ᠬᠢᠩᠭᠠᠨ ᠠᠢᠮᠠᠭ᠎ᠤᠨ ᠨᠠᠮ᠎ᠤᠨ ᠬᠣᠷᠢᠶᠠᠨ᠎ᠤ ᠱᠦᠵᠢ ᠵᠠᠩ ᠱᠢᠶᠤᠤ ᠪᠢᠩ
ᠶᠡᠷᠦᠩᠬᠡᠢ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ
ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠨᠢ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ
ᠠᠵᠢᠯ᠎ᠤᠨ ᠠᠯᠢ ᠤᠯᠠᠨ ᠴᠢᠬᠤᠯᠠ ᠶᠡᠬᠡ ᠤᠨᠤᠯ᠎ᠤᠨ ᠪᠠ ᠦᠢᠯᠡᠳᠦᠯᠭᠡ᠎ᠶ᠋ᠢᠨ ᠠᠰᠠᠭᠤᠳᠠᠯ᠎ᠳᠤ ᠱᠢᠨᠵᠢᠯᠡᠬᠦ᠌ ᠤᠬᠠᠭᠠᠨᠴᠢ
ᠬᠠᠷᠢᠭᠤᠯᠲᠠ ᠥᠭ᠌ᠴᠦ᠂ ᠨᠠᠮ᠎ᠤᠨ ᠦᠨᠳᠦᠰᠦᠲᠡᠨ᠎ᠦ ᠠᠵᠢᠯ᠎ᠤᠨ ᠤᠨᠤᠯ ᠪᠠ ᠦᠢᠯᠡᠳᠦᠯᠭᠡ᠎ᠶ᠋ᠢᠨ ᠤᠶᠤᠨ ᠤᠬᠠᠭᠠᠨ᠎ᠤ
ᠤᠬᠢ ᠲᠠᠯᠠᠰᠲᠤ ᠮᠥᠨ᠂ ᠮᠠᠷᠺᠰ᠎ᠤᠨ ᠦᠵᠡᠯ᠎ᠦᠨ ᠦᠨᠳᠦᠰᠦᠲᠡᠨ᠎ᠦ ᠤᠨᠤᠯ᠎ᠢ ᠳᠤᠮᠳᠠᠳᠤ ᠤᠯᠤᠰᠴᠢᠯᠠᠭ᠍ᠰᠠᠨ ᠬᠠᠮᠤᠭ᠎ᠤᠨ
ᠱᠢᠨ᠎ᠡ ᠦᠷ᠎ᠡ ᠪᠦᠲᠦᠭᠡᠯ ᠮᠥᠨ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠦᠨᠳᠦᠰᠦᠨ ᠵᠢᠷᠤᠮᠯᠠᠯ
ᠮᠥᠨ᠃ ᠬᠢᠩᠭᠠᠨ ᠠᠢᠮᠠᠭ ᠨᠢ ᠥᠪᠥᠷ ᠮᠣᠩᠭᠣᠯ᠎ᠤᠨ ᠥᠪᠡᠷᠲᠡᠭᠡᠨ
ᠵᠠᠰᠠᠬᠤ ᠵᠠᠰᠠᠭ᠎ᠤᠨ ᠣᠷᠳᠣᠨ᠎ᠤ ᠮᠡᠨᠳᠦᠯᠡᠭ᠌ᠰᠡᠨ ᠭᠠᠵᠠᠷ᠂ ᠨᠠᠮ᠎ᠤᠨ ᠦᠨᠳᠦᠰᠦᠲᠡᠨ᠎ᠦ ᠣᠷᠣᠨ᠎ᠤ ᠥᠪᠡᠷᠲᠡᠭᠡᠨ
ᠵᠠᠰᠠᠬᠤ ᠪᠠᠢᠭᠤᠯᠤᠯ᠎ᠢ ᠬᠠᠮᠤᠭ᠎ᠤᠨ ᠡᠷᠲᠡ ᠦᠶ᠋ᠯᠡᠳᠦᠯᠭᠡᠵᠢᠭᠦᠯᠦᠭ᠌ᠰᠡᠨ ᠭᠠᠵᠠᠷ ᠪᠣᠯᠤᠭ᠍ᠰᠠᠨ᠎ᠤ ᠬᠤᠪᠢ᠎ᠳᠤ᠂
ᠪᠢᠳᠠ ᠶᠡᠷᠦᠩᠬᠡᠢ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ
ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠲᠥᠪ᠎ᠤᠨ ᠪᠠ ᠥᠪᠡᠷᠲᠡᠭᠡᠨ ᠵᠠᠰᠠᠬᠤ
ᠣᠷᠣᠨ᠎ᠤ ᠨᠠᠮ᠎ᠤᠨ ᠬᠣᠷᠢᠶᠠᠨ᠎ᠤ ᠦᠨᠳᠦᠰᠦᠲᠡᠨ᠎ᠦ ᠠᠵᠢᠯ᠎ᠤᠨ ᠬᠤᠷᠠᠯ ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂《ᠳᠥᠷᠪᠡᠨ ᠤᠬᠠᠮᠰᠠᠷ》ᠵᠢᠡᠨᠴᠢᠩᠭᠠᠳᠬᠠᠵᠤ᠂
《ᠳᠥᠷᠪᠡᠨ ᠢᠲᠡᠭᠡᠯ 》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ
ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂《ᠪᠥᠬᠥ᠌ ᠤᠯᠤᠰ᠎ᠤᠨ
ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠠᠢᠮᠠᠭ》 ᠢ ᠰᠡᠷᠭᠦᠭᠡᠨ ᠡᠭᠦᠳᠬᠦ᠌᠎ᠪᠡᠷ ᠭᠠᠷᠳᠠᠴᠠ ᠪᠣᠯᠭᠠᠵᠤ᠂《ᠲᠠᠪᠤᠨ ᠰᠠᠭᠤᠷᠢ》 ᠶ᠋ᠢ ᠦᠷᠭᠦᠯᠵᠢᠯᠡᠨ
ᠪᠡᠬᠢᠵᠢᠭᠦᠯᠵᠦ᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠠᠵᠢᠯ᠎ᠤᠨ ᠡᠮᠦᠨ᠎ᠡ ᠨᠢ ᠬᠤᠰᠢᠭᠤᠷᠠᠵᠤ᠂ ᠦᠯᠢᠭᠡᠷ
ᠳᠠᠭᠤᠷᠢᠶᠠᠯ ᠪᠣᠯᠬᠤ ᠵᠢ ᠪᠥᠬᠥ᠌ ᠬᠦᠴᠦᠨ᠎ᠢᠶᠡᠷ᠎ᠢᠶᠡᠨ
ᠠᠬᠢᠭᠤᠯᠬᠤ ᠬᠡᠷᠡᠭᠳᠡᠢ᠃
ᠨᠢᠭᠡ᠎ᠳᠦ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠦᠨᠡᠨ
ᠬᠦ᠌ ᠴᠢᠩᠭᠠᠳᠭᠠᠵᠤ᠂ ᠦᠨᠳᠦᠰᠦᠲᠡᠨ᠎ᠦ ᠠᠵᠢᠯ᠎ᠤᠨ ᠤᠯᠤᠰ ᠲᠦᠷᠦ᠍᠎ᠶ᠋ᠢᠨ ᠰᠠᠭᠤᠷᠢ᠎ᠶ᠋ᠢ ᠦᠷᠭᠦᠯᠵᠢᠯᠡᠨ ᠪᠡᠬᠢᠵᠢᠭᠦᠯᠦᠨ᠎ᠡ᠃
ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠨ ᠲᠡᠭᠦᠯᠳᠡᠷᠵᠢᠭᠦᠯᠬᠦ᠌ ᠪᠣᠯ ᠱᠢᠨ᠎ᠡ ᠴᠠᠭ
ᠦᠶ᠎ᠡ᠎ᠶ᠋ᠢᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠶ᠋ᠢᠨ ᠦᠨᠳᠦᠰᠦᠨ ᠤᠯᠤᠰ ᠲᠦᠷᠦ᠍᠎ᠶ᠋ᠢᠨ ᠪᠠᠲᠤᠯᠠᠭ᠎ᠠ
ᠮᠥᠨ᠃ ᠪᠢᠳᠠ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠶ᠋ᠢ ᠴᠢᠬᠤᠯᠠ ᠤᠯᠤᠰ ᠲᠦᠷᠦ᠍᠎ᠶ᠋ᠢᠨ ᠡᠭᠦᠷᠭᠡ ᠪᠣᠯᠭᠠᠨ
ᠴᠢᠩᠭ᠎ᠠ ᠠᠳᠭᠤᠵᠤ᠂ ᠨᠠᠮ᠎ᠤᠨ ᠤᠳᠤᠷᠢᠳᠤᠯᠭ᠎ᠠ᠎ᠶ᠋ᠢ ᠦᠨᠳᠦᠰᠦᠲᠡᠨ᠎ᠦ ᠠᠵᠢᠯ᠎ᠤᠨ ᠪᠦᠬᠦ᠌ ᠶᠠᠪᠤᠴᠠ᠎ᠳᠤ ᠲᠤᠭᠤᠱᠢᠯᠠᠭᠤᠯᠵᠤ᠂
ᠶᠡᠷᠦᠩᠬᠡᠢ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ
ᠦᠵᠡᠯ ᠰᠠᠨᠠᠭ᠎ᠠ᠎ᠶ᠋ᠢ ᠪᠦᠷᠢᠨ ᠪᠦᠲᠦᠨ ᠵᠥᠪ ᠣᠨᠣᠪᠴᠢᠲᠠᠢ ᠪᠦᠬᠦ᠌ ᠲᠠᠯ᠎ᠠ᠎ᠪᠠᠷ ᠡᠵᠡᠮᠳᠡᠨ ᠲᠤᠭᠤᠱᠢᠯᠠᠭᠤᠯᠵᠤ᠂
ᠨᠠᠮ᠎ᠤᠨ ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠦᠨᠳᠦᠰᠦᠲᠡᠨ᠎ᠦ
ᠠᠰᠠᠭᠤᠳᠠᠯ᠎ᠢ ᠱᠢᠢᠳᠪᠦᠷᠢᠯᠡᠬᠦ᠌᠂ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠴᠢᠳᠠᠪᠤᠷᠢ ᠵᠢᠨ ᠲᠦᠪᠱᠢᠨ᠎ᠢᠶᠡᠨ
ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠦᠨᠳᠦᠰᠦᠲᠡᠨ᠎ᠦ ᠠᠵᠢᠯ᠎ᠤᠨ ᠢᠮᠠᠭ᠍ᠲᠠ ᠵᠥᠪ ᠤᠯᠤᠰ ᠲᠦᠷᠦ᠍᠎ᠶ᠋ᠢᠨ
ᠴᠢᠭ᠌ᠯᠡᠯ᠎ᠢᠶᠡᠷ ᠤᠷᠤᠭ᠍ᠰᠢᠯᠠᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃ ᠨᠠᠮ᠎ᠤᠨ ᠬᠣᠷᠢᠶᠠᠨ᠎ᠤ ᠨᠢᠭᠡᠳᠦᠮᠡᠯ
ᠹᠷᠣᠨᠲ᠎ᠤᠨ ᠠᠵᠢᠯ᠎ᠤᠨ ᠤᠳᠤᠷᠢᠳᠭᠤ ᠳᠤᠭᠤᠢᠯᠠᠩ᠎ᠤᠨ ᠲᠦᠷᠦᠭᠦᠯᠡᠨ ᠶᠡᠷᠦᠩᠬᠡᠢᠯᠡᠨ ᠠᠳᠭᠤᠬᠤ ᠦᠶ᠋ᠯᠡᠳᠦᠯ᠎ᠢ ᠭᠦᠶ᠋ᠴᠡᠳ
ᠪᠠᠳᠠᠷᠠᠭᠤᠯᠵᠤ᠂ ᠦᠨᠳᠦᠰᠦᠨ ᠱᠠᠲᠤᠨ᠎ᠤ ᠦᠨᠳᠦᠰᠦᠲᠡᠨ᠎ᠦ ᠠᠵᠢᠯ᠎ᠤᠨ ᠪᠠᠢᠭᠤᠯᠤᠮᠵᠢ᠎ᠶ᠋ᠢᠨ ᠪᠠᠢᠭᠤᠯᠤᠯᠲᠠ ᠪᠠ ᠦᠨᠳᠦᠰᠦᠲᠡᠨ᠎ᠦ
ᠠᠵᠢᠯ᠎ᠤᠨ ᠬᠦᠴᠦᠨ᠎ᠢ ᠪᠥᠬᠥ᠌ ᠲᠠᠯ᠎ᠠ᠎ᠪᠠᠷ ᠴᠢᠩᠭᠠᠳᠭᠠᠵᠤ᠂《ᠳᠥᠷᠪᠡᠨ ᠣᠨᠴᠠᠭᠠᠶ》ᠱᠠᠭᠠᠷᠳᠠᠯᠭ᠎ᠠ᠎ᠶ᠋ᠢ ᠳᠣᠪᠣᠢᠯᠭᠠᠨ ᠦᠨᠳᠦᠰᠦᠲᠡᠨ᠎ᠦ ᠺᠠᠳ᠋ᠷ᠎ᠢ ᠬᠥᠮᠦᠵᠢᠭᠦᠯᠬᠦ᠌᠂ ᠨᠥᠭᠡᠴᠡᠯᠡᠬᠦ᠌᠂
ᠰᠣᠩᠭᠣᠨ ᠬᠡᠷᠡᠭ᠌ᠯᠡᠬᠦ᠌ ᠠᠵᠢᠯ᠎ᠢ ᠰᠠᠢᠲᠤᠷ ᠠᠳᠭᠤᠵᠤ᠂ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ
ᠠᠬᠢᠭᠤᠯᠬᠤ ᠬᠡᠷᠡᠭ᠌ᠲᠡᠶ᠃
ᠬᠣᠶᠠᠷ᠎ᠲᠤ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠪᠦᠬᠦ᠌
ᠲᠠᠯ᠎ᠠ᠎ᠪᠠᠷ ᠪᠠᠢᠭᠤᠯᠵᠤ᠂ ᠦᠨᠳᠦᠰᠦᠲᠡᠨ᠎ᠦ ᠠᠵᠢᠯ᠎ᠤᠨ ᠦᠵᠡᠯ ᠰᠠᠨᠠᠭᠠᠨ᠎ᠤ ᠰᠠᠭᠤᠷᠢ᠎ᠶ᠋ᠢ ᠦᠷᠭᠦᠯᠵᠢᠯᠡᠨ ᠪᠡᠬᠢᠵᠢᠭᠦᠯᠦᠨ᠎ᠡ᠃
ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠱᠢᠨ᠎ᠡ ᠴᠠᠭ
ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ《ᠬᠥᠲᠥᠯᠪᠦᠷᠢ》ᠮᠥᠨ᠃ ᠪᠢᠳᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠵᠢᠨ ᠤᠶᠤᠨ ᠰᠠᠨᠠᠭᠠᠨ᠎ᠤ ᠭᠡᠷ ᠣᠷᠣᠨ᠎ᠤ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠳᠤᠮᠳᠠᠳᠤ᠎ᠶ᠋ᠢᠨ
ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠬᠠᠭᠤᠯᠭ᠎ᠠ ᠬᠥᠮᠦᠵᠢᠯ᠎ᠢ ᠪᠦᠬᠦ᠌
ᠲᠠᠯ᠎ᠠ᠎ᠪᠠᠷ ᠭᠦᠨᠵᠡᠭᠡᠢ ᠤᠳᠠᠭᠠᠨ ᠳᠠᠭᠠᠭᠠᠮᠠᠭᠠᠢ ᠥᠷᠨᠢᠭᠦᠯᠵᠦ᠍᠂ ᠨᠡᠢᠭᠡᠮ ᠵᠢᠷᠤᠮ᠎ᠤᠨ ᠭᠣᠣᠯᠯᠠᠭ᠍ᠴᠢ ᠦᠷᠳᠡᠭ᠎ᠦᠨ
ᠦᠵᠡᠯᠲᠡ᠎ᠪᠡᠷ ᠵᠢᠯᠤᠭᠤᠳᠤᠯᠭ᠎ᠠ ᠪᠣᠯᠭᠠᠵᠤ᠂ ᠤᠯᠤᠰ᠎ᠤᠨ ᠦᠵᠡᠯᠲᠡ᠂ ᠲᠡᠦᠬᠡ᠎ᠶ᠋ᠢᠨ ᠦᠵᠡᠯᠲᠡ᠂ ᠦᠨᠳᠦᠰᠦᠲᠡᠨ᠎ᠦ
ᠦᠵᠡᠯᠲᠡ᠂ ᠰᠣᠶᠣᠯ᠎ᠤᠨ ᠦᠵᠡᠯᠲᠡ᠂ ᠱᠠᠱᠢᠨ ᠰᠤᠷᠲᠠᠬᠤᠨ᠎ᠤ ᠦᠵᠡᠯᠲᠡ᠎ᠶ᠋ᠢᠨ ᠤᠬᠠᠭᠤᠯᠭ᠎ᠠ ᠬᠥᠮᠦᠵᠢᠯ᠎ᠢ ᠶᠡᠬᠡᠪᠡᠷ
ᠴᠢᠩᠭᠠᠳᠭᠠᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠰᠡᠳᠭᠢᠯ᠎ᠢ ᠨᠢᠭ᠍ᠲᠠᠷᠠᠭᠤᠯᠤᠨ᠂ ᠤᠶᠤᠨ ᠰᠠᠨᠠᠭ᠎ᠠ᠎ᠶ᠋ᠢ
ᠬᠠᠷᠢᠯᠴᠠᠨ ᠲᠦᠱᠢᠯᠴᠡᠭᠦᠯᠵᠦ᠍᠂ ᠬᠥᠮᠦᠰ᠎ᠦᠨ ᠢᠲᠡᠭᠡᠯ ᠰᠡᠳᠭᠢᠯ᠎ᠢᠶᠡᠨ ᠬᠤᠯᠪᠤᠭᠰᠠᠨ᠂ ᠪᠦᠯᠬᠦᠮᠳᠡᠨ ᠤᠷᠤᠭ᠍ᠰᠢᠯᠠᠭᠰᠠᠨ
ᠬᠦᠴᠦᠷᠬᠡᠭ ᠶᠡᠬᠡ ᠤᠶᠤᠨ ᠰᠠᠨᠠᠭᠠᠨ᠎ᠤ ᠬᠣᠯᠪᠣᠭᠠᠰᠤ᠎ᠶ᠋ᠢ ᠪᠦᠷᠢᠯᠳᠦᠭᠦᠯᠬᠦ᠌ ᠬᠡᠷᠡᠭ᠌ᠲᠡᠢ᠃《ᠨᠢᠭᠡ ᠣᠷᠳᠣᠨ ᠠᠷᠪᠠᠨ ᠪᠠᠭᠤᠷᠢ》ᠵᠡᠷᠭᠡ ᠬᠤᠪᠢᠰᠭᠠᠯ᠎ᠤᠨ
ᠡᠬᠢ ᠪᠠᠶᠠᠯᠢᠭ᠎ᠲᠤ ᠠᠭᠤᠯᠤᠭ᠍ᠳᠠᠵᠤ ᠪᠠᠢᠭ᠎ᠠ ᠣᠶᠤᠨ ᠰᠠᠨᠠᠭᠠᠨ᠎ᠤ ᠦᠨ᠎ᠡ ᠥᠷᠲᠡᠭ᠂ ᠰᠣᠶᠣᠯ᠎ᠤᠨ ᠠᠭᠤᠯᠤᠭ᠍ᠳᠠᠬᠤᠨ᠎ᠢ
ᠭᠦᠨᠵᠡᠭᠡᠶ ᠠᠭᠤᠳᠠᠯᠵᠤ᠂ ᠠᠢᠮᠠᠭ᠎ᠤᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠤᠨ
ᠰᠤᠳᠤᠯᠭᠠᠨ᠎ᠤ ᠲᠥᠪ ᠵᠡᠷᠭᠡ ᠲᠠᠪᠴᠠᠩ᠎ᠤᠨ ᠠᠴᠢᠶᠠᠯᠠᠪᠤᠷᠢ᠎ᠶ᠋ᠢ ᠰᠠᠢᠲᠤᠷ ᠠᠱᠢᠭ᠍ᠯᠠᠵᠤ᠂ ᠦᠨᠳᠦᠰᠦᠲᠡᠨ᠎ᠦ ᠣᠨᠣᠯ᠎ᠤᠨ
ᠲᠠᠢᠯᠪᠤᠷᠢᠯᠠᠯᠲᠠ᠂ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ ᠪᠠ ᠥᠯᠢᠭᠡᠷ᠎ᠢ ᠤᠬᠠᠭᠤᠯᠤᠨ ᠲᠠᠢᠯᠪᠤᠷᠢᠯᠠᠬᠤ
ᠠᠵᠢᠯ᠎ᠢ ᠦᠨᠡᠨ ᠪᠣᠳᠠᠲᠠᠶ ᠪᠥᠭᠡᠳ ᠣᠢᠯᠠᠭᠠᠮᠵᠢᠲᠠᠶ ᠪᠦᠲᠦᠮᠵᠢᠲᠡᠢ ᠥᠷᠨᠢᠭᠦᠯᠵᠦ᠍᠂《ᠲᠠᠪᠤᠨ ᠬᠠᠮᠲᠤ᠎ᠶ᠋ᠢᠨ ᠲᠠᠨᠢᠯᠲᠠ》 ᠶ᠋ᠢ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠰᠡᠳᠭᠢᠯ᠎ᠳᠦ ᠭᠦᠨ ᠦᠨᠳᠦᠰᠦᠯᠡᠭᠦᠯᠬᠦ᠌ ᠬᠡᠷᠡᠭ᠌ᠲᠡᠶ᠃
ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠪᠦᠬᠦ᠌ ᠲᠠᠯ᠎ᠠ᠎ᠪᠠᠷ ᠳᠡᠯᠭᠡᠷᠡᠭᠦᠯᠦᠨ
ᠬᠡᠷᠡᠭ᠌ᠯᠡᠵᠦ᠍᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌
ᠦᠭᠡ ᠬᠡᠯᠡ ᠦᠰᠦᠭ ᠪᠢᠴᠢᠭ᠎ᠢ ᠰᠠᠢᠲᠤᠷ ᠡᠵᠡᠮᠱᠢᠨ ᠬᠡᠷᠡᠭ᠌ᠯᠡᠬᠦ᠌᠎ᠶ᠋ᠢ ᠦᠨᠡᠨ ᠬᠦ᠌ ᠪᠠᠲᠤᠯᠠᠵᠤ᠂ ᠰᠣᠶᠣᠯ᠎ᠤᠨ
ᠬᠠᠮᠲᠤ ᠵᠢᠨ ᠲᠠᠨᠢᠯᠲᠠ᠎ᠶ᠋ᠢ ᠨᠡᠮᠡᠭ᠌ᠳᠡᠭᠦᠯᠦᠨ᠂ ᠦᠨᠳᠦᠰᠦᠲᠡᠨ᠎ᠨᠦᠭᠦᠳ᠎ᠦᠨ ᠰᠤᠷᠤᠭ᠍ᠴᠢᠳ᠎ᠤᠨ ᠤᠳᠤ ᠦᠶ᠎ᠡ᠎ᠶ᠋ᠢᠨ
ᠨᠡᠢᠭᠡᠮ᠎ᠳᠦ ᠨᠡᠩ ᠰᠠᠢᠲᠤᠷ ᠠᠭᠤᠰᠤᠯᠴᠠᠬᠤ᠂ ᠣᠳᠣᠬᠢᠴᠢᠯᠠᠯᠲᠠ ᠲᠡᠢᠰᠢ ᠤᠷᠤᠭ᠍ᠰᠢᠯᠠᠬᠤ᠎ᠳᠤ ᠰᠠᠢ᠌ᠨ ᠰᠠᠢᠬᠠᠨ
ᠨᠥᠬᠥᠴᠡᠯ ᠪᠦᠷᠢᠯᠳᠦᠭᠦᠯᠵᠦ᠍ ᠥᠭ᠌ᠬᠦ ᠬᠡᠷᠡᠭ᠌ᠲᠡᠢ᠃
ᠭᠤᠷᠪᠠ᠎ᠳᠤ ᠬᠠᠮᠲᠤ ᠪᠠᠷ ᠴᠡᠴᠡᠭ᠌ᠯᠡᠨ ᠬᠥᠭ᠌ᠵᠢᠬᠦ᠌᠎ᠶ᠋ᠢ ᠪᠦᠬᠦ ᠬᠦᠴᠦ
ᠪᠡᠷ᠎ᠢᠶᠡᠨ ᠠᠬᠢᠭᠤᠯᠵᠤ᠂ ᠦᠨᠳᠦᠰᠦᠲᠡᠨ᠎ᠦ ᠠᠵᠢᠯ᠎ᠤᠨ ᠪᠣᠳᠠᠰ᠎ᠤᠨ ᠰᠠᠭᠤᠷᠢ᠎ᠶ᠋ᠢ ᠦᠷᠭᠦᠯᠵᠢᠯᠡᠨ ᠪᠡᠬᠢᠵᠢᠭᠦᠯᠦᠨ᠎ᠡ᠃
ᠬᠥᠭ᠌ᠵᠢᠯᠲᠡ ᠪᠣᠯ ᠦᠨᠳᠦᠰᠦᠲᠡᠨ᠎ᠦ ᠭᠠᠵᠠᠷ ᠣᠷᠣᠨ᠎ᠤ ᠠᠯᠢᠪᠠ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢᠨ ᠵᠠᠩᠭᠢᠯᠠᠭ᠎ᠠ
ᠮᠥᠨ᠂ ᠪᠠᠰᠠ ᠴᠤ᠌ ᠪᠦᠬᠦ᠌ ᠠᠢᠮᠠᠭ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠶ᠋ᠢᠨ ᠬᠦᠰᠡᠯ ᠡᠷᠡᠮᠡᠯᠵᠡᠯ
ᠮᠥᠨ᠃ ᠤᠢ᠍ᠢᠷ᠎ᠠ᠎ᠶ᠋ᠢᠨ ᠵᠢᠯ᠎ᠳᠤ ᠬᠢᠩᠭᠠᠨ ᠠᠢᠮᠠᠭ᠎ᠤᠨ ᠬᠢᠨ ᠦᠨᠳᠦᠰᠦᠲᠡᠨ᠎ᠦ ᠪᠦᠯᠬᠦᠮᠳᠡᠯ᠂ ᠨᠡᠢᠭᠡᠮ᠎ᠦᠨ ᠡᠶ᠎ᠡ
ᠵᠣᠬᠢᠴᠠᠩᠭᠤᠢ ᠲᠣᠭ᠍ᠲᠠᠭᠤᠨ ᠪᠠᠢᠬᠤ ᠶᠡᠬᠡ ᠰᠠᠢ᠌ᠨ ᠪᠠᠢᠳᠠᠯ᠎ᠢ ᠪᠠᠲᠤᠯᠠᠵᠤ ᠴᠢᠳᠠᠭ᠍ᠰᠠᠨ᠎ᠤ ᠴᠢᠬᠤᠯᠠ ᠨᠢᠭᠡ
ᠱᠢᠯᠲᠠᠭᠠᠨ ᠪᠣᠯ ᠳᠠᠷᠤᠢ ᠴᠢᠨᠠᠷ ᠰᠠᠢᠲᠠᠢ ᠬᠥᠭ᠌ᠵᠢᠯᠲᠡ᠎ᠶ᠋ᠢ ᠢᠮᠠᠭ᠍ᠲᠠ ᠪᠠᠷᠢᠮᠲᠠᠯᠠᠵᠤ᠂ ᠠᠷᠭ᠎ᠠ ᠪᠦᠬᠦᠨ᠎ᠢ
ᠰᠦᠪᠡᠭ᠌ᠴᠢᠯᠡᠨ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠵᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ
ᠪᠣᠳᠠᠰ᠎ᠤᠨ ᠰᠠᠭᠤᠷᠢ᠎ᠶ᠋ᠢ ᠲᠠᠰᠤᠷᠠᠯᠳᠠ ᠦᠭᠡᠢ ᠪᠡᠬᠢᠵᠢᠭᠦᠯᠦᠭ᠌ᠰᠡᠨ᠎ᠳᠦ ᠪᠤᠢ᠃ ᠪᠢᠳᠡ《ᠬᠣᠶᠠᠷ ᠬᠠᠯᠬᠠᠪᠴᠢ》《ᠬᠣᠶᠠᠷ ᠰᠠᠭᠤᠷᠢᠨ》ᠪᠣᠯᠤᠨ《ᠨᠢᠭᠡ ᠪᠡᠬᠢᠯᠡᠯᠲᠡ》 ᠵᠢᠨ ᠪᠠᠢᠯᠳᠤᠬᠤ
ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠭᠦᠨᠵᠡᠭᠡᠢ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ
ᠣᠷᠣᠨ᠎ᠤ ᠮᠠᠨ᠎ᠤ ᠠᠢᠮᠠᠭ᠎ᠲᠤ ᠲᠠᠯᠪᠢᠭᠰᠠᠨ ᠬᠥᠭ᠌ᠵᠢᠯᠲᠡ᠎ᠶ᠋ᠢᠨ ᠪᠠᠢᠷᠢ ᠲᠣᠭ᠍ᠲᠠᠭᠠᠯᠲᠠ ᠶᠣᠰᠣᠭᠠᠷ᠂ ᠠᠮᠢ ᠠᠬᠤᠶ᠎ᠶ᠋ᠢ
ᠤᠷᠢᠳ᠎ᠢᠶᠠᠷ ᠪᠣᠳᠣᠯᠬᠢᠯᠠᠵᠦ᠂ ᠪᠣᠬᠢᠷᠲᠤᠯ ᠦᠭᠡᠢ ᠬᠥᠭ᠌ᠵᠢᠭᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ
ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠡᠷ ᠰᠠᠢᠳᠤᠷ ᠵᠠᠮᠨᠠᠬᠤ ᠵᠢ ᠢᠳᠡᠪᠬᠢᠲᠡᠢ ᠰᠦᠪᠡᠭᠴᠢᠯᠡᠵᠦ᠂《ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ》ᠭᠡᠬᠦ᠌ ᠤᠨᠤᠯ᠎ᠤᠨ ᠦᠢᠯᠡᠳᠦᠯᠭᠡ᠎ᠶ᠋ᠢᠨ ᠱᠢᠨ᠎ᠡ᠎ᠶ᠋ᠢ ᠡᠭᠦᠳᠬᠦ᠌ ᠵᠢᠱ᠌ᠢᠢ᠎ᠡ ᠦᠵᠡᠭᠦᠯᠬᠦ᠌ ᠣᠷᠣᠨ᠂
ᠴᠢᠨᠠᠷ ᠰᠠᠢᠲᠠᠶ ᠪᠣᠬᠢᠷᠲᠤᠯ ᠦᠭᠡᠶ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ ᠵᠢ ᠦᠢᠯᠡᠳᠪᠦᠷᠢᠯᠡᠵᠦ᠍
ᠡᠳ᠋ᠱᠢᠭᠦᠯᠦᠨ ᠭᠠᠷᠭᠠᠬᠤ ᠰᠠᠭᠤᠷᠢᠨ ᠭᠠᠵᠠᠷ ᠪᠣᠯᠤᠨ ᠤᠯᠤᠰ᠎ᠤᠨ ᠳᠣᠲᠣᠭᠠᠳᠤ᠎ᠶ᠋ᠢᠨ ᠴᠢᠬᠤᠯᠠ ᠵᠢᠭᠤᠯᠴᠢᠯᠠᠯ᠎ᠤᠨ
ᠵᠣᠷᠢᠭ᠍ᠰᠠᠨ ᠭᠠᠵᠠᠷ᠎ᠢ ᠪᠦᠬᠦ᠌ ᠬᠦᠴᠦᠨ᠎ᠢᠶᠡᠷ᠎ᠢᠶᠡᠨ ᠴᠣᠭ᠍ᠴᠠᠯᠠᠨ ᠪᠠᠢᠭᠤᠯᠵᠤ᠂ ᠬᠢᠯᠢ ᠬᠢᠵᠠᠭᠠᠷ᠎ᠢ ᠪᠡᠬᠢᠵᠢᠭᠦᠯᠦᠨ
ᠬᠢᠯᠢ ᠬᠢᠵᠠᠭᠠᠷ᠎ᠢ ᠬᠥᠭ᠌ᠵᠢᠭᠦᠯᠵᠦ᠍ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶ᠋ᠢ ᠭᠦᠨᠵᠡᠭᠡᠶ ᠠᠬᠢᠭᠤᠯᠵᠤ᠂
ᠰᠠᠭᠤᠷᠢ ᠲᠥᠬᠥᠭᠡᠷᠦᠮᠵᠢ᠂ ᠨᠡᠢᠭᠡᠮ᠎ᠦᠨ ᠦᠶ᠋ᠯᠡᠰ ᠵᠡᠷᠭᠡ ᠳᠤᠲᠠᠭᠤᠳᠠᠯ ᠪᠠᠭᠤᠷᠠᠶ ᠲᠠᠯ᠎ᠠ ᠪᠡᠨ ᠲᠦᠷᠭᠡᠪᠴᠢᠯᠡᠨ
ᠨᠥᠬᠥᠪᠥᠷᠢᠯᠡᠵᠦ᠂ ᠦᠨᠳᠦᠰᠦᠲᠡᠨ᠎ᠨᠦᠭᠦᠳ᠎ᠦᠨ ᠨᠡᠢᠭᠡᠮ ᠵᠢᠷᠤᠮ᠎ᠤᠨ ᠣᠳᠣᠬᠢᠴᠢᠯᠠᠯᠲᠠ ᠲᠡᠰᠢ ᠬᠠᠮᠲᠤ᠎ᠪᠠᠷ ᠤᠷᠤᠭ᠍ᠰᠢᠯᠠᠬᠤ᠎ᠶ᠋ᠢ
ᠲᠦᠯᠬᠢᠨ ᠠᠬᠢᠭᠤᠯᠬᠤ ᠬᠡᠷᠡᠭᠲᠡᠢ᠃
ᠳᠥᠷᠪᠡ᠎ᠳᠦ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠢᠳᠡᠪᠬᠢᠲᠡᠢ
ᠠᠬᠢᠭᠤᠯᠵᠤ᠂ ᠦᠨᠳᠦᠰᠦᠲᠡᠨ᠎ᠦ ᠠᠵᠢᠯ᠎ᠤᠨ ᠨᠡᠢᠭᠡᠮ᠎ᠦᠨ ᠰᠠᠭᠤᠷᠢ᠎ᠶ᠋ᠢ ᠦᠷᠭᠦᠯᠵᠢᠯᠡᠨ ᠪᠡᠬᠢᠵᠢᠭᠦᠯᠦᠨ᠎ᠡ᠃ ᠬᠢᠩᠭᠠᠨ
ᠠᠢᠮᠠᠭ᠎ᠨᠢ ᠦᠨᠳᠦᠰᠦᠲᠡᠨ᠎ᠦ ᠪᠦᠯᠬᠦᠮᠳᠡᠯ᠎ᠦᠨ ᠢᠷᠠᠭᠤ ᠠᠯᠳᠠᠷᠲᠤ ᠤᠯᠠᠮᠵᠢᠯᠠᠯ᠎ᠲᠠᠶ ᠪᠠᠢᠵᠤ᠂ ᠦᠨᠳᠦᠰᠦᠲᠡᠨ᠎ᠨᠦᠭᠦᠳ᠎ᠦᠨ
ᠠᠷᠠᠳ ᠲᠦᠮᠡᠨ ᠡᠶ᠎ᠡ ᠨᠠᠢᠷᠲᠠᠶ ᠪᠦᠯᠬᠦᠮᠳᠡᠭ᠌ᠰᠡᠨ ᠲᠡᠦᠬᠡ᠎ᠶ᠋ᠢᠨ ᠡᠬᠢ ᠰᠤᠷᠪᠤᠯᠵᠢ ᠭᠦᠨ ᠵᠤᠵᠠᠭᠠᠨ᠂ ᠪᠣᠳᠠᠲᠤ
ᠰᠠᠭᠤᠷᠢ ᠥᠷᠭᠡᠨ ᠳᠡᠯᠭᠡᠷ ᠪᠠᠢᠵᠤ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ ᠨᠠᠮ᠎ᠢᠶᠠᠨ
ᠳᠠᠭᠠᠬᠤ᠂ ᠦᠨᠳᠦᠰᠦᠲᠡᠨ᠎ᠨᠦᠭᠦᠳ ᠪᠦᠯᠬᠦᠮᠳᠡᠨ ᠨᠢᠭᠡ ᠬᠡᠷ ᠪᠦᠯᠢ ᠮᠡᠲᠦ ᠳᠣᠲᠣᠨᠣ ᠪᠠᠢᠬᠤ ᠠᠮᠢᠳᠤᠯᠢᠭ ᠪᠠᠢᠳᠠᠯ᠎ᠢ
ᠪᠣᠶ ᠪᠣᠯᠭᠠᠪᠠ᠃ ᠪᠢᠳᠠ 《ᠪᠥᠬᠥ᠌ ᠤᠯᠤᠰ᠎ᠤᠨ
ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠠᠢᠮᠠᠭ》᠎ᠤ᠋ᠨ ᠢᠷᠠᠭᠤ ᠠᠯᠳᠠᠷᠳᠤ ᠴᠣᠯᠠ ᠪᠡᠨ ᠬᠤᠪᠢ ᠳᠠᠬᠢᠨ᠎ᠢᠶᠠᠷ ᠨᠠᠨᠳᠢᠩᠨᠠᠵᠦ᠂ ᠨᠠᠷᠢᠨ ᠨᠢᠮᠪᠠᠶ
ᠬᠠᠮᠠᠭᠠᠯᠠᠵᠤ᠂ ᠭᠤᠤᠯᠳᠠᠯᠭ᠎ᠠ ᠪᠡᠨ ᠡᠩ᠎ᠦᠨ ᠦᠶ᠎ᠡ ᠳ᠋ᠤ᠂ ᠰᠡᠳᠭᠢᠯ᠎ᠢᠶᠡᠨ ᠰᠣᠯᠢᠯᠴᠠᠬᠤ ᠳ᠋ᠤ᠂ ᠦᠢᠯᠡ ᠠᠵᠢᠯᠯᠠᠭ᠎ᠠ
ᠳ᠋ᠠᠭᠠᠨ᠂ ᠦᠨᠳᠦᠰᠦᠨ ᠱᠠᠲᠤᠨ᠎ᠳᠤ ᠬᠦᠷᠳᠡᠯ᠎ᠠ ᠳᠠᠯᠪᠢᠬᠤ ᠵᠢ ᠪᠠᠷᠢᠮᠳᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ
ᠬᠠᠮᠲᠤ ᠴᠣᠭ᠍ᠴᠠ᠎ᠶ᠋ᠢᠨ ᠤᠬᠠᠮᠰᠠᠷ᠎ᠤᠨ ᠬᠥᠮᠦᠵᠢᠯ᠎ᠦᠨ 《ᠨᠠᠶ᠋ᠮᠠ᠎ᠶ᠋ᠢ
ᠠᠬᠢᠭᠤᠯᠬᠤ》 ᠶ᠋ᠢ ᠦᠷᠭᠦᠯᠵᠢᠯᠡᠨ ᠠᠬᠢᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ
ᠶᠠᠰᠤ ᠴᠢᠨᠠᠷ᠎ᠢ ᠳᠡᠭᠡᠭ᠌ᠰᠢᠯᠡᠭᠦᠯᠦᠨ ᠬᠡᠪᠴᠢᠶ᠎ᠡ᠎ᠶ᠋ᠢ ᠥᠷᠭᠡᠳᠭᠡᠬᠦ᠌ ᠠᠵᠢᠯ᠎ᠢ ᠯᠠᠪᠳᠠᠭᠤᠨ ᠪᠠᠲᠤᠲᠠᠶ ᠠᠬᠢᠭᠤᠯᠵᠤ᠂
ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠠᠬᠢᠭᠤᠯᠬᠤ
ᠬᠤᠷᠠᠯ ᠪᠠ ᠬᠣᠱᠢᠭᠤ ᠱᠢᠶᠠᠨ ᠬᠣᠲᠠ᠎ᠶ᠋ᠢᠨ ᠨᠢᠭᠡᠳᠦᠮᠡᠯ ᠹᠷᠣᠨᠲ᠎ᠤᠨ ᠬᠣᠯᠪᠣᠭ᠎ᠠ ᠠᠪᠬᠤ ᠦᠶ᠋ᠯᠡᠴᠢᠯᠡᠭᠡᠨ᠎ᠦ
ᠲᠥᠪ᠎ᠢ ᠰᠠᠢᠲᠤᠷ ᠪᠠᠢᠭᠤᠯᠵᠤ ᠰᠠᠢᠲᠤᠷ ᠬᠡᠷᠡᠭ᠌ᠯᠡᠨ᠂ ᠦᠨᠳᠦᠰᠦᠲᠡᠨ᠎ᠨᠦᠭᠦᠳ᠎ᠦᠨ ᠨᠥᠬᠥᠷᠯᠡᠯ᠎ᠦᠨ ᠰᠣᠯᠢᠯᠴᠠᠭᠠᠨ᠎ᠤ
ᠲᠠᠪᠴᠠᠩ᠎ᠤᠨ ᠠᠴᠢᠶᠠᠯᠠᠪᠤᠷᠢ᠎ᠶ᠋ᠢ ᠪᠠᠢᠭᠤᠯᠵᠤ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠤᠷᠤᠰᠢᠨ ᠰᠠᠭᠤᠵᠤ ᠬᠠᠮᠲᠤ᠎ᠪᠠᠷ
ᠰᠤᠷᠤᠯᠴᠠᠵᠤ ᠬᠠᠮᠲᠤ᠎ᠪᠠᠷ ᠠᠵᠢᠯᠯᠠᠵᠤ ᠬᠠᠮᠲᠤ᠎ᠪᠠᠷ ᠵᠢᠷᠭᠠᠬᠤ ᠨᠡᠢᠭᠡᠮ᠎ᠦᠨ ᠨᠥᠬᠥᠴᠡᠯ᠎ᠢ ᠪᠤᠢ ᠪᠣᠯᠭᠠᠨ᠂ ᠦᠨᠳᠦᠰᠦᠲᠡᠨ᠎ᠨᠦᠭᠦᠳ᠎ᠦᠨ
ᠺᠠᠳ᠋ᠷ ᠣᠯᠠᠨ ᠲᠦᠮᠡᠨ᠎ᠢ ᠦᠨᠳᠦᠰᠦᠲᠡᠨ᠎ᠦ ᠪᠦᠯᠬᠦᠮᠳᠡᠯ᠎ᠢ ᠨᠢᠳᠦᠨ᠎ᠦ ᠴᠡᠴᠡᠭᠡᠶ᠎ᠪᠡᠨ ᠱᠢᠭ ᠬᠠᠢᠷᠠᠯᠠᠨ ᠬᠠᠮᠠᠭᠠᠯᠠᠵᠤ᠂
ᠥᠪᠡᠷ᠎ᠦᠨ ᠠᠮᠢ ᠨᠠᠰᠤ᠎ᠪᠠᠨ ᠨᠠᠨᠳᠢᠩᠨᠠᠬᠤ ᠱᠢᠭ᠋ ᠦᠨᠳᠦᠰᠦᠲᠡᠨ᠎ᠦ ᠪᠦᠯᠬᠦᠮᠳᠡᠯ᠎ᠢ ᠨᠠᠨᠳᠢᠩᠨᠠᠬᠤ ᠪᠤᠯᠭᠠᠬᠤ
ᠬᠡᠷᠡᠭᠲᠡᠢ᠃
ᠲᠠᠪᠤ᠎ᠳᠤ ᠦᠨᠳᠦᠰᠦᠲᠡᠨ᠎ᠦ ᠬᠡᠷᠡᠭ ᠶᠠᠪᠤᠳᠠᠯ᠎ᠢ ᠬᠠᠤᠯᠢ ᠶᠣᠰᠣᠭᠠᠷ
ᠵᠠᠰᠠᠬᠤ᠎ᠶ᠋ᠢ ᠪᠠᠷᠢᠮᠲᠠᠯᠠᠵᠤ᠂ ᠦᠨᠳᠦᠰᠦᠲᠡᠨ᠎ᠦ ᠠᠵᠢᠯ᠎ᠤᠨ ᠬᠠᠤᠯᠢᠵᠢᠯ᠎ᠤᠨ ᠰᠠᠭᠤᠷᠢ᠎ᠶ᠋ᠢ ᠦᠷᠭᠦᠯᠵᠢᠯᠡᠨ ᠪᠡᠬᠢᠵᠢᠭᠦᠯᠦᠨ᠎ᠡ᠃
ᠦᠨᠳᠦᠰᠦᠲᠡᠨ᠎ᠦ ᠬᠡᠷᠡᠭ ᠶᠠᠪᠤᠳᠠᠯ᠎ᠢ ᠬᠠᠤᠯᠢ ᠶᠣᠰᠣᠭᠠᠷ ᠵᠠᠰᠠᠬᠤ ᠪᠣᠯ ᠪᠦᠬᠦ᠌ ᠲᠠᠯ᠎ᠠ᠎ᠪᠠᠷ ᠬᠠᠤᠯᠢ ᠪᠡᠷ ᠤᠯᠤᠰ᠎ᠢᠶᠠᠨ
ᠵᠠᠰᠠᠬᠤ᠎ᠶ᠋ᠢᠨ ᠴᠢᠬᠤᠯᠠ ᠠᠭᠤᠯᠭ᠎ᠠ ᠮᠥᠨ᠂ ᠪᠠᠰᠠ ᠴᠤ᠌ ᠳᠤᠮᠳᠠᠳᠤ ᠤᠯᠤᠰ᠎ᠤᠨ ᠣᠨᠴᠠᠯᠢᠭ ᠲᠠᠢ ᠦᠨᠳᠦᠰᠦᠲᠡᠨ᠎ᠦ
ᠠᠰᠠᠭᠤᠳᠠᠯ᠎ᠢ ᠱᠢᠢᠳᠪᠦᠷᠢᠯᠡᠬᠦ᠌ ᠵᠥᠪ ᠵᠠᠮ᠎ᠢ ᠪᠠᠷᠢᠮᠲᠠᠯᠠᠬᠤ᠎ᠶ᠋ᠢᠨ ᠵᠠᠩᠭᠢᠯᠠᠭ᠎ᠠ᠎ᠶ᠋ᠢᠨ ᠭᠣᠭ᠍ᠴᠣᠭ᠎ᠠ ᠮᠥᠨ᠃
ᠪᠢᠳᠡ ᠰᠢ᠎ᠶ᠋ᠢᠨ ᠫᠢᠩ᠎ᠦᠨ ᠬᠠᠤᠯᠢᠵᠢᠯ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂
ᠦᠨᠳᠦᠰᠦᠲᠡᠨ᠎ᠦ ᠬᠡᠷᠡᠭ ᠶᠠᠪᠤᠳᠠᠯ᠎ᠤᠨ ᠲᠤᠬᠠᠢ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠪᠦᠬᠦ᠌ ᠲᠠᠯ᠎ᠠ᠎ᠪᠠᠷ
ᠲᠤᠭᠤᠱᠢᠯᠠᠭᠤᠯᠤᠨ ᠬᠡᠷᠡᠭ᠌ᠵᠢᠭᠦᠯᠵᠦ᠍᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢ ᠠᠬᠢᠭᠤᠯᠬᠤ ᠲᠦᠷᠢᠮ
ᠤᠨ ᠤᠬᠠᠭᠤᠯᠭ᠎ᠠ ᠰᠤᠷᠤᠯᠴᠠᠯᠭ᠎ᠠ᠎ᠶ᠋ᠢ ᠥᠷᠭᠡᠨ᠎ᠢᠶᠡᠷ ᠥᠷᠨᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ
ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠠᠨᠠᠯ ᠵᠡᠷᠭᠡ ᠪᠢᠴᠢᠭ ᠮᠠᠲ᠋ᠧᠷᠢᠶᠠᠯ᠎ᠢ ᠲᠣᠭ᠍ᠲᠠᠭᠠᠨ ᠨᠡᠢᠲᠡᠯᠡᠵᠦ᠍᠂
ᠦᠨᠳᠦᠰᠦᠲᠡᠨ᠎ᠨᠦᠭᠦᠳ᠎ᠦᠨ ᠺᠠᠳ᠋ᠷ᠎ᠤᠨ ᠦᠨᠳᠦᠰᠦᠲᠡᠨ᠎ᠦ ᠬᠡᠷᠡᠭ ᠶᠠᠪᠤᠳᠠᠯ᠎ᠢ ᠬᠠᠤᠯᠢ ᠶᠣᠰᠣᠭᠠᠷ ᠵᠠᠰᠠᠬᠤ ᠬᠢᠷᠢ
ᠲᠦᠪᠱᠢᠨ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠲᠠ᠎ᠤᠨ
ᠬᠠᠤᠯᠢ᠎ᠪᠠᠷ ᠵᠠᠰᠠᠬᠤ ᠵᠠᠮ᠎ᠢᠶᠠᠷ ᠶᠠᠪᠤᠭ᠍ᠳᠠᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃ ᠬᠠᠤᠯᠢᠵᠢᠯ ᠬᠢᠩᠭᠠᠨ᠎ᠤ
ᠪᠠᠢᠭᠤᠯᠤᠯᠲᠠ᠎ᠶ᠋ᠢ ᠭᠦᠨᠵᠡᠭᠡᠢ ᠠᠬᠢᠭᠤᠯᠵᠤ᠂ ᠦᠨᠳᠦᠰᠦᠲᠡᠨ᠎ᠦ ᠬᠦᠷᠢᠶᠡᠨ᠎ᠳᠡᠬᠢ ᠡᠯ᠎ᠡ ᠲᠦᠷᠦᠯ᠎ᠦᠨ ᠠᠶᠤᠯ ᠲᠦᠭ᠌ᠰᠢᠭᠦᠷᠢ
ᠭᠡᠮ ᠰᠣᠭᠣᠭ᠎ᠢ ᠡᠷᠡᠰ ᠰᠡᠷᠭᠡᠢᠯᠡᠵᠦ᠍᠂ ᠦᠨᠳᠦᠰᠦᠲᠡᠨ᠎ᠦ ᠬᠦᠷᠢᠶᠡᠨ᠎ᠳᠡᠬᠢ ᠴᠤᠬᠤᠢᠯᠲᠠ᠎ᠶ᠋ᠢᠨ ᠴᠢᠨᠠᠷᠲᠠᠢ᠂ ᠬᠡᠯᠪᠡᠷᠢᠯ᠎ᠦᠨ
ᠴᠢᠨᠠᠷᠲᠠᠢ ᠠᠰᠠᠭᠤᠳᠠᠯ᠎ᠢ ᠴᠠᠭ ᠲᠤᠬᠠᠢᠳᠤᠨᠢ ᠢᠯᠡᠷᠡᠭᠦᠯᠵᠦ᠍᠂ ᠡᠷᠡᠰ ᠱᠢᠭᠤᠷᠬᠠᠢ ᠱᠢᠢᠳᠪᠦᠷᠢᠯᠡᠵᠦ᠍᠂ ᠳᠠᠢᠰᠤᠩᠨᠠᠭ᠍ᠴᠢ
ᠬᠦᠴᠦᠨ᠎ᠦ ᠨᠡᠪᠴᠢᠯᠲᠡ ᠡᠪᠳᠡᠯᠡᠭᠡ᠎ᠶ᠋ᠢ ᠪᠦᠲᠦᠮᠵᠢᠲᠡᠢ ᠬᠣᠷᠢᠭ᠍ᠯᠠᠵᠤ᠂ ᠦᠨᠳᠦᠰᠦᠲᠡᠨ᠎ᠦ ᠪᠦᠯᠬᠦᠮᠳᠡᠯ᠂ ᠨᠡᠢᠭᠡᠮ᠎ᠦᠨ
ᠲᠣᠭ᠍ᠲᠠᠭᠤᠨ᠂ ᠤᠯᠤᠰ᠎ᠤᠨ ᠨᠢᠭᠡᠳᠦᠯ᠎ᠦᠨ ᠪᠤᠯᠤᠳ ᠬᠡᠷᠡᠮ᠎ᠢ ᠪᠠᠲᠤ ᠴᠣᠭ᠍ᠴᠠᠯᠠᠬᠤ ᠬᠡᠷᠡᠭ᠌ᠲᠡᠢ᠃