ᠡᠷᠡᠯᠬᠡᠭᠯᠡᠨ ᠲᠡᠮᠡᠴᠡᠬᠦ᠌ ᠳᠤᠮᠳᠠ ᠠᠤᠭ᠎ᠠ ᠦᠢᠯᠡᠰ᠎ᠢ ᠱᠤᠭᠤᠵᠤ ᠡᠷᠡᠮᠡᠬᠡᠢᠯᠡᠨ ᠤᠷᠤᠭ᠍ᠰᠢᠯᠠᠬᠤ ᠳᠤᠮᠳᠠ ᠢᠷᠠᠭᠤ ᠬᠠᠭᠤᠳᠠᠰᠤ᠎ᠶ᠋ᠢ ᠪᠢᠴᠢᠭ᠌ᠯᠡᠨ᠎ᠡ
2021-11-30 11:00:12
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠨᠠᠢᠷᠠᠭᠤᠯᠤᠭ᠍ᠴᠢ ᠎ᠶ᠋ᠢᠨ ᠦᠭᠡ᠄ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠡᠴᠡ ᠬᠤᠢᠰᠢᠳᠠ᠎ᠶ᠋ᠢᠨ 5 ᠵᠢᠯ᠎ᠦᠨ ᠥᠪᠥᠷ ᠮᠣᠩᠭᠣᠯ᠎ᠳᠤ ᠦᠵᠡᠰᠭᠦᠯᠡᠩᠲᠦ ᠰᠠᠢᠬᠠᠨ ᠵᠢᠷᠤᠭ ᠲᠥᠰᠦᠪ᠎ᠢ ᠵᠢᠷᠤᠭ᠍ᠯᠠᠵᠤ ᠥᠭ᠌ᠪᠡ᠄  ᠣᠷᠣᠨ ᠪᠦᠰᠡ᠎ᠶ᠋ᠢᠨ ᠵᠦᠷᠢᠶᠡᠴᠢᠯᠡᠭ᠌ᠰᠡᠨ ᠵᠣᠬᠢᠴᠠᠩᠭᠤᠢ ᠬᠥᠭ᠌ᠵᠢᠯᠲᠡ᠎ᠶ᠋ᠢ ᠨᠢᠭᠡᠳᠦᠯᠲᠡᠢ ᠲᠥᠯᠥᠪᠵᠢᠭᠦᠯᠵᠦ᠍᠂᠎ᠣᠷᠣᠨ᠎ᠪᠦᠰᠡ᠎ᠶ᠋ᠢᠨ᠎ᠲᠦᠷᠦ᠍᠎ᠶ᠋ᠢᠨ᠎ᠪᠤᠳᠤᠯᠭ᠎ᠠ᠎ᠶ᠋ᠢᠨ᠎ᠱᠢᠰᠲ᠋ᠧᠮ᠎ᠢ ᠲᠤᠬᠢᠷᠠᠭᠤᠯᠤᠨ ᠲᠡᠭᠦᠯᠳᠡᠷᠵᠢᠭᠦᠯᠵᠦ᠍᠂ ᠵᠡᠭᠦᠨ ᠬᠡᠰᠡᠭ᠎ᠦᠨ ᠠᠢᠮᠠᠭ ᠬᠤᠳᠠ᠎ᠶ᠋ᠢᠨ ᠬᠢᠨ ᠎ᠤ ᠥᠷᠭᠡᠨ ᠠᠭᠤᠳᠠᠮ ᠲᠠᠯ᠎ᠠ ᠨᠤᠲᠤᠭ᠂ ᠶᠡᠬᠡ ᠤᠢ ᠱᠢᠭᠤᠢ᠂ ᠶᠡᠬᠡ ᠭᠣᠣᠯ ᠮᠥᠷᠡᠨ᠂ ᠶᠡᠬᠡ ᠨᠤᠭᠤ ᠭᠠᠵᠠᠷ᠎ᠢ ᠬᠠᠮᠠᠭᠠᠯᠠᠬᠤ᠎ᠪᠠᠷ ᠭᠣᠣᠯ ᠡᠭᠦᠷᠭᠡ ᠪᠣᠯᠭᠠᠬᠤ ᠵᠢ ᠠᠬᠢᠭᠤᠯᠵᠥ ᠂ ᠤᠳᠤ ᠦᠶ᠎ᠡ᠎ᠶ᠋ᠢᠨ ᠮᠠᠯ ᠠᠵᠤ ᠠᠬᠤᠢ ᠲᠠᠷᠢᠶᠠᠯᠠᠩ᠂ ᠤᠨᠴᠠᠯᠢᠬ᠍ᠳᠤ ᠵᠢᠭᠤᠯᠴᠢᠯᠠᠯ᠎ᠤᠨ ᠦᠢᠯᠡᠰ ᠪᠣᠯᠤᠨ ᠥᠷᠭᠡᠨ ᠬᠡᠪᠴᠢᠶᠡᠨ᠎ᠦ ᠬᠢᠯᠢ᠎ᠶ᠋ᠢᠨ ᠪᠣᠭᠣᠮᠲᠠ᠎ᠶ᠋ᠢᠨ ᠠᠵᠤ ᠠᠬᠤᠢ᠎ᠶ᠋ᠢ ᠬᠥᠭ᠌ᠵᠢᠭᠦᠯᠬᠦ᠌᠎ᠪᠠᠷ ᠭᠣᠣᠯ ᠱᠢᠪᠲᠤᠯᠬᠤ ᠴᠢᠭ᠌ᠯᠡᠯ ᠪᠣᠯᠭᠠᠵᠤ᠂ ᠪᠣᠬᠢᠷᠲᠤᠯ ᠦᠭᠡᠢ ᠠᠮᠢ ᠠᠬᠤᠢ᠎ᠶ᠋ᠢᠨ ᠳᠠᠪᠠᠭᠤᠯᠢᠭ᠎ᠢ ᠶᠡᠬᠡᠰᠭᠡᠬᠦ᠌ ᠪᠠ ᠪᠠᠳᠠᠷᠠᠭᠤᠯᠬᠤ ᠳᠤᠮᠳᠠ ᠴᠢᠨᠠᠷ ᠰᠠᠢᠲᠠᠢ ᠬᠥᠭ᠌ᠵᠢᠯᠲᠡ᠎ᠶ᠋ᠢ ᠪᠡᠶᠡᠯᠡᠭᠦᠯᠬᠦ᠌᠎ᠶ᠋ᠢ ᠠᠬᠢᠭᠤᠯᠤᠨ᠎ᠠ ; ᠳᠤᠮᠳᠠ ᠪᠠᠷᠠᠭᠤᠨ ᠬᠡᠰᠡᠭ᠎ᠦᠨ ᠠᠢᠮᠠᠭ ᠬᠣᠲᠠ᠎ᠶ᠋ᠢᠨ ᠬᠠᠲᠤᠨ ᠭᠤᠤᠯ᠎ᠤᠨ ᠰᠠᠪᠠ ᠭᠠᠵᠠᠷ᠎ᠢ ᠶᠡᠬᠡ᠎ᠪᠡᠷ ᠬᠠᠮᠠᠭᠠᠯᠠᠵᠤ ᠶᠡᠬᠡ᠎ᠪᠡᠷ ᠵᠠᠰᠠᠬᠤ᠎ᠶ᠋ᠢ ᠲᠡᠷᠢᠭᠦᠨ᠎ᠳᠦ ᠲᠠᠯᠪᠢᠬᠤ᠎ᠶ᠋ᠢ ᠠᠬᠢᠭᠤᠯᠵᠤ᠂ ᠳᠤᠮᠳᠠ ᠬᠡᠰᠡᠭ᠎ᠦᠨ ᠠᠢᠮᠠᠭ ᠬᠣᠲᠠ᠎ᠶ᠋ᠢᠨ ᠨᠢᠭᠡ ᠴᠣᠭ᠍ᠴᠠᠵᠢᠭᠤᠯᠤᠨ ᠬᠥᠭ᠌ᠵᠢᠭᠦᠯᠬᠦ᠌ ᠠᠯᠬᠤᠴᠠ᠎ᠪᠠᠨ ᠲᠦᠷᠭᠡᠳᠭᠡᠬᠦ᠌᠎ᠶ᠋ᠢ ᠳᠡᠮᠵᠢᠵᠦ᠍᠂ ᠪᠠᠷᠠᠭᠤᠨ ᠬᠡᠰᠡᠭ᠎ᠦᠨ ᠠᠢᠮᠠᠭ ᠬᠣᠲᠠ᠎ᠶ᠋ᠢᠨ ᠠᠵᠤ ᠦᠶ᠋ᠯᠡᠰ᠎ᠢᠶᠡᠷ ᠣᠷᠣᠯᠠᠬᠤ ᠠᠯᠬᠤᠴᠠ᠎ᠪᠠᠨ ᠲᠦᠷᠭᠡᠳᠭᠡᠬᠦ᠌᠎ᠶ᠋ᠢ ᠳᠡᠮᠵᠢᠵᠦ᠍᠂ ᠠᠵᠤ ᠦᠶ᠋ᠯᠡᠰ᠎ᠦᠨ ᠣᠨᠴᠠᠯᠢᠭ᠎ᠢ ᠳᠣᠪᠣᠢᠯᠭᠠᠬᠤ ᠪᠠ ᠠᠮᠢ ᠠᠬᠤᠶ ᠣᠷᠴᠢᠨ᠎ᠲᠣᠭᠣᠷᠢᠨ᠎ᠤ᠎ᠳᠤᠲᠠᠭᠤᠳᠠᠯ᠎ᠢᠶᠡᠨ᠎ᠨᠥᠬᠥᠪᠥᠷᠢᠯᠡᠬᠦ᠌᠎ᠳᠤᠮᠳᠠ᠎ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠦᠨ᠎ᠡ᠃ ᠲᠣᠰ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠡᠳᠦᠷ᠎ᠦᠨ ᠰᠣᠨᠢᠨ᠎ᠤ ᠬᠣᠷᠢᠶ᠎ᠠ᠎ᠶ᠋ᠢᠨ ᠪᠥᠬᠥ᠌ ᠵᠠᠭᠤᠴᠢᠯᠠᠭᠤᠷ᠎ᠤᠨ᠎ᠬᠢᠨ ᠬᠣᠯᠪᠣᠭᠠᠯᠠᠨ ᠬᠥᠳᠡᠯᠦᠯᠴᠡᠵᠦ᠍᠂ ᠬᠡᠰᠡᠭ ᠠᠢᠮᠠᠭ ᠬᠣᠲᠠ ᠡᠴᠡ ᠢᠷᠡᠭ᠌ᠰᠡᠨ ᠨᠠᠮ᠎ᠤᠨ ᠲᠥᠯᠥᠭᠡᠯᠡᠭ᠌ᠴᠢ᠎ᠶ᠋ᠢ ᠲᠤᠰᠭᠠᠶ ᠰᠤᠷᠪᠤᠯᠵᠢᠯᠠᠵᠤ᠂ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ᠎ᠶ᠋ᠢᠨ ᠲᠤᠬᠠᠶ ᠠᠭᠤᠵᠢᠷᠠᠲᠠᠯ᠎ᠠ ᠶᠠᠷᠢᠯᠴᠠᠵᠤ ᠂ ᠰᠦᠷ ᠳᠠᠯᠠᠢᠴᠠᠲᠠᠶ ᠱᠢᠨ᠎ᠡ ᠠᠶᠠᠨ᠎ᠤ ᠲᠤᠬᠠᠶ ᠬᠠᠮᠲᠤ᠎ᠪᠠᠷ ᠶᠠᠷᠢᠯᠴᠠᠵᠠᠭᠠᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号