ᠰᠣᠶᠣᠯ
ᠪᠣᠯ ᠨᠢᠭᠡ ᠦᠨᠳᠦᠰᠦᠲᠡᠨ᠎ᠤ ᠰᠦᠭ ᠰᠦᠨᠡᠰᠦ᠂ ᠰᠣᠶᠣᠯ᠎ᠤᠨ ᠬᠠᠮᠲᠤ᠎ᠶ᠋ᠢᠨ ᠲᠠᠨᠢᠯᠲᠠ ᠪᠣᠯ ᠦᠨᠳᠦᠰᠦᠲᠡᠨ᠎ᠤ ᠪᠦᠯᠬᠦᠮᠳᠡᠯ᠎ᠤᠨ
ᠦᠨᠳᠦᠰᠦ ᠰᠤᠷᠪᠤᠯᠵᠢ ᠮᠥᠨ᠃ ᠳᠤᠮᠳᠠᠳᠤ᠎ᠶ᠋ᠢᠨ ᠦᠨᠳᠦᠰᠦᠲᠡᠨ᠎ᠤ ᠶᠡᠭᠡ ᠪᠦᠯᠬᠦᠮᠳᠡᠯ᠎ᠢ ᠴᠢᠩᠭᠠᠳᠭᠠᠬᠤ ᠳ᠋ᠦ᠂ ᠠᠯᠤᠰ
ᠬᠡᠳᠦ᠍᠎ᠶ᠋ᠢᠨ ᠪᠠ ᠦᠨᠳᠦᠰᠦᠨ ᠵᠦᠢᠯ ᠪᠣᠯ ᠰᠣᠶᠣᠯ᠎ᠤᠨ ᠬᠠᠮᠳᠤ ᠵᠢᠨ ᠳᠠᠨᠢᠯᠳᠠ ᠵᠢ ᠴᠢᠩᠭᠠᠳᠭᠠᠵᠤ᠂ ᠦᠨᠳᠦᠰᠦᠲᠡᠨ᠎ᠨᠦᠭᠦᠳ᠎ᠤᠨ
ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠴᠤᠭᠴᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ
ᠤᠬᠠᠮᠰᠠᠷ᠎ᠢ ᠢᠳᠡᠪᠬᠢᠲᠡᠢ ᠬᠥᠮᠦᠵᠢᠭᠦᠯᠬᠦ᠌ ᠶᠠᠪᠤᠳᠠᠯ ᠪᠣᠯᠤᠨ᠎ᠠ᠃ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ
ᠠᠵᠢᠯ᠎ᠢ ᠰᠠᠢᠲᠤᠷ ᠬᠢᠬᠦ᠌᠎ᠳᠤ᠂ ᠳᠤᠮᠳᠠᠳᠤ᠎ᠶ᠋ᠢᠨ ᠰᠣᠶᠣᠯ ᠪᠣᠯᠤᠨ ᠦᠨᠳᠦᠰᠦᠲᠡᠨ᠎ᠨᠦᠭᠦᠳ᠎ᠤᠨ ᠰᠣᠶᠣᠯ᠎ᠤᠨ ᠬᠠᠷᠢᠴᠠᠭ᠎ᠠ᠎ᠶ᠋ᠢ
ᠵᠥᠪ ᠡᠵᠡᠮᠳᠡᠵᠦ᠍᠂ ᠦᠨᠳᠦᠰᠦᠲᠡᠨ᠎ᠨᠦᠭᠦᠳ᠎ᠤᠨ ᠳᠤᠮᠳᠠᠳᠤ᠎ᠶ᠋ᠢᠨ ᠰᠣᠶᠣᠯ᠎ᠤᠨ ᠲᠤᠬᠠᠢ ᠬᠠᠮᠲᠤ᠎ᠶ᠋ᠢᠨ ᠲᠠᠨᠢᠯᠲᠠ᠎ᠶ᠋ᠢ
ᠴᠢᠩᠭᠠᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ
ᠦᠵᠡᠯ ᠰᠠᠨᠠᠭᠠᠨ᠎ᠤ ᠰᠠᠭᠤᠷᠢ᠎ᠶ᠋ᠢ ᠪᠠᠬᠢᠵᠢᠭᠦᠯᠵᠦ᠍᠂ ᠤᠶᠤᠨ ᠰᠠᠨᠠᠭᠠᠨ᠎ᠤ ᠠᠤᠭ᠎ᠠ ᠬᠦᠴᠦᠨ᠎ᠢ ᠨᠢᠭ᠍ᠲᠠᠷᠠᠭᠤᠯᠬᠤ
ᠳᠤ ᠪᠤᠢ ᠃
ᠤᠷᠭᠤᠭ᠎ᠠ
ᠮᠣᠳᠣ ᠦᠨᠳᠦᠰᠦ᠎ᠲᠠᠢ᠂ ᠤᠷᠤᠰᠭᠠᠯ ᠤᠰᠤ ᠡᠬᠢ᠎ᠲᠠᠢ᠃ ᠥᠷᠭᠡᠨ ᠳᠡᠯᠭᠡᠷ ᠭᠦᠨ ᠭᠦᠨᠵᠡᠭᠡᠢ᠂ ᠥᠨᠢ ᠤᠳᠠᠭᠠᠨ ᠤᠯᠠᠮᠵᠢᠯᠠᠯ᠎ᠲᠠᠢ
ᠳᠤᠮᠳᠠᠳᠤ᠎ᠶ᠋ᠢᠨ ᠰᠣᠶᠣᠯ ᠪᠣᠯ ᠦᠨᠳᠦᠰᠦᠲᠡᠨ᠎ᠨᠦᠭᠦᠳ᠎ᠤᠨ ᠰᠣᠶᠣᠯ᠎ᠤᠨ ᠬᠤᠷᠠᠮᠳᠤᠯ ᠪᠠᠢᠵᠦ᠂ ᠳᠤᠮᠳᠠᠳᠤ᠎ᠶ᠋ᠢᠨ
ᠦᠨᠳᠦᠰᠦᠲᠡᠨ᠎ᠤ ᠬᠠᠮᠤᠭ᠎ᠤᠨ ᠭᠦᠨ ᠭᠦᠨᠵᠡᠭᠡᠢ ᠤᠶᠤᠨ ᠰᠠᠨᠠᠭᠠᠨ᠎ᠤ ᠬᠥᠭᠡᠭᠡᠴᠡᠯᠳᠦᠯ᠎ᠢ ᠬᠤᠷᠠᠮᠳᠤᠭᠤᠯᠵᠤ᠂ ᠳᠤᠮᠳᠠᠳᠤ᠎ᠶ᠋ᠢᠨ
ᠦᠨᠳᠦᠰᠦᠲᠡᠨ᠎ᠤ ᠦᠶ᠎ᠡ ᠤᠯᠠᠷᠢᠨ ᠣᠷᠣᠱᠢᠨ ᠲᠣᠭ᠍ᠲᠠᠨᠢᠵᠤ ᠬᠥᠭ᠌ᠵᠢᠨ ᠪᠤᠵᠠᠭᠠᠢ᠌ᠷᠠᠬᠤ᠎ᠶ᠋ᠢᠨ ᠡᠯᠪᠡᠭ ᠪᠠᠶᠠᠯᠢᠭ
ᠱᠢᠮ᠎ᠡ ᠲᠡᠵᠢᠭᠡᠯ ᠮᠥᠨ᠃ ᠳᠤᠮᠳᠠᠳᠤ᠎ᠶ᠋ᠢᠨ ᠰᠣᠶᠣᠯ ᠬᠢᠭᠡᠳ
ᠦᠨᠳᠦᠰᠦᠲᠡᠨ ᠨᠤᠬᠦᠳ᠎ᠤᠨ ᠰᠣᠶᠣᠯ ᠪᠣᠯ《ᠭᠤᠣᠯ ᠡᠰᠢ》 ᠬᠢᠭᠡᠳ 《ᠰᠠᠯᠠᠭ᠎ᠠ ᠨᠠᠮᠠᠭ᠎ᠠ》᠎ᠶ᠋ᠢᠨ ᠬᠠᠷᠢᠴᠠᠭ᠎ᠠ ᠮᠥᠨ᠃ ᠨᠢᠭᠡ ᠲᠠᠯ᠎ᠠ᠎ᠪᠠᠷ᠂ ᠦᠨᠳᠦᠰᠦᠲᠡᠨ᠎ᠨᠦᠭᠦᠳ᠎ᠤᠨ ᠱᠢᠯᠢᠳᠡᠭ ᠤᠯᠠᠮᠵᠢᠯᠠᠯᠲᠤ
ᠰᠣᠶᠣᠯ ᠪᠣᠯ ᠴᠥᠮ ᠳᠤᠮᠳᠠᠳᠤ᠎ᠶ᠋ᠢᠨ ᠰᠣᠶᠣᠯ᠎ᠤᠨ ᠪᠦᠷᠢᠯᠳᠦᠬᠦᠨ ᠬᠡᠰᠡᠭ ᠲᠤᠯᠠ ᠦᠨᠳᠦᠰᠦᠲᠡᠨ᠎ᠨᠦᠭᠦᠳ ᠴᠥᠮ ᠳᠤᠮᠳᠠᠳᠤ᠎ᠶ᠋ᠢᠨ
ᠰᠣᠶᠣᠯ᠎ᠤᠨ ᠪᠦᠷᠢᠯᠳᠦᠯ ᠪᠠ ᠬᠥᠭ᠌ᠵᠢᠯᠲᠡ᠎ᠳᠤ ᠬᠤᠪᠢ ᠨᠡᠮᠡᠷᠢ ᠦᠵᠡᠭᠦᠯᠵᠦ᠍᠂ ᠦᠨᠳᠦᠰᠦᠲᠡᠨ ᠨᠢᠭᠡ ᠪᠦᠷᠢ ᠴᠥᠮ
ᠥᠪᠡᠷ᠎ᠤᠨ ᠦᠨᠳᠦᠰᠦᠲᠡᠨ᠎ᠤ᠎ᠪᠠᠨ ᠰᠣᠶᠣᠯ᠎ᠢ ᠬᠥᠭ᠌ᠵᠢᠭᠦᠯᠵᠦ᠍᠂ 《 ᠦᠪᠡᠷ ᠦᠪᠡᠷ᠎ᠤᠨ ᠭᠤᠸ᠎ᠠ
ᠰᠠᠢᠬᠠᠨ ᠵᠢᠡᠷ ᠵᠢᠠᠨ ᠪᠠᠬᠠᠷᠬᠠᠵᠤ᠂ ᠬᠠᠮᠳᠤ ᠵᠢᠨ ᠭᠤᠸ᠎ᠠ ᠰᠠᠢᠬᠠᠨ᠎ᠢ ᠪᠦᠲᠦᠭᠡᠬᠦ 》 ᠴᠢᠬᠤᠯᠠ ᠳᠠᠢ᠃ ᠨᠦᠬᠦᠭᠡ
ᠲᠠᠯ᠎ᠠ᠎ᠪᠠᠷ᠂ ᠦᠨᠳᠦᠰᠦᠲᠡᠨ᠎ᠨᠦᠭᠦᠳ᠎ᠤᠨ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠬᠦ᠌᠎ᠳᠤ᠂ ᠳᠤᠮᠳᠠᠳᠤ᠎ᠶ᠋ᠢᠨ
ᠰᠣᠶᠣᠯ᠎ᠤᠨ ᠲᠤᠬᠠᠢ ᠬᠠᠮᠳᠤ ᠵᠢᠨ ᠳᠠᠨᠢᠯᠳᠠ ᠵᠢ ᠴᠢᠩᠭᠠᠳᠭᠠᠭ᠍ᠰᠠᠨ ᠰᠠᠭᠤᠷᠢᠨ ᠳᠡᠭᠡᠷ᠎ᠡ ᠶᠠᠪᠤᠬᠳᠠᠭᠤᠯᠬᠤ ᠶᠤᠰᠤᠳᠠᠢ
ᠪᠠᠢᠵᠦ᠂ 《ᠦᠨᠳᠦᠰᠦ ᠭᠦᠨ ᠪᠤᠯ
ᠰᠠᠯᠠᠭ᠎ᠠ ᠰᠠᠬᠤᠯᠢᠭ》 ᠭᠡᠳᠡᠭ᠎ᠨᠢ ᠶᠠᠭ 《ᠰᠠᠯᠠᠭ᠎ᠠ ᠨᠠᠮᠠᠭ᠎ᠠ》 ᠪᠡᠷ 《ᠭᠤᠣᠯ ᠡᠰᠢ》 ᠶ᠋ᠢ ᠣᠷᠣᠯᠠᠭᠤᠯᠵᠤ ᠪᠣᠯᠬᠤ ᠦᠭᠡᠢ᠂ ᠡᠬᠢ ᠠᠳᠠᠭ᠎ᠢ ᠲᠣᠩᠭᠤᠷᠠᠭᠤᠯᠵᠤ
ᠪᠣᠯᠬᠤ ᠦᠭᠡᠢ ᠭᠡᠰᠡᠨ ᠦᠭᠡ ᠠᠵᠢ᠃
ᠥᠪᠥᠷ
ᠮᠣᠩᠭᠤᠯ ᠥᠨᠢ ᠤᠳᠠᠭᠠᠨ ᠲᠡᠦᠬᠡ᠎ᠲᠠᠢ᠂ ᠤᠯᠠᠨ ᠶᠠᠩᠵᠤᠳᠤ ᠰᠣᠶᠣᠯ᠎ᠲᠠᠢ᠂ ᠬᠤᠩᠱᠠᠨ᠎ᠤ ᠰᠣᠶᠣᠯ᠂ ᠬᠢᠳᠠᠨ᠎ᠤ ᠯᠢᠶᠣᠤ
ᠤᠯᠤᠰ᠎ᠤᠨ ᠰᠣᠶᠣᠯ᠂ ᠣᠷᠳᠣ ᠴᠠᠭᠠᠨ ᠬᠡᠷᠡᠮ᠎ᠤᠨ ᠰᠣᠶᠣᠯ᠂ ᠪᠣᠷᠣᠲᠣᠬᠤᠶ᠎ᠶ᠋ᠢᠨ ᠲᠠᠷᠢᠶᠠᠯᠠᠬᠤ ᠰᠣᠶᠣᠯ᠂ ᠬᠠᠲᠤᠨ
ᠭᠤᠤᠯ᠎ᠤᠨ ᠰᠣᠶᠣᠯ ᠵᠡᠷᠭᠡ ᠡᠯᠪᠡᠭ ᠪᠠᠶᠠᠯᠢᠭ ᠰᠣᠶᠣᠯ᠎ᠤᠨ ᠡᠬᠢ ᠪᠠᠶᠠᠯᠢᠭ᠎ᠲᠠᠢ᠂ ᠡᠲᠡᠭᠡᠷ ᠰᠣᠶᠣᠯ᠎ᠢ ᠨᠢᠭᠡ
ᠦᠨᠳᠦᠰᠦᠲᠡᠨ ᠡᠭᠦᠳᠦᠨ ᠪᠦᠲᠦᠭᠡᠭ᠌ᠰᠡᠨ ᠪᠢᠰᠢ᠂ ᠪᠠᠰᠠ ᠨᠢᠭᠡ ᠦᠨᠳᠦᠰᠦᠲᠡᠨ᠎ᠳᠤ ᠯᠡ ᠬᠠᠷᠢᠶᠠᠯᠠᠭ᠍ᠳᠠᠬᠤ ᠪᠢᠰᠢ᠂
ᠣᠯᠠᠨ ᠦᠨᠳᠦᠰᠦᠲᠡᠨ ᠬᠠᠮᠲᠤ᠎ᠪᠠᠷ ᠡᠭᠦᠳᠦᠨ ᠪᠦᠲᠦᠭᠡᠭ᠌ᠰᠡᠨ ᠶᠤᠮ᠃ ᠪᠢᠳᠡ ᠳᠤᠮᠳᠠᠳᠤ᠎ᠶ᠋ᠢᠨ ᠦᠨᠳᠦᠰᠦᠲᠡᠨ ᠪᠣᠯᠤᠨ
ᠳᠤᠮᠳᠠᠳᠤ᠎ᠶ᠋ᠢᠨ ᠰᠣᠶᠣᠯ᠎ᠤᠨ ᠤᠯᠠᠨ ᠡᠱᠢᠲᠦ ᠨᠢᠭᠡ ᠴᠣᠭ᠍ᠴᠠ᠎ᠶ᠋ᠢ ᠣᠨᠣᠪᠴᠢᠲᠠᠢ ᠲᠠᠨᠢᠵᠤ᠂ ᠥᠪᠥᠷ ᠮᠣᠩᠭᠤᠯ᠎ᠤᠨ
ᠡᠨᠡ ᠬᠦ᠌ ᠬᠠᠯᠠᠭᠤᠨ ᠬᠥᠷᠥᠰᠥᠨ ᠳᠡᠭᠡᠷ᠎ᠡ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠳᠤᠮᠳᠠᠳᠤ᠎ᠶ᠋ᠢᠨ ᠦᠨᠳᠦᠰᠦᠲᠡᠨ᠎ᠳᠤ
ᠦᠵᠡᠭᠦᠯᠦᠭ᠌ᠰᠡᠨ ᠲᠡᠦᠬᠡᠲᠦ ᠬᠤᠪᠢ ᠨᠡᠮᠡᠷᠢ᠎ᠶ᠋ᠢ ᠣᠨᠣᠪᠴᠢᠲᠠᠢ ᠲᠠᠨᠢᠵᠤ᠂ 《ᠲᠦᠷᠪᠡᠨ ᠬᠠᠮᠲᠤ》ᠵᠢᠨ ᠳᠤᠮᠳᠠᠳᠤ᠎ᠶ᠋ᠢᠨ ᠦᠨᠳᠦᠰᠦᠲᠡᠨ᠎ᠤ ᠲᠡᠦᠬᠡ᠎ᠶ᠋ᠢᠨ ᠦᠵᠡᠯᠲᠡ᠎ᠶ᠋ᠢ
ᠦᠨᠡᠨ ᠬᠦ᠌ ᠪᠠᠲᠤ ᠪᠤᠢ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠳᠤ ᠵᠢᠨ ᠳᠠᠨᠢᠯᠳᠠ᠂ ᠬᠠᠷᠢᠶᠠᠯᠠᠭ᠍ᠳᠠᠬᠤᠢ
ᠰᠡᠳᠭᠢᠯᠭᠡ᠂ ᠣᠮᠣᠭ᠍ᠰᠢᠯ᠎ᠳᠤ ᠰᠡᠳᠭᠢᠯᠭᠡ᠎ᠪᠠᠨ ᠲᠠᠰᠤᠷᠠᠯᠳᠠ ᠦᠭᠡᠢ ᠴᠢᠩᠭᠠᠳᠭᠠᠬᠤ ᠬᠡᠷᠡᠭ᠌ᠲᠡᠢ᠃ ᠪᠢᠳᠡᠦᠨᠳᠦᠰᠦᠲᠡᠨᠤ
ᠱᠢᠯᠢᠳᠡᠭ ᠰᠣᠶᠣᠯ᠎ᠢ ᠬᠠᠮᠠᠭᠠᠯᠠᠨ ᠪᠠᠳᠠᠷᠠᠭᠤᠯᠬᠤ᠎ᠶ᠋ᠢ ᠦᠨᠳᠦᠰᠦᠲᠡᠨ᠎ᠨᠦᠭᠦᠳ᠎ᠤᠨ ᠬᠠᠮᠲᠤ᠎ᠪᠠᠷ ᠡᠳ᠋ᠯᠡᠬᠦ᠌
ᠳᠤᠮᠳᠠᠳᠤ᠎ᠶ᠋ᠢᠨ ᠰᠣᠶᠣᠯ᠎ᠢ ᠤᠯᠠᠮᠵᠢᠯᠠᠨ ᠵᠠᠯᠭᠠᠮᠵᠢᠯᠠᠬᠤ᠎ᠲᠠᠢ ᠣᠷᠭᠠᠨᠢᠭ᠎ᠢᠶᠠᠷ ᠤᠶᠠᠯᠳᠤᠭᠤᠯᠬᠤ ᠬᠡᠷᠡᠭ᠌ᠲᠡᠢ᠂
ᠳᠤᠮᠳᠠᠳᠤ᠎ᠶ᠋ᠢᠨ ᠰᠣᠶᠣᠯ᠎ᠢᠶᠠᠷ ᠦᠨᠳᠦᠰᠦᠲᠡᠨ᠎ᠤ ᠪᠦᠯᠬᠦᠮᠳᠡᠯ᠎ᠢ ᠰᠢᠮᠡᠵᠢᠭᠦᠯᠬᠦ᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ
ᠱᠢᠯᠢᠳᠡᠭ ᠤᠯᠠᠮᠵᠢᠯᠠᠯᠲᠤ ᠰᠣᠶᠣᠯ᠎ᠢ ᠤᠯᠤᠰ ᠠᠷᠠᠳ᠎ᠤᠨ ᠰᠤᠷᠭᠠᠨ ᠬᠥᠮᠦᠵᠢᠯ᠂ ᠶᠣᠰᠣ ᠰᠤᠷᠲᠠᠬᠤᠨ᠎ᠤ ᠪᠠᠢᠭᠤᠯᠤᠯᠲᠠ᠂
ᠰᠣᠶᠣᠯ᠎ᠤᠨ ᠡᠭᠦᠳᠦᠯᠲᠡ ᠪᠠ ᠦᠢᠯᠡᠳᠪᠦᠷᠢᠯᠡᠯ ᠠᠮᠢᠳᠤᠷᠠᠯ ᠲᠠᠢ ᠠᠭᠤᠰᠤᠯᠴᠠᠭᠤᠯᠬᠤ᠎ᠶ᠋ᠢ ᠠᠬᠢᠭᠤᠯᠵᠤ᠂ ᠨᠢᠭᠡ
ᠪᠦᠯᠦᠭ ᠳᠤᠮᠳᠠᠳᠤ᠎ᠶ᠋ᠢᠨ ᠰᠣᠶᠣᠯ᠎ᠤᠨ ᠠᠭᠤᠯᠤᠭ᠍ᠳᠠᠬᠤᠨ᠎ᠲᠠᠢ᠂ ᠦᠨᠳᠦᠰᠦᠲᠡᠨ ᠨᠤᠬᠦᠳ᠎ᠤᠨ ᠰᠣᠶᠣᠯ᠎ᠤᠨ ᠱᠢᠮ᠎ᠡ
ᠲᠡᠵᠢᠭᠡᠯ᠎ᠢ ᠭᠦᠢᠴᠡᠳ ᠱᠢᠩᠭᠡᠭᠡᠨ ᠠᠪᠤᠬᠰᠠᠨ᠂ ᠣᠳᠣ ᠦᠶ᠎ᠡ᠎ᠶ᠋ᠢᠨ ᠪᠣᠯᠪᠠᠰᠤᠨ᠎ᠢ ᠠᠭᠤᠰᠤᠯᠴᠠᠭᠤᠯᠤᠭ᠍ᠰᠠᠨ ᠤᠳᠭ᠎ᠠ
ᠤᠷᠠᠯᠢᠭ᠎ᠤᠨ ᠪᠦᠲᠦᠭᠡᠯ᠎ᠢ ᠵᠤᠬᠢᠶᠠᠨ ᠪᠦᠲᠦᠭᠡᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ
ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠱᠢᠨ᠎ᠡ᠎ᠶ᠋ᠢ ᠡᠭᠦᠳᠬᠦ᠌ ᠴᠢᠨᠠᠷᠲᠠᠶ ᠬᠥᠭ᠌ᠵᠢᠯᠲᠡ ᠶ᠋ᠢ ᠠᠬᠢᠭᠤᠯᠵᠤ᠂
ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠣᠶᠤᠨ ᠰᠠᠨᠠᠭᠠᠨ᠎ᠤ ᠭᠡᠷ ᠣᠷᠣᠨ᠎ᠤ ᠪᠦᠲᠦᠭᠡᠨ ᠪᠠᠢᠭᠤᠯᠤᠯᠲᠠ᠎ᠶ᠋ᠢ
ᠠᠬᠢᠭᠤᠯᠵᠤ᠂ ᠦᠨᠳᠦᠰᠦᠲᠡᠨ ᠨᠤᠬᠦᠳ᠎ᠤᠨ ᠰᠡᠳᠬᠢᠯ ᠨᠢᠭᠡᠳᠦᠭᠰᠡᠨ᠂
ᠪᠦᠯᠬᠦᠮᠳᠡᠨ ᠳᠠᠪᠰᠢᠬᠤ ᠬᠦᠴᠦᠷᠬᠡᠭ ᠶᠡᠭᠡ ᠣᠶᠤᠨ ᠰᠠᠨᠠᠭᠠᠨ᠎ᠤ ᠬᠤᠯᠪᠣᠭᠠᠰᠤ ᠵᠢ ᠪᠦᠷᠢᠯᠳᠦᠭᠦᠯᠦᠨ᠎ᠡ᠃
ᠦᠷᠭᠡᠨ
ᠮᠦᠷᠠᠨ ᠴᠦ᠍ ᠰᠠᠯᠪᠤᠷᠢ ᠴᠢᠳᠬᠤᠯᠠᠡᠭ ᠡᠴᠡ ᠪᠦᠷᠢᠯᠳᠤᠵᠤ᠂ ᠦᠨᠳᠤᠷ ᠠᠭᠤᠯᠠ ᠴᠦ᠍ ᠴᠢᠯᠠᠭᠤ
ᠰᠢᠷᠦᠢ ᠡᠴᠡ ᠪᠦᠳᠦᠭᠰᠡᠨ ᠭᠡᠳᠡᠭ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ
ᠪᠠᠬᠢ ᠪᠣᠶ ᠪᠣᠯᠭᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠳᠤᠮᠳᠠᠳᠤ᠎ᠶ᠋ᠢᠨ ᠰᠣᠶᠣᠯ᠎ᠤᠨ ᠬᠠᠮᠲᠤ᠎ᠶ᠋ᠢᠨ
ᠲᠠᠨᠢᠯᠲᠠ ᠵᠢ ᠲᠠᠰᠤᠷᠠᠯᠲᠠ ᠥᠬᠡᠶ ᠴᠢᠩᠭᠠᠳᠭᠠᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠡᠳᠬᠢᠯ᠎ᠢ ᠲᠠᠰᠤᠷᠠᠯᠳᠠ
ᠦᠭᠡᠢ ᠨᠢᠬᠳᠠᠷᠠᠭᠤᠯᠵᠤ᠂ ᠣᠶᠤᠨ ᠰᠠᠨᠠᠭ᠎ᠠ᠎ᠶ᠋ᠢᠨ ᠲᠠᠯ᠎ᠠ ᠪᠡᠷ ᠬᠠᠷᠢᠯᠴᠠᠨ ᠲᠦᠱᠢᠯᠴᠡᠭᠦᠯᠪᠡᠯ᠂ ᠪᠢᠳᠡ ᠲᠠᠷᠤᠢ
ᠦᠨᠳᠦᠰᠦᠲᠡᠨ᠎ᠨᠦᠭᠦᠳ᠎ᠤᠨ ᠣᠶᠤᠨ ᠤᠬᠠᠭᠠᠨ ᠪᠠ ᠬᠦᠴᠦᠨ ᠴᠢᠳᠠᠯ᠎ᠢ ᠨᠠᠡᠭ ᠰᠠᠢᠨ ᠨᠢᠭ᠍ᠲᠠᠷᠠᠭᠤᠯᠵᠤ᠂ ᠰᠠᠢᠨ ᠰᠠᠢᠬᠠᠨ
ᠬᠡᠷ ᠣᠷᠣᠨ᠎ᠢᠶᠠᠨ ᠬᠠᠮᠲᠤ᠎ᠪᠠᠷ ᠪᠥᠲᠥᠭᠡᠨ ᠪᠠᠢᠭᠤᠯᠵᠤ᠂ ᠰᠠᠢᠨ ᠰᠠᠢᠬᠠᠨ ᠢᠷᠡᠭᠡᠳᠦᠶ᠎ᠪᠠᠨ ᠬᠠᠮᠲᠤ᠎ᠪᠠᠷ ᠴᠣᠭ᠍ᠴᠠᠯᠠᠨ
ᠪᠠᠢᠭᠤᠯᠵᠤ ᠴᠢᠳᠠᠬᠤ ᠶᠤᠮ᠃