᠠ᠎ᠳᠤ᠂ ᠱᠢᠰᠲ᠋ᠧᠮ᠎ᠲᠡᠶ ᠬᠠᠮᠠᠭᠠᠯᠠᠵᠤ ᠪᠥᠲᠥᠭᠡᠨ ᠪᠠᠢᠭᠤᠯᠬᠤ᠎ᠶ᠋ᠢ ᠴᠢᠩᠭᠠᠳᠭᠠᠵᠤ᠂ ᠬᠣᠶᠠᠷ ᠶᠡᠬᠡ ᠡᠯᠡᠰᠦᠷᠬᠡᠭ ᠭᠠᠵᠠᠷ᠎ᠢᠶᠠᠷ ᠭᠤᠤᠯᠳᠠᠯᠭ᠎ᠠ ᠪᠣᠯᠭᠠᠵᠤ᠂ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠵᠠᠰᠠᠨ ᠰᠡᠷᠭᠦᠭᠡᠬᠦ᠌᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠨᠠᠩ ᠶᠡᠬᠡ ᠡᠷᠴᠢᠮ᠎ᠢᠶᠡᠷ ᠠᠭᠤᠷᠬᠠᠶ᠎ᠶ᠋ᠢᠨ ᠣᠷᠴᠢᠨ ᠲᠣᠭᠣᠷᠢᠨ᠎ᠢ ᠶᠡᠷᠦᠩᠬᠡᠢᠯᠡᠨ ᠵᠠᠰᠠᠬᠤ ᠪᠠ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ 2023 ᠤᠨ ᠪᠣᠯᠬᠤ᠎ᠳᠤ ᠪᠣᠶ ᠪᠥᠬᠥᠶ ᠵᠠᠳᠠᠭᠠᠶ ᠠᠭᠤᠷᠬᠠᠶ᠎ᠶ᠋ᠢ ᠪᠦᠬᠦᠨ᠎ᠢ ᠪᠣᠬᠢᠷᠲᠤᠯ ᠥᠬᠡᠶ ᠠᠭᠤᠷᠬᠠᠶ ᠪᠣᠯᠭᠠᠨ ᠪᠥᠲᠥᠭᠡᠨ ᠪᠠᠢᠭᠤᠯᠵᠤ᠂ ᠲᠡᠦᠬᠡ᠎ᠶ᠋ᠢᠨ ᠦᠯᠡᠳᠡᠭ᠌ᠳᠡᠯ ᠪᠤᠯᠤᠭᠰᠠᠨ ᠪᠣᠶ ᠪᠥᠬᠥᠶ ᠬᠠᠶᠠᠭ᠍ᠳᠠᠮᠠᠯ ᠨᠦᠬᠡ᠎ᠶ᠋ᠢ ᠵᠠᠰᠠᠬᠤ ᠡᠭᠦᠷᠭᠡ᠎ᠶ᠋ᠢ ᠵᠡᠷᠭᠡ᠎ᠪᠡᠷ ᠪᠡᠶᠡᠯᠡᠭᠦᠯᠵᠦ᠍ ᠂ 《ᠨᠣᠭᠣᠭᠠᠷᠠᠭᠤᠯᠤᠭ᠍ᠰᠠᠨ ᠪᠣᠯ ᠦᠯᠡᠳᠡᠭᠡᠵᠤ᠂ ᠨᠣᠭᠣᠭᠠᠷᠠᠭᠤᠯᠤᠭ᠍ᠰᠠᠨ ᠥᠬᠡᠶ ᠪᠣᠯ ᠰᠢᠭᠰᠢᠨ ᠬᠠᠶᠠᠬᠤ》 ᠵᠢ ᠪᠡᠶᠡᠯᠡᠬᠦᠯᠦᠨ᠎ᠡ ᠭᠡᠵᠦ ᠢᠯᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号