ᠳ᠋ᠦ᠋ ᠬᠣᠶ ᠯᠢᠶᠠᠩ ᠲᠥᠯᠥᠭᠡᠯᠡᠭ᠌ᠴᠢ᠄ ᠣᠳᠣᠬᠢᠴᠢᠯᠠᠯᠳᠠ ᠵᠢᠨ ᠪᠥᠲᠥᠭᠡᠨ ᠪᠠᠢᠭᠤᠯᠤᠯᠲᠠ᠎ᠶ᠋ᠢᠨ ᠱᠢᠨ᠎ᠡ ᠠᠶᠠᠨ᠎ᠳᠤ ᠬᠤᠰᠢᠭᠤᠴᠢᠯᠠᠵᠤ ᠬᠤᠪᠢ ᠨᠡᠮᠡᠷᠢ ᠦᠵᠡᠭᠦᠯᠦᠨ᠎ᠡ
2021-11-30 10:54:35
ᠵᠣᠬᠢᠶᠠᠭ᠍ᠴᠢ᠄
​ᠹᠸᠩ ᠱᠢᠤᠸᠠᠢ ᠢᠦᠶ
ᠣᠩᠱᠢᠭ᠍ᠰᠠᠨ ᠣᠳᠠᠭ᠎ᠠ᠄
★★★☆☆


QQ截图20211130105655.jpg


《ᠤᠷᠳᠤᠰ᠎ᠤᠨ ᠬᠢᠨ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ᠎ᠶᠡᠬᠡ᠎ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠡᠭᠡᠳᠦ ᠬᠡᠮᠵᠢᠶᠡᠨ᠎ᠦ ᠤᠯᠤᠰ ᠲᠦᠷᠦ᠍᠎ᠶ᠋ᠢᠨ ᠤᠬᠠᠮᠰᠠᠷ ᠪᠣᠯᠤᠨ ᠬᠠᠷᠢᠭᠤᠴᠠᠯᠭ᠎ᠠ ᠡᠭᠦᠷᠭᠡᠯᠡᠯ᠎ᠢᠶᠡᠷ ᠠᠵᠠ ᠲᠣᠬᠢᠶᠠᠯ᠎ᠢ ᠠᠮᠵᠢᠨ ᠭᠠᠪᠱᠢᠭᠠᠢᠯᠠᠨ  ᠲᠡᠮᠡᠴᠡᠵᠦ᠍᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠱᠢᠨ᠎ᠡ ᠠᠶᠠᠨ᠎ᠳᠤ ᠡᠮᠦᠨ᠎ᠡ ᠨᠢ ᠬᠣᠱᠢᠭᠤᠷᠠᠵᠤ  ᠬᠤᠪᠢ ᠨᠡᠮᠡᠷᠢ ᠦᠵᠡᠭᠦᠯᠬᠦ᠌᠎ᠪᠡᠷ ᠴᠢᠷᠮᠠᠢᠨ᠎ᠠ》 ᠭᠡᠵᠦ᠍ ᠤᠷᠳᠤᠰ ᠬᠤᠳᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠳ᠋ᠦ᠋ ᠬᠤᠢ ᠯᠢᠶᠠᠩ ᠲᠥᠯᠥᠭᠡᠯᠡᠭ᠌ᠴᠢ ᠬᠡᠯᠡᠪᠡ᠃

ᠳ᠋ᠦ᠋ ᠬᠤᠢ ᠯᠢᠶᠠᠩ᠂ ᠤᠷᠳᠤᠰ ᠠᠵᠤ ᠠᠬᠤᠢ᠎ᠶ᠋ᠢᠨ ᠶᠡᠷᠦᠩᠬᠡᠢᠯᠡᠭ᠌ᠰᠡᠨ ᠪᠣᠳᠠᠲᠤ ᠬᠦᠴᠦᠨ᠎ᠢ ᠬᠦᠴᠦᠯᠡᠨ ᠳᠡᠭᠡᠭ᠌ᠰᠢᠯᠡᠭᠦᠯᠦᠨ᠎ᠡ᠃ ᠲᠠᠭᠠᠭᠤᠯᠤᠬᠴᠢ ᠦᠢᠯᠡᠳᠦᠯ᠎ᠢ ᠪᠠᠳᠠᠷᠠᠭᠤᠯᠵᠤ᠂ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠱᠢᠭᠦᠯᠬᠦ᠎ᠶ᠋ᠢ ᠠᠬᠢᠭᠤᠯᠵᠤ᠂ ᠮᠢᠩᠭᠠᠨ ᠳ᠋ᠦᠩᠱᠢᠭᠤᠷ ᠲᠡᠰ᠎ᠤᠨ ᠬᠦᠷᠢᠶᠡᠯᠡᠩ ᠲᠣᠭᠣᠷᠢᠭ᠂ ᠬᠣᠱᠢᠭᠤ ᠲᠣᠭᠣᠷᠢᠭ ᠪᠠ ᠠᠵᠤ ᠦᠢᠯᠡᠰ᠎ᠦᠨ ᠪᠦᠯᠦᠭᠵᠢᠯ᠎ᠦᠨ ᠪᠦᠲᠦᠭᠡᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠤᠨ᠎ᠠ;  ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠬᠦᠴᠦᠯᠡᠨ ᠬᠠᠮᠠᠭᠠᠯᠠᠨ᠎ᠠ᠃ ᠭᠠᠷᠤᠯᠳᠠ ᠪᠠᠨ ᠨᠡᠮᠡᠭ᠌ᠳᠡᠭᠦᠯᠦᠨ ᠬᠠᠩᠭᠠᠯᠭ᠎ᠠ᠎ᠶ᠋ᠢ ᠪᠠᠲᠤᠯᠠᠬᠤ᠂ ᠱᠢᠨ᠎ᠡ ᠡᠨᠧᠷᠭᠢ᠎ᠶ᠋ᠢᠨ ᠬᠡᠯᠪᠡᠷᠢ᠎ᠵᠢ ᠬᠤᠪᠢᠷᠠᠭᠤᠯᠬᠤ᠎ᠶ᠋ᠢ ᠪᠦᠬᠦ᠌ ᠬᠦᠴᠦᠨ᠎ᠢᠶᠡᠷ ᠠᠬᠢᠭᠤᠯᠵᠤ᠂ ᠰᠠᠯᠬᠢ ᠭᠡᠷᠡᠯ ᠤᠰᠤᠲᠥ᠋ᠷᠥᠭ᠌ᠴᠢ ᠡᠨ᠋ᠸᠷᠬᠢ ᠵᠢ ᠬᠠᠳᠠᠭᠠᠯᠠᠬᠤ ᠲᠡᠷᠭᠡ᠎ᠶ᠋ᠢᠨ ᠪᠦᠬᠦ᠌ ᠠᠵᠤ ᠦᠢᠯᠡᠰ᠎ᠦᠨ ᠬᠡᠯᠬᠢᠶ᠎ᠡ᠎ᠶ᠋ᠢ ᠴᠣᠭ᠍ᠴᠠᠯᠠᠵᠤ᠂《ᠬᠣᠶᠠᠷ᠎ᠢ ᠲᠦᠷᠦᠬᠦᠯᠠᠨ ᠬᠢᠬᠦ᠌》᠂ 《ᠬᠣᠶᠠᠷ᠎ᠢ ᠰᠢᠪᠳᠤᠯᠬᠤ》 ᠳᠤᠮᠳᠠ ᠡᠮᠦᠨ᠎ᠡ ᠨᠢ ᠬᠤᠰᠢᠭᠤᠷᠠᠨ᠎ᠠ; ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢ ᠬᠦᠴᠦᠯᠡᠨ ᠠᠬᠢᠭᠤᠯᠵᠤ᠂ ᠶᠡᠬᠡ ᠬᠠᠮᠠᠭᠠᠯᠠᠯᠲᠠ᠎ᠶ᠋ᠢ ᠨᠠᠢᠳᠠᠪᠤᠷᠢᠵᠢᠭᠤᠯᠤᠨ᠂ ᠶᠡᠬᠡ ᠵᠠᠰᠠᠯᠲᠠ᠎ᠶ᠋ᠢ ᠴᠢᠩᠭ᠎ᠠ ᠠᠳᠭᠤᠵᠤ᠂ ᠭᠤᠷᠪᠠᠨ ᠣᠷᠣᠨ ᠭᠤᠷᠪᠠᠨ ᠱᠤᠭᠤᠮ᠂ ᠤᠰᠤ ᠪᠠᠷ ᠬᠤᠳᠠ᠎ᠶᠢ ᠲᠤᠭᠳᠠᠭᠠᠬᠤ᠂ ᠤᠰᠤ ᠪᠠᠷ ᠭᠠᠵᠠᠷ᠎ᠢ ᠲᠤᠭᠳᠠᠭᠠᠬᠤ᠂ ᠤᠰᠤ ᠪᠡᠷ ᠬᠦᠮᠦᠨ ᠠᠮᠠ᠎ᠶᠢ ᠲᠤᠭᠳᠠᠭᠠᠬᠤ᠂ ᠤᠰᠤ ᠪᠠᠷ ᠭᠠᠷᠤᠯᠳᠠ᠎ᠶᠢ ᠲᠤᠭᠳᠠᠭᠠᠬᠤ᠎ᠶᠢ ᠴᠢᠩᠭ᠎ᠠ ᠨᠠᠢᠳᠠᠪᠤᠷᠢᠵᠢᠭᠤᠯᠤᠨ᠂ ᠠᠮᠢ ᠠᠬᠤᠶ ᠤᠷᠴᠢᠨ ᠲᠤᠭᠤᠷᠢᠨ᠎ᠦ ᠬᠠᠮᠠᠭᠠᠯᠠᠯᠳᠠ ᠵᠢᠨ ᠪᠣᠬᠢᠷᠲᠤᠯ ᠥᠬᠡᠶ ᠨᠡᠭᠦᠷᠡᠰᠦᠲᠥ᠋ᠷᠥᠭ᠌ᠴᠢ ᠳᠤᠤᠷ᠎ᠠ ᠪᠠᠢᠬᠤ ᠵᠢ ᠠᠬᠢᠭᠤᠯᠤᠨ᠎ᠠ; ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢ ᠬᠦᠴᠦᠯᠡᠨ ᠠᠬᠢᠭᠤᠯᠵᠤ᠂ ᠲᠥᠷᠥ᠎ᠶ᠋ᠢᠨ ᠪᠣᠳᠣᠯᠭ᠎ᠠ᠎ᠶ᠋ᠢᠨ ᠬᠠᠮ ᠠᠷᠭ᠎ᠠ ᠬᠡᠮᠵᠢᠶ᠎ᠡ᠎ᠶ᠋ᠢ ᠰᠠᠢᠲᠤᠷ ᠬᠡᠷᠡᠭ᠌ᠵᠢᠭᠦᠯᠵᠦ᠍᠂ ᠠᠵᠤ ᠠᠬᠤᠢᠯᠠᠯ᠎ᠤᠨ ᠭᠤᠤᠯ ᠴᠣᠭ᠍ᠴᠠ᠎ᠶ᠋ᠢᠨ ᠦᠶ᠋ᠯᠡᠳᠦᠯ᠎ᠢ ᠪᠠᠳᠠᠷᠠᠭᠤᠯᠵᠤ᠂ ᠭᠤᠷᠪᠠ᠎ᠶ᠋ᠢ ᠲᠡᠭ ᠪᠣᠯᠭᠠᠬᠤ᠂ ᠬᠣᠶᠠᠷ᠎ᠢ ᠳᠠᠬᠢᠨ᠎ᠢᠶᠠᠷ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠱᠢᠨ᠎ᠡ ᠨᠡᠮᠡᠭ᠌ᠳᠡᠯ᠎ᠦᠨ ᠬᠥᠳᠡᠯᠭᠡᠬᠦ᠌ ᠡᠨᠧᠷᠭᠢ᠎ᠶ᠋ᠢ ᠪᠦᠷᠢᠯᠳᠦᠭᠦᠯᠦᠨ᠎ᠡ; ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ ᠬᠦᠴᠦᠯᠡᠨ ᠱᠢᠯᠢᠳᠡᠭ᠌ᠵᠢᠭᠦᠯᠵᠦ᠍᠂ ᠤᠴᠢᠷ ᠶᠠᠪᠤᠳᠠᠯ ᠭᠦᠢᠴᠡᠳᠭᠡᠬᠦ᠌᠎ᠳᠦ ᠨᠡᠩ ᠳᠥᠭᠥᠮ ᠳᠥᠲᠡ᠂ ᠵᠠᠬ᠎ᠠ ᠳᠡᠯᠭᠡᠭᠦᠷ᠎ᠦᠨ ᠭᠣᠣᠯ ᠴᠣᠭ᠍ᠴᠠ᠎ᠶ᠋ᠢ ᠨᠡᠩ ᠬᠥᠭ᠌ᠵᠢᠶᠡᠨᠲᠡᠢ ᠪᠣᠯᠭᠠᠨ᠎ᠠ; ᠬᠠᠮᠲᠤ ᠪᠠᠷ ᠪᠠᠶᠠᠵᠢᠬᠤ ᠶ᠋ᠢ ᠬᠦᠴᠦᠯᠡᠨ ᠠᠬᠢᠭᠤᠯᠤᠨ᠎ᠠ᠃ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠵᠤ᠂ ᠲᠦᠭᠡᠮᠡᠯ ᠬᠠᠷᠠᠭᠠᠯᠵᠠᠯᠳᠤ ᠠᠷᠠᠳ᠎ᠤᠨ ᠠᠮᠢᠳᠤᠷᠠᠯ᠎ᠢ ᠬᠥᠭ᠌ᠵᠢᠭᠦᠯᠵᠦ᠍᠂ ᠬᠥᠭ᠌ᠵᠢᠯᠲᠡ ᠪᠣᠯᠤᠨ ᠠᠮᠤᠷ ᠲᠦᠪᠱᠢᠨ᠎ᠢ ᠨᠢᠭᠡᠳᠦᠯᠲᠡᠢ ᠲᠥᠯᠥᠪᠵᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠠᠷᠠᠳ ᠤᠯᠠᠨ᠎ᠢ ᠨᠡᠩ ᠢᠯᠡᠭᠦᠦ ᠬᠦᠷᠲᠡᠮᠵᠢ᠎ᠶ᠋ᠢᠨ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ᠂ ᠵᠢᠷᠭᠠᠯᠲᠤ ᠲᠦᠷᠦᠭ᠌ᠳᠡᠯ᠎ᠲᠡᠶ ᠪᠣᠯᠭᠠᠨ᠎ᠠ ᠭᠡᠵᠤ ᠢᠯᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号