ᠶᠧᠵᠢᠫᠲ᠎ᠲᠦ ᠰᠠᠭᠤᠭ᠎ᠠ ᠳᠤᠮᠳᠠᠳᠤ ᠤᠯᠤᠰ᠎ᠤᠨ ᠡᠯᠴᠢᠨ ᠰᠠᠢᠳ᠎ᠤᠨ ᠶᠠᠮᠤᠨ 11 ᠰᠠᠷ᠎ᠠ᠎ᠶ᠋ᠢᠨ 1 ᠤ᠋ ᠡᠳᠦᠷ ᠢᠯᠡᠷᠬᠡᠢᠯᠡᠯᠲᠡ ᠨᠡᠢᠲᠡᠯᠡᠵᠦ᠍᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠶᠧᠵᠢᠫᠲ᠎ᠦᠨ ᠵᠠᠰᠠᠭ᠎ᠤᠨ ᠣᠷᠳᠣᠨ᠎ᠢ ᠲᠤᠰᠠᠯᠠᠭ᠍ᠰᠠᠨ ᠱᠢᠨ᠎ᠡ ᠨᠢᠭᠡ ᠪᠦᠯᠦᠭ ᠱᠢᠨ᠎ᠡ ᠲᠢᠲᠢᠮᠯᠢᠭ ᠸᠢᠷᠦ᠋ᠰ᠎ᠦᠨ ᠸᠠᠺᠼᠢᠨ ᠲᠤᠰ ᠡᠳᠦᠷ ᠺᠠᠢ᠌ᠷᠣ᠋ ᠵᠢᠨ ᠤᠯᠠᠨ ᠤᠯᠤᠰ᠎ᠤᠨ ᠨᠢᠰᠭᠡᠯ᠎ᠦᠨ ᠪᠠᠭᠤᠳᠠᠯ᠎ᠳᠤ ᠬᠦᠷᠪᠡ ᠬᠡᠵᠡᠢ᠃
ᠳᠤᠮᠳᠠᠳᠤ ᠶᠧᠵᠢᠫᠲ᠎ᠦᠨ ᠬᠢᠵᠢᠭ᠎ᠲᠡᠶ ᠲᠡᠮᠡᠴᠡᠬᠦ᠌ ᠬᠠᠮᠲᠤᠷᠠᠯᠴᠠᠭ᠎ᠠ 2020 ᠣᠨ᠎ᠤ 3 ᠰᠠᠷ᠎ᠠ᠎ᠶ᠋ᠢᠨ 1᠎ᠤ᠋ ᠡᠳᠦᠷ᠎ᠡᠴᠡ ᠡᠬᠢᠯᠡᠪᠡ᠃ 2021 ᠣᠨ᠎ᠤ 2 ᠰᠠᠷ᠎ᠠ᠎ᠶ᠋ᠢᠨ 23 ᠤ᠋ ᠡᠳᠦᠷ᠂ ᠳᠤᠮᠳᠠᠳᠤ ᠤᠯᠤᠰ᠎ᠠᠴᠠ ᠶᠧᠵᠢᠫᠲᠢ ᠲᠤᠰᠠᠯᠠᠭ᠍ᠰᠠᠨ ᠠᠩᠬᠠᠳᠠᠭ᠍ᠴᠢ ᠪᠦᠯᠦᠭ ᠱᠢᠨ᠎ᠡ ᠲᠢᠲᠢᠮᠯᠢᠭ ᠸᠢᠷᠦ᠋ᠰ᠎ᠦᠨ ᠸᠠᠺᠼᠢᠨ᠎ᠢ ᠺᠠᠢ᠌ᠷᠣ᠋ᠳᠤ ᠬᠦᠷᠭᠡᠵᠦ᠍᠂ ᠠᠷᠠᠪ᠎ᠤᠨ ᠤᠯᠤᠰ᠎ᠤᠳ᠎ᠤᠨ ᠬᠣᠯᠪᠣᠭ᠎ᠠ᠎ᠶ᠋ᠢᠨ ᠨᠠᠷᠢᠨ ᠪᠢᠴᠢᠭ᠎ᠦᠨ ᠭᠠᠵᠠᠷ᠎ᠢ ᠲᠤᠰᠠᠯᠠᠭ᠍ᠰᠠᠨ ᠱᠢᠨ᠎ᠡ ᠲᠢᠲᠢᠮᠯᠢᠭ ᠸᠢᠷᠦ᠋ᠰ᠎ᠦᠨ ᠸᠠᠺᠼᠢᠨ ᠴᠤ᠌ ᠨᠢᠰᠭᠡᠯ᠎ᠢᠶᠡᠷ ᠬᠠᠮᠲᠤ ᠬᠦᠷᠪᠡ᠃ ᠡᠨᠡ ᠵᠢᠯ᠎ᠦᠨ 4 ᠰᠠᠷ᠎ᠠ᠎ᠳᠤ᠂ ᠺᠸ ᠱᠢᠩ ᠺᠣᠮᠫᠠᠨᠢ ᠪᠠ ᠶᠧᠵᠢᠫᠲ᠎ᠦᠨ ᠠᠮᠢᠳᠤ ᠪᠣᠳᠠᠰ᠎ᠤᠨ ᠪᠦᠲᠦᠭᠡᠭ᠌ᠳᠡᠬᠦᠨ ᠪᠣᠯᠤᠨ ᠸᠠᠺᠼᠢᠨ᠎ᠤ ᠺᠣᠮᠫᠠᠨᠢ ᠬᠠᠮᠳᠤᠷᠠᠨ ᠶᠧᠵᠢᠫᠲ ᠲᠤ ᠺᠸ ᠱᠢᠩ ᠸᠠᠺᠼᠢᠨ᠎ᠢ ᠦᠢᠯᠡᠳᠪᠦᠷᠢᠯᠡᠬᠦ᠌ ᠵᠥᠪᠯᠡᠯᠴᠡᠭᠡᠷ ᠲᠤᠬᠢᠷᠠᠯᠴᠠᠪᠠ᠃ 5 ᠰᠠᠷ᠎ᠠ᠎ᠳᠤ᠂ ᠶᠧᠵᠢᠫᠲ᠎ᠦᠨ ᠳᠤᠮᠳᠠᠳᠤ ᠤᠯᠤᠰ᠎ᠠᠴᠠ ᠬᠤᠳᠠᠯᠳᠤᠨ ᠠᠪᠤᠭ᠍ᠰᠠᠨ ᠠᠩᠬᠠᠳᠠᠭ᠍ᠴᠢ ᠪᠦᠯᠦᠭ ᠺᠸ ᠱᠢᠩ ᠸᠠᠺᠼᠢᠨ᠎ᠤ ᠲᠦᠭᠦᠬᠡᠢ ᠱᠢᠩᠭᠡᠨ ᠺᠠᠢ᠌ᠷᠣ᠋ ᠳ᠋ᠦ᠍ ᠬᠦᠷᠴᠦ ᠦᠢᠯᠡᠳᠪᠦᠷᠢᠯᠡᠵᠦ ᠡᠬᠢᠯᠡᠭᠰᠡᠨ ᠪᠠᠢᠨ᠎ᠠ᠃
(ᠱᠢᠨᠬᠤᠸᠠ ᠬᠣᠷᠢᠶᠠᠨ᠎ᠤ ᠺᠠᠢ᠌ᠷᠣ᠋ ᠵᠢᠨ 11 ᠰᠠᠷ᠎ᠠ᠎ᠶ᠋ᠢᠨ 1᠎ᠤ᠋ ᠴᠠᠬᠢᠯᠭᠠᠨ ᠮᠡᠳᠡᠭᠡ)
2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号