— ᠪᠦᠬᠦ᠌ ᠤᠯᠤᠰ᠎ᠤᠨ ᠠᠷᠪᠠᠨ ᠨᠢᠭᠡᠳᠦᠭᠡᠷ ᠬᠤᠭᠤᠴᠠᠭᠠᠨ ᠤ ᠵᠡᠮᠳᠡᠭ᠌ᠴᠦᠳ᠎ᠦᠨ ᠲᠠᠮᠢᠷ ᠤᠨ ᠴᠤᠭ᠍ᠯᠠᠭᠠᠨ ᠵᠢᠴᠢ ᠨᠠᠢ᠍ᠮᠠᠳᠤᠭᠠᠷ ᠬᠤᠭᠤᠴᠠᠭᠠᠨ ᠤ ᠣᠨᠴᠠᠭᠠᠢ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠠᠮᠵᠢᠯᠲᠠ᠎ᠲᠠᠶ ᠡᠷᠬᠢᠯᠡᠭ᠌ᠰᠡᠨ᠎ᠡᠴᠡ ᠮᠠᠨ᠎ᠤ ᠤᠯᠤᠰ᠎ᠤᠨ ᠵᠡᠮᠳᠡᠭ᠌ᠴᠦᠳ᠎ᠦᠨ ᠦᠢᠯᠡᠰ᠎ᠦᠨ ᠬᠥᠭ᠌ᠵᠢᠯᠲᠡ᠎ᠶ᠋ᠢ ᠠᠵᠢᠬᠯᠠᠬᠤᠢ
《ᠲᠦᠨᠡᠷ ᠬᠠᠷᠠᠩᠭᠤᠶ》᠎ᠶ᠋ᠢᠨ ᠳᠤᠮᠳᠠ᠂ ᠰᠣᠬᠣᠷ ᠬᠥᠮᠦᠨ᠎ᠦ ᠬᠥᠯ ᠪᠥᠮᠪᠥᠭᠡ᠎ᠶ᠋ᠢᠨ ᠠᠩᠭᠢ᠎ᠶ᠋ᠢᠨ ᠭᠡᠱᠢᠭᠦᠳ ᠨᠠᠷᠢᠨ ᠣᠨᠣᠴᠠᠲᠠᠶ᠎ᠪᠠᠷ ᠪᠦᠮᠪᠦᠭᠡ ᠪᠤᠯᠢᠶᠠᠯᠳᠤᠨ᠂ ᠤᠷᠠᠨ ᠳᠡᠮᠲᠡᠶᠪᠡᠷ ᠡᠰᠡᠷᠭᠦ ᠡᠲᠡᠭᠡᠳ ᠲᠠᠢ ᠪᠠᠨ ᠦᠷᠢᠰᠦᠯᠳᠦᠨ᠎ᠠ᠂ ᠬᠦᠰᠡᠯ ᠵᠡᠭᠦᠳᠦ᠍᠎ᠨᠢ ᠲᠡᠳᠡᠨ᠎ᠳᠤ ᠤᠷᠤᠭ᠍ᠰᠢᠯᠠᠬᠤ ᠴᠢᠭ᠌ᠯᠡᠯ᠎ᠢ ᠵᠢᠭᠠᠵᠤ ᠦᠭᠴᠡᠢ ; 42.195 ᠺᠢᠯᠤᠮᠧᠲᠷ᠎ᠤᠨ ᠤᠷᠤᠯᠳᠤᠭᠠᠨ᠎ᠤ ᠵᠠᠮ᠎ᠳᠤ᠂ ᠮᠠᠷᠠᠰᠤᠨ ᠬᠦᠷᠳᠦᠲᠤ ᠰᠠᠨᠳᠠᠯᠢ ᠵᠢᠨ ᠲᠤᠭᠤᠢᠯᠠᠩ᠎ᠤᠨ ᠲᠠᠮᠢᠷᠴᠢᠳ ᠭᠠᠷ ᠲᠡᠬᠡᠷᠡᠬᠢ ᠰᠢᠷᠬ᠎ᠠ ᠰᠤᠷᠪᠢ ᠪᠡᠨ ᠤᠮᠠᠷᠳᠡᠨ᠂ ᠴᠤᠴᠠᠰᠢ ᠦᠬᠡᠢ ᠲᠡᠮᠡᠴᠡᠨ ᠬᠦᠴᠦᠯᠡᠨ ᠴᠢᠷᠮᠠᠢᠵᠤ᠂ ᠦᠪᠡᠷ᠎ᠢ ᠪᠡᠨ ᠢᠯᠠᠨ ᠲᠠᠪᠠᠨ᠎ᠠ᠂ ᠵᠡᠮᠳᠡᠭ ᠮᠠᠬᠠᠪᠤᠳ ᠨᠢ ᠲᠡᠳᠡᠨ᠎ᠤ ᠬᠦᠰᠡᠯ ᠵᠡᠭᠦᠳᠤ ᠪᠡᠨ ᠬᠦᠭᠡᠭᠡᠴᠡᠯᠳᠦᠬᠦ ᠠᠯᠬᠤᠭ᠎ᠠ ᠵᠢ ᠬᠤᠷᠢᠭᠯᠠᠵᠤ ᠴᠢᠳᠠᠬᠤ ᠦᠭᠡᠢ ᠁
ᠲᠦᠷᠦᠭᠦᠬᠡᠨ ᠱᠠᠨᠰᠢ᠎ᠳᠤ ᠶᠠᠪᠤᠭ᠍ᠳᠠᠭ᠍ᠰᠠᠨ ᠪᠥᠬᠥ᠌ ᠤᠯᠤᠰ᠎ᠤᠨ ᠠᠷᠪᠠᠨ ᠨᠢᠭᠡᠳᠦᠭᠡᠷ ᠬᠤᠭᠤᠴᠠᠭᠠᠨ᠎ᠤ ᠵᠡᠮᠳᠡᠭ᠌ᠴᠦᠳ᠎ᠦᠨ ᠲᠠᠮᠢᠷ᠎ᠤᠨ ᠴᠤᠭ᠍ᠯᠠᠭᠠᠨ ᠵᠢᠴᠢ ᠨᠠᠶ᠋ᠮᠠᠳᠤᠭᠠᠷ ᠬᠤᠭᠤᠴᠠᠭᠠᠨ᠎ᠤ ᠣᠨᠴᠠᠭᠠᠶ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠳᠡᠭᠡᠷ᠎ᠡ᠂ ᠪᠥᠬᠥ᠌ ᠤᠯᠤᠰ᠎ᠤᠨ ᠡᠯ᠎ᠡ ᠭᠠᠵᠠᠷ᠎ᠠᠴᠠ ᠬᠦᠷᠦᠯᠴᠡᠨ ᠢᠷᠡᠭ᠌ᠰᠡᠨ 4484 ᠵᠡᠮᠳᠡᠭ ᠲᠠᠮᠢᠷᠴᠢᠨ ᠡᠷᠡᠯᠬᠡᠭ᠌ᠯᠡᠨ ᠴᠢᠷᠮᠠᠢᠨ᠂ ᠴᠥᠬᠥᠷᠡᠰᠢ ᠥᠬᠡᠶ ᠲᠡᠮᠡᠴᠡᠵᠦ᠍᠂ 36 ᠵᠦᠶ᠋ᠯ᠎ᠦᠨ ᠳᠡᠯᠡᠬᠡᠶ᠎ᠶ᠋ᠢᠨ ᠰᠢᠨ᠎ᠡ ᠲᠡᠮᠳᠡᠭ᠌ᠯᠡᠯ᠎ᠢ ᠡᠭᠦᠳᠦᠨ᠂ 179 ᠵᠦᠶ᠋ᠯ᠎ᠦᠨ ᠪᠥᠬᠥ᠌ ᠤᠯᠤᠰ᠎ᠤᠨ ᠰᠢᠨ᠎ᠡ ᠲᠡᠮᠳᠡᠭ᠌ᠯᠡᠯ᠎ᠢ ᠡᠭᠦᠳᠦᠭ᠌ᠰᠡᠨ ᠱᠢᠯᠢᠳᠡᠭ ᠬᠢᠷᠢ ᠪᠦᠲᠦᠮᠵᠢ᠎ᠪᠡᠷ ᠮᠠᠨ᠎ᠤ ᠤᠯᠤᠰ᠎ᠤᠨ ᠱᠢᠨ᠎ᠡ ᠴᠠᠭ ᠦᠶ᠎ᠡ᠎ᠶ᠋ᠢᠨ ᠵᠡᠮᠳᠡᠭ᠌ᠴᠦᠳ᠎ᠦᠨ ᠴᠣᠭ ᠵᠢᠪᠬᠤᠭ᠎ᠠ᠎ᠶ᠋ᠢ ᠢᠯᠡᠷᠡᠭᠦᠯᠪᠡ᠃
ᠲᠣᠣᠺᠢᠣ᠋ ᠳ᠋ᠤ ᠳᠤᠮᠳᠠᠳᠤ ᠤᠯᠤᠰ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠲᠤᠷᠪᠢᠯᠢᠭ ᠲᠠᠮᠢᠷᠴᠢᠳ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠠᠯᠲᠠᠨ ᠮᠧᠳᠠᠯ᠂ ᠱᠠᠩᠨᠠᠯ᠎ᠤᠨ ᠮᠧᠳᠠᠯ᠎ᠤᠨ 《ᠬᠤᠤᠰ ᠨᠢᠭᠡᠳᠦᠭᠡᠷ》᠎ᠢ᠋ ᠵᠠᠯᠭᠠᠭ᠎ᠠ᠎ᠪᠠᠷ ᠲᠠᠪᠤᠳᠠᠬᠢ ᠤᠳᠠᠭ᠎ᠠ ᠪᠡᠶᠡᠯᠡᠭᠦᠯᠦᠭ᠌ᠰᠡᠨ᠎ᠢ ᠭᠡᠷᠡᠴᠢᠯᠡᠯᠡ᠃ ᠬᠡᠷᠪᠡ ᠴᠠᠭ᠎ᠤᠨ ᠵᠠᠢ ᠵᠢ ᠳᠠᠬᠢᠨ ᠤᠷᠲᠤᠳᠭᠠᠪᠠᠯ᠂ ᠦᠢᠷ᠎ᠡ᠎ᠶ᠋ᠢᠨ ᠲᠠᠪᠤᠬᠠᠨ ᠵᠢᠯ᠎ᠳᠦ᠂ ᠳᠤᠮᠳᠠᠳᠤ ᠤᠯᠤᠰ᠎ᠤᠨ ᠵᠡᠮᠳᠡᠭ ᠲᠠᠮᠢᠷᠴᠢᠳ ᠳᠠᠷᠤᠶ 160 ᠵᠦᠢᠯ᠎ᠦᠨ ᠣᠯᠠᠨ ᠤᠯᠤᠰ᠎ᠤᠨ ᠤᠷᠤᠯᠳᠤᠭᠤᠨ᠎ᠳᠤ 1114 ᠠᠯᠲᠠᠨ ᠮᠧᠳᠠᠯ ᠣᠯᠤᠭ᠍ᠰᠠᠨ ᠪᠠᠢᠨ᠎ᠠ᠃
ᠤᠷᠤᠯᠳᠤᠭᠠᠨ᠎ᠤ ᠲᠠᠯᠠᠪᠤᠷ᠎ᠲᠠᠬᠢ ᠵᠡᠮᠳᠡᠭ ᠲᠠᠮᠢᠷᠴᠢᠳ᠎ᠤᠨ ᠰᠢᠯᠢᠳᠡᠭ ᠢᠯᠡᠷᠡᠯ ᠪᠣᠯ ᠮᠠᠨ᠎ᠤ ᠤᠯᠤᠰ᠎ᠤᠨ 8500 ᠲᠦᠮᠡᠨ ᠵᠡᠮᠳᠡᠭ᠌ᠴᠦᠳ᠎ᠦᠨ ᠬᠦᠰᠡᠯ ᠵᠡᠭᠦᠳᠦ᠍᠎ᠪᠡᠨ ᠲᠡᠷᠬᠡᠯᠰᠢᠬᠦᠯᠬᠦ ᠵᠢᠨ ᠲᠦᠯᠦᠬᠡᠨᠡ ᠡᠷᠡᠮᠡᠬᠡᠢᠯᠡᠨ ᠤᠷᠤᠭ᠍ᠰᠢᠯᠠᠵᠤ ᠪᠠᠢᠭ᠎ᠠ ᠵᠢᠨ ᠬᠤᠷᠢᠶᠠᠩᠭᠤᠢ ᠳᠦᠷᠰᠦ ᠪᠣᠯᠤᠨ᠎ᠠ᠂ ᠨᠡᠩ ᠴᠤ᠌ ᠮᠠᠨ᠎ᠤ ᠤᠯᠤᠰ᠎ᠤᠨ ᠵᠡᠮᠳᠡᠭ᠌ᠴᠦᠳ᠎ᠦᠨ ᠦᠢᠯᠡᠰ᠎ᠦᠨ ᠥᠷᠨᠢᠩᠭᠦᠢ ᠬᠥᠭ᠌ᠵᠢᠯᠲᠡ᠎ᠶ᠋ᠢᠨ ᠬᠠᠮᠤᠭ᠎ᠤᠨ ᠰᠠᠢ᠌ᠨ ᠲᠠᠢᠯᠪᠤᠷᠢᠯᠠᠯᠳᠠ ᠬᠡᠯᠳᠡᠢ᠃
ᠨᠡᠩ ᠤᠯᠠᠨ ᠵᠡᠮᠳᠡᠭ᠌ᠴᠦᠳ᠎ᠢ ᠡᠷᠡᠭᠦᠯᠵᠢᠯ ᠪᠡᠶ᠎ᠡ ᠴᠢᠭᠢᠷᠠᠭ᠍ᠵᠢᠭᠤᠯᠬᠤ ᠬᠥᠳᠡᠯᠭᠡᠭᠡᠨ᠎ᠳᠦ ᠣᠷᠣᠯᠴᠠᠭᠤᠯᠬᠤ᠎ᠶ᠋ᠢᠨ ᠲᠥᠯᠥᠭᠡ᠂ ᠳᠤᠮᠳᠠᠳᠤ ᠤᠯᠤᠰ᠎ᠤᠨ ᠵᠡᠮᠳᠡᠭ᠌ᠴᠦᠳ᠎ᠦᠨ ᠬᠣᠯᠪᠣᠭ᠎ᠠ ᠵᠢᠯ ᠪᠦᠷᠢ 《ᠪᠡᠶ᠎ᠡ ᠴᠢᠭᠢᠷᠠᠭ᠍ᠵᠢᠭᠤᠯᠬᠤ ᠭᠠᠷᠠᠭ》᠂《ᠴᠠᠰᠤ ᠮᠦᠰᠦᠨ᠎ᠤ ᠤᠯᠠᠷᠢᠯ》᠂ 《ᠣᠨᠴᠠᠭᠠᠢ ᠣᠯᠢᠮᠫᠢᠺ᠎ᠤᠨ ᠡᠳᠦᠷ》 ᠵᠡᠷᠭᠡ ᠪᠦᠬᠦ᠌ ᠤᠯᠤᠰ᠎ᠤᠨ ᠲᠦᠷᠦᠯ ᠲᠡᠮᠳᠡᠭ ᠪᠤᠯᠤᠬᠰᠨᠨ ᠪᠡᠶ᠎ᠡ ᠵᠢᠨ ᠲᠠᠮᠢᠷ᠎ᠦᠨ ᠠᠵᠢᠯᠯᠠᠭ᠎ᠠ ᠵᠢ ᠥᠷᠨᠢᠭᠦᠯᠵᠦ᠍ ᠪᠠᠢᠨ᠎ᠠ᠃ ᠡᠯ᠎ᠡ ᠭᠠᠵᠠᠷ᠎ᠤᠨ ᠵᠡᠮᠳᠡᠭ᠌ᠴᠦᠳ᠎ᠦᠨ ᠬᠣᠯᠪᠣᠭ᠎ᠠ ᠦᠨᠳᠦᠰᠦᠨ ᠱᠠᠲᠤᠨ᠎ᠤ ᠵᠡᠮᠳᠡᠭ᠌ᠴᠦᠳ᠎ᠦᠨ ᠣᠯᠠᠨ ᠲᠦᠮᠡᠨᠴᠢ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠢ ᠡᠷᠬᠢᠯᠡᠵᠦ᠍᠂ ᠠᠳᠠᠯᠢ ᠪᠤᠰᠤ ᠲᠥᠷᠥᠯ ᠢᠯᠭᠠᠯ᠎ᠤᠨ ᠵᠡᠮᠳᠡᠭ᠌ᠴᠦᠳ᠎ᠲᠦ ᠲᠣᠬᠢᠷᠠᠬᠰᠠᠨ ᠡᠷᠡᠭᠦᠯᠵᠢᠯ ᠪᠡᠶ᠎ᠡ ᠴᠢᠭᠢᠷᠠᠭ᠍ᠵᠢᠭᠤᠯᠬᠤ ᠪᠡᠶ᠎ᠡ᠎ᠶ᠋ᠢᠨ ᠲᠠᠮᠢᠷ᠎ᠤᠨ ᠲᠥᠷᠥᠯ ᠵᠦᠢᠯ ᠪᠣᠯᠤᠨ ᠬᠡᠯᠪᠡᠷᠢ ᠵᠢ ᠳᠡᠯᠭᠡᠷᠡᠭᠦᠯᠦᠨ ᠲᠦᠭᠡᠮᠡᠯᠵᠢᠭᠦᠯᠦᠭᠰᠡᠨ ᠪᠠᠢᠨ᠎ᠠ᠃ 2020 ᠣᠨ᠎ᠤ ᠡᠴᠦᠰ ᠪᠣᠯᠲᠠᠯ᠎ᠠ᠂ ᠪᠥᠬᠥ᠌ ᠤᠯᠤᠰ᠎ᠲᠤ ᠨᠡᠢᠭᠡᠮ ᠲᠣᠭᠣᠷᠢᠭ᠎ᠤᠨ ᠵᠡᠮᠳᠡᠭ᠌ᠴᠦᠳ᠎ᠦᠨ ᠪᠡᠶ᠎ᠡ ᠴᠢᠭᠢᠷᠠᠭ᠍ᠵᠢᠭᠤᠯᠬᠤ ᠵᠢᠱ᠌ᠢᠶ᠎ᠡ ᠦᠵᠡᠭᠦᠯᠬᠦ᠌ ᠴᠡᠭ᠎ᠢ ᠨᠡᠢᠲᠡ 10675 ᠪᠠᠢᠭᠤᠯᠵᠤ᠂ ᠨᠡᠢᠭᠡᠮ᠎ᠦᠨ ᠪᠡᠶ᠎ᠡ᠎ᠶ᠋ᠢᠨ ᠲᠠᠮᠢᠷ᠎ᠤᠨ ᠵᠡᠮᠳᠡᠭ ᠵᠢᠭᠠᠨ ᠵᠢᠯᠣᠭᠣᠳᠣᠭ᠍ᠴᠢ᠎ᠶ᠋ᠢ 12.5 ᠲᠦᠮᠡ ᠬᠥᠮᠦᠵᠢᠭᠦᠯᠪᠡ᠃ ᠪᠥᠬᠥ᠌ ᠤᠯᠤᠰ᠎ᠤᠨ ᠵᠡᠮᠳᠡᠭ᠌ᠴᠦᠳ᠎ᠦᠨ ᠨᠡᠢᠭᠡᠮ ᠲᠣᠭᠣᠷᠢᠭ᠎ᠤᠨ ᠰᠣᠶᠣᠯ ᠪᠡᠶ᠎ᠡ᠎ᠶ᠋ᠢᠨ ᠲᠠᠮᠢᠷ᠎ᠤᠨ ᠠᠵᠢᠯᠯᠠᠭ᠎ᠠ᠎ᠳᠤ ᠣᠷᠣᠯᠴᠠᠭ᠍ᠰᠠᠨ ᠨᠣᠷᠮ᠎ᠠ ᠨᠢ 《ᠠᠷᠪᠠᠨ ᠬᠣᠶᠠᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠰᠡᠭᠦᠯᠴᠢ᠎ᠶ᠋ᠢᠨ ᠬᠤᠭᠤᠴᠠᠭᠠᠨ᠎ᠤ 6.8% ᠪᠠᠢᠭ᠍ᠰᠠᠨ᠎ᠠᠴᠠ᠎ᠪᠠᠨ 《ᠠᠷᠪᠠᠨ ᠭᠤᠷᠪᠠᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠡᠭᠦᠯᠴᠢ᠎ᠶ᠋ᠢᠨ ᠬᠤᠭᠤᠴᠠᠭᠠᠨ᠎ᠤ 17.8% ᠪᠣᠯᠤᠨ ᠲᠡᠭᠡᠭᠰᠢᠯᠡᠪᠡ᠃
ᠡᠷᠡᠭᠦᠯᠵᠢᠯ᠎ᠦᠨ ᠦᠶ᠋ᠯᠡᠴᠢᠯᠡᠭᠡ ᠪᠣᠯ ᠵᠡᠮᠳᠡᠭ᠌ᠴᠦᠳ᠎ᠦᠨ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠰᠠᠢᠵᠢᠷᠠᠭᠤᠯᠬᠤ ᠴᠢᠬᠤᠯᠠ ᠠᠷᠭ᠎ᠠ ᠵᠠᠮ ᠮᠥᠨ᠃ 《ᠠᠷᠪᠠᠨ ᠭᠤᠷᠪᠠᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠵᠢᠨ ᠬᠤᠭᠤᠴᠠᠭᠠᠨ᠎ᠳᠤ᠂ 96.7 ᠲᠦᠮᠡᠨ ᠬᠥᠮᠦᠨ ᠤᠳᠠᠭ᠎ᠠ ᠵᠢᠨ ᠵᠡᠮᠳᠡᠭ ᠬᠡᠦᠬᠡᠳ᠎ᠢ ᠡᠷᠡᠭᠦᠯᠵᠢᠭᠦᠯᠦᠨ ᠠᠪᠤᠷᠠᠨ ᠲᠤᠰᠠᠯᠠᠵᠤ᠂ ᠵᠡᠮᠳᠡᠭ᠌ᠴᠦᠳ᠎ᠦᠨ ᠡᠷᠡᠭᠦᠯᠵᠢᠯ᠎ᠦᠨ ᠦᠨᠳᠦᠰᠦᠨ ᠦᠶ᠋ᠯᠡᠴᠢᠯᠡᠭᠡᠨ᠎ᠦ ᠪᠦᠷᠬᠦᠴᠡ᠎ᠶ᠋ᠢᠨ ᠨᠣᠷᠮ᠎ᠠ᠂ ᠲᠤᠰᠠᠯᠠᠬᠤ ᠪᠠᠭᠠᠵᠢ ᠬᠡᠷᠡᠭ᠌ᠰᠡᠯ᠎ᠦᠨ ᠲᠣᠬᠢᠷᠠᠭᠤᠯᠤᠯᠲᠠ᠎ᠶ᠋ᠢᠨ ᠨᠣᠷᠮ᠎ᠠ ᠴᠥᠮ 80% ᠶ᠋ᠢ ᠳᠠᠪᠠᠪᠠ᠃
ᠵᠡᠮᠳᠡᠭ᠌ᠴᠦᠳ ᠨᠢᠬᠡᠪᠦᠷᠢ ᠵᠢ ᠰᠠᠢᠨ ᠰᠠᠢᠬᠠᠨ ᠠᠮᠢᠳᠤᠷᠠᠯ᠎ᠲᠠᠶ ᠪᠣᠯᠭᠠᠬᠤ ᠨᠢ ᠰᠤᠷᠭᠠᠨ ᠬᠥᠮᠦᠵᠢᠯ᠎ᠢ ᠲᠦᠭᠡᠮᠡᠯᠵᠢᠭᠦᠯᠬᠦ᠌ ᠪᠠ ᠠᠵᠢᠯ ᠣᠯᠭᠣᠯᠲᠠ᠎ᠶ᠋ᠢᠨ ᠨᠤᠷᠮ᠎ᠠ᠎ᠶ᠋ᠢ ᠳᠡᠭᠡᠭ᠌ᠰᠢᠯᠡᠭᠦᠯᠬᠦ᠌᠎ᠡᠴᠡ ᠰᠠᠯᠵᠤ ᠴᠢᠳᠠᠬᠤ ᠦᠭᠡᠢ ᠶᠤᠮ᠃
《ᠠᠷᠪᠠᠨ ᠭᠤᠷᠪᠠᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠣᠨᠴᠠᠭᠠᠢ ᠰᠤᠷᠭᠠᠨ ᠬᠥᠮᠦᠵᠢᠯ᠎ᠦᠨ ᠰᠤᠷᠭᠠᠭᠤᠯᠢ ᠳ᠋ᠡᠬᠢ ᠰᠤᠷᠤᠭ᠍ᠴᠢᠳ 2015 ᠣᠨ᠎ᠤ 44 ᠲᠦᠮᠡᠨ ᠬᠥᠮᠦᠨ ᠪᠠᠢᠭ᠍ᠰᠠᠨ᠎ᠠᠴᠠ 2020 ᠤᠨ ᠪᠣᠯᠬᠤ᠎ᠳᠤ 88 ᠲᠦᠮᠡᠨ ᠬᠥᠮᠦᠨ ᠪᠤᠯᠵᠤ ᠨᠡᠮᠡᠭᠳᠡᠪᠡ᠃ ᠵᠡᠮᠳᠡᠭ ᠬᠡᠦᠬᠡᠳ᠎ᠦᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠰᠤᠷᠭᠠᠭᠤᠯᠢ᠎ᠳᠤ ᠣᠷᠣᠬᠤ ᠨᠣᠷᠮ᠎ᠠ 95% ᠡᠴᠡ ᠳᠡᠭᠡᠭ᠌ᠰᠢ ᠪᠤᠯᠵᠤ᠂ 57477 ᠵᠡᠮᠳᠡᠭ᠌ᠴᠦᠳ ᠡᠩ᠎ᠦᠨ ᠶᠡᠬᠡ ᠳᠡᠭᠡᠳᠦ ᠰᠤᠷᠭᠠᠭᠤᠯᠢ᠎ᠳᠤ ᠡᠯᠰᠡᠭ᠌ᠳᠡᠪᠡ᠃
ᠠᠵᠢᠯ ᠣᠯᠭᠣᠯᠲᠠ᠎ᠶ᠋ᠢᠨ ᠲᠠᠯ᠎ᠠ᠎ᠪᠠᠷ᠂《ᠠᠷᠪᠠᠨ ᠭᠤᠷᠪᠠᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠮᠠᠨ᠎ᠤ ᠤᠯᠤᠰ᠎ᠤᠨ ᠬᠤᠳᠠ ᠬᠥᠳᠡᠭᠡ᠎ᠶ᠋ᠢᠨ ᠱᠢᠨ᠎ᠡ᠎ᠪᠡᠷ ᠨᠡᠮᠡᠭ᠌ᠳᠡᠭ᠌ᠰᠡᠨ 181 ᠲᠦᠮᠡᠨ ᠵᠡᠮᠳᠡᠭ᠌ᠴᠦᠳ᠎ᠲᠦ ᠠᠵᠢᠯ ᠣᠯᠭᠣᠵᠤ᠂ ᠵᠢᠯ ᠪᠦᠷᠢ ᠳᠤᠮᠳᠠᠴᠢ᠎ᠪᠠᠷ 40 ᠲᠦᠮᠡᠨ ᠵᠡᠮᠳᠡᠭ᠌ᠴᠦᠳ ᠵᠠᠰᠠᠭ᠎ᠤᠨ ᠣᠷᠳᠣᠨ ᠡᠴᠡ ᠨᠥᠬᠥᠪᠥᠷᠢ ᠦᠭᠬᠦ ᠠᠵᠢᠯ ᠮᠡᠷᠭᠡᠵᠢᠯ᠎ᠦᠨ ᠪᠣᠯᠪᠠᠰᠤᠷᠠᠯ᠎ᠤᠨ ᠲᠦᠷᠦᠯ ᠵᠦᠢᠯ᠎ᠳᠦ ᠣᠷᠣᠯᠴᠠᠪᠠ᠃
ᠵᠡᠮᠳᠡᠭ᠌ᠴᠦᠳ᠎ᠢ ᠨᠡᠢᠭᠡᠮ᠎ᠦᠨ ᠠᠮᠢᠳᠤᠷᠠᠯ᠎ᠳᠤ ᠡᠷᠬᠡ ᠲᠡᠭ᠌ᠰᠢ᠎ᠪᠡᠷ ᠣᠷᠣᠯᠴᠠᠭᠤᠯᠬᠤ᠎ᠳᠤ ᠪᠦᠬᠦ᠌ ᠨᠡᠢᠭᠡᠮ᠎ᠦᠨ ᠬᠠᠮᠲᠤ᠎ᠶ᠋ᠢᠨ ᠴᠢᠷᠮᠠᠢᠯᠭ᠎ᠠ ᠡᠴᠡ ᠰᠠᠯᠵᠤ ᠴᠢᠳᠠᠬᠤ ᠦᠭᠡᠢ᠃
ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠵᠢᠴᠢ ᠣᠨᠴᠠᠭᠠᠢ ᠣᠯᠢᠮᠫᠢᠺ ᠤᠨ ᠲᠠᠮᠢᠷ᠎ᠤᠨ ᠴᠤᠭ᠍ᠯᠠᠭᠠᠨ᠎ᠤ ᠬᠤᠭᠤᠴᠠᠭᠠᠨ᠎ᠳᠤ᠂ ᠰᠢ ᠠᠨ᠎ᠤ ᠠᠭᠠᠷ᠎ᠤᠨ ᠠᠶᠠᠯᠠᠯ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠡᠴᠡ ᠢᠷᠡᠭᠰᠡᠨ ᠰᠠᠢ᠌ᠨ ᠲᠤᠷ᠎ᠠ ᠵᠢᠨ ᠠᠵᠢᠯᠳᠠᠨ ᠸᠠᠩ ᠵᠧ ᠮᠠᠰᠢ ᠶᠠᠭᠠᠷᠠᠤ ᠪᠠᠢᠯ᠎ᠠ᠃ ᠲᠡᠷᠡ ᠡᠳᠦᠷ ᠪᠦᠷᠢ ᠬᠦᠨᠳᠦ ᠬᠥᠩᠭᠡᠨ ᠲᠠᠮᠢᠷ᠎ᠤᠨ ᠤᠷᠤᠯᠳᠤᠭᠠᠨ᠎ᠤ ᠱᠠᠩᠨᠠᠯ ᠣᠯᠭᠣᠬᠤ ᠶᠣᠰᠣᠯᠠᠯ᠎ᠳᠤ ᠰᠡᠭᠦᠳᠡᠷ ᠲᠠᠲᠠᠵᠤ ᠦᠭᠬᠦ ᠠᠵᠢᠯ᠎ᠢ ᠬᠠᠷᠢᠭᠤᠴᠠᠨ᠎ᠠ᠃ 《ᠡᠳᠦᠷ ᠲᠤ᠌ ᠳᠤᠮᠳᠠᠴᠢ᠎ᠪᠠᠷ 20 ᠭᠠᠷᠤᠢ ᠲᠠᠯᠠᠪᠤᠷ ᠰᠡᠭᠦᠳᠡᠷᠯᠡᠨ᠎ᠡ᠃ ᠬᠡᠳᠦᠢᠪᠡᠷ ᠶᠠᠳᠠᠷᠠᠯᠲᠠᠶ ᠪᠣᠯᠪᠠᠴᠤ᠌᠂ ᠰᠡᠭᠦᠳᠡᠷᠯᠡᠬᠦ᠌ ᠮᠠᠱᠢᠨ᠎ᠢᠶᠠᠷ᠎ᠢᠶᠡᠨ ᠲᠡᠳᠡᠨ᠎ᠦ ᠱᠠᠩᠨᠠᠯ ᠣᠯᠭᠣᠬᠤ ᠲᠠᠢᠰᠠᠨ ᠳᠡᠭᠡᠷᠡᠬᠢ ᠪᠠᠶᠠᠷ ᠲᠤᠬᠳᠤᠯᠤᠯᠢ ᠲᠡᠮᠳᠡᠭ᠌ᠯᠡᠬᠦ ᠨᠢ ᠮᠠᠰᠢ ᠵᠢᠷᠭᠠᠯ ᠲᠠᠢ ᠰᠠᠨᠠᠬᠳᠠᠬᠤ ᠶᠤᠮ》 ᠭᠡᠵᠦ᠍ ᠸᠠᠩ ᠵᠧ ᠬᠡᠯᠡᠨ᠎ᠡ᠃
ᠵᠡᠮᠳᠡᠭ ᠲᠠᠮᠢᠷᠴᠢᠳ᠎ᠢ ᠬᠠᠮᠤᠭ᠎ᠤᠨ ᠰᠠᠢᠨ ᠪᠠᠢᠳᠠᠯ᠎ᠢᠶᠠᠷ ᠤᠷᠤᠯᠳᠤᠭᠠᠨ᠎ᠳᠤ ᠣᠷᠣᠯᠴᠠᠭᠤᠯᠬᠤ᠎ᠶ᠋ᠢᠨ ᠲᠥᠯᠥᠭᠡ᠂ 7380 ᠤᠷᠤᠯᠳᠤᠭᠠᠨ᠎ᠤ ᠰᠠᠢᠨ ᠲᠤᠷᠠᠴᠤᠳ᠂ 1.2 ᠲᠦᠮᠡ ᠭᠠᠷᠤᠶ ᠬᠤᠳᠠ ᠵᠢᠨ ᠰᠠᠢᠨ ᠲᠤᠷᠠᠴᠤᠳ ᠪᠠ 13.5 ᠲᠦᠮᠡ ᠭᠠᠷᠤᠶ ᠨᠡᠢᠭᠡᠮ ᠤ᠋ᠨ ᠰᠠᠢᠨ ᠲᠤᠷᠠᠴᠤᠳ ᠲᠣᠰ ᠬᠤᠭᠤᠴᠠᠭᠠᠨ᠎ᠤ ᠵᠡᠮᠳᠡᠭ᠌ᠴᠦᠳ᠎ᠦᠨ ᠣᠨᠴᠠᠭᠠᠶ ᠣᠯᠢᠮᠫᠢᠺ᠎ᠤᠨ ᠲᠠᠮᠢᠷ ᠤ᠋ᠨ ᠴᠤᠭ᠍ᠯᠠᠭᠠᠨ᠎ᠳᠤ ᠣᠷᠣᠯᠴᠠᠵᠠᠶ᠂ ᠡᠭᠦᠨ᠎ᠳᠦ ᠵᠡᠮᠳᠡᠭ ᠲᠠᠮᠢᠷᠴᠢᠳ᠎ᠤᠨ ᠤᠷᠤᠯᠳᠤᠭᠠᠨ ᠪᠠ ᠠᠮᠢᠳᠤᠷᠠᠯᠳᠤᠨᠢ ᠲᠤᠰᠭᠠᠶ ᠦᠶ᠋ᠯᠡᠴᠢᠯᠡᠬᠦ 770 ᠭᠠᠷᠤᠶ ᠰᠠᠢᠨ ᠲᠤᠷᠠᠴᠤᠳ ᠪᠠᠭ᠍ᠲᠠᠨ᠎ᠠ᠃
ᠤᠷᠤᠯᠳᠤᠭᠠᠨ᠎ᠤ ᠲᠠᠯᠠᠪᠤᠷ ᠢ᠋ ᠲᠤᠰᠭᠠᠢᠯᠠᠨ ᠵᠡᠮᠳᠡᠭ ᠲᠠᠮᠢᠷᠴᠢᠳ᠎ᠤᠨ ᠶᠠᠪᠤᠵᠤ ᠰᠠᠭᠤᠬᠤ᠎ᠳᠤ ᠲᠦᠬᠦᠮ ᠪᠤᠯᠭᠠᠵᠤ ᠥᠭᠡᠷᠡᠴᠢᠯᠡᠯᠲᠡ ᠬᠢᠭᠰᠡᠨ ᠨᠢ ᠲᠤᠰ ᠬᠤᠶᠠᠷ ᠤᠳᠠᠭ᠎ᠠ ᠵᠢᠨ ᠲᠠᠮᠢᠷ᠎ᠤᠨ ᠴᠤᠬᠯᠠᠭᠠᠨ᠎ᠤ ᠤᠨᠴᠠᠯᠢᠭ ᠶᠤᠮ᠃ ᠱᠠᠨᠰᠢ᠎ᠶ᠋ᠢᠨ ᠪᠤᠤᠵᠢ᠎ᠶ᠋ᠢᠨ ᠤᠷᠤᠯᠳᠤᠭᠠᠨ᠎ᠤ ᠲᠠᠯᠠᠪᠤᠷ᠎ᠲᠤ ᠥᠨᠳᠥᠷ ᠪᠣᠭᠣᠨᠢ ᠨᠢ ᠠᠳᠠᠯᠢ ᠪᠤᠰᠤ ᠬᠡᠰᠡᠭ᠎ᠲᠦ ᠨᠠᠯᠠᠸ᠋ ᠵᠠᠮ ᠭᠠᠷᠭᠠᠵᠤ᠂ ᠢᠷᠮᠡᠭ᠌᠎ᠲᠦ ᠬᠡᠷᠡᠮ ᠳᠡᠭᠡᠷ᠎ᠡ ᠵᠥᠭᠡᠯᠡᠨ ᠪᠦᠰ ᠲᠠᠭᠠᠷᠠᠭᠤᠯᠵᠤ᠂ ᠱᠢᠯ ᠡᠭᠦᠳᠡ ᠪᠠ ᠰᠢᠯ ᠴᠣᠩᠬᠣᠨ ᠳᠡᠭᠡᠷ᠎ᠡ ᠰᠠᠨᠠᠭᠤᠯᠤᠮᠵᠢ ᠵᠢᠨ ᠪᠢᠴᠢᠭ ᠨᠠᠭᠠᠪᠠ ᠁ ᠥᠨᠴᠥᠭ ᠪᠤᠯᠤᠩ ᠪᠦᠷᠢᠳᠦ ᠴᠥᠮ ᠦᠪᠡᠳᠡᠭ᠌ᠰᠢ ᠬᠤᠷᠠᠯ᠎ᠤᠨ ᠵᠡᠮᠳᠡᠭᠴᠤᠳ ᠲᠤ᠌ ᠬᠠᠨᠳᠤᠭᠤᠯᠤᠬᠰᠠᠨ ᠬᠠᠯᠠᠭᠤᠨ ᠳᠤᠯᠠᠭᠠᠨ ᠢ᠋ ᠢᠯᠡᠷᠡᠭᠦᠯᠦᠭᠰᠡᠨ ᠪᠠᠢᠨ᠎ᠠ᠃
ᠤᠷᠤᠯᠳᠤᠭᠠᠨ᠎ᠤ ᠲᠠᠯᠠᠪᠤᠷ᠎ᠤᠨ ᠭᠠᠳᠠᠨ᠎ᠠ᠂ 《ᠡᠷᠬᠡ ᠲᠡᠭ᠌ᠰᠢ ᠂ ᠬᠠᠮᠳᠤ ᠪᠡᠷ ᠤᠷᠤᠯᠴᠠᠬᠤ᠂ ᠬᠠᠮᠲᠤ᠎ᠪᠠᠷ ᠡᠳ᠋ᠯᠡᠬᠦ᠌》 ᠵᠡᠮᠳᠡᠭ᠌ᠴᠦᠳ᠎ᠦᠨ ᠬᠥᠭ᠌ᠵᠢᠯᠲᠡ᠎ᠶ᠋ᠢᠨ ᠣᠢᠯᠠᠭᠠᠭ᠍ᠳᠠᠬᠤᠨ ᠡᠳᠦᠷ ᠢᠷᠡᠬᠦᠶ᠎ᠡ ᠬᠥᠮᠦᠰ᠎ᠦᠨ ᠰᠡᠳᠭᠢᠯ᠎ᠳᠦ ᠭᠦᠨ ᠬᠠᠳᠠᠩᠱᠢᠵᠤ᠂ ᠵᠡᠮᠳᠡᠭᠴᠤᠤᠨ ᠪᠠ ᠡᠷᠡᠭᠦᠯ ᠬᠥᠮᠦᠨ ᠬᠠᠮᠲᠤ᠎ᠪᠠᠷ ᠠᠭᠤᠰᠤᠯᠴᠠᠬᠤ ᠨᠡᠢᠭᠡᠮ᠎ᠦᠨ ᠬᠡᠪ ᠰᠤᠷᠲᠠᠯ ᠶᠠᠭ ᠪᠦᠷᠢᠯᠳᠦᠵᠦ᠍ ᠪᠠᠢᠨ᠎ᠠ᠃
ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠵᠢᠴᠢ ᠣᠨᠴᠠᠭᠠᠢ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠪᠡᠯᠡᠳᠭᠡᠨ ᠡᠷᠭᠢᠯᠡᠬᠦ᠌ ᠠᠵᠠ ᠳᠤᠬᠢᠶᠠᠯ ᠢ᠋ ᠠᠱᠢᠭ᠍ᠯᠠᠨ᠂ ᠱᠠᠨᠰᠢ ᠮᠤᠵᠢ᠎ᠶ᠋ᠢᠨ᠎ᠬᠢᠨ ᠤᠷᠤᠯᠳᠤᠭᠠᠨ᠎ᠳᠤ ᠬᠣᠯᠪᠣᠭ᠍ᠳᠠᠬᠤ ᠲᠠᠯᠠᠪᠤᠷ ᠣᠷᠳᠣᠨ᠎ᠤ ᠡᠷᠬᠢᠨ ᠲᠣᠭᠣᠷᠢᠨ ᠪᠠ ᠨᠡᠢᠭᠡᠮ ᠨᠡᠢᠲᠡ᠎ᠶ᠋ᠢᠨ ᠣᠷᠴᠢᠨ ᠲᠣᠭᠣᠷᠢᠨ᠎ᠤ ᠰᠠᠭᠠᠳ ᠥᠬᠡᠶ ᠪᠠᠢᠬᠤ ᠪᠥᠲᠥᠭᠡᠨ ᠪᠠᠢᠭᠤᠯᠤᠯᠲᠠ᠎ᠶ᠋ᠢ ᠬᠦᠴᠦᠯᠡᠨ ᠠᠬᠢᠭᠤᠯᠵᠤ ᠂ ᠵᠠᠮ ᠬᠠᠷᠢᠯᠴᠠᠭᠠᠨ᠎ᠤ ᠬᠦᠶ᠋ᠰᠦ ᠭᠠᠵᠠᠷ ᠵᠢᠴᠢ ᠤᠷᠤᠯᠳᠤᠭᠠᠨ᠎ᠳᠤ ᠬᠣᠯᠪᠣᠭ᠍ᠳᠠᠬᠤ ᠬᠣᠲᠠ (ᠲᠣᠭᠣᠷᠢᠭ)᠎ᠶ᠋ᠢᠨ ᠬᠤᠳᠠᠯᠳᠤᠭᠠᠨ᠎ᠤ ᠲᠠᠯᠠᠪᠤᠷ ᠂ ᠡᠮᠨᠡᠯᠭᠡ᠎ᠶ᠋ᠢᠨ ᠬᠣᠷᠢᠶ᠎ᠠ᠂ ᠦᠵᠡᠮᠵᠢ᠎ᠶ᠋ᠢᠨ ᠴᠡᠭ᠂ ᠵᠣᠴᠢᠳ᠎ᠤᠨ ᠪᠠᠭᠤᠳᠠᠯ ᠵᠡᠷᠭᠡ ᠲᠠᠯᠠᠪᠤᠷ᠎ᠢ ᠦᠭᠡᠷᠡᠴᠢᠯᠡᠨ ᠱᠢᠯᠢᠳᠡᠭ᠌ᠵᠢᠭᠦᠯᠪᠡ᠃
《ᠡᠲᠡᠭᠡᠷ ᠠᠵᠢᠯ᠎ᠢ ᠥᠷᠨᠢᠭᠦᠯᠦᠭ᠌ᠰᠡᠨ ᠨᠢ ᠪᠢᠳᠡᠨ᠎ᠦ ᠲᠠᠷᠠᠭᠠᠴᠢ᠎ᠶ᠋ᠢᠨ ᠠᠯᠬᠤᠮ᠎ᠳᠤ ᠰᠠᠭᠠᠳ ᠥᠬᠡᠶ ᠪᠠᠢᠬᠤ ᠲᠥᠬᠥᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ ᠪᠠ ᠥᠭᠡᠷᠡᠴᠢᠯᠡᠯᠲᠡ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ᠎ᠳᠤ ᠲᠤᠷᠱᠢᠯᠭ᠎ᠠ ᠬᠤᠷᠠᠮᠳᠤᠭᠤᠯᠵᠤ᠂ ᠰᠠᠭᠤᠷᠢ ᠵᠢ ᠲᠠᠯᠪᠢᠵᠤ ᠥᠭ᠌ᠴᠡᠶ》ᠭᠡᠵᠤ ᠱᠠᠨᠰᠢ ᠮᠤᠵᠢ᠎ᠶ᠋ᠢᠨ ᠵᠡᠮᠳᠡᠭ᠌ᠴᠦᠳ᠎ᠦᠨ ᠬᠣᠯᠪᠣᠭ᠎ᠠ᠎ᠶ᠋ᠢᠨ ᠬᠡᠷᠡᠭ ᠡᠷᠬᠢᠯᠡᠭ᠌ᠴᠢᠳ᠎ᠦᠨ ᠳᠠᠷᠤᠭ᠎ᠠ᠂ ᠲᠤᠰ ᠬᠤᠭᠤᠴᠠᠭᠠᠨ᠎ᠤ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠵᠣᠬᠢᠶᠠᠨ ᠪᠠᠢᠭᠤᠯᠬᠤ ᠺᠣᠮᠢᠰ᠎ᠤᠨ ᠭᠦᠢᠴᠡᠳᠭᠡᠬᠦ᠌ ᠳᠡᠳ᠋ ᠨᠠᠷᠢᠨ ᠪᠢᠴᠢᠭ᠎ᠦᠨ ᠳᠠᠷᠤᠭ᠎ᠠ ᠱᠢᠶᠠᠩ ᠬᠣᠩ ᠱᠢᠶᠠ ᠬᠡᠯᠡᠪᠡ᠃
ᠱᠠᠨᠰᠢ᠎ᠪᠠᠷ ᠵᠣᠭ᠍ᠰᠣᠬᠤ ᠦᠭᠡᠢ᠂ ᠡᠳᠦᠭᠡ᠂ ᠪᠦᠬᠦ᠌ ᠨᠡᠢᠭᠡᠮ᠎ᠦᠨ ᠵᠡᠮᠳᠡᠭᠴᠤᠤᠨᠢ ᠬᠠᠯᠠᠮᠵᠢᠯᠠᠬᠰᠡᠨ ᠬᠠᠷᠰᠢ ᠰᠠᠭᠠᠳ ᠦᠭᠡᠢ ᠣᠷᠴᠢᠨ ᠲᠣᠭᠣᠷᠢᠨ᠎ᠤ ᠪᠦᠲᠦᠭᠡᠨ ᠪᠠᠢᠭᠤᠯᠤᠯᠲᠠ ᠡᠳᠦᠷ ᠢᠷᠡᠬᠦᠶ᠎ᠡ ᠲᠡᠭᠦᠯᠳᠡᠷᠵᠢᠵᠤ ᠪᠠᠢᠨ᠎ᠠ᠃ 《ᠠᠷᠪᠠᠨ ᠭᠤᠷᠪᠠᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠳᠤᠮᠳᠠᠳᠤ ᠤᠯᠤᠰ᠎ᠤᠨ ᠵᠡᠮᠳᠡᠭ᠌ᠴᠦᠳ᠎ᠦᠨ ᠬᠣᠯᠪᠣᠭ᠎ᠠ ᠵᠡᠷᠭᠡ ᠰᠠᠯᠠᠭ᠎ᠠ ᠮᠥᠴᠢᠷ 65 ᠲᠦᠮᠡᠨ ᠶᠠᠳᠠᠭᠤ ᠬᠦᠴᠢᠷᠳᠡᠯᠲᠡᠶ ᠡᠷᠦᠬᠡ ᠬᠦᠨᠳᠦ ᠲᠠᠰ᠎ᠤᠨ ᠵᠡᠮᠳᠡᠭ᠌ᠴᠦᠳ᠎ᠦᠨ ᠬᠡᠷ ᠪᠦᠯᠢ᠎ᠳᠦ ᠬᠠᠷᠰᠢ ᠰᠠᠭᠠᠳ ᠥᠬᠡᠶ ᠲᠦᠬᠦᠭᠡᠷᠤᠮᠵᠢ᠎ᠶ᠋ᠢᠨ ᠥᠭᠡᠷᠡᠴᠢᠯᠡᠯᠲᠡ ᠬᠢᠵᠦ᠍ ᠦᠭᠴᠤ᠂ ᠮᠡᠳᠡᠭᠡ ᠵᠠᠩᠭᠢ᠎ᠶ᠋ᠢᠨ ᠬᠠᠷᠰᠢ ᠰᠠᠭᠠᠳ ᠥᠬᠡᠶ ᠲᠦᠬᠦᠭᠡᠷᠤᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠠᠯᠬᠤᠭ᠎ᠠ ᠲᠦᠷᠭᠡᠳᠴᠦ᠍᠂ ᠵᠡᠮᠳᠡᠭ᠌ᠴᠦᠳ᠎ᠦᠨ ᠡᠳᠦᠷ ᠲᠤᠲᠤᠮ᠎ᠤᠨ ᠶᠠᠪᠤᠵᠤ ᠰᠠᠭᠤᠬᠤ᠂ ᠮᠡᠳᠡᠭᠡ ᠵᠠᠩᠭᠢ᠎ᠶ᠋ᠢᠨ ᠰᠣᠯᠢᠯᠴᠠᠭ᠎ᠠ ᠨᠠᠩ ᠲᠥᠬᠥᠮ ᠪᠣᠯᠪᠠ᠃
《ᠣᠯᠠᠨ ᠵᠢᠯ᠎ᠦᠨ ᠲᠤᠷᠰᠢ᠂ ᠤᠯᠤᠰ᠎ᠡᠴᠡ ᠵᠡᠮᠳᠡᠭ᠌ᠴᠦᠳ᠎ᠦᠨ ᠡᠷᠬᠡ ᠠᠱᠢᠭ᠎ᠢ ᠬᠠᠮᠠᠭᠠᠯᠠᠬᠤ ᠵᠢ ᠨᠡᠢᠭᠡᠮ᠎ᠦᠨ ᠬᠥᠭ᠌ᠵᠢᠯᠲᠡ᠎ᠲᠡᠶ ᠤᠶᠠᠯᠳᠤᠭᠤᠯᠤᠭᠰᠠᠭᠠᠷ ᠢᠷᠡᠵᠠᠢ᠃ ᠨᠡᠢᠭᠡᠮ᠎ᠦᠨ ᠣᠷᠴᠢᠨ ᠲᠣᠭᠣᠷᠢᠨ ᠨᠡᠩ ᠢᠯᠡᠭᠦᠦ ᠪᠠᠭ᠍ᠲᠠᠭᠠᠮᠵᠢᠲᠠᠢ ᠨᠥᠬᠥᠷᠰᠡᠭ ᠪᠤᠯᠵᠤ ᠂ ᠵᠡᠮᠳᠡᠭ᠌ᠴᠦᠳ᠎ᠢ ᠣᠢᠯᠠᠭᠠᠵᠤ᠂ ᠬᠦᠨᠳᠦᠳᠭᠡᠵᠦ᠍᠂ ᠬᠠᠯᠠᠮᠵᠢᠯᠠᠵᠤ᠂ ᠬᠠᠪᠰᠤᠷᠬᠤ ᠨᠡᠢᠭᠡᠮ᠎ᠦᠨ ᠠᠭᠤᠷ ᠠᠮᠢᠰᠭᠤᠯ ᠨᠡᠩ ᠥᠳᠭᠡᠨ ᠪᠣᠯᠪᠠ 》 ᠭᠡᠵᠦ᠍ ᠳᠤᠮᠳᠠᠳᠤ ᠤᠯᠤᠰ᠎ᠤᠨ ᠵᠡᠮᠳᠡᠭ᠌ᠴᠦᠳ᠎ᠦᠨ ᠬᠣᠯᠪᠣᠭ᠎ᠠ᠎ᠶ᠋ᠢᠨ ᠳᠡᠳ᠋ ᠲᠡᠷᠢᠭᠦᠯᠡᠭ᠌ᠴᠢ᠂ ᠬᠡᠷᠡᠭ ᠡᠷᠬᠢᠯᠡᠭ᠌ᠴᠢᠳ᠎ᠦᠨ ᠳᠡᠳ᠋ ᠳᠠᠷᠤᠭ᠎ᠠ ᠴᠧᠩ ᠺᠠᠶ ᠬᠡᠯᠡᠪᠡ᠃
ᠵᠡᠮᠳᠡᠭᠴᠤᠤᠨ ᠪᠠ ᠡᠷᠡᠭᠦᠯ ᠬᠦᠮᠦᠨ ᠬᠠᠮᠲᠤ᠎ᠪᠠᠷ ᠠᠭᠤᠰᠤᠯᠴᠠᠵᠤ᠂ ᠭᠠᠷ ᠬᠣᠯᠪᠣᠯᠴᠠᠨ ᠬᠠᠮᠲᠤ᠎ᠪᠠᠷ ᠤᠷᠤᠭ᠍ᠰᠢᠯᠠᠨ᠎ᠠ᠃
ᠪᠥᠬᠥ᠌ ᠨᠡᠢᠭᠡᠮ᠎ᠦᠨ ᠬᠠᠯᠠᠮᠵᠢᠯᠠᠯ ᠪᠠ ᠬᠠᠪᠰᠤᠷᠤᠯᠭ᠎ᠠ ᠳᠤᠤᠷ᠎ᠠ᠂ ᠮᠠᠨ᠎ᠤ ᠤᠯᠤᠰ᠎ᠤᠨ 8500 ᠲᠦᠮᠡᠨ ᠵᠡᠮᠳᠡᠭ᠌ᠴᠦᠳ ᠶᠠᠭ ᠬᠦᠰᠡᠯ ᠵᠡᠭᠦᠳᠦ᠍᠎ᠪᠠᠨ ᠲᠡᠷᠭᠡᠯᠰᠢᠭᠦᠯᠬᠦ ᠪᠡᠷ ᠥᠪᠡᠷ ᠥᠪᠡᠷ᠎ᠦᠨ ᠠᠮᠢᠳᠤᠷᠠᠯ᠎ᠤᠨ᠎ᠢᠶᠠᠨ ᠤᠷᠤᠯᠳᠤᠭᠠᠨ᠎ᠤ ᠵᠠᠮ᠎ᠳᠤ ᠬᠠᠮᠤᠭ᠎ᠤᠨ ᠢᠷᠠᠭᠤ ᠬᠠᠭᠤᠳᠠᠰᠤ᠎ᠶ᠋ᠢ ᠪᠢᠴᠢᠭ᠌ᠯᠡᠵᠦ᠍ ᠪᠠᠢᠨ᠎ᠠ᠃ (ᠱᠢᠨᠬᠤᠸᠠ ᠬᠣᠷᠢᠶᠠᠨ᠎ᠤ ᠪᠡᠭᠡᠵᠢᠩ᠎ᠦᠨ11ᠰᠠᠷ᠎ᠠ᠎ᠶ᠋ᠢᠨ1᠎ᠤ᠋ ᠴᠠᠬᠢᠯᠭᠠᠨ ᠮᠡᠳᠡᠭᠡ)