ᠵᠣᠯ ᠵᠢᠷᠭᠠᠯᠲᠤ ᠥᠪᠥᠷ ᠮᠣᠩᠭᠣᠯ ᠠᠷᠠᠳ ᠎ᠤᠨ ᠰᠡᠳᠬᠢᠯ ᠎ᠢ ᠪᠠᠶᠠᠰᠬᠠᠨ᠎ᠠ
2021-11-30 09:27:04
ᠵᠣᠬᠢᠶᠠᠭ᠍ᠴᠢ᠄
ᠡᠾᠦ᠋ᠸᠸ ᠰᠢᠶᠤᠤ ᠴᠢᠩ
ᠣᠩᠱᠢᠭ᠍ᠰᠠᠨ ᠣᠳᠠᠭ᠎ᠠ᠄
★★★☆☆

— ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ᠎ᠤᠨ ᠤᠨᠴᠠ ᠮᠡᠳᠡᠭᠡᠯᠡᠯ ( ᠬᠤᠶᠠᠷ )

ᠡᠨᠡ ᠡᠪᠦᠯ᠂ ᠥᠪᠥᠷ ᠮᠣᠩᠭᠣᠯ᠎ᠤᠨ ᠤᠯᠠᠨ ᠭᠠᠵᠠᠷ᠎ᠤᠨ ᠮᠠᠯᠴᠢᠨ ᠲᠠᠷᠢᠶᠠᠴᠢᠨ ᠵᠠᠰᠠᠭ᠎ᠤᠨ ᠣᠷᠳᠣᠨ ᠡᠴᠨ ᠲᠦᠭᠡᠭᠡᠭ᠌ᠰᠡᠨ ᠬᠢᠮᠳᠠ ᠦᠨ᠎ᠡ ᠪᠦᠬᠦᠢ ᠨᠡᠭᠦᠷᠡᠰᠦ᠎ᠶ᠋ᠢ ᠲᠤᠰᠤᠨ ᠣᠯᠵᠤ᠂ ᠮᠠᠯᠴᠢᠨ ᠲᠠᠷᠢᠶᠠᠴᠢᠨ᠎ᠤ ᠬᠠᠨᠵᠤ ᠨᠢ  ᠬᠠᠯᠠᠭᠤᠨ ᠪᠤᠯᠤᠭᠰᠠᠨ ᠲᠡᠳᠦᠢ ᠦᠭᠡᠢ᠂ ᠰᠡᠳᠭᠢᠯ ᠨᠢ ᠴᠦ᠍ ᠳᠤᠯᠠᠭᠠᠬᠠᠨ ᠪᠣᠯᠵᠠᠢ᠃

ᠡᠨᠡ ᠡᠪᠦᠯ᠂《ᠬᠠᠬᠢᠷ ᠡᠪᠦᠯ ᠎ᠬᠠᠢᠷ᠎ᠠ ᠬᠠᠯᠠᠮᠵᠢ ᠬᠦᠷᠭᠡᠬᠦ᠌》ᠲᠤᠰᠭᠠᠶ ᠠᠪᠤᠷᠠᠨ ᠲᠤᠰᠠᠯᠠᠬᠤ ᠠᠵᠢᠯᠯᠠᠭ᠎ᠠ ᠪᠤᠯᠵᠤᠭ᠎ᠠ ᠶᠤᠰᠤᠭᠠᠷ ᠶᠠᠪᠤᠭ᠍ᠳᠠᠵᠤ᠂ ᠬᠦᠴᠢᠷᠳᠡᠯ᠎ᠳᠦ ᠲᠤᠯᠭᠠᠷᠠᠭᠰᠠᠨ᠂ ᠠᠮᠢᠳᠤᠷᠠᠯ ᠨᠢ ᠪᠠᠲᠤᠯᠠᠭ᠎ᠠ ᠥᠬᠡᠶ ᠪᠤᠯᠤᠭᠰᠠᠨ ᠬᠥᠮᠦᠰ᠎ᠢ ᠲᠣᠬᠢᠲᠠᠶ ᠲᠥᠪᠬᠢᠨᠡᠭᠦᠯᠦᠨ᠎ᠡ᠃

ᠡᠨᠡ ᠡᠪᠦᠯ᠂ ᠥᠪᠥᠷ ᠮᠣᠩᠭᠣᠯ ᠲᠦᠭ ᠲᠦᠮᠡᠨ ᠠᠢᠯ ᠡᠷᠦᠬᠡ᠎ᠳᠦ ᠬᠠᠯᠠᠭᠤᠨ ᠳᠤᠯᠠᠭᠠᠨ ᠢ᠋ ᠬᠦᠷᠭᠡᠨ᠎ᠠ᠃ ᠡᠢᠮᠦ᠍ᠷᠬᠦᠦ ᠬᠠᠯᠠᠭᠤᠨ ᠳᠤᠯᠠᠭᠠᠨ ᠨᠢ ᠥᠪᠥᠷ ᠮᠣᠩᠭᠣᠯ ᠎ᠤᠨ ᠥᠩᠭᠡᠷᠡᠭ᠌ᠰᠡᠨ ᠲᠠᠪᠤᠨ ᠵᠢᠯ ᠎ᠳ᠋ᠤ ᠲᠤᠭᠠᠯᠠᠰᠢ ᠦᠭᠡᠢ ᠤᠯᠠᠨ ᠤᠳᠠᠭ᠎ᠠ ᠭᠠᠷᠴᠤ ᠪᠠᠢᠪᠠ᠃

ᠶᠠᠳᠠᠭᠤ ᠡᠴᠨ ᠠᠩᠭᠢᠵᠢᠷᠠᠭᠤᠯᠬᠤ ᠪᠣᠭᠣᠮᠲᠠ ᠱᠢᠪᠲᠤᠯᠬᠤ ᠱᠢᠶ᠋ᠳᠪᠦᠷᠢᠲᠦ ᠳᠠᠢᠯᠠᠯᠳᠤᠭᠠᠨ᠎ᠤ ᠱᠢᠶ᠋ᠳᠪᠦᠷᠢᠲᠦ ᠢᠯᠠᠯᠲᠠ᠎ᠶ᠋ᠢ ᠤᠯᠬᠤ ᠴᠠᠭ ᠮᠥᠴᠡ᠎ᠳᠦ᠂ ᠲᠣᠰᠭᠣᠨ᠎ᠳᠤ ᠰᠠᠭᠤᠭ᠎ᠠ ᠲᠦᠭ ᠲᠦᠮᠡᠨ ᠠᠵᠢᠯᠯᠠᠬᠤ ᠠᠩᠭᠢ ᠪᠣᠯᠤᠨ ᠲᠣᠰᠭᠣᠨ᠎ᠳᠤ ᠰᠠᠭᠤᠭ᠎ᠠ ᠺᠠᠳ᠋ᠷᠴᠤᠳ ᠶᠠᠳᠠᠭᠤ᠎ᠶ᠋ᠢ ᠲᠡᠳᠬᠦᠬᠦ᠌ ᠡᠮᠦᠨ᠎ᠡ ᠹᠷᠣᠨᠲ᠎ᠲᠤ ᠡᠷᠡᠯᠬᠡᠭ᠌ᠯᠡᠨ ᠲᠡᠮᠡᠴᠡᠵᠦ᠍᠂ ᠠᠷᠠᠳ᠎ᠤᠯᠠᠨ᠎ᠢ ᠶᠠᠳᠠᠭᠤ᠎ᠠᠴᠠ ᠠᠩᠭᠢᠵᠢᠷᠠᠭᠤᠯᠬᠤ᠎ᠶ᠋ᠢ ᠥᠪᠡᠷ᠎ᠦᠨ ᠵᠢᠡᠨ ᠶᠠᠪᠤᠳᠠᠯ  ᠪᠤᠯᠭᠠᠵᠤ ᠪᠠᠢᠭᠰᠠᠨ᠎ᠨᠢ ᠮᠠᠷᠳᠠᠭᠳᠠᠰᠢ ᠦᠬᠡᠢ; ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠶᠤᠯ ᠲᠦᠭ᠌ᠰᠢᠭᠦᠷᠢᠲᠡᠶ ᠵᠠᠩᠭᠢᠯᠠᠭ᠎ᠠ᠎ᠶ᠋ᠢᠨ ᠦᠶ᠎ᠡ᠎ᠳᠦ᠂ ᠲᠣᠭ᠎ᠠ ᠲᠣᠮᠰᠢ ᠥᠬᠡᠶ ᠡᠮᠴᠢ ᠰᠤᠪᠢᠯᠠᠭ᠍ᠴᠢ᠂ ᠨᠡᠢᠭᠡᠮ ᠲᠣᠭᠣᠷᠢᠭ᠎ᠤᠨ ᠠᠵᠢᠯᠲᠠᠨ᠂ ᠰᠠᠢᠨ ᠳᠤᠷᠠᠴᠤᠤᠯ ᠴᠡᠭᠡᠵᠢ ᠳᠦᠷᠢᠨ ᠤᠷᠤᠭᠰᠢᠯᠠᠵᠤ᠂ ᠬᠢᠵᠢᠭ᠎ᠲᠡᠶ ᠲᠡᠮᠡᠴᠡᠬᠦ᠌ ᠡᠮᠦᠨ᠎ᠡ ᠹᠷᠣᠨᠲ᠎ᠲᠤ ᠡᠷᠡᠯᠬᠡᠭ᠌ᠯᠡᠨ ᠲᠡᠮᠡᠴᠡᠵᠦ᠍ ᠪᠠᠢᠭ᠍ᠰᠠᠨ ᠨᠢ ᠮᠠᠷᠲᠠᠭ᠍ᠳᠠᠰᠢ ᠥᠬᠡᠶ᠃ ᠶᠠᠳᠠᠭᠤ ᠡᠴᠨ᠎ᠠᠩᠭᠢᠵᠢᠷᠠᠭᠤᠯᠬᠤ ᠪᠣᠭᠣᠮᠲᠠ ᠱᠢᠪᠲᠤᠯᠬᠤ ᠳ᠋ᠤ《ᠨᠢᠭᠡ᠎ᠶ᠋ᠢ ᠴᠦ᠍ ᠣᠷᠬᠢᠭ᠍ᠳᠠᠭᠤᠯᠵᠤ ᠪᠣᠯᠬᠤ ᠥᠬᠡᠶ》 ᠭᠡᠬᠦ᠌ ᠲᠥᠪ ᠴᠢᠩᠭ᠎ᠠ ᠠᠮᠠᠯᠠᠯᠲᠠ᠎ᠡᠴᠨ ᠠᠪᠤᠭᠠᠳ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠳᠦ 《ᠨᠢᠭᠡ᠎ᠶ᠋ᠢ ᠴᠦ᠍ ᠲᠠᠶᠠᠭ᠍ᠳᠠᠬᠤ ᠥᠬᠡᠶ》ᠪᠡᠷ᠎ᠪᠥᠬᠥ᠌ ᠬᠦᠴᠦᠨ᠎ᠢᠶᠡᠷ᠎ᠢᠶᠡᠨ ᠠᠪᠤᠷᠠᠨ ᠡᠮᠨᠡᠬᠦ᠌ ᠬᠦᠷᠲᠡᠯ᠎ᠡ᠂ ᠥᠪᠥᠷ ᠮᠣᠩᠭᠣᠯ ᠢᠮᠠᠭ᠍ᠲᠠ 《ᠠᠷᠠᠳ ᠲᠦᠮᠡᠨ᠎ᠢᠶᠡᠷ ᠭᠤᠤᠯ ᠪᠣᠯᠭᠠᠬᠤ》᠎ᠶ᠋ᠢ ᠰᠡᠳᠭᠢᠯ ᠳ᠋ᠡᠭᠡᠨ ᠲᠡᠭᠡᠳᠦᠯᠡᠵᠦ᠍᠂ ᠬᠤᠪᠢᠷᠠᠰᠢ ᠥᠬᠡᠶ ᠣᠭ ᠰᠠᠨᠠᠭ᠎ᠠ᠎ᠪᠠᠷ ᠠᠷᠠᠳ᠎ᠤᠨ᠎ᠠᠮᠢᠳᠤᠷᠠᠯ᠎ᠤᠨ᠎ᠬᠠᠯᠠᠭᠤᠨ᠎ᠳᠤᠯᠠᠭᠠᠨ ᠬᠠᠷᠢᠭᠤᠯᠲᠠ᠎ᠶ᠋ᠢᠨ ᠬᠠᠭᠤᠳᠠᠰᠤ᠎ᠶ᠋ᠢ ᠪᠢᠴᠢᠭ᠌ᠯᠡᠪᠡ᠄

ᠪᠥᠬᠥ᠌ ᠣᠷᠣᠨ ᠳ᠋ᠤ ᠨᠡᠢᠲᠡ 58 ᠲᠦᠮᠡᠨ ᠡᠷᠦᠬᠡ᠂ 157 ᠲᠦᠮᠡᠨ ᠬᠥᠮᠦᠨ ᠠᠮᠠ᠂ 3681 ᠶᠠᠳᠠᠭᠤ ᠬᠦᠴᠢᠷᠳᠡᠯᠲᠡᠶ ᠭᠠᠴᠠᠭ᠎ᠠ ᠲᠣᠰᠭᠣᠨ ᠪᠦᠬᠦᠨ ᠵᠢᠡᠷ ᠵᠢᠡᠨ ᠶᠠᠳᠠᠭᠤ ᠡᠴᠨ ᠠᠩᠬᠢᠵᠢᠷᠠᠵᠤ᠂ ᠤᠯᠤᠰ᠎ᠤᠨ ᠲᠠᠰ᠎ᠤᠨ ᠶᠠᠳᠠᠭᠤ ᠬᠦᠴᠢᠷᠳᠡᠯᠲᠡᠶ 31 ᠬᠣᠱᠢᠭᠤ ᠱᠢᠶᠠᠨ᠂ ᠣᠷᠣᠨ᠎ᠤ ᠲᠠᠰ᠎ᠤᠨ ᠶᠠᠳᠠᠭᠤ ᠬᠦᠴᠢᠷᠳᠡᠯᠲᠡᠶ 26 ᠬᠣᠱᠢᠭᠤ ᠱᠢᠶᠠᠨ ᠪᠦᠬᠦᠨ ᠵᠢᠡᠷ ᠵᠢᠡᠨ ᠶᠠᠳᠠᠭᠤ ᠡᠴᠨ ᠠᠩᠬᠢᠵᠢᠷᠠᠪᠠ᠃

ᠬᠦᠴᠦᠨ᠎ᠢᠶᠡᠨ ᠲᠥᠪᠯᠡᠷᠡᠭᠦᠯᠵᠦ ᠴᠤᠭ᠍ᠯᠠᠷᠠᠯ᠎ᠤᠨ ᠴᠢᠨᠠᠷᠲᠠᠶ ᠬᠢᠵᠢᠭ᠎ᠦᠨ ᠪᠠᠢᠳᠠᠯ᠎ᠢ ᠠᠷᠢᠯᠭᠠᠬᠤ ᠳᠠᠢᠯᠠᠯᠳᠤᠭᠠᠨ᠎ᠤ ᠢᠯᠠᠯᠲᠠ᠎ᠶ᠋ᠢ ᠣᠯᠵᠤ᠂ ᠠᠷᠠᠳ ᠣᠯᠠᠨ᠎ᠤ ᠠᠮᠢ ᠨᠠᠰᠤᠨ᠎ᠤ ᠠᠮᠤᠷ ᠲᠦᠪᠱᠢᠨ ᠪᠠ ᠪᠡᠶ᠎ᠡ ᠮᠠᠬᠠᠪᠣᠳ᠎ᠤᠨ ᠡᠷᠡᠭᠦᠯ ᠮᠡᠨᠳᠦ᠍᠎ᠶ᠋ᠢ ᠬᠦᠴᠦᠲᠡᠶ ᠬᠠᠮᠠᠭᠠᠯᠠᠪᠠ;

ᠠᠵᠤ ᠠᠬᠤᠶ ᠮᠠᠭᠤᠳᠠᠬᠤ ᠳᠠᠷᠤᠯᠲᠠ ᠲᠠᠰᠤᠷᠠᠯᠲᠠ ᠥᠬᠡᠶ ᠨᠡᠮᠡᠭ᠌ᠳᠡᠵᠦ᠍᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠤᠨ ᠨᠦᠯᠦᠭᠡ ᠬᠦᠨᠳᠦ ᠨᠣᠴᠢᠲᠠᠶ ᠪᠠᠢᠬᠤ ᠪᠠᠢᠳᠠᠯ ᠳᠤᠤᠷ᠎ᠠ᠂ ᠪᠥᠬᠥ᠌ ᠣᠷᠣᠨ᠎ᠤ ᠠᠵᠢᠯ ᠣᠯᠭᠣᠯᠲᠠ᠎ᠶ᠋ᠢᠨ ᠪᠠᠢᠳᠠᠯ ᠦᠷᠭᠦᠯᠵᠢᠯᠡᠨ ᠰᠠᠢᠵᠢᠷᠠᠵᠤ᠂ ᠠᠵᠢᠯ ᠣᠯᠭᠣᠯᠲᠠ᠎ᠶ᠋ᠢᠨ ᠪᠠᠢᠳᠠᠯ ᠶᠡᠷᠦᠩᠬᠡᠶ᠎ᠳᠡᠭᠡᠨ ᠲᠣᠭ᠍ᠲᠠᠭᠤᠨ ᠪᠠᠢᠬᠤ᠎ᠶ᠋ᠢ ᠪᠠᠲᠤᠯᠠᠵᠤ᠂ ᠠᠷᠠᠳ ᠣᠯᠠᠨ᠎ᠤ  ᠪᠤᠳᠠᠭᠠᠨ ᠠᠶᠠᠭ᠎ᠠ᠎ᠶ᠋ᠢ ᠨᠠᠩ ᠪᠠᠲᠤ ᠪᠠᠬᠢ ᠨᠠᠩ ᠲᠣᠭ᠍ᠲᠠᠭᠤᠨ ᠪᠣᠯᠭᠠᠪᠠ;

ᠨᠠᠰᠤᠵᠢᠯ᠎ᠤᠨ ᠠᠰᠠᠷᠠᠮᠵᠢ᠎ᠶ᠋ᠢᠨ ᠳᠠᠭᠠᠳᠭᠠᠯ᠎ᠤᠨ᠎ᠲᠦ᠋ᠷᠢᠮ᠎ᠤᠨ ᠪᠦᠷᠬᠦᠴᠡ ᠵᠢ ᠦᠨᠳᠦᠰᠦᠨ᠎ᠳᠡᠭᠡᠨ ᠪᠡᠶᠡᠯᠡᠭᠦᠯᠵᠦ᠍᠂ ᠦᠨᠳᠦᠰᠦᠨ ᠡᠮ ᠡᠮᠨᠡᠯᠭᠡ᠎ᠶ᠋ᠢᠨ ᠳᠠᠭᠠᠳᠭᠠᠯ᠎ᠳᠤ ᠣᠷᠣᠯᠴᠠᠭ᠍ᠰᠠᠨ ᠨᠣᠷᠮ᠎ᠠ 95% ᠡᠴᠨ ᠳᠡᠭᠡᠭ᠌ᠰᠢ᠎ᠳᠦ ᠬᠦᠷᠴᠦ᠍᠂ ᠬᠣᠲᠠ ᠬᠥᠳᠡᠭᠡ᠎ᠶ᠋ᠢᠨ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ ᠪᠠᠲᠤᠯᠠᠬᠤ ᠶᠣᠰᠣᠲᠠᠶ᠎ᠶ᠋ᠢ ᠨᠢ ᠪᠦᠬᠦᠨ᠎ᠢ ᠪᠠᠲᠤᠯᠠᠬᠤ᠂ ᠠᠪᠤᠷᠠᠬᠤ ᠶᠣᠰᠣᠲᠠᠶ᠎ᠶ᠋ᠢ ᠨᠢ ᠪᠦᠬᠦᠨ᠎ᠢ ᠠᠪᠤᠷᠠᠬᠤ᠎ᠶ᠋ᠢ ᠦᠨᠳᠦᠰᠦᠨ᠎ᠳᠡᠭᠡᠨ ᠪᠡᠶᠡᠯᠡᠭᠦᠯᠵᠦ᠍᠂ ᠨᠡᠢᠭᠡᠮ᠎ᠦᠨ ᠳᠠᠭᠠᠳᠭᠠᠯ᠂ ᠨᠡᠢᠭᠡᠮ᠎ᠦᠨ ᠠᠪᠤᠷᠠᠨ ᠲᠤᠰᠠᠯᠠᠯᠲᠠ᠂ ᠨᠡᠢᠭᠡᠮ᠎ᠦᠨ ᠠᠰᠠᠷᠠᠮᠵᠢ᠎ᠪᠠᠷ ᠰᠠᠭᠤᠷᠢ ᠪᠣᠯᠭᠠᠭ᠍ᠰᠠᠨ᠂ ᠦᠨᠳᠦᠰᠦᠨ ᠨᠠᠰᠤᠵᠢᠯ᠎ᠤᠨ ᠠᠰᠠᠷᠠᠮᠵᠢ᠂ ᠦᠨᠳᠦᠰᠦᠨ ᠡᠮ ᠡᠮᠨᠡᠯᠭᠡ᠂ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ᠎ᠪᠠᠷ ᠭᠣᠣᠯᠳᠠᠯᠭ᠎ᠠ ᠪᠣᠯᠭᠠᠭ᠍ᠰᠠᠨ ᠨᠡᠢᠭᠡᠮ᠎ᠦᠨ ᠪᠠᠲᠤᠯᠠᠭ᠎ᠠ᠎ᠶ᠋ᠢᠨ ᠲᠣᠣᠷ᠎ᠢ ᠲᠠᠰᠤᠷᠠᠯᠲᠠ ᠦᠭᠡᠢ ᠨᠢᠭ᠍ᠲᠠ ᠰᠦᠯᠵᠢᠪᠡ;

ᠲᠤᠭ᠎ᠠ ᠪᠤᠯᠭᠠᠨ ᠨᠢ ᠤᠯᠠᠨ ᠲᠦᠮᠡᠨ᠎ᠤ ᠪᠤᠶᠠᠨ ᠵᠢᠷᠭᠠᠯ ᠲᠠᠢ ᠬᠤᠯᠪᠤᠬᠳᠠᠵᠤ᠂ ᠠᠷᠭ᠎ᠠ ᠬᠡᠮᠵᠢᠶ᠎ᠡ ᠨᠢᠭᠡᠪᠦᠷᠢ ᠨᠢ ᠴᠥᠮ ᠠᠷᠠᠳ ᠲᠦᠮᠡᠨ᠎ᠢ ᠳᠡᠭᠡᠳᠦᠯᠡᠬᠦ᠌ ᠬᠠᠢᠷ᠎ᠠ ᠰᠡᠳᠭᠢᠯᠭᠡ᠎ᠶ᠋ᠢᠨ ᠬᠡᠷᠡᠴᠢᠯᠡᠯ ᠪᠤᠯᠤᠨ᠎ᠠ᠃

《ᠬᠦᠴᠢᠷ ᠪᠡᠷᠬᠡᠱᠢᠶᠡᠯ ᠲᠤᠯᠭᠠᠷᠠᠬᠤ ᠲᠤᠳᠤᠮ ᠠᠷᠠᠳ ᠤᠯᠠᠨ᠎ᠤ ᠠᠮᠤᠷ ᠲᠦᠪᠱᠢᠨ ᠠᠶᠤᠯ ᠲᠦᠭ᠌ᠰᠢᠭᠦᠷᠢ ᠵᠢᠷᠭᠠᠯ ᠵᠣᠪᠠᠯᠠᠩ᠎ᠢ ᠨᠡᠩ ᠢᠯᠡᠭᠦᠦ ᠰᠡᠳᠭᠢᠯ᠎ᠳᠡᠭᠡᠨ ᠪᠤᠳᠤᠬᠤ ᠬᠡᠷᠡᠭ᠌ᠲᠡᠢ》᠂《 ᠬᠠᠮᠤᠭ᠎ᠤᠨ ᠴᠢᠬᠤᠯᠠ ᠠᠵᠢᠯ᠎ᠤᠨ  ᠪᠦᠲᠦᠮᠵᠢ ᠪᠣᠯ ᠠᠷᠠᠳ ᠲᠦᠮᠡᠨ᠎ᠳᠦ ᠪᠤᠶᠠᠨ ᠦᠢᠯᠡᠳᠬᠦ᠌ ᠶᠠᠪᠤᠳᠠᠯ ᠪᠣᠯᠤᠨ᠎ᠠ᠂ ᠬᠠᠮᠤᠭ᠎ᠤᠨ ᠴᠢᠬᠤᠯᠠ ᠠᠵᠢᠯ ᠪᠣᠯ ᠠᠷᠠᠳ ᠲᠦᠮᠡᠨ᠎ᠦ ᠵᠣᠪᠠᠨᠢᠯ᠎ᠢ ᠠᠷᠢᠯᠭᠠᠬᠤ ᠶᠠᠪᠤᠳᠠᠯ ᠪᠣᠯᠤᠨ᠎ᠠ》 ᠬᠡᠵᠦ  ᠬᠥᠬᠡᠬᠣᠲᠠ ᠡᠴᠨ  ᠢᠷᠡᠭ᠌ᠰᠡᠨ ᠦᠨᠳᠦᠰᠦᠨ ᠱᠠᠲᠤᠨ᠎ᠤ ᠨᠠᠮ᠎ᠤᠨ ᠲᠥᠯᠥᠭᠡᠯᠡᠭ᠌ᠴᠢ ᠯᠢ ᠢ ᡁᠢ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠳᠡᠭᠡᠷ᠎ᠡ ᠬᠡᠯᠡᠵᠦ ᠪᠠᠢᠪᠠ᠃ ᠠᠷᠠᠳ ᠣᠯᠠᠨ ᠎ᠤ 《 ᠪᠠᠭ᠎ᠠ ᠶᠠᠪᠤᠳᠠᠯ 》 ᠢ᠋  ᠰᠡᠳᠭᠢᠯ᠎ᠳᠡᠭᠡᠨ ᠪᠤᠳᠤᠵᠤ ᠂ ᠠᠷᠠᠳ ᠣᠯᠠᠨ᠎ᠤ 《ᠪᠤᠶᠠᠨ ᠵᠢᠷᠭᠠᠯ》ᠵᠢᠡᠷ ᠡᠭᠦᠷᠭᠡᠯᠡᠯ᠎ᠢᠶᠡᠨ ᠪᠣᠯᠭᠠᠵᠦ᠂ 《ᠠᠷᠪᠠᠨ ᠭᠤᠷᠪᠠᠳᠤᠭᠠᠷ ᠲᠠᠪᠤᠨ ᠵᠢᠯ》 ᠤ᠋ᠨ ᠲᠦᠯᠦᠪᠵᠢᠭᠦᠯᠭᠡ ᠢ᠋ᠢᠨ ᠬᠤᠭᠤᠴᠠᠭᠠᠨ᠎ᠳᠤ ᠥᠪᠥᠷ ᠮᠣᠩᠭᠣᠯ ᠠᠷᠠᠳ ᠣᠯᠠᠨ ᠎ᠤ ᠬᠠᠮᠤᠭ ᠤ᠋ᠨ ᠠᠩᠬᠠᠷᠴᠤ᠌ ᠪᠠᠢᠭ᠎ᠠ ᠬᠠᠮᠤᠭ᠎ᠤᠨ ᠱᠢᠭᠤᠳ ᠬᠠᠮᠤᠭ᠎ᠤᠨ ᠪᠣᠳᠠᠲᠠᠶ ᠠᠱᠢᠭ ᠲᠤᠰᠠ᠎ᠶ᠋ᠢᠨ ᠠᠰᠠᠭᠤᠳᠠᠯ᠎ᠢ ᠠᠳᠭᠤᠵᠤ᠂ ᠴᠢᠳᠠᠯ ᠎ᠤᠨ ᠵᠢᠡᠨ ᠬᠢᠷᠢ᠎ᠪᠡᠷ  ᠴᠢᠷᠮᠠᠢᠭ᠍ᠰᠠᠨ᠎ᠢᠶᠠᠷ ᠪᠠᠷᠠᠬᠤ ᠥᠬᠡᠶ᠂ ᠪᠠᠰᠠ ᠴᠢᠳᠠᠯ᠎ᠤᠨ ᠵᠢᠡᠨ ᠬᠢᠷᠢ᠎ᠪᠡᠷ ᠬᠢᠵᠦ᠍᠂ ᠣᠯᠠᠨ ᠲᠦᠮᠡᠨ ᠎ᠦ ᠪᠠᠴᠢᠮᠲᠠᠵᠦ ᠬᠦᠴᠢᠷᠲᠡᠵᠦ ᠵᠤᠪᠠᠨᠢᠵᠦ ᠬᠦᠰᠡᠵᠦ ᠪᠠᠢᠭ᠎ᠠ ᠵᠦᠢᠯ ᠳ᠋ᠤ ᠬᠠᠯᠠᠭᠤᠨ ᠲᠤᠯᠠᠭᠠᠬᠠᠨ ᠬᠠᠷᠢᠭᠤ ᠦᠭᠬᠦᠭᠰᠡᠨ ᠪᠠᠢᠨ᠎ᠠ᠃

ᠮᠠᠯᠵᠢᠬᠤ ᠲᠠᠷᠢᠶᠠᠯᠠᠬᠤ ᠣᠷᠣᠨ ᠎ᠤ  ᠰᠤᠷᠭᠠᠭᠤᠯᠢ ᠡᠷᠭᠢᠯᠡᠬᠦ᠌ ᠦᠨᠳᠦᠰᠦᠨ ᠨᠥᠬᠥᠴᠡᠯ ᠎ᠢ ᠦᠷᠭᠦᠯᠵᠢᠯᠡᠨ ᠰᠠᠢᠵᠢᠷᠠᠭᠤᠯᠵᠤ᠂ ᠱᠢᠶᠠᠩ ᠪᠠᠯᠭᠠᠰᠤᠨ ᠎ᠤ  ᠪᠠᠢᠷᠢ᠎ᠳᠤ ᠰᠠᠭᠤᠬᠤ ᠳᠦᠷᠢᠮᠲᠦ ᠰᠤᠷᠭᠠᠭᠤᠯᠢ ᠎ᠳᠤ ᠤᠬᠢᠶᠠᠯᠭ᠎ᠠ᠎ᠶ᠋ᠢᠨ ᠬᠡᠷ ᠪᠠ ᠤᠰᠤ᠎ᠪᠠᠷ ᠤᠬᠢᠶᠠᠬᠤ ᠵᠣᠷᠯᠣᠩ᠎ᠲᠠᠶ ᠪᠣᠯᠵᠣ᠂ ᠬᠣᠲᠠ ᠪᠠᠯᠭᠠᠰᠤᠨ ᠎ᠤ ᠠᠯᠪᠠᠨ ᠵᠢᠷᠤᠮ ᠎ᠤᠨ ᠰᠤᠷᠭᠠᠨ ᠬᠥᠮᠦᠵᠢᠯ ᠎ᠦᠨ ᠰᠤᠷᠭᠠᠭᠤᠯᠢ ᠎ᠶ᠋ᠢᠨ 《ᠰᠣᠷᠣᠭ᠍ᠴᠢ ᠣᠯᠠᠨᠲᠠᠶ ᠠᠩᠭᠢ》 ᠎ᠶ᠋ᠢᠨ ᠦᠵᠡᠭ᠌ᠳᠡᠯ ᠎ᠢ  ᠬᠦᠴᠦᠯᠡᠨ ᠠᠷᠢᠯᠭᠠᠵᠤ᠂ ᠬᠡᠦᠬᠡᠳ᠎ᠦᠳ ᠲᠦ᠍ ᠰᠤᠷᠤᠯᠭ᠎ᠠ ᠠᠮᠢᠳᠤᠷᠠᠯ᠎ᠤᠨ ᠨᠠᠩ ᠰᠠᠢᠨ ᠣᠷᠴᠢᠨ  ᠲᠤᠭᠤᠷᠢᠨ ᠎ᠢ ᠪᠣᠶ ᠪᠣᠯᠭᠠᠪᠠ;

ᠨᠡᠩ ᠢᠳᠡᠪᠬᠢᠲᠡᠶ ᠠᠵᠢᠯ ᠣᠯᠭᠣᠬᠤ ᠲᠥᠷᠥ ᠎ᠶ᠋ᠢᠨ ᠪᠣᠳᠣᠯᠭ᠎ᠠ ᠎ᠶ᠋ᠢ ᠬᠡᠷᠡᠭ᠌ᠵᠢᠭᠦᠯᠵᠦ᠍᠂ ᠮᠠᠯᠵᠢᠬᠤ ᠲᠠᠷᠢᠶᠠᠯᠠᠬᠤ ᠣᠷᠣᠨ᠎ᠤ ᠬᠥᠳᠡᠯᠮᠦᠷᠢ ᠬᠦᠴᠦᠨ ᠎ᠢ ᠱᠢᠯᠵᠢᠭᠦᠯᠦᠨ ᠠᠵᠢᠯ ᠣᠯᠭᠣᠬᠤ᠎ᠶ᠋ᠢ ᠵᠢᠯ ᠳᠤᠮᠳᠠᠴᠢ᠎ᠪᠠᠷ 245 ᠲᠦᠮᠡᠨ ᠬᠥᠮᠦᠨ ᠤᠳᠠᠭ᠎ᠠ ᠡᠴᠡ ᠳᠡᠭᠡᠭ᠌ᠰᠢ ᠪᠠᠢᠯᠭᠠᠵᠤ᠂ ᠵᠢᠯ ᠪᠦᠷᠢ ᠬᠣᠲᠠ ᠪᠠᠯᠭᠠᠰᠤ᠎ᠶ᠋ᠢᠨ ᠠᠵᠢᠯ ᠠᠯᠳᠠᠭ᠍ᠰᠠᠨ ᠪᠠ ᠠᠵᠢᠯ ᠣᠯᠬᠤ ᠎ᠳᠤ ᠬᠦᠴᠢᠷᠲᠡᠶ 10 ᠲᠦᠮᠡᠨ ᠬᠥᠮᠦᠨ᠎ᠢ ᠬᠠᠪᠰᠤᠷᠤᠨ ᠬᠠᠨᠤᠮᠵᠢᠲᠠᠢ ᠠᠵᠢᠯ ᠤᠯᠭᠤᠵᠦ᠂ ᠦᠪᠡᠷ᠎ᠤᠨ ᠬᠤᠶᠠᠷ ᠭᠠᠷ ᠎ᠢᠶᠠᠷ᠎ᠢᠶᠠᠨ ᠰᠠᠢᠨ ᠰᠠᠢᠬᠠᠨ ᠠᠮᠢᠳᠤᠷᠠᠯ  ᠢ᠋ᠢᠡᠨ ᠴᠤᠬᠴᠠᠯᠠᠵᠤ ᠠᠮᠢᠳᠤᠷᠠᠬᠤᠢ ᠵᠢᠨ ᠬᠡᠷᠡᠯ ᠬᠢᠯᠪᠠᠭ᠎ᠠ ᠪᠠᠨ ᠰᠠᠴᠤᠷᠠᠭᠤᠯᠬᠤ ᠵᠢ ᠲᠠᠢᠴᠢᠯᠠᠪᠠ;

ᠴᠠᠯᠢᠩ ᠥᠷᠢᠲᠦᠬᠦ᠌᠎ᠶ᠋ᠢ ᠦᠨᠳᠦᠰᠦᠨ᠎ᠡᠴᠡ ᠨᠢ ᠵᠠᠰᠠᠬᠤ ᠠᠵᠢᠯ᠎ᠢ ᠭᠦᠨᠵᠡᠭᠡᠶ ᠠᠬᠢᠭᠤᠯᠵᠤ᠂ ᠵᠤᠷᠢᠭᠤᠳᠠ ᠪᠠᠷ ᠴᠠᠯᠢᠩ ᠥᠷᠢᠲᠦᠬᠦ᠌ ᠠᠵᠢᠯᠯᠠᠭ᠎ᠠ ᠎ᠳᠤ ᠴᠣᠬᠢᠯᠲᠠ ᠥᠭ᠌ᠬᠦ ᠡᠷᠴᠢᠮ᠎ᠢᠶᠡᠨ ᠴᠢᠩᠭᠠᠷᠠᠭᠤᠯᠵᠤ᠂ ᠨᠠᠩ ᠣᠯᠠᠨ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ᠎ᠤ ᠬᠥᠯᠥᠰᠥ ᠮᠥᠩᠭᠥ᠎ᠪᠡᠨ ᠴᠠᠭ ᠲᠤᠬᠠᠶ  ᠳ᠋ᠠᠭᠠᠨ   ᠤᠯᠬᠤ ᠵᠢ ᠪᠠᠳᠤᠯᠠᠪᠠ;

ᠬᠡᠷ ᠭᠠᠵᠠᠷ᠎ᠤ᠋ᠨ ᠬᠥᠷᠥᠩᠭᠡ᠎ᠶ᠋ᠢᠨ ᠬᠦᠷᠢᠶᠡᠨ᠎ᠳᠡᠬᠢ《ᠣᠷᠣᠵᠤ ᠰᠠᠭᠤᠬᠤ᠎ᠳᠤ ᠬᠦᠴᠢᠷᠲᠡᠶ》᠂ 《ᠪᠤᠴᠠᠵᠤ ᠨᠡᠭᠦᠬᠦ᠌᠎ᠳᠦ ᠬᠦᠴᠢᠷᠲᠡᠶ 》᠂ 《ᠦᠨᠡᠮᠯᠡᠯ ᠠᠪᠬᠤ᠎ᠳᠤ ᠬᠦᠴᠢᠷᠲᠡᠶ》ᠠᠰᠠᠭᠤᠳᠠᠯ᠎ᠢ ᠱᠢᠶ᠋ᠳᠪᠦᠷᠢᠯᠡᠬᠦ᠌ ᠎ᠶ᠋ᠢ ᠠᠬᠢᠭᠤᠯᠵᠤ᠂ ᠨᠠᠩ ᠣᠯᠠᠨ ᠰᠠᠭᠤᠭᠠᠯᠢ ᠠᠷᠠᠳ ᠬᠦᠰᠡᠭᠡᠳ ᠤᠳᠠᠭ᠍ᠰᠠᠨ ᠬᠡᠷ ᠪᠠᠢᠱᠢᠩ᠎ᠤᠨ ᠦᠮᠴᠢᠯᠡᠯ᠎ᠤᠨ ᠡᠷᠭᠡ ᠵᠢᠨ ᠦᠨᠡᠮᠯᠡᠯ ᠵᠢᠡᠨ ᠭᠠᠷᠳᠠᠪᠠ᠃

ᠤᠯᠤᠰ ᠡᠴᠡ ᠵᠣᠬᠢᠶᠠᠨ ᠪᠠᠢᠭᠤᠯᠤᠭ᠍ᠰᠠᠨ ᠡᠮ ᠎ᠦᠨ ᠵᠦᠶ᠋ᠯᠡᠰ ᠪᠠ ᠡᠮᠴᠢᠯᠡᠭᠡᠨ ᠎ᠳᠦ ᠬᠡᠷᠡᠭ᠌ᠯᠡᠬᠦ᠌ ᠬᠣᠷᠣᠭ᠍ᠳᠠᠯ ᠮᠠᠲ᠋ᠧᠷᠢᠶᠠᠯ᠎ᠢ ᠲᠥᠪᠯᠡᠷᠡᠭᠦᠯᠦᠨ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠵᠤ᠂ ᠡᠮ᠎ᠦᠨ ᠵᠦᠶ᠋ᠯᠡᠰ᠎ᠦᠨ ᠦᠨ᠎ᠡ ᠬᠠᠩᠰᠢ ᠵᠢ ᠪᠠᠭᠤᠷᠠᠭᠤᠯᠬᠤ ᠎ᠶ᠋ᠢ ᠠᠬᠢᠭᠤᠯᠤᠨ᠂ ᠨᠠᠩ ᠣᠯᠠᠨ ᠠᠷᠠᠳ ᠢᠷᠭᠡᠳ᠎ᠲᠦ ᠬᠢᠮᠳᠠ ᠰᠠᠢᠨ ᠡᠮ ᠬᠡᠷᠡᠭ᠌ᠯᠡᠭᠦᠯᠪᠡ;

ᠣᠯᠠᠨ ᠨᠡᠢᠲᠡ ᠎ᠶ᠋ᠢᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠱᠢᠰᠲ᠋ᠧᠮ᠂ ᠬᠦᠨᠳᠦ ᠶᠡᠬᠡ ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠵᠦ᠍ ᠠᠪᠤᠷᠠᠨ ᠵᠠᠰᠠᠬᠤ ᠵᠡᠷᠭᠡ ᠭᠤᠤᠯᠳᠠᠯᠭ᠎ᠠ᠎ᠲᠠᠶ ᠬᠦᠷᠢᠶᠡᠨ᠎ᠳᠦ ᠠᠩᠬᠠᠷᠤᠯ ᠎ᠢᠶᠠᠨ ᠲᠥᠪᠯᠡᠷᠡᠭᠦᠯᠵᠦ᠍᠂ ᠥᠪᠡᠷᠲᠡᠭᠡᠨ ᠵᠠᠰᠠᠬᠤ ᠣᠷᠣᠨ ᠎ᠤ ᠪᠣᠳᠠᠲᠠᠢ ᠪᠠᠢᠳᠠᠯ ᠎ᠲᠠᠢ ᠨᠡᠢᠴᠡᠭ᠌ᠰᠡᠨ ᠣᠯᠠᠨ ᠨᠡᠢᠲᠡ ᠎ᠶ᠋ᠢᠨ ᠡᠷᠡᠭᠦᠯ ᠬᠠᠮᠠᠭᠠᠯᠠᠯ᠎ᠤᠨ ᠱᠢᠰᠲ᠋ᠧᠮ᠎ᠢ ᠢᠳᠡᠭ ᠢᠳᠡᠭ᠎ᠢᠶᠠᠷ ᠪᠠᠢᠭᠤᠯᠵᠤ ᠂ 《ᠡᠩ ᠎ᠦᠨ ᠦᠶ᠎ᠡ ᠪᠠ ᠲᠡᠢᠨ᠎ᠦ  ᠦᠶ᠎ᠡ᠎ᠶ᠋ᠢ ᠤᠶᠠᠯᠳᠤᠭᠤᠯᠤᠭ᠍ᠰᠠᠨ》 ᠪᠠᠴᠢᠮ ᠪᠠᠢᠳᠠᠯ᠎ᠢ ᠠᠷᠭᠠᠴᠠᠭᠠᠬᠤ ᠹᠢᠽᠢᠺ ᠎ᠦᠨ ᠲᠤᠰᠠᠭᠠᠷᠯᠠᠬᠤ ᠣᠷᠣᠨ᠂ ᠡᠪᠡᠳᠴᠢᠲᠠᠨ ᠤ᠋ ᠦᠷᠦᠭᠡ ᠵᠡᠷᠭᠡ ᠵᠢ ᠪᠦᠯᠦᠭ ᠪᠦᠯᠦᠭ ᠵᠢᠡᠷ ᠪᠦᠳᠦᠭᠡᠨ ᠪᠠᠢᠭᠤᠯᠤᠨ᠎ᠠ ᠁

ᠠᠵᠢᠯ ᠣᠯᠭᠣᠯᠲᠠ ᠵᠢᠨ ᠠᠵᠢᠯ᠎ᠤᠨ ᠪᠠᠢᠷᠢ᠎ᠲᠠᠶ᠂ ᠰᠤᠷᠭᠠᠨ ᠬᠥᠮᠦᠵᠢᠯ ᠨᠡᠩ ᠴᠢᠨᠠᠷ ᠰᠠᠢᠳᠠᠢ᠂ ᠨᠠᠰᠤᠵᠢᠯ ᠎ᠤᠨ ᠠᠰᠠᠷᠠᠮᠵᠢ ᠨᠡᠩ ᠳᠣᠲᠣᠨᠣ᠂ ᠪᠠᠲᠤᠯᠠᠭ᠎ᠠ ᠨᠡᠩ ᠭᠦᠢᠴᠡᠳ᠂ ᠬᠦᠷᠲᠡᠮᠵᠢ ᠎ᠶ᠋ᠢᠨ ᠲᠦᠷᠦᠭ᠌ᠳᠡᠯ ᠂ ᠵᠢᠷᠭᠠᠯᠲᠤ ᠲᠦᠷᠦᠭ᠌ᠳᠡᠯ ᠂ ᠠᠮᠤᠷ ᠲᠦᠪᠱᠢᠨ᠎ᠦ ᠲᠦᠷᠦᠭ᠌ᠳᠡᠯ ᠨᠡᠩ ᠴᠢᠩᠭ᠎ᠠ ᠁ ᠰᠡᠳᠬᠢᠯ᠎ᠢ ᠲᠤᠯᠠᠭᠠᠴᠠᠭᠤᠯᠤᠬᠰᠠᠨ ᠲᠤᠭᠠᠯᠠᠰᠢ ᠦᠭᠡᠢ ᠤᠯᠠᠨ ᠬᠤᠪᠢᠷᠠᠯᠲᠠ ᠥᠪᠥᠷ ᠮᠣᠩᠭᠣᠯ᠎ᠤᠨ ᠡᠬᠡ ᠭᠠᠵᠠᠷ ᠎ᠢ ᠢᠪᠡᠭᠡᠵᠦ᠂ ᠡᠬᠡ ᠤᠯᠤᠰ᠎ᠤᠨ ᠤᠮᠠᠷᠠᠲᠤ ᠬᠢᠯᠢ ᠶ᠋ᠢᠨ ᠠᠷᠠᠳ ᠎ᠤᠨ ᠠᠮᠢᠳᠤᠷᠠᠯ᠎ᠤᠨ ᠰᠠᠢᠵᠢᠷᠠᠯᠲᠠ ᠨᠢ ᠠᠷᠠᠳ ᠲᠦᠮᠡᠨ᠎ᠦ ᠵᠣᠯ ᠵᠢᠷᠭᠠᠯ ᠤ᠋ᠨ ᠬᠠᠮᠤᠭ᠎ᠤᠨ ᠠᠮᠢᠳᠤᠯᠢᠭ ᠲᠠᠢᠯᠪᠤᠷᠢ  ᠪᠣᠯᠵᠠᠢ᠃

《ᠠᠷᠠᠳ ᠤᠯᠠᠨ᠎ᠤ ᠴᠢᠨᠠᠷ ᠰᠠᠢᠲᠠᠢ ᠠᠮᠢᠳᠤᠷᠠᠯ ᠎ᠢ ᠴᠤᠭᠴᠠᠯᠠᠨ ᠪᠠᠢᠭᠤᠯᠬᠤ ᠵᠢ ᠨᠡᠩ ᠶᠡᠬᠡ ᠠᠬᠢᠴᠠ᠎ᠲᠠᠶ ᠪᠣᠯᠭᠠᠨ᠎ᠠ᠃ ᠬᠠᠮᠲᠤ᠎ᠪᠠᠷ  ᠪᠠᠶᠠᠵᠢᠬᠤ ᠶ᠋ᠢ ᠯᠠᠪᠳᠠᠭᠤᠨ ᠪᠠᠲᠤᠲᠠᠶ ᠠᠬᠢᠭᠤᠯᠵᠤ᠂ ᠦᠨᠳᠦᠰᠦᠨ ᠣᠯᠠᠨ ᠨᠡᠢᠲᠡ ᠎ᠶ᠋ᠢᠨ ᠦᠶ᠋ᠯᠡᠴᠢᠯᠡᠭᠡ ᠎ᠶ᠋ᠢ ᠨᠠᠩ ᠴᠢᠨᠠᠷ ᠰᠠᠢᠲᠠᠶ ᠲᠡᠩᠴᠡᠭᠦᠷᠢᠲᠡᠶ ᠪᠣᠯᠭᠠᠨ᠎ᠠ᠃  ᠠᠵᠢᠯ ᠣᠯᠭᠣᠯᠲᠠ ᠎ᠶ᠋ᠢᠨ ᠪᠠᠭ᠍ᠲᠠᠭᠠᠮᠵᠢ ᠵᠢ ᠲᠠᠰᠤᠷᠠᠯᠲᠠ ᠦᠭᠡᠢ ᠥᠷᠭᠡᠳᠭᠡᠵᠦ᠂ ᠶᠠᠰᠤ ᠴᠢᠨᠠᠷ ᠢ᠋ ᠢᠯᠡᠳᠲᠡ ᠳᠡᠭᠡᠭ᠌ᠰᠢᠯᠡᠭᠦᠯᠦᠨ᠂ ᠬᠤᠲᠠ ᠬᠥᠳᠡᠭᠡ ᠎ᠶ᠋ᠢᠨ ᠰᠠᠭᠤᠭᠠᠯᠢ ᠠᠷᠠᠳ ᠎ᠤᠨ ᠣᠷᠣᠯᠭ᠎ᠠ ᠵᠢ ᠲᠣᠭ᠍ᠲᠠᠭᠤᠨ ᠎ᠢᠶᠠᠷ ᠨᠡᠮᠡᠭ᠌ᠳᠡᠭᠦᠯᠵᠦ᠍᠂ ᠬᠤᠪᠢᠶᠠᠷᠢᠯᠠᠯᠲᠠ ᠎ᠶ᠋ᠢᠨ ᠪᠦᠲᠦᠴᠡ ᠵᠢ ᠢᠯᠡᠳᠲᠡ ᠰᠠᠢᠵᠢᠷᠠᠭᠤᠯᠤᠨ᠎ᠠ᠃ ᠴᠢᠨᠠᠷ ᠰᠠᠢᠲᠠᠶ ᠰᠤᠷᠭᠠᠨ ᠬᠥᠮᠦᠵᠢᠯ ᠎ᠦᠨ ᠱᠢᠰᠲ᠋ᠧᠮ᠎ᠢ ᠠᠩᠬ᠎ᠠ ᠠᠯᠬᠤᠮ ᠪᠠᠢᠭᠤᠯᠵᠤ᠂ ᠨᠡᠢᠭᠡᠮ ᠎ᠦᠨ ᠪᠠᠲᠤᠯᠠᠭ᠎ᠠ᠎ᠶ᠋ᠢᠨ ᠱᠢᠰᠲ᠋ᠧᠮ᠂ ᠡᠷᠡᠭᠦᠯ ᠬᠠᠮᠠᠭᠠᠯᠠᠯ ᠡᠷᠡᠭᠦᠯ ᠮᠡᠨᠳᠦ᠍ ᠎ᠶ᠋ᠢᠨ ᠱᠢᠰᠲ᠋ᠧᠮ᠂ ᠦᠷᠡᠵᠢᠯ  ᠨᠠᠰᠤᠵᠢᠯ ᠎ᠤᠨ  ᠦᠶ᠋ᠯᠡᠴᠢᠯᠡᠭᠡᠨ ᠎ᠦ ᠱᠢᠰᠲ᠋ᠧᠮ᠂ ᠣᠷᠣᠨ ᠰᠠᠭᠤᠴᠠ᠎ᠶ᠋ᠢᠨ ᠬᠠᠩᠭᠠᠯᠭ᠎ᠠ᠎ᠶ᠋ᠢᠨ ᠪᠠᠲᠤᠯᠠᠭ᠎ᠠ ᠎ᠶ᠋ᠢᠨ ᠱᠢᠰᠲ᠋ᠧᠮ᠎ᠢ ᠨᠠᠩ ᠪᠦᠷᠢᠨᠱᠢᠭᠦᠯᠵᠦ᠍᠂ ᠣᠯᠠᠨ ᠨᠡᠢᠲᠡ ᠎ᠶ᠋ᠢᠨ ᠰᠣᠶᠣᠯ᠎ᠤᠨ ᠦᠶ᠋ᠯᠡᠴᠢᠯᠡᠭᠡᠨ ᠎ᠦ ᠱᠢᠰᠲ᠋ᠧᠮ ᠎ᠢ ᠨᠠᠩ ᠲᠡᠭᠦᠯᠳᠡᠷᠵᠢᠭᠦᠯᠵᠦ᠍᠂ ᠦᠨᠳᠦᠰᠦᠲᠡᠨ᠎ᠨᠦᠭᠦᠳ ᠎ᠦᠨ ᠣᠯᠠᠨ ᠲᠦᠮᠡᠨ ᠎ᠦ ᠠᠮᠢᠳᠤᠷᠠᠯ ᠎ᠢ  ᠪᠣᠳᠠᠰ ᠤ᠋ᠨ ᠲᠠᠯ᠎ᠠ ᠡᠴᠡ ᠣᠶᠤᠨ ᠤ᠋ ᠲᠠᠯ᠎ᠠ ᠬᠦᠷᠲᠡᠯ᠎ᠡ ᠴᠥᠮ ᠶᠠᠪᠤᠬᠤ ᠲᠤᠲᠤᠮ ᠬᠥᠭ᠌ᠵᠢᠶᠡᠨᠲᠡᠶ ᠪᠣᠯᠭᠠᠨ᠎ᠡ》ᠬᠡᠵᠦ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ ᠳᠡᠭᠡᠷ᠎ᠡ ᠬᠣᠢᠱᠢᠳᠠ ᠎ᠶ᠋ᠢᠨ ᠲᠠᠪᠤᠨ ᠵᠢᠯ ᠎ᠦᠨ ᠥᠪᠥᠷ ᠮᠣᠩᠭᠣᠯ ᠎ᠤᠨ ᠲᠡᠮᠡᠴᠡᠬᠦ᠌ ᠬᠠᠷᠠᠯᠲᠠ ᠎ᠶ᠋ᠢ ᠲᠣᠭ᠍ᠲᠠᠭᠠᠪᠠ᠃

ᠠᠷᠠᠳ ᠤᠯᠠᠨ᠎ᠢ  ᠰᠠᠢ᠌ᠨ ᠰᠠᠢᠬᠠᠨ ᠠᠮᠢᠳᠤᠷᠠᠭᠤᠯᠬᠤ ᠪᠣᠯ ᠮᠠᠨ᠎ᠤ ᠠᠯᠢᠪᠠ ᠠᠵᠢᠯ᠎ᠤᠨ ᠵᠤᠷᠢᠯᠳᠠ ᠪᠠ ᠲᠤᠰᠤᠯᠳᠠ ᠮᠥᠨ᠃ 《ᠠᠵᠢᠯ ᠣᠯᠭᠣᠯᠲᠠ ᠵᠢ ᠠᠬᠢᠭᠤᠯᠵᠤ ᠣᠷᠣᠯᠭ᠎ᠠ ᠶ᠋ᠢ ᠨᠡᠮᠡᠭ᠌ᠳᠡᠭᠦᠯᠬᠦ᠌᠂ ᠴᠢᠨᠠᠷ ᠰᠠᠢᠲᠠᠶ ᠰᠤᠷᠭᠠᠨ ᠬᠥᠮᠦᠵᠢᠯ᠎ᠦᠨ ᠱᠢᠰᠲ᠋ᠧᠮ᠎ᠢ ᠪᠠᠢᠭᠤᠯᠬᠤ᠂ ᠣᠯᠠᠨ ᠲᠠᠰ ᠳᠠᠪᠬᠤᠷᠭ᠎ᠠ᠎ᠶ᠋ᠢᠨ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠎ᠢ ᠪᠦᠷᠢᠨᠱᠢᠭᠦᠯᠬᠦ᠂ ᠡᠷᠡᠭᠦᠯ ᠡᠩᠬᠡ ᠥᠪᠥᠷ ᠮᠣᠩᠭᠣᠯ ᠎ᠤᠨ ᠪᠠᠢᠭᠤᠯᠤᠯᠲᠠ ᠎ᠶ᠋ᠢ ᠠᠬᠢᠭᠤᠯᠬᠤ᠂ ᠨᠡᠢᠭᠡᠮ᠎ᠦᠨ ᠵᠠᠰᠠᠯᠲᠠ ᠎ᠶ᠋ᠢ ᠴᠢᠩᠭᠠᠳᠭᠠᠬᠤ ᠪᠠ ᠱᠢᠨ᠎ᠡ᠎ᠶ᠋ᠢ ᠡᠭᠦᠳᠬᠦ᠌᠁ ᠠᠷᠠᠳ᠎ᠤᠨ ᠠᠮᠢᠳᠤᠷᠠᠯ᠎ᠤᠨ ᠠᠤᠭ᠎ᠠ ᠲᠦᠯᠦᠪᠯᠡᠭᠡ ᠵᠢ ᠵᠢᠷᠤᠭ᠍ᠯᠠᠭ᠍ᠰᠠᠨ ᠪᠥᠭᠡᠳ ᠪᠠᠰᠠ ᠪᠣᠳᠠᠲᠠᠶ᠂  ᠪᠥᠬᠥ᠌ ᠲᠠᠯ᠎ᠠ ᠎ᠶ᠋ᠢᠨ᠂ ᠨᠠᠷᠢᠯᠢᠭ ᠪᠠᠢᠷᠢᠯᠠᠭᠤᠯᠪᠡ ᠂ ᠢᠯᠡᠳᠭᠡᠯ᠎ᠨᠢ ᠠᠷᠠᠳ᠎ᠤᠨ ᠲᠥᠯᠥᠭᠡ ᠭᠡᠬᠦ᠌ ᠭᠦᠨ ᠵᠤᠵᠠᠭᠠᠨ ᠬᠠᠢᠷ᠎ᠠ ᠰᠡᠳᠭᠢᠯᠭᠡ ᠵᠢ ᠠᠬᠤᠭᠤᠯᠵᠤ᠂ ᠢᠮᠠᠭ᠍ᠲᠠ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ  ᠲᠤᠬᠠᠢ ᠬᠦᠰᠡᠯ ᠡᠷᠡᠮᠡᠯᠵᠡᠯ᠎ᠢᠶᠡᠷ  ᠲᠡᠮᠡᠴᠡᠬᠦ᠌ ᠬᠠᠷᠠᠯᠲᠠ᠎ᠪᠠᠨ ᠪᠣᠯᠭᠠᠬᠤ ᠥᠷᠲᠡᠭ᠎ᠦᠨ ᠬᠥᠭᠡᠭᠡᠴᠡᠯᠳᠦᠯ᠎ᠢ ᠳᠣᠪᠣᠢᠯᠭᠠᠪᠠ》ᠭᠡᠵᠦ᠍ ᠲᠦᠩᠯᠢᠶᠣᠤ᠎ᠵᠢᠨ ᠦᠨᠳᠦᠰᠦᠨ ᠱᠠᠲᠤᠨ᠎ᠤ ᠨᠠᠮ᠎ᠤᠨ ᠲᠥᠯᠥᠭᠡᠯᠡᠭ᠌ᠴᠢ ᠯᠢ ᠱᠤ᠌ ᠱᠢᠶᠠᠩ ᠬᠡᠯᠡᠨ᠎ᠡ᠃

ᠵᠢᠷᠤᠭ ᠲᠦᠯᠦᠪᠯᠡᠭᠡ ᠨᠢᠭᠡᠨᠳᠡ ᠵᠢᠷᠤᠭ᠍ᠯᠠᠭᠳᠠᠪᠠ᠂ ᠥᠷᠯᠥᠭᠡ ᠦᠳᠡᠰᠢ᠎ᠶ᠋ᠢ ᠲᠡᠮᠡᠴᠡᠨ ᠡᠷᠡᠮᠡᠭᠡᠢᠯᠡᠨ ᠲᠡᠮᠡᠴᠡᠬᠦ ᠬᠡᠷᠡᠭᠳᠡᠢ᠃ ᠥᠪᠡᠷᠲᠡᠭᠡᠨ ᠵᠠᠰᠠᠬᠤ ᠣᠷᠣᠨ᠎ᠠᠴᠠ ᠦᠨᠳᠦᠰᠦᠨ ᠱᠠᠳᠤ ᠬᠦᠷᠲᠡᠯ᠎ᠡ᠂ ᠨᠠᠮ᠎ᠤᠨ ᠲᠥᠯᠥᠭᠡᠯᠡᠭ᠌ᠴᠢᠳ ᠣᠷᠭᠢᠯᠤᠮ᠎ᠠ ᠬᠠᠯᠠᠭᠤᠨ ᠰᠡᠳᠭᠢᠯᠭᠡ᠎ᠪᠡᠷ ᠱᠢᠨ᠎ᠡ ᠠᠶᠠᠨ᠎ᠳᠠᠭᠠᠨ ᠮᠣᠷᠳᠠᠨ᠎ᠠ᠃

《ᠲᠠᠷᠠᠭᠠᠴᠢ ᠎ᠶ᠋ᠢᠨ ᠠᠯᠬᠤᠮ ᠎ᠳᠤ ᠂ ᠠᠷᠠᠳ ᠎ᠤᠨ ᠶᠠᠪᠤᠳᠠᠯ ᠎ᠤᠨ ᠱᠢᠰᠲ᠋ᠧᠮ ᠎ᠦᠨ᠎ᠬᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ ᠎ᠶ᠋ᠢ ᠪᠥᠬᠥ᠌ ᠲᠠᠯ᠎ᠠ ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠷᠠᠳ᠎ᠤᠨ ᠶᠠᠪᠤᠳᠠᠯ᠎ᠤᠨ ᠠᠵᠢᠯ᠎ᠤᠨ ᠡᠭᠦᠷᠭᠡ ᠴᠢᠳᠠᠮᠵᠢ᠎ᠶ᠋ᠢᠨ ᠪᠠᠢᠷᠢ ᠲᠣᠭ᠍ᠲᠠᠭᠠᠯᠲᠠ ᠶᠣᠰᠣᠭᠠᠷ᠂ ᠲᠠᠰ ᠳᠠᠪᠬᠤᠷᠭ᠎ᠠ ᠲᠥᠷᠥᠯ ᠬᠤᠪᠢᠶᠠᠭ᠍ᠰᠠᠨ᠂ ᠬᠣᠲᠠ ᠬᠥᠳᠡᠭᠡ᠎ᠶ᠋ᠢ ᠨᠢᠭᠡᠳᠦᠯᠲᠡᠶ ᠲᠥᠯᠥᠪᠵᠢᠭᠦᠯᠦᠭ᠌ᠰᠡᠨ ᠨᠡᠢᠭᠡᠮ᠎ᠦᠨ ᠠᠪᠤᠷᠠᠨ ᠲᠤᠰᠠᠯᠠᠬᠤ ᠱᠢᠰᠲ᠋ᠧᠮ᠎ᠢ ᠪᠦᠷᠢᠨᠱᠢᠬᠦᠯᠬᠦ᠌᠎ᠳ᠋ᠤ ᠠᠩᠬᠠᠷᠤᠯ᠎ᠢᠶᠠᠨ ᠲᠥᠪᠯᠡᠷᠡᠭᠦᠯᠵᠦ᠍ ᠂ ᠨᠡᠢᠭᠡᠮ᠎ᠦᠨ ᠵᠠᠰᠠᠯᠲᠠ᠎ᠶ᠋ᠢ ᠴᠢᠩᠭᠠᠳᠭᠠᠬᠤ ᠪᠠ ᠱᠢᠨ᠎ᠡ᠎ᠶ᠋ᠢ ᠡᠭᠦᠳᠬᠦ᠌᠎ᠳᠦ ᠠᠩᠬᠠᠷᠤᠯ᠎ᠢᠶᠠᠨ᠎ᠲᠥᠪᠯᠡᠷᠡᠭᠦᠯᠵᠦ᠍᠂ ᠨᠠᠰᠤᠵᠢᠯᠲᠠ᠎ᠶ᠋ᠢᠨ ᠤᠯᠤᠰ᠎ᠤᠨ ᠪᠠᠢᠯᠳᠤᠬᠤ ᠪᠣᠳᠣᠯᠭ᠎ᠠ᠎ᠶ᠋ᠢ ᠢᠳᠡᠪᠬᠢᠲᠡᠶ ᠠᠷᠭᠠᠴᠠᠭᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠷᠠᠳ ᠣᠯᠠᠨ᠎ᠤ ᠬᠦᠷᠲᠡᠮᠵᠢ᠎ᠶ᠋ᠢᠨ ᠲᠥᠷᠥᠭ᠌ᠳᠡᠯ ᠵᠢᠷᠭᠠᠯᠲᠤ ᠲᠥᠷᠥᠭ᠌ᠳᠡᠯ ᠠᠮᠤᠷ ᠲᠦᠪᠱᠢᠨ᠎ᠦ ᠲᠥᠷᠥᠭ᠌ᠳᠡᠯ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠥᠲᠥᠭᠡᠨ ᠪᠠᠢᠭᠤᠯᠵᠤ ᠂ ᠠᠭᠤᠤ ᠶᠡᠬᠡ ᠳᠤᠮᠳᠠᠳᠤ ᠎ᠶ᠋ᠢᠨ ᠵᠡᠭᠦᠳᠦ᠍ ᠎ᠪᠡᠨ ᠬᠠᠮᠲᠤ ᠎ᠪᠠᠷ ᠲᠡᠷᠭᠡᠯᠱᠢᠭᠦᠯᠬᠦ᠌᠎ᠳᠦ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠦᠨ ᠢᠳᠡᠪᠬᠢᠲᠡᠶ ᠬᠤᠪᠢ ᠨᠡᠮᠡᠷᠢ ᠪᠠᠨ ᠦᠵᠡᠭᠦᠯᠦᠨ᠎ᠡ》ᠬᠡᠵᠦ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠ ᠲᠥᠪ᠎ᠦᠨ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠨᠢᠭᠡᠴᠢ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠲᠥᠯᠥᠭᠡᠯᠡᠭ᠌ᠴᠢ ᠵᠢᠶᠠᠩ ᠬᠣᠩ ᠬᠡᠯᠡᠪᠡ᠃

ᠰᠤᠷᠭᠠᠨ ᠬᠥᠮᠦᠵᠢᠯ ᠪᠣᠯ ᠠᠯᠤᠰ ᠬᠡᠲᠦ᠍᠎ᠶ᠋ᠢᠨ ᠶᠡᠬᠡ ᠪᠣᠳᠣᠯᠭ᠎ᠠ ᠮᠥᠨ᠂ ᠰᠤᠷᠤᠭᠴᠢᠳ᠎ᠢ ᠬᠦᠮᠦᠵᠢᠬᠦᠯᠬᠦ ᠪᠠ ᠤᠯᠤᠰ ᠤᠷᠤᠨ᠎ᠤ ᠢᠷᠡᠬᠡᠳᠦᠢ ᠵᠢᠨ ᠡᠬᠦᠷᠬᠡ ᠵᠢ ᠡᠬᠦᠷᠬᠡᠯᠡᠵᠦ ᠪᠠᠢᠳᠠᠭ᠃ ᠣᠷᠳᠣᠰ ᠬᠣᠲᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠤᠨ  ᠸᠠᠩ ᠱᠢᠶᠤᠤ ᠴᠢᠨ ᠲᠥᠯᠥᠭᠡᠯᠡᠭ᠌ᠴᠢ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠴᠢᠳᠠᠪᠤᠷᠢᠲᠠᠨ᠎ᠬᠦᠮᠦᠵᠢᠬᠦᠯᠬᠦ ᠱᠢᠰᠲ᠋ᠧᠮ ᠎ᠢ ᠪᠠᠢᠭᠤᠯᠬᠤ᠎ᠳᠤᠬᠠᠢ ᠥᠪᠡᠷ᠎ᠦᠨ ᠪᠣᠳᠣᠯ᠎ᠢᠶᠠᠨ ᠳᠤᠷᠠᠳᠪᠠ᠄ ᠨᠢᠭᠡ᠎ᠳᠦ ᠂ ᠭᠠᠳᠠᠭᠰᠢ ᠭᠠᠷᠭᠠᠨ᠎ᠠ᠃ ᠰᠤᠷᠭᠠᠨ ᠬᠥᠮᠦᠵᠢᠯ ᠎ᠦᠨ  ᠲᠦᠪᠱᠢᠨ ᠎ᠢ ᠳᠡᠭᠡᠭ᠌ᠰᠢᠯᠡᠭᠦᠯᠬᠦ᠌ ᠎ᠪᠡᠷ ᠳᠠᠮᠵᠢᠭᠤᠯᠤᠨ ᠂ ᠰᠤᠷᠤᠭ᠍ᠴᠢᠳ᠎ᠢ ᠬᠠᠪᠰᠤᠷᠤᠨ ᠨᠠᠩ ᠥᠷᠭᠡᠨ ᠠᠭᠤᠳᠠᠮ ᠳᠡᠯᠡᠬᠡᠶ ᠶᠢᠷᠳᠢᠨᠴᠦ  ᠵᠢ ᠳᠠᠨᠢᠭᠤᠯᠤᠨ᠎ᠠ; ᠬᠣᠶᠠᠷ᠎ᠲᠤ᠂ ᠤᠷᠤᠭᠤᠯᠤᠨ ᠠᠪᠴᠢᠷᠠᠨ᠎ᠠ᠃ ᠲᠥᠷᠥ᠎ᠶ᠋ᠢᠨ ᠪᠣᠳᠣᠯᠭ᠎ᠠ᠎ᠪᠠᠷ ᠳᠠᠮᠵᠢᠭᠤᠯᠤᠨ ᠨᠠᠩ ᠣᠯᠠᠨ ᠴᠢᠳᠠᠪᠤᠷᠢᠲᠠᠨ᠎ᠢ ᠴᠤᠭᠯᠠᠷᠠᠭᠤᠯᠵᠤ᠂ ᠢᠯᠠᠩᠭᠤᠶ᠎ᠠ ᠱᠢᠯᠢᠳᠡᠭ ᠪᠠᠭ᠍ᠰᠢ᠎ᠶ᠋ᠢ ᠲᠡᠳᠡᠨ ᠠᠪᠴᠢᠷᠠᠨ᠎ᠠ; ᠭᠤᠷᠪᠠ᠎ᠳᠤ᠂ ᠦᠯᠡᠳᠡᠭᠡᠨ ᠠᠪᠤᠨ᠎ᠠ᠃ ᠣᠷᠴᠢᠨ ᠲᠣᠭᠣᠷᠢᠨ᠎ᠢ ᠱᠢᠯᠢᠳᠡᠭ᠌ᠵᠢᠭᠦᠯᠬᠦ᠌᠎ᠪᠡᠷ ᠳᠠᠮᠵᠢᠭᠤᠯᠤᠨ ᠪᠠᠭ᠍ᠰᠢ᠎ᠶ᠋ᠢ ᠰᠡᠳᠭᠢᠯ ᠠᠮᠤᠷ ᠠᠵᠢᠯᠯᠠᠭᠤᠯᠤᠨ᠎ᠠ᠃ ᠳᠥᠷᠪᠡ᠎ᠳᠦ᠂ ᠦᠷᠢᠰᠦᠯᠳᠦᠬᠦ ᠬᠦᠴᠦᠨ᠎ᠵᠢᠡᠨ ᠲᠡᠭᠡᠭᠰᠢᠯᠡᠬᠦᠯᠦᠨ᠎ᠡ᠃ ᠱᠢᠰᠲ᠋ᠧᠮ᠎ᠲᠡᠶ ᠬᠥᠮᠦᠵᠢᠭᠦᠯᠬᠦ᠌᠎ᠪᠡᠷ ᠳᠡᠮᠵᠢᠭᠤᠯᠤᠨ ᠲᠤᠰᠭᠠᠶ ᠮᠡᠷᠭᠡᠵᠢᠯᠲᠡᠨ᠎ᠦ ᠬᠡᠯᠪᠡᠷᠢ᠎ᠶ᠋ᠢᠨ ᠪᠠᠭ᠍ᠰᠢ᠎ᠶ᠋ᠢᠨ ᠡᠩᠨᠡᠭᠡ᠎ᠶ᠋ᠢ ᠪᠠᠢᠭᠤᠯᠤᠨ᠎ᠠ ᠃

《ᠦᠨᠳᠦᠰᠦᠨ ᠱᠠᠲᠤᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠱᠢᠰᠲ᠋ᠧᠮ᠎ᠦᠨ ᠨᠠᠮ᠎ᠤᠨ ᠲᠥᠯᠥᠭᠡᠯᠡᠭ᠌ᠴᠢ ᠪᠣᠯᠤᠭ᠍ᠰᠠᠨ᠎ᠤ ᠬᠤᠪᠢ᠎ᠳᠤ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠯᠪᠠᠨ᠎ᠠᠴᠠ ᠪᠠᠢᠭᠤᠯᠤᠭ᠍ᠰᠠᠨ ᠡᠮᠨᠡᠯᠭᠡ᠎ᠶ᠋ᠢᠨ ᠬᠣᠷᠢᠶᠠᠨ᠎ᠤ ᠨᠠᠮ᠎ᠤᠨ ᠪᠠᠢᠭᠤᠯᠤᠯᠲᠠ᠎ᠶ᠋ᠢ ᠦᠨᠡᠨ ᠬᠦ᠌ ᠴᠢᠩᠭᠠᠳᠭᠠᠵᠤ᠂ ᠨᠠᠮ᠎ᠤᠨ ᠤᠳᠤᠷᠢᠳᠤᠯᠭ᠎ᠠ᠎ᠶ᠋ᠢ ᠡᠮᠨᠡᠯᠭᠡ᠎ᠶ᠋ᠢᠨ ᠬᠣᠷᠢᠶᠠᠨ᠎ᠤ ᠵᠠᠰᠠᠯᠲᠠ᠎ᠶ᠋ᠢᠨ ᠪᠥᠬᠥ᠌ ᠶᠠᠪᠤᠴᠠ᠎ᠳᠤ ᠠᠭᠤᠰᠬᠠᠨ᠎ᠠ᠃ ᠠᠷᠠᠳ ᠲᠦᠮᠡᠨ᠎ᠦ ᠡᠷᠡᠭᠦᠯ ᠮᠡᠨᠳᠦ᠍᠎ᠪᠡᠷ ᠭᠣᠣᠯ ᠪᠣᠯᠭᠠᠬᠤ᠎ᠶ᠋ᠢ ᠢᠮᠠᠭ᠍ᠲᠠ ᠪᠠᠷᠢᠮᠲᠠᠯᠠᠵᠤ᠂ ᠠᠷᠠᠳ ᠲᠦᠮᠡᠨ᠎ᠦ ᠡᠷᠡᠭᠦᠯ ᠮᠡᠨᠳᠦ᠍᠎ᠶ᠋ᠢ ᠪᠠᠲᠤᠯᠠᠬᠤ᠎ᠶ᠋ᠢ ᠲᠡᠷᠢᠭᠦᠨ ᠪᠠᠢᠷᠢᠨ᠎ᠳᠤ ᠲᠠᠯᠪᠢᠨ᠎ᠠ᠃ ᠡᠮᠴᠢᠯᠡᠭᠡ ᠵᠢᠭᠠᠨ ᠰᠤᠷᠭᠠᠯᠲᠠ ᠰᠤᠳᠤᠯᠭᠠᠨ᠎ᠢ  ᠵᠤᠬᠢᠴᠠᠭᠤᠯᠤᠨ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠠᠯᠪᠠᠨ᠎ᠠᠴᠠ ᠪᠠᠢᠭᠤᠯᠤᠭ᠍ᠰᠠᠨ ᠡᠮᠨᠡᠯᠭᠡ᠎ᠶ᠋ᠢᠨ ᠬᠣᠷᠢᠶᠠᠨ᠎ᠤ ᠥᠭᠡᠷᠡᠴᠢᠯᠡᠯᠲᠡ᠎ᠶ᠋ᠢ ᠭᠦᠨᠵᠡᠭᠡᠶ ᠠᠬᠢᠭᠤᠯᠤᠨ᠎ᠠ᠃ ᠣᠲᠣ ᠦᠶ᠎ᠡ᠎ᠶ᠋ᠢᠨ ᠡᠮᠨᠡᠯᠭᠡ᠎ᠶ᠋ᠢᠨ ᠬᠣᠷᠢᠶᠠᠨ᠎ᠤ ᠬᠠᠮᠢᠶᠠᠷᠤᠯᠲᠠ᠎ᠶ᠋ᠢ ᠦᠷᠭᠦᠯᠵᠢᠯᠡᠨ ᠲᠡᠭᠦᠯᠳᠡᠷᠵᠢᠭᠦᠯᠵᠦ᠍᠂ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠯᠡᠨ ᠠᠬᠢᠭᠤᠯᠵᠤ ᠂ ᠣᠷᠣᠨ᠎ᠤ ᠲᠥᠪ ᠵᠢᠴᠢ ᠡᠷᠬᠢᠨ ᠲᠣᠭᠣᠷᠢᠨ᠎ᠤ ᠠᠢᠮᠠᠭ ᠬᠣᠲᠠ᠎ᠶ᠋ᠢᠨ ᠣᠯᠠᠨ ᠲᠦᠮᠡᠨ᠎ᠳᠦ ᠨᠠᠩ ᠲᠤᠰᠭᠠᠢᠵᠢᠭ᠍ᠰᠠᠨ᠂ ᠪᠥᠬᠥ᠌ ᠲᠠᠯ᠎ᠠ᠎ᠶ᠋ᠢᠨ᠂ ᠨᠠᠷᠢᠯᠢᠭ ᠡᠷᠡᠭᠦᠯ ᠮᠡᠨᠳᠦ᠍᠎ᠶ᠋ᠢᠨ ᠦᠶ᠋ᠯᠡᠴᠢᠯᠡᠭᠡ ᠪᠠ ᠡᠮᠴᠢᠯᠡᠭᠡᠨ᠎ᠦ ᠪᠠᠲᠤᠯᠠᠭ᠎ᠠ ᠬᠠᠩᠭᠠᠨ᠎ᠠ》 ᠭᠡᠵᠦ᠍ ᠬᠥᠬᠡᠬᠣᠲᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠮᠠᠨᠳᠤᠯ᠎ᠠ ᠲᠥᠯᠥᠭᠡᠯᠡᠭ᠌ᠴᠢ ᠬᠡᠯᠡᠪᠡ᠃

ᠥᠩᠭᠡᠷᠡᠭ᠌ᠰᠡᠨ ᠲᠠᠪᠤᠨ ᠵᠢᠯ᠎ᠳᠦ ᠪᠢᠳᠡ ᠡᠷᠡᠮᠡᠭᠡᠢᠯᠡᠨ ᠲᠡᠮᠡᠴᠡᠵᠦ ᠬᠦᠴᠢᠷ ᠪᠡᠷᠭᠡᠰᠢᠶᠡᠯ᠎ᠢ ᠢᠯᠠᠨ ᠲᠠᠪᠠᠵᠤ᠂ ᠲᠦᠮᠡᠨ ᠤᠰᠤ ᠮᠢᠩᠭᠠᠨ ᠠᠭᠤᠯᠠ ᠵᠢ ᠲᠤᠭᠤᠯᠪᠠ᠃ ᠢᠷᠡᠭᠡᠳᠦᠢ᠎ᠳᠦ ᠪᠢᠳᠡ ᠪᠠᠰᠠ ᠦᠷᠭᠦᠯᠵᠢᠯᠡᠨ ᠲᠡᠮᠡᠴᠡᠵᠦ᠍᠂ ᠡᠷᠡᠯᠬᠡᠭ᠌ᠯᠡᠨ ᠤᠷᠤᠭ᠍ᠰᠢᠯᠠᠵᠤ᠂ ᠨᠡᠩ ᠭᠡᠷᠡᠯ ᠰᠠᠴᠤᠷᠠᠩᠭᠤᠢ ᠠᠮᠵᠢᠯᠲᠠ᠎ᠶ᠋ᠢ ᠡᠭᠦᠳᠦᠨ᠎ᠡ!

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号